ᠰᠢ ᠶᠢᠨ ᠫᠢᠩ ᠶᠡᠷᠤᠩᠬᠡᠢ ᠱᠦᠵᠢ ᠶᠢᠨ ᠤᠯᠠᠭᠠᠨᠮᠦ᠋ᠴᠢᠷ ᠤᠨ ᠤᠶᠢᠯᠡᠰ ᠤᠨ ᠬᠦᠭᠵᠢᠯᠲᠡ ᠶᠢᠨ ᠴᠢᠬᠤᠯᠠ | ᠵᠢᠭᠠᠪᠦᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢᠨ ᠲᠦᠯᠦᠭᠡ᠂ ᠰᠢᠯᠢ | ᠶᠢᠨ ᠬᠤᠲᠠ ᠶᠢᠨ ᠤᠯᠠᠭᠠᠨᠮᠦ᠋ᠴᠢᠷ ᠨᠢ ᠪᠢᠯᠢᠭ ᠤᠨ ᠤᠯᠠᠷᠢᠯ ᠤᠨ ᠰᠢᠨ᠎ᠡ ᠵᠢᠯ ᠬᠦᠷᠴᠦ ᠢᠷᠡᠬᠦ ᠶᠢᠨ ᠲᠠᠰᠢᠷᠠᠮ ᠳᠤ ︽ | ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠬᠦᠭᠵᠢᠬᠦᠯᠤᠨ ᠮᠠᠨᠳᠤᠭᠤᠯᠵᠤ᠂ ᠠᠷᠠᠳ ᠲᠦᠮᠡᠨ ᠤ ᠳᠤᠮᠳᠠ ᠤᠴᠢᠬᠤ︾ | ᠰᠢᠷᠢᠰ ᠤᠷᠠᠯᠢᠭ ᠤᠨ ᠲᠤᠭᠯᠠᠯᠲᠠ ᠶᠢᠨ ᠬᠦᠳᠡᠯᠭᠡᠭᠡᠨ ᠢ ᠦᠷᠨᠢᠬᠦᠯᠦᠭᠰᠡᠨ ᠪᠠᠶᠢᠨ᠎ᠠ᠃ | ᠲᠤᠰ ᠬᠦᠳᠡᠯᠭᠡᠭᠡᠨ ᠨᠢ 1 ᠰᠠᠷ᠎ᠠ ᠶᠢᠨ 5 ᠤ ᠡᠳᠤᠷ ᠠᠴᠠ ᠡᠬᠢᠯᠡᠵᠤ᠂ ᠨᠡᠶᠢᠲᠡ 14 ᠲᠠᠯᠠᠪᠠᠢ ᠲᠤᠭᠯᠠᠯᠲᠠ | ᠭᠠᠷᠭᠠᠵᠤ᠂ 2020 ᠤᠨ ᠤ ︽ᠪᠤᠯᠠᠭᠠᠨ ᠪᠤᠭᠳᠠ ᠠᠭᠤᠯᠠ︾ ᠰᠢᠯᠢ ᠶᠢᠨ ᠬᠤᠲᠠ ᠶᠢᠨ ᠮᠤᠩᠭᠤᠯ ᠬᠡᠯᠡᠨ ᠤ | ᠰᠢᠨ᠎ᠡ ᠵᠢᠯ ᠤᠨ ᠦᠳᠡᠰᠢᠯᠡᠭᠡ᠂ ︽ᠤᠷᠢᠨ ᠬᠠᠪᠤᠷ ᠤᠨ ᠰᠢᠯᠢ ᠶᠢᠨ ᠭᠤᠤᠯ︾ ᠰᠢᠯᠢ ᠶᠢᠨ ᠬᠤᠲᠠ ᠶᠢᠨ ᠰᠢᠨ᠎ᠡ | ᠵᠢᠯ ᠤᠨ ᠦᠳᠡᠰᠢᠯᠡᠭᠡ᠂ 2020 ᠤᠨ ᠤ ᠦᠪᠤᠷ ᠮᠤᠩᠭᠤᠯ ᠤᠨ ᠤᠳᠤᠨ ᠲᠧᠯᠸᠢᠰ ᠤᠨ ᠰᠢᠨ᠎ᠡ ᠵᠢᠯ ᠤᠨ | ᠦᠳᠡᠰᠢᠯᠡᠭᠡ᠂ ᠡᠾᠧᠨᠠᠨ ᠮᠤᠵᠢ ᠶᠢᠨ ᠰᠢᠤᠢ ᠴᠠᠩ ᠬᠤᠲᠠ ᠶᠢᠨ ᠰᠢᠨ᠎ᠡ ᠵᠢᠯ ᠤᠨ ᠦᠳᠡᠰᠢᠯᠡᠭᠡ᠂ ᠰᠢᠯᠢ ᠶᠢᠨ ᠭᠤᠤᠯ | ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠤᠨ ᠡᠳ᠋ ᠪᠠᠷᠠᠭ᠎ᠠ ᠶᠢᠨ ᠦᠵᠡᠭᠦᠯᠦᠯᠭᠡ᠂ ᠰᠢᠯᠢ ᠶᠢᠨ | ᠬᠤᠲᠠ ᠶᠢᠨ ᠴᠤᠭᠯᠠᠭᠠᠨ ᠵᠡᠭᠡᠯᠢ ᠲᠤᠭᠤᠷᠢᠭ ᠤᠨ ᠰᠢᠨ᠎ᠡ ᠵᠢᠯ ᠤᠨ ᠦᠳᠡᠰᠢᠯᠡᠭᠡ ᠵᠢᠴᠢ ᠠᠵᠤ ᠠᠬᠤᠶᠢᠯᠠᠯ ᠤᠨ ᠰᠢᠨ᠎ᠡ | ᠤᠨ ᠤ ᠬᠤᠷᠠᠯ ᠵᠡᠷᠭᠡ ᠳᠤ ᠲᠤᠭᠯᠠᠭᠴᠢ ᠲᠤᠮᠢᠯᠠᠨ ᠤᠷᠤᠯᠴᠠᠭᠤᠯᠬᠤ ᠶᠢᠨ ᠳᠠᠭᠠᠤ᠂ ᠦᠨᠳᠤᠰᠦᠨ ᠱᠠᠲᠤᠨ ᠳᠤ | ᠰᠢᠷᠢᠰ ᠲᠤᠭᠯᠠᠯᠲᠠ ᠶᠢᠨ ᠬᠦᠳᠡᠯᠭᠡᠭᠡᠨ ᠢ ᠦᠷᠨᠢᠬᠦᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠬᠦᠭᠵᠢᠬᠦᠯᠦᠨ | ᠮᠠᠨᠳᠤᠭᠤᠯᠵᠤ᠂ ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠤᠯᠠᠨ ᠲᠦᠮᠡᠨ ᠳᠤ ᠦᠢᠯᠡᠴᠢᠯᠡᠬᠦ ᠵᠤᠷᠢᠯᠲᠠ ᠶᠢ ᠪᠠᠳᠤ | ᠴᠡᠭᠡᠵᠢᠯᠡᠵᠤ ᠦᠨᠳᠦᠰᠦᠨ ᠱᠠᠲᠤᠨ ᠤ ᠤᠯᠠᠨ ᠳᠦᠮᠡᠨ ᠤ ᠰᠤᠶᠤᠯ ᠤᠨ ᠬᠡᠷᠡᠭᠴᠡᠭᠡ ᠶᠢ ᠲᠠᠰᠤᠷᠠᠯᠲᠠ ᠦᠭᠡᠢ | ᠬᠠᠩᠭᠠᠵᠤ ᠪᠠᠶᠢᠨ᠎ᠠ᠃ |