ᠬᠦᠲᠦᠯᠦᠭᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠰᠢ᠂ ᠰᠠᠭᠤᠭᠠᠯᠢ ᠠᠷᠠᠳ ᠭᠠᠳᠠᠭᠰᠢ | ᠭᠠᠷᠬᠤ ᠨᠢ ᠢᠯᠡᠳᠲᠡ ᠪᠠᠭᠠᠰᠴᠤ᠂ ᠤᠶᠢᠷ᠎ᠠ ᠳᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ︽ᠰᠦᠯᠵᠢᠶᠡᠨ | ᠳᠡᠭᠡᠷ᠎ᠡ ᠪᠣᠷᠣᠯᠠᠭᠤᠯᠬᠤ + ᠨᠢᠭᠡ ᠬᠤᠲᠠᠨ ᠲᠤᠲᠤᠷ᠎ᠠ ᠳᠣᠭᠢᠷᠠᠭᠤᠯᠤᠨ ᠬᠦᠷᠭᠡᠬᠦ︾ ᠦᠢᠯᠡᠴᠢᠯᠡᠭᠡᠨ ᠤ ᠬᠡᠷᠡᠭᠴᠡᠭᠡ ᠡᠳᠦᠷ | ᠢᠷᠡᠬᠦᠶ᠎ᠡ ᠨᠡᠮᠡᠭᠳᠡᠵᠦ ᠪᠠᠶᠢᠨ᠎ᠠ᠂ ᠮᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠨᠡ ᠬᠦ ᠠᠵᠢᠯ ᠢ ᠳᠥᠯᠭᠢᠨ | ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠯᠢ ᠯᠢ᠄ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠰᠢ᠂ ᠢᠯᠠᠩᠭᠤᠶ᠎ᠠ ᠰᠠᠭᠤᠭᠠᠯᠢ ᠲᠣᠭᠤᠷᠢᠭ ᠢ | ᠪᠢᠲᠡᠭᠦᠮᠵᠢᠯᠡᠵᠦ᠂ ᠲᠡᠷᠭᠡ ᠬᠥᠰᠬᠡ ᠶᠢ ᠬᠢᠵᠠᠭᠠᠷᠯᠠᠭᠰᠠᠨ ᠠᠴᠠ ᠨᠠᠰᠢ᠂ ᠰᠠᠭᠤᠭᠠᠯᠢ ᠠᠷᠠᠳ ᠤᠨ ᠡᠳᠦᠷ ᠲᠤᠲᠤᠮ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠤᠲᠠ | ᠲᠤᠲᠤᠷ᠎ᠠ ᠲᠤᠬᠢᠷᠠᠭᠤᠯᠤᠨ ᠬᠦᠷᠭᠡᠬᠦ ᠦᠢᠯᠡᠴᠢᠯᠡᠭᠡ ᠶᠢ ᠴᠢᠩᠭᠠᠳᠬᠠᠵᠤ᠂ ᠰᠢᠨ᠎ᠡ ᠵᠢᠵᠢᠭᠯᠡᠨ ᠬᠤᠳᠠᠯᠳᠤᠬᠤ ᠵᠠᠭᠪᠤᠷ ᠢ | ᠪᠦᠲᠦᠮᠵᠢᠲᠡᠶ ᠬᠡᠷᠡᠭᠵᠢᠭᠦᠯᠵᠦ᠂ ᠰᠠᠭᠤᠭᠠᠯᠢ ᠠᠷᠠᠳ ᠲᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠲᠤᠬᠢᠷᠠᠭᠤᠯᠤᠨ | ᠬᠦᠷᠭᠡᠬᠦ ᠦᠢᠯᠡᠴᠢᠯᠡᠭᠡ ᠬᠠᠩᠭᠠᠪᠠ᠃ ᠡᠭᠦᠨ ᠳᠤ ᠭᠤᠤᠯᠳᠠᠭᠤ ᠲᠦᠷᠪᠡᠨ ᠵᠦᠢᠯ ᠤᠨ ᠠᠷᠭ᠎ᠠ ᠬᠡᠮᠵᠢᠶ᠎ᠡ ᠠᠪᠤᠪᠠ᠄ | 1. ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠡᠬᠢᠯᠡᠭᠦᠯᠦᠨ ᠲᠡᠭᠦᠯᠳᠡᠷᠵᠢᠬᠦᠯᠪᠡ᠃ | 2. ᠬᠤᠲᠠ ᠲᠤᠲᠤᠷ᠎ᠠ ᠲᠤᠬᠢᠷᠠᠭᠤᠯᠤᠨ ᠬᠦᠷᠭᠡᠬᠦ ᠦᠢᠯᠡᠴᠢᠯᠡᠭᠡ ᠶᠢ ᠴᠢᠩᠭᠠᠳᠬᠠᠪᠠ᠃ | 3. ᠲᠤᠬᠢᠷᠠᠭᠤᠯᠤᠨ ᠬᠦᠷᠭᠡᠬᠦ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠪᠠ᠃ | 4. ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠳᠬᠠᠪᠠ᠃ |