ᠲᠠᠮᠢᠷᠴᠢᠳ ᠤᠨ ᠰᠣᠷᠢᠭ᠎ᠠ ᠪᠣᠯᠪᠠᠰᠣᠷᠠᠯ ᠤᠨ ᠠᠷᠣ ᠳᠤ᠂᠂᠂᠂
ᠨᠡᠶᠢᠲᠡᠯᠡᠭᠰᠡᠨ ᠴᠠᠭ᠄
2020/4/14
ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠰᠢᠨ᠎ᠠ ᠲᠢᠳᠢᠮᠯᠢᠭ ᠠᠭᠤᠰᠬᠢᠨ ᠥᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠᠴᠢᠮ ᠶᠠᠭᠠᠷᠠᠯᠲᠠᠶ ᠶᠠᠪᠤᠭᠳᠠᠵᠤ᠂ ᠥᠢ ᠲᠥᠮᠡᠨ ᠬᠥᠮᠥᠰ ᠭᠠᠵᠠᠷ ᠰᠠᠢ ᠥᠭᠡᠢ ᠬᠢᠵᠢᠭ ᠢ ᠰᠡᠷᠭᠡᠶᠢᠯᠡᠨ ᠡᠵᠡᠮᠳᠡᠬᠦ ᠳᠠᠪᠬᠤᠷ ᠳᠠᠪᠬᠤᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ ᠪᠠᠳᠤ ᠰᠠᠬᠢᠭᠤᠯ ᠬᠢᠪᠠ᠃ ᠬᠦᠨᠳᠦ ᠨᠣᠴᠢᠲᠠᠶ ᠬᠢᠵᠢᠭ ᠤᠨ ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠠᠵᠢᠯᠳᠠᠳ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠵᠥ ᠶᠠᠪᠤᠭ᠎ᠠ ᠲᠠᠮᠢᠷᠴᠢᠳ ᠪᠠ ᠳᠠᠰᠬᠠᠯᠵᠢᠭᠤᠯᠤᠭᠴᠢᠳ ᠲᠤ ᠠᠷᠤ ᠲᠠᠯ᠎ᠠ ᠶᠢᠨ ᠪᠠᠳᠤ ᠲᠥᠰᠢᠭ ᠪᠤᠯᠤᠬᠰᠠᠨ ᠲᠤᠳᠤᠨᠤ ᠥᠢᠯᠡᠴᠢᠯᠡᠭᠡ ᠬᠠᠨᠭ᠍ᠭᠠᠬᠰᠠᠨ ᠪᠠᠶᠢᠨ᠎ᠠ᠃
      ᠰᠡᠷᠭᠡᠶᠢᠯᠡᠨ ᠡᠵᠡᠮᠳᠡᠬᠦ ᠡᠭᠦᠳᠡ ᠶᠢ ᠪᠠᠳᠤ
ᠰᠠᠬᠢᠨ᠎ᠠ
   ᠨᠥᠷᠢᠨ ᠢᠷᠡᠬᠦ ᠨᠢᠬᠦᠯᠳᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠹᠷᠥᠨᠲ ᠲᠤ ᠨᠢᠭᠡ
ᠪᠦᠯᠦᠭ ᠬᠥᠮᠦᠰ ᠬᠥᠢᠳᠡᠨ ᠰᠠᠯᠬᠢ ᠴᠠᠰᠤ ᠰᠢᠭᠤᠷᠭ᠎ᠠ ᠶᠢ ᠬᠠᠶᠢᠬᠤᠷᠤᠯ ᠥᠭᠡᠢ ᠪᠡᠳᠤ ᠰᠠᠬᠢᠭᠤᠯ ᠬᠢᠵᠥ᠂ ᠰᠥᠨᠢ ᠶᠢᠨ ᠭᠦᠨ᠂ ᠥᠨᠡᠭᠡᠨ ᠬᠠᠷᠠᠩᠭᠤᠢ᠂ ᠥᠳᠡ ᠲᠤᠮᠳᠠ ᠪᠠᠷ ᠬᠠᠷᠠᠭᠤᠯ ᠤᠨ ᠡᠬᠦᠷᠭᠡ ᠶᠢ ᠬᠢᠯᠠᠷᠠᠳᠠᠯ᠎ᠠ ᠪᠡᠶᠡᠯᠡᠬᠦᠯᠤᠨ᠎ᠠ᠃ ᠲᠡᠳᠡ ᠪᠣᠯ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠲᠤ ᠰᠥᠷᠤᠨ ᠤᠷᠤᠬᠰᠢᠯᠠᠬᠰᠠᠳ ᠪᠤᠯᠬᠤ ᠶᠤᠮ᠃ ᠡᠳᠡᠨ ᠤ ᠲᠤᠳᠤᠷᠠᠬᠢ ᠨᠢᠬᠡ ᠪᠤᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠦᠶ᠋ᠯᠡᠴᠢᠯᠡᠭᠡᠨ ᠤ ᠲᠥᠪ ᠤᠨ ᠠᠵᠢᠯᠲᠠᠨ ᠵᠠᠩ ᠰᠢᠨ ᠪᠤᠯᠤᠨ᠎ᠠ᠃
   — ᠪᠢᠳᠡ ᠮᠠᠷᠲᠠᠭᠳᠠᠰᠢ ᠦᠭᠡᠢ ᠮᠥᠷᠲᠡᠭᠡᠨ ᠨᠠᠮ ᠵᠢᠮ ᠴᠠᠭᠠᠨ ᠰᠠᠷ᠎ᠠ ᠶᠢ ᠥᠩᠭᠡᠷᠡᠭᠡᠵᠡᠶ᠂ ᠰᠢᠨ᠎ᠡ ᠲᠢᠲᠢᠮᠯᠢᠭ
ᠠᠭᠤᠰᠬᠢᠨ ᠦᠷᠪᠢᠰᠦᠯ ᠤᠨ ᠬᠢᠵᠢᠭ ᠳᠡᠯᠭᠡᠷᠡᠨ᠂ ᠡᠪᠡᠳᠴᠢᠨ ᠤ ᠵᠢᠱᠢᠶ᠎ᠠ ᠨᠡᠮᠡᠭᠳᠡᠬᠦ ᠳᠤ ᠪᠢᠳᠠ ᠨᠠᠩ ᠬᠢᠴᠢᠶᠠᠩᠭᠦ᠋ᠢᠯᠠᠨ ᠠᠵᠢᠯᠯᠠᠵᠥ᠂ ᠰᠤᠷᠢᠭ᠎ᠠ ᠪᠤᠯᠪᠠᠰᠤᠷᠠᠯ ᠤᠨ ᠲᠠᠮᠢᠷᠴᠢᠳ ᠲᠠᠭᠠᠨ ᠰᠠᠨᠠᠭ᠎ᠠ ᠠᠮᠤᠷ ᠤᠷᠴᠢᠨ ᠬᠠᠨᠭ᠍ᠭᠠᠬᠤ ᠪᠠᠷ ᠴᠢᠷᠮᠠᠶᠢᠬᠰᠠᠨ ᠶᠤᠮ᠃
   — ᠨᠠᠷᠢᠯᠢᠬ ᠬᠢᠨᠠᠨ
ᠪᠠᠶᠢᠴᠠᠭᠠᠵᠤ ᠡᠳᠤᠷ ᠪᠦᠷᠢ 2000 ᠭᠠᠷᠤᠶ ᠬᠥᠮᠦᠨ ᠤ ᠪᠡᠶ᠎ᠡ ᠶᠢᠨ ᠳᠤᠯᠠᠭᠠᠨ ᠢ ᠬᠡᠮᠵᠢᠨ ᠡᠵᠡᠮᠳᠡᠭᠰᠡᠨ ᠲᠤᠭ᠎ᠠ ᠪᠠᠷᠢᠮᠲᠠ ᠪᠠᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠬᠦ ᠶᠢᠨ ᠬᠠᠮᠳᠤ᠂ 18 ᠰᠢᠭᠤᠳ ᠬᠠᠷᠢᠶ᠎ᠠ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠰᠡᠯ ᠵᠢᠴᠢ ᠡᠳ᠋ ᠪᠣᠳᠠᠰ ᠬᠤᠳᠠᠯᠳᠤᠨ ᠠᠪᠬᠤ᠂ ᠠᠵᠢᠯ ᠤᠨ ᠪᠠᠶᠢᠷᠢᠨ ᠳᠠᠭᠠᠨ ᠪᠤᠴᠠᠭᠰᠠᠨ ᠪᠣᠶ ᠪᠥᠬᠦᠶ ᠠᠵᠢᠯᠲᠠᠨ ᠤ ᠬᠤᠪᠢᠷᠠᠯᠲᠠ ᠶᠢᠨ ᠪᠠᠶᠢᠳᠠᠯ ᠢ ᠣᠶᠢᠯᠠᠭᠠᠬᠤ᠂ ᠭᠠᠳᠠᠷ ᠣᠷᠣᠨ ᠳᠤ ᠪᠣᠯᠪᠠᠰᠤᠷᠠᠵᠤ ᠪᠠᠶᠢᠭ᠎ᠠ ᠡᠯ᠎ᠠ ᠲᠠᠮᠢᠷᠴᠢᠨ ᠪᠠ ᠳᠠᠰᠬᠠᠯᠵᠢᠭᠤᠯᠤᠭᠴᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠰᠤᠷᠢᠭ᠎ᠠ ᠪᠤᠯᠪᠠᠰᠤᠷᠠᠯ ᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠠᠷᠢᠭᠤᠳᠬᠠᠬᠰᠠᠨ ᠪᠠᠶᠢᠳᠠᠯ ᠢ ᠪᠠᠶᠢᠴᠠᠭᠠᠬᠤ ᠵᠡᠷᠭᠡ ᠠᠵᠢᠯ ᠢ ᠡᠳᠦᠷ ᠪᠦᠷᠢ ᠲᠠᠰᠤᠷᠠᠯᠲᠠ ᠥᠬᠡᠶ ᠨᠠᠷᠢᠨ ᠨᠢᠮᠪᠠᠢ ᠳᠠᠪᠲᠠᠨ ᠬᠢᠨ᠎ᠠ᠃
   ᠁
   ᠡᠨᠡ ᠪᠤᠯ ᠠᠵᠢᠯᠳᠠᠨ ᠵᠠᠩ
ᠰᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠥᠨ᠎ᠠ ᠹᠷᠥᠨᠲ ᠲᠤ ᠠᠵᠢᠯᠯᠠᠬᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠪᠠ ᠠᠵᠢᠯ ᠤᠨ ᠪᠠᠶᠢᠳᠠᠯ ᠪᠤᠯᠤᠨ᠎ᠠ᠃ ᠲᠡᠷᠡ ᠰᠠᠶ᠋ᠢ ᠡᠬᠢᠯᠡᠵᠦ ᠠᠵᠢᠯ ᠤᠨ ᠡᠭᠦᠷᠭᠡ ᠬᠦᠯᠢᠶᠡᠨ ᠠᠪᠬᠤ ᠳᠠᠭᠠᠨ ᠲᠥᠭᠡᠷᠢᠭᠳᠡᠯ ᠳᠤ ᠤᠴᠠᠷᠠᠵᠥ᠂ ᠡᠳᠦᠷ ᠪᠦᠷᠢ ᠬᠤᠶᠠᠷ ᠤᠳᠠᠭ᠎ᠠ 2000 ᠭᠠᠷᠤᠶ ᠬᠥᠮᠦᠨ ᠤ ᠪᠡᠶ᠎ᠡ ᠶᠢᠨ ᠳᠤᠯᠠᠭᠠᠨ ᠢ ᠬᠡᠮᠵᠢᠨ ᠡᠵᠡᠮᠳᠡᠬᠦ ᠲᠤᠭ᠎ᠠ ᠪᠠᠷᠢᠮᠳᠠ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠪᠠᠯ ᠪᠤᠯᠴᠢᠬᠠᠨ᠎ᠠ ᠭᠡᠵᠦ ᠪᠤᠳᠤᠵᠥ ᠪᠠᠶᠢᠪᠠ᠃ ᠬᠤᠵᠢᠮ ᠨᠢ ᠠᠵᠢᠯ ᠨᠢ ᠡᠮᠬᠢ ᠵᠠᠮᠪᠠᠷᠠᠭ᠎ᠠ ᠲᠠᠢ ᠪᠣᠯᠵᠤ ᠢᠷᠡᠬᠦ ᠪᠠᠷ ᠲᠡᠷᠡ ᠲᠤᠭ᠎ᠠ ᠪᠠᠷᠢᠮᠲᠠ ᠶᠢᠨ ᠮᠠᠲ᠋ᠧᠷᠢᠶᠠᠯ ᠢᠶᠠᠨ ᠡᠮᠬᠢᠳᠬᠡᠵᠦ ᠲᠠᠭᠤᠰᠪᠠᠯ ᠦᠳᠡ ᠶᠢᠨ ᠴᠠᠭ ᠢ ᠵᠠᠪᠳᠤᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠢᠭᠡᠨ ᠠᠬᠠᠮᠠᠳ ᠺᠠᠳ᠋ᠷ ᠢ ᠬᠠᠪᠰᠤᠷᠤᠨ ᠨᠣᠭᠤᠭ᠎ᠠ ᠴᠠᠭ᠎ᠠ ᠬᠤᠳᠠᠯᠳᠤᠨ ᠠᠪᠴᠤ ᠥᠭᠳᠡᠭ᠃ ᠲᠡᠷᠡ ᠪᠠᠰᠠ ᠠᠵᠢᠯ ᠤᠨ ᠪᠠᠶᠢᠷᠢ ᠳᠠᠭᠠᠨ ᠪᠤᠴᠠᠬᠤ ᠠᠵᠢᠯᠲᠠᠨ ᠵᠢᠴᠢ ᠭᠠᠳᠠᠨ᠎ᠠ ᠣᠷᠣᠨ ᠳᠤ ᠪᠣᠯᠪᠠᠰᠤᠷᠠᠯ ᠬᠢᠵᠦ ᠪᠠᠶᠢᠭ᠎ᠠ ᠲᠠᠮᠢᠷᠴᠢᠨ ᠪᠠ ᠳᠠᠰᠬᠠᠯᠵᠢᠭᠤᠯᠤᠭᠴᠢ ᠶᠢᠨ ᠮᠡᠳᠡᠭᠡ ᠵᠠᠩᠭᠢ ᠶᠢ ᠡᠮᠬᠢᠯᠡᠨ ᠲᠡᠭᠰᠢᠯᠡᠬᠦ ᠠᠵᠢᠯ ᠢ ᠬᠥᠢᠴᠡᠳᠭᠡᠵᠥ᠂ ᠵᠠᠷᠢᠮ ᠳᠠᠭᠠᠨ ᠲᠥᠬᠦᠮ ᠬᠤᠭᠤᠯᠠ ᠪᠠᠷ ᠦᠳᠡ ᠶᠢᠨ ᠬᠤᠭᠤᠯᠠ ᠪᠣᠯᠭᠠᠳᠠᠬ ᠤᠳᠠᠭ᠎ᠠ ᠲᠠᠢ ᠭᠡᠳᠡᠭ᠃ ᠵᠠᠩ ᠰᠢᠨ ᠬᠤᠷᠢᠶᠠᠩᠭᠤᠶᠢᠯᠠᠭᠰᠠᠨ ᠮᠠᠲ᠋ᠧᠷᠢᠶᠠᠯ ᠢᠶᠠᠨ ᠪᠠᠷᠢᠨ ᠤᠳᠤᠷᠢᠳᠤᠯᠭ᠎ᠠ ᠳᠠᠭᠠᠨ ᠮᠡᠳᠡᠭᠦᠯᠬᠦ ᠶᠢᠨ ᠲᠥᠯᠥᠭᠡ ᠠᠰᠠᠷ ᠤᠨ ᠭᠤᠳᠤᠮᠵᠢ ᠶᠢᠨ ᠬᠠᠵᠠᠭᠤ ᠳᠠᠬᠢ ᠶᠡᠨᠳᠡᠷ ᠢᠶᠠᠷ ᠡᠳᠦᠷ ᠪᠦᠷᠢ ᠨᠠᠭᠠᠰᠢ ᠴᠠᠭᠠᠰᠢ 100 ᠭᠠᠷᠤᠢ ᠲᠡᠭᠳᠡᠷ ᠬᠥᠶᠥᠳᠡᠭ᠃ ᠲᠠᠮᠢᠷᠴᠢᠨ ᠭᠠᠷᠤᠯ ᠲᠠᠢ ᠲᠡᠷᠡ ᠴᠤ ᠵᠠᠷᠢᠮ ᠳᠠᠭᠠᠨ ᠶᠠᠳᠠᠷᠠᠳᠠᠭ ᠬᠡᠨ᠎ᠠ᠃ ᠲᠡᠷᠡ ᠲᠤᠬᠠᠢ ᠶᠢᠨ ᠥᠶ᠎ᠠ ᠶᠢᠨ ᠠᠵᠢᠯᠯᠠᠵᠥ ᠪᠠᠶᠢᠬᠰᠠᠨ ᠢᠶᠠᠨ ᠡᠷᠬᠢᠴᠡᠬᠦᠯᠬᠦ ᠳᠡᠭᠡᠨ᠄ ︽ᠦᠳᠡ ᠶᠢᠨ ᠬᠤᠶᠢᠨ᠎ᠠ ᠪᠤᠯᠪᠠᠯ ᠬᠡᠳᠦᠨ ᠬᠠᠷᠢᠶ᠎ᠠ ᠨᠢᠭᠡᠴᠢ ᠳᠤ ᠬᠦᠷᠴᠦ ᠪᠠᠶᠢᠴᠠᠭᠠᠨ ᠰᠤᠷᠪᠤᠯᠵᠢᠯᠠᠨ᠎ᠠ᠃ ᠠᠵᠢᠯ ᠤᠨ ᠲᠤᠮᠳᠠ ᠪᠠᠨ ᠮᠠᠰᠢ ᠨᠠᠷᠢᠯᠢᠭ ᠬᠢᠨᠠᠮᠠᠭᠠᠢ ᠪᠠᠷ ᠬᠢᠵᠢᠭ ᠢ ᠰᠡᠷᠭᠡᠶᠢᠯᠡᠬᠦ ᠪᠠᠭᠠᠵᠢ ᠶᠢ ᠨᠠᠷᠢᠨ ᠪᠠᠶᠢᠴᠠᠭᠠᠵᠤ᠂ ᠬᠡᠪ ᠤᠨ ᠶᠣᠰᠣᠭᠠᠷ ᠬᠡᠷᠡᠭᠯᠡᠬᠦ ᠶᠢ ᠪᠠᠳᠤᠯᠠᠨ᠎ᠠ᠃ ᠣᠷᠣᠵᠤ ᠭᠠᠷᠬᠤ ᠬᠥᠮᠦᠰ ᠠᠮᠠᠪᠴᠢ ᠵᠡᠭᠦᠬᠦ᠂ ᠬᠢᠮᠤᠷᠠᠭᠰᠠᠨ ᠬᠥᠮᠦᠨ ᠪᠠᠶᠢᠬᠤ ᠡᠰᠡᠬᠦ ᠶᠢ ᠨᠠᠷᠢᠨ ᠪᠠᠶᠢᠴᠠᠭᠠᠨ ᠦᠵᠡᠵᠦ᠂ ᠡᠯ᠎ᠠ ᠠᠵᠢᠯ ᠤᠨ ᠪᠠᠶᠢᠷᠢ ᠳᠠᠭᠠᠨ ᠪᠤᠴᠠᠬᠤ ᠬᠥᠮᠦᠰ ᠪᠠ ᠭᠠᠳᠠᠨ᠎ᠠ ᠣᠷᠣᠨ ᠳᠤ ᠪᠣᠯᠪᠠᠰᠤᠷᠠᠯ ᠬᠢᠵᠦ ᠪᠠᠶᠢᠭ᠎ᠠ ᠬᠥᠮᠦᠰ ᠤᠨ ᠡᠯ᠎ᠡ ᠵᠦᠶ᠋ᠯ ᠤᠨ ᠲᠤᠭ᠎ᠠ ᠪᠠᠷᠢᠮᠲᠠ ᠶᠢᠨ ᠬᠤᠪᠢᠷᠠᠯᠲᠠ ᠶᠢ ᠨᠠᠷᠢᠨ ᠨᠢᠮᠪᠠᠶ ᠬᠢᠨᠠᠨ ᠪᠠᠶᠢᠴᠠᠭᠠᠨ᠎ᠠ᠃ ᠪᠢᠳᠡ ᠥᠴᠦᠬᠡᠨ ᠴᠦ ᠬᠠᠰᠢ ᠶᠠᠰᠢ ᠪᠠᠷ ᠬᠠᠨᠳᠤᠵᠤ ᠪᠣᠯᠬᠤ ᠦᠭᠡᠢ᠃ ᠪᠢᠳᠡ ᠭᠠᠭᠴᠠ ᠬᠦ ᠨᠠᠷᠢᠨ ᠨᠢᠮᠪᠠᠶ ᠬᠢᠪᠡᠯ ᠰᠠᠶ᠋ᠢ ᠬᠢᠵᠢᠭ ᠤᠨ ᠪᠠᠶᠢᠳᠠᠯ ᠢ ᠶᠡᠭᠡ ᠡᠭᠦᠳᠡᠨ ᠤ ᠭᠠᠳᠠᠨ᠎ᠠ ᠰᠡᠷᠭᠡᠶᠢᠯᠡᠵᠦ ᠴᠢᠳᠠᠨ᠎ᠠ︾ ᠬᠡᠵᠥ ᠶᠡᠷᠢᠵᠥ ᠪᠢᠯᠠ᠃
      ᠰᠡᠷᠭᠡᠶᠢᠯᠡᠨ ᠡᠵᠡᠮᠳᠡᠬᠦ ᠳᠤ ᠬᠥᠴᠥᠨ ᠴᠢᠳᠠᠯ ᠢᠶᠠᠨ ᠡᠷᠬᠦᠨ᠎ᠠ
   ᠴᠠᠭᠠᠨ ᠰᠠᠷ᠎ᠠ ᠶᠢᠨ ᠪᠠᠶᠠᠷ ᠤᠨ ᠡᠳᠦᠷ ᠤᠳ ᠲᠤ
ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠬᠦ ᠶᠢ ᠳᠠᠭᠠᠯᠳᠤᠨ ᠬᠥᠮᠦᠨ ᠪᠦᠬᠦᠨ ᠤ ᠰᠡᠳᠬᠢᠯ ᠰᠠᠨᠠᠭ᠎ᠠ ᠲᠤᠬᠳᠠᠪᠤᠷᠢ ᠪᠠᠨ ᠠᠯᠳᠠᠨ ᠰᠠᠨᠠᠭᠠᠰᠢᠷᠠᠨ᠎ᠠ᠃ ᠬᠥᠨᠳᠦ ᠨᠣᠴᠢᠲᠠᠶ ᠬᠢᠵᠢᠭ ᠤᠨ ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠬᠤᠭᠤᠯᠠ ᠤᠮᠳᠠ ᠶᠢᠨ ᠰᠠᠯᠠᠭᠠᠨ ᠤ ᠬᠠᠮᠢᠶᠠᠷᠤᠭᠴᠢ ᠯᠢᠨ ᠴᠢᠩ ᠮᠢᠩ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠵᠥ ᠶᠠᠪᠤᠭ᠎ᠠ ᠲᠠᠮᠢᠷᠴᠢᠳ ᠪᠠ ᠲᠠᠰᠬᠠᠯᠵᠢᠭᠤᠯᠤᠬᠴᠢ ᠶᠢᠨ ᠠᠷᠤ ᠲᠠᠯ᠎ᠠ ᠶᠢᠨ ᠠᠮᠤᠷ ᠲᠥᠪᠰᠢᠨ ᠤ ᠲᠦᠯᠦᠭᠡ ᠰᠠᠨᠠᠭ᠎ᠠ ᠠᠮᠤᠷ ᠰᠠᠭᠤᠵᠤ ᠳᠡᠶᠢᠯᠬᠦ ᠦᠭᠡᠢ ᠪᠣᠯᠵᠠᠶ᠃
   ᠪᠣᠯᠪᠠᠰᠤᠷᠠᠯ ᠤᠨ ᠬᠥᠮᠦᠰ ᠤᠨ
ᠢᠳᠡᠭᠡᠨ ᠤᠮᠳᠠᠭᠠᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠯᠢᠨ ᠴᠢᠩ ᠮᠢᠩ ᠬᠤᠲᠠ ᠶᠢᠨ ᠲᠣᠭᠤᠷᠢᠭ ᠤᠨ ᠶᠡᠭᠡ ᠪᠠᠭ᠎ᠠ ᠡᠮ ᠤᠨ ᠳᠡᠯᠭᠡᠭᠦᠷ ᠤᠨ ᠬᠤᠭᠤᠷᠣᠨᠳᠣ ᠨᠠᠭᠠᠰᠢ ᠴᠠᠭᠠᠰᠢ ᠭᠦᠶᠦᠵᠡᠶ᠃ ᠠᠷᠢᠭᠤᠳᠬᠠᠬᠤ ᠡᠮ᠂ ᠠᠷᠢᠭᠤᠳᠬᠠᠬᠤ ᠰᠢᠩᠭᠡᠨ᠂ ᠠᠮᠠᠪᠴᠢ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ᠂ ᠪᠡᠶ᠎ᠡ ᠶᠢᠨ ᠳᠤᠯᠠᠭᠠᠨ ᠤ ᠬᠡᠮᠵᠢᠭᠦᠷ ᠁ ᠲᠡᠭᠦᠨ ᠤ ᠬᠤᠳᠠᠯᠳᠤᠨ ᠠᠪᠴᠢᠷᠠᠭᠰᠠᠨ ᠭᠦᠶ᠋ᠴᠡᠳ ᠡᠳ᠋ ᠪᠣᠳᠠᠰ ᠢ ᠣᠯᠵᠤ ᠬᠠᠷᠠᠭᠠᠳ ᠬᠠᠮᠲᠤ ᠠᠵᠢᠯᠯᠠᠭᠰᠠᠳ ᠨᠢ ᠲᠡᠭᠦᠨ ᠢ ᠡᠷᠡᠬᠡᠶ ᠭᠠᠷᠭᠠᠨ ᠱᠠᠬᠰᠢᠵᠠᠭᠠᠵᠠᠢ᠃ ᠠᠵᠢᠯ ᠤᠨ ᠪᠠᠶᠢᠷᠢ ᠳᠠᠭᠠᠨ ᠭᠠᠷᠤᠭᠰᠠᠨ ᠤ ᠳᠠᠷᠠᠭ᠎ᠠ ᠲᠡᠷᠡ ᠲᠣᠭᠤᠭᠠᠨ ᠬᠡᠷ ᠤᠨ ᠠᠵᠢᠯᠳᠠᠳ ᠲᠤ ᠠᠮᠠᠪᠴᠢ ᠬᠤᠪᠢᠶᠠᠨ ᠥᠭᠴᠤ᠂ ᠴᠠᠭᠠᠨ ᠰᠠᠷ᠎ᠠ ᠶᠢᠨ ᠰᠢᠨ᠎ᠡ ᠶᠢᠨ ᠬᠤᠶᠠᠷ ᠠᠴᠠ ᠡᠬᠢᠯᠡᠨ ᠬᠢᠨᠠᠨ ᠬᠡᠮᠵᠢᠵᠦ ᠠᠷᠢᠭᠤᠳᠬᠠᠬᠤ ᠠᠵᠢᠯ ᠢᠶᠠᠨ ᠡᠬᠢᠯᠡᠭᠦᠯᠵᠦ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠲᠣᠭᠤᠭᠠᠴᠢ ᠨᠠᠷ ᠲᠤ ᠡᠳᠦᠷ ᠪᠦᠷᠢ 3 ᠤᠳᠠᠭ᠎ᠠ ᠪᠡᠶ᠎ᠡ ᠶᠢᠨ ᠳᠤᠯᠠᠭᠠᠨ ᠢ ᠬᠡᠮᠵᠢᠬᠦ ᠶᠢ ᠪᠠᠲᠤᠯᠠᠵᠤ᠂ ᠡᠯ᠎ᠠ
ᠵᠦᠢᠯ ᠤᠨ ᠠᠷᠢᠭᠤᠳᠬᠠᠬᠤ ᠠᠵᠢᠯ ᠢ ᠵᠠᠪᠠᠯ ᠬᠢᠬᠦ ᠭᠡᠷᠡᠭᠳᠠᠢ ᠬᠡᠵᠥ ᠱᠠᠭᠠᠷᠳᠠᠪᠠ᠃ ᠯᠢᠨ ᠴᠢᠩ ᠮᠢᠩ ᠬᠢᠵᠢᠭ ᠢ ᠰᠡᠷᠭᠡᠶᠢᠯᠡᠨ
ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯᠳᠠᠯᠭ᠎ᠠ ᠲᠠᠢ ᠬᠤᠭᠤᠯᠠᠨ ᠬᠡᠷ ᠤᠨ ᠣᠷᠴᠢᠨ ᠲᠣᠭᠤᠷᠢᠨ ᠢ ᠠᠷᠢᠭᠤᠳᠬᠠᠬᠤ᠂ ᠠᠵᠢᠯᠲᠠᠨ ᠠᠵᠢᠯᠴᠢᠨ ᠤ ᠡᠮᠦᠰᠬᠡᠯ ︵ᠠᠮᠠᠪᠴᠢ᠂ ᠪᠡᠭᠡᠯᠡᠶ᠂ ᠮᠠᠯᠠᠭᠠᠶ ᠵᠠᠰᠠᠯ︶᠂ ᠡᠷᠡᠭᠦᠯ ᠮᠡᠨᠳᠦ ᠶᠢᠨ ᠪᠠᠶᠢᠳᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ ᠵᠡᠷᠭᠡ ᠲᠠᠯ᠎ᠠ ᠪᠠᠷ ᠬᠠᠮᠢᠶᠠᠷᠤᠨ ᠡᠵᠡᠮᠳᠡᠬᠦ ᠶᠢ ᠥᠨᠡᠨ ᠬᠦ ᠪᠠᠳᠤᠯᠠᠪᠠ᠃ ᠴᠠᠬ ᠠᠯᠤᠰᠯᠠᠨ ᠬᠤᠭᠤᠯᠠ ᠬᠤᠪᠢᠶᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠭᠤᠯᠠᠨ ᠰᠢᠷᠡᠭᠡ ᠨᠢᠭᠡᠪᠦᠷᠢ ᠳᠤ ᠬᠠᠮᠤᠭ ᠠᠷᠪᠢᠨ ᠳᠠᠭᠠᠨ 2 ᠬᠥᠮᠦᠨ ᠰᠠᠭᠤᠬᠤ ᠪᠠ ᠨᠢᠭᠤᠷᠲᠠᠨ ᠰᠠᠭᠤᠵᠤ ᠬᠤᠭᠤᠯᠠᠯᠠᠬᠤ ᠥᠬᠡᠶ᠂ ᠬᠤᠭᠤᠯᠠ ᠢᠳᠡᠬᠦ ᠬᠤᠭᠤᠴᠠᠭᠠᠨ ᠳᠤ ᠤᠢᠢᠷᠠᠳᠤᠨ ᠰᠠᠭᠤᠵᠥ ᠶᠠᠷᠢᠯᠴᠠᠬᠤ ᠥᠬᠡᠢ᠂ ᠳᠠᠰᠬᠠᠯᠵᠢᠭᠤᠯᠤᠭᠴᠢ ᠶᠢᠨ ᠬᠤᠭᠤᠯᠠ ᠪᠤᠳᠠᠭ᠎ᠠ ᠶᠢ ᠴᠥᠮ ᠲᠣᠰ ᠡᠳᠦᠷ ᠤᠨ ᠵᠢᠵᠢᠭᠦᠷᠯᠡᠭᠴᠢ ᠠᠯᠪᠠᠨ ᠬᠡᠷ ᠲᠤᠨᠢ ᠬᠥᠷᠭᠡᠨ ᠥᠭᠬᠦ ᠵᠡᠷᠭᠡ ᠤᠯᠠᠨ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠭᠡᠷᠡᠭᠵᠢᠬᠦᠯᠵᠥ᠂ ᠬᠤᠭᠤᠯᠠᠯᠠᠬᠤ ᠬᠥᠮᠦᠰ ᠤᠨ ᠰᠣᠯᠪᠢᠴᠠᠨ ᠬᠠᠯᠳᠠᠪᠤᠷᠢᠯᠠᠬᠤ ᠠᠴᠠ ᠪᠦᠲᠦᠮᠵᠢᠲᠡᠶ ᠵᠠᠶᠢᠯᠠᠰᠬᠢᠵᠡᠶ᠃
   ᠬᠤᠭᠤᠯᠠᠨ
ᠭᠡᠷ ᠤᠨ ᠬᠤᠭᠤᠯᠠ ᠢᠳᠡᠬᠦ ᠠᠴᠠ ᠡᠮᠦᠨᠡᠬᠢ ᠪᠠᠶᠢᠴᠠᠭᠠᠬᠤ ᠠᠵᠢᠯ ᠨᠢ ᠶᠠᠷᠰᠢᠭ ᠲᠠᠢ ᠮᠥᠷᠲᠡᠭᠡᠨ ᠶᠠᠭᠠᠷᠠᠤ ᠪᠠᠶᠢᠳᠠᠬ᠃ ᠭᠡᠪᠡᠴᠦ ᠯᠢᠨ ᠴᠢᠩ ᠮᠢᠩ ᠬᠢᠵᠢᠭ ᠢ ᠰᠡᠷᠭᠡᠶᠢᠯᠡᠨ ᠡᠵᠡᠮᠳᠡᠬᠦ ᠰᠣᠨᠣᠷ ᠰᠡᠷᠡᠮᠵᠢ ᠪᠠᠨ ᠥᠴᠦᠬᠡᠨ ᠴᠦ ᠰᠤᠯᠠᠷᠠᠭᠤᠯᠤᠭᠰᠠᠨ ᠦᠭᠡᠢ᠂ ᠲᠡᠷᠡ ᠡᠳᠦᠷ ᠪᠦᠷᠢ ᠬᠤᠭᠤᠯᠠ ᠢᠳᠡᠬᠦ ᠲᠠᠮᠢᠷᠴᠢᠨ ᠳᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠵᠦ᠂ ᠪᠡᠶ᠎ᠡ ᠶᠢᠨ ᠳᠤᠯᠠᠭᠠᠨ ᠬᠡᠪ ᠤᠨ ᠪᠠᠶᠢᠳᠠᠯ ᠳᠤ ᠪᠠᠶᠢᠪᠠᠯ ᠰᠠᠶ᠋ᠢ ᠬᠤᠭᠤᠯᠠ ᠢᠳᠡᠬᠦ ᠶᠢ ᠵᠥᠪᠰᠢᠶᠡᠷᠡᠬᠦ ᠶᠢᠨ ᠬᠠᠮᠲᠤ᠂ ᠬᠤᠭᠤᠯᠠᠯᠠᠭᠴᠢ ᠨᠢᠭᠡᠪᠦᠷᠢ ᠶᠢ ᠭᠠᠷ ᠤᠨ ᠦᠰᠦᠭ ᠵᠢᠷᠤᠵᠤ ᠪᠦᠷᠢᠳᠬᠡᠭᠦᠯᠬᠦ ᠬᠡᠷᠡᠭᠲᠡᠶ ᠭᠡᠵᠦ ᠱᠠᠭᠠᠷᠳᠠᠪᠠ᠃ ᠲᠡᠷᠡ ᠪᠠᠰᠠ ᠠᠷᠢᠭᠤᠳᠬᠠᠬᠤ ᠡᠳ᠋ ᠪᠤᠳᠠᠰ ᠢ ᠲᠠᠮᠢᠷᠴᠢᠳ ᠲᠤ ᠬᠤᠪᠢᠶᠠᠨ ᠥᠭᠴᠤ᠂ ᠡᠳᠦᠷ ᠪᠦᠷᠢ ᠪᠠᠶᠢᠷᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠣᠨ ᠢ ᠠᠷᠢᠭᠤᠳᠬᠠᠬᠤ ᠬᠡᠷᠡᠭᠲᠡᠶ ᠭᠡᠵᠦ ᠲᠡᠳᠡᠨ ᠳᠤ ᠵᠠᠬᠢᠵᠠᠶ᠃
ᠬᠢᠵᠢᠭ ᠤᠨ ᠪᠠᠶᠢᠳᠠᠯ ᠤᠨ ᠡᠮᠦᠨ᠎ᠡ ᠲᠡᠷᠡ ᠪᠤᠯ ᠶᠠᠭᠤᠨ ᠠᠴᠠ ᠴᠤ ᠤᠬᠤᠷᠢᠯ ᠦᠭᠡᠢ ︽ᠰᠥᠷᠤᠨ ᠤᠷᠤᠬᠰᠢᠯᠠᠬᠴᠢ︾ ᠪᠤᠯᠤᠨ᠎ᠠ᠃ ᠠᠵᠢᠯ ᠤᠨ ᠪᠠᠶᠢᠷᠢ ᠳᠡᠭᠡᠷ᠎ᠡ ᠪᠠᠨ ᠲᠡᠷᠡ ᠪᠣᠯ ᠡᠷᠡᠰ ᠰᠢᠭᠤᠷᠬᠠᠶ ᠪᠠᠷ ᠡᠷᠡᠯᠭᠡᠭᠯᠡᠨ ᠤᠷᠤᠬᠰᠢᠯᠠᠬᠰᠠᠨ ︽ᠪᠣᠳᠠᠲᠠᠶ ᠠᠵᠢᠯᠯᠠᠭᠴᠢ︾ ᠪᠤᠯᠬᠤ ᠶᠤᠮ᠃ ᠲᠠᠮᠢᠷᠴᠢᠳ ᠤᠨ ᠬᠤᠭᠤᠯᠠᠨ ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠲᠤᠩ ᠶᠠᠳᠠᠷᠠᠭ᠎ᠠ ᠲᠠᠢ ᠪᠣᠯᠪᠠᠴᠤ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠠᠪᠰᠢᠭᠠᠶᠢᠯᠠᠵᠤ ᠪᠠᠶᠢᠭ᠎ᠠ ᠡᠮᠴᠢ ᠰᠤᠪᠢᠯᠠᠬᠴᠢ ᠲᠠᠢ ᠠᠳᠠᠯᠢᠳᠬᠠᠪᠠᠯ ᠦᠪᠠᠷ ᠤᠨ ᠬᠢᠨᠢ ᠪᠠᠶᠢᠭ᠎ᠠ ᠠᠵᠢᠯ ᠳᠡᠶᠢᠮᠦ ᠬᠦᠨᠳᠦ ᠪᠢᠰᠢ ᠪᠤᠯᠬᠤ ᠶᠢ ᠤᠬᠠᠭᠠᠨ ᠴᠢᠳᠠᠯ ᠢᠶᠠᠨ ᠰᠢᠪᠬᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠮᠦᠷᠦ ᠶᠢᠨ ᠬᠦᠴᠦ ᠪᠠᠨ ᠡᠷᠭᠦᠨ᠎ᠠ᠃ ᠬᠢᠵᠢᠭ ᠤᠨ ᠪᠠᠶᠢᠳᠠᠯ ᠤᠨ ᠡᠮᠦᠨ᠎ᠡ ᠪᠤᠰᠤᠳ ᠲᠤ ᠦᠢᠯᠡᠴᠢᠯᠡᠬᠦ ᠨᠢ ᠥᠪᠡᠷ ᠤᠨ ᠪᠡᠶ᠎ᠡ ᠳᠡᠭᠡᠨ ᠬᠠᠷᠢᠭᠤᠴᠠᠵᠤ᠂ ᠨᠡᠶᠢᠭᠡᠮ ᠳᠤ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠶᠠᠪᠤᠳᠠᠯ ᠪᠣᠯᠤᠨ᠎ᠠ ᠭᠡᠵᠥ ᠲᠡᠷᠡ ᠪᠠᠶᠢᠡᠭᠭᠤ ᠪᠤᠳᠤᠵᠤ ᠰᠡᠳᠬᠢᠯ ᠢᠶᠠᠨ ᠴᠢᠩᠳᠠᠯᠠᠵᠥ ᠶᠠᠪᠤᠵᠠᠢ᠃ ᠠᠵᠢᠯ ᠤᠨ ᠪᠠᠶᠢᠷᠢ ᠶᠢᠨ ᠣᠨᠴᠠᠭᠠᠢ ᠴᠢᠨᠠᠷ ᠠᠴᠠ ᠪᠤᠯᠵᠤ᠂ ᠯᠢᠨ ᠴᠢᠩ ᠮᠢᠩ ᠭᠡᠷ ᠤᠨ ᠬᠥᠮᠦᠰ ᠲᠡᠭᠡᠨ ᠬᠠᠨᠢ ᠪᠤᠯᠵᠤ ᠴᠢᠳᠠᠭ᠎ᠠ ᠦᠭᠡᠢ᠂ ᠭᠡᠷ ᠤᠨ ᠬᠥᠮᠥᠰ ᠲᠡᠭᠡᠨ ᠴᠠᠭ ᠲᠤᠬᠠᠢ ᠳᠤᠨᠢ ᠬᠠᠷᠠᠭᠠᠯᠵᠠᠯ ᠪᠠ ᠬᠠᠯᠠᠮᠵᠢᠯᠠᠯ ᠦᠵᠡᠭᠦᠯᠵᠦ ᠴᠢᠳᠠᠭ᠎ᠠ ᠦᠭᠡᠢ ᠪᠠᠷ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠥᠷᠴᠤ᠂ ᠬᠤᠭᠤᠯᠠᠨ ᠭᠡᠷ ᠤᠨ ᠬᠠᠮᠲᠤ ᠠᠵᠢᠯᠯᠠᠭᠰᠠᠳ ᠲᠠᠢ ᠪᠠᠨ ᠬᠠᠮᠲᠤ ᠲᠡᠮᠡᠴᠡᠵᠥ᠂ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠬᠢᠨ ᠤ ᠠᠮᠤᠷ ᠲᠦᠪᠰᠢᠨ ᠡᠷᠡᠭᠦᠯ ᠮᠡᠨᠳᠦ ᠶᠢ ᠬᠠᠮᠠᠭᠠᠯᠠᠪᠠ᠃
   
︽ᠪᠠᠶᠢᠯᠳᠤᠪᠠᠯ ᠵᠠᠪᠠᠯ ᠤᠷᠤᠬᠰᠢᠯᠠᠨ᠎ᠠ᠂ ᠤᠷᠤᠬᠰᠢᠯᠠᠪᠠᠯ ᠵᠠᠪᠠᠯ ᠢᠯᠠᠨ᠎ᠠ︾᠂ ᠡᠨᠡ ᠪᠣᠯ ᠯᠢᠨ ᠴᠢᠩ ᠮᠢᠩ ᠤᠨ ᠠᠵᠢᠯ ᠤᠨ ᠵᠥᠭᠯᠡᠬᠦᠷ᠂ ᠨᠠᠩ ᠴᠤ ᠲᠡᠭᠦᠨ ᠤ ᠡᠭᠦᠷᠭᠡ ᠬᠠᠷᠢᠭᠤᠴᠠᠯᠭ᠎ᠠ ᠮᠥᠨ᠃ ᠲᠡᠷᠡ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠳᠤᠲᠤᠷᠠᠭᠤᠯᠵᠤ᠂ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠬᠦᠴᠦᠨ ᠴᠢᠳᠠᠯ ᠢᠶᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ
ᠹᠷᠥᠨᠲ ᠲᠤ ᠬᠠᠷᠠᠮ ᠥᠬᠡᠢ ᠵᠤᠷᠢᠭᠤᠯᠵᠠᠢ᠃
 
ᠢᠷᠡᠯᠲᠡ᠄          
 
 
ᠬᠠᠮᠢᠶ᠎ᠠ ᠪᠥᠬᠦᠢ ᠰᠤᠨᠢᠨ
 
                                   : 010098    蒙ICP备05000248号