ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷᠡᠬᠢ ᠶᠠᠷᠢᠶ᠎ᠠ | ︵2020 ᠣᠨ ᠤ 5 ᠰᠠᠷ᠎ᠠ ᠶᠢᠨ 15 ᠤ ᠡᠳᠦᠷ︶ | ᠵᠠᠩ ᠶᠢᠨ ᠮᠢᠩ | ᠲᠥᠯᠥᠭᠡᠯᠡᠭᠴᠢᠳ ᠡ᠂ ᠨᠥᠬᠦᠳ ᠡ᠄ | ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯᠳᠤᠭᠠᠨ ᠪᠦᠬᠦ ᠲᠥᠯᠥᠭᠡᠯᠡᠭᠴᠢᠳ ᠪᠠ ᠬᠤᠷᠠᠯ ᠳᠤ ᠣᠷᠣᠯᠴᠠᠭᠰᠠᠨ ᠨᠥᠬᠦᠳ ᠤᠨ | ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ | ᠥᠨᠥᠳᠦᠷ ᠢᠯᠠᠯᠲᠠ ᠲᠠᠢ ᠪᠠᠷ ᠲᠡᠭᠦᠰᠬᠦ ᠪᠣᠯᠤᠯ᠎ᠠ᠃ ᠬᠤᠷᠠᠯᠳᠤᠭᠠᠨ ᠤ ᠬᠤᠭᠤᠴᠠᠭᠠᠨ ᠳᠤ᠂ ᠪᠦᠬᠦ ᠲᠥᠯᠥᠭᠡᠯᠡᠭᠴᠢᠳ | ᠳᠡᠭᠡᠳᠦ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠵᠠᠰᠠᠭ ᠤᠨ | ᠣᠷᠳᠣᠨ ᠤ ᠬᠤᠲᠠ ᠶᠢᠨ ᠳᠠᠷᠤᠭ᠎ᠠ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠪᠠᠶᠢᠴᠠᠭᠠᠬᠤ ᠬᠤᠷᠢᠶᠠᠨ ᠤ | ᠪᠠᠶᠢᠴᠠᠭᠠᠭᠴᠢ ᠳᠠᠷᠤᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠦᠷᠢᠯᠳᠦᠬᠦᠨ ᠨᠡᠷ ᠢ ᠰᠣᠩᠭᠤᠨ ᠭᠠᠷᠭᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠡᠯ᠎ᠡ | ᠵᠦᠢᠯ ᠤᠨ ᠢᠯᠡᠳᠬᠡᠯ ᠪᠠ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠭᠠᠳ᠂ ᠥᠭᠡᠷᠡᠴᠢᠯᠡᠯᠲᠡ ᠬᠥᠭᠵᠢᠯᠲᠡ ᠶᠢᠨ | ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠠᠷᠠᠳ ᠢ ᠴᠢᠨᠡᠭᠡᠯᠢᠭᠵᠢᠭᠦᠯᠦᠨ ᠬᠤᠲᠠ ᠪᠠᠨ ᠬᠦᠴᠦᠷᠬᠡᠭᠵᠢᠭᠦᠯᠬᠦ | ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠬᠤᠶᠢᠰᠢᠳᠠ ᠶᠢᠨ ᠬᠥᠭᠵᠢᠯᠲᠡ ᠶᠢᠨ ᠰᠡᠳᠬᠢᠴᠡ ᠪᠠ | ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠬᠤᠲᠠ ᠶᠢᠨ ᠠᠷᠠᠳ ᠲᠦᠮᠡᠨ ᠤ ᠬᠠᠮᠲᠤ ᠶᠢᠨ | ᠬᠦᠰᠡᠯ ᠡᠷᠡᠮᠡᠯᠵᠡᠯ ᠪᠠ ᠦᠨᠳᠦᠰᠦᠨ ᠠᠰᠢᠭ ᠲᠤᠰᠠ ᠶᠢ ᠲᠥᠪᠯᠡᠷᠡᠭᠦᠯᠦᠨ ᠲᠣᠰᠬᠠᠭᠰᠠᠨ ᠪᠠᠶᠢᠨ᠎ᠠ᠃ ᠡᠨᠡ ᠪᠣᠯ ᠨᠢᠭᠡ | ᠤᠳᠠᠭᠠᠨ ᠤ ᠠᠷᠠᠳᠴᠢᠯᠠᠯ ᠢ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ ᠶᠡᠭᠡ ᠬᠤᠷᠠᠯ ᠮᠥᠨ | ᠂ ᠨᠢᠭᠡ ᠤᠳᠠᠭᠠᠨ ᠤ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠬᠥᠮᠦᠰ ᠢ ᠵᠣᠷᠢᠭᠵᠢᠭᠤᠯᠤᠨ | ᠤᠷᠤᠭᠰᠢᠯᠠᠭᠤᠯᠤᠭᠰᠠᠨ ᠶᠡᠭᠡ ᠬᠤᠷᠠᠯ ᠮᠥᠨ᠃ ᠠᠳᠡ ᠪᠢ ᠬᠤᠳᠠ ᠶᠢᠨ ᠨᠠᠮ ᠤᠨ ᠬᠤᠷᠢᠶᠠᠨ ᠤ ᠡᠮᠦᠨ᠎ᠡ ᠠᠴᠠ ᠶᠡᠭᠡ | ᠬᠤᠷᠠᠯ ᠤᠨ ᠢᠯᠠᠯᠲᠠ ᠲᠠᠢ ᠲᠡᠭᠦᠰᠦᠭᠰᠡᠨ ᠳᠤ ᠰᠢᠨ᠎ᠡ ᠪᠠᠷ ᠰᠣᠩᠭᠤᠭᠳᠠᠭᠰᠠᠨ ᠨᠥᠬᠦᠳ ᠲᠤ ᠬᠠᠯᠠᠭᠤᠨ ᠪᠠᠶᠠᠷ | ᠬᠦᠷᠭᠡᠵᠦ ᠪᠠᠶᠢᠨ᠎ᠠ︕ ᠡᠯ᠎ᠡ ᠲᠥᠯᠦᠭᠡᠯᠡᠭᠴᠢᠳ᠂ ᠬᠤᠷᠠᠯ ᠳᠤ ᠣᠷᠣᠯᠴᠠᠭᠰᠠᠨ ᠨᠥᠬᠦᠳ ᠵᠢᠴᠢ ᠶᠡᠭᠡ ᠬᠤᠷᠠᠯ | ᠤᠨ ᠠᠮᠵᠢᠯᠲᠠ ᠲᠠᠢ ᠬᠤᠷᠠᠯᠳᠣᠭᠰᠠᠨ ᠳᠤ ᠰᠢᠷᠭᠠᠭᠤ ᠠᠵᠢᠯᠯᠠᠭᠰᠠᠨ ᠠᠵᠢᠯᠳᠠᠳ ᠲᠤ ᠴᠢᠩ ᠰᠡᠳᠬᠢᠯ ᠤᠨ | ᠲᠠᠯᠠᠷᠬᠠᠯ ᠢᠶᠠᠨ ᠲᠡᠪᠰᠢᠭᠦᠯᠦᠶ᠎ᠡ︕ | ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠬᠦᠨᠳᠦ ᠬᠡᠴᠡᠭᠦᠤ | ᠨᠠᠷᠢᠨ ᠪᠣᠳᠣᠯᠢᠶᠠᠨᠲᠠᠢ ᠠᠵᠤ ᠠᠬᠤᠶ ᠶᠢᠨ ᠪᠠᠶᠢᠳᠠᠯ ᠪᠣᠯᠤᠨ ᠥᠭᠡᠷᠡᠴᠢᠯᠡᠯᠲᠡ ᠬᠥᠭᠵᠢᠯᠲᠡ ᠲᠣᠭᠳᠠᠭᠤᠨ ᠤ ᠬᠦᠨᠳᠦ | ᠡᠭᠦᠷᠭᠡ ᠶᠢ ᠢᠳᠡᠪᠬᠢᠲᠡᠶ ᠠᠷᠭᠠᠴᠠᠭᠠᠵᠤ᠂ ᠭᠤᠷᠪᠠᠨ ᠠᠵᠤ ᠦᠢᠯᠡᠰ ᠲᠣᠭᠲᠠᠭᠤᠨ ᠢᠶᠠᠷ ᠬᠥᠭᠵᠢᠵᠦ᠂ ᠠᠮᠢ | ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ | ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠡᠯ᠎ᠡ ᠵᠦᠢᠯ ᠤᠨ ᠠᠵᠢᠯ ᠦᠢᠯᠡᠰ ᠲᠣᠭᠲᠠᠭᠤᠨ ᠤ ᠲᠣᠮᠳᠠ | ᠤᠷᠤᠭᠰᠢᠯᠠᠵᠤ᠂ ᠲᠣᠭᠲᠠᠭᠤᠨ ᠤ ᠲᠣᠮᠳᠠ ᠰᠠᠶᠢᠵᠢᠷᠠᠬᠤ ᠬᠠᠨᠳᠤᠰᠢ ᠲᠠᠢ ᠪᠠᠶᠢᠬᠤ ᠶᠢ ᠦᠷᠭᠦᠯᠵᠢᠯᠡᠨ ᠪᠠᠲᠤᠯᠠᠪᠠ᠃ | ᠠᠮᠵᠢᠯᠲᠠ ᠪᠦᠲᠦᠮᠵᠢ ᠣᠯᠤᠭᠰᠠᠨ ᠨᠢ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠪᠣᠯᠬᠤ ᠪᠥᠭᠡᠳ ᠪᠠᠰᠠ ᠴᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠷᠮᠠᠶᠢᠨ ᠠᠵᠢᠯᠯᠠᠭᠰᠠᠨ ᠤ ᠦᠷ᠎ᠡ ᠳ᠋ᠦᠩ | ᠪᠣᠯᠤᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ | ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ | ᠶᠢᠨ ᠠᠵᠢᠯ ᠳᠤ ᠢᠳᠡᠪᠬᠢᠲᠡᠢ ᠬᠢᠨᠠᠯᠲᠠ ᠲᠠᠯᠪᠢᠨ ᠳᠠᠮᠵᠢᠵᠤ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ | ᠡᠷᠬᠡ ᠪᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠡᠷᠬᠡ ᠪᠠᠨ ᠬᠠᠤᠯᠢ | ᠶᠣᠰᠣᠭᠠᠷ ᠬᠡᠷᠡᠭᠵᠢᠭᠦᠯᠵᠦ᠂ ᠠᠵᠢᠯ ᠤᠨ ᠲᠣᠭᠲᠠᠴᠠ ᠳᠠᠭᠠᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠲᠣᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠥᠯᠥᠭᠡᠯᠡᠭᠴᠢ ᠲᠠᠢ ᠨᠢᠭᠲᠠ ᠬᠠᠷᠢᠯᠴᠠᠨ᠂ ᠠᠷᠠᠳ ᠤᠨ | ᠰᠠᠨᠠᠭ᠎ᠠ ᠶᠢ ᠣᠶᠢᠯᠠᠭᠠᠵᠤ᠂ ᠠᠷᠠᠳ ᠤᠨ ᠠᠮᠢᠳᠤᠷᠠᠯ ᠢ ᠠᠩᠬᠠᠷᠴᠤ᠂ ᠬᠥᠭᠵᠢᠯᠲᠡ ᠶᠢ ᠠᠳᠬᠤᠬᠤ᠂ ᠬᠥᠭᠵᠢᠯᠲᠡ ᠶᠢ | ᠠᠬᠢᠭᠤᠯᠬᠤ ᠶᠢ ᠢᠮᠠᠭᠲᠠ ᠥᠪᠡᠷ ᠤᠨ ᠴᠢᠬᠤᠯᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠪᠦᠬᠦ ᠬᠤᠲᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠬᠤᠲᠠ ᠶᠢᠨ ᠨᠠᠮ ᠤᠨ | ᠬᠤᠷᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠣᠳᠠᠯᠠᠵᠣ ᠪᠠᠶᠢᠨ᠎ᠠ᠃ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠶᠠᠳᠠᠭᠤ ᠠᠴᠠ ᠠᠩᠬᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠬᠤ ᠰᠡᠭᠦᠯ ᠬᠤᠷᠢᠶᠠᠬᠤ ᠵᠢᠯ ᠮᠥᠨ᠂ | ᠪᠠᠰᠠ ᠴᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠮᠤᠭ ᠰᠡᠭᠦᠯ ᠤᠨ ᠨᠢᠭᠡ ᠵᠢᠯ ᠮᠥᠨ᠂ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠬᠤᠢ ᠪᠠᠶᠢᠳᠠᠯ ᠳᠣᠣᠷ᠎ᠠ᠂ ᠭᠤᠣᠯᠳᠠᠯᠭ᠎ᠠ ᠲᠠᠢ | ᠠᠵᠢᠯ ᠢ ᠨᠠᠶᠢᠳᠠᠪᠤᠷᠢᠵᠢᠭᠤᠯᠵᠤ᠂ ᠣᠨ ᠤ ᠬᠠᠷᠠᠯᠲᠠ ᠶᠢ ᠪᠡᠶᠡᠯᠡᠭᠦᠯᠬᠦ ᠳᠤ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ | ᠬᠦᠨᠳᠦ ᠶᠡᠭᠡ ᠪᠠᠶᠢᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠬᠤᠲᠠ ᠶᠢᠨ ᠨᠠᠮ ᠤᠨ ᠬᠤᠷᠢᠶᠠᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ | ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠬᠤᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠠ ᠬᠠᠷᠠᠯᠲᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠵᠢᠯ ᠤᠨ ᠬᠦᠷᠢᠶ᠎ᠡ ᠬᠡᠪᠴᠢᠶ᠎ᠡ ᠪᠠᠨ ᠤᠯᠠᠮ | ᠨᠢᠭᠡ ᠠᠯᠬᠤᠮ ᠥᠷᠭᠡᠳᠬᠡᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠠᠵᠢᠯ ᠤᠨ ᠪᠣᠳᠠᠲᠤ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ | ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠬᠤ ᠲᠣᠮᠳᠠ ᠭᠠᠷᠭᠠᠪᠠᠰᠣ ᠵᠣᠬᠢᠬᠤ ᠦᠢᠯᠡᠳᠦᠯ ᠢᠶᠠᠨ ᠴᠢᠷᠮᠠᠶᠢᠨ | ᠪᠠᠳᠠᠷᠠᠭᠤᠯᠬᠤ ᠬᠡᠷᠡᠭᠲᠡᠶ᠃ ᠳᠣᠤᠷ᠎ᠠ ᠪᠢ ᠬᠡᠳᠦᠨ ᠰᠠᠨᠠᠯ ᠢᠶᠠᠨ ᠶᠠᠷᠢᠶ᠎ᠠ᠃ | ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠤᠯᠤᠰ ᠲᠥᠷᠥ ᠶᠢᠨ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠪᠠᠰᠠ ᠴᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠪᠠ ᠵᠠᠩᠭᠢᠯᠠᠭ᠎ᠠ | ᠮᠥᠨ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠨᠠᠮ ᠤᠨ ᠤᠳᠤᠷᠢᠳᠤᠯᠭ᠎ᠠ | ᠳᠣᠣᠷᠠᠬᠢ ᠤᠯᠤᠰ ᠲᠦᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ | ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠬᠤᠲᠠ ᠶᠢᠨ ᠨᠠᠮ ᠤᠨ | ᠬᠤᠷᠢᠶ᠎ᠠ ︽ᠪᠥᠬᠦ ᠲᠠᠯ᠎ᠠ ᠶᠢ ᠶᠡᠷᠦᠩᠬᠡᠶᠢᠯᠡᠨ ᠦᠵᠡᠵᠦ᠂ ᠡᠯ᠎ᠡ ᠲᠠᠯ᠎ᠠ ᠶᠢ ᠵᠣᠬᠢᠴᠠᠭᠤᠯᠬᠤ︾ ᠵᠠᠷᠴᠢᠮ ᠶᠣᠰᠣᠭᠠᠷ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠭᠡᠳ ︽ᠨᠢᠭᠡ ᠵᠠᠰᠠᠭ ᠤᠨ ᠣᠷᠳᠣᠨ ᠨᠢᠭᠡ | ᠵᠥᠪᠯᠡᠯ ᠬᠤᠶᠠᠷ ᠬᠤᠷᠢᠶ᠎ᠠ︾ ᠶᠢᠨ ᠬᠠᠤᠯᠢ ᠶᠣᠰᠣᠭᠠᠷ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠪᠡᠶ᠎ᠡ ᠪᠠᠨ | ᠳᠠᠭᠠᠭᠠᠨ ᠬᠠᠷᠢᠭᠤᠴᠠᠬᠤ᠂ ᠵᠣᠬᠢᠴᠠᠭᠤᠯᠵᠣ ᠨᠢᠭᠡᠳᠦᠯᠲᠡᠶ ᠪᠠᠷ ᠠᠵᠢᠯ ᠢᠶᠠᠨ ᠥᠷᠨᠢᠭᠦᠯᠬᠦ ᠶᠢ ᠢᠮᠠᠭᠲᠠ ᠳᠡᠮᠵᠢᠨ | ᠪᠠᠲᠤᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ | ᠬᠠᠮᠲᠤ ᠪᠠᠷ ᠪᠡᠶᠡᠯᠡᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠦᠬᠦ | ᠬᠤᠲᠠ ᠶᠢᠨ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠠᠷᠠᠳ | ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ | ᠢᠳᠡᠪᠬᠢᠲᠡᠢ ᠠᠬᠢᠭᠤᠯᠵᠤ᠂ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠬᠠᠮᠢᠭ᠎ᠠ ᠬᠦᠷᠪᠡᠯ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠠᠷᠤᠢ ᠲᠡᠨᠳᠡ ᠬᠦᠷᠲᠡᠯ᠎ᠡ ᠳᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠨᠢ ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠳᠠᠬᠢ ᠤᠳᠤᠷᠢᠳᠤᠯᠭ᠎ᠠ ᠶᠢ ᠪᠡᠶᠡᠯᠡᠭᠦᠯᠬᠦ ᠶᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ | ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠴᠢᠬᠤᠯᠠ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠵᠣᠷᠢᠯᠲᠠ ᠪᠠ ᠠᠵᠢᠯ ᠤᠨ ᠱᠠᠭᠠᠷᠳᠠᠯᠭ᠎ᠠ ᠶᠢ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠠᠵᠢᠯ ᠳᠤ ᠠᠭᠤᠰᠬᠠᠵᠤ᠂ ᠨᠠᠮ ᠤᠨ ᠱᠤᠭᠤᠮ | ᠴᠢᠭᠯᠡᠯᠲᠡ ᠲᠥᠷᠦ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠶᠠᠷ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠰᠢᠨ᠎ᠡ | ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ | ᠭᠤᠤᠯᠳᠠᠯᠭ᠎ᠠ ᠲᠠᠢ ᠴᠢᠭᠯᠡᠯ᠂ ᠭᠤᠤᠯ ᠡᠭᠦᠷᠭᠡ᠂ ᠠᠵᠢᠯ ᠤᠨ ᠱᠠᠭᠠᠷᠳᠠᠯᠭ᠎ᠠ ᠪᠠ ᠴᠢᠬᠤᠯᠠ ᠠᠷᠭ᠎ᠠ ᠬᠡᠮᠵᠢᠶ᠎ᠡ ᠶᠢ | ᠲᠣᠳᠣᠷᠬᠠᠶ ᠳᠤᠷᠠᠳᠤᠨ ᠭᠠᠷᠭᠠᠵᠣ᠂ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠡᠷᠡᠰ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ | ᠪᠦᠲᠦᠮᠵᠢᠲᠡᠢ ᠰᠠᠶᠢᠲᠤᠷ ᠬᠢᠬᠦ ᠬᠡᠷᠡᠭᠲᠡᠶ᠃ | ᠨᠢᠭᠡ ᠳᠤ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠳᠡᠭᠡᠳᠦ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠢᠳᠡᠪᠬᠢᠲᠡᠢ ᠬᠠᠮᠵᠢᠯᠴᠠᠨ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠥᠷᠨᠢᠭᠦᠯᠵᠦ᠂ ᠪᠠᠶᠢᠴᠠᠭᠠᠨ ᠰᠤᠳᠤᠯᠬᠤ᠂ ᠪᠣᠳᠠᠲᠤ ᠪᠠᠶᠢᠳᠠᠯ ᠢ ᠲᠤᠰᠬᠠᠬᠤ᠂ ᠰᠠᠨᠠᠯ ᠵᠥᠪᠯᠡᠯᠭᠡ | ᠳᠤᠷᠠᠳᠤᠨ ᠠᠷᠭ᠎ᠠ ᠪᠣᠳᠣᠯᠭ᠎ᠠ ᠲᠡᠪᠰᠢᠭᠦᠯᠬᠦ ᠴᠢᠬᠤᠯᠠ ᠶᠡᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ | ᠭᠦᠢᠴᠡᠳᠬᠡᠵᠦ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠴᠢᠨᠠᠷ ᠰᠠᠶᠢᠲᠠᠢ ᠰᠠᠨᠠᠭᠤᠯᠭ᠎ᠠ ᠶᠢ | ᠢᠳᠡᠪᠬᠢᠲᠡᠢ ᠳᠤᠷᠠᠳᠴᠤ᠂ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠠᠯ᠎ᠠ ᠪᠠᠷ ᠦᠢᠯᠡᠳᠦᠯ ᠢᠶᠠᠨ | ᠪᠠᠳᠠᠷᠠᠭᠤᠯᠬᠤ ᠬᠡᠷᠡᠭᠲᠡᠢ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠰᠡᠯᠭᠦᠨ ᠮᠠᠯᠵᠢᠬᠤ ᠲᠦᠷᠢᠮ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ | ︾ ᠵᠡᠷᠭᠡ ᠶᠢ ᠵᠠᠰᠠᠪᠤᠷᠢ ᠣᠷᠣᠭᠤᠯᠬᠤ ᠳᠤ ᠴᠢᠭᠯᠡᠭᠦᠯᠦᠨ ᠪᠠᠶᠢᠴᠠᠭᠠᠨ ᠰᠣᠳᠣᠯᠤᠯᠲᠠ ᠬᠢᠨ᠎ᠡ᠃ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠭᠠᠵᠠᠷ ᠳᠣᠤᠷᠠᠬᠢ ᠤᠰᠤ ᠶᠢ ᠬᠠᠮᠠᠭᠠᠯᠠᠬᠤ ᠨᠢ ᠮᠠᠨ ᠤ ᠬᠤᠲᠠ ᠶᠢᠨ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠲᠠᠢ ᠬᠤᠯᠪᠤᠭᠳᠠᠵᠤ᠂ ᠠᠯᠤᠰ ᠬᠡᠲᠦ ᠳᠤ | ᠠᠰᠢᠭᠲᠠᠶ ᠶᠡᠭᠡ ᠶᠠᠪᠤᠳᠠᠯ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ ᠤᠨ ᠤᠳᠤᠷᠢᠳᠤᠯᠭ᠎ᠠ ᠳᠣᠣᠷ᠎ᠠ᠂ ᠠᠵᠢᠯ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠨ | ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠣᠳᠣᠯᠤᠯᠲᠠ ᠬᠢᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ | ᠰᠠᠨᠠᠯ ᠰᠠᠨᠠᠭᠤᠯᠭ᠎ᠠ ᠶᠢ ᠲᠣᠷᠠᠳᠴᠣ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠣᠭᠲᠠᠭᠠᠬᠤ ᠪᠠᠶᠢᠴᠠᠭᠠᠨ | ᠰᠣᠳᠣᠯᠬᠤ ᠡᠭᠦᠷᠭᠡ ᠶᠢᠨ ᠲᠡᠭᠦᠰ ᠠᠮᠵᠢᠯᠲᠠ ᠣᠯᠬᠤ ᠳᠤ ᠪᠦᠬᠦ ᠬᠦᠴᠦᠨ ᠢᠶᠠᠷ ᠢᠶᠠᠨ ᠬᠠᠮᠵᠢᠯᠴᠠᠬᠤ ᠬᠡᠷᠡᠭᠲᠡᠢ᠃ | ᠬᠤᠶᠠᠷ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ | ᠴᠢᠳᠠᠪᠬᠢ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ ᠲᠠᠯᠪᠢᠬᠤ ᠪᠣᠯ ᠤᠳᠤ ᠪᠠᠶᠢᠭ᠎ᠠ ᠤᠯᠤᠰ ᠲᠦᠷᠦ ᠶᠢᠨ ᠬᠡᠪ ᠵᠠᠭᠪᠣᠷ ᠤᠨ ᠳᠣᠲᠣᠷᠠᠬᠢ ᠬᠠᠮᠤᠭ ᠤᠨ | ᠬᠠᠤᠯᠢ ᠪᠠᠷ ᠲᠣᠭᠲᠠᠭᠠᠭᠰᠠᠨ ᠬᠦᠴᠦᠨ ᠲᠠᠢ ᠬᠢᠨᠠᠯᠲᠠ ᠲᠠᠯᠪᠢᠬᠤ ᠬᠡᠯᠪᠡᠷᠢ ᠮᠥᠨ᠃ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ ᠳᠤᠮᠳᠠ ᠳᠡᠮᠵᠢᠯᠭᠡ ᠦᠵᠡᠭᠦᠯᠵᠦ᠂ ᠳᠡᠮᠵᠢᠯᠭᠡ ᠦᠵᠡᠭᠦᠯᠬᠦ | ᠳᠤᠮᠳᠠ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠨᠠᠮ ᠤᠨ ᠬᠤᠷᠢᠶ᠎ᠠ ᠤᠳᠤᠷᠢᠳᠬᠤ᠂ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠳᠡᠮᠵᠢᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠶᠢᠨ ᠰᠠᠶᠢᠬᠠᠨ | ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ᠂ ᠬᠢᠨᠠᠯᠲᠠ ᠲᠠᠯᠪᠢᠬᠤ ᠭᠤᠣᠯᠳᠠᠯᠭ᠎ᠠ ᠪᠠᠨ ᠪᠦᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠴᠢᠬᠤᠯᠠ ᠶᠡᠭᠡ ᠤᠴᠢᠷ ᠶᠠᠪᠤᠳᠠᠯ ᠳᠡᠭᠡᠷ᠎ᠡ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ | ᠬᠤᠷᠢᠶ᠎ᠠ︾ ᠶᠢᠨ ᠠᠵᠢᠯ ᠤᠨ ᠪᠠᠭᠤᠷᠠᠢ ᠭᠤᠭᠴᠤᠭ᠎ᠠ ᠳᠡᠭᠡᠷ᠎ᠡ᠂ ᠠᠷᠠᠳ ᠣᠯᠠᠨ ᠤ ᠠᠩᠬᠠᠷᠴᠤ ᠪᠠᠶᠢᠭ᠎ᠠ ᠶᠡᠭᠡ | ᠶᠠᠪᠤᠳᠠᠯ ᠴᠢᠬᠤᠯᠠ ᠶᠠᠪᠤᠳᠠᠯ ᠳᠡᠭᠡᠷ᠎ᠡ ᠲᠠᠯᠪᠢᠵᠤ᠂ ᠣᠨᠣᠪᠴᠢᠲᠠᠢ ᠬᠦᠴᠦᠯᠡᠵᠦ᠂ ᠵᠣᠷᠢᠭᠲᠠᠢ ᠪᠠᠷ ᠬᠢᠨᠠᠯᠲᠠ ᠲᠠᠯᠪᠢᠵᠤ | ᠂ ᠴᠢᠳᠠᠮᠠᠭᠠᠢ ᠪᠠᠷ ᠬᠢᠨᠠᠯᠲᠠ ᠲᠠᠯᠪᠢᠵᠤ᠂ ᠪᠦᠬᠦ ᠲᠠᠯ᠎ᠠ ᠶᠢᠨ ᠠᠵᠢᠯ ᠢ ᠠᠬᠢᠭᠤᠯᠬᠤ ᠳᠤ ᠢᠳᠡᠪᠬᠢᠲᠡᠢ ᠦᠢᠯᠡᠳᠦᠯ | ᠦᠵᠡᠭᠦᠯᠬᠦ ᠬᠡᠷᠡᠭᠲᠡᠢ᠃ ᠪᠦᠲᠦᠮᠵᠢᠲᠡᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠯ᠎ᠡ ᠵᠦᠢᠯ ᠤᠨ ᠬᠢᠨᠠᠯᠲᠠ | ᠲᠠᠯᠪᠢᠬᠤ ᠬᠡᠯᠪᠡᠷᠢ ᠶᠢ ᠰᠠᠶᠢᠲᠤᠷ ᠭᠦᠢᠴᠡᠳ ᠬᠡᠷᠡᠭᠯᠡᠵᠦ᠂ ᠲᠤᠰᠬᠠᠢ ᠲᠦᠷᠦᠯ ᠤᠨ ᠠᠵᠢᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠶᠠᠷᠢᠯᠴᠠᠬᠤ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠬᠤ᠂ ᠲᠤᠰᠬᠠᠢ ᠰᠡᠳᠦᠪ ᠢᠶᠠᠷ ᠯᠠᠪᠯᠠᠨ | ᠠᠰᠠᠭᠤᠬᠤ᠂ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠲᠤᠯᠭᠠᠨ ᠠᠰᠠᠭᠤᠬᠤ᠂ ᠣᠨᠴᠠ ᠲᠣᠭᠲᠠᠭᠰᠠᠨ ᠠᠰᠠᠭᠤᠳᠠᠯ ᠢ ᠪᠠᠶᠢᠴᠠᠭᠠᠬᠤ ᠵᠡᠷᠭᠡ ᠴᠢᠩᠭ᠎ᠠ ᠬᠢᠨᠠᠯᠲᠠ ᠲᠠᠯᠪᠢᠬᠤ | ᠬᠡᠯᠪᠡᠷᠢ ᠶᠢ ᠬᠠᠶᠢᠨ ᠰᠦᠪᠡᠭᠴᠢᠯᠡᠨ ᠬᠡᠷᠡᠭᠯᠡᠬᠦ ᠶᠢ ᠴᠢᠬᠤᠯᠠᠴᠢᠯᠠᠵᠤ᠂ ᠬᠦᠴᠦ ᠪᠠᠨ ᠬᠠᠮᠲᠤᠳᠬᠠᠨ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠬᠢᠨᠠᠯᠲᠠ | ᠲᠠᠯᠪᠢᠬᠤ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠨᠴᠠᠭᠠᠶᠢᠯᠠᠨ ᠡᠳ᠋ ᠤᠨ | ᠵᠠᠰᠠᠭ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠰᠦᠪᠡᠭᠴᠢᠯᠡᠵᠦ ᠂ ᠵᠠᠰᠠᠭ ᠤᠨ | ᠣᠷᠳᠣᠨ ᠤ ᠪᠦᠬᠦ ᠰᠢᠰᠲ᠋ᠧᠮ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ | ᠲᠠᠯᠪᠢᠬᠤ ᠵᠢᠴᠢ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠦᠯ ᠵᠦᠢᠯ᠂ ᠣᠯᠣᠰ | ᠤᠨ ᠥᠮᠴᠢᠯᠡᠯᠳᠦ ᠡᠳ᠋ ᠬᠥᠷᠦᠩᠭᠡ᠂ ᠵᠠᠰᠠᠭ ᠤᠨ ᠣᠷᠳᠣᠨ ᠤ ᠦᠷᠢ ᠥᠭᠴᠡᠭᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠣ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ᠂ ᠰᠠᠯᠠᠭ᠎ᠠ ᠮᠥᠴᠢᠷ ᠤᠨ | ᠲᠥᠰᠦᠪ ᠪᠠ ᠲᠥᠰᠦᠪ ᠤᠨ ᠭᠦᠢᠴᠡᠳᠬᠡᠯ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠣᠯᠣᠰ ᠤᠨ | ᠥᠮᠴᠢᠯᠡᠯᠳᠦ ᠡᠳ᠋ ᠬᠥᠷᠦᠩᠭᠡ ᠶᠢᠨ ᠬᠠᠮᠢᠶᠠᠷᠣᠯᠲᠠ᠂ ᠦᠷᠢ ᠰᠢᠷᠢ ᠶᠢ ᠠᠷᠢᠯᠭᠠᠬᠤ ᠪᠠ ᠭᠤᠣᠯᠳᠠᠯᠭ᠎ᠠ ᠲᠠᠢ ᠲᠣᠰᠬᠠᠢ | ᠲᠥᠷᠦᠯ ᠤᠨ ᠪᠡᠯᠡ ᠮᠥᠩᠭᠦ ᠶᠢ ᠢᠯᠡ ᠪᠣᠯᠭᠠᠬᠤ ᠶᠢ ᠲᠦᠷᠭᠡᠳᠬᠡᠨ ᠠᠬᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮᠵᠢᠯᠳᠦ | ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠲᠡᠭᠡᠭᠰᠢᠯᠡᠭᠦᠯᠦᠨ᠎ᠡ᠃ | ᠭᠤᠷᠪᠠ ᠳᠤ᠂ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠪᠠ ᠠᠵᠢᠯᠲᠠᠨ ᠤ ᠶᠠᠪᠤᠳᠠᠯ ᠤᠨ ᠲᠤᠰᠢᠶᠠᠯ ᠳᠤ | ᠲᠣᠮᠢᠯᠠᠵᠤ ᠲᠤᠰᠢᠶᠠᠯ ᠠᠴᠠ ᠪᠠᠭᠤᠯᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠴᠢᠬᠤᠯᠠ ᠶᠡᠭᠡ ᠬᠡᠷᠡᠭ | ᠶᠠᠪᠤᠳᠠᠯ ᠢ ᠶᠠᠷᠢᠯᠴᠠᠬᠤ ᠪᠠ ᠲᠣᠭᠲᠠᠭᠠᠬᠤ ᠪᠣᠯ ᠦᠨᠳᠦᠰᠦᠨ ᠬᠠᠤᠯᠢ ᠬᠠᠤᠯᠢ ᠴᠠᠭᠠᠵᠠ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠣᠯᠭᠤᠭᠰᠠᠨ ᠨᠢᠭᠡ ᠵᠦᠢᠯ ᠤᠨ | ᠴᠢᠬᠤᠯᠠ ᠡᠷᠬᠡ ᠲᠤᠰᠢᠶᠠᠯ ᠮᠥᠨ᠃ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ᠂ ᠵᠠᠰᠠᠭ ᠤᠨ ᠣᠷᠳᠣᠨ ᠤ ᠬᠡᠷᠡᠭᠵᠢᠭᠦᠯᠬᠦ ᠡᠷᠬᠡ ᠶᠢᠨ | ᠠᠵᠢᠯᠯᠠᠭᠠᠨ ᠤ ᠬᠠᠷᠢᠴᠠᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ | ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠲᠤᠬᠠᠶ ᠲᠥᠪ ᠤᠨ ᠲᠦᠷᠢᠮ ᠢ ᠡᠷᠡᠰ ᠲᠣᠣᠱᠯᠠᠭᠤᠯᠣᠨ | ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ ᠤᠴᠢᠷ ᠶᠠᠪᠤᠳᠠᠯ ᠢ | ᠶᠠᠷᠢᠯᠴᠠᠨ ᠲᠣᠭᠲᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠰᠢᠢᠳᠪᠦᠷᠢᠯᠡᠬᠦ ᠡᠷᠬᠡ ᠶᠢ ᠬᠡᠷᠡᠭᠵᠢᠭᠦᠯᠬᠦ ᠶᠢ | ᠵᠢᠷᠤᠮᠵᠢᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ᠨᠠᠮ ᠠᠴᠠ ᠺᠠᠳ᠋ᠷ ᠢ | ᠬᠠᠮᠢᠶᠠᠷᠬᠤ ᠵᠠᠷᠴᠢᠮ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠡᠷᠬᠡ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠲᠠᠢ | ᠨᠢᠭᠡᠳᠦᠭᠦᠯᠬᠦ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠪᠠ ᠬᠠᠤᠯᠢ ᠪᠠᠷ ᠲᠣᠭᠲᠠᠭᠠᠭᠰᠠᠨ | ᠵᠢᠷᠤᠮ ᠢ ᠴᠢᠩᠭ᠎ᠠ ᠵᠢᠷᠤᠮᠯᠠᠨ᠂ ᠲᠦᠷᠦ ᠶᠢᠨ ᠪᠠᠶᠢᠭᠤᠯᠭ᠎ᠠ ᠶᠢᠨ ᠤᠳᠤᠷᠢᠳᠬᠤ ᠬᠥᠮᠦᠨ᠂ ᠪᠦᠷᠢᠯᠳᠦᠬᠦᠨ ᠪᠠ | ᠬᠤᠯᠪᠣᠭᠳᠠᠯ ᠪᠦᠬᠦᠢ ᠠᠵᠢᠯᠲᠠᠨ ᠢ ᠰᠣᠩᠭᠤᠬᠤ ᠪᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ ᠵᠢᠱᠢᠭᠳᠡᠭᠴᠢ ᠶᠢ ᠲᠦᠷᠦ ᠶᠢᠨ ᠪᠠᠶᠢᠭᠤᠯᠭ᠎ᠠ ᠶᠢᠨ | ᠤᠳᠤᠷᠢᠳᠬᠤ ᠬᠥᠮᠦᠨ ᠪᠣᠯᠭᠠᠬᠤ ᠶᠢ ᠪᠠᠲᠤᠯᠠᠬᠤ ᠬᠡᠷᠡᠭᠲᠡᠶ᠃ | ᠲᠦᠷᠪᠡ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠶ᠃ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠦᠢᠯᠡᠳᠦᠯ ᠢ ᠪᠠᠳᠠᠷᠠᠭᠤᠯᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ | ᠴᠢᠷᠮᠠᠶᠢᠯᠭ᠎ᠠ ᠶᠢ ᠢᠯᠡᠷᠡᠭᠦᠯᠬᠦ ᠪᠣᠳᠠᠲᠤ ᠱᠠᠭᠠᠷᠳᠠᠯᠭ᠎ᠠ ᠮᠥᠨ᠃ ᠲᠥᠯᠥᠭᠡᠯᠡᠭᠴᠢᠳ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠪᠣᠭᠤᠮᠲᠠ᠂ ᠳᠡᠰ | ᠳᠠᠷᠠᠭᠠᠯᠠᠯ ᠤᠨ ᠪᠣᠭᠤᠮᠲᠠ ᠪᠠ ᠣᠷᠣᠬᠤ ᠪᠣᠭᠤᠮᠲᠠ ᠶᠢ ᠰᠠᠶᠢᠲᠤᠷ ᠡᠵᠡᠮᠳᠡᠵᠦ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠲᠦᠷᠢᠮ᠂ ᠰᠣᠩᠭᠤᠭᠤᠯᠢ ᠶᠢᠨ ᠲᠦᠷᠢᠮ ᠪᠠ ᠬᠡᠷᠡᠭ ᠵᠥᠪᠯᠡᠬᠦ | ᠲᠦᠷᠢᠮ ᠢ ᠪᠦᠷᠢᠨᠰᠢᠬᠦᠯᠵᠤ᠂ ᠨᠤᠲᠠᠯᠠᠬᠤ᠂ ᠦᠨᠡᠯᠡᠨ ᠵᠢᠱᠢᠬᠦ᠂ ᠦᠨᠡᠯᠡᠨ ᠶᠠᠷᠢᠯᠴᠠᠬᠤ᠂ ᠭᠡᠷᠡᠴᠢᠯᠡᠭᠡ ᠰᠣᠨᠣᠰᠬᠤ | ᠲᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠲᠤᠰᠢᠶᠠᠯ ᠤᠨ ᠮᠡᠳᠡᠭᠦᠯᠦᠯᠲᠡ ᠬᠢᠬᠦ ᠲᠦᠷᠢᠮ ᠪᠠ | ᠤᠬᠤᠷᠢᠨ ᠭᠠᠷᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠭ᠎ᠠ ᠶᠢ ᠵᠣᠬᠢᠰᠲᠠᠶ ᠪᠠᠷ ᠨᠡᠮᠡᠭᠳᠡᠭᠦᠯᠬᠦ ᠬᠡᠷᠡᠭᠲᠡᠶ᠃ | ᠲᠥᠯᠥᠭᠡᠯᠡᠭᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠨ᠂ ᠲᠥᠯᠥᠭᠡᠯᠡᠭᠴᠢᠳ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠳᠤ ᠣᠷᠣᠯᠴᠠᠬᠤ ᠶᠢ | ᠥᠷᠭᠡᠳᠬᠡᠵᠦ᠂ ᠲᠦᠯᠦᠭᠡᠯᠡᠭᠴᠢᠳ ᠤᠨ ᠪᠠᠶᠢᠳᠠᠯ ᠢ ᠮᠡᠳᠡᠵᠦ ᠵᠠᠰᠠᠭ ᠤᠨ ᠪᠠᠶᠢᠳᠠᠯ ᠢ ᠣᠶᠢᠯᠠᠭᠠᠬᠤ ᠡᠷᠬᠡ ᠶᠢ | ᠪᠠᠲᠤᠯᠠᠵᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠵᠦ᠂ | ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠪᠦᠬᠦᠨ ᠳᠤ ᠬᠠᠷᠢᠭᠤᠯᠲᠠ ᠥᠭᠴᠦ᠂ ᠭᠠᠵᠠᠷ | ᠪᠣᠯᠭᠠᠨ ᠳᠤ ᠬᠦᠨᠳᠦᠳᠬᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠥᠷᠭᠡᠳᠬᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠠᠷᠠᠳ ᠤᠨ ᠲᠥᠯᠥᠭᠡᠯᠡᠭᠴᠢ ᠯᠦᠭᠡ ᠶᠢᠨ | ᠬᠠᠷᠢᠯᠴᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠢᠭᠡᠳ ᠠᠷᠠᠳ ᠤᠯᠠᠨ ᠤ | ᠬᠠᠷᠢᠯᠴᠠᠭ᠎ᠠ ᠶᠢ ᠨᠢᠭᠲᠠᠷᠠᠭᠤᠯᠵᠤ᠂ ᠲᠥᠯᠥᠭᠡᠯᠡᠭᠴᠢᠳ ᠲᠠᠢ ᠬᠠᠷᠢᠯᠴᠠᠬᠤ ᠲᠣᠭᠲᠠᠴᠠ ᠶᠢ ᠪᠦᠷᠢᠨᠰᠢᠬᠦᠯᠵᠤ᠂ | ᠬᠠᠷᠢᠯᠴᠠᠬᠤ ᠠᠷᠭ᠎ᠠ ᠵᠠᠮ ᠢ ᠥᠷᠭᠡᠳᠬᠡᠵᠦ᠂ ᠬᠠᠷᠢᠯᠴᠠᠬᠤ ᠠᠷᠭ᠎ᠠ ᠮᠠᠶ᠋ᠢᠭ ᠢ ᠪᠠᠶᠠᠯᠢᠭᠵᠢᠭᠤᠯᠵᠤ᠂ | ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠠᠳ ᠤᠨ ᠰᠠᠨᠠᠯ ᠤᠨ ᠰᠠᠭᠤᠷᠢ ᠪᠠ | ᠨᠡᠶᠢᠭᠡᠮ ᠤᠨ ᠦᠢᠯᠡᠳᠦᠯᠭᠡ ᠶᠢᠨ ᠰᠠᠭᠤᠷᠢ ᠶᠢ ᠵᠤᠵᠠᠭᠠᠳᠬᠠᠬᠤ ᠬᠡᠷᠡᠭᠲᠡᠶ᠃ ᠲᠥᠯᠥᠭᠡᠯᠡᠭᠴᠢᠳ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠵᠦ᠂ ᠲᠥᠯᠥᠭᠡᠯᠡᠭᠴᠢᠳ ᠤᠨ ᠠᠩᠬᠠᠷᠤᠯ ᠲᠠᠯᠪᠢᠵᠤ | ᠪᠠᠶᠢᠭ᠎ᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠲᠠᠢ ᠤᠶᠠᠯᠳᠤᠭᠤᠯᠤᠨ᠂ | ᠪᠣᠯᠪᠠᠰᠤᠷᠠᠭᠤᠯᠤᠯ ᠤᠨ ᠬᠡᠯᠪᠡᠷᠢ ᠶᠢ ᠪᠠᠶᠠᠯᠢᠭᠵᠢᠭᠤᠯᠵᠤ᠂ ᠪᠣᠯᠪᠠᠰᠤᠷᠠᠭᠤᠯᠤᠯ ᠤᠨ ᠠᠭᠤᠯᠭ᠎ᠠ ᠶᠢ ᠥᠷᠭᠡᠳᠬᠡᠵᠦ᠂ | ᠲᠥᠯᠥᠭᠡᠯᠡᠭᠴᠢᠳ ᠤᠨ ᠤᠯᠤᠰ ᠲᠦᠷᠦ ᠶᠢᠨ ᠬᠡᠪ ᠴᠢᠨᠠᠷ᠂ ᠲᠦᠷᠦ ᠶᠢᠨ ᠪᠤᠳᠤᠯᠭ᠎ᠠ ᠶᠢᠨ ᠬᠢᠷᠢ ᠬᠡᠮᠵᠢᠶ᠎ᠡ ᠪᠠ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠭᠤᠷᠪᠠᠳᠤᠭᠠᠷ ᠲᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠤᠯᠤᠰ ᠲᠦᠷᠦᠴᠢ ᠴᠢᠨᠠᠷ᠂ ᠬᠠᠤᠯᠢ | ᠴᠠᠭᠠᠵᠠ ᠶᠢᠨ ᠴᠢᠨᠠᠷ ᠂ ᠳᠡᠰ ᠳᠠᠷᠠᠭᠠᠯᠠᠯ ᠤᠨ ᠴᠢᠨᠠᠷ ᠢᠶᠠᠷ ᠴᠥᠮ ᠮᠠᠰᠢ ᠴᠢᠩᠭ᠎ᠠ ᠪᠠᠶᠢᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠰᠠᠭᠤᠷᠢ ᠪᠠ | ᠤᠷᠢᠲᠠᠯ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠣᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠣᠣᠱᠯᠠᠭᠤᠯᠬᠤ ᠭᠤᠣᠯ ᠰᠢᠵᠢᠮ | ᠪᠣᠯᠭᠠᠵᠤ᠂ ᠰᠠᠶᠢᠳᠣᠷ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠢᠮ᠎ᠡ ᠶᠣᠰᠣᠨ ᠤ ᠲᠤᠬᠠᠢ ᠲᠠᠨᠢᠯᠲᠠ ᠪᠠ ᠡᠵᠡᠮᠳᠡᠯ ᠢᠶᠠᠨ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠦᠢᠯᠡᠳᠦᠯᠭᠡ ᠶᠢ ᠵᠢᠯᠣᠭᠤᠳᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠲᠠᠯᠪᠢᠬᠤ᠂ ᠰᠢᠢᠳᠪᠦᠷᠢ ᠭᠠᠷᠭᠠᠬᠤ᠂ ᠲᠥᠯᠥᠭᠡᠯᠡᠭᠴᠢᠳ ᠤᠨ | ᠠᠵᠢᠯ ᠤᠨ ᠡᠯ᠎ᠡ ᠵᠦᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠳᠦᠷᠢᠮᠵᠢᠭᠦᠯᠬᠦ᠂ | ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠶᠢ ᠴᠢᠩᠭᠠᠳᠬᠠᠵᠤ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ | ᠡᠷᠬᠢᠯᠡᠬᠦ᠂ ᠠᠵᠢᠯ ᠶᠠᠪᠤᠳᠠᠯ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ | ᠪᠦᠬᠦ ᠲᠠᠯ᠎ᠠ ᠪᠠᠷ ᠴᠢᠩᠭᠠᠳᠬᠠᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ᠂ ᠨᠠᠮ ᠤᠨ | ᠰᠠᠬᠢᠯᠭ᠎ᠠ ᠪᠠᠲᠤ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠣᠷᠢᠭ ᠰᠠᠨᠠᠭ᠎ᠠ ᠶᠢ | ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠶᠡᠭᠡ ᠪᠠᠷ ᠵᠠᠯᠠᠷᠠᠭᠤᠯᠤᠨ ᠵᠠᠰᠠᠵᠤ᠂ ᠠᠵᠢᠯᠴᠢ | ᠬᠢᠴᠢᠶᠡᠩᠭᠦᠶ ᠠᠷᠢᠭᠤᠨ ᠴᠢᠬᠡᠴᠢ ᠪᠠᠶᠢᠵᠤ᠂ ᠪᠣᠳᠠᠲᠠᠶ ᠠᠵᠢᠯᠯᠠᠬᠤ ᠶᠢ ᠡᠷᠬᠢᠮᠯᠡᠨ᠂ ᠣᠷᠣᠨ ᠨᠤᠲᠤᠭ ᠤᠨ ᠲᠦᠷᠦ ᠶᠢᠨ | ᠡᠷᠬᠡᠲᠦ ᠪᠠᠶᠢᠭᠤᠯᠭ᠎ᠠ ᠶᠢᠨ ᠰᠠᠶᠢᠨ ᠰᠠᠶᠢᠬᠠᠨ ᠲᠦᠷᠢ ᠲᠥᠷᠬᠦ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠥᠪ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠶ᠃ | ᠲᠥᠯᠥᠭᠡᠯᠡᠭᠴᠢᠳ ᠡ᠂ ᠨᠥᠬᠦᠳ ᠡ᠂ ᠴᠠᠭ ᠦᠶ᠎ᠡ ᠠᠴᠠ ᠪᠢᠳᠡᠨ ᠳᠤ ᠳᠠᠭᠠᠭᠠᠯᠭᠠᠭᠰᠠᠨ ᠡᠭᠦᠷᠭᠡ ᠪᠣᠯ ᠢᠷᠠᠭᠤ | ᠠᠯᠳᠠᠷᠲᠠᠶ ᠮᠥᠷᠲᠡᠭᠡᠨ ᠠᠷᠢᠭᠤᠨ ᠲᠠᠷᠬᠠᠨ ᠶᠤᠮ᠂ ᠠᠷᠠᠳ ᠲᠦᠮᠡᠨ ᠪᠢᠳᠡᠨ ᠳᠤ ᠴᠢᠩ ᠰᠡᠳᠬᠢᠯ ᠤᠨ ᠭᠦᠨ | ᠵᠤᠵᠠᠭᠠᠨ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ᠠᠵᠠ ᠲᠣᠬᠢᠶᠠᠯ ᠢ ᠠᠮᠵᠢᠨ᠂ ᠢᠳᠡᠪᠬᠢᠲᠡᠢ ᠠᠵᠢᠯᠯᠠᠵᠤ᠂ | ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ ᠶᠢᠨ ᠬᠤᠲᠠ ᠶᠢ ᠪᠦᠲᠦᠭᠡᠨ | ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ |