ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠬᠤᠲᠠ ᠶᠢᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠲᠡᠭᠡᠷᠡᠬᠢ ᠶᠠᠷᠢᠶ᠎ᠠ | ︵2020 ᠣᠨ ᠤ 5 ᠰᠠᠷ᠎ᠠ ᠶᠢᠨ 14 ᠤ ᠡᠳᠦᠷ︶ | ᠵᠠᠩ ᠶᠢᠨ ᠮᠢᠩ | ᠭᠡᠰᠢᠭᠦᠳ ᠡ᠂ ᠨᠥᠬᠦᠳ ᠡ᠄ | ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠪᠦᠬᠦ | ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠥᠪᠯᠡᠬᠦ | ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠤᠳᠠᠯ ᠦᠭᠡᠢ ᠢᠯᠠᠯᠲᠠ ᠲᠠᠢ ᠪᠠᠷ ᠥᠨᠳᠦᠷᠯᠡᠬᠦ ᠪᠣᠯᠣᠯ᠎ᠠ᠃ | ᠬᠤᠷᠠᠯᠳᠤᠭᠠᠨ ᠤ ᠬᠤᠭᠤᠴᠠᠭᠠᠨ ᠳᠤ᠂ ᠭᠡᠰᠢᠭᠦᠳ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠷ ᠥᠷᠭᠡᠨ ᠢᠶᠠᠷ ᠵᠥᠪᠳᠡᠯᠴᠡᠨ ᠶᠠᠷᠢᠯᠴᠠᠵᠤ᠂ | ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠲᠡᠪᠰᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠥᠨᠳᠥᠷ ᠬᠢᠷᠢ ᠲᠦᠪᠰᠢᠨ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ | ᠢᠯᠡᠷᠡᠭᠦᠯᠵᠡᠶ᠃ ᠡᠨᠡ ᠤᠳᠠᠭ᠎ᠠ ᠶᠢᠨ ᠬᠤᠷᠠᠯ ᠪᠣᠯ ᠲᠤᠭ ᠢᠶᠠᠨ ᠥᠨᠳᠥᠷ ᠮᠠᠨᠳᠤᠭᠤᠯᠵᠤ᠂ ᠴᠢᠭᠯᠡᠯ ᠢᠶᠠᠨ ᠡᠷᠡᠰ | ᠪᠠᠷᠢᠮᠳᠠᠯᠠᠭᠰᠠᠨ ᠨᠢᠭᠡ ᠣᠳᠠᠭᠠᠨ ᠤ ᠶᠡᠭᠡ ᠬᠤᠷᠠᠯ ᠮᠥᠨ᠂ ᠠᠷᠠᠳᠴᠢᠯᠠᠯ ᠢ ᠪᠠᠳᠠᠷᠠᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠭᠰᠠᠨ ᠶᠡᠭᠡ ᠬᠤᠷᠠᠯ ᠮᠥᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ | ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠶᠡᠭᠡ ᠬᠤᠷᠠᠯ ᠮᠥᠨ᠃ ᠠᠳᠡ ᠪᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠢᠯᠢ ᠶᠢᠨ ᠬᠤᠲᠠ ᠶᠢᠨ ᠬᠤᠷᠢᠶᠠᠨ ᠤ ᠡᠮᠦᠨ᠎ᠡ ᠠᠴᠠ ᠬᠤᠷᠠᠯ ᠤᠨ ᠲᠡᠭᠦᠰ ᠠᠮᠵᠢᠯᠲᠠ | ᠣᠯᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠪᠠ | ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠶ᠎ᠡ︕ | 2019 ᠣᠨ ᠪᠣᠯ ᠨᠠᠮ ᠪᠠ ᠤᠯᠤᠰ ᠤᠨ ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠮᠥᠨ᠂ | ᠪᠠᠰᠠ ᠴᠤ ᠰᠢᠯᠢ ᠶᠢᠨ ᠬᠤᠲᠠ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠵᠢᠯ ᠮᠥᠨ᠃ ᠨᠢᠭᠡ ᠵᠢᠯ ᠤᠨ ᠲᠤᠷᠰᠢ᠂ | ᠬᠦᠨᠳᠦ ᠬᠡᠴᠡᠭᠦᠤ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠪᠥᠬᠦ ᠬᠤᠲᠠ ᠳᠠᠶᠠᠭᠠᠷ ᠰᠢ ᠶᠢᠨ ᠫᠢᠩ ᠤᠨ | ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠣᠣᠱᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ | ᠲᠣᠣᠱᠯᠠᠭᠤᠯᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ | ᠬᠦᠴᠦᠯᠡᠵᠦ᠂ ᠶᠡᠭᠡ ᠬᠡᠮᠵᠢᠶᠡᠨ ᠤ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠠᠵᠢᠯ ᠢ ᠬᠢᠵᠦ᠂ ᠴᠢᠨᠠᠷ | ᠰᠠᠶᠢᠲᠠᠢ ᠬᠥᠭᠵᠢᠯᠲᠡ ᠳᠤ ᠨᠥᠭᠡᠴᠡ ᠬᠦᠴᠦᠨ ᠬᠤᠷᠠᠮᠳᠤᠭᠤᠯᠪᠠ︔ ︽ᠠᠮᠢ ᠠᠬᠤᠶ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ | ᠰᠦᠪᠡᠭᠴᠢᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠣ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠪᠠ︔ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠯᠲᠠ ᠪᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠵᠠᠷᠢᠮ ᠲᠤᠪᠤᠶᠢᠮ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠪᠡ︔ ᠠᠷᠠᠳ ᠤᠨ ᠠᠮᠢᠳᠤᠷᠠᠯ ᠳᠤ | ᠦᠷᠭᠦᠯᠵᠢᠯᠡᠨ ᠲᠠᠰᠤᠷᠠᠯᠲᠠ ᠥᠬᠡᠶ ᠠᠰᠢᠭ ᠬᠦᠷᠲᠡᠭᠡᠵᠦ᠂ ᠠᠷᠠᠳ ᠲᠦᠮᠡᠨ ᠢᠶᠠᠷ ᠭᠤᠤᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠡᠯ᠎ᠡ ᠵᠦᠢᠯ ᠤᠨ ᠨᠡᠶᠢᠭᠡᠮ ᠤᠨ | ᠦᠢᠯᠡᠰ ᠲᠦᠷᠭᠡᠨ ᠲᠠᠪᠰᠢᠵᠣ᠂ ︽ᠵᠢᠷᠭᠤᠭᠠᠨ ᠬᠤᠲᠠ ᠶᠢ ᠬᠤᠯᠪᠣᠭᠠᠯᠠᠨ ᠡᠭᠦᠳᠬᠦ︾ ᠠᠵᠢᠯ ᠱᠠᠲᠤᠴᠢ ᠴᠢᠨᠠᠷᠲᠠᠶ | ᠦᠷ᠎ᠡ ᠪᠦᠲᠦᠮᠵᠢ ᠣᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠡᠷᠬᠡᠢ | ᠦᠷ᠎ᠡ ᠪᠦᠲᠦᠭᠡᠯ ᠣᠯᠵᠣ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ ᠦᠷᠭᠦᠯᠵᠢᠯᠡᠨ ᠳᠡᠭᠡᠭᠰᠢᠯᠡᠪᠡ᠃ ᠡᠲᠡᠭᠡᠷ ᠠᠮᠵᠢᠯᠲᠠ ᠪᠦᠲᠦᠮᠵᠢ ᠪᠣᠯ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠥᠬᠦ ᠬᠤᠲᠠ ᠪᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ | ᠨᠢᠭᠡᠳᠬᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ ᠪᠥᠭᠡᠳ ᠪᠠᠰᠠ ᠤᠯᠤᠰ ᠲᠥᠷᠥ ᠶᠢᠨ ᠵᠥᠪᠯᠡᠯᠭᠡᠨ ᠤ | ᠪᠠᠶᠢᠭᠤᠯᠭ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠢᠷᠭᠠᠭᠤ ᠬᠥᠳᠡᠯᠮᠦᠷᠢ ᠠᠭᠤᠯᠤᠭᠳᠠᠵᠤ | ᠪᠠᠶᠢᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠵᠥᠪ ᠣᠨᠣᠪᠴᠢᠲᠠᠢ ᠤᠯᠤᠰ | ᠲᠥᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ | ᠰᠡᠳᠦᠪ ᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠮᠠᠯ ᠠᠵᠤ | ᠠᠬᠤᠢ ᠶᠢᠨ ᠬᠥᠭᠵᠢᠯᠲᠡ᠂ ᠨᠡᠶᠢᠲᠡ ᠶᠢᠨ ᠪᠤᠰᠤ ᠥᠮᠴᠢᠯᠡᠯᠳᠦ ᠠᠵᠤ ᠠᠬᠤᠢ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠰᠣᠶᠣᠯ ᠰᠤᠷᠭᠠᠨ ᠬᠥᠮᠦᠵᠢᠯ᠂ ᠨᠡᠶᠢᠭᠡᠮ ᠤᠨ ᠠᠵᠢᠯ ᠦᠢᠯᠡᠰ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ | ᠲᠥᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠲᠤ ᠣᠷᠣᠯᠴᠠᠨ ᠵᠠᠰᠠᠭ ᠤᠨ | ᠶᠠᠪᠣᠳᠠᠯ ᠢ ᠵᠥᠪᠯᠡᠬᠦ ᠡᠭᠦᠷᠭᠡ ᠴᠢᠳᠠᠪᠬᠢ ᠪᠠᠨ ᠢᠳᠡᠪᠬᠢᠲᠡᠢ ᠭᠦᠢᠴᠡᠳᠬᠡᠵᠦ᠂ ᠦᠨᠳᠦᠷ ᠬᠡᠮᠵᠢᠶᠡᠨ ᠤ ᠭᠦᠨᠵᠡᠭᠡᠢ | ᠰᠠᠨᠠᠭᠤᠯᠭ᠎ᠠ ᠶᠢ ᠮᠠᠰᠢ ᠣᠯᠠᠨ ᠳᠤᠷᠠᠳᠴᠤ᠂ ᠣᠯᠠᠨ ᠲᠦᠮᠡᠨ ᠰᠡᠳᠬᠢᠯ ᠬᠠᠨᠤᠮᠵᠢᠲᠠᠶ ᠪᠣᠳᠠᠲᠤ ᠶᠠᠪᠤᠳᠠᠯ᠂ ᠰᠠᠶᠢᠨ | ᠶᠠᠪᠤᠳᠠᠯ ᠢ ᠲᠣᠩ ᠣᠯᠠᠨ ᠰᠢᠢᠳᠪᠦᠷᠢᠯᠡᠵᠦ᠂ ᠠᠷᠠᠳᠴᠢᠯᠠᠯ ᠢᠶᠠᠷ ᠵᠥᠪᠳᠡᠯᠴᠡᠬᠦ ᠠᠵᠢᠯ ᠦᠷᠨᠢᠭᠦᠨ ᠶᠠᠪᠤᠭᠳᠠᠵᠤ᠂ | ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠪᠠᠷ ᠬᠢᠴᠢᠶᠡᠨ | ᠬᠦᠴᠦᠯᠡᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ | ᠦᠵᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠪᠠ | ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠠᠳᠡ ᠪᠢ ᠬᠤᠲᠠ ᠶᠢᠨ ᠨᠠᠮ ᠤᠨ ᠬᠤᠷᠢᠶᠠᠨ ᠤ | ᠡᠮᠦᠨ᠎ᠡ ᠠᠴᠠ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ | ᠬᠥᠮᠦᠰ᠂ ᠡᠯ᠎ᠡ ᠠᠷᠠᠳ ᠤᠨ ᠪᠦᠯᠬᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠦᠮᠦᠰ ᠲᠤ ᠴᠢᠩ | ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠵᠢᠴᠢ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠪᠠᠰᠠ ᠴᠤ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠢᠳᠪᠦᠷᠢᠲᠦ ᠬᠤᠭᠤᠴᠠᠭ᠎ᠠ ᠮᠥᠨ᠂ ᠪᠣᠭᠤᠮᠲᠠ ᠰᠢᠪᠲᠤᠯᠬᠤ | ᠬᠤᠭᠤᠴᠠᠭ᠎ᠠ ᠮᠥᠨ᠃ ᠡᠨᠡ ᠵᠢᠯ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠠᠵᠤ ᠠᠬᠤᠶ ᠶᠢᠨ ᠬᠥᠭᠵᠢᠯᠲᠡ ᠶᠢᠨ | ᠡᠭᠦᠷᠭᠡ ᠨᠡᠩ ᠪᠡᠷᠬᠡ ᠬᠠᠲᠠᠭᠤᠵᠢᠯᠲᠠᠢ ᠨᠦᠰᠡᠷ ᠬᠦᠨᠳᠦ ᠪᠠᠶᠢᠨ᠎ᠠ᠂ ᠬᠢᠵᠢᠭ ᠤᠨ ᠪᠠᠶᠢᠳᠠᠯ ᠠᠴᠠ ᠪᠣᠯᠣᠭᠰᠠᠨ | ᠨᠥᠯᠥᠭᠡ ᠶᠢ ᠡᠷᠡᠰ ᠲᠡᠪᠴᠢᠵᠦ᠂ ᠵᠢᠯ ᠤᠨ ᠡᠬᠢᠨ ᠳᠤ ᠨᠢᠭᠡᠨᠲᠡ ᠲᠣᠭᠲᠠᠭᠠᠭᠰᠠᠨ ᠠᠵᠢᠯ ᠤᠨ ᠬᠠᠷᠠᠯᠲᠠ ᠶᠢ | ᠪᠡᠶᠡᠯᠡᠭᠦᠯᠬᠦ ᠳᠤ ᠤᠯᠠᠨ ᠢᠶᠠᠷ ᠢᠶᠠᠨ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠶᠢᠳᠣᠷ ᠠᠳᠬᠤᠨ ᠪᠣᠳᠠᠲᠠᠶ | ᠠᠵᠢᠯᠯᠠᠵᠤ᠂ ᠬᠠᠮᠤᠭ ᠤᠨ ᠶᠡᠭᠡ ︽ᠢᠵᠢᠯ ᠲᠥᠪᠲᠦ ᠲᠣᠭᠤᠷᠢᠭ︾ ᠢ ᠴᠢᠷᠮᠠᠶᠢᠨ ᠵᠢᠷᠤᠵᠤ᠂ ᠬᠠᠮᠤᠭ ᠤᠨ ᠶᠡᠭᠡ ︽ | ᠶᠡᠷᠦᠩᠬᠡᠶ ᠬᠤᠷᠢᠶᠠᠭᠴᠢ ᠲᠤᠭ᠎ᠠ︾ ᠶᠢ ᠪᠦᠷᠢᠯᠳᠦᠭᠦᠯᠬᠦ ᠶᠢ ᠣᠨᠴᠠᠭᠠᠶᠢᠯᠠᠨ ᠱᠠᠭᠠᠷᠳᠠᠵᠤ ᠪᠠᠶᠢᠨ᠎ᠠ᠃ 1 ᠰᠠᠷ᠎ᠠ ᠶᠢᠨ | 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ | ᠪᠥᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ | ᠬᠤᠷᠠᠯᠳᠤᠭᠤᠯᠵᠤ᠂ ᠲᠤᠯᠭᠠᠷᠠᠵᠤ ᠪᠠᠶᠢᠭ᠎ᠠ ᠲᠣᠬᠢᠶᠠᠯ ᠥᠷᠢᠰᠥᠯᠳᠦᠭᠡᠨ ᠳᠤ ᠰᠠᠭᠤᠷᠢᠯᠠᠨ᠂ ᠰᠢᠯᠢ ᠶᠢᠨ ᠬᠤᠲᠠ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠠᠷᠠᠯᠲᠠ ᠡᠭᠦᠷᠭᠡ ᠶᠢ ᠳᠤᠷᠠᠳᠤᠨ ᠭᠠᠷᠭᠠᠵᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠥᠪᠡᠷ ᠲᠤ ᠪᠠᠨ | ᠳᠠᠷᠤᠯᠲᠠ ᠦᠵᠡᠭᠦᠯᠵᠦ᠂ ︽ᠲᠠᠰᠢᠭᠤᠷᠳᠠᠬᠤ ᠠᠴᠠ ᠡᠮᠦᠨ᠎ᠡ ᠬᠦᠴᠦᠯᠡᠨ ᠴᠢᠷᠮᠠᠶᠢᠬᠤ︾ ᠶᠢ ᠤᠷᠢᠶᠠᠯᠠᠨ᠂ | ᠲᠣᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠦᠭᠰᠢᠭᠦᠷᠢᠲᠦ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ ᠲᠣᠣᠱᠯᠠᠭᠤᠯᠵᠣ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ | ᠵᠠᠮᠨᠠᠬᠤ ᠬᠡᠷᠡᠭᠲᠡᠶ ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠦᠯᠬᠦᠮᠳᠡᠵᠦ᠂ ᠰᠡᠳᠬᠢᠯ ᠨᠢᠭᠡᠲᠦᠨ ᠬᠦᠴᠦ ᠪᠠᠨ ᠬᠠᠮᠳᠤᠳᠬᠠᠨ᠂ ᠭᠤᠣᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠬᠤᠳᠠ ᠶᠢᠨ ᠨᠠᠮ ᠤᠨ ᠬᠤᠷᠢᠶᠠᠨ ᠤ ᠭᠤᠣᠯ ᠠᠵᠢᠯ ᠳᠡᠭᠡᠷ᠎ᠡ ᠨᠢᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ | ᠬᠠᠷᠠᠯᠲᠠ ᠲᠠᠢ ᠨᠢᠭᠲᠠ ᠤᠶᠠᠯᠳᠤᠭᠤᠯᠵᠤ᠂ ᠢᠳᠡᠪᠬᠢᠲᠡᠢ ᠪᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠣᠯᠵᠤ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ | ᠰᠢᠯᠢ ᠶᠢᠨ ᠬᠤᠲᠠ ᠶᠢ ᠪᠦᠲᠦᠭᠡᠨ ᠪᠠᠶᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠲᠠᠭᠤᠨ ᠢ ᠰᠣᠨᠣᠰᠬᠠᠵᠣ᠂ | ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠳᠣᠤᠷ᠎ᠠ | ᠪᠢ ᠬᠡᠳᠦᠨ ᠰᠠᠨᠠᠯ ᠢᠶᠠᠨ ᠶᠠᠷᠢᠶ᠎ᠠ᠃ | ᠨᠢᠭᠡᠳᠦᠭᠡᠷ ᠲᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠶ ᠤᠯᠤᠰ ᠲᠥᠷᠥ ᠶᠢᠨ | ᠴᠢᠭᠯᠡᠯ ᠢᠶᠠᠨ ᠪᠠᠲᠤᠳᠬᠠᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠪᠣᠯ ᠪᠦᠬᠦ ᠤᠯᠤᠰ ᠤᠨ ᠠᠷᠠᠳ ᠲᠦᠮᠡᠨ ᠤ | ᠬᠠᠮᠲᠤ ᠶᠢᠨ ᠰᠣᠩᠭᠤᠯᠲᠠ ᠮᠥᠨ᠂ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠬᠤ ᠦᠶ᠎ᠡ ᠶᠢᠨ ᠤᠭ ᠰᠠᠨᠠᠭ᠎ᠠ | ᠮᠥᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠪᠰᠢᠯᠳᠠ ᠶᠢᠨ ᠦᠨᠳᠦᠰᠦᠨ | ᠪᠠᠲᠤᠯᠠᠭ᠎ᠠ ᠮᠥᠨ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠤᠯᠤᠰ ᠲᠦᠷᠦ ᠶᠢᠨ ᠵᠥᠪ ᠴᠢᠭᠯᠡᠯ ᠢ ᠪᠠᠲᠤ | ᠡᠵᠡᠮᠰᠢᠬᠦ ᠬᠡᠷᠡᠭᠲᠡᠶ᠃ ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠬᠡᠷᠡᠭᠲᠡᠢ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ | ᠦᠢᠯᠡ ᠠᠵᠢᠯᠯᠠᠭᠠᠨ ᠤ ᠦᠨᠳᠦᠰᠦᠨ ᠵᠦᠭᠯᠡᠭᠦᠷ ᠪᠣᠯᠭᠠᠵᠤ᠂ ᠲᠡᠭᠦᠨ ᠢ ᠦᠵᠡᠯ ᠰᠠᠨᠠᠭᠠᠨ ᠤ ᠲᠠᠯ᠎ᠠ ᠪᠠᠷ ᠬᠢ ︽ | ᠰᠡᠳᠬᠢᠯ ᠢ ᠠᠮᠤᠷᠵᠢᠭᠤᠯᠤᠭᠴᠢ︾᠂ ᠤᠯᠤᠰ ᠲᠦᠷᠦ ᠶᠢᠨ ᠲᠠᠯ᠎ᠠ ᠪᠠᠷ ᠬᠢ ︽ᠲᠣᠭᠲᠠᠪᠤᠷᠢᠵᠢᠭᠤᠯᠤᠭᠴᠢ︾᠂ ᠦᠢᠯᠡ | ᠠᠵᠢᠯᠯᠠᠭᠠᠨ ᠤ ᠲᠠᠯ᠎ᠠ ᠪᠠᠷ ᠬᠢ ︽ᠪᠠᠶᠢᠷᠢ ᠲᠣᠭᠲᠠᠭᠠᠭᠤᠷ︾ ᠪᠣᠯᠭᠠᠵᠤ᠂ ᠤᠯᠤᠰ ᠲᠦᠷᠦ ᠶᠢᠨ ᠵᠣᠭᠰᠣᠯᠲᠠ ᠶᠢ | ᠢᠮᠠᠭᠲᠠ ᠲᠣᠳᠣᠷᠬᠠᠢ ᠪᠠᠶᠢᠯᠭᠠᠵᠣ᠂ ᠣᠯᠣᠰ ᠲᠥᠷᠦ ᠶᠢᠨ ᠵᠡᠷᠴᠢᠮ ᠢ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠶ᠃ | ᠬᠤᠶᠠᠷ ᠲᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ | ᠣᠨᠣᠪᠴᠢᠲᠠᠢ ᠡᠵᠡᠮᠳᠡᠬᠦ ᠬᠡᠷᠡᠭᠲᠡᠶ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠨᠢᠭᠡᠳᠦᠮᠡᠯ ᠹᠷᠣᠨᠲ ᠤᠨ | ᠵᠣᠬᠢᠶᠠᠨ ᠪᠠᠶᠢᠭᠤᠯᠤᠯᠲᠠ᠂ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ | ᠪᠠᠶᠢᠭᠤᠯᠤᠮᠵᠢ᠂ ᠠᠷᠠᠳ ᠤᠨ ᠠᠷᠠᠳᠴᠢᠯᠠᠯ ᠤᠨ ᠴᠢᠬᠤᠯᠠ ᠪᠡᠶᠡᠯᠡᠭᠦᠯᠬᠦ ᠬᠡᠯᠪᠡᠷᠢ ᠪᠠᠶᠢᠵᠤ᠂ ᠨᠠᠮ ᠤᠨ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠶᠢ ᠠᠬᠢᠭᠤᠯᠤᠭᠰᠠᠨ ᠠᠭᠤᠤ ᠶᠡᠭᠡ ᠦᠷ᠎ᠡ ᠪᠦᠲᠦᠭᠡᠯ ᠪᠠ ᠠᠭᠤᠤ ᠶᠡᠭᠡ | ᠡᠭᠦᠳᠦᠯᠲᠡ ᠮᠥᠨ ᠭᠡᠳᠡᠭ ᠢ ᠭᠦᠨᠵᠡᠭᠡᠶ ᠲᠠᠨᠢᠵᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠤᠬᠠᠮᠰᠠᠷ ᠠᠴᠠ ᠪᠠᠨ ᠨᠠᠮ ᠤᠨ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ ᠲᠦᠷᠢᠮ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠶ᠃ ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠤᠯᠤᠰ | ᠲᠦᠷᠦ ᠶᠢᠨ ᠵᠥᠪᠯᠡᠯᠭᠡᠨ ᠤ ᠪᠦᠬᠦ ᠠᠵᠢᠯ ᠤᠨ ᠳᠤᠮᠳᠠ ᠲᠣᠣᠱᠯᠠᠭᠤᠯᠬᠤ ᠬᠡᠷᠡᠭᠲᠡᠶ᠃ ︽ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ | ᠨᠠᠮ ᠤᠨ ᠠᠵᠢᠯ ᠢ ᠬᠠᠮᠢᠭ᠎ᠠ ᠪᠠᠶᠢᠷᠢᠯᠠᠭᠤᠯᠪᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠢ ᠲᠡᠨᠳᠡ | ᠨᠢᠭᠲᠠᠷᠠᠭᠤᠯᠵᠤ᠂ ᠨᠠᠮ ᠤᠨ ᠡᠭᠦᠷᠭᠡ ᠶᠢ ᠬᠠᠮᠢᠭ᠎ᠠ ᠬᠦᠷᠲᠡᠯ᠎ᠡ ᠳᠥᠯᠭᠢᠨ ᠠᠬᠢᠭᠤᠯᠪᠠᠯ᠂ ᠤᠯᠤᠰ ᠲᠥᠷᠥ ᠶᠢᠨ | ᠵᠥᠪᠯᠡᠯᠭᠡᠨ ᠤ ᠦᠢᠯᠡᠳᠦᠯ ᠢ ᠲᠡᠨᠳᠡ ᠬᠦᠷᠲᠡᠯ᠎ᠡ ᠪᠠᠳᠠᠷᠠᠭᠤᠯᠬᠤ ᠬᠡᠷᠡᠭᠲᠡᠶ᠃ | ᠬᠤᠶᠠᠳᠤᠭᠠᠷ ᠲᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ | ᠬᠦᠴᠦᠷᠬᠡᠭ ᠶᠡᠭᠡ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠭᠥᠭᠵᠢᠯᠲᠡ ᠪᠣᠯ | ᠲᠡᠷᠢᠭᠦᠨ ᠴᠢᠬᠤᠯᠠ ᠡᠭᠦᠷᠭᠡ ᠮᠥᠨ᠂ ᠪᠠᠰᠠ ᠴᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠭᠤᠣᠯᠳᠠᠯᠭ᠎ᠠ ᠲᠠᠢ ᠡᠭᠦᠷᠭᠡ ᠪᠠ ᠬᠦᠴᠦᠲᠡᠶ ᠭᠠᠷᠳᠠᠴᠠ ᠮᠥᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ | ᠨᠢ ᠤᠬᠠᠮᠰᠠᠷ ᠠᠴᠠ ᠪᠠᠨ ᠶᠡᠭᠡ ᠲᠠᠯ᠎ᠠ ᠳᠤ ᠣᠶᠢᠷᠠᠳᠴᠤ᠂ ᠶᠡᠭᠡ ᠲᠠᠯ᠎ᠠ ᠳᠤ ᠦᠢᠯᠡᠴᠢᠯᠡᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ | ᠬᠢᠭᠡᠳ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠶᠢ ᠵᠡᠷᠭᠡ ᠪᠠᠷ ᠬᠥᠭᠵᠢᠭᠦᠯᠦᠨ ᠮᠠᠨᠳᠤᠭᠤᠯᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ᠃ ᠨᠢᠭᠡ ᠳᠤ᠂ ᠤᠯᠤᠰ ᠲᠦᠷᠦ ᠶᠢᠨ ᠵᠥᠪᠯᠡᠯᠭᠡ ᠬᠢᠬᠦ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠵᠢᠯ ᠤᠨ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠡᠭᠡ ᠲᠠᠯ᠎ᠠ ᠳᠤ ᠰᠠᠭᠤᠷᠢᠯᠠᠬᠤ | ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠨ ᠣᠯᠵᠤ᠂ ᠥᠪᠡᠷ ᠢ ᠪᠠᠨ ᠬᠦᠨᠳᠦᠳᠬᠡᠵᠦ᠂ ᠦᠨ᠎ᠡ | ᠦᠷᠲᠡᠭ ᠢᠶᠠᠨ ᠲᠠᠨᠢᠬᠤ ᠪᠠᠷ ᠴᠢᠷᠮᠠᠶᠢᠵᠤ᠂ ᠶᠡᠭᠡ ᠲᠠᠯ᠎ᠠ ᠳᠤ ᠠᠭᠤᠰᠤᠯᠴᠠᠬᠤ ᠳᠤᠮᠳᠠ ᠰᠠᠨᠠᠯ ᠵᠥᠪᠯᠡᠯᠭᠡ ᠳᠤᠷᠠᠳᠤᠨ | ᠵᠠᠰᠠᠭ ᠲᠤ ᠲᠤᠰᠠᠯᠠᠵᠤ᠂ ᠥᠪᠡᠷ ᠤᠨ ᠴᠢᠳᠠᠪᠤᠷᠢ ᠪᠠᠨ ᠪᠠᠳᠠᠷᠠᠭᠤᠯᠵᠤ᠂ ᠦᠨ᠎ᠡ ᠦᠷᠲᠡᠭ ᠢᠶᠠᠨ ᠢᠯᠡᠷᠡᠭᠦᠯᠵᠦ᠂ ᠶᠡᠭᠡ | ᠲᠠᠯ᠎ᠠ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠥᠪᠡᠷ ᠢ ᠪᠠᠨ ᠳᠠᠪᠠᠵᠤ᠂ ᠦᠨ᠎ᠡ | ᠦᠷᠲᠡᠭ ᠢ ᠡᠭᠦᠳᠬᠦ ᠬᠡᠷᠡᠭᠲᠡᠶ︔ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ | ᠲᠣᠣᠱᠯᠠᠭᠤᠯᠵᠣ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠣᠷᠣᠯᠴᠠᠵᠤ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ | ᠬᠡᠷᠡᠭᠲᠡᠢ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ ᠶᠡᠭᠡ | ᠠᠶᠤᠯ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ | ᠬᠢᠵᠦ᠂ ᠢᠳᠡᠪᠬᠢᠲᠡᠢ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠰᠣᠳᠣ ᠮᠡᠷᠭᠡᠨ ᠳᠤᠷᠠᠳᠤᠯᠭ᠎ᠠ ᠶᠢ | ᠢᠯᠡᠭᠦᠬᠡᠨ ᠳᠤᠷᠠᠳᠴᠦ᠂ ᠪᠣᠳᠠᠲᠠᠢ ᠶᠢ ᠡᠷᠬᠢᠮᠯᠡᠬᠦ ᠠᠷᠭ᠎ᠠ ᠪᠤᠳᠤᠯᠭ᠎ᠠ ᠶᠢ ᠢᠯᠡᠭᠦᠬᠡᠨ ᠭᠠᠷᠭᠠᠬᠤ ᠬᠡᠷᠡᠭᠲᠡᠢ︔ ᠤᠯᠤᠰ | ᠲᠦᠷᠦ ᠶᠢᠨ ᠵᠥᠪᠯᠡᠯᠭᠡᠨ ᠤ ᠬᠠᠷᠢᠯᠴᠠᠭ᠎ᠠ ᠥᠷᠭᠡᠨ ᠳᠡᠯᠭᠡᠷ᠂ ᠨᠡᠶᠢᠭᠡᠮ ᠤᠨ ᠬᠠᠷᠢᠴᠠᠭ᠎ᠠ ᠡᠯᠪᠡᠭ ᠪᠠᠶᠠᠯᠢᠭ ᠪᠠᠶᠢᠬᠤ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ | ᠪᠠᠳᠠᠷᠠᠭᠤᠯᠵᠤ᠂ ᠭᠠᠳᠠᠭᠠᠳᠤ ᠯᠤᠭ᠎ᠠ ᠶᠢᠨ ᠨᠥᠬᠦᠷᠯᠡᠯ ᠤᠨ ᠰᠣᠯᠢᠯᠴᠠᠭ᠎ᠠ ᠶᠢ ᠴᠢᠩᠭᠠᠳᠬᠠᠵᠤ᠂ ᠤᠬᠠᠭᠤᠯᠤᠨ | ᠲᠠᠨᠢᠯᠴᠠᠭᠤᠯᠬᠤ ᠶᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠨᠡᠩ ᠤᠯᠠᠨ ᠴᠢᠳᠠᠪᠤᠷᠢᠲᠠᠨ ᠢ ᠲᠠᠲᠠᠵᠤ | ᠰᠢᠯᠢ ᠶᠢᠨ ᠬᠤᠲᠠ ᠳᠤ ᠦᠢᠯᠡᠴᠢᠯᠡᠭᠦᠯᠦᠨ᠂ ᠨᠡᠩ ᠤᠯᠠᠨ ᠲᠦᠷᠦᠯ ᠵᠦᠢᠯ ᠢ ᠰᠢᠯᠢ ᠶᠢᠨ ᠬᠤᠲᠠ ᠳᠤ | ᠰᠠᠭᠤᠷᠢᠰᠢᠭᠤᠯᠵᠣ᠂ ᠨᠡᠩ ᠤᠯᠠᠨ ᠪᠡᠯᠡ ᠮᠥᠩᠭᠦ ᠶᠢ ᠰᠢᠯᠢ ᠶᠢᠨ ᠬᠤᠲᠠ ᠳᠤ ᠣᠷᠤᠭᠤᠯᠵᠤ ᠢᠷᠡᠬᠦ ᠬᠡᠷᠡᠭᠲᠡᠢ᠃ | ᠬᠤᠶᠠᠷ ᠲᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ | ᠴᠢᠩᠭᠠᠳᠬᠠᠬᠤ ᠬᠡᠷᠡᠭᠲᠡᠶ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠦᠲᠦᠮᠵᠢᠲᠡᠶ ᠬᠡᠯᠪᠡᠷᠢ ᠶᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠶᠡᠭᠡ ᠲᠠᠯ᠎ᠠ ᠠᠴᠠ ᠪᠣᠳᠣᠯᠬᠢᠯᠠᠨ᠂ ᠪᠠᠭ᠎ᠠ ᠲᠠᠯ᠎ᠠ ᠠᠴᠠ ᠭᠠᠷᠳᠠᠨ ᠵᠥᠪᠯᠡᠬᠦ ᠰᠡᠳᠦᠪ ᠢ | ᠰᠦᠪᠡᠭᠴᠢᠯᠡᠵᠦ᠂ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠠᠰᠠᠭᠤᠳᠠᠯ ᠢ ᠠᠳᠬᠤᠬᠤ ᠶᠢ ᠪᠠᠷᠢᠮᠲᠠᠯᠠᠵᠤ᠂ ᠨᠠᠮ | ᠵᠠᠰᠠᠭ ᠤᠨ ᠪᠣᠳᠣᠯᠬᠢᠯᠠᠯ᠂ ᠤᠯᠠᠨ ᠲᠦᠮᠡᠨ ᠤ ᠬᠦᠰᠡᠯ᠂ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢ ᠠᠴᠠ | ᠡᠭᠦᠰᠴᠦ᠂ ᠵᠥᠪᠯᠡᠬᠦ ᠰᠡᠳᠦᠪ ᠢ ᠰᠠᠶᠢᠲᠤᠷ ᠰᠣᠩᠭᠤᠵᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠡᠷᠡᠭᠲᠡᠶ︔ | ᠪᠠᠶᠢᠴᠠᠭᠠᠨ ᠰᠤᠳᠤᠯᠬᠤ ᠪᠠᠷ ᠳᠠᠮᠵᠢᠨ ᠠᠰᠠᠭᠤᠳᠠᠯ ᠢ ᠢᠯᠡᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ | ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠣᠳᠠᠲᠤ ᠵᠢᠱᠢᠶ᠎ᠡ᠂ ᠲᠤᠭ᠎ᠠ | ᠪᠠᠷᠢᠮᠲᠠ ᠵᠡᠷᠭᠡ ᠪᠠᠷ ᠲᠤᠯᠭᠠᠭᠤᠷᠢᠯᠠᠭᠤᠯᠤᠨ ᠪᠠᠶᠢᠴᠠᠭᠠᠯᠲᠠ ᠬᠢᠵᠦ ᠬᠢᠨᠠᠯᠲᠠ ᠲᠠᠯᠪᠢᠬᠤ ᠳᠠᠭᠠᠨ ᠴᠢᠳᠠᠮᠠᠭᠠᠶ ᠪᠠᠶᠢᠬᠤ | ᠬᠡᠷᠡᠭᠲᠡᠶ︔ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠯᠤᠰ ᠲᠦᠷᠦ ᠶᠢᠨ ᠵᠥᠪᠯᠡᠯᠭᠡ ᠬᠢᠬᠦ᠂ ᠵᠠᠰᠠᠭ ᠲᠤ ᠣᠷᠣᠯᠴᠠᠨ | ᠵᠠᠰᠠᠭ ᠤᠨ ᠶᠠᠪᠤᠳᠠᠯ ᠢ ᠵᠥᠪᠯᠡᠬᠦ ᠶᠢ ᠭᠦᠢᠴᠡᠳᠬᠡᠬᠦ ᠲᠠᠢ ᠤᠶᠠᠯᠳᠤᠭᠤᠯᠵᠤ᠂ ᠵᠥᠪᠯᠡᠬᠦ ᠬᠤᠷᠠᠯ᠂ ᠪᠠᠶᠢᠴᠠᠭᠠᠨ ᠦᠵᠡᠬᠦ | ᠂ ᠰᠠᠨᠠᠯ ᠵᠥᠪᠯᠡᠯᠭᠡ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠲᠤᠰᠬᠠᠬᠤ ᠵᠡᠷᠭᠡ ᠠᠵᠢᠯᠯᠠᠭ᠎ᠠ ᠲᠠᠢ ᠬᠠᠷᠢᠯᠴᠠᠨ ᠵᠣᠯᠭᠠᠭᠤᠯᠵᠤ᠂ ᠣᠷᠣᠯᠴᠠᠬᠤ ᠳᠤᠮᠳᠠ ᠳᠡᠮᠵᠢᠬᠦ᠂ | ᠳᠡᠮᠵᠢᠬᠦ ᠳᠤᠮᠳᠠ ᠦᠢᠯᠡᠴᠢᠯᠡᠬᠦ᠂ ᠦᠢᠯᠡᠴᠢᠯᠡᠬᠦ ᠳᠤᠮᠳᠠ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠶ᠃ | ᠭᠤᠷᠪᠠ ᠳᠤ᠂ ᠵᠠᠰᠠᠭ ᠲᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠨᠢ ᠭᠡᠰᠢᠭᠦᠳ ᠢᠶᠠᠨ ᠵᠣᠬᠢᠶᠠᠨ ᠪᠠᠶᠢᠭᠤᠯᠵᠤ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ | ᠦᠢᠯᠡᠳᠪᠦᠷᠢᠯᠡᠯ᠂ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠵᠡᠷᠭᠡ ᠬᠦᠷᠢᠶᠡᠨ ᠳᠤ ᠪᠠᠶᠢᠴᠠᠭᠠᠨ | ᠰᠤᠳᠤᠯᠤᠯᠲᠠ ᠥᠷᠨᠢᠭᠦᠯᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠵᠤ᠂ | ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ | ᠬᠠᠩᠭᠠᠬᠤ ᠬᠡᠷᠡᠭᠲᠡᠢ︔ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ | ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ | ᠠᠰᠠᠭᠤᠳᠠᠯ ᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠦᠴᠦᠯᠡᠬᠦ ᠴᠡᠭ ᠪᠣᠯᠭᠠᠵᠤ᠂ ᠠᠷᠠᠳ ᠲᠤ ᠠᠰᠢᠭ | ᠣᠯᠭᠤᠵᠤ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠵᠥᠪ ᠲᠠᠯ᠎ᠠ ᠠᠴᠠ | ᠨᠦᠯᠦᠭᠡᠯᠡᠵᠦ ᠬᠦᠮᠦᠵᠢᠭᠦᠯᠬᠦ᠂ ᠮᠠᠳᠠᠭ ᠲᠠᠢ ᠠᠰᠠᠭᠤᠳᠠᠯ ᠢ ᠠᠷᠢᠯᠭᠠᠬᠤ ᠠᠵᠢᠯ ᠢ ᠢᠯᠡᠭᠦᠬᠡᠨ ᠬᠢᠵᠦ᠂ ᠤᠯᠠᠨ | ᠲᠦᠮᠡᠨ ᠢ ᠬᠠᠪᠰᠤᠷᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ︔ ᠵᠥᠪᠯᠡᠯᠭᠡ | ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠᠷ ᠳᠠᠮᠵᠢᠭᠤᠯᠤᠨ᠂ ᠨᠠᠮ ᠤᠨ | ᠬᠤᠷᠢᠶᠠᠨ ᠤ ᠳᠣᠭᠲᠠᠭᠠᠭᠰᠠᠨ᠂ ᠵᠠᠰᠠᠭ ᠤᠨ ᠣᠷᠳᠣᠨ ᠤ ᠪᠠᠶᠢᠷᠢᠯᠠᠭᠤᠯᠣᠭᠰᠠᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠳᠤ ᠭᠤᠤᠯᠳᠠᠯᠭ᠎ᠠ ᠲᠠᠢ ᠪᠠᠷ ᠬᠢᠨᠠᠯᠲᠠ ᠲᠠᠯᠪᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠶ᠃ | ᠭᠤᠷᠪᠠᠳᠤᠭᠠᠷ ᠲᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠬᠤ ᠪᠣᠯ ᠢᠮᠠᠭᠲᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠠᠭᠤᠷᠢ ᠪᠠᠨ | ᠪᠠᠲᠤᠳᠬᠠᠨ ᠦᠨᠳᠦᠰᠦ ᠪᠠᠨ ᠪᠠᠬᠢᠵᠢᠭᠦᠯᠬᠦ ᠴᠢᠬᠤᠯᠠ ᠠᠵᠢᠯ ᠮᠥᠨ᠂ ᠪᠠᠰᠠ ᠴᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢᠨ ᠴᠢᠬᠤᠯᠠ ᠰᠠᠭᠤᠷᠢ ᠮᠥᠨ᠃ ᠬᠤᠲᠠ ᠶᠢᠨ ᠨᠠᠮ ᠤᠨ | ᠬᠤᠷᠢᠶ᠎ᠠ ᠨᠢ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠨᠠᠮ ᠤᠨ ᠬᠤᠷᠢᠶᠠᠨ ᠤ ᠠᠵᠢᠯ ᠤᠨ ᠪᠦᠬᠦ ᠲᠠᠯ᠎ᠠ ᠳᠤ | ᠣᠷᠣᠭᠤᠯᠵᠤ᠂ ᠨᠢᠭᠡᠳᠦᠯᠲᠡᠢ ᠲᠥᠯᠥᠪᠯᠡᠨ᠂ ᠨᠢᠭᠡᠳᠦᠯᠲᠡᠢ ᠪᠠᠶᠢᠷᠢᠯᠠᠭᠤᠯᠵᠤ᠂ ᠨᠢᠭᠡᠲᠦᠯᠲᠡᠢ ᠠᠬᠢᠭᠤᠯᠵᠤ᠂ ᠤᠯᠤᠰ | ᠲᠥᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠰᠠᠶᠢᠬᠠᠨ ᠣᠷᠴᠢᠨ ᠲᠣᠭᠤᠷᠢᠨ ᠢ | ᠰᠠᠶᠢᠳᠣᠷ ᠪᠤᠢ ᠪᠣᠯᠭᠠᠵᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠬᠦᠴᠢᠷ ᠶᠠᠪᠤᠳᠠᠯ ᠢ ᠰᠢᠢᠳᠪᠦᠷᠢᠯᠡᠵᠦ᠂ | ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠤᠰ ᠲᠥᠷᠦ ᠶᠢᠨ ᠵᠥᠪᠯᠡᠯᠭᠡᠨ ᠳᠤ ᠰᠡᠳᠦᠪ ᠡᠭᠦᠷᠭᠡ ᠶᠢ ᠢᠯᠡᠭᠦᠬᠡᠨ | ᠥᠭᠴᠦ᠂ ᠤᠯᠤᠰ ᠲᠥᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠪᠠᠷ ᠨᠥᠬᠦᠴᠡᠯ | ᠪᠦᠷᠢᠯᠳᠦᠭᠦᠯᠦᠨ ᠥᠭᠴᠦ᠂ ᠲᠠᠪᠴᠠᠩ ᠪᠠᠶᠢᠭᠤᠯᠤᠨ᠂ ᠪᠠᠲᠤᠯᠠᠭ᠎ᠠ ᠬᠠᠩᠭᠠᠵᠤ᠂ ᠪᠦᠬᠦ ᠨᠡᠶᠢᠭᠡᠮ ᠢᠶᠠᠷ ᠢᠶᠠᠨ | ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠬᠤᠯᠠᠴᠢᠯᠠᠬᠤ᠂ ᠳᠡᠮᠵᠢᠬᠦ᠂ ᠣᠷᠣᠯᠴᠠᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠨ᠎ᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠪᠦᠬᠦ ᠭᠡᠰᠢᠭᠦᠳ ᠤᠬᠠᠮᠰᠠᠷ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠪᠠᠲᠤ ᠡᠵᠡᠮᠳᠡᠵᠦ᠂ | ᠰᠢᠨ᠎ᠡ ᠬᠡᠪ ᠪᠠᠶᠢᠳᠠᠯ᠂ ᠰᠢᠨ᠎ᠡ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠬᠡᠪ | ᠴᠢᠨᠠᠷ ᠢ ᠪᠦᠬᠦ ᠲᠠᠯ᠎ᠠ ᠪᠠᠷ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠪᠦᠬᠦ ᠲᠠᠯ᠎ᠠ ᠪᠠᠷ ᠨᠠᠮ | ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠪᠦᠬᠦ ᠲᠠᠯ᠎ᠠ ᠪᠠᠷ ᠨᠠᠮ | ᠢᠶᠠᠨ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠥᠷᠭᠡᠨ | ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ | ᠲᠤᠰᠢᠶᠠᠯ ᠢᠶᠠᠨ ᠢᠳᠡᠪᠬᠢᠲᠡᠶ ᠭᠦᠢᠴᠡᠳᠬᠡᠵᠦ᠂ ᠵᠠᠰᠠᠭ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ | ᠲᠡᠷᠢᠭᠦᠨ ᠤ ᠠᠵᠢᠯᠳᠠᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢᠨ ᠭᠤᠤᠯ ᠲᠤᠯᠭᠠᠭᠤᠷᠢ᠂ ᠤᠯᠠᠨ ᠲᠦᠮᠡᠨ ᠲᠠᠢ | ᠬᠠᠷᠢᠯᠴᠠᠬᠤ ᠬᠥᠭᠦᠷᠭᠡ᠂ ᠬᠠᠤᠯᠢ ᠰᠠᠬᠢᠯᠭ᠎ᠠ ᠶᠢ ᠵᠢᠷᠣᠮᠯᠠᠨ ᠰᠠᠬᠢᠬᠤ ᠵᠢᠱᠢᠶᠡᠴᠢ ᠪᠣᠯᠬᠤ ᠪᠠᠷ ᠴᠢᠷᠮᠠᠶᠢᠵᠤ᠂ ᠠᠵᠢᠯ ᠤᠨ | ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ | ᠲᠦᠷᠦ ᠶᠢᠨ ᠵᠥᠪᠯᠡᠯᠭᠡᠨ ᠤ ᠲᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃ | ᠭᠡᠰᠢᠭᠦᠳ ᠡ᠂ ᠨᠥᠬᠦᠳ ᠡ︕ ᠪᠢᠲᠡ ᠬᠦᠰᠡᠯ ᠵᠣᠷᠢᠭ ᠢᠶᠠᠨ ᠨᠢᠭᠡᠳᠬᠡᠨ ᠢᠯᠠᠯᠲᠠ ᠶᠢᠨ ᠲᠥᠯᠦᠭᠡ ᠮᠡᠷᠡᠶᠢᠵᠦ᠂ | ᠵᠢᠷᠭᠠᠯ ᠵᠣᠪᠠᠯᠠᠩ ᠢᠶᠠᠨ ᠬᠠᠮᠳᠣᠳᠬᠠᠨ ᠬᠥᠭᠵᠢᠯᠲᠡ ᠶᠢᠨ ᠲᠥᠯᠦᠭᠡ ᠲᠡᠮᠡᠴᠡᠰᠦᠭᠡᠢ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠣᠣᠱᠯᠠᠭᠤᠯᠵᠣ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠦᠨᠡᠨᠬᠦ ᠠᠳᠬᠤᠨ ᠪᠣᠳᠠᠲᠠᠢ | ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ | ᠪᠠ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ ᠶᠢᠨ ᠬᠤᠲᠠ ᠶᠢ ᠪᠦᠲᠦᠭᠡᠨ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ᠃ |