ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠨᠠᠢᠮᠠ︶ | ᠰᠢᠯᠢ ᠶᠢᠨ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠵᠢᠯ ᠤᠨ | ᠮᠡᠳᠡᠭᠦᠯᠦᠯᠲᠡ | — 2020 ᠣᠨ ᠤ 5 ᠰᠠᠷ᠎ᠠ ᠶᠢᠨ 14 ᠤ ᠡᠳᠦᠷ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ | | ᠲᠥᠯᠥᠭᠡᠯᠡᠭᠴᠢᠳ ᠡ᠄ | ᠪᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠤᠯᠪᠠᠤ᠃ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2019 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠳᠠᠯ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠪᠦᠬᠦ ᠶᠠᠪᠤᠴᠠ ᠶᠢᠨ ᠣᠷᠣᠯᠴᠠᠯᠭ᠎ᠠ ᠪᠠ ᠬᠢᠨᠠᠯᠲᠠ ᠳᠡᠮᠵᠢᠯᠭᠡ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠠᠵᠢᠯ ᠬᠢᠬᠦ ᠠᠵᠢᠯ ᠤᠨ ᠰᠤᠷᠲᠠᠯ ᠢᠶᠠᠷ ᠬᠤᠲᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ | ᠳᠡᠭᠡᠷᠡᠬᠢ ᠰᠢᠢᠳᠪᠦᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2019 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ | 2019 ᠣᠨ ᠳᠤ ᠨᠡᠶᠢᠲᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠬᠡᠷᠡᠭᠵᠢᠭᠦᠯᠵᠦ᠂ ᠵᠢᠯ ᠤᠨ ᠡᠴᠦᠰ ᠪᠣᠯᠲᠠᠯ᠎ᠠ 4 ᠵᠦᠢᠯ ᠢ ᠪᠡᠶᠡᠯᠡᠭᠦᠯᠵᠦ᠂ ᠡᠳᠡᠭᠡᠷ ᠨᠢ ᠲᠤᠰᠪᠤᠷᠢ᠄ ᠠᠳᠠᠯ | ᠠᠬᠤᠶ ᠶᠢᠨ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ | ᠨᠥᠬᠦᠴᠡᠯ ᠢ ᠰᠠᠶᠢᠵᠢᠷᠠᠭᠤᠯᠬᠤ ᠪᠠ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ | ᠪᠣᠯᠤᠨ᠎ᠠ᠃ ᠪᠡᠶᠡᠯᠡᠭᠦᠯᠦᠭᠡᠳᠦᠶ ᠬᠤᠶᠠᠷ ᠵᠦᠢᠯ ᠪᠣᠯ ᠤᠶᠤᠨᠲᠤ ᠵᠠᠮ ᠬᠠᠷᠢᠯᠴᠠᠭᠠᠨ ᠤ ᠲᠥᠷᠥᠯ ᠵᠦᠢᠯ ᠪᠠ ᠲᠣᠭᠤᠭᠠᠨ | ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠪᠣᠯᠤᠨ᠎ᠠ᠃ | 2019 ᠣᠨ ᠳᠤ ᠬᠤᠲᠠ ᠶᠢᠨ ᠵᠠᠰᠠᠭ ᠤᠨ ᠣᠷᠳᠣᠨ ᠬᠦᠴᠦ ᠪᠠᠨ ᠲᠥᠪᠯᠡᠷᠡᠭᠦᠯᠦᠨ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ | ᠳᠤ ᠥᠷᠢᠲᠦᠵᠦ ᠪᠠᠶᠢᠭ᠎ᠠ ᠲᠠᠩᠰᠠᠨ ᠤ ᠵᠣᠭᠤᠰ ᠢ ᠰᠢᠢᠳᠪᠦᠷᠢᠯᠡᠬᠦ ᠵᠡᠷᠭᠡ ᠣᠯᠠᠨ ᠵᠦᠢᠯ ᠤᠨ ᠥᠷᠢ ᠰᠢᠷᠢ ᠶᠢ | ᠠᠷᠢᠯᠭᠠᠬᠤ ᠡᠭᠦᠷᠭᠡ ᠶᠢ ᠠᠬᠢᠭᠤᠯᠣᠭᠰᠠᠨ ᠤ ᠬᠠᠮᠲᠤ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠨᠥᠯᠥᠭᠡ ᠶᠢ ᠭᠥᠷᠳᠡᠵᠦ᠂ ᠲᠥᠷᠥᠯ ᠵᠦᠢᠯ ᠤᠨ ᠵᠠᠷᠤᠯᠭ᠎ᠠ ᠶᠢᠨ ᠪᠠᠯᠠ ᠮᠥᠩᠭᠦ ᠶᠢᠨ ᠳᠤᠲᠠᠭᠤᠳᠠᠯ ᠨᠡᠯᠢᠶᠡᠳ ᠶᠡᠭᠡ | ᠪᠣᠯᠵᠤ᠂ ᠵᠢᠱᠢᠭᠰᠡᠨ ᠬᠠᠷᠠᠯᠲᠠ ᠶᠣᠰᠣᠭᠠᠷ ᠠᠬᠢᠭᠤᠯᠵᠤ ᠴᠢᠳᠠᠭᠰᠠᠨ ᠥᠬᠡᠶ᠃ | ᠣᠳᠣᠬᠠᠨ ᠳᠤ᠂ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠤᠨ ᠪᠠᠯᠠ | ᠣᠷᠣᠭᠤᠯᠤᠯᠲᠠ ᠶᠢᠨ ᠵᠠᠭᠪᠤᠷ ᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠶᠢᠭᠰᠠᠨ ᠠᠴᠠ ᠣᠨᠴᠠ | ᠵᠥᠪᠰᠢᠶᠡᠷᠡᠭᠰᠡᠨ ᠡᠵᠡᠩᠨᠡᠯᠲᠡ ᠪᠣᠯᠭᠠᠨ ᠬᠤᠪᠢᠷᠠᠭᠤᠯᠵᠤ᠂ ᠣᠶᠢᠷ᠎ᠠ ᠳᠤ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠡᠯ᠎ᠡ ᠵᠦᠢᠯ ᠤᠨ ᠠᠵᠢᠯ ᠢ ᠡᠬᠢᠯᠡᠭᠦᠯᠬᠦ ᠪᠣᠯᠤᠨ᠎ᠠ᠃ ᠤᠶᠤᠨᠲᠤ ᠵᠠᠮ | ᠬᠠᠷᠢᠯᠴᠠᠭᠠᠨ ᠤ ᠲᠥᠷᠥᠯ ᠵᠦᠢᠯ ᠨᠢ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠳᠣᠭᠢᠷᠠᠭᠤᠯᠤᠨ ᠨᠢᠬᠡᠳᠬᠡᠬᠦ ᠶᠢ | ᠪᠡᠶᠡᠯᠡᠬᠦᠯᠵᠦ᠂ ᠨᠢᠭᠡᠨᠲᠡ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠵᠦ᠂ ᠬᠢᠨᠠᠨ ᠬᠠᠷᠭᠤᠭᠤᠯᠣᠯᠲᠠ ᠶᠢ | ᠥᠩᠭᠡᠷᠡᠭᠡᠭᠰᠡᠨ ᠤ ᠳᠠᠷᠠᠭ᠎ᠠ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ | ᠡᠯ᠎ᠡ ᠵᠦᠢᠯ ᠤᠨ ᠠᠵᠢᠯ ᠢᠶᠠᠨ ᠡᠬᠢᠯᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠤᠨ ᠣᠷᠳᠣᠨ | ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠠᠷᠠᠯᠲᠠ ᠶᠢ ᠴᠢᠩᠭ᠎ᠠ | ᠠᠩᠬᠠᠷᠴᠤ᠂ ᠪᠥᠬᠦ ᠬᠦᠴᠦᠨ ᠢᠶᠠᠷ ᠢᠶᠠᠨ ᠬᠦᠴᠢᠷ ᠪᠡᠷᠬᠡ ᠶᠢ ᠢᠯᠠᠨ ᠳᠠᠪᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ | ᠬᠤᠶᠠᠷ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠤᠨ | ᠪᠠᠶᠢᠳᠠᠯ | 2020 ᠣᠨ ᠳᠤ᠂ ᠬᠤᠲᠠ ᠶᠢᠨ ᠵᠠᠰᠠᠭ ᠤᠨ ᠣᠷᠳᠣᠨ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠰᠠᠨᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ | ᠴᠢᠲᠠᠯ ᠢᠶᠠᠷ ᠢᠶᠠᠨ ᠴᠢᠷᠮᠠᠶᠢᠬᠤ ᠮᠦᠷᠲᠡᠭᠡᠨ ᠴᠢᠳᠠᠯ ᠤᠨ ᠬᠢᠷᠢ ᠪᠠᠷ ᠢᠶᠠᠨ ᠬᠢᠵᠦ᠂ ᠣᠯᠠᠨ ᠲᠦᠮᠡᠨ ᠤ ᠬᠠᠮᠤᠭ ᠤᠨ | ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠠᠭᠤᠳᠠᠯ ᠠᠴᠠ ᠭᠠᠷᠳᠠᠵᠤ᠂ ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠢ ᠴᠤᠭᠯᠠᠭᠤᠯᠬᠤ᠂ ᠰᠢᠯᠢᠨ | ᠰᠣᠩᠭᠤᠬᠤ᠂ ᠨᠤᠲᠠᠯᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠡᠮᠦᠨ᠎ᠡ ᠱᠠᠲᠤᠨ ᠳᠤ᠂ | ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠲᠠᠪᠴᠠᠩ ᠵᠡᠷᠭᠡ ᠳᠤ ᠵᠠᠷᠯᠠᠯ ᠨᠡᠶᠢᠲᠡᠯᠡᠬᠦ ᠪᠠᠷ ᠳᠠᠮᠵᠢᠭᠤᠯᠤᠨ | ᠬᠤᠳᠠ ᠶᠢᠨ ᠠᠷᠠᠳ ᠤᠯᠠᠨ ᠠᠴᠠ ᠥᠷᠭᠡᠨ ᠢᠶᠠᠷ ᠴᠤᠭᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠠᠴᠠ ᠬᠠᠨᠳᠤᠯᠭ᠎ᠠ ᠲᠠᠢ ᠪᠠᠷ ᠴᠤᠭᠯᠠᠭᠤᠯᠵᠣ᠂ ᠡᠯ᠎ᠡ ᠬᠤᠯᠪᠣᠭᠳᠠᠯ ᠪᠦᠬᠦᠢ ᠨᠢᠭᠡᠴᠢ | ᠠᠴᠠ ᠲᠤᠰᠬᠠᠶ ᠰᠡᠳᠦᠪ ᠢᠶᠠᠷ ᠴᠤᠭᠯᠠᠭᠤᠯᠣᠨ᠂ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠶᠠᠷᠢᠯᠴᠠᠵᠦ ᠪᠠᠲᠤᠯᠠᠭᠤᠯᠤᠭᠠᠳ᠂ ᠲᠤᠰ ᠤᠳᠠᠭᠠᠨ ᠤ ᠶᠡᠭᠡ ᠬᠤᠷᠠᠯ | ᠳᠡᠭᠡᠷ᠎ᠡ ᠪᠢᠯᠧᠲ ᠥᠭᠴᠦ ᠲᠠᠰᠤᠯᠤᠨ ᠲᠣᠭᠳᠠᠭᠠᠯᠭᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠬᠦ ᠲᠦᠷᠦᠯ ᠵᠦᠢᠯ ᠢ ᠪᠦᠷᠢᠯᠳᠦᠭᠦᠯᠪᠡ᠂ ᠪᠣᠳᠠᠲᠠᠶ ᠪᠠᠶᠢᠳᠠᠯ ᠨᠢ ᠳᠣᠤᠷᠠᠬᠢ ᠮᠡᠲᠦ᠄ | ︵ᠨᠢᠭᠡ︶ ᠮᠠᠯᠵᠢᠬᠤ ᠣᠷᠣᠨ ᠤ ᠱᠦᠢᠨᠢ ᠵᠠᠮ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ | ᠷᠠᠰᠢᠶᠠᠨᠪᠤᠯᠠᠭ ᠪᠠᠯᠭᠠᠰᠤᠨ ᠤ ᠰᠢᠨᠡᠮᠠᠨᠳᠤᠯᠠ ᠭᠠᠴᠠᠭ᠎ᠠ ᠪᠣᠯᠤᠨ ᠪᠠᠶᠠᠩᠭᠤᠣᠯ ᠭᠠᠴᠠᠭ᠎ᠠ ᠨᠢ ᠣᠯᠠᠨ ᠵᠢᠯ ᠤᠨ ᠲᠤᠷᠰᠢ | ᠡᠩᠬᠦᠯ ᠳᠤᠩᠬᠤᠯ ᠰᠢᠷᠤᠢ ᠶᠢᠨ ᠵᠠᠮ ᠢᠶᠠᠷ ᠨᠡᠪᠲᠡᠷᠡᠵᠦ᠂ ᠬᠦᠮᠦᠨ ᠪᠣᠯᠤᠨ ᠲᠡᠷᠭᠡ ᠤᠨᠤᠭ᠎ᠠ ᠨᠠᠰᠢ ᠴᠠᠰᠢ ᠶᠠᠪᠤᠬᠤ ᠳᠤ | ᠬᠦᠴᠢᠷᠳᠡᠵᠦ᠂ ᠮᠠᠯᠴᠢᠨ ᠡᠷᠦᠬᠡ ᠶᠢᠨ ᠮᠠᠯ ᠤᠨᠤᠭ᠎ᠠ ᠵᠥᠭᠡᠭᠡᠪᠦᠷᠢᠯᠡᠵᠦ ᠪᠣᠷᠤᠯᠠᠭᠤᠯᠬᠤ ᠨᠢ ᠬᠠᠷᠰᠢᠯᠠᠭᠳᠠᠵᠤ᠂ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠪᠣᠯᠤᠨ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ | ᠬᠦᠨᠳᠦ ᠨᠣᠴᠢᠲᠠᠶ ᠨᠦᠯᠦᠭᠡᠯᠡᠭᠰᠡᠭᠡᠷ ᠢᠷᠡᠪᠡ᠃ ᠢᠯᠠᠩᠭᠤᠶ᠎ᠠ ᠴᠠᠰᠤ ᠪᠣᠷᠣᠭᠠᠨ ᠣᠷᠣᠪᠠᠯ ᠮᠠᠯᠴᠢᠳ ᠶᠠᠪᠤᠵᠤ | ᠰᠠᠭᠤᠬᠤ ᠳᠤ ᠨᠡᠩ ᠲᠦᠪᠡᠭᠲᠠᠢ ᠮᠥᠷᠲᠡᠭᠡᠨ ᠠᠯᠢ ᠣᠯᠠᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠳᠠᠭ᠃ | ᠡᠨᠡ ᠬᠤᠶᠠᠷ ᠭᠠᠴᠠᠭ᠎ᠠ ᠶᠢᠨ ᠰᠠᠭᠤᠭᠠᠯᠢ ᠠᠷᠠᠳ ᠤᠨ ᠵᠠᠮ ᠨᠡᠪᠲᠡᠷᠡᠯᠭᠡ ᠶᠢᠨ ᠠᠰᠠᠭᠤᠳᠠᠯ ᠢ ᠦᠨᠡᠨᠬᠦ | ᠰᠢᠢᠳᠪᠦᠷᠢᠯᠡᠬᠦ ᠶᠢᠨ ᠲᠥᠯᠥᠭᠡ᠂ 480 ᠲᠦᠮᠡᠨ ᠲᠥᠭᠦᠷᠢᠭ ᠤᠨ ᠪᠠᠯᠠ ᠣᠷᠤᠭᠤᠯᠵᠤ᠂ ᠳᠦᠷᠪᠡᠳᠦᠭᠡᠷ ᠳᠡᠰ ᠤᠨ | ᠱᠦᠢᠨᠢ ᠵᠠᠮ ᠢ ᠰᠢᠨ᠎ᠡ ᠪᠠᠷ ᠪᠠᠶᠢᠭᠤᠯᠬᠤ ᠪᠠᠷ ᠲᠦᠯᠦᠪᠯᠡᠵᠦ ᠪᠣᠢ᠃ ᠡᠨᠡᠬᠦ ᠵᠣᠷᠪᠤᠰ ᠵᠠᠮ ᠤᠨ ᠡᠬᠢᠯᠡᠯᠲᠡ ᠶᠢᠨ | ᠴᠡᠭ ᠨᠢ ᠰᠢᠯᠢ ᠶᠢᠨ ᠬᠤᠲᠠ ᠠᠴᠠ ᠷᠠᠰᠢᠶᠠᠨᠪᠣᠯᠠᠭ ᠪᠠᠯᠭᠠᠰᠣ ᠬᠦᠷᠬᠦ ᠵᠠᠰᠠᠮᠠᠯ ᠵᠠᠮ ᠤᠨ 72 ᠺᠢᠯᠣᠮᠧᠲᠷ ᠤᠨ ᠲᠡᠨᠳᠡ | ᠪᠠᠶᠢᠵᠤ᠂ ᠡᠴᠦᠰ ᠤᠨ ᠴᠡᠭ ᠨᠢ ᠲᠦᠷᠪᠡᠯᠵᠢᠨ ᠠᠭᠤᠯᠠ ᠪᠠᠶᠢᠵᠤ᠂ ᠵᠠᠮ ᠤᠨ ᠪᠥᠬᠦ ᠣᠷᠳᠣ ᠨᠢ 9.4 ᠺᠢᠯᠣᠮᠧᠲᠷ | ᠪᠣᠯᠤᠨ᠎ᠠ᠃ ᠵᠠᠮ ᠵᠠᠰᠠᠵᠤ ᠳᠠᠭᠤᠰᠬᠠᠭᠰᠠᠨ ᠤ ᠳᠠᠷᠠᠭ᠎ᠠ᠂ ᠵᠠᠮ ᠳᠠᠭᠠᠤ ᠶᠢᠨ 21 ᠮᠠᠯᠴᠢᠨ ᠡᠷᠦᠬᠡ᠂ 62 ᠬᠥᠮᠦᠨ ᠤ | ᠶᠠᠪᠤᠵᠤ ᠰᠠᠭᠤᠬᠤ ᠨᠥᠬᠦᠴᠡᠯ ᠰᠠᠶᠢᠵᠢᠷᠠᠬᠤ ᠪᠣᠯᠤᠨ᠎ᠠ᠂ ᠡᠭᠦᠨ ᠳᠤ ᠶᠠᠳᠠᠭᠤ ᠬᠦᠴᠢᠷᠳᠡᠯᠲᠡᠶ 4 ᠡᠷᠦᠬᠡ ᠶᠢᠨ 11 | ᠬᠦᠮᠦᠨ᠂ ᠨᠠᠭᠠᠳᠤ ᠵᠠᠬ᠎ᠠ ᠶᠢᠨ ᠪᠠᠲᠤᠯᠠᠭ᠎ᠠ ᠲᠠᠢ 2 ᠡᠷᠦᠬᠡ ᠶᠢᠨ 2 ᠬᠦᠮᠦᠨ ᠪᠣᠢ᠃ | ︵ᠬᠤᠶᠠᠷ︶ ᠬᠤᠲᠠ ᠶᠢᠨ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ | ᠣᠳᠣᠬᠠᠨ ᠳᠤ᠂ ᠪᠥᠬᠦ ᠬᠤᠲᠠ ᠳᠤ ᠨᠡᠶᠢᠲᠡ ᠬᠤᠶᠠᠷ ᠭᠠᠵᠠᠷ ᠲᠤ ᠠᠷᠠᠳ ᠲᠤ ᠲᠥᠬᠦᠮ ᠦᠵᠡᠭᠦᠯᠬᠦ ᠵᠠᠬ᠎ᠠ | ᠳᠡᠯᠭᠡᠭᠦᠷ ᠲᠠᠢ ᠪᠠᠶᠢᠵᠤ᠂ ᠲᠣᠰ ᠲᠣᠰ ᠮᠠᠯᠴᠢᠳ ᠤᠨ ᠰᠢᠨ᠎ᠡ ᠬᠦᠷᠢᠶᠡᠯᠡᠩ᠂ ᠭᠤᠷᠪᠠᠳᠣᠭᠠᠷ ᠪᠠᠷᠢᠭᠠᠳᠠ ᠶᠢᠨ | ᠲᠣᠨᠣᠯᠵᠢᠨ ᠵᠠᠮ ᠠᠴᠠ ᠬᠤᠶᠢᠰᠢ 200 ᠮᠧᠲᠷ ᠤᠨ ᠭᠠᠵᠠᠷ ᠲᠤ ᠪᠠᠶᠢᠷᠢᠯᠠᠵᠤ ᠪᠣᠢ᠃ ᠲᠤᠭ᠎ᠠ ᠨᠢ ᠴᠦᠬᠡᠨ᠂ | ᠨᠦᠯᠦᠬᠡᠯᠡᠬᠦ ᠬᠡᠪᠴᠢᠶ᠎ᠡ ᠨᠢ ᠬᠢᠵᠠᠭᠠᠷᠲᠠᠶ ᠪᠣᠯᠬᠤᠷ ᠬᠤᠳᠠ ᠶᠢᠨ ᠠᠷᠠᠳ ᠤᠨ ᠬᠡᠷᠡᠭᠴᠡᠭᠡ ᠶᠢ ᠬᠠᠩᠭᠠᠵᠤ ᠲᠡᠶᠢᠯᠬᠦ | ᠦᠭᠡᠢ ᠪᠠᠶᠢᠨ᠎ᠠ᠃ ᠠᠷᠠᠳ ᠤᠨ ᠠᠮᠢᠳᠤᠷᠠᠯ ᠳᠤ ᠳᠥᠭᠦᠮ ᠦᠵᠡᠭᠦᠯᠵᠦ᠂ ᠬᠡᠰᠡᠭ ᠣᠷᠣᠨ ᠪᠦᠰᠡ ᠶᠢᠨ ᠠᠷᠠᠳ ᠲᠤ | ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠬᠦ ᠶᠢᠨ ᠲᠥᠯᠥᠭᠡ᠂ ᠪᠠᠶᠢᠷᠢᠰᠢᠯ ᠨᠢ ᠵᠦᠶ | ᠵᠣᠬᠢᠰᠲᠠᠶ᠂ ᠲᠦᠷᠭᠡᠨ ᠳᠥᠲᠡ᠂ ᠵᠢᠷᠤᠮᠵᠢᠭᠰᠠᠨ ᠡᠮᠬᠢ ᠲᠢᠭᠯᠢᠮ ᠲᠠᠢ ᠪᠠᠶᠢᠬᠤ ᠵᠠᠷᠴᠢᠮ ᠢᠶᠠᠷ ᠣᠷᠣᠨ ᠵᠠᠶ᠂ | ᠴᠢᠳᠠᠮᠵᠢ ᠪᠣᠯᠤᠨ ᠦᠢᠯᠡᠴᠢᠯᠡᠭᠡᠨ ᠤ ᠬᠦᠴᠦᠨ ᠵᠦᠢᠯ ᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ ᠵᠠᠰᠠᠮᠠᠯ | ᠵᠠᠮ ᠲᠡᠭᠡᠷᠡᠬᠢ ᠰᠤᠯᠠ ᠮᠠᠶᠢᠮᠠᠶ ᠪᠣᠯᠤᠨ ᠲᠠᠷᠠᠬᠠᠶ ᠪᠤᠲᠠᠷᠬᠠᠶ ᠴᠤᠭᠯᠠᠭ᠎ᠠ ᠮᠠᠶᠢᠮᠠᠶ ᠶᠢᠨ ᠪᠤᠵᠠᠷ᠂ ᠡᠷᠦᠶ ᠬᠤᠷᠤᠶ ᠥᠬᠡᠶ᠂ | ᠪᠠᠷᠤᠭᠲᠠᠶ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠠᠰᠠᠵᠤ᠂ 200 ᠲᠦᠮᠡᠨ ᠲᠦᠭᠦᠷᠢᠭ ᠤᠨ ᠪᠠᠯᠠ | ᠣᠷᠣᠭᠤᠯᠵᠤ᠂ ᠳᠦᠷᠪᠡᠨ ᠭᠠᠵᠠᠷ ᠲᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠪᠠᠶᠢᠭᠤᠯᠬᠤ ᠪᠠᠷ | ᠲᠥᠯᠥᠪᠯᠡᠵᠦ᠂ ᠶᠡᠷᠦᠩᠬᠡᠶ ᠲᠠᠯᠠᠪᠠᠶ ᠨᠢ 2.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠣᠰ ᠲᠣᠰ ᠴᠠᠩ | ᠴᠧᠩ ᠵᠡᠭᠡᠯᠢ ᠶᠢᠨ ᠳ᠋ᠦᠩ ᠹᠠᠩ ᠭᠦᠸᠧ ᠵᠢᠢ ᠠᠴᠠ ᠪᠠᠷᠠᠭᠤᠨᠰᠢ 7000 ᠲᠡᠭᠰᠢ ᠳᠦᠷᠪᠡᠯᠵᠢᠨ ᠮᠧᠲᠷ᠂ ᠳ᠋ᠦᠩ | ᠲᠦᠩ ᠵᠢᠶᠠᠨ ᠰᠠᠭᠤᠭᠠᠯᠢ ᠲᠣᠭᠤᠷᠢᠭ ᠲᠤ 2000 ᠲᠡᠭᠰᠢ ᠳᠥᠷᠪᠡᠯᠵᠢᠨ ᠮᠧᠲᠷ᠂ ᠳ᠋ᠠ ᠶᠧ ᠶᠢᠨ ᠾᠧ ᠸᠠᠨ | ᠰᠠᠭᠤᠭᠠᠯᠢ ᠲᠣᠭᠤᠷᠢᠭ ᠤᠨ ᠬᠤᠶᠢᠨ᠎ᠠ 1 ᠲᠦᠮᠡᠨ ᠲᠡᠭᠰᠢ ᠳᠥᠷᠪᠡᠯᠵᠢᠨ ᠮᠧᠲᠷ᠂ ᠹᠠᠩ ᠶᠤᠸᠠᠢ ᠮᠢᠩ ᠳ᠋ᠦ᠋ | ᠰᠠᠭᠤᠭᠠᠯᠢ ᠲᠣᠭᠤᠷᠢᠭ ᠤᠨ ᠡᠮᠦᠨ᠎ᠡ 4000 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠠᠷᠠᠳ ᠲᠤ ᠳᠥᠭᠦᠮ | ᠦᠵᠡᠭᠦᠯᠬᠦ ᠵᠠᠬ᠎ᠠ ᠳᠡᠯᠭᠡᠭᠦᠷ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠳᠠᠭᠠᠣ ᠶᠢᠨ | ᠨᠣᠭᠤᠭ᠎ᠠ ᠵᠢᠮᠢᠰ ᠤᠨ ᠬᠤᠳᠠᠯᠳᠤᠭ᠎ᠠ ᠶᠢ ᠬᠠᠤᠯᠢ ᠶᠣᠰᠣᠭᠠᠷ ᠬᠦᠴᠦᠨ ᠥᠬᠡᠶ ᠪᠣᠯᠭᠠᠵᠤ᠂ ᠬᠤᠳᠠᠯᠳᠤᠭᠠᠴᠢᠨ ᠢ | ᠠᠯᠬᠤᠮ ᠠᠯᠬᠤᠮ ᠢᠶᠠᠷ ᠬᠦᠲᠦᠯᠦᠨ ᠵᠢᠯᠣᠭᠤᠳᠴᠤ ᠪᠠᠶᠢᠭᠠᠳ ︽ᠵᠠᠮ ᠠᠴᠠ ᠰᠠᠯᠵᠤ ᠲᠠᠯᠠᠪᠠᠶ ᠳᠤ ᠤᠷᠤᠵᠤ︾ | ᠡᠵᠡᠩᠨᠡᠯᠲᠡ ᠬᠢᠯᠭᠡᠨ᠎ᠡ᠂ ᠡᠨᠡ ᠨᠢ ᠠᠷᠠᠳ ᠣᠯᠠᠨ ᠳᠤ ᠦᠢᠯᠡᠴᠢᠯᠡᠵᠦ᠂ ᠠᠵᠢᠯ ᠣᠯᠭᠤᠯᠲᠠ ᠶᠢ ᠳᠠᠶᠢᠴᠢᠯᠠᠨ᠂ | ᠵᠢᠷᠤᠮᠵᠢᠯ ᠲᠠᠢ ᠬᠠᠮᠢᠶᠠᠷᠴᠤ ᠴᠢᠳᠠᠬᠤ ᠪᠠᠷ ᠪᠠᠷᠠᠬᠤ ᠥᠬᠡᠶ᠂ ᠪᠠᠰᠠ ᠬᠤᠲᠠ ᠶᠢᠨ ᠣᠷᠴᠢᠨ ᠲᠣᠭᠤᠷᠢᠨ ᠢ ᠵᠠᠰᠠᠬᠤ | ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ | ︵ᠭᠤᠷᠪᠠ︶ ᠬᠤᠲᠠ ᠶᠢᠨ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠵᠢᠴᠢ ᠲᠠᠷᠠᠬᠠᠶ ᠪᠠᠶᠢᠷᠢᠰᠢᠭᠰᠠᠨ | ᠠᠰᠠᠷ ᠢ ᠵᠠᠰᠠᠵᠤ ᠥᠭᠡᠷᠡᠴᠢᠯᠡᠬᠦ ᠲᠥᠷᠥᠯ ᠵᠦᠢᠯ | 2020 ᠣᠨ ᠳᠤ᠂ ᠬᠤᠲᠠ ᠶᠢᠨ ᠵᠠᠰᠠᠭ ᠤᠨ ᠣᠷᠳᠣᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠬᠤ ᠠᠵᠢᠯ ᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠭᠠᠵᠤ᠂ ︽ᠨᠢᠭᠡ ᠲᠣᠭᠤᠷᠢᠭ | ᠨᠢᠭᠡ ᠠᠷᠭ᠎ᠠ ᠪᠣᠳᠣᠯᠭ᠎ᠠ︾᠂ ︽ᠨᠢᠭᠡ ᠠᠰᠠᠷ ᠨᠢᠭᠡ ᠠᠷᠭ᠎ᠠ ᠪᠣᠳᠣᠯᠭ᠎ᠠ︾᠂ ︽ᠵᠢᠬᠰᠠᠭᠠᠬᠤ ᠬᠡᠯᠪᠡᠷᠢ︾ ᠶᠢᠨ | ᠥᠭᠡᠷᠡᠴᠢᠯᠡᠯᠲᠡ ᠶᠢᠨ ᠵᠠᠭᠪᠤᠷ ᠢ ᠬᠡᠷᠡᠭᠵᠢᠭᠦᠯᠬᠦ ᠪᠠᠷ ᠴᠢᠷᠮᠠᠶᠢᠵᠤ᠂ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ | ᠢᠵᠢ ᠪᠥᠷᠢᠳᠦᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ | ᠵᠡᠷᠭᠡ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠬᠠᠭᠤᠴᠢᠨ ᠰᠠᠭᠤᠭᠠᠯᠢ ᠲᠣᠭᠤᠷᠢᠭ ᠤᠨ ᠪᠡᠯᠡᠳᠬᠡᠮᠵᠢ ᠪᠦᠷᠢᠨ | ᠭᠦᠢᠴᠡᠳ᠂ ᠴᠢᠳᠠᠮᠵᠢ ᠪᠦᠷᠢᠨ ᠲᠡᠭᠦᠯᠳᠡᠷ᠂ ᠣᠷᠴᠢᠨ ᠲᠣᠭᠤᠷᠢᠨ ᠢ ᠴᠡᠪᠡᠷ ᠲᠡᠭᠰᠢ ᠪᠣᠯᠭᠠᠬᠤ ᠥᠭᠡᠷᠡᠴᠢᠯᠡᠯᠲᠡ ᠶᠢᠨ | ᠬᠠᠷᠠᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 1457 ᠲᠦᠮᠡᠨ ᠲᠥᠭᠦᠷᠢᠭ ᠪᠠᠶᠢᠵᠤ᠂ 1 | ᠬᠠᠭᠤᠴᠢᠨ ᠰᠠᠭᠤᠭᠠᠯᠢ ᠲᠣᠭᠤᠷᠢᠭ ︵ᠽᠢ ᠲᠧᠩ ᠬᠤᠸᠠ ᠶᠤᠸᠠᠨ ᠤ ᠵᠡᠭᠦᠨ ᠲᠣᠭᠤᠷᠢᠭ︶ ᠢ ᠥᠭᠡᠷᠡᠴᠢᠯᠡᠨ ᠵᠠᠰᠠᠵᠤ | ᠂ 50 ᠰᠠᠭᠤᠷᠢ ᠲᠠᠷᠬᠠᠢ ᠪᠠᠶᠢᠷᠢᠰᠢᠭᠰᠠᠨ ᠠᠰᠠᠷ ᠢ ᠰᠡᠯᠪᠢᠨ ᠵᠠᠰᠠᠬᠤ ᠪᠠᠷ ᠲᠥᠯᠥᠪᠯᠡᠵᠦ ᠪᠣᠶ᠃ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠠᠯ᠎ᠠ ᠪᠠᠷ᠂ ᠮᠠᠨ ᠤ ᠬᠤᠲᠠ ᠨᠢᠭᠡᠨᠲᠡ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ 2000 | ᠣᠨ ᠤ ᠰᠡᠭᠦᠯᠴᠢ ᠠᠴᠠ ᠡᠮᠦᠨ᠎ᠡ ᠪᠠᠶᠢᠭᠤᠯᠤᠭᠰᠠᠨ 22 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠬᠤ ᠲᠥᠯᠥᠪᠯᠡᠭᠡ ᠪᠠᠨ ᠮᠡᠳᠡᠭᠦᠯᠵᠦ ᠳᠠᠩᠰᠠᠯᠠᠭᠤᠯᠪᠠ᠂ ᠡᠭᠦᠨ ᠳᠤ ᠽᠢ ᠲᠧᠩ ᠬᠤᠸᠠ ᠶᠤᠸᠠᠨ ᠤ ᠵᠡᠭᠦᠨ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠪᠠᠷᠤᠭ 637 | ᠲᠦᠮᠡᠨ ᠲᠥᠭᠦᠷᠢᠭ ᠪᠠᠶᠢᠵᠤ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠬᠠᠮᠲᠤ ᠪᠠᠷ ᠦᠮᠴᠢᠯᠡᠬᠦ | ᠬᠡᠰᠡᠭ ᠲᠤ ᠴᠢᠭᠯᠡᠭᠦᠯᠦᠨ᠂ ᠭᠠᠳᠠᠷ ᠬᠡᠷᠡᠮ ᠠᠴᠠ ᠳᠤᠯᠠᠭᠠᠨ ᠢ ᠪᠠᠲᠤᠯᠠᠬᠤ᠂ ᠵᠠᠮ ᠢ ᠰᠡᠯᠪᠢᠨ ᠵᠠᠰᠠᠬᠤ᠂ ᠳᠡᠪᠢᠰᠴᠦ | ᠬᠠᠲᠠᠭᠤᠷᠠᠭᠤᠯᠬᠤ᠂ ᠨᠣᠭᠤᠭᠠᠷᠠᠭᠤᠯᠵᠤ ᠭᠡᠷᠡᠯᠲᠦᠭᠦᠯᠬᠦ ᠵᠡᠷᠭᠡ ᠥᠭᠡᠷᠡᠴᠢᠯᠡᠨ ᠰᠠᠶᠢᠵᠢᠷᠠᠭᠤᠯᠬᠤ ᠠᠵᠢᠯ ᠢ | ᠭᠡᠷᠡᠭᠵᠢᠬᠦᠯᠦᠨ᠎ᠡ᠃ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠡᠯ᠎ᠡ ᠵᠦᠢᠯ ᠤᠨ ᠭᠠᠷᠳᠠᠮ ᠢ ᠨᠢᠭᠡᠨᠲᠡ | ᠭᠦᠢᠴᠡᠳᠬᠡᠵᠦ ᠳᠠᠭᠤᠰᠬᠠᠨ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠵᠤ᠂ ᠵᠢᠯ ᠤᠨ ᠳᠣᠲᠣᠷ᠎ᠠ ᠠᠵᠢᠯ ᠢᠶᠠᠨ | ᠳᠠᠭᠤᠰᠬᠠᠵᠤ ᠳᠡᠶᠢᠯᠦᠨ᠎ᠡ᠂ ᠡᠶᠢᠮᠦ ᠠᠴᠠ ᠲᠣᠰ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠢ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠳᠤ | ᠣᠷᠣᠭᠤᠯᠤᠪᠠ᠃ ᠦᠯᠡᠳᠡᠭᠰᠡᠨ 21 ᠰᠠᠭᠤᠭᠠᠯᠢ ᠲᠣᠭᠤᠷᠢᠭ ᠤᠨ ᠡᠯ᠎ᠡ ᠵᠦᠢᠯ ᠤᠨ ᠭᠠᠷᠳᠠᠮ ᠢ ᠶᠠᠭ ᠡᠮᠬᠢ | ᠵᠢᠷᠤᠮ ᠲᠠᠢ ᠬᠢᠵᠦ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ 2000 ᠣᠨ ᠤ ᠵᠢᠯ ᠤᠨ ᠡᠴᠦᠰ ᠠᠴᠠ | ᠡᠮᠦᠨ᠎ᠡ ᠪᠠᠶᠢᠭᠤᠯᠤᠭᠰᠠᠨ ᠪᠤᠰᠤᠳ ᠬᠠᠭᠤᠴᠢᠨ ᠰᠠᠭᠤᠭᠠᠯᠢ ᠲᠣᠭᠤᠷᠢᠭ ᠢ ᠴᠤ ᠠᠯᠬᠤᠮ ᠠᠯᠬᠤᠮ ᠢᠶᠠᠷ ᠥᠭᠡᠷᠡᠴᠢᠯᠡᠨ | ᠪᠠᠶᠢᠭᠤᠯᠬᠤ ᠲᠥᠯᠥᠪᠯᠡᠭᠡ ᠳᠤ ᠣᠷᠣᠭᠤᠯᠬᠤ ᠪᠣᠯᠤᠨ᠎ᠠ᠃ ᠲᠠᠷᠠᠬᠠᠶ ᠪᠠᠶᠢᠷᠢᠰᠢᠭᠰᠠᠨ ᠠᠰᠠᠷ ᠢ ᠰᠡᠯᠪᠢᠨ ᠵᠠᠰᠠᠵᠤ | ᠥᠭᠡᠷᠡᠴᠢᠯᠡᠬᠦ ᠲᠠᠯ᠎ᠠ ᠪᠠᠷ᠂ ︽ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠪᠠᠶᠢᠬᠤ᠂ ᠵᠠᠰᠠᠭ ᠤᠨ ᠣᠷᠳᠣᠨ | ᠨᠢᠭᠡᠳᠦᠯᠲᠡᠶ ᠲᠥᠯᠥᠪᠯᠡᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ | ᠥᠭᠡᠷᠡᠴᠢᠯᠡᠬᠦ︾ ᠵᠠᠷᠴᠢᠮ ᠶᠣᠰᠣᠭᠠᠷ᠂ ᠰᠠᠭᠤᠭᠠᠯᠢ ᠠᠷᠠᠳ᠂ ᠵᠠᠰᠠᠭ ᠤᠨ ᠣᠷᠳᠣᠨ ᠲᠣᠰ ᠲᠣᠰ 50% ᠶᠢᠨ | ᠥᠭᠡᠷᠡᠴᠢᠯᠡᠨ ᠰᠠᠶᠢᠵᠢᠷᠠᠭᠤᠯᠬᠤ ᠵᠠᠷᠤᠳᠠᠯ ᠢ ᠡᠭᠦᠷᠭᠡᠯᠡᠭᠰᠡᠨ ᠰᠠᠭᠤᠷᠢᠨ ᠳᠡᠭᠡᠷ᠎ᠡ᠂ ᠣᠯᠠᠨ ᠨᠡᠶᠢᠲᠡ ᠶᠢᠨ ᠰᠠᠨᠠᠯ ᠢ | ᠥᠷᠭᠡᠨ ᠢᠶᠠᠷ ᠬᠤᠷᠢᠶᠠᠬᠤ ᠪᠠᠷ ᠳᠠᠮᠵᠢᠭᠤᠯᠤᠨ᠂ 50 ᠰᠠᠭᠤᠷᠢ ᠲᠠᠷᠠᠬᠠᠶ ᠪᠠᠶᠢᠷᠢᠰᠢᠭᠰᠠᠨ ᠠᠰᠠᠷ ᠤᠨ ᠰᠠᠭᠤᠭᠠᠯᠢ | ᠠᠷᠠᠳ ᠤᠨ ᠲᠤᠰᠬᠠᠶ ᠪᠦᠬᠦᠢ ᠡᠷᠬᠡ ᠲᠠᠢ ᠬᠡᠰᠡᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ | ᠲᠥᠯᠥᠪᠯᠡᠭᠡ ᠳᠤ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 820 ᠲᠦᠮᠡᠨ ᠲᠥᠭᠦᠷᠢᠭ ᠪᠠᠶᠢᠵᠤ᠂ | ᠣᠶᠢᠷ᠎ᠠ ᠶᠢᠨ ᠬᠤᠭᠤᠴᠠᠭᠠᠨ ᠳᠤ ᠡᠬᠢᠯᠡᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ | ︵ᠳᠥᠷᠪᠡ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠮᠠᠨ ᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠭᠡᠷ ᠪᠠᠶᠢᠰᠢᠩ ᠬᠠᠭᠤᠴᠢᠷᠠᠵᠤ᠂ | ᠲᠠᠯᠠᠪᠠᠢ ᠬᠦᠷᠦᠯᠴᠡᠬᠦ ᠦᠭᠡᠢ᠂ ᠲᠣᠨᠤᠭ ᠲᠥᠬᠦᠭᠡᠷᠦᠮᠵᠢ ᠬᠤᠴᠣᠷᠤᠩᠭᠤᠢ ᠪᠠᠶᠢᠵᠤ᠂ ᠬᠤᠯᠤᠭᠠᠨ᠎ᠠ ᠶᠢᠨ ᠬᠢᠵᠢᠭ ᠪᠠ | ᠰᠢᠨ᠎ᠡ ᠳᠢᠳᠢᠮᠯᠢᠭ ᠠᠭᠤᠰᠬᠢᠨ ᠦᠷᠪᠢᠰᠦᠯ ᠵᠡᠷᠭᠡ ᠬᠢᠵᠢᠭ ᠤᠨ ᠡᠮᠦᠨ᠎ᠡ᠂ ᠮᠠᠨ ᠤ ᠬᠤᠲᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠪᠠᠶᠢᠴᠠᠭᠠᠨ ᠰᠢᠯᠭᠠᠬᠤ ᠬᠢᠷᠢ ᠲᠦᠪᠰᠢᠨ ᠤ ᠲᠠᠯ᠎ᠠ ᠪᠠᠷ ᠬᠢ ᠳᠤᠲᠠᠭᠤᠳᠠᠯ ᠨᠢ ᠳᠣᠪᠤᠶᠢᠮ᠎ᠠ | ᠢᠯᠡᠷᠡᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠦᠨᠳᠦ ᠶᠡᠭᠡ ᠵᠢᠴᠢ ᠰᠢᠨ᠎ᠡ ᠪᠠᠷ ᠡᠭᠦᠰᠬᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠠᠴᠠ ᠬᠤᠲᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠶᠡᠷᠦᠩᠬᠡᠶᠢᠯᠡᠭᠰᠡᠨ ᠠᠰᠠᠷ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠪᠠᠷ ᠲᠥᠯᠥᠪᠯᠡᠵᠦ ᠪᠠᠶᠢᠨ᠎ᠠ᠃ | ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 2840 ᠲᠦᠮᠡᠨ ᠲᠥᠭᠦᠷᠢᠭ ᠪᠠᠶᠢᠵᠤ᠂ ᠠᠪᠠᠭ᠎ᠠ | ᠵᠡᠭᠡᠯᠢ ᠶᠢᠨ ᠳᠣᠯᠣᠨ ᠨᠤᠤᠷ ᠵᠠᠮ ᠤᠨ ᠵᠡᠭᠦᠨ ᠲᠠᠯ᠎ᠠ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠶ ᠨᠢ 7345 ᠲᠡᠭᠰᠢ | ᠳᠥᠷᠪᠡᠯᠵᠢᠨ ᠮᠧᠲᠷ ᠪᠠᠶᠢᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠯᠲᠠ ᠬᠢᠬᠦ᠂ ᠠᠯᠪᠠᠯᠠᠬᠤ᠂ ᠡᠳ᠋ ᠪᠣᠳᠠᠰ | ᠨᠦᠭᠡᠴᠡᠯᠡᠬᠦ ᠵᠡᠷᠭᠡ ᠬᠡᠷ ᠪᠠᠶᠢᠰᠢᠩ ᠪᠠᠭᠲᠠᠨ᠎ᠠ᠃ 2017 ᠣᠨ ᠤ 5 ᠰᠠᠷ᠎ᠠ ᠳᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠢ ᠨᠢᠭᠡᠨᠲᠡ ᠪᠡᠶᠡᠯᠡᠭᠦᠯᠪᠡ᠃ ᠡᠨᠡ | ᠵᠢᠯ 1817 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠭᠡᠷ ᠤᠨ ᠳᠣᠲᠣᠨ᠎ᠠ ᠭᠠᠳᠠᠨᠠᠬᠢ ᠵᠠᠰᠠᠯ ᠴᠢᠮᠡᠭᠯᠡᠯ᠂ | ᠭᠠᠳᠠᠷ ᠰᠦᠯᠵᠢᠶ᠎ᠡ ᠵᠢᠴᠢ ᠬᠦᠷᠢᠶᠡᠨ ᠳᠣᠲᠤᠷᠠᠬᠢ ᠶᠢ ᠳᠡᠪᠢᠰᠬᠦ ᠵᠡᠷᠭᠡ ᠠᠵᠢᠯ ᠢ ᠪᠡᠶᠡᠯᠡᠭᠦᠯᠵᠦ᠂ ᠵᠢᠯ ᠤᠨ ᠳᠣᠲᠣᠷ᠎ᠠ | ᠲᠤᠰᠢᠶᠠᠨ ᠬᠡᠷᠡᠭᠯᠡᠭᠦᠯᠬᠦ ᠪᠠᠷ ᠲᠥᠯᠥᠪᠯᠡᠵᠦ ᠪᠣᠶ᠃ | ︵ᠲᠠᠪᠤ︶ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠬᠤ ᠪᠠᠷᠢᠯᠭ᠎ᠠ ᠶᠢᠨ ᠲᠥᠷᠥᠯ ᠵᠦᠢᠯ | ᠬᠤᠲᠠ ᠶᠢᠨ ᠲᠣᠭᠤᠷᠢᠭ ᠤᠨ ᠬᠡᠰᠡᠭ ᠵᠠᠮ ᠨᠢ ᠤᠳᠠᠭᠠᠨ ᠵᠢᠯ ᠰᠠᠯᠪᠢᠨ ᠵᠠᠰᠠᠭᠰᠠᠨ ᠦᠭᠡᠢ᠂ ᠬᠦᠨᠳᠦ ᠬᠡᠯᠪᠡᠷᠢ ᠶᠢᠨ | ᠲᠡᠷᠭᠡ ᠶᠠᠪᠤᠬᠤ ᠵᠡᠷᠭᠡ ᠰᠢᠯᠲᠠᠭᠠᠨ ᠠᠴᠠ ᠪᠣᠯᠵᠤ᠂ ᠵᠠᠮ ᠤᠨ ᠭᠠᠳᠠᠷᠭᠤ ᠡᠩᠬᠦᠯ ᠲᠤᠩᠬᠤᠯ ᠪᠣᠯᠵᠤ᠂ ᠠᠩ ᠴᠠᠪᠠ | ᠭᠠᠷᠤᠨ᠂ ᠲᠡᠷᠭᠡ ᠤᠨᠤᠭ᠎ᠠ ᠨᠡᠪᠲᠡᠷᠡᠬᠦ ᠳᠤ ᠳᠥᠭᠦᠮ ᠦᠭᠡᠢ ᠪᠣᠯᠣᠭᠰᠠᠨ ᠮᠦᠷᠲᠡᠭᠡᠨ ᠬᠤᠲᠠ ᠶᠢᠨ ᠳᠦᠷᠢ | ᠳᠥᠷᠬᠦ ᠶᠢ ᠴᠦ ᠨᠥᠯᠥᠭᠡᠯᠡᠵᠡᠶ᠃ ᠬᠤᠲᠠ ᠶᠢᠨ ᠵᠠᠮ ᠨᠡᠪᠲᠡᠷᠡᠯᠭᠡ ᠶᠢᠨ ᠨᠥᠬᠦᠴᠡᠯ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠬᠤᠲᠠ ᠶᠢᠨ ᠳᠦᠷᠢ ᠳᠥᠷᠬᠦ ᠶᠢ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ ᠵᠠᠰᠠᠭ ᠤᠨ | ᠣᠷᠳᠣᠨ ᠠᠴᠠ 330 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠲᠠ ᠶᠢᠨ | ᠲᠣᠭᠤᠷᠢᠭ ᠲᠠᠬᠢ ᠡᠯ᠎ᠡ ᠵᠡᠭᠡᠯᠢ ᠭᠤᠳᠤᠮᠵᠢ ᠶᠢᠨ ᠡᠩᠬᠦᠯ ᠲᠤᠩᠬᠤᠯ ᠡᠪᠲᠡᠷᠡᠵᠦ ᠰᠦᠢᠳᠦᠭᠰᠡᠨ ᠵᠠᠮ ᠢ ᠵᠠᠰᠠᠨ | ᠰᠡᠯᠪᠢᠵᠦ᠂ 1.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠵᠠᠰᠠᠨ ᠰᠡᠯᠪᠢᠬᠦ ᠪᠠᠷ ᠲᠥᠯᠥᠪᠯᠡᠵᠦ ᠪᠠᠶᠢᠨ᠎ᠠ᠃ | | ︵ᠵᠢᠷᠭᠤᠭ᠎ᠠ︶ ᠵᠠᠮ ᠤᠨ ᠳ᠋ᠧᠩ ᠤᠭᠰᠠᠷᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠪᠠᠷᠢᠯᠭ᠎ᠠ ᠶᠢᠨ ᠲᠥᠷᠥᠯ ᠵᠦᠢᠯ | ᠵᠢᠵᠢᠭ ᠭᠤᠳᠤᠮᠵᠢ ᠨᠢ ᠬᠤᠲᠠ ᠶᠢᠨ ︽ᠬᠢᠯᠭᠠᠰᠤᠨ ᠰᠤᠳᠠᠯ︾ ᠪᠣᠯᠤᠭᠰᠠᠨ ᠤ ᠬᠤᠪᠢ ᠳᠤ᠂ ᠵᠠᠮ ᠤᠨ | ᠭᠡᠷᠡᠯᠲᠦᠭᠦᠯᠭᠡ ᠶᠢᠨ ᠲᠥᠬᠦᠭᠡᠷᠦᠮᠵᠢ ᠶᠢᠨ ᠰᠠᠶᠢᠨ ᠮᠠᠭᠤ ᠨᠢ ᠣᠯᠠᠨ ᠲᠦᠮᠡᠨ ᠤ ᠶᠠᠪᠤᠵᠤ ᠰᠠᠭᠤᠬᠤ ᠲᠠᠢ ᠰᠢᠭᠤᠳ | ᠬᠤᠯᠪᠣᠭᠳᠠᠵᠤ ᠪᠠᠶᠢᠳᠠᠭ ᠪᠥᠭᠡᠳ ᠬᠤᠲᠠ ᠶᠢᠨ ᠳᠦᠷᠢ ᠲᠥᠷᠬᠦ ᠲᠠᠢ ᠴᠦ ᠬᠤᠯᠪᠣᠭᠳᠠᠵᠤ ᠪᠠᠶᠢᠳᠠᠭ᠃ ᠬᠤᠲᠠ ᠶᠢᠨ | ᠬᠡᠪᠴᠢᠶ᠎ᠡ ᠲᠠᠰᠤᠷᠠᠯᠲᠠ ᠦᠭᠡᠢ ᠥᠷᠭᠡᠳᠬᠦ ᠪᠠ ᠨᠠᠷᠢᠯᠢᠭᠵᠢᠭᠤᠯᠤᠨ ᠬᠠᠮᠢᠶᠠᠷᠬᠤ ᠬᠢᠷᠢ ᠬᠡᠮᠵᠢᠶ᠎ᠡ ᠠᠯᠬᠤᠮ | ᠠᠯᠬᠤᠮ ᠢᠶᠠᠷ ᠳᠡᠭᠡᠭᠰᠢᠯᠡᠬᠦ ᠶᠢ ᠳᠠᠭᠠᠯᠳᠤᠨ᠂ ᠵᠢᠵᠢᠭ ᠭᠤᠳᠤᠮᠵᠢ ᠶᠢᠨ ᠭᠡᠷᠡᠯᠲᠦᠭᠦᠯᠬᠦ ᠲᠥᠬᠦᠭᠡᠷᠦᠮᠵᠢ ᠳᠤᠲᠠᠭᠳᠠᠬᠤ᠂ | ᠡᠪᠳᠡᠭᠳᠡᠬᠦ ᠵᠡᠷᠭᠡ ᠠᠰᠠᠭᠤᠳᠠᠯ ᠨᠢ ᠥᠷᠭᠡᠨ ᠣᠯᠠᠨ ᠬᠤᠲᠠ ᠶᠢᠨ ᠠᠷᠠᠳ ᠤᠨ ᠬᠠᠯᠠᠮᠵᠢᠯᠠᠨ ᠠᠩᠬᠠᠷᠬᠤ ᠴᠢᠭ ᠪᠣᠯᠵᠠᠶ | ᠃ ᠡᠨᠡ ᠵᠢᠯ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠲᠣᠭᠤᠷᠢᠭ ᠤᠨ ᠴᠦᠩᠴᠢᠩ ᠵᠠᠮ ᠤᠨ ᠬᠤᠶᠢᠲᠤ | ᠬᠡᠰᠡᠭ᠂ ᠬᠠᠨ ᠲᠢᠩ ᠪᠠᠭᠤᠳᠠᠯ ᠤᠨ ᠪᠠᠷᠠᠭᠤᠨ ᠭᠤᠳᠤᠮᠵᠢ᠂ ᠺᠠᠩ ᠱᠧᠩ ᠵᠢᠢ ᠶᠧ ᠶᠢᠨ ᠬᠤᠭᠤᠷᠣᠨᠳᠣᠬᠢ ᠵᠠᠮ᠂ | ᠬᠤᠩ ᠰᠢᠩ ᠮᠧᠶ ᠺᠠᠶ ᠯᠦᠩ ᠤᠨ ᠵᠡᠭᠦᠨ ᠭᠤᠳᠤᠮᠵᠢ᠂ ᠳ᠋ᠠ ᠶᠧ ᠶᠢᠨ ᠾᠧ ᠸᠠᠨ ᠲᠣᠭᠤᠷᠢᠭ ᠤᠨ ᠬᠤᠭᠤᠷᠣᠨᠳᠣᠬᠢ | ᠵᠠᠮ᠂ ᠮᠣᠩᠭᠤᠯ ᠪᠠᠭᠤᠳᠠᠯ ᠤᠨ ᠬᠤᠭᠤᠷᠣᠨᠳᠣᠬᠢ ᠵᠠᠮ ᠵᠡᠷᠭᠡ ᠵᠡᠭᠡᠯᠢ ᠭᠤᠳᠤᠮᠵᠢ ᠳᠤ ᠵᠠᠮ ᠤᠨ ᠳ᠋ᠧᠩ ᠤᠭᠰᠠᠷᠠᠬᠤ᠂ | ᠥᠭᠡᠷᠡᠴᠢᠯᠡᠬᠦ᠂ ᠰᠡᠯᠪᠢᠨ ᠵᠠᠰᠠᠬᠤ ᠢᠨᠵᠧᠨᠧᠷᠢᠩ ᠢ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠬᠦ ᠲᠥᠷᠥᠯ ᠵᠦᠢᠯ ᠳᠤ ᠣᠷᠣᠭᠤᠯᠵᠤ᠂ 150 ᠲᠦᠮᠡᠨ ᠲᠥᠭᠦᠷᠢᠭ ᠤᠨ ᠪᠡᠯᠡ ᠣᠷᠣᠭᠤᠯᠵᠤ᠂ 100 | ᠭᠠᠷᠣᠢ ᠵᠠᠮ ᠤᠨ ᠳ᠋ᠧᠩ᠂ 160 ᠵᠢᠵᠢᠭ ᠭᠤᠳᠤᠮᠵᠢ ᠶᠢᠨ ᠳ᠋ᠧᠩ ᠤᠭᠰᠠᠷᠠᠬᠤ ᠪᠠᠷ ᠲᠥᠯᠥᠪᠯᠡᠵᠦ ᠪᠠᠶᠢᠨ᠎ᠠ᠃ | ︵ᠳᠣᠯᠤᠭ᠎ᠠ︶ ᠰᠢᠯᠢ ᠶᠢᠨ ᠬᠤᠲᠠ ᠶᠢᠨ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ | ᠣᠶᠢᠷ᠎ᠠ ᠶᠢᠨ ᠵᠢᠯ ᠳᠤ᠂ ᠮᠠᠨ ᠤ ᠬᠤᠲᠠ ᠬᠤᠶᠠᠷ ᠡᠭᠡᠯᠵᠢ ᠶᠢᠨ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠵᠠᠯᠭᠠᠭ᠎ᠠ ᠪᠠᠷ ᠬᠡᠷᠡᠭᠵᠢᠭᠦᠯᠵᠦ᠂ ᠠᠯᠪᠠᠨ ᠠᠴᠠ | ᠡᠷᠬᠢᠯᠡᠭᠰᠡᠨ ᠣᠯᠠᠨ ᠬᠡᠦᠬᠡᠳ ᠤᠨ ᠴᠡᠴᠡᠷᠯᠢᠭ ᠠᠰᠢᠭᠯᠠᠯᠲᠠ ᠳᠤ ᠣᠷᠣᠵᠤ᠂ ᠠᠯᠪᠠᠨ ᠠᠴᠠ ᠡᠷᠬᠢᠯᠡᠭᠰᠡᠨ ᠡᠬᠢ | ᠪᠠᠶᠠᠯᠢᠭ ᠢᠯᠡᠳᠲᠡ ᠨᠡᠮᠡᠭᠳᠡᠭᠰᠡᠨ ᠪᠣᠯᠪᠠᠴᠤ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠰᠤᠷᠭᠠᠭᠤᠯᠢ ᠳᠤ | ᠣᠷᠣᠬᠤ ᠬᠡᠷᠡᠭᠴᠡᠭᠡ ᠶᠢ ᠮᠦᠨ ᠬᠠᠩᠭᠠᠵᠤ ᠳᠡᠶᠢᠯᠬᠦ ᠦᠭᠡᠢ ᠪᠠᠶᠢᠵᠤ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ | ᠳᠣᠪᠤᠶᠢᠮ᠎ᠠ ᠪᠠᠶᠢᠨ᠎ᠠ᠃ ᠬᠤᠲᠠ ᠶᠢᠨ ᠵᠠᠰᠠᠭ ᠤᠨ ᠣᠷᠳᠣᠨ ᠠᠴᠠ ᠰᠢᠯᠢ ᠶᠢᠨ ᠬᠤᠲᠠ ᠶᠢᠨ ᠬᠡᠦᠬᠡᠳ ᠤᠨ | ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠪᠠᠷ ᠲᠣᠭᠲᠠᠪᠠ᠃ | ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3547 ᠲᠦᠮᠡᠨ ᠲᠥᠭᠦᠷᠢᠭ ᠪᠠᠶᠢᠵᠤ᠂ | ᠡᠵᠡᠯᠡᠬᠦ ᠲᠠᠯᠠᠪᠠᠶ ᠨᠢ ᠪᠠᠷᠤᠭ 1.6 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 8244 | ᠲᠡᠭᠰᠢ ᠳᠥᠷᠪᠡᠯᠵᠢᠨ ᠮᠧᠲᠷ ᠪᠣᠯᠤᠨ᠎ᠠ᠃ 2017 ᠣᠨ ᠤ 4 ᠰᠠᠷ᠎ᠠ ᠳᠤ ᠲᠥᠷᠥᠯ ᠵᠦᠢᠯ ᠢ ᠡᠬᠢᠯᠡᠨ ᠪᠠᠶᠢᠭᠤᠯᠵᠤ᠂ | ᠭᠤᠤᠯ ᠴᠣᠭᠴᠠ ᠵᠢᠴᠢ ᠬᠡᠰᠡᠭ ᠳᠠᠭᠠᠯᠲᠠ ᠢᠨᠵᠧᠨᠧᠷᠢᠩ ᠢ ᠨᠢᠭᠡᠨᠲᠡ ᠪᠡᠶᠡᠯᠡᠭᠦᠯᠪᠡ᠂ ᠡᠨᠡ ᠵᠢᠯ 1345 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠭᠡᠷ ᠤᠨ ᠳᠣᠳᠤᠷᠠᠬᠢ ᠵᠠᠰᠠᠯ ᠴᠢᠮᠡᠭᠯᠡᠯ᠂ ᠭᠠᠳᠠᠷ ᠰᠦᠯᠵᠢᠶ᠎ᠡ ᠵᠢᠴᠢ | ᠬᠦᠷᠢᠶᠡᠨ ᠤ ᠳᠣᠲᠤᠷᠠᠬᠢ ᠶᠢ ᠳᠡᠪᠢᠰᠬᠦ ᠵᠡᠷᠭᠡ ᠢᠨᠵᠧᠨᠧᠷᠢᠩ ᠢ ᠪᠡᠶᠡᠯᠡᠭᠦᠯᠵᠦ᠂ ᠵᠢᠯ ᠤᠨ ᠳᠣᠲᠣᠷ᠎ᠠ ᠲᠤᠰᠢᠶᠠᠨ | ᠬᠡᠷᠡᠭᠯᠡᠭᠦᠯᠬᠦ ᠪᠠᠷ ᠲᠥᠯᠥᠪᠯᠡᠵᠦ ᠪᠣᠶ᠃ | ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ ᠪᠤᠯ ᠵᠠᠰᠠᠭ ᠤᠨ ᠠᠵᠢᠯ ᠤᠨ ᠡᠬᠦᠷᠭᠡ ᠬᠠᠷᠠᠯᠲᠠ | ᠮᠦᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ | ᠮᠥᠨ᠃ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠰ | ᠤᠳᠠᠭᠠᠨ ᠤ ᠶᠡᠭᠡ ᠬᠤᠷᠠᠯ ᠠᠴᠠ ᠪᠢᠯᠧᠲ ᠥᠭᠴᠦ ᠲᠣᠭᠲᠠᠭᠠᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ | ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ | ᠪᠠᠷᠢᠮᠵᠢᠶ᠎ᠠ᠂ ᠴᠢᠨᠠᠷ ᠰᠠᠶᠢᠲᠠᠢ ᠪᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠥᠬᠦ ᠬᠤᠲᠠ ᠶᠢᠨ | ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ |