ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠣ︕ ᠥᠨᠥᠳᠦᠷ ᠪᠢᠳᠡ ᠰᠢᠯᠢ ᠶᠢᠨ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠯᠢ ᠶᠢ ᠤᠷᠢᠵᠤ᠂ ᠮᠠᠨ ᠤ ᠬᠤᠲᠠ ᠶᠢᠨ ᠬᠢᠵᠢᠭ ᠤᠨ | ᠪᠠᠶᠢᠳᠠᠯ ᠢ ᠡᠰᠡᠷᠭᠦᠴᠡᠬᠦ᠂ ᠬᠠᠩᠭᠠᠯᠭ᠎ᠠ ᠶᠢ ᠪᠠᠲᠤᠯᠠᠬᠤ ᠬᠠᠮᠢᠶ᠎ᠠ ᠪᠦᠬᠦᠢ ᠶᠠᠷᠢᠶᠠᠨ ᠤ ᠰᠡᠳᠦᠪ ᠢᠶᠠᠨ ᠰᠦᠯᠵᠢᠶᠡᠨ ᠳᠡᠭᠡᠷ᠎ᠡ | ᠣᠯᠠᠨ ᠲᠠᠢ ᠰᠤᠯᠢᠯᠴᠠᠶ᠎ᠠ᠃ ᠯᠢ ᠳᠡᠳ᠋ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠢᠨ᠎ᠠ︕ | ᠯᠢ ᠯᠢ᠄ ᠵᠠ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠤᠯᠠᠨ ᠲᠠᠢ ᠬᠠᠮᠲᠤ ᠪᠠᠷ ᠮᠠᠨ ᠤ | ᠬᠤᠲᠠ ᠶᠢᠨ ᠬᠢᠵᠢᠭ ᠤᠨ ᠪᠠᠶᠢᠳᠠᠯ ᠢ ᠡᠰᠡᠷᠭᠦᠴᠡᠬᠦ᠂ ᠬᠠᠩᠭᠠᠯᠭ᠎ᠠ ᠶᠢ ᠪᠠᠲᠤᠯᠠᠬᠤ ᠠᠵᠢᠯ ᠢ ᠰᠤᠯᠢᠯᠴᠠᠬᠤ ᠪᠤᠯᠤᠭᠰᠠᠨ ᠳᠠᠭᠠᠨ | ᠲᠤᠩ ᠪᠠᠶᠠᠷᠲᠠᠢ ᠪᠠᠶᠢᠨ᠎ᠠ᠃ | | ᠬᠥᠲᠥᠯᠥᠭᠴᠢ᠄ | ᠯᠢ ᠳᠡᠳ᠋ ᠲᠣᠪᠴᠢᠶᠠᠨ ᠳᠠᠷᠤᠭ᠎ᠠ ᠡ᠂ ᠬᠢᠵᠢᠭ ᠤᠨ ᠬᠤᠭᠤᠴᠠᠭᠠᠨ ᠳᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠭᠤᠤᠯᠳᠠᠭᠤ ᠶᠠᠮᠠᠷ ᠶᠠᠮᠠᠷ ᠠᠵᠢᠯ ᠬᠢᠭᠰᠡᠨ ᠪᠤᠢ︖ | ᠯᠢ ᠯᠢ᠄ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠰᠢ᠂ ᠮᠠᠨ ᠤ ᠲᠣᠪᠴᠢᠶ᠎ᠠ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠬᠠᠩᠭᠠᠯᠭ᠎ᠠ ᠶᠢ | ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠠᠩᠭᠠᠮᠵᠢᠲᠠᠶ᠂ | ᠠᠵᠢᠯᠯᠠᠭᠠᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠳᠤ ᠭᠤᠤᠯᠳᠠᠭᠤ ᠵᠢᠷᠭᠤᠭᠠᠨ ᠵᠦᠶ᠋ᠯ ᠤᠨ ᠠᠷᠭ᠎ᠠ | ᠬᠡᠮᠵᠢᠶ᠎ᠡ ᠠᠪᠴᠠᠶ᠃ | 1. ᠪᠠᠷᠠᠭ᠎ᠠ ᠶᠢᠨ ᠢᠷᠡᠯᠲᠡ ᠶᠢ ᠢᠳᠡᠪᠬᠢᠲᠡᠢ ᠵᠣᠬᠢᠶᠠᠨ ᠪᠠᠶᠢᠭᠤᠯᠪᠠ᠃ | 2. ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠡᠳᠦᠷ ᠪᠦᠷᠢ ᠬᠢᠨᠠᠨ ᠬᠡᠮᠵᠢᠬᠦ ᠲᠦᠷᠢᠮ ᠢ ᠬᠡᠷᠡᠭᠵᠢᠬᠦᠯᠪᠡ᠃ | 3 . ᠸᠢᠴᠠᠲ ᠤᠨ ᠣᠯᠠᠨ ᠨᠡᠶᠢᠲᠡ ᠶᠢᠨ ᠨᠣᠮᠧᠷ ᠢ ᠠᠰᠢᠭᠯᠠᠨ ᠮᠡᠳᠡᠭᠡ ᠵᠠᠩᠭᠢ ᠨᠡᠪᠲᠡᠷᠡᠭᠦᠯᠬᠦ ᠶᠢ ᠰᠠᠶᠢᠲᠤᠷ ᠬᠢᠪᠡ᠃ | 4. ᠰᠦᠯᠵᠢᠶᠡᠨ ᠳᠡᠭᠡᠷ᠎ᠡ ᠳᠡᠯᠭᠡᠷᠡᠭᠦᠯᠬᠦ ᠡᠷᠴᠢᠮ ᠢᠶᠠᠨ ᠴᠢᠩᠭᠠᠳᠬᠠᠪᠠ᠃ | 5 . ᠲᠡᠭᠡᠭᠡᠪᠦᠷᠢ ᠶᠢᠨ ᠲᠣᠬᠢᠷᠠᠭᠤᠯᠤᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠬᠦᠯᠪᠡ᠃ | 6. ᠠᠵᠤ ᠠᠬᠤᠶᠢᠯᠠᠯ ᠢ ᠴᠠᠭ ᠲᠤᠬᠠᠶ ᠳᠤᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠦᠭᠬᠦᠪᠠ᠃ |