ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2020 ᠣᠨ ᠤ 5 ᠰᠠᠷ᠎ᠠ ᠶᠢᠨ 14 ᠤ ᠡᠳᠦᠷ ᠰᠢᠯᠢ ᠶᠢᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠣᠷᠣᠯᠠᠭᠴᠢ ᠬᠤᠳᠠ ᠶᠢᠨ ᠳᠠᠷᠤᠭ᠎ᠠ ᠵᠤᠤ ᠹᠸᠢ ᠫᠧᠩ | ᠲᠥᠯᠥᠭᠡᠯᠡᠭᠴᠢᠳ ᠡ᠄ | ᠣᠳᠣ ᠪᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ | ᠰᠤᠯᠠ ᠣᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠬᠦᠴᠢᠷ ᠪᠡᠷᠬᠡᠰᠢᠶᠡᠯ ᠲᠠᠢ ᠨᠢᠭᠡ ᠵᠢᠯ ᠮᠥᠨ᠃ ᠪᠢᠳᠡ | ᠳᠠᠷᠤᠯᠲᠠ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠲᠠ ᠶᠢᠨ ᠠᠷᠠᠳ ᠲᠦᠮᠡᠨ ᠳᠤ ᠴᠢᠩᠭ᠎ᠠ ᠲᠦᠰᠢᠭᠯᠡᠨ᠂ | ᠲᠡᠰᠪᠦᠷᠢ ᠬᠠᠲᠠᠭᠤᠵᠢᠯᠲᠠᠢ ᠲᠡᠮᠡᠴᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠵᠡᠷᠭᠡ ᠡᠯ᠎ᠡ | ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠡᠷᠡᠭᠦᠯ | ᠲᠣᠭᠲᠠᠭᠤᠨ ᠬᠦᠭᠵᠢᠯᠲᠡ ᠶᠢ ᠪᠠᠲᠤᠯᠠᠪᠠ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 8.6% ᠪᠠᠷ ᠨᠡᠮᠡᠭᠳᠡᠬᠦᠯᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5.8% ᠪᠠᠷ | ᠨᠡᠮᠡᠭᠳᠡᠬᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9.9% ᠪᠠᠷ ᠨᠡᠮᠡᠭᠳᠡᠬᠦᠯᠪᠡ︔ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠤᠰ ᠲᠤᠰ 4.5% ᠪᠠ 7.2% ᠢᠶᠠᠷ ᠨᠡᠮᠡᠭᠳᠡᠬᠦᠯᠪᠡ᠃ | ︵ᠨᠢᠭᠡ︶ ᠤᠯᠤᠰ ᠲᠥᠷᠥ ᠶᠢᠨ ᠡᠭᠦᠷᠭᠡᠯᠡᠯ ᠢ ᠳᠣᠪᠤᠶᠢᠯᠭᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠨᠢ ᠰᠢᠨ᠎ᠡ | ᠦᠷ᠎ᠡ ᠪᠦᠲᠦᠮᠵᠢ ᠤᠯᠪᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ | ᠤᠬᠠᠮᠰᠠᠷ ᠠᠴᠠ ᠪᠠᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ | ᠲᠠᠯ᠎ᠠ ᠳᠤ ᠲᠤᠤᠱᠯᠠᠭᠤᠯᠪᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠨᠣᠯ ᠤᠨ ᠰᠤᠷᠤᠯᠴᠠᠯᠭ᠎ᠠ ᠶᠢ | ᠭᠦᠨᠵᠡᠭᠡᠶᠢᠷᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠢᠯ ᠢ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠬᠤ ᠶᠢᠨ ᠬᠠᠮᠲᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ | ᠵᠠᠰᠠᠭ ᠤᠨ ᠣᠷᠳᠣᠨ ᠤ ᠲᠠᠯ᠎ᠠ ᠳᠤ ᠬᠤᠯᠪᠣᠭᠳᠠᠭᠰᠠᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠱᠠᠲᠤ | ᠦᠶ᠎ᠡ ᠶᠢᠨ ᠴᠢᠨᠠᠷᠲᠠᠶ ᠬᠠᠷᠠᠯᠲᠠ ᠡᠭᠦᠷᠭᠡ ᠶᠢ ᠪᠦᠬᠦᠨ ᠢ ᠪᠡᠶᠡᠯᠡᠭᠦᠯᠪᠡ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠳᠣᠲᠣᠷᠠᠬᠢ 67 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠦᠢᠯᠡᠰ ᠤᠨ | ᠡᠷᠬᠡ ᠶᠢ ᠤᠭᠴᠠᠷᠠᠭᠤᠯᠬᠤ᠂ ᠪᠦᠬᠦ ᠬᠤᠲᠠ ᠶᠢᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ | ᠳᠣᠭᠲᠠᠭᠠᠵᠤ ᠬᠢᠨᠠᠨ ᠵᠥᠪᠰᠢᠶᠡᠷᠡᠬᠦ ᠶᠢ ᠭᠦᠢᠴᠡᠳᠬᠡᠭᠰᠡᠨ ᠦᠭᠡᠢ 176 ᠲᠥᠷᠥᠯ ᠵᠦᠢᠯ᠂ ᠲᠣᠭᠲᠠᠭᠠᠯ ᠠᠴᠠ | ᠵᠥᠷᠢᠴᠡᠨ ᠭᠠᠵᠠᠷ ᠬᠡᠷᠡᠭᠯᠡᠭᠰᠡᠨ 91 ᠲᠦᠷᠦᠯ ᠵᠦᠢᠯ᠂ ᠵᠢᠵᠢᠭ ᠬᠡᠯᠪᠡᠷᠢ ᠶᠢᠨ ᠰᠡᠶᠢᠮᠡᠬᠡᠢ ᠭᠦᠢᠬᠡᠨ ᠳᠠᠪᠬᠤᠷᠭ᠎ᠠ ᠶᠢᠨ | ᠭᠠᠵᠠᠷ ᠳᠣᠣᠷᠠᠬᠢ ᠤᠰᠤ ᠶᠢ ᠬᠡᠲᠦ ᠮᠠᠯᠲᠠᠭᠰᠠᠨ ᠣᠷᠣᠨ ᠵᠡᠷᠭᠡ ᠶᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠪᠡᠶᠡᠯᠡᠭᠦᠯᠵᠦ᠂ ᠨᠢᠭᠡ ᠪᠦᠯᠦᠭ ᠤᠷᠲᠤ ᠬᠤᠭᠤᠴᠠᠭ᠎ᠠ ᠪᠠᠷ ᠬᠤᠷᠠᠮᠳᠤᠭᠰᠠᠨ ᠵᠥᠷᠢᠴᠡᠯ ᠢ ᠪᠦᠲᠦᠮᠵᠢᠲᠡᠢ | ᠰᠢᠢᠳᠪᠦᠷᠢᠯᠡᠪᠡ᠃ | ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠭᠤᠷᠪᠠᠨ ᠶᠡᠭᠡ ᠪᠣᠭᠤᠮᠲᠠ | ᠰᠢᠪᠲᠤᠯᠤᠯᠲᠠ ᠰᠢᠨ᠎ᠡ ᠠᠬᠢᠴᠠ ᠲᠠᠢ ᠪᠣᠯᠪᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠵᠠᠩᠭᠢᠯᠠᠭ᠎ᠠ ᠶᠢᠨ ᠠᠬᠢᠴᠠ ᠲᠠᠢ ᠪᠣᠯᠬᠤ ᠶᠢ ᠠᠬᠢᠭᠤᠯᠪᠠ᠃ ᠤᠯᠤᠰ ᠤᠨ ᠪᠠᠶᠢᠭᠤᠯᠤᠮᠵᠢᠲᠣ | ᠰᠢᠶᠠᠨ ᠤ ᠵᠠᠰᠠᠭ ᠤᠨ ᠣᠷᠳᠣᠨ ᠤ ᠲᠠᠯᠳᠠ ᠥᠭᠴᠡᠭᠡ ᠶᠢ ᠠᠷᠢᠯᠭᠠᠬᠤ ᠲᠤᠷᠰᠢᠯᠲᠠ ᠶᠢᠨ ᠭᠠᠵᠠᠷ ᠣᠷᠣᠨ ᠢᠶᠠᠷ | ᠠᠮᠵᠢᠯᠲᠠ ᠲᠠᠢ ᠰᠣᠩᠭᠤᠭᠳᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 45.38 | ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 255% ᠪᠠᠷ ᠪᠡᠶᠡᠯᠡᠭᠦᠯᠪᠡ᠃ ᠠᠷᠠᠳ ᠤᠨ | ᠬᠤᠭᠤᠷᠣᠨᠳᠣᠬᠢ ᠵᠢᠭᠡᠯᠡᠯᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠮᠠᠯᠵᠢᠬᠤ ᠣᠷᠣᠨ ᠤ ᠲᠣᠭᠲᠠᠭᠠᠯ ᠠᠴᠠ | ᠵᠥᠷᠢᠴᠡᠭᠰᠡᠨ ᠥᠨᠳᠥᠷ ᠬᠦᠦ ᠲᠠᠢ ᠵᠢᠭᠡᠯᠡᠯᠭᠡ ᠶᠢ ᠪᠦᠬᠦᠨ ᠢ ᠰᠢᠢᠳᠪᠦᠷᠢᠯᠡᠪᠡ᠃ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ | ᠮᠥᠩᠭᠦ 800 ᠲᠦᠮᠡᠨ ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ 2 ᠢ ᠬᠡᠷᠡᠭᠵᠢᠭᠦᠯᠵᠦ᠂ | 4 ᠡᠷᠦᠬᠡ ᠳᠤ ᠴᠠᠬᠢᠯᠭᠠᠨ ᠨᠡᠪᠲᠡᠷᠡᠭᠦᠯᠵᠦ᠂ 9 ᠡᠷᠦᠬᠡ ᠶᠢᠨ ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠨ᠂ | 11 ᠡᠷᠦᠬᠡ ᠳᠤ ᠭᠡᠷᠡᠯ ᠰᠠᠯᠬᠢ ᠬᠠᠷᠢᠯᠴᠠᠨ ᠨᠥᠬᠦᠪᠥᠷᠢᠯᠡᠬᠦ ᠲᠦᠬᠦᠭᠡᠷᠦᠮᠵᠢ ᠤᠭᠰᠠᠷᠠᠵᠤ᠂ 15 ᠡᠷᠦᠬᠡ ᠶᠢᠨ ᠬᠡᠷ | ᠪᠠᠶᠢᠰᠢᠩ ᠢ ᠰᠢᠨ᠎ᠡ ᠪᠠᠷ ᠵᠠᠰᠠᠨ ᠪᠠᠶᠢᠭᠤᠯᠵᠤ᠂ 43 ᠡᠷᠦᠬᠡ ᠶᠢᠨ ᠢᠳᠡᠰᠢᠨ ᠬᠤᠨᠢᠨ ᠤ ᠲᠥᠷᠥ ᠶᠢᠨ ᠪᠣᠳᠣᠯᠭ᠎ᠠ ᠶᠢᠨ | ᠴᠢᠨᠠᠷᠲᠠᠶ ᠳᠠᠭᠠᠳᠬᠠᠯ ᠢ ᠣᠷᠣᠯᠠᠨ ᠲᠤᠰᠢᠶᠠᠵᠤ᠂ 58 ᠡᠷᠦᠬᠡ ᠳᠤ ᠤᠰᠤ ᠴᠡᠪᠡᠷᠰᠢᠭᠦᠯᠬᠦ ᠲᠥᠬᠦᠭᠡᠷᠦᠮᠵᠢ | ᠤᠭᠰᠠᠷᠠᠵᠤ᠂ ᠰᠤᠷᠭᠠᠨ ᠬᠥᠮᠦᠵᠢᠯ ᠤᠨ ᠨᠥᠬᠦᠪᠥᠷᠢ ᠲᠡᠳᠬᠦᠮᠵᠢ ᠨᠢ ᠬᠡᠤᠬᠡᠳ ᠤᠨ ᠴᠡᠴᠡᠷᠯᠢᠭ ᠠᠴᠠ ᠳᠡᠭᠡᠳᠦ | ᠰᠤᠷᠭᠠᠭᠤᠯᠢ ᠬᠦᠷᠲᠡᠯ᠎ᠡ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠡᠮᠴᠢᠯᠡᠭᠡᠨ ᠤ ᠲᠠᠩᠰᠠ ᠲᠠᠶᠢᠯᠬᠤ ᠶᠡᠷᠦᠩᠬᠡᠶ ᠬᠠᠷᠢᠴᠠᠯ ᠢ 90% ᠳᠤ ᠬᠦᠷᠦᠭᠦᠯᠵᠦ᠂ ᠬᠠᠷᠢᠴᠠᠩᠭᠤᠶ ᠶᠠᠳᠠᠭᠤ | ᠬᠦᠴᠢᠷᠳᠡᠯᠲᠡᠶ ᠡᠷᠦᠬᠡ 51 ᠡᠷᠦᠬᠡ᠂ 150 ᠬᠥᠮᠦᠨ ᠬᠠᠰᠤᠭᠳᠠᠵᠠᠶ᠃ ᠬᠦᠬᠡ ᠣᠭᠲᠠᠷᠭᠤᠢ᠂ ᠲᠤᠩᠭᠠᠯᠠᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠪᠢ ᠪᠠᠷ | ᠢᠶᠠᠨ ᠨᠡᠭᠦᠷᠡᠰᠦ ᠰᠢᠲᠠᠭᠠᠬᠤ᠂ ᠪᠠᠷᠢᠯᠭ᠎ᠠ ᠶᠢᠨ ᠠᠵᠢᠯ ᠤᠨ ᠬᠤᠭ ᠲᠣᠭᠤᠰᠣ᠂ ᠠᠭᠤᠷᠬᠠᠢ ᠶᠢᠨ ᠣᠷᠣᠨ ᠤ ᠪᠣᠬᠢᠷᠲᠤᠯ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠵᠠᠰᠠᠯᠲᠠ ᠮᠡᠳᠡᠭᠳᠡᠮ᠎ᠡ ᠦᠷ᠎ᠡ ᠪᠦᠲᠦᠮᠵᠢ ᠣᠯᠵᠤ᠂ ᠠᠭᠠᠷ ᠤᠨ | ᠰᠢᠯᠢᠳᠡᠭ ᠰᠠᠶᠢᠨ ᠨᠤᠷᠮ᠎ᠠ 98.9% ᠳᠤ ᠬᠦᠷᠴᠦ᠂ ᠬᠢᠨᠠᠨ ᠰᠢᠯᠭᠠᠬᠤ ᠬᠠᠷᠠᠯᠲᠠ ᠠᠴᠠ 8.9 ᠵᠠᠭᠤᠨ ᠤ ᠴᠢᠭ | ᠥᠨᠳᠥᠷ ᠪᠣᠯᠪᠠ︔ ᠭᠠᠵᠠᠷ ᠳᠣᠤᠷᠠᠬᠢ ᠲᠣᠰᠣᠨ ᠰᠠᠪᠠ ᠶᠢ ᠥᠭᠡᠷᠡᠴᠢᠯᠡᠬᠦ ᠡᠭᠦᠷᠭᠡ ᠶᠢ ᠪᠦᠬᠦᠨ ᠢ ᠪᠡᠶᠡᠯᠡᠭᠦᠯᠵᠦ᠂ | ᠭᠠᠵᠠᠷ ᠳᠣᠤᠷᠠᠬᠢ ᠤᠰᠤᠨ ᠤ ᠪᠣᠬᠢᠷᠲᠤᠯ ᠢ ᠴᠢᠩᠭ᠎ᠠ ᠬᠢᠵᠠᠭᠠᠷᠯᠠᠪᠠ︔ ᠭᠤᠤᠯ ᠤᠨ ᠲᠠᠷᠤᠭ᠎ᠠ ᠨᠠᠭᠤᠷ ᠤᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠯᠢ ᠶᠢᠨ ᠭᠤᠤᠯ ᠤᠨ ᠤᠰᠤᠨ ᠤ ᠴᠢᠨᠠᠷ IV | ᠲᠥᠷᠥᠯ ᠳᠤ ᠬᠥᠷᠪᠡ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ᠂ | ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 2000 | ᠲᠦᠮᠡᠨ ᠮᠦ ᠪᠠᠭᠠᠰᠬᠠᠨ ᠬᠠᠰᠤᠵᠤ᠂ ᠳᠦᠷᠢᠮ ᠠᠴᠠ ᠵᠦᠷᠢᠴᠡᠵᠦ ᠦᠪᠡᠷᠲᠡᠭᠡᠨ ᠮᠠᠯᠲᠠᠭᠰᠠᠨ 27 ᠬᠤᠳᠳᠤᠭ ᠢ | ᠪᠢᠲᠡᠭᠦᠮᠵᠢᠯᠡᠵᠦ᠂ ᠴᠡᠪᠡᠷᠰᠢᠭᠦᠯᠦᠭᠰᠡᠨ ᠤᠰᠤ ᠶᠢ ᠳᠠᠬᠢᠨ ᠠᠰᠢᠭᠯᠠᠬᠤ ᠨᠣᠷᠮ᠎ᠠ ᠶᠢ 38% ᠪᠣᠯᠲᠠᠯ᠎ᠠ | ᠳᠡᠭᠡᠭᠰᠢᠯᠡᠭᠦᠯᠪᠡ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠠᠰᠤᠷᠠᠯᠲᠠ ᠦᠭᠡᠢ | ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ | ᠤᠯᠠᠭᠠᠨ ᠱᠤᠭᠤᠮ ᠢ ᠬᠠᠮᠢᠶᠠᠷᠤᠨ ᠡᠵᠡᠮᠳᠡᠬᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ | ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ 50% ᠣᠷᠴᠢᠮ ᠤᠨ ᠤᠯᠤᠰ ᠤᠨ | ᠭᠠᠵᠠᠷ ᠰᠢᠷᠤᠢ ᠶᠢ ᠠᠮᠢ ᠠᠬᠤᠢ ᠶᠢᠨ ᠤᠯᠠᠭᠠᠨ ᠱᠤᠭᠤᠮ ᠢ ᠬᠠᠮᠢᠶᠠᠷᠤᠨ ᠡᠵᠡᠮᠳᠡᠬᠦ ᠬᠡᠪᠴᠢᠶᠡᠨ ᠳᠤ ᠬᠤᠪᠢᠶᠠᠷᠢᠯᠠᠨ | ᠤᠷᠤᠭᠤᠯᠬᠤ ᠪᠠᠷ ᠲᠦᠯᠦᠪᠯᠡᠵᠦ᠂ ᠠᠮᠢ ᠠᠬᠤᠢ ᠶᠢᠨ ᠨᠥᠬᠦᠪᠥᠷᠢ ᠱᠠᠩᠨᠠᠯ᠂ ᠪᠡᠯᠴᠢᠭᠡᠷ ᠰᠡᠷᠭᠦᠭᠡᠬᠦ ᠨᠥᠬᠦᠪᠥᠷᠢ᠂ ᠣᠢ | ᠰᠢᠭᠤᠢ ᠶᠢᠨ ᠠᠮᠢ ᠠᠬᠤᠢ ᠶᠢᠨ ᠨᠥᠬᠦᠪᠥᠷᠢ ᠶᠢ 1.26 ᠳ᠋ᠦᠩᠰᠢᠭᠤᠷ ᠲᠥᠭᠦᠷᠢᠭ ᠲᠠᠷᠬᠠᠭᠠᠵᠤ᠂ 32 ᠲᠦᠮᠡᠨ ᠮᠦ | ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 260 ᠲᠦᠮᠡᠨ ᠮᠦ | ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠵᠠᠰᠠᠵᠤ᠂ ᠪᠦᠬᠦ ᠤᠯᠤᠰ ᠤᠨ ᠨᠤᠲᠤᠭ | ᠪᠡᠯᠴᠢᠭᠡᠷ ᠤᠨ ᠠᠵᠢᠯ ᠤᠨ ᠬᠤᠷᠠᠯ ᠮᠠᠨ ᠤ ᠬᠤᠲᠠ ᠳᠤ ᠠᠮᠵᠢᠯᠲᠠ ᠲᠠᠢ ᠶᠠᠪᠤᠭᠳᠠᠪᠠ᠃ | ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠳᠣᠪᠤᠶᠢᠯᠭᠠᠵᠤ᠂ ᠶᠠᠰᠤ ᠴᠢᠨᠠᠷ ᠦᠷ᠎ᠡ ᠠᠰᠢᠭ ᠢ | ᠰᠢᠨ᠎ᠡ ᠳᠡᠭᠡᠭᠰᠢᠯᠡᠯᠲᠡ ᠲᠠᠢ ᠪᠣᠯᠭᠠᠪᠠ᠃ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠪᠡ᠃ ᠪᠠᠶᠢᠭᠠᠯᠢᠯᠢᠭ ᠪᠡᠯᠴᠢᠭᠡᠷ ᠤᠨ ᠳᠠᠭᠠᠭᠠᠴᠠ ᠶᠢ ᠭᠤᠷᠪᠠᠨ ᠵᠢᠯ ᠳᠠᠷᠠᠭᠠᠯᠠᠨ | ᠪᠠᠭᠠᠰᠬᠠᠭᠰᠠᠨ ᠰᠠᠭᠤᠷᠢᠨ ᠳᠡᠭᠡᠷ᠎ᠡ᠂ ᠮᠠᠯᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | 7% ᠠᠴᠠ ᠳᠡᠭᠡᠭᠰᠢ ᠨᠡᠮᠡᠭᠳᠡᠯ ᠤᠨ ᠬᠤᠷᠳᠤᠴᠠ ᠲᠠᠢ ᠪᠠᠶᠢᠯᠭᠠᠪᠠ᠃ ︽ᠬᠤᠨᠢ ᠶᠢ ᠴᠥᠭᠡᠳᠬᠡᠵᠦ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠡᠮᠬᠢ ᠴᠡᠭᠴᠡ ᠲᠠᠢ ᠠᠬᠢᠭᠤᠯᠵᠤ᠂ 2180 ᠲᠤᠯᠤᠭᠠᠢ ᠰᠢᠯᠢᠳᠡᠭ | ᠡᠭᠦᠯᠳᠡᠷ ᠤᠨ ᠢᠳᠡᠰᠢᠨ ᠦᠬᠡᠷ ᠣᠷᠣᠭᠤᠯᠵᠤ᠂ 5 ᠲᠦᠮᠡᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢ | ᠪᠡᠶᠡᠯᠡᠭᠦᠯᠵᠦ᠂ ᠦᠬᠡᠷ ᠤᠨ ᠲᠤᠭ᠎ᠠ 2.75 ᠲᠦᠮᠡ ᠨᠡᠮᠡᠭᠳᠡᠵᠦ᠂ ᠬᠤᠨᠢᠨ ᠤ ᠲᠤᠭ᠎ᠠ 7.6 ᠲᠦᠮᠡ ᠬᠠᠰᠤᠭᠳᠠᠪᠠ᠃ | ᠮᠣᠩᠭᠤᠯ ᠮᠤᠷᠢ ᠶᠢ ᠬᠠᠮᠠᠭᠠᠯᠠᠬᠤ ᠲᠥᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠮᠠᠯ ᠠᠵᠤ | ᠠᠬᠤᠢ ᠶᠢᠨ ᠣᠨ ᠤ ᠮᠤᠷᠢᠨ ᠤ ᠲᠤᠭ᠎ᠠ ᠶᠢ 2.3 ᠲᠦᠮᠡ ᠳᠤ ᠬᠦᠷᠭᠡᠵᠦ᠂ ᠸᠠᠨ ᠲᠧᠩ ᠭᠠᠳᠠᠭᠠᠳᠤ ᠠᠴᠠ | ᠣᠷᠣᠭᠤᠯᠤᠭᠰᠠᠨ ᠮᠤᠷᠢᠨ ᠤ ᠴᠡᠪᠡᠷ ᠡᠭᠦᠯᠳᠡᠷ ᠤᠨ ᠦᠷᠡᠵᠢᠭᠦᠯᠦᠨ ᠪᠤᠶᠢᠵᠢᠭᠤᠯᠬᠤ ᠲᠠᠯᠠᠪᠠᠢ ᠶᠢ ᠤᠷᠤᠭᠰᠢᠲᠠᠢ | ᠪᠠᠶᠢᠭᠤᠯᠵᠤ᠂ ᠵᠦᠩ ᠶᠦᠨ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠲᠥᠷᠦᠯ ᠵᠦᠢᠯ ᠢ | ᠦᠨᠳᠦᠰᠦᠨ ᠳᠡᠭᠡᠨ ᠪᠠᠶᠢᠭᠤᠯᠵᠤ ᠳᠠᠭᠤᠰᠪᠠ᠃ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠬᠠᠩᠭᠠᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠵᠤ᠂ ᠬᠤᠩ ᠶᠤᠸᠠᠨ ᠲᠥᠮᠥᠰᠥᠨ ᠵᠦᠰᠦᠮ᠂ | ᠢᠯᠢ ᠳᠡᠭᠡᠳᠦ ᠲᠡᠰ ᠤᠨ ᠰᠦ᠂ ᠢᠯᠢ ᠶᠢᠨ ᠠᠨ ᠮᠦ ᠰᠢ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ︔ | ᠠᠮᠢᠳᠤ ᠮᠠᠯ ᠡᠳ᠋ᠰᠢᠭᠦᠯᠬᠦ ᠶᠢ ᠳᠥᠷᠪᠡᠨ ᠵᠢᠯ ᠳᠠᠷᠠᠭᠠᠯᠠᠨ 200 ᠲᠦᠮᠡᠨ ᠬᠤᠨᠢᠴᠢᠯᠠᠬᠰᠠᠨ ᠨᠢᠭᠡᠴᠢ ᠠᠴᠠ ᠳᠡᠭᠡᠭᠰᠢ | ᠬᠡᠮᠵᠢᠶᠡᠨ ᠳᠤ ᠲᠤᠭᠳᠠᠪᠤᠷᠢᠵᠢᠭᠤᠯᠵᠤ᠂ ᠨᠠᠷᠢᠯᠢᠭ ᠡᠳ᠋ᠰᠢᠭᠦᠯᠦᠭᠰᠡᠨ ᠨᠣᠷᠮ᠎ᠠ 60% ᠠᠴᠠ ᠳᠡᠭᠡᠭᠰᠢ ᠪᠤᠯᠪᠠ᠃ ᠠᠵᠤ | ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ 41 ᠪᠤᠶᠢᠵᠢᠭᠤᠯᠵᠤ᠂ ᠮᠠᠯᠵᠢᠬᠤ ᠡᠷᠦᠬᠡ ᠪᠠ ᠠᠵᠤ | ᠠᠬᠤᠶᠢᠯᠠᠯ ᠤᠨ ᠴᠢᠩᠭ᠎ᠠ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢᠨ ᠬᠠᠷᠢᠴᠠᠯ ᠢ | 72% ᠲᠤ ᠬᠦᠷᠦᠭᠦᠯᠪᠡ᠃ ᠲᠠᠷᠢᠮᠠᠯ ᠤᠨ ᠲᠠᠷᠢᠬᠤ ᠲᠠᠯᠠᠪᠠᠶ ᠶᠢ 33.77 ᠲᠦᠮᠡᠨ ᠮᠥ ᠳᠤ ᠪᠠᠶᠢᠯᠭᠠᠵᠤ᠂ | ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠠᠯ᠎ᠠ ᠨᠤᠲᠤᠭ ᠤᠨ ᠮᠥᠭᠦ ᠵᠡᠷᠭᠡ ᠣᠨᠴᠠᠯᠢᠭᠲᠤ ᠲᠠᠷᠢᠮᠠᠯ ᠠᠩᠬ᠎ᠠ | ᠠᠯᠬᠤᠮ ᠬᠡᠪᠴᠢᠶᠡᠵᠢᠪᠡ᠃ ᠠᠵᠤ ᠦᠢᠯᠡᠳᠪᠦᠷᠢ ᠶᠢᠨ ᠠᠵᠤ ᠠᠬᠤᠶ ᠲᠦᠷᠭᠡᠨ ᠬᠥᠭᠵᠢᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 18.5% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠠᠶᠢᠮᠠᠭ ᠲᠤ ᠲᠡᠷᠢᠭᠦᠯᠡᠪᠡ᠃ ᠦᠢᠯᠡᠳᠬᠦᠨ ᠤ ᠥᠷᠲᠡᠭ ᠳ᠋ᠦᠩᠰᠢᠭᠤᠷ ᠲᠥᠭᠦᠷᠢᠭ ᠢ | ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 21 ᠡᠷᠦᠬᠡ ᠳᠤ ᠬᠦᠷᠴᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ ᠢᠯᠠᠯᠲᠠ ᠪᠠᠷᠠᠭᠤᠨ ᠬᠤᠶᠠᠳᠤᠭᠠᠷ᠂ ᠪᠠᠷᠠᠭᠤᠨ ᠭᠤᠷᠪᠠᠳᠤᠭᠠᠷ ᠨᠣᠮᠧᠷᠲᠤ ᠵᠠᠳᠠᠭᠠᠶ | ᠠᠭᠤᠷᠬᠠᠶ ᠶᠢ ᠬᠢᠨᠠᠨ ᠵᠥᠪᠰᠢᠶᠡᠷᠡᠭᠦᠯᠵᠦ᠂ ᠲᠡᠤᠬᠡᠨ ᠠᠴᠠ ᠪᠣᠶ ᠪᠣᠯᠤᠭᠰᠠᠨ ︽ᠵᠥᠪᠰᠢᠶᠡᠷᠡᠯ ᠥᠬᠡᠶ ᠪᠠᠷ ᠤᠷᠢᠳᠠᠪᠠᠷ | ᠪᠠᠶᠢᠭᠤᠯᠤᠭᠰᠠᠨ︾ ᠨᠡᠭᠦᠷᠡᠰᠦᠨ ᠠᠭᠤᠷᠬᠠᠶ ᠶᠢ ᠪᠦᠬᠦᠨ ᠢ ᠥᠬᠡᠶ ᠪᠣᠯᠭᠠᠪᠠ᠃ ᠱᠧᠨ ᠬᠤᠸᠠ ᠪᠠᠷᠠᠭᠤᠨ ᠨᠢᠭᠡᠳᠦᠭᠡᠷ | ᠨᠣᠮᠧᠷᠲᠤ ᠵᠠᠳᠠᠭᠠᠶ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ 800 ᠲᠦᠮᠡᠨ ᠲᠣᠨ ᠬᠢᠨᠠᠨ ᠨᠡᠮᠡᠭᠳᠡᠭᠦᠯᠬᠦ ᠨᠢ | ᠵᠦᠪᠰᠢᠶᠡᠷᠡᠯ ᠣᠯᠵᠤ᠂ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠦᠷᠭᠦᠯᠵᠢᠯᠡᠨ ᠴᠢᠩᠭᠠᠷᠠᠪᠠ᠃ ᠰᠠᠯᠬᠢᠨ ᠬᠦᠴᠦᠨ ᠤ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 79 ᠲᠦᠮᠡᠨ ᠺᠢᠯᠣᠸᠠᠲ ᠲᠤ ᠬᠦᠷᠭᠡᠵᠦ᠂ ᠣᠨᠴᠠ | ᠥᠨᠳᠥᠷ ᠬᠦᠴᠦᠳᠡᠯᠲᠦ ᠢᠵᠢ ᠪᠦᠷᠢᠳᠦᠭᠦᠯᠬᠦ 5 ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ | ᠲᠦᠷᠭᠡᠳᠬᠡᠨ ᠪᠠᠶᠢᠭᠤᠯᠪᠠ᠃ ᠮᠧᠩ ᠨᠧᠩ ᠴᠠᠬᠢᠯᠭᠠᠨ ᠤ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠳ᠋ᠠ ᠳᠠᠩ | ᠴᠠᠬᠢᠯᠭᠠᠨ ᠤ ᠦᠢᠯᠡᠳᠪᠦᠷᠢ ᠶᠢᠨ ᠨᠢᠭᠡᠳᠦᠭᠡᠷ ᠨᠣᠮᠧᠷᠲᠣ ᠮᠠᠰᠢᠨ ᠴᠣᠭᠴᠠᠯᠠᠪᠤᠷᠢ ᠠᠰᠢᠭᠯᠠᠯᠲᠠ ᠳᠤ ᠣᠷᠣᠵᠤ᠂ | ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 136 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ | ᠲᠣᠨᠣᠭᠯᠠᠯ ᠦᠢᠯᠡᠳᠬᠦ ᠠᠵᠤ ᠦᠢᠯᠡᠰ ᠤᠯᠠᠮ ᠨᠢᠭᠡ ᠠᠯᠬᠤᠮ ᠪᠤᠵᠠᠭᠠᠶᠢᠷᠠᠵᠤ᠂ ᠮᠢᠩ ᠶᠠᠩ ᠴᠠᠬᠢᠯᠭᠠᠨ᠂ | ᠱᠠᠩᠬᠠᠶ ᠶᠢᠨ ᠴᠠᠬᠢᠯᠭᠠᠨ᠂ ᠵᠦᠩ ᠼᠠᠢ ᠶᠢᠨ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠪᠠᠶᠢᠭᠤᠯᠤᠭᠳᠠᠵᠤ | ᠠᠰᠢᠭᠯᠠᠯᠲᠠ ᠳᠤ ᠣᠷᠣᠵᠤ᠂ ᠰᠠᠯᠬᠢᠨ ᠬᠦᠴᠦᠨ ᠤ ᠮᠠᠰᠢᠨ ᠦᠢᠯᠡᠳᠪᠦᠷᠢᠯᠡᠬᠦ ᠬᠡᠮᠵᠢᠶ᠎ᠡ ᠶᠢ 295 ᠰᠠᠭᠤᠷᠢ ᠪᠤᠯᠭᠠᠪᠠ | ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠨᠳᠤᠰᠢ ᠰᠠᠶᠢᠨ ᠪᠠᠶᠢᠵᠤ᠂ ᠢᠯᠵᠢᠮᠡᠭ ᠬᠦᠴᠢᠯ ᠤᠨ ᠲᠥᠷᠥᠯ | ᠵᠦᠢᠯ ᠨᠢ ᠠᠰᠢᠭᠯᠠᠯᠲᠠ ᠳᠤ ᠤᠷᠤᠭᠤᠯᠬᠤ ᠠᠴᠠ ᠡᠮᠦᠨᠡᠬᠢ ᠲᠤᠷᠰᠢᠯᠲᠠ ᠶᠢ ᠪᠡᠶᠡᠯᠡᠭᠦᠯᠵᠦ᠂ ᠰᠢᠩ ᠵᠢᠶᠠᠨ | ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠤᠷᠤᠭᠰᠢᠲᠠᠢ ᠨᠠᠶᠢᠳᠠᠪᠤᠷᠢᠵᠢᠪᠠ᠃ ᠨᠡᠭᠡᠭᠡᠯᠲᠡ ᠶᠢᠨ ᠤᠷᠤᠨ ᠢ | ᠲᠤᠬᠢᠷᠠᠭᠤᠯᠤᠨ ᠨᠢᠬᠡᠳᠬᠡᠬᠦ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠳᠤ | ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠥᠭᠴᠡᠶ᠃ ᠦᠢᠯᠡᠴᠢᠯᠡᠭᠡᠨ ᠤ ᠦᠢᠯᠡᠰ ᠥᠷᠨᠢᠨ ᠬᠥᠭᠵᠢᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 74.7 ᠳ᠋ᠦᠩᠰᠢᠭᠤᠷ | ᠲᠦᠭᠦᠷᠢᠭ ᠲᠤ ᠬᠦᠷᠴᠦ᠂ 3.6% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠨᠢ ᠵᠥᠭᠡᠯᠡᠨ ᠲᠣᠨᠤᠭ ᠤᠨ ᠰᠢᠯᠭᠠᠨ ᠬᠤᠷᠢᠶᠠᠯᠲᠠ ᠶᠢ | ᠦᠩᠭᠡᠷᠡᠵᠦ᠂ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠴᠢᠬᠤᠯᠠ ᠵᠠᠩᠭᠢᠯᠠᠭ᠎ᠠ ᠶᠢᠨ ᠭᠤᠭᠴᠤᠭᠠᠨ | ᠤ ᠲᠥᠯᠥᠪᠵᠢᠭᠦᠯᠭᠡ ᠶᠢ ᠠᠩᠬ᠎ᠠ ᠠᠯᠬᠤᠮ ᠪᠡᠶᠡᠯᠡᠭᠦᠯᠪᠡ᠃ ︽ᠳᠤᠮᠳᠠᠳᠤ ᠤᠯᠤᠰ ᠤᠨ ᠠᠲᠤᠭᠤᠨ ᠰᠤᠶᠤᠯ ᠤᠨ | ᠲᠦᠪ︾ ᠤᠨ ᠨᠠᠷᠠᠲᠤ ᠲᠡᠮᠲᠡᠭᠲᠦ ᠳᠤ ᠲᠦᠰᠢᠭᠯᠡᠨ᠂ ᠬᠤᠲᠠ ᠶᠢᠨ ᠵᠤᠴᠢᠳ ᠤᠨ ᠲᠢᠩᠬᠢᠮ᠂ ︽ᠶᠤᠸᠠᠨ ᠤ ᠳᠡᠭᠡᠳᠦ | ᠨᠡᠶᠢᠰᠯᠡᠯ ᠠᠴᠠ ᠠᠲᠤᠭᠤᠨ ᠰᠤᠶᠤᠯ ᠤᠨ ᠲᠦᠪ ᠬᠦᠷᠬᠦ ᠮᠣᠷᠢᠨ ᠵᠠᠮ︾ ᠵᠡᠷᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠳᠤᠭᠤᠨ ᠰᠣᠶᠣᠯ ᠢᠶᠠᠷ ᠭᠤᠤᠯ ᠰᠡᠳᠦᠪ ᠪᠣᠯᠭᠠᠭᠰᠠᠨ᠂ ᠳᠤᠮᠳᠠᠳᠤ | ᠤᠯᠤᠰ ᠤᠨ ᠠᠲᠤᠭᠤᠨ ᠰᠤᠶᠤᠯ ᠤᠨ ᠲᠥᠪ ᠲᠣᠭᠤᠷᠢᠭ ᠢᠶᠠᠷ ᠲᠣᠯᠣᠭᠠᠶᠢᠯᠠᠭᠤᠯᠤᠭᠰᠠᠨ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠰᠢᠰᠲ᠋ᠧᠮ ᠲᠦᠷᠭᠡᠨ ᠪᠦᠷᠢᠯᠳᠦᠪᠡ᠃ ᠳᠤᠮᠳᠠᠳᠤ ᠤᠯᠤᠰ ᠤᠨ ᠠᠲᠤᠭᠤᠨ ᠰᠤᠶᠤᠯ ᠤᠨ ᠲᠥᠪ | ᠲᠣᠭᠤᠷᠢᠭ ᠤᠨ ᠰᠣᠶᠣᠯ ᠤᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ 2019 ᠣᠨ ᠤ | ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠷᠪᠠᠨ ᠰᠣᠳᠣᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠳᠤᠯᠤᠨ ᠰᠤᠷᠤᠯᠴᠠᠬᠤ | ᠰᠠᠭᠤᠷᠢᠨ ᠭᠠᠵᠠᠷ ᠤᠨ ᠵᠢᠭᠤᠯᠴᠢᠯᠠᠯ ᠤᠨ ᠣᠷᠣᠨ ᠢ ᠤᠯᠤᠰ ᠤᠨ 3A ᠲᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢᠶᠠᠷ ᠴᠤᠭᠴᠠᠯᠠᠨ ᠪᠠᠶᠢᠭᠤᠯᠪᠠ᠃ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ ᠥᠪᠥᠷ | ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠪᠦᠬᠦ ᠠᠶᠢᠮᠠᠭ ᠤᠨ ᠲᠠᠯ᠎ᠠ ᠨᠤᠲᠤᠭ ᠤᠨ ᠨᠠᠭᠠᠳᠤᠮ ᠤᠨ ᠬᠤᠷᠠᠯ | ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 10 ᠭᠠᠷᠤᠢ ᠲᠠᠯᠠᠪᠤᠷ ᠠᠮᠵᠢᠯᠲᠠ ᠲᠠᠢ | ᠡᠷᠬᠢᠯᠡᠵᠦ᠂ 92.8 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠦᠳᠲᠡᠷ ᠲᠦᠷᠭᠡᠨ ᠬᠥᠭᠵᠢᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ | 55% ᠪᠠᠷ ᠨᠡᠮᠡᠭᠳᠡᠪᠡ᠃ ᠪᠣᠳᠠᠰ ᠤᠨ ᠭᠦᠢᠯᠭᠡᠭᠡᠨ ᠤ ᠦᠢᠯᠡᠰ ᠲᠣᠭᠲᠠᠭᠤᠨ ᠢᠶᠠᠷ ᠳᠡᠭᠡᠭᠰᠢᠯᠡᠵᠦ᠂ ᠱᠦᠨ | ᠹᠧᠩ ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠨᠢᠰᠬᠡᠯ ᠤᠨ ᠲᠡᠭᠡᠭᠡᠪᠦᠷᠢ ᠶᠢᠨ ᠠᠩᠬᠠᠳᠠᠭᠴᠢ ᠠᠶᠠᠯᠠᠯ ᠤᠨ ᠱᠤᠭᠤᠮ | ᠠᠮᠵᠢᠯᠲᠠ ᠲᠠᠢ ᠨᠡᠪᠲᠡᠷᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ | ᠦᠯᠡᠳᠡᠪᠦᠷᠢ ᠲᠤᠰ ᠲᠤᠰ 8.4% ᠪᠠ 7.6% ᠪᠠᠷ ᠨᠡᠮᠡᠭᠳᠡᠪᠡ᠃ | ︵ᠳᠥᠷᠪᠡ︶ ᠨᠢᠭᠡᠳᠦᠯᠲᠡᠢ ᠲᠦᠯᠦᠪᠵᠢᠭᠦᠯᠦᠨ ᠬᠥᠭᠵᠢᠭᠦᠯᠬᠦ ᠶᠢ ᠳᠣᠪᠤᠶᠢᠯᠭᠠᠵᠤ᠂ ᠬᠤᠲᠠ ᠬᠥᠳᠡᠭᠡ ᠶᠢᠨ ᠳᠦᠷᠰᠦ | ᠪᠠᠶᠢᠳᠠᠯ ᠳᠤ ᠰᠢᠨ᠎ᠡ ᠬᠤᠪᠢᠷᠠᠯᠲᠠ ᠭᠠᠷᠪᠠ᠃ ᠪᠣᠯᠪᠠᠰᠤᠨ ᠬᠤᠲᠠ᠂ ᠴᠡᠴᠡᠷᠯᠢᠭᠵᠢᠭᠰᠡᠨ ᠬᠤᠲᠠ ᠶᠢ ᠴᠤᠭᠴᠠᠯᠠᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ PPP ᠲᠥᠷᠥᠯ ᠵᠦᠢᠯ ᠪᠠ ᠠᠶᠢᠮᠠᠭ ᠤᠨ ᠲᠡᠰ ᠤᠨ ᠲᠤᠰᠬᠠᠶ | ᠲᠥᠷᠥᠯ ᠤᠨ ᠪᠠᠯᠠ ᠮᠥᠩᠭᠦ ᠶᠢ ᠪᠦᠲᠦᠮᠵᠢᠲᠠᠢ ᠠᠰᠢᠭᠯᠠᠨ᠂ ᠴᠤᠭᠴᠠᠯᠠᠨ ᠪᠠᠶᠢᠭᠤᠯᠬᠤ ᠳᠤᠲᠠᠭᠤᠳᠠᠯ ᠢᠶᠠᠨ | ᠨᠥᠬᠦᠪᠥᠷᠢᠯᠡᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠲᠥᠯᠥᠪᠵᠢᠭᠦᠯᠭᠡ ᠪᠠᠷ ᠬᠥᠲᠥᠯᠥᠨ | ᠳᠠᠭᠠᠭᠤᠯᠬᠤ ᠪᠠ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠤᠷᠤᠨ ᠤ ᠶᠡᠷᠦᠩᠬᠡᠢ ᠲᠦᠯᠦᠪᠵᠢᠭᠦᠯᠭᠡ᠂ ᠪᠠᠶᠢᠰᠡ ᠶᠢᠨ ᠰᠦᠮ᠎ᠡ ᠶᠢᠨ ᠲᠡᠦᠬᠡ ᠰᠣᠶᠣᠯ ᠤᠨ ᠵᠡᠭᠡᠯᠢ | ᠲᠣᠭᠤᠷᠢᠭ ᠤᠨ ᠬᠠᠮᠠᠭᠠᠯᠠᠯᠲᠠ ᠵᠡᠷᠭᠡ 5 ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠦᠯᠦᠪᠵᠢᠬᠦᠯᠬᠡ ᠶᠢᠨ | ᠵᠦᠪᠯᠡᠯ ᠳᠤ 141 ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠪᠡ᠃ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ 8.3 ᠺᠢᠯᠦᠮᠧᠲᠷ ᠤᠨ ᠵᠠᠮ ᠢ ᠰᠢᠨ᠎ᠡ ᠪᠠᠷ ᠪᠠᠶᠢᠭᠤᠯᠵᠤ᠂ ᠵᠢᠵᠢᠭ ᠵᠡᠭᠡᠯᠢ | ᠭᠤᠳᠤᠮᠵᠢ ᠶᠢ 5 ᠺᠢᠯᠦᠮᠧᠲᠷ ᠥᠭᠡᠷᠡᠴᠢᠯᠡᠨ ᠵᠠᠰᠠᠵᠤ᠂ 15.3 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠢ | ᠬᠠᠲᠠᠭᠤᠷᠠᠭᠤᠯᠤᠨ ᠳᠡᠪᠢᠰᠴᠦ᠂ 2.7 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ ᠭᠠᠳᠠᠷᠭᠤ ᠶᠢ ᠳᠡᠪᠢᠰᠴᠦ | ᠂ 42.6 ᠺᠢᠯᠦᠮᠧᠲᠷ ᠤᠨ ᠬᠤᠭᠤᠯᠠᠢ ᠲᠣᠣᠷ ᠳᠡᠪᠢᠰᠪᠡ᠃ ᠢᠯᠴᠢ ᠬᠠᠩᠭᠠᠬᠤ ᠬᠤᠭᠤᠯᠠᠢ ᠲᠣᠣᠷ ᠢ ᠨᠢᠭᠡᠳᠬᠡᠬᠦ | ᠡᠮᠦᠨ᠎ᠡ ᠬᠤᠭᠤᠴᠠᠭᠠᠨ ᠤ ᠲᠥᠯᠥᠪᠯᠡᠭᠡ ᠶᠢ ᠪᠡᠶᠡᠯᠡᠭᠦᠯᠵᠦ᠂ 17 ᠰᠠᠭᠤᠷᠢ ᠢᠯᠴᠢ ᠰᠣᠯᠢᠬᠤ ᠥᠷᠲᠡᠭᠡ ᠶᠢ | ᠥᠭᠡᠷᠡᠴᠢᠯᠡᠨ ᠪᠠᠶᠢᠭᠤᠯᠵᠤ᠂ ᠢᠯᠴᠢ ᠬᠠᠩᠭᠠᠬᠤ ᠴᠢᠳᠠᠪᠤᠷᠢ ᠶᠢ 600 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠭᠦᠯᠪᠡ︔ ᠤᠤᠯ ᠤᠨ ᠴᠧᠩ ᠭᠤᠸᠠᠨ ᠰᠤᠮᠤᠨ ᠤ ᠲᠠᠷᠢᠮᠠᠯ ᠤᠨ ᠲᠣᠭᠤᠷᠢᠭ ᠤᠨ ᠤᠰᠤ ᠬᠠᠩᠭᠠᠬᠤ | ᠢᠨᠵᠧᠨᠧᠷᠢᠩ ᠢ ᠬᠡᠷᠡᠭᠵᠢᠭᠦᠯᠵᠦ᠂ ᠪᠠᠶᠢᠭᠤᠯᠤᠭᠰᠠᠨ ᠤ ᠳᠠᠷᠠᠭ᠎ᠠ ᠡᠷᠭᠢᠨ ᠲᠣᠭᠤᠷᠢᠨ ᠤ 820 ᠭᠠᠷᠤᠢ ᠡᠷᠦᠬᠡ | ᠰᠠᠭᠤᠭᠠᠯᠢ ᠠᠷᠠᠳ ᠵᠢᠴᠢ ᠠᠵᠤ ᠠᠬᠤᠶᠢᠯᠠᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ᠠᠷᠠᠳ | ᠣᠯᠠᠨ ᠤ ᠠᠮᠣᠷ ᠠᠮᠤᠭᠤᠯᠠᠩ ᠢᠶᠠᠷ ᠰᠠᠭᠤᠷᠢᠰᠢᠬᠤ ᠶᠢ ᠶᠡᠬᠡᠪᠡᠷ ᠠᠬᠢᠭᠤᠯᠵᠤ᠂ ᠳᠥᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ 297 ᠢᠵᠢ᠂ 5 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠪᠠᠶᠢᠭᠤᠯᠵᠣ᠂ ᠲᠥᠪᠬᠢᠨᠡᠭᠦᠯᠬᠦ ᠭᠡᠷ ᠪᠠᠶᠢᠰᠢᠩ ᠢ 1893 ᠢᠵᠢ ᠲᠤᠰᠢᠶᠠᠨ ᠦᠭᠪᠡ︔ ᠨᠡᠶᠢᠲᠡ 11. | 7 ᠲᠦᠮᠡᠨ ᠢᠵᠢ ᠣᠷᠣᠨ ᠰᠠᠭᠤᠴᠠ ᠳᠤ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠭᠤᠯᠬᠤ ᠶᠢ | ᠭᠦᠢᠴᠡᠳᠬᠡᠵᠦ᠂ ᠶᠡᠷᠦᠩᠬᠡᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 81.8% ᠪᠣᠯᠪᠠ᠃ ᠬᠤᠲᠠ | ᠶᠢᠨ ᠲᠣᠭᠤᠷᠢᠭ ᠤᠨ 27 ᠬᠡᠰᠡᠭ ᠰᠡᠯᠡᠭᠦᠴᠡᠯ ᠤᠨ ᠭᠠᠵᠠᠷ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 26.4 | ᠲᠦᠮᠡᠨ ᠲᠡᠭᠰᠢ ᠳᠥᠷᠪᠡᠯᠵᠢᠨ ᠮᠧᠲᠷ ᠵᠦᠯᠭᠡ ᠭᠠᠵᠠᠷ ᠢ ᠰᠢᠨ᠎ᠡ ᠪᠠᠷ ᠨᠡᠮᠡᠭᠳᠡᠭᠦᠯᠵᠦ᠂ ᠤᠯᠤᠰ ᠤᠨ | ᠴᠡᠴᠡᠷᠯᠢᠭᠵᠢᠭᠦᠯᠦᠭᠰᠡᠨ ᠬᠤᠲᠠ ᠶᠢ ᠠᠮᠵᠢᠯᠲᠠ ᠲᠠᠢ ᠴᠤᠭᠴᠠᠯᠠᠨ ᠪᠠᠶᠢᠭᠤᠯᠪᠠ᠃ ᠠᠳᠠᠯ ᠠᠬᠤᠢ ᠶᠢᠨ | ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠪᠠᠷᠢᠮᠵᠢᠶᠠᠵᠢᠭᠰᠠᠨ ᠠᠳᠠᠯ ᠠᠬᠤᠢ ᠶᠢᠨ | ᠰᠠᠭᠤᠭᠠᠯᠢ ᠲᠣᠭᠤᠷᠢᠭ ᠤᠨ ᠬᠠᠷᠢᠴᠠᠯ ᠢ 79% ᠪᠣᠯᠲᠠᠯ᠎ᠠ ᠳᠡᠭᠡᠭᠰᠢᠯᠡᠭᠦᠯᠪᠡ᠃ ᠰᠢᠨ᠎ᠡ ᠡᠨᠧᠷᠭᠢ ᠶᠢᠨ ᠨᠡᠶᠢᠲᠡ ᠶᠢᠨ | ᠮᠠᠰᠢᠨ ᠲᠡᠷᠭᠡ 20 ᠨᠡᠮᠡᠭᠳᠡᠵᠦ᠂ ᠲᠤᠭ᠎ᠠ ᠬᠡᠮᠵᠢᠶᠡᠨ ᠤ ᠬᠠᠷᠢᠴᠠᠯ ᠨᠢ ᠪᠦᠬᠦ ᠣᠷᠣᠨ ᠤ ᠡᠮᠦᠨ᠎ᠡ ᠡᠩᠨᠡᠭᠡᠨ ᠳᠤ | ᠣᠷᠣᠪᠠ᠃ ᠬᠦᠲᠦᠯᠦᠨ ᠵᠢᠯᠤᠭᠤᠳᠬᠤ ᠪᠠ ᠰᠢᠳᠬᠡᠨ ᠲᠤᠷᠭᠠᠬᠤ ᠶᠢ ᠤᠶᠠᠯᠳᠤᠭᠤᠯᠤᠨ᠂ ᠬᠤᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠲᠤ ᠳᠥᠭᠦᠮ ᠦᠵᠡᠭᠦᠯᠬᠦ 4 ᠵᠠᠬ᠎ᠠ ᠳᠡᠯᠭᠡᠭᠦᠷ ᠢ ᠰᠢᠨ᠎ᠡ ᠪᠠᠷ | ᠪᠠᠶᠢᠭᠤᠯᠵᠤ᠂ ᠳᠦᠷᠢᠮ ᠠᠴᠠ ᠵᠦᠷᠢᠴᠡᠨ ᠪᠠᠶᠢᠭᠤᠯᠤᠭᠰᠠᠨ ᠪᠠᠷᠢᠯᠭ᠎ᠠ ᠶᠢ 1.2 ᠲᠦᠮᠡᠨ ᠲᠡᠭᠰᠢ ᠳᠥᠷᠪᠡᠯᠵᠢᠨ ᠮᠧᠲᠷ | ᠨᠤᠷᠠᠭᠠᠪᠠ᠃ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠬᠤᠭ ᠨᠣᠪᠰᠢ ᠶᠢ ᠲᠥᠷᠥᠯ | ᠬᠤᠪᠢᠶᠠᠬᠤ ᠲᠣᠷᠰᠢᠯᠲᠠ ᠶᠢᠨ ᠴᠢᠭ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ 3 ᠲᠦᠮᠡᠨ ᠲᠡᠭᠰᠢ | ᠳᠦᠷᠪᠡᠯᠵᠢᠨ ᠮᠧᠲᠷ ᠤᠨ ᠳᠤᠯᠠᠭᠠᠨ ᠫᠧᠩ᠂ ᠡᠪᠡᠰᠦ ᠬᠠᠳᠠᠭᠠᠯᠠᠬᠤ ᠫᠧᠩ ᠢ ᠰᠢᠨ᠎ᠡ ᠪᠠᠷ ᠪᠠᠶᠢᠭᠤᠯᠵᠤ᠂ 15 | ᠲᠦᠮᠡᠨ ᠮᠤ᠋ ᠨᠤᠲᠤᠭ ᠪᠡᠯᠴᠢᠭᠡᠷ ᠢ ᠪᠢᠲᠡᠭᠦᠮᠵᠢᠯᠡᠨ ᠪᠤᠶᠢᠵᠢᠭᠤᠯᠪᠠ᠃ 64 ᠤᠰᠤᠨ ᠤ ᠬᠤᠳᠳᠤᠭ ᠮᠠᠯᠲᠠᠵᠤ᠂ | 598 ᠢᠵᠢ ᠤᠰᠤ ᠰᠠᠶᠢᠵᠢᠷᠠᠭᠤᠯᠬᠤ ᠲᠥᠬᠦᠭᠡᠷᠦᠮᠵᠢ ᠤᠭᠰᠠᠷᠠᠵᠤ᠂ 470 ᠬᠥᠮᠦᠨ ᠤ ᠤᠤᠭᠤᠬᠤ ᠤᠰᠤᠨ ᠤ | ᠠᠮᠤᠷ ᠲᠦᠪᠰᠢᠨ ᠤ ᠬᠡᠮᠵᠢᠶ᠎ᠡ ᠶᠢ ᠪᠠᠲᠤᠳᠬᠠᠨ ᠳᠡᠭᠡᠭᠰᠢᠯᠡᠭᠦᠯᠪᠡ᠃ ᠮᠠᠯᠵᠢᠬᠤ ᠣᠷᠣᠨ ᠤ ᠵᠠᠰᠠᠮᠠᠯ ᠵᠠᠮ ᠢ 4.8 | ᠺᠢᠯᠦᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠢ | 556 ᠺᠢᠯᠦᠮᠧᠲᠷ ᠠᠷᠠᠴᠢᠯᠠᠨ ᠬᠠᠮᠠᠭᠠᠯᠠᠪᠠ᠃ ᠮᠠᠯᠵᠢᠬᠤ ᠣᠷᠣᠨ ᠤ 800 ᠡᠷᠦᠬᠡ ᠶᠢᠨ ᠵᠣᠷᠯᠣᠩ ᠢ ᠥᠭᠡᠷᠡᠴᠢᠯᠡᠪᠡ | ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠲᠠᠢ ᠽᠢ ᠴᠧᠩ ᠠᠴᠠ ᠰᠢᠯᠢ | ᠶᠢᠨ ᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠵᠤ᠂ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠦᠨᠳᠦᠷ | ᠬᠤᠷᠳᠤᠴᠠᠲᠤ ᠵᠠᠰᠠᠮᠠᠯ ᠵᠠᠮ ᠪᠦᠬᠦ ᠱᠤᠭᠤᠮ ᠢᠶᠠᠷ ᠨᠡᠪᠲᠡᠷᠡᠪᠡ᠃ 110 ᠺᠢᠯᠦᠸᠣᠯᠲ ᠤᠨ ᠬᠦᠴᠦᠳᠡᠯ ᠥᠭᠡᠷᠡᠴᠢᠯᠡᠬᠦ | ᠥᠷᠲᠡᠭᠡ 1 ᠰᠠᠭᠤᠷᠢ᠂ ᠴᠠᠬᠢᠯᠭᠠᠨ ᠬᠦᠴᠦᠨ ᠤ ᠱᠤᠭᠤᠮ 77 ᠺᠢᠯᠦᠮᠧᠲᠷ ᠰᠢᠨ᠎ᠡ ᠪᠠᠷ ᠪᠠᠶᠢᠭᠤᠯᠪᠠ᠃ | ᠰᠦᠯᠵᠢᠶᠡᠨ ᠤ ᠰᠠᠭᠤᠷᠢ ᠥᠷᠲᠡᠭᠡ ᠶᠢ 230᠂ ᠲᠡᠮᠦᠷ ᠰᠤᠪᠤᠷᠭ᠎ᠠ ᠶᠢ 10 ᠪᠠᠶᠢᠭᠤᠯᠵᠤ᠂ 16 ᠭᠠᠴᠠᠭ᠎ᠠ | ᠲᠣᠰᠬᠤᠨ ᠤ 4G ᠶᠢᠨ ᠨᠡᠶᠢᠳᠡᠮ ᠲᠤᠷᠰᠢᠯᠲᠠ ᠶᠢᠨ ᠴᠢᠭ ᠤᠨ ᠦᠢᠯᠡᠴᠢᠯᠡᠭᠡ ᠶᠢ ᠪᠡᠶᠡᠯᠡᠭᠦᠯᠦᠨ᠂ ᠪᠥᠬᠦ | ᠠᠶᠢᠮᠠᠭ ᠤᠨ ᠠᠩᠬᠠᠳᠠᠭᠴᠢ 5G ᠶᠢᠨ ᠲᠣᠷᠰᠢᠯᠲᠠ ᠶᠢᠨ ᠰᠠᠭᠤᠷᠢ ᠥᠷᠲᠡᠭᠡ ᠶᠢ ᠨᠡᠪᠲᠡᠷᠡᠭᠦᠯᠪᠡ᠃ | ︵ᠲᠠᠪᠤ︶ ᠥᠭᠡᠷᠡᠴᠢᠯᠡᠯᠲᠡ ᠨᠡᠭᠡᠭᠡᠯᠳᠡ ᠶᠢ ᠲᠤᠪᠤᠶᠢᠯᠭᠠᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠰᠢᠨ᠎ᠡ | ᠳᠡᠭᠡᠭᠰᠢᠯᠡᠯᠲᠡ ᠲᠠᠢ ᠪᠣᠯᠪᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ | ᠦᠢᠯᠡᠴᠢᠯᠡᠬᠦ︾ ᠰᠢᠨ᠎ᠡ ᠬᠢᠨᠠᠨ ᠵᠥᠪᠰᠢᠶᠡᠷᠡᠬᠦ ᠠᠯᠬᠤᠮ ᠲᠠᠷᠠᠭ᠎ᠠ ᠪᠠᠷ 2.5 ᠲᠦᠮᠡᠨ ᠬᠤᠪᠢ ᠶᠠᠪᠤᠲᠠᠯ ᠢ ᠬᠦᠯᠢᠶᠡᠨ | ᠰᠢᠢᠳᠪᠦᠷᠢᠯᠡᠵᠦ᠂ ᠰᠦᠯᠵᠢᠶᠡᠨ ᠳᠡᠭᠡᠷ᠎ᠡ 419 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠤᠷᠢᠳᠴᠢᠯᠠᠨ | ᠬᠢᠨᠠᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠨᠡᠶᠢᠭᠡᠮ ᠲᠣᠭᠤᠷᠢᠭ ᠲᠤ | ᠪᠠᠭᠤᠯᠭᠠᠬᠤ ᠪᠠᠷ ᠳᠠᠮᠵᠢᠵᠣ 161 ᠵᠦᠢᠯ ᠢ ᠭᠦᠢᠴᠡᠳᠭᠡᠵᠦ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠢ | ᠰᠢᠢᠳᠪᠦᠷᠢᠯᠡᠬᠦ ᠭᠤᠭᠴᠤᠭ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠠᠮᠠᠯᠠᠯᠲᠠ ᠶᠢᠨ ᠴᠠᠭ ᠤᠨ ᠬᠢᠵᠠᠭᠠᠷ ᠢ ᠲᠣᠰ | ᠲᠣᠰ 26.9%᠂ 14.7% ᠪᠠ 56.2% ᠢᠶᠠᠷ ᠪᠠᠭᠠᠰᠬᠠᠪᠠ᠃ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠠᠵᠤ ᠠᠬᠤᠶᠢᠯᠠᠯ ᠡᠷᠬᠢᠯᠡᠬᠦ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠲᠣᠰ ᠲᠣᠰ 3 ᠪᠠ 97 | ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠳᠠᠩᠰᠠᠯᠠᠭᠤᠯᠤᠭᠰᠠᠨ | ᠪᠡᠯᠡ ᠮᠥᠩᠭᠦ ᠶᠢ ᠲᠣᠰ ᠲᠣᠰ 4.3% ᠪᠠ 15.5% ᠨᠡᠮᠡᠭᠳᠡᠭᠦᠯᠵᠦ᠂ ᠪᠦᠬᠦ ᠠᠶᠢᠮᠠᠭ ᠤᠨ ︽ᠪᠠᠭᠤᠯᠭᠠᠬᠤ᠂ | ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠮᠠᠨ ᠤ ᠬᠤᠲᠠ ᠳᠤ ᠠᠮᠵᠢᠯᠲᠠ ᠲᠠᠢ ᠡᠷᠬᠢᠯᠡᠪᠡ᠃ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠦᠷ᠎ᠡ ᠪᠦᠲᠦᠮᠵᠢ ᠣᠯᠵᠤ᠂ 6.5 ᠳ᠋ᠦᠩᠰᠢᠭᠤᠷ | ᠲᠥᠭᠦᠷᠢᠭ ᠤᠨ ᠭᠠᠶᠢᠯᠢ ᠶᠢ ᠬᠥᠩᠭᠡᠯᠡᠵᠦ ᠬᠡᠯᠲᠦᠷᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ | ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ 10.98 ᠳ᠋ᠦᠩᠰᠢᠭᠤᠷ ᠲᠥᠭᠦᠷᠢᠭ | ᠪᠤᠴᠠᠭᠠᠵᠤ᠂ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠬᠦᠯᠪᠡ᠃ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ | ᠬᠦᠴᠢᠷ ᠠᠰᠠᠭᠤᠳᠠᠯ ᠢ ᠰᠢᠢᠳᠪᠦᠷᠢᠯᠡᠵᠦ᠂ 1.1 ᠳ᠋ᠦᠩᠰᠢᠭᠤᠷ ᠲᠥᠭᠦᠷᠢᠭ ᠤᠨ ᠪᠠᠲᠤᠯᠠᠭᠠᠲᠤ ᠵᠢᠭᠡᠯᠡᠯᠭᠡ ᠶᠢ | ᠨᠠᠶᠢᠳᠠᠪᠤᠷᠢᠵᠢᠭᠤᠯᠪᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠪᠠᠶᠢᠩᠭᠤᠵᠢᠭᠤᠯᠬᠤ ᠶᠢ ᠪᠡᠶᠡᠯᠡᠭᠦᠯᠪᠡ᠃ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ | ᠪᠡᠶᠡᠯᠡᠭᠦᠯᠪᠡ᠃ ᠬᠦᠳᠡᠭᠡ ᠲᠤᠰᠬᠤᠨ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ 21 ᠭᠠᠴᠠᠭ᠎ᠠ ᠳᠤ ᠰᠢᠨ᠎ᠡ ᠬᠡᠯᠪᠡᠷᠢ ᠶᠢᠨ ᠬᠠᠮᠲᠤ ᠶᠢᠨ ᠬᠤᠪᠢ | ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠪᠠᠶᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠶᠢ ᠡᠭᠦᠳᠬᠦ ᠶᠢ ᠲᠠᠰᠤᠷᠠᠯᠲᠠ ᠥᠬᠡᠶ ᠴᠢᠩᠭᠠᠳᠬᠠᠵᠤ᠂ 28 ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ ᠤᠨ ᠭᠤᠤᠯ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ | ᠭᠠᠳᠠᠭᠠᠳᠤ ᠯᠤᠭ᠎ᠠ ᠶᠢᠨ ᠰᠣᠯᠢᠯᠴᠠᠭ᠎ᠠ ᠢᠯᠡᠳᠲᠡ ᠦᠷ᠎ᠡ ᠪᠦᠲᠦᠮᠵᠢ ᠣᠯᠵᠤ᠂ ᠭᠡᠷ᠎ᠡ ᠲᠣᠭᠲᠠᠭᠰᠠᠨ ᠲᠥᠷᠥᠯ ᠵᠦᠢᠯ | 4 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ 8.85 ᠳ᠋ᠦᠩᠰᠢᠭᠤᠷ ᠲᠦᠭᠦᠷᠢᠭ ᠲᠤ ᠬᠥᠷᠪᠡ︔ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠪᠡᠯᠡ ᠮᠥᠩᠭᠦ 78.1 ᠳ᠋ᠦᠩᠰᠢᠭᠤᠷ ᠲᠥᠭᠦᠷᠢᠭ ᠨᠠᠶᠢᠲᠠᠪᠤᠷᠢᠵᠢᠵᠤ᠂ 43.6% ᠪᠠᠷ | ᠨᠡᠮᠡᠭᠳᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠣᠪᠤᠶᠢᠯᠭᠠᠵᠤ᠂ ᠨᠡᠶᠢᠭᠡᠮ ᠤᠨ ᠦᠢᠯᠡᠰ ᠰᠢᠨ᠎ᠡ | ᠬᠥᠭᠵᠢᠯᠲᠡ ᠲᠠᠢ ᠪᠣᠯᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠡᠳ᠋ ᠤᠨ ᠵᠠᠰᠠᠭ ᠤᠨ ᠪᠠᠶᠢᠳᠠᠯ ᠲᠦᠢᠯ ᠤᠨ ᠪᠠᠴᠢᠮ᠂ ᠵᠠᠷᠤᠯᠭ᠎ᠠ ᠶᠢᠨ ᠳᠠᠷᠤᠯᠲᠠ | ᠦᠷᠭᠦᠯᠵᠢᠯᠡᠨ ᠨᠡᠮᠡᠭᠳᠡᠵᠦ ᠪᠠᠶᠢᠭ᠎ᠠ ᠬᠦᠴᠢᠷᠳᠡᠯ ᠲᠤᠤᠷ᠎ᠠ᠂ ᠮᠦᠨ ᠬᠦ 55.5% ᠶᠢᠨ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠦ᠂ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠦᠷᠭᠦᠯᠵᠢᠯᠡᠨ | ᠴᠢᠩᠭᠠᠷᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠦᠭᠴᠦ | ᠲᠤᠭᠳᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠮᠬᠢ ᠴᠡᠭᠴᠡ ᠲᠠᠢ | ᠬᠡᠷᠡᠭᠵᠢᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ᠂ ᠮᠠᠯᠵᠢᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠢᠵᠢᠭ ᠵᠡᠭᠡᠯᠢ ᠭᠤᠳᠤᠮᠵᠢ ᠶᠢ ᠵᠠᠰᠠᠨ ᠦᠭᠡᠷᠡᠴᠢᠯᠡᠬᠦ ᠵᠡᠷᠭᠡ | ᠠᠷᠠᠳ ᠤᠨ ᠠᠮᠢᠳᠤᠷᠠᠯ ᠤᠨ 4 ᠵᠦᠢᠯ ᠤᠨ ᠪᠣᠳᠠᠲᠤ ᠶᠠᠪᠤᠲᠠᠯ ᠢ ᠦᠨᠳᠦᠰᠦᠨ ᠳᠡᠭᠡᠨ ᠪᠡᠶᠡᠯᠡᠭᠦᠯᠵᠦ᠂ ᠤᠶᠤᠨᠲᠤ ᠵᠠᠮ | ᠬᠠᠷᠢᠯᠴᠠᠭ᠎ᠠ ᠪᠠ ᠬᠤᠭᠤᠯᠠᠨ ᠭᠡᠷ ᠲᠤᠭᠤᠭᠠᠨ ᠭᠡᠷ ᠤᠨ ᠬᠤᠭ ᠨᠣᠪᠰᠢ ᠶᠢ ᠴᠡᠭᠴᠡᠯᠡᠨ ᠵᠠᠰᠠᠬᠤ ᠠᠷᠠᠳ ᠤᠨ | ᠠᠮᠢᠳᠤᠷᠠᠯ ᠤᠨ 2 ᠪᠣᠳᠠᠲᠤ ᠶᠠᠪᠤᠳᠠᠯ ᠨᠢ ᠱᠠᠲᠤ ᠦᠶ᠎ᠡ ᠶᠢᠨ ᠴᠢᠨᠠᠷᠲᠠᠢ ᠠᠬᠢᠯᠲᠠ ᠲᠠᠢ ᠪᠣᠯᠪᠠ᠃ ᠠᠵᠢᠯ ᠣᠯᠭᠤᠬᠤ | ᠦᠢᠯᠡᠰ ᠪᠣᠰᠬᠠᠬᠤ ᠶᠢ ᠯᠠᠪᠳᠠᠭᠤᠨ ᠪᠦᠲᠦᠮᠵᠢᠲᠡᠢ ᠪᠠᠶᠢᠯᠭᠠᠵᠤ᠂ 1583 ᠲᠦᠮᠡᠨ ᠲᠥᠭᠦᠷᠢᠭ ᠤᠨ ᠦᠢᠯᠡᠰ | ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 758 ᠬᠥᠮᠦᠨ ᠤ ᠦᠢᠯᠡᠰ ᠪᠣᠰᠬᠠᠬᠤ ᠶᠢ ᠳᠡᠮᠵᠢᠪᠡ᠃ ᠬᠤᠲᠠ | ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠳ 3200 ᠬᠦᠮᠦᠨ ᠪᠠᠶᠢᠵᠤ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 2.9% ᠶᠢᠨ ᠨᠡᠯᠢᠶᠡᠳ ᠳᠣᠤᠷ᠎ᠠ ᠲᠦᠪᠰᠢᠨ ᠳᠤ | ᠬᠢᠵᠠᠭᠠᠷᠯᠠᠵᠤ᠂ ᠪᠥᠬᠦ ᠣᠷᠣᠨ ᠤ ᠬᠢ ᠠᠴᠠ 0.8 ᠵᠠᠭᠤᠨ ᠤ ᠴᠢᠭ ᠳᠣᠤᠷ᠎ᠠ ᠪᠠᠶᠢᠨ᠎ᠠ᠃ ᠮᠠᠯᠴᠢᠨ ᠲᠠᠷᠢᠶᠠᠴᠢᠨ | ᠬᠦᠴᠦ ᠶᠠᠪᠤᠭᠰᠠᠳ ᠲᠤ ᠦᠷᠢᠲᠦᠵᠦ ᠪᠠᠶᠢᠭ᠎ᠠ ᠴᠠᠯᠢᠩ ᠢ ᠬᠥᠳᠡᠯᠦᠩᠭᠦᠶ ᠪᠠᠷ ᠣᠯᠭᠤᠬᠤ ᠶᠢ ᠪᠡᠶᠡᠯᠡᠭᠦᠯᠪᠡ᠃ | ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠳᠡᠮ ᠪᠥᠷᠬᠦᠭᠦᠯᠬᠦ ᠶᠢ | ᠪᠡᠶᠡᠯᠡᠭᠦᠯᠪᠡ᠃ ᠡᠯ᠎ᠡ ᠲᠥᠷᠥᠯ ᠤᠨ ᠪᠠᠲᠤᠯᠠᠭ᠎ᠠ᠂ ᠠᠪᠤᠷᠠᠨ ᠲᠤᠰᠠᠯᠠᠬᠤ ᠪᠡᠯᠡ ᠮᠥᠩᠭᠦ ᠶᠢ 7000 ᠲᠦᠮᠡᠨ | ᠲᠥᠭᠦᠷᠢᠭ ᠲᠠᠷᠬᠠᠭᠠᠵᠤ᠂ 1.4 ᠲᠦᠮᠡᠨ ᠬᠥᠮᠦᠨ ᠳᠤ ᠠᠰᠢᠭ ᠬᠦᠷᠲᠡᠭᠡᠪᠡ᠃ ᠰᠢᠯᠢᠨ ᠢ ᠾᠧ ᠶᠤᠸᠠᠨ ᠣᠯᠠᠨ | ᠤᠯᠤᠰ ᠤᠨ ᠨᠠᠰᠤᠲᠠᠨ ᠢ ᠠᠰᠠᠷᠠᠬᠤ ᠲᠥᠪ ᠤᠨ ᠲᠥᠷᠥᠯ ᠵᠦᠢᠯ ᠢ ᠲᠣᠷᠰᠢᠨ ᠡᠵᠡᠩᠨᠡᠵᠦ᠂ ᠰᠢᠨ᠎ᠡ ᠲᠣᠭᠤᠷᠢᠭ ᠤᠨ | ᠨᠠᠰᠤᠲᠠᠨ ᠢ ᠠᠰᠠᠷᠠᠨ ᠰᠤᠪᠢᠯᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ ᠨᠠᠶᠢᠳᠠᠨ ᠠᠰᠠᠷᠠᠭᠤᠯᠬᠤ | ᠲᠥᠪ ᠤᠨ ᠲᠥᠷᠥᠯ ᠵᠦᠢᠯ ᠢ ᠡᠬᠢᠯᠡᠨ ᠪᠠᠶᠢᠭᠤᠯᠪᠠ᠃ ᠰᠤᠷᠭᠠᠨ ᠬᠥᠮᠦᠵᠢᠯ ᠤᠨ ᠦᠢᠯᠡᠰ ᠲᠣᠭᠲᠠᠭᠤᠨ ᠢᠶᠠᠷ | ᠳᠡᠭᠡᠭᠰᠢᠯᠡᠵᠦ᠂ ᠲᠤᠬᠢᠷᠠᠬᠤ ᠨᠠᠰᠤᠨ ᠤ ᠬᠡᠦᠬᠡᠳ ᠤᠳ ᠤᠨ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ 91% | ᠳᠤ ᠬᠦᠷᠴᠦ᠂ ᠲᠦᠭᠡᠮᠡᠯ ᠬᠠᠷᠠᠭᠠᠯᠵᠠᠯ ᠦᠵᠡᠭᠦᠯᠬᠦ ᠨᠣᠷᠮ᠎ᠠ 82% ᠲᠤ ᠬᠦᠷᠴᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠠᠬᠢᠵᠢᠭᠦᠯᠬᠦ ᠨᠣᠷᠮ᠎ᠠ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠣᠳᠣᠨ ᠰᠤᠷᠭᠠᠭᠤᠯᠢ ᠶᠢ | ᠡᠭᠦᠳᠦᠨ ᠪᠠᠶᠢᠭᠤᠯᠬᠤ ᠨᠣᠷᠮ᠎ᠠ ᠴᠥᠮ 100% ᠳᠤ ᠬᠦᠷᠴᠦ᠂ ᠲᠡᠭᠡᠲᠤ ᠲᠤᠮᠲᠠᠲᠤ ᠶᠢᠨ ᠰᠤᠷᠭᠠᠨ ᠬᠦᠮᠦᠵᠢᠯ ᠤᠨ | ᠵᠢᠭᠠᠨ ᠰᠤᠷᠭᠠᠬᠤ ᠶᠠᠰᠤ ᠴᠢᠨᠠᠷ ᠯᠠᠪᠲᠠᠭᠤᠨ ᠢᠶᠠᠷ ᠲᠡᠭᠡᠭᠰᠢᠯᠡᠪᠡ︔ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠬᠤ ᠠᠰᠠᠷ᠂ ᠰᠢᠯᠢ ᠶᠢᠨ ᠬᠤᠲᠠ ᠶᠢᠨ ᠬᠡᠤᠬᠡᠳ ᠤᠨ ᠴᠡᠴᠡᠷᠯᠢᠭ ᠢ ᠲᠦᠷᠭᠡᠳᠬᠡᠨ ᠪᠠᠶᠢᠭᠤᠯᠵᠤ᠂ ᠰᠤᠷᠭᠠᠭᠤᠯᠢ | ᠡᠷᠬᠢᠯᠡᠬᠦ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ︔ ᠰᠤᠷᠭᠠᠭᠤᠯᠢ ᠶᠢᠨ ᠭᠠᠲᠠᠨᠠᠬᠢ ᠪᠤᠯᠪᠠᠰᠤᠷᠠᠯ ᠤᠨ | ᠪᠠᠶᠢᠭᠤᠯᠤᠮᠵᠢ ᠶᠢᠨ ᠤᠷᠲᠤ ᠬᠤᠭᠤᠴᠠᠭᠠᠲᠤ ᠵᠠᠰᠠᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠰᠠᠭᠤᠭᠠᠯᠢ | ᠲᠤᠭᠤᠷᠢᠭ ᠤᠨ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠤᠨ ᠵᠠᠰᠠᠯᠲᠠ ᠶᠢ ᠬᠦᠨᠵᠡᠭᠡᠢ ᠦᠷᠨᠢᠬᠦᠯᠪᠡ︔ 44 | ᠪᠠᠭᠰᠢ ᠶᠢ ᠰᠢᠨ᠎ᠡ ᠪᠠᠷ ᠤᠷᠢᠵᠤ᠂ ᠬᠤᠲᠠ ᠶᠢᠨ ᠲᠡᠰ ᠤᠨ ︽ᠨᠡᠷᠡᠲᠦ ᠪᠠᠭᠰᠢ ᠶᠢᠨ ᠠᠵᠢᠯᠯᠠᠬᠤ ᠲᠠᠰᠤᠭ︾ ᠢ 25 | ᠪᠠᠶᠢᠭᠤᠯᠵᠤ᠂ ᠪᠠᠭᠰᠢ ᠶᠢᠨ ᠪᠤᠯᠪᠠᠰᠤᠷᠠᠯ ᠢ 2700 ᠬᠥᠮᠦᠨ ᠤᠳᠠᠭ᠎ᠠ ᠥᠷᠨᠢᠭᠦᠯᠵᠦ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠲᠠ ᠶᠢᠨ ᠱᠠᠲᠤᠨ ᠤ 19 ᠡᠮᠴᠢᠯᠡᠭᠡᠨ ᠤ ᠪᠠᠶᠢᠭᠤᠯᠤᠮᠵᠢ ᠨᠢ | ᠠᠶᠢᠮᠠᠭ ᠤᠨ ᠲᠦᠪ ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ | ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠪᠡ᠃ | 1637 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠠᠢ ᠰᠡᠷᠭᠡᠶᠢᠯᠡᠨ | ᠡᠵᠡᠮᠳᠡᠵᠦ᠂ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠪᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠦᠷᠨᠢᠬᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ | ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠬᠦᠯᠵᠦ᠂ ᠡᠷᠡᠭᠦᠯ ᠮᠡᠨᠲᠦ ᠶᠢ | ᠠᠬᠢᠭᠤᠯᠬᠤ ᠬᠤᠲᠠ ᠶᠢᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠪᠠ᠃ ᠨᠡᠶᠢᠭᠡᠮ ᠤᠨ ᠳᠠᠭᠠᠳᠬᠠᠯ ᠢ ᠮᠡᠬᠡᠯᠡᠬᠦ | ᠠᠵᠢᠯᠯᠠᠭ᠎ᠠ ᠳᠤ ᠴᠤᠬᠢᠯᠲᠠ ᠦᠭᠬᠦ ᠲᠤᠰᠬᠠᠶ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ | ᠲᠦᠪᠰᠢᠨ ᠢᠯᠡᠳᠲᠡ ᠳᠡᠭᠡᠭᠰᠢᠯᠡᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠵᠦ᠂ ᠤᠯᠠᠭᠠᠨᠮᠥ᠋ᠴᠢᠷ ᠤᠨ | ᠠᠷᠠᠳ ᠲᠤ ᠠᠰᠢᠭ ᠬᠦᠷᠲᠡᠭᠡᠬᠦ ᠲᠣᠭᠯᠠᠯᠲᠠ 200 ᠭᠠᠷᠤᠶ ᠲᠠᠯᠠᠪᠤᠷ ᠶᠠᠪᠤᠭᠲᠠᠵᠤ᠂ ᠲᠣᠮᠣ ᠬᠡᠯᠪᠡᠷᠢ ᠶᠢᠨ ᠮᠣᠩᠭᠤᠯ | ᠵᠦᠴᠦᠭᠡ ︽ᠮᠤᠩᠭᠤᠯ ᠮᠤᠷᠢ︾ ᠨᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠮᠣᠩᠭᠤᠯ | ᠬᠡᠯᠡᠨ ᠤ ᠰᠢ ᠵᠦᠴᠦᠭᠡ ᠶᠢᠨ ᠦᠵᠡᠭᠦᠯᠦᠯᠭᠡ ᠶᠢᠨ ᠬᠠᠮᠤᠭ ᠰᠢᠯᠢᠳᠡᠭ ᠰᠤᠩᠭᠤᠭᠲᠠᠨ ᠤᠷᠤᠭᠰᠠᠨ ᠵᠦᠴᠦᠭᠡ ᠶᠢᠨ | ᠱᠠᠩᠨᠠᠯ ᠢ ᠭᠥᠷᠳᠡᠵᠦ᠂ ︽ᠰᠠᠳᠤᠨ ᠲᠥᠷᠥᠯ ᠮᠢᠨᠢ ᠰᠠᠶᠢᠨ ᠪᠠᠶᠢᠨ᠎ᠠ ᠦᠦ︾ ᠭᠡᠬᠦ ᠳᠠᠭᠤᠤ ᠨᠢ ᠥᠪᠡᠷᠲᠡᠭᠡᠨ ᠵᠠᠰᠠᠬᠤ | ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠢᠨᠵᠧᠨᠧᠷᠢᠩ︾ ᠤᠨ ᠱᠠᠩᠨᠠᠯ ᠢ | ᠭᠥᠷᠳᠡᠪᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠦᠷᠨᠢᠩᠭᠦᠢ ᠬᠦᠭᠵᠢᠵᠦ᠂ ᠪᠦᠬᠦ ᠣᠷᠣᠨ ᠤ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠴᠤᠭᠴᠠᠯᠠᠨ | ᠪᠠᠶᠢᠭᠤᠯᠪᠠ᠃ | ᠨᠡᠶᠢᠭᠡᠮ ᠤᠨ ᠠᠮᠤᠷ ᠲᠦᠪᠰᠢᠨ ᠦᠷᠭᠦᠯᠵᠢᠯᠡᠨ ᠲᠣᠭᠲᠠᠭᠤᠨ ᠪᠠᠶᠢᠵᠤ᠂ ᠡᠷᠡᠭᠦᠤ ᠶᠢᠨ ᠬᠡᠷᠡᠭ ᠤᠨ ᠬᠡᠷᠡᠭ ᠪᠤᠯᠭᠠᠭᠰᠠᠨ | ᠲᠠᠩᠰᠠᠯᠠᠯᠲᠠ 7.8% ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ | ᠢᠯᠡᠳᠲᠡ ᠦᠷ᠎ᠡ ᠪᠦᠲᠦᠮᠵᠢ ᠣᠯᠵᠤ᠂ 1 ᠬᠠᠷ᠎ᠠ ᠪᠦᠯᠦᠭᠲᠡᠨ ᠳᠤ ᠬᠤᠯᠪᠣᠭᠳᠠᠭᠰᠠᠨ ᠵᠣᠬᠢᠶᠠᠨ ᠪᠠᠶᠢᠭᠤᠯᠤᠯᠲᠠ᠂ 2 | ᠬᠠᠷᠭᠢᠰ ᠬᠦᠴᠦᠨ ᠤ ᠶᠠᠯᠠᠲᠤ ᠪᠦᠯᠦᠭᠯᠡᠯ᠂ 5 ᠬᠠᠷᠭᠢᠰ ᠬᠦᠴᠦᠨ ᠳᠤ ᠬᠤᠯᠪᠣᠭᠳᠠᠭᠰᠠᠨ ᠪᠦᠯᠦᠭᠲᠡᠨ ᠢ ᠴᠣᠬᠢᠨ | ᠤᠨᠠᠭᠠᠪᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠠᠬᠢᠳᠠᠯ | ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠠ ᠬᠥᠮᠦᠨ ᠤ ᠲᠤᠭ᠎ᠠ ᠲᠤᠰ ᠲᠤᠰ 31%᠂ 39% ᠪᠠᠷ ᠪᠠᠭᠤᠷᠠᠪᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠠᠰᠤᠷᠠᠯᠲᠠ ᠦᠭᠡᠢ ᠴᠢᠩᠭᠠᠷᠠᠵᠤ᠂ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠴᠤᠯᠠ ᠶᠢ ᠬᠦᠷᠲᠡᠪᠡ᠃ | ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠯᠠᠪᠳᠠᠭᠤᠨ ᠪᠦᠲᠦᠮᠵᠢᠲᠡᠢ ᠶᠠᠪᠤᠭᠳᠠᠵᠤ᠂ ᠴᠡᠷᠢᠭ ᠠᠴᠠ | ᠬᠠᠯᠠᠬᠲᠠᠬᠰᠠᠨ 19 ᠬᠦᠮᠦᠨ ᠢ ᠰᠠᠶᠢᠲᠤᠷ ᠲᠤᠬᠢᠷᠠᠭᠤᠯᠵᠤ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ | ᠠᠯᠲᠠᠭᠰᠠᠨ 325 ᠴᠡᠷᠢᠭ ᠠᠴᠠ ᠬᠠᠯᠠᠭᠲᠠᠭᠰᠠᠳ ᠲᠤ ᠠᠵᠢᠯ ᠤᠨ ᠪᠠᠶᠢᠷᠢ ᠬᠠᠩᠭᠠᠵᠤ ᠠᠵᠢᠯ ᠣᠯᠭᠤᠪᠠ᠃ ᠠᠮᠤᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠵᠦ᠂ ᠠᠶᠤᠯ | ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠨᠠᠮ ᠵᠠᠰᠠᠭ ᠤᠨ ᠤᠲᠤᠷᠢᠳᠤᠯᠭ᠎ᠠ | ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠨᠠᠶᠢᠲᠠᠪᠤᠷᠢᠵᠢᠭᠤᠯᠵᠤ᠂ | ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠪᠠ᠃ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠬᠦᠯᠦᠯᠲᠡ ᠶᠢᠨ ᠬᠢᠨᠠᠯᠲᠠ ᠲᠠᠯᠪᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠠᠩᠰᠠ ᠡᠪᠬᠡᠮᠡᠯ ᠲᠡᠤᠬᠡ | ᠣᠶᠢᠯᠠᠯᠭ᠎ᠠ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠲᠠᠰᠤᠷᠠᠯᠲᠠ ᠦᠭᠡᠢ | ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠦᠢᠯᠡᠰ ᠰᠢᠨ᠎ᠡ ᠳᠠᠪᠰᠢᠯᠲᠠ ᠲᠠᠢ | ᠪᠣᠯᠪᠠ᠃ | ︵ᠳᠣᠯᠤᠭ᠎ᠠ︶ ᠡᠭᠦᠷᠭᠡ ᠴᠢᠲᠠᠪᠬᠢ ᠪᠠᠨ ᠬᠤᠪᠢᠷᠠᠭᠤᠯᠬᠤ ᠶᠢ ᠲᠤᠪᠤᠶᠢᠯᠭᠠᠵᠤ᠂ ᠲᠣᠰ ᠪᠡᠶ᠎ᠡ ᠶᠢᠨ | ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠢᠯᠭᠠᠨ | ᠲᠠᠨᠢᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠬᠡᠷᠡᠭᠵᠢᠭᠦᠯᠬᠦ ᠬᠦᠴᠦᠨ ᠢᠶᠠᠨ | ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ 84 ᠬᠤᠪᠢ ᠰᠠᠨᠠᠯ ᠵᠥᠪᠯᠡᠯᠭᠡ᠂ 109 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ | ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠪᠡ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ | ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ 22.1% ᠪᠠᠭᠤᠷᠠᠪᠠ᠃ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾ ᠢ ᠬᠢᠨᠠᠮᠠᠭᠠᠢ | ᠲᠤᠤᠱᠯᠠᠭᠤᠯᠵᠤ᠂ ᠪᠥᠬᠦ ᠵᠢᠯ ᠳᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | 23 ᠤᠳᠠᠭ᠎ᠠ ᠬᠤᠷᠠᠯᠳᠤᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠡᠷᠡᠭ ᠶᠠᠪᠤᠳᠠᠯ ᠢ ᠰᠤᠳᠤᠯᠤᠨ ᠬᠢᠨᠠᠨ | ᠵᠥᠪᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠩᠭᠤᠵᠢᠭᠤᠯᠤᠨ ᠰᠤᠷᠤᠯᠴᠠᠨ | ᠤᠯᠠᠮᠵᠢᠯᠠᠪᠠ᠃ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠤᠬᠠᠮᠰᠠᠷ ᠠᠴᠠ ᠪᠠᠨ ᠭᠦᠢᠴᠡᠳᠬᠡᠵᠦ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ | ᠤᠬᠠᠮᠰᠠᠷ ᠤᠨ ᠬᠡᠯᠪᠡᠷᠢ ᠶᠢᠨ ᠲᠠᠯ᠎ᠠ ᠶᠢᠨ ᠠᠵᠢᠯ ᠢ ᠪᠦᠲᠦᠮᠵᠢᠲᠡᠢ ᠪᠠᠷ ᠳᠡᠭᠡᠭᠰᠢᠯᠡᠭᠦᠯᠪᠡ᠃ ᠬᠢᠨᠠᠨ ᠪᠤᠲᠤᠯᠲᠠ ᠶᠢᠨ | ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ | ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠪᠠ᠃ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠣᠨ︾ ᠨᠢ ᠢᠯᠡᠳᠲᠡ ᠦᠷ᠎ᠡ ᠪᠦᠲᠦᠮᠵᠢ ᠣᠯᠵᠤ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠬᠤᠷᠠᠯ ᠢ ᠲᠣᠰ | ᠲᠣᠰ 18.9%᠂ 16.4% ᠪᠠᠷ ᠴᠣᠮᠬᠠᠳᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠦᠨᠵᠡᠭᠡᠶᠢᠷᠡᠭᠦᠯᠦᠨ᠂ ᠪᠦᠬᠦ ᠣᠷᠣᠨ᠂ ᠪᠦᠬᠦ ᠠᠶᠢᠮᠠᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠮᠠᠨ ᠤ ᠬᠤᠲᠠ ᠳᠤ ᠠᠮᠵᠢᠯᠲᠠ ᠲᠠᠢ ᠶᠠᠪᠤᠭᠳᠠᠪᠠ᠃ | ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡᠨ ᠳᠤ ᠲᠤᠯᠭᠠᠷᠠᠵᠤ ᠪᠠᠶᠢᠭ᠎ᠠ ᠭᠠᠳᠠᠭᠠᠳᠤ ᠣᠷᠴᠢᠨ | ᠡᠭᠡᠳᠡᠷᠡᠭᠡᠨ ᠪᠤᠳᠤᠯᠢᠶᠠᠨᠲᠠᠶ᠂ ᠲᠠᠭᠠᠭᠠᠵᠤ ᠠᠪᠤᠭᠰᠠᠨ ᠳᠠᠷᠤᠯᠲᠠ ᠪᠡᠷᠬᠡᠰᠢᠶᠡᠯ ᠤᠷᠢᠳ ᠭᠠᠷᠤᠭ᠎ᠠ ᠦᠭᠡᠢ ᠬᠦᠨᠳᠦ | ᠪᠠᠶᠢᠵᠤ᠂ ᠣᠯᠤᠭᠰᠠᠨ ᠠᠮᠵᠢᠯᠲᠠ ᠪᠦᠲᠦᠮᠵᠢ ᠪᠤᠯ ᠲᠤᠶᠢᠯ ᠤᠨ ᠬᠢᠯᠪᠠᠷ ᠪᠤᠰᠤ ᠪᠠᠷ ᠢᠷᠡᠭᠰᠡᠨ ᠶᠤᠮ᠃ ᠡᠨᠡ ᠪᠣᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠢᠨᠵᠢᠯᠡᠬᠦ ᠤᠬᠠᠭᠠᠨᠴᠢ ᠪᠠᠷ ᠵᠢᠯᠤᠭᠤᠳᠤᠭᠤᠯᠤᠭᠰᠠᠨ ᠤ ᠦᠷ᠎ᠡ ᠳ᠋ᠦᠩ ᠮᠦᠨ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ᠂ ᠬᠠᠶᠢᠷᠠᠯᠠᠨ ᠬᠠᠯᠠᠮᠵᠢᠯᠠᠭᠰᠠᠨ ᠤ ᠦᠷ᠎ᠡ ᠳ᠋ᠦᠩ ᠮᠦᠨ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠲᠠᠯᠪᠢᠯᠲᠠ ᠪᠠ | ᠬᠦᠴᠦᠲᠡᠶ ᠲᠡᠮᠵᠢᠯᠬᠡ ᠶᠢᠨ ᠦᠷ᠎ᠡ ᠳ᠋ᠦᠩ ᠮᠦᠨ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠦᠨ᠃ | ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠹᠷᠣᠨᠲ ᠲᠤ ᠰᠢᠷᠭᠠᠭᠤ | ᠬᠠᠲᠠᠭᠤᠵᠢᠯᠲᠠᠢ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠲᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠡᠯ᠎ᠡ | ᠡᠲᠡᠭᠡᠳ ᠤᠨ ᠬᠥᠮᠦᠰ ᠲᠤ᠂ ᠰᠢᠯᠢ ᠶᠢᠨ ᠬᠤᠲᠠ ᠳᠤ ᠰᠠᠭᠤᠭ᠎ᠠ ᠨᠢᠭᠡᠴᠢ᠂ ᠴᠡᠷᠢᠭ ᠠᠩᠭᠢ᠂ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠤᠷᠤᠭᠰᠢᠯᠠᠯᠲᠠ ᠶᠢᠨ ᠵᠠᠮ ᠢᠯᠭᠤᠮ ᠰᠢᠯᠤᠭᠤᠨ ᠪᠠᠶᠢᠵᠤ ᠴᠢᠳᠠᠬᠤ ᠦᠭᠡᠢ᠃ ᠰᠢᠯᠢ ᠶᠢᠨ | ᠬᠤᠲᠠ ᠤᠲᠤ ᠶᠠᠭ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠠᠷᠢᠯᠭᠠᠬᠤ᠂ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠭᠡ ᠪᠠᠷ ᠠᠬᠢᠭᠤᠯᠬᠤ ᠵᠠᠩᠭᠢᠯᠠᠭ᠎ᠠ ᠶᠢᠨ ᠴᠠᠭ | ᠦᠶ᠎ᠡ ᠳᠤ ᠣᠷᠣᠰᠢᠵᠤ᠂ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠪᠢᠳᠡ | ᠡᠷᠬᠡᠪᠰᠢ ᠬᠤᠷᠴᠠ ᠰᠡᠷᠭᠡᠭ ᠢᠶᠠᠷ ᠤᠯᠵᠤ ᠲᠠᠨᠢᠬᠤ ᠬᠡᠷᠡᠭᠲᠡᠶ᠃ ᠡᠭᠦᠨ ᠳᠤ ᠭᠤᠤᠯᠳᠠᠭᠤ᠄ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠳᠤ ᠨᠡᠯᠢᠶᠡᠳ ᠬᠦᠴᠢᠷᠲᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠬᠦ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ︔ ᠴᠢᠬᠤᠯᠠ ᠶᠡᠭᠡ ᠲᠦᠷᠦᠯ ᠵᠦᠢᠯ ᠤᠨ ᠨᠥᠭᠡᠴᠡ | ᠬᠦᠷᠦᠯᠴᠡᠬᠦ ᠦᠭᠡᠢ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠨᠥᠭᠡᠴᠡ ᠬᠦᠴᠦᠨ ᠴᠢᠩᠭ᠎ᠠ ᠪᠢᠰᠢ᠂ ᠠᠯᠤᠰ | ᠬᠡᠳᠤ ᠶᠢᠨ ᠬᠥᠭᠵᠢᠯᠲᠡ ᠶᠢ ᠲᠤᠯᠭᠠᠭᠤᠷᠢᠯᠠᠬᠤ ᠰᠠᠭᠤᠷᠢ ᠪᠠᠲᠤ ᠪᠢᠰᠢ︔ ᠡᠳ᠋ ᠤᠨ ᠵᠠᠰᠠᠭ ᠭᠠᠶᠢᠯᠢ ᠲᠠᠲᠠᠪᠤᠷᠢ ᠨᠢ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠳᠤ | ᠨᠡᠯᠢᠶᠡᠳ ᠶᠡᠭᠡ ᠨᠥᠯᠥᠭᠡᠯᠡᠭᠳᠡᠵᠦ᠂ ᠥᠷᠢ ᠥᠭᠴᠡᠭᠡ ᠶᠢ ᠠᠷᠢᠯᠭᠠᠬᠤ ᠪᠠ ︽ᠭᠤᠷᠪᠠ ᠶᠢ ᠪᠠᠲᠤᠯᠠᠬᠤ︾ | ᠵᠠᠷᠤᠯᠭ᠎ᠠ ᠶᠢᠨ ᠳᠠᠷᠤᠯᠲᠠ ᠯᠤᠲᠤ ᠶᠡᠭᠡ ᠪᠠᠶᠢᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠤᠪᠤᠶᠢᠮ᠎ᠠ ᠪᠠᠶᠢᠨ᠎ᠠ︔ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ | ᠪᠤᠬᠢᠷᠲᠣᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠵᠡᠷᠭᠡ ᠲᠠᠯ᠎ᠠ ᠪᠠᠷ ᠡᠭᠦᠷᠭᠡ ᠬᠦᠨᠳᠦ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ︔ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢᠨ ᠡᠷᠴᠢᠮ ᠢ ᠪᠠᠰᠠ ᠴᠢᠩᠭᠠᠷᠠᠭᠤᠯᠬᠤ ᠴᠢᠬᠤᠯᠠᠲᠠᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ | ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠨᠢ ᠠᠷᠠᠳ ᠤᠯᠠᠨ ᠤ | ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ︔ ᠵᠠᠷᠢᠮ ᠺᠠᠳ᠋ᠷ ᠤᠨ ᠬᠠᠷᠢᠭᠤᠴᠠᠯᠭᠠᠲᠤ ᠤᠬᠠᠮᠰᠠᠷ ᠪᠠ | ᠬᠦᠢᠴᠡᠳᠬᠡᠬᠦ ᠬᠦᠴᠦᠨ᠂ ᠨᠠᠶᠢᠲᠠᠪᠤᠷᠢᠵᠢᠭᠤᠯᠬᠤ ᠬᠦᠴᠦᠨ ᠨᠢ ᠴᠢᠩᠭ᠎ᠠ ᠪᠢᠰᠢ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠴᠢᠳᠠᠪᠤᠷᠢ ᠪᠠ ᠬᠠᠳᠠᠨ ᠵᠣᠷᠢᠭ ᠨᠢ ᠬᠦᠷᠦᠯᠴᠡᠬᠦ ᠦᠭᠡᠢ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠰᠠᠭᠤᠳᠠᠯ ᠳᠤ ᠰᠢᠭᠤᠳ ᠬᠠᠨᠳᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠦᠨᠡᠨᠬᠦ | ᠰᠢᠢᠳᠪᠦᠷᠢᠯᠡᠨ᠎ᠡ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠤᠬᠠᠭᠠᠯᠠᠨ ᠲᠦᠯᠤᠪᠯᠡᠵᠤ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠵᠠᠩᠬᠢᠯᠠᠭ᠎ᠠ ᠶᠢᠨ | ᠵᠢᠯ ᠮᠦᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠡᠷᠡᠰ ᠢᠯᠠᠯᠲᠠ ᠣᠯᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠭᠰᠡᠨ ᠲᠦᠪᠰᠢᠨ ᠢ ᠲᠡᠭᠡᠭᠰᠢᠯᠡᠬᠦᠯᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠠᠴᠠ ᠪᠤᠯᠤᠭᠰᠡᠨ ᠠᠰᠢᠭ ᠦᠭᠡᠢ ᠨᠦᠯᠤᠭᠡ ᠶᠢ | ᠴᠢᠷᠮᠠᠶᠢᠨ ᠲᠡᠪᠴᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠠᠷ ᠲᠡᠭᠦᠰᠬᠡᠬᠦ ᠶᠢ ᠦᠨᠡᠨᠬᠦ ᠪᠠᠲᠤᠯᠠᠨ᠎ᠠ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠪᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.4% ᠠᠴᠠ ᠳᠡᠭᠡᠭᠰᠢ ᠨᠡᠮᠡᠭᠳᠡᠭᠦᠯᠵᠦ | ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9.5% ᠣᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠣᠷᠴᠢᠮ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢ ᠲᠤᠰ ᠲᠤᠰ 3%᠂ 7% ᠣᠷᠴᠢᠮ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3.3% ᠶᠢᠨ ᠳᠣᠲᠣᠷ᠎ᠠ ᠬᠢᠵᠠᠭᠠᠷᠯᠠᠨ᠎ᠠ᠃ ᠡᠨᠧᠷᠭᠢ ᠠᠷᠪᠢᠯᠠᠵᠤ ᠪᠣᠬᠢᠷᠲᠤᠯ ᠢ | ᠪᠠᠭᠠᠰᠬᠠᠬᠤ ᠠᠵᠢᠯ ᠤᠨ ᠲᠠᠯ᠎ᠠ ᠪᠠᠷ ᠲᠡᠭᠡᠳᠤ ᠱᠠᠲᠤᠨ ᠠᠴᠠ ᠪᠠᠭᠤᠯᠭᠠᠭᠰᠠᠨ ᠡᠭᠦᠷᠭᠡ ᠬᠠᠷᠠᠯᠲᠠ ᠶᠢ ᠪᠡᠶᠡᠯᠡᠭᠦᠯᠦᠨ᠎ᠡ᠃ | | ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠪᠢᠳᠡ ᠡᠷᠬᠡᠪᠰᠢ ᠳᠣᠣᠷᠠᠬᠢ ᠬᠡᠳᠦᠨ ᠵᠠᠷᠴᠢᠮ ᠢ ᠪᠠᠲᠤ ᠡᠵᠡᠮᠰᠢᠨ᠎ᠡ᠄ | ᠨᠢᠭᠡ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠤᠨ᠎ᠠ᠃ | ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ | ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠠᠮᠢ | ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠨᠢ ᠬᠠᠷᠢᠯᠴᠠᠨ ᠠᠰᠢᠭ ᠬᠦᠷᠲᠡᠭᠡᠵᠦ ᠵᠡᠷᠭᠡᠪᠡᠷ | ᠠᠮᠵᠢᠯᠲᠠ ᠣᠯᠬᠤ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ ᠲᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠪᠦᠲᠦᠮᠵᠢᠲᠡᠢ | ᠬᠠᠩᠭᠠᠯᠭ᠎ᠠ ᠶᠢ ᠥᠷᠭᠡᠳᠬᠡᠵᠦ᠂ ᠬᠥᠭᠵᠢᠯᠲᠡ ᠶᠢᠨ ᠠᠷᠭ᠎ᠠ ᠮᠠᠶ᠋ᠢᠭ ᠤᠨ ᠲᠦᠷᠭᠡᠪᠴᠢᠯᠡᠨ ᠬᠤᠪᠢᠷᠠᠬᠤ ᠪᠠ ᠠᠵᠤ | ᠠᠬᠤᠶ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠠᠵᠤ ᠠᠬᠤᠶ ᠶᠢᠨ ᠲᠤᠭ᠎ᠠ ᠬᠡᠮᠵᠢᠶᠡᠨ | ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠲᠡᠭᠡᠭᠰᠢᠯᠡᠯᠲᠡ ᠶᠢ ᠪᠠᠲᠤᠯᠠᠨ᠎ᠠ᠃ | ᠭᠤᠷᠪᠠ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠎ᠠ᠃ ᠴᠢᠨᠠᠷ ᠪᠤᠯᠤᠨ ᠬᠡᠮᠵᠢᠶ᠎ᠡ ᠶᠢ ᠲᠤᠭᠲᠠᠭᠠᠭᠰᠡᠨ ᠬᠠᠮᠢᠶ᠎ᠠ ᠪᠦᠬᠦᠢ ᠬᠦᠢᠴᠡᠳᠭᠡᠯ ᠲᠤᠭ᠎ᠠ ᠲᠠᠢ | ᠬᠠᠷᠢᠴᠠᠭᠤᠯᠵᠤ᠂ ᠦᠷᠭᠦᠯᠵᠢᠯᠡᠨ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠨ᠂ ᠪᠠᠭᠤᠷᠠᠢ | ᠲᠠᠯ᠎ᠠ ᠪᠠᠨ ᠬᠦᠴᠦᠷᠬᠡᠭᠵᠢᠭᠦᠯᠵᠦ᠂ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢ ᠪᠠᠲᠤᠯᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠲᠤ | ᠪᠤᠢ ᠪᠤᠯᠭᠠᠨ᠂ ᠠᠷᠠᠳ ᠤᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠰᠠᠬᠢᠵᠤ᠂ ᠠᠷᠠᠳ ᠤᠨ ᠠᠮᠢᠳᠤᠷᠠᠯ ᠤᠨ | ᠲᠣᠲᠠᠭᠤᠳᠠᠯ ᠢ ᠨᠦᠬᠦᠪᠦᠷᠢᠯᠡᠵᠦ᠂ ᠠᠷᠠᠳ ᠲᠦᠮᠡᠨ ᠤ ᠬᠦᠷᠲᠡᠮᠵᠢ ᠶᠢᠨ ᠲᠦᠷᠤᠭ᠍ᠳᠡᠯ ᠵᠣᠯ ᠵᠢᠷᠭᠠᠯᠲᠤ ᠲᠦᠷᠤᠭ᠍ᠳᠡᠯ | ᠠᠮᠤᠷ ᠲᠦᠪᠰᠢᠨ ᠲᠦᠷᠤᠭ᠍ᠳᠡᠯ ᠢ ᠲᠠᠰᠤᠷᠠᠯᠲᠠ ᠦᠭᠡᠢ ᠴᠢᠩᠭᠠᠳᠬᠠᠨ᠎ᠠ᠃ | ᠵᠢᠯ ᠤᠨ ᠡᠬᠢᠨ ᠠᠴᠠ ᠨᠠᠰᠢ᠂ ᠭᠡᠨᠡᠳᠲᠡ ᠡᠭᠦᠰᠤᠭ᠍ᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠡᠮᠦᠨ᠎ᠡ᠂ ᠪᠢᠳᠡ ︽ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡ ᠶᠢ ᠬᠠᠮᠲᠤᠪᠠᠷ ᠲᠤᠭᠤᠯᠤᠨ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠬᠦ︾ ᠶᠡᠷᠦᠩᠬᠡᠶ | ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠳᠠᠶᠢᠴᠢᠯᠠᠨ᠂ ᠪᠦᠬᠦ ᠲᠠᠯ᠎ᠠ ᠪᠠᠷ ᠪᠠᠶᠢᠷᠢᠯᠠᠭᠤᠯᠵᠤ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠢ ᠦᠳᠲᠡᠷ ᠲᠦᠷᠭᠡᠨ ᠬᠢᠵᠦ᠂ | ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ | ᠦᠶ᠎ᠡ ᠶᠢᠨ ᠴᠢᠨᠠᠷᠲᠠᠶ ᠢᠯᠠᠯᠲᠠ ᠣᠯᠤᠭᠰᠠᠨ ᠪᠠᠶᠢᠨ᠎ᠠ᠃ ᠣᠨᠴᠠᠭᠠᠶᠢᠯᠠᠨ ᠪᠠᠶᠠᠷᠯᠠᠭᠤᠰᠢᠲᠠᠶ ᠶᠠᠪᠤᠳᠠᠯ ᠭᠡᠪᠡᠯ᠂ ᠪᠢᠳᠡ | ᠴᠠᠭ ᠢ ᠦᠵᠡᠨ ᠪᠠᠶᠢᠳᠠᠯ ᠢ ᠰᠢᠨᠵᠢᠵᠦ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠬᠢᠵᠢᠭ ᠠᠴᠠ ᠪᠣᠯᠣᠭᠰᠠᠨ ᠠᠰᠢᠭ ᠥᠬᠡᠶ ᠨᠥᠯᠥᠭᠡ ᠶᠢ ᠪᠦᠲᠦᠮᠵᠢᠲᠡᠶ | ᠠᠷᠢᠯᠭᠠᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠬᠥᠭᠵᠢᠯᠲᠡ ᠳᠤ ᠬᠢᠯᠪᠠᠷ ᠪᠤᠰᠤ ᠪᠠᠷ ᠪᠠᠶᠠᠷᠯᠠᠭᠤᠰᠢᠲᠠᠶ | ᠠᠮᠵᠢᠯᠲᠠ ᠪᠦᠲᠦᠮᠵᠢ ᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠪᠥᠬᠦ ᠨᠡᠶᠢᠭᠡᠮ ᠤᠨ | ᠲᠣᠭᠳᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠰ | ᠲᠣᠰ 4.7%᠂ 41.8% ᠪᠠ 6.9% ᠶᠢᠨ ᠨᠡᠮᠡᠭᠳᠡᠯ ᠤᠨ ᠬᠤᠷᠳᠤᠴᠠ ᠶᠢ ᠪᠡᠶᠡᠯᠡᠭᠦᠯᠵᠦ᠂ ᠪᠥᠬᠦ ᠵᠢᠯ ᠤᠨ | ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠣᠳᠣᠬᠠᠨ ᠳᠤ᠂ | ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠦᠨᠳᠦᠰᠦᠨ ᠳᠡᠭᠡᠨ ᠬᠢᠵᠠᠭᠠᠷᠯᠠᠭᠳᠠᠵᠤ᠂ ᠬᠢᠯᠢ ᠶᠢᠨ ᠭᠠᠳᠠᠨᠠᠬᠢ | ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ | ᠮᠥᠨ ᠮᠠᠰᠢ ᠤᠯᠠᠨ ᠲᠣᠭᠲᠠᠭᠠᠯᠲᠤ ᠪᠤᠰᠤ ᠬᠦᠴᠦᠨ ᠵᠦᠢᠯ ᠣᠷᠣᠰᠢᠵᠤ᠂ ᠠᠵᠤ ᠠᠬᠤᠶ ᠶᠢᠨ ᠬᠥᠭᠵᠢᠯᠲᠡ ᠳᠤ | ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠪᠢᠳᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ | ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠶᠢ ᠪᠠᠲᠤ ᠪᠠᠷᠢᠮᠲᠠᠯᠠᠵᠤ᠂ ᠢᠮᠠᠭᠲᠠ ᠪᠤᠯᠭᠤᠮᠵᠢᠲᠠᠢ ᠪᠠᠶᠢᠵᠤ᠂ ᠥᠴᠦᠬᠡᠨ ᠴᠦ ᠰᠤᠯᠠᠷᠠᠭᠤᠯᠤᠯ | ᠥᠬᠡᠶ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠤᠲᠠᠲᠠᠢ ᠨᠠᠷᠢᠨ ᠠᠳᠬᠤᠵᠤ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠎ᠠ᠃ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠨᠥᠬᠦᠴᠡᠯ ᠳᠣᠤᠷ᠎ᠠ᠂ ᠠᠵᠤ ᠠᠬᠤᠶ | ᠨᠡᠶᠢᠭᠡᠮ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠡᠮᠬᠢ ᠵᠢᠷᠤᠮ ᠲᠠᠢ ᠪᠠᠷ ᠠᠵᠢᠯ ᠦᠢᠯᠡᠳᠪᠤᠷᠢᠯᠡᠯ ᠢᠶᠠᠨ ᠰᠡᠷᠭᠦᠭᠡᠵᠦ | ᠰᠤᠷᠤᠯᠭ᠎ᠠ ᠪᠠᠨ ᠰᠡᠷᠭᠦᠭᠡᠨ᠎ᠡ᠃ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ ᠨᠣᠴᠢᠲᠠᠶ ᠨᠦᠯᠤᠭᠡᠯᠡᠭᠳᠡᠭᠰᠡᠨ ᠠᠵᠢᠯ | ᠲᠥᠷᠥᠯ᠂ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠴᠠᠭ ᠲᠣᠬᠢᠶᠠᠯ ᠢ ᠡᠵᠡᠮᠳᠡᠨ᠂ ᠬᠢᠵᠢᠭ ᠤᠨ | ᠪᠠᠶᠢᠳᠠᠯ ᠠᠴᠠ ᠪᠣᠯᠤᠭᠰᠠᠨ ᠬᠤᠬᠢᠷᠠᠯ ᠢ ᠨᠥᠬᠦᠵᠦ ᠠᠪᠴᠢᠷᠠᠬᠤ ᠬᠡᠷᠡᠭᠲᠡᠶ᠃ ᠭᠦᠨᠵᠡᠭᠡᠶ ᠵᠠᠳᠠᠯᠤᠯᠲᠠ ᠬᠢᠵᠦ᠂ ᠪᠦᠬᠦ | ᠲᠠᠯ᠎ᠠ ᠶᠢ ᠪᠤᠳᠤᠯᠬᠢᠯᠠᠨ᠂ ᠨᠢᠳᠦᠨ ᠡᠮᠦᠨᠡᠬᠢ ᠲᠦᠭᠰᠢᠭᠦᠷᠢ᠂ ᠬᠦᠴᠢᠷᠳᠡᠯ ᠤᠨ ᠳᠤᠮᠳᠠ ᠠᠴᠠ ᠠᠵᠠ ᠲᠣᠬᠢᠶᠠᠯ ᠢ | ᠠᠳᠬᠤᠬᠤ ᠶᠢᠨ ᠬᠠᠮᠲᠣ ᠠᠵᠠ ᠳᠣᠬᠢᠶᠠᠯ ᠡᠭᠦᠳᠴᠦ᠂ ᠰᠢᠨ᠎ᠡ ᠳᠠᠯᠳᠠ ᠬᠦᠴᠦᠨ ᠢ ᠬᠦᠴᠦᠯᠡᠨ ᠠᠭᠤᠳᠠᠯᠯᠠᠨ᠂ | ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠵᠤ᠂ ᠰᠢᠨ᠎ᠡ ᠬᠥᠭᠵᠢᠯᠲᠡ ᠶᠢ ᠡᠷᠢᠯᠬᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠬᠤᠤᠰ ᠢᠯᠠᠯᠲᠠ ᠶᠢ | ᠲᠡᠮᠡᠴᠡᠨ ᠤᠯᠬᠤ ᠪᠠᠷ ᠴᠢᠷᠮᠠᠶᠢᠨ᠎ᠠ᠃ ᠡᠭᠦᠨ ᠳᠤ᠂ ᠪᠢᠳᠡ ᠲᠤᠤᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ | ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠪᠠᠷ ᠤᠳᠤᠷᠢᠳᠤᠮᠵᠢ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ᠂ ᠰᠢᠢᠳᠪᠦᠷᠢᠲᠦ ᠳᠠᠶᠢᠯᠠᠯᠳᠤᠭᠠᠨ ᠬᠢᠵᠦ | ᠰᠢᠢᠳᠪᠦᠷᠢᠲᠦ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠬᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ᠂ | ᠮᠥᠩᠭᠦᠨ ᠭᠦᠢᠯᠭᠡᠭᠡᠨ ᠤ ᠲᠥᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠬᠦ ᠶᠢ ᠦᠨᠡᠨᠬᠦ ᠪᠠᠲᠤᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠣᠯᠤᠨ᠎ᠠ᠃ | ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ 5 ᠰᠠᠷ᠎ᠠ ᠶᠢᠨ | 20 ᠠᠴᠠ ᠡᠮᠤᠨ᠎ᠡ ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠬᠦᠯᠤᠨ᠂ | ᠡᠷᠤᠬᠡ ᠲᠠᠷᠠᠭᠠᠯᠠᠨ ᠬᠦᠮᠤᠨ ᠨᠢᠭᠡᠪᠤᠷᠢ ᠶᠢᠨ ᠠᠰᠠᠭᠤᠳᠠᠯ ᠢ ᠣᠨᠣᠪᠴᠢᠲᠠᠶ ᠡᠷᠢᠵᠦ᠂ ᠵᠠᠰᠠᠨ ᠴᠡᠭᠴᠡᠯᠡᠬᠦ ᠠᠵᠢᠯ ᠢ | ᠬᠢᠨᠠᠮᠠᠭᠠᠢ ᠴᠢᠩᠭ᠎ᠠ ᠠᠳᠬᠤᠵᠤ᠂ 6 ᠰᠠᠷ᠎ᠠ ᠶᠢᠨ 20 ᠠᠴᠠ ᠡᠮᠤᠨ᠎ᠠ ᠬᠦᠢᠴᠡᠳ ᠦᠭᠡᠢ ᠲᠠᠯ᠎ᠠ ᠪᠠ ᠲᠤᠲᠠᠭᠤᠳᠠᠯ ᠢ | ᠪᠦᠬᠦᠨ ᠢ ᠨᠦᠬᠦᠪᠤᠷᠢᠯᠡᠨ᠎ᠡ᠃ ᠪᠦᠬᠦ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠠ ᠬᠦᠳᠡᠭᠡ ᠲᠤᠰᠬᠤᠨ ᠢ | ᠬᠦᠭᠵᠢᠬᠦᠯᠤᠨ ᠮᠠᠨᠳᠤᠭᠤᠯᠬᠤ ᠶᠢ ᠪᠦᠲᠤᠮᠵᠢᠲᠠᠢ ᠵᠤᠯᠭᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠮ᠎ᠠ ᠰᠠᠶᠢᠲᠤᠷ ᠠᠳᠬᠤᠵᠤ᠂ ᠮᠠᠯᠴᠢᠳ ᠤᠨ ᠤᠷᠤᠯᠭ᠎ᠠ ᠪᠠᠨ | ᠲᠤᠭᠲᠠᠭᠤᠨ ᠢᠶᠠᠷ ᠨᠡᠮᠡᠭᠳᠡᠬᠦᠯᠬᠦ ᠶᠢ ᠲᠠᠶᠢᠴᠢᠯᠠᠨ᠎ᠠ᠃ ᠭᠠᠴᠠᠭᠠᠨ ᠤ ᠬᠠᠮᠲᠤ ᠶᠢᠨ ᠠᠵᠤ ᠠᠬᠤᠢ ᠬᠦᠭᠵᠢᠨ | ᠪᠤᠵᠠᠭᠠᠶᠢᠷᠠᠬᠤ ᠶᠢ ᠬᠠᠪᠰᠤᠷᠤᠨ ᠠᠬᠢᠭᠤᠯᠵᠤ᠂ ᠦᠯᠵᠡᠶᠢᠳᠡᠯᠭᠡᠷ ᠭᠠᠴᠠᠭᠠᠨ ᠤ ᠢᠳᠡᠰᠢᠨ ᠦᠬᠡᠷ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠵᠤ᠂ ᠭᠠᠴᠠᠭᠠᠨ ᠤ ᠬᠠᠮᠲᠤ | ᠨᠡᠶᠢᠲᠡ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠬᠡᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠱᠠᠲᠤ ᠲᠠᠷᠠᠭᠠᠯᠠᠨ ᠪᠣᠳᠠᠲᠠᠶᠢᠵᠢᠭᠤᠯᠵᠤ᠂ | ᠤᠳᠤᠷᠢᠳᠬᠤ ᠺᠠᠳ᠋ᠷ ᠦᠪᠡᠷ ᠤᠨ ᠪᠠᠶ᠎ᠠ ᠪᠠᠷ ᠢᠶᠠᠨ ᠲᠠᠭᠠᠭᠤᠯᠤᠨ ᠬᠡᠪ ᠲᠠᠭᠤᠷᠢᠶᠠᠯ ᠪᠤᠯᠵᠤ᠂ ᠳᠠᠭᠠᠭᠠᠴᠢᠯᠠᠨ | ᠬᠤᠯᠪᠤᠭᠠᠯᠠᠵᠤ ᠬᠠᠪᠰᠤᠷᠤᠨ ᠲᠡᠳᠬᠦᠬᠦ ᠨᠢᠭᠡᠴᠢ ᠪᠤᠯᠤᠨ ᠰᠤᠮᠤᠨ ᠳᠤ ᠰᠠᠭᠤᠭ᠎ᠠ ᠺᠠᠳ᠋ᠷ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠢ ᠬᠦᠢᠴᠡᠳᠭᠡᠵᠤ᠂ ᠬᠦᠴᠤ ᠪᠠᠨ ᠬᠠᠮᠳᠤᠳᠬᠠᠨ ᠪᠤᠭᠤᠮᠲᠠ ᠰᠢᠪᠲᠤᠯᠵᠤ᠂ ᠬᠦᠴᠤᠨ ᠲᠡᠭᠦᠯᠳᠡᠷ ᠠᠷᠭ᠎ᠠ | ᠬᠡᠮᠵᠢᠶ᠎ᠡ ᠪᠤᠯᠤᠨ ᠪᠤᠲᠠᠲᠠᠢ ᠠᠵᠢᠯ ᠤᠨ ᠬᠡᠪ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠡᠭᠦᠷᠭᠡ ᠶᠢᠨ ᠲᠡᠬᠦᠰ ᠠᠮᠵᠢᠯᠲᠠᠲᠠᠢ ᠪᠡᠶᠡᠯᠡᠭᠳᠡᠬᠦ ᠶᠢ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠨ᠎ᠡ᠃ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠩᠷᠢ ᠨᠢ | ᠴᠡᠯᠮᠡᠭ ᠡᠪᠡᠰᠦ ᠨᠢ ᠨᠣᠭᠤᠭᠠᠨ᠂ ᠠᠭᠤᠯᠠ ᠨᠢ ᠬᠥᠬᠡ ᠤᠰᠤ ᠨᠢ ᠲᠤᠩᠭᠠᠯᠠᠭ ᠠᠮᠢ ᠠᠬᠤᠢ ᠶᠢᠨ ᠣᠷᠴᠢᠨ | ᠨᠥᠬᠦᠴᠡᠯ ᠢ ᠰᠠᠶᠢᠲᠤᠷ ᠰᠠᠬᠢᠨ ᠬᠠᠮᠠᠭᠠᠯᠠᠨ᠎ᠠ᠃ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠤᠨ ᠬᠡᠮ ᠰᠣᠭᠤᠭ ᠢ ᠭᠦᠨᠵᠡᠭᠡᠶ ᠢᠯᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠱᠠᠲᠤᠨ ᠤ ᠡᠯ᠎ᠡ | ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠰᠠᠶᠢᠨ ᠰᠠᠶᠢᠬᠠᠨ ᠳᠦᠷᠢ ᠪᠠᠶᠢᠳᠠᠯ ᠢᠶᠠᠷ ᠲᠥᠪ | ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠨ᠎ᠠ᠃ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠶᠢ ᠴᠢᠩᠭᠠᠳᠬᠠᠨ᠂ ᠠᠮᠢ ᠠᠬᠤᠢ ᠶᠢᠨ ᠨᠥᠬᠦᠪᠥᠷᠢ ᠱᠠᠩᠨᠠᠯ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠰᠡᠯᠬᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠨᠥᠬᠦᠪᠥᠷᠢ ᠪᠡᠯᠡ ᠮᠥᠩᠭᠦ ᠤᠯᠭᠤᠬᠤ ᠲᠠᠢ ᠬᠤᠯᠪᠤᠭᠳᠠᠭᠤᠯᠬᠤ ᠲᠣᠭᠲᠠᠴᠠ ᠶᠢ ᠴᠢᠩᠭ᠎ᠠ | ᠬᠡᠷᠡᠭᠵᠢᠭᠦᠯᠦᠨ᠎ᠡ᠃ ᠬᠠᠮᠠᠭᠠᠯᠠᠯᠲᠠ ᠶᠢᠨ ᠣᠷᠣᠨ ᠤ ᠭᠤᠤᠯ ᠣᠷᠣᠨ᠂ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ | ᠬᠦᠷᠢᠶᠡᠯᠡᠨ ᠪᠢᠲᠡᠭᠦᠮᠵᠢᠯᠡᠵᠦ ᠬᠠᠮᠢᠶᠠᠷᠬᠤ ᠶᠢ ᠢᠳᠡᠪᠬᠢᠲᠡᠶ ᠪᠠᠷ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠮᠢ ᠠᠬᠤᠢ ᠶᠢ ᠰᠡᠷᠭᠦᠭᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ 7.6 ᠲᠦᠮᠡᠨ ᠮᠤ᠋ ᠡᠯᠡᠰᠤᠷᠬᠡᠭᠵᠢᠵᠤ | ᠲᠠᠴᠢᠷᠰᠢᠭᠰᠡᠨ ᠨᠤᠲᠤᠭ ᠪᠡᠯᠴᠢᠭᠡᠷ ᠢ ᠵᠠᠰᠠᠨ ᠰᠠᠶᠢᠵᠢᠷᠠᠭᠤᠯᠵᠤ᠂ 400 ᠲᠦᠮᠡᠨ ᠮᠦ ᠪᠡᠯᠴᠢᠭᠡᠷ ᠲᠤ ᠬᠤᠯᠤᠭᠠᠨ᠎ᠠ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠠᠵᠢᠯᠯᠠᠭ᠎ᠠ ᠶᠢ ᠳᠦᠷᠢᠮᠵᠢᠭᠦᠯᠦᠨ᠂ 5 ᠰᠠᠷ᠎ᠠ ᠶᠢᠨ ᠰᠡᠬᠦᠯᠴᠢ ᠠᠴᠠ ᠡᠮᠤᠨ᠎ᠡ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ 3 ᠠᠵᠤ ᠦᠢᠯᠡᠳᠪᠤᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠡᠮᠬᠢ | ᠵᠢᠷᠤᠮ ᠲᠠᠢ ᠪᠠᠷ ᠬᠠᠮᠠᠭᠠᠯᠠᠯᠲᠠ ᠶᠢᠨ ᠣᠷᠣᠨ ᠠᠴᠠ ᠭᠠᠷᠭᠠᠬᠤ ᠠᠵᠢᠯ ᠢ ᠪᠡᠶᠡᠯᠡᠬᠦᠯᠤᠨ᠎ᠡ᠃ ᠠᠮᠢ ᠠᠬᠤᠶ ᠣᠷᠴᠢᠨ | ᠲᠣᠭᠤᠷᠢᠨ ᠤ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ | ᠠᠬᠤᠶ ᠶᠢ ᠬᠢᠨᠠᠨ ᠬᠡᠮᠵᠢᠵᠦ ᠬᠢᠨᠠᠨ ᠡᠵᠡᠮᠳᠡᠬᠦ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠣᠳᠣᠬᠢᠴᠢᠯᠠᠭᠰᠠᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠮᠲᠤᠷᠠᠨ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠠᠬᠤᠢ ᠶᠢ ᠡᠪᠳᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠠᠭᠠᠷ ᠮᠠᠨᠳᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ 6 ᠰᠠᠷ᠎ᠠ ᠶᠢᠨ ᠰᠡᠭᠦᠯᠴᠢ ᠠᠴᠠ ᠡᠮᠤᠨ᠎ᠡ ᠪᠣᠬᠢᠷᠲᠤᠯ ᠶᠡᠬᠡᠲᠡᠶ | ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ᠂ ᠭᠠᠳᠠᠭᠰᠢᠯᠠᠭᠤᠯᠤᠯᠲᠠ ᠶᠡᠬᠡᠲᠡᠶ ᠵᠠᠮ ᠬᠠᠷᠢᠯᠴᠠᠭᠠᠨ ᠤ ᠪᠤᠰᠤ | ᠰᠢᠯᠵᠢᠮᠡᠯ ᠮᠠᠰᠢᠨ ᠮᠧᠬᠠᠨᠢᠭ ᠬᠡᠷᠡᠭᠯᠡᠬᠦ ᠶᠢ ᠴᠠᠭᠠᠵᠠᠯᠠᠬᠤ ᠣᠷᠣᠨ᠂ ᠤᠯᠤᠰ ᠤᠨ ᠭᠤᠷᠪᠠᠳᠤᠭᠠᠷ ᠲᠡᠰ ᠤᠨ | ᠪᠠᠷᠢᠮᠵᠢᠶ᠎ᠠ ᠠᠴᠠ ᠳᠣᠷᠣᠭᠰᠢᠬᠢ ᠴᠠᠶᠢᠶ᠋ᠢᠦ ᠲᠣᠰᠣᠨ ᠤ ᠲᠡᠭᠡᠭᠡᠪᠤᠷᠢ ᠶᠢᠨ ᠲᠡᠷᠭᠡ ᠶᠢᠨ ᠶᠠᠪᠤᠬᠤ ᠶᠢ ᠴᠠᠭᠠᠵᠠᠯᠠᠬᠤ | ᠣᠷᠣᠨ ᠢ ᠬᠤᠪᠢᠶᠠᠷᠢᠯᠠᠨ ᠲᠤᠭᠲᠠᠭᠠᠬᠤ ᠪᠠ ᠵᠠᠷᠯᠠᠨ ᠨᠡᠶᠢᠲᠡᠯᠡᠬᠦ ᠠᠵᠢᠯ ᠢ ᠪᠡᠶᠡᠯᠡᠬᠦᠯᠤᠨ᠂ 11ᠰᠠᠷ᠎ᠠ ᠶᠢᠨ ᠰᠡᠭᠦᠯᠴᠢ | ᠠᠴᠠ ᠡᠮᠤᠨ᠎ᠡ 16 ᠡᠷᠦᠬᠡ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠲᠥᠷᠥᠯ ᠬᠤᠪᠢᠶᠠᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ | ᠬᠤᠪᠢ ᠪᠠᠷ ᠢᠶᠠᠨ ᠨᠡᠭᠦᠷᠡᠰᠤ ᠰᠢᠲᠠᠭᠠᠵᠤ ᠪᠠᠶᠢᠬᠤ ᠳᠤ ᠴᠡᠭᠴᠡᠯᠡᠯᠲᠡ ᠬᠢᠬᠦ ᠠᠵᠢᠯ ᠢ ᠶᠡᠬᠡᠪᠡᠷ ᠠᠬᠢᠭᠤᠯᠵᠤ᠂ 6 | ᠰᠠᠷ᠎ᠠ ᠶᠢᠨ ᠰᠡᠭᠦᠯᠴᠢ ᠠᠴᠠ ᠡᠮᠤᠨ᠎ᠡ ᠴᠠᠭ ᠪᠦᠷᠢ 10 ᠲᠣᠨ ᠠᠭᠤᠷᠰᠢᠭᠤᠯᠵᠣ ᠳᠡᠶᠢᠯᠬᠦ ᠭᠦᠸᠧᠯᠦ ᠵᠢᠴᠢ ᠲᠡᠭᠦᠨ | ᠠᠴᠠ ᠲᠤᠷᠤᠭᠰᠢᠬᠢ ᠴᠢᠳᠠᠪᠬᠢᠲᠣ ᠨᠡᠭᠦᠷᠡᠰᠤ ᠰᠢᠲᠠᠭᠠᠬᠤ ᠬᠦᠸᠧᠯᠤ ᠶᠢ ᠪᠦᠬᠦᠨ ᠢ ᠰᠢᠯᠭᠠᠨ ᠪᠠᠶᠢᠴᠠᠭᠠᠵᠤ | ᠰᠢᠭᠰᠢᠭᠳᠡᠬᠦᠯᠬᠦ ᠠᠵᠢᠯ ᠢ ᠪᠡᠶᠡᠯᠡᠬᠦᠯᠵᠤ᠂ ︽ᠨᠢᠭᠡ ᠶᠢ ᠴᠤ ᠦᠯᠤ ᠪᠠᠶᠢᠯᠭᠠᠬᠤ︾ ᠶᠢ ᠲᠤᠶᠢᠯᠪᠤᠷᠢᠲᠠᠢ ᠪᠡᠶᠡᠯᠡᠬᠦᠯᠤᠨ᠎ᠡ | ᠃ ᠪᠠᠷᠢᠯᠭ᠎ᠠ ᠶᠢᠨ ᠭᠠᠵᠠᠷ᠂ ᠬᠤᠳᠠᠯᠳᠤᠭᠠᠨ ᠤ ᠪᠧᠲ᠋ᠤᠨ ᠤ ᠥᠷᠲᠡᠭᠡ ᠵᠡᠷᠭᠡ ᠶᠢᠨ ᠵᠢᠷᠤᠮᠵᠢᠭᠰᠠᠨ ᠬᠠᠮᠢᠶᠠᠷᠤᠯᠲᠠ ᠶᠢ | ᠴᠢᠩᠳᠠᠯᠠᠵᠤ᠂ ᠬᠤᠭ ᠲᠤᠭᠤᠰᠤᠨ ᠤ ᠪᠣᠬᠢᠷᠲᠤᠯ ᠢ ᠰᠡᠷᠭᠡᠶᠢᠯᠡᠨ ᠬᠢᠵᠠᠭᠠᠷᠯᠠᠨ᠎ᠠ᠃ ᠠᠭᠤᠷᠬᠠᠢ ᠶᠢᠨ ᠤᠷᠴᠢᠨ | ᠲᠤᠭᠤᠷᠢᠨ ᠤ ᠬᠢᠨᠠᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠤᠮᠵᠢᠲᠤ ᠲᠤᠭᠲᠠᠴᠠ ᠶᠢ ᠪᠠᠶᠢᠭᠤᠯᠤᠨ᠂ | ᠠᠭᠤᠷᠬᠠᠢ ᠤᠷᠤᠨ ᠪᠦᠬᠦᠨ ᠢ ᠤᠯᠤᠰ ᠤᠨ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠤ ᠪᠠᠷᠢᠮᠵᠢᠶᠠᠨ | ᠳᠤ ᠬᠦᠷᠭᠡᠨ᠎ᠡ᠃ ᠤᠰᠤᠨ ᠤ ᠣᠷᠴᠢᠨ ᠲᠣᠭᠤᠷᠢᠨ ᠤ ᠪᠣᠬᠢᠷᠲᠤᠯ ᠢ ᠴᠢᠩᠭ᠎ᠠ ᠰᠡᠷᠭᠡᠶᠢᠯᠡᠵᠦ᠂ ᠭᠤᠣᠯ ᠤᠨ ᠳᠠᠷᠤᠭ᠎ᠠ | ᠨᠠᠭᠤᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠯᠢ ᠶᠢᠨ ᠭᠤᠣᠯ ᠤᠨ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠰᠢᠯᠢ ᠶᠢᠨ ᠭᠤᠣᠯ ᠤᠨ ᠤᠰᠤᠨ ᠤ ᠴᠢᠨᠠᠷ v | ᠲᠦᠷᠤᠯ ᠳᠤ ᠪᠠᠶᠢᠬᠤ ᠶᠢ ᠪᠠᠲᠤᠯᠠᠨ᠎ᠠ᠃ ᠰᠢᠨ ᠯᠢᠦᠢ ᠶᠤᠸᠠᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠮᠡᠷᠭᠡᠵᠢᠯ ᠤᠨ ᠨᠤᠲᠠᠯᠠᠯᠲᠠ ᠪᠠ ᠤᠷ᠎ᠡ ᠮᠡᠷᠭᠡᠵᠢᠯ ᠤᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ | ᠬᠡᠷᠡᠭᠵᠢᠭᠦᠯᠵᠦ᠂ ᠶᠡᠷᠦᠩᠬᠡᠶ ᠹᠣᠰᠹᠣᠷ ᠶᠡᠷᠦᠩᠬᠡᠢ ᠠᠽᠣᠲ ᠢ ᠪᠠᠷᠢᠮᠵᠢᠶ᠎ᠠ ᠶᠣᠰᠤᠭᠠᠷ ᠭᠠᠳᠠᠭᠰᠢᠯᠠᠭᠤᠯᠬᠤ ᠶᠢ ᠪᠠᠲᠤᠯᠠᠨ᠎ᠠ | ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠨᠦᠯᠦᠭᠡᠯᠡᠬᠦ ᠠᠰᠠᠭᠤᠳᠠᠯ ᠢ | ᠲᠤᠰᠬᠠᠶ ᠲᠦᠷᠤᠯ ᠢᠶᠠᠷ ᠴᠡᠭᠴᠡᠯᠡᠨ ᠵᠠᠰᠠᠵᠤ᠂ ᠨᠤᠨᠲᠠᠭ ᠨᠡᠭᠦᠷᠡᠰᠦᠨ ᠤ ᠦᠨᠡᠰᠦ ᠪᠠᠷ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠢ ᠲᠠᠷᠤᠢ ᠲᠦᠷᠭᠡᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠰᠢᠭᠠᠷᠤ ᠶᠢᠨ ᠲᠠᠯᠠᠪᠠᠢ ᠶᠢᠨ ᠲᠥᠷᠥᠯ ᠵᠦᠢᠯ ᠲᠤᠰ ᠵᠢᠯ ᠠᠰᠢᠭᠯᠠᠯᠲᠠ ᠳᠤ ᠤᠷᠤᠬᠤ ᠶᠢ ᠠᠬᠢᠭᠤᠯᠤᠨ᠎ᠠ | ᠃ ᠲᠡᠵᠢᠭᠡᠬᠦ ᠶᠢ ᠴᠠᠭᠠᠵᠠᠯᠠᠬᠤ ᠣᠷᠣᠨ ᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠲᠠᠯᠠᠪᠠᠢ ᠶᠢᠨ ᠢᠯᠭᠠᠳᠠᠰᠤᠨ ᠤ ᠪᠣᠬᠢᠷᠲᠤᠯ ᠢ ᠰᠢᠢᠳᠪᠦᠷᠢᠯᠡᠬᠦ ᠨᠣᠷᠮ᠎ᠠ ᠶᠢ 85% ᠠᠴᠠ | ᠳᠡᠭᠡᠭᠰᠢ ᠳᠤ ᠬᠦᠷᠭᠡᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ | ᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠣᠷᠭᠠᠨᠢᠭ ᠪᠣᠷᠳᠣᠭᠤᠷ ᠦᠢᠯᠡᠳᠪᠦᠷᠢᠯᠡᠬᠦ ᠱᠤᠭᠤᠮ ᠤᠨ | ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤ ᠶᠡᠭᠡ ᠬᠤᠷᠣᠭᠳᠠᠭᠤᠯᠬᠤ ᠲᠥᠷᠥᠯ ᠵᠦᠢᠯ | ᠰᠢᠨ᠎ᠡ ᠪᠠᠷ ᠪᠠᠶᠢᠭᠤᠯᠬᠤ ᠶᠢ ᠡᠷᠡᠰ ᠬᠤᠷᠢᠭᠯᠠᠵᠤ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠢᠳᠡᠭᠡᠨ ᠤᠮᠳᠠᠭᠠᠨ | ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠬᠡᠷᠡᠭᠯᠡᠬᠦ ᠬᠡᠮᠵᠢᠶ᠎ᠡ ᠶᠢ ᠨᠣᠷᠮ᠎ᠠ ᠲᠣᠭᠲᠠᠭᠠᠨ | ᠬᠠᠮᠢᠶᠠᠷᠬᠤ ᠶᠢ ᠬᠡᠷᠡᠭᠵᠢᠭᠦᠯᠦᠨ᠎ᠡ᠂ ᠴᠡᠴᠡᠷᠯᠢᠭᠵᠢᠭᠦᠯᠤᠯᠲᠠ ᠨᠣᠭᠤᠭᠠᠷᠠᠭᠤᠯᠤᠯᠲᠠ᠂ ᠠᠵᠤ ᠠᠬᠤᠶᠢᠯᠡᠯ ᠤᠨ | ᠦᠢᠯᠡᠳᠪᠤᠷᠢᠯᠡᠯ ᠵᠡᠷᠭᠡ ᠠᠵᠢᠯ ᠲᠦᠷᠤᠯ ᠤᠨ ᠬᠢᠨ ᠳᠤ ᠴᠡᠪᠡᠷᠰᠢᠬᠦᠯᠤᠭ᠍ᠰᠡᠨ ᠤᠰᠤ ᠶᠢ ᠬᠡᠷᠡᠭᠯᠡᠬᠦ ᠬᠡᠪᠴᠢᠶ᠎ᠡ ᠶᠢ | ᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠳᠤ ᠤᠰᠤ ᠪᠦᠷᠢᠯᠭᠡᠵᠤ ᠬᠡᠷᠡᠭᠯᠡᠬᠦ ᠠᠵᠢᠯᠯᠠᠭ᠎ᠠ ᠶᠢ ᠡᠷᠡᠰ | ᠬᠢᠵᠠᠭᠠᠷᠯᠠᠨ᠎ᠠ᠃ ᠲᠦᠷᠢᠮ ᠠᠴᠠ ᠵᠦᠷᠢᠴᠡᠭᠰᠡᠨ ᠥᠪᠡᠷ ᠲᠡᠭᠡᠨ ᠮᠠᠯᠲᠠᠭᠰᠡᠨ ᠬᠤᠳᠳᠤᠭ ᠢ ᠪᠠᠶᠢᠴᠠᠭᠠᠨ | ᠰᠢᠢᠳᠪᠤᠷᠢᠯᠡᠬᠦ ᠡᠷᠴᠢᠮ ᠢ ᠴᠢᠩᠭᠠᠷᠠᠭᠤᠯᠵᠤ᠂ ᠮᠸᠡᠭ ᠳ᠋ᠦᠡᠭ ᠤᠨ ᠭᠧᠷᠮᠠᠨ ᠤ ᠦᠢᠯᠡᠰ ᠤᠨ ᠺᠤᠮᠫᠠᠨᠢ ᠶᠢᠨ | ᠲᠣᠭᠲᠠᠭᠠᠯ ᠠᠴᠠ ᠵᠥᠷᠢᠴᠡᠨ ᠥᠪᠡᠷ ᠲᠡᠭᠡᠨ ᠮᠠᠯᠲᠠᠭᠰᠠᠨ ᠬᠤᠳᠳᠤᠭ ᠢ ᠬᠠᠤᠯᠢ ᠶᠣᠰᠣᠭᠠᠷ ᠪᠢᠲᠡᠬᠦᠮᠵᠢᠯᠡᠨᠡ᠃ | ᠤᠰᠤ ᠠᠷᠪᠢᠯᠠᠬᠤ ᠤᠬᠠᠭᠤᠯᠭ᠎ᠠ ᠪᠣᠯᠤᠨ ᠤᠰᠤ ᠠᠷᠪᠢᠯᠠᠬᠤ ᠪᠠᠭᠠᠵᠢ ᠬᠡᠷᠡᠭᠰᠡᠯ ᠤᠭᠰᠠᠷᠠᠬᠤ ᠡᠷᠴᠢᠮ ᠢᠶᠠᠨ | ᠨᠡᠮᠡᠭᠳᠡᠭᠦᠯᠵᠦ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠲᠠᠶᠢᠯᠠᠯᠳᠤᠭᠠᠨ ᠢ ᠰᠠᠶᠢᠲᠤᠷ ᠬᠢᠨ᠎ᠠ᠃ ᠥᠷᠢ | ᠥᠭᠴᠡᠭᠡ ᠶᠢᠨ ᠬᠠᠳᠠᠭᠠᠯᠠᠭᠳᠠᠴᠠ ᠶᠢ ᠢᠳᠡᠪᠬᠢᠲᠡᠶ ᠯᠠᠪᠳᠠᠭᠤᠨ ᠢᠶᠠᠷ ᠠᠷᠢᠯᠭᠠᠵᠤ᠂ 2020 ᠣᠨ ᠳᠤ ᠵᠠᠰᠠᠭ ᠤᠨ | ᠣᠷᠳᠣᠨ ᠤ ᠥᠷᠢ ᠥᠭᠴᠡᠭᠡ ᠶᠢ 30.46 ᠳ᠋ᠦᠩᠰᠢᠭᠤᠷ ᠲᠥᠭᠦᠷᠢᠭ ᠠᠷᠢᠯᠭᠠᠨ᠎ᠠ᠃ ᠮᠠᠷᠭᠤᠯᠳᠤᠭᠠᠨ ᠦᠭᠡᠢ | ᠠᠷᠠᠳ ᠠᠴᠠ ᠡᠵᠡᠩᠨᠡᠭᠰᠡᠨ ᠲᠤᠮᠳᠡ ᠵᠢᠵᠢᠭ ᠠᠵᠤ ᠠᠬᠤᠶᠢᠯᠡᠯ ᠤᠨ ᠦᠷᠢ ᠰᠢᠷᠢ ᠶᠢ ᠪᠦᠬᠦᠨ ᠢ ᠠᠷᠢᠯᠭᠠᠨ᠎ᠠ᠃ | ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠭᠠᠶᠢᠯᠢ ᠶᠢᠨ | ᠢᠷᠡᠯᠲᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠢᠨᠠᠨ ᠬᠡᠮᠵᠢᠯᠲᠡ ᠶᠢ | ᠴᠢᠩᠭᠠᠷᠠᠭᠤᠯᠤᠨ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠠᠲᠤᠯᠠᠨ᠎ᠠ︔ ᠠᠵᠤ ᠠᠬᠤᠶᠢᠯᠠᠯ ᠤᠨ | ᠬᠥᠭᠵᠢᠯᠲᠡ ᠪᠣᠯᠤᠨ ᠭᠠᠶᠢᠯᠢ ᠲᠠᠲᠠᠪᠤᠷᠢ ᠶᠢᠨ ᠨᠡᠮᠡᠭᠳᠡᠯ ᠢ ᠬᠠᠮᠲᠤ ᠳᠤᠨᠢ ᠬᠠᠷᠠᠭᠠᠯᠵᠠᠵᠤ᠂ ᠨᠡᠭᠦᠷᠡᠰᠦᠨ ᠤ ᠦᠨ᠎ᠡ | ᠬᠠᠩᠰᠢ ᠶᠢᠨ ᠵᠣᠭᠤᠰ᠂ ᠲᠣᠬᠢᠷᠠᠭᠤᠯᠤᠯᠲᠠ ᠶᠢᠨ ᠰᠠᠭᠤᠷᠢ ᠮᠥᠩᠭᠦ ᠵᠡᠷᠭᠡ ᠶᠢ ᠴᠡᠪᠡᠷᠯᠡᠨ ᠲᠤᠰᠢᠶᠠᠬᠤ ᠡᠷᠴᠢᠮ ᠢ | ᠴᠢᠩᠭᠠᠷᠠᠭᠤᠯᠤᠨ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠲᠤᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ | ᠬᠠᠮᠢᠶ᠎ᠠ ᠪᠦᠬᠦᠢ ᠭᠠᠷᠳᠠᠮ ᠢ ᠬᠦᠢᠴᠡᠳᠭᠡᠵᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠬᠦᠢᠯᠭᠡᠭᠡᠨ ᠳᠤ | ᠤᠷᠤᠭᠤᠯᠵᠤ ᠡᠵᠡᠩᠨᠡᠬᠦ᠂ ᠭᠠᠵᠠᠷ ᠰᠢᠷᠣᠶ ᠶᠢ ᠲᠦᠯᠤᠪᠤᠷᠢᠲᠠᠢ ᠬᠡᠷᠡᠭᠯᠡᠬᠦᠯᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ | ᠵᠡᠷᠭᠡ ᠥᠷᠢ ᠰᠢᠷᠢ ᠶᠢ ᠠᠷᠢᠯᠭᠠᠬᠤ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ᠎ᠠ᠃ ︽ᠠᠷᠪᠢᠯᠠᠨ ᠭᠠᠮᠨᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ︾ ᠵᠠᠷᠴᠢᠮ ᠢ | ᠲᠤᠤᠱᠯᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠰᠢᠨ᠎ᠡ ᠪᠠᠷ ᠨᠡᠮᠡᠭᠳᠡᠬᠦ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ᠴᠢᠬᠤᠯᠠ ᠪᠤᠰᠤ ᠵᠠᠷᠤᠯᠭ᠎ᠠ ᠶᠢ ᠡᠷᠡᠰ ᠬᠠᠰᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠭ᠎ᠠ ᠲᠣᠭᠠᠨ ᠤ ᠵᠢᠭᠡᠯᠡᠯᠭᠡ᠂ ᠪᠠᠲᠤᠯᠠᠭᠠᠲᠤ ᠺᠣᠮᠫᠠᠨᠢ᠂ ᠳᠠᠨᠵᠢᠯᠠᠬᠤ ᠭᠠᠵᠠᠷ | ᠵᠡᠷᠭᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠵᠢᠷᠤᠮᠵᠢᠭᠤᠯᠤᠨ ᠬᠠᠮᠢᠶᠠᠷᠴᠤ᠂ ᠰᠢᠰᠲ᠋ᠧᠮ ᠤᠨ ᠴᠢᠨᠠᠷᠲᠠᠶ᠂ | ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠥᠭᠰᠢᠭᠦᠷᠢ ᠦᠯᠦ ᠭᠠᠷᠬᠤ ᠬᠢᠵᠠᠭᠠᠷ ᠱᠤᠭᠤᠮ ᠢ | ᠪᠠᠲᠤ ᠰᠠᠬᠢᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠤᠯᠳᠠᠭᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠴᠡᠪᠡᠷ | ᠡᠨᠧᠷᠭᠢ᠂ ᠰᠣᠶᠣᠯ ᠵᠢᠭᠤᠯᠴᠢᠯᠠᠯ ᠵᠡᠷᠭᠡ ᠭᠤᠷᠪᠠᠨ ᠶᠡᠭᠡ ᠠᠵᠤ ᠦᠢᠯᠡᠰ ᠲᠤ ᠰᠢᠪᠲᠤᠯᠤᠯᠲᠠ ᠭᠠᠷᠭᠠᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠬᠤ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠭᠤᠣᠯᠯᠠᠬᠤ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ᠂ ᠰᠢᠨᠵᠢᠯᠡᠬᠦ | ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠪᠣᠷᠳᠣᠨ ᠲᠠᠷᠭᠤᠯᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ 2000 ᠲᠤᠯᠤᠭᠠᠢ ᠠᠴᠠ ᠲᠡᠭᠡᠭᠰᠢ ᠰᠢᠯᠢᠳᠡᠭ ᠡᠭᠦᠯᠳᠡᠷ ᠤᠨ ᠢᠳᠡᠰᠢᠨ ᠦᠬᠡᠷ ᠣᠷᠣᠭᠤᠯᠵᠤ᠂ 5 | ᠲᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠤ᠂ 4 ᠰᠦᠷᠦᠭ ᠢᠳᠡᠰᠢᠨ ᠦᠬᠡᠷ ᠤᠨ ᠭᠤᠤᠯ | ᠰᠦᠷᠤᠭ᠌ ᠢ ᠰᠢᠨ᠎ᠡ ᠪᠠᠷ ᠨᠡᠮᠡᠭᠳᠡᠭᠦᠯᠦᠨ᠎ᠡ︔ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠰᠠᠶᠢᠵᠢᠷᠠᠭᠤᠯᠵᠤ᠂ | ᠪᠡᠯᠴᠢᠭᠡᠷᠯᠡᠭᠦᠯᠬᠦ ᠶᠢᠨ ᠳᠠᠭᠠᠤ ᠪᠤᠷᠳᠤᠭᠤᠯᠬᠤ ᠠᠷᠭ᠎ᠠ ᠮᠠᠶ᠋ᠢᠭ ᠢ ᠲᠡᠯᠭᠡᠷᠡᠬᠦᠯᠵᠤ᠂ ᠢᠳᠡᠰᠢᠨ ᠦᠬᠡᠷ ᠦᠷᠡᠵᠢᠭᠦᠯᠦᠨ | ᠪᠤᠶᠢᠵᠢᠭᠤᠯᠬᠤ ᠨᠣᠷᠮ᠎ᠠ ᠶᠢ 78% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ︔ ᠲᠡᠵᠢᠭᠡᠨ ᠪᠤᠷᠳᠤᠭᠤᠯᠤᠭᠰᠡᠨ | ᠦᠬᠡᠷ ᠤᠨ ᠬᠠᠮᠠᠭᠠᠯᠠᠯᠲᠠ ᠶᠢ ᠴᠢᠩᠭᠠᠳᠬᠠᠵᠤ᠂ ᠢᠳᠡᠰᠢᠨ ᠦᠬᠡᠷ ᠦᠷᠡᠵᠢᠭᠦᠯᠦᠨ ᠪᠤᠶᠢᠵᠢᠭᠤᠯᠬᠤ ᠲᠠᠯᠠᠪᠠᠢ 3 ᠶᠢ | ᠰᠢᠨ᠎ᠡ ᠪᠠᠷ ᠪᠠᠶᠢᠭᠤᠯᠤᠨ᠎ᠠ᠃ ᠢᠳᠡᠰᠢᠨ ᠬᠤᠨᠢᠨ ᠤ ᠠᠵᠤ ᠦᠢᠯᠡᠰ ᠢ ᠰᠠᠶᠢᠲᠤᠷ ᠠᠳᠬᠤᠵᠤ᠂ ᠰᠣᠩᠭᠤᠨ | ᠪᠤᠶᠢᠵᠢᠭᠤᠯᠵᠤ ᠡᠭᠦᠯᠳᠡᠷ ᠴᠡᠪᠡᠷᠰᠢᠭᠦᠯᠬᠦ᠂ ᠡᠷᠯᠢᠰᠵᠢᠭᠦᠯᠦᠨ ᠪᠣᠷᠳᠣᠬᠤ᠂ ᠲᠦᠷᠤᠯ ᠲᠠᠮᠳᠡᠭᠲᠤ ᠶᠢ ᠡᠵᠡᠩᠨᠡᠨ | ᠪᠣᠷᠣᠯᠠᠭᠤᠯᠬᠤ ᠠᠵᠢᠯ ᠢ ᠬᠦᠴᠦᠯᠡᠨ ᠰᠠᠶᠢᠲᠤᠷ ᠬᠢᠵᠦ᠂ ᠵᠢᠯ ᠤᠨ ᠳᠣᠲᠣᠷ᠎ᠠ ᠦᠷ᠎ᠡ ᠶᠢᠨ ᠮᠠᠯ ᠤᠨ ᠲᠠᠯᠠᠪᠠᠢ ᠶᠢ 5 | ᠪᠠᠶᠢᠭᠤᠯᠵᠤ᠂ ᠢᠳᠡᠰᠢᠨ ᠬᠤᠨᠢᠨ ᠤ ᠭᠤᠣᠯ ᠰᠦᠷᠦᠭ ᠢ 120 ᠰᠦᠷᠦᠭ ᠪᠣᠯᠭᠠᠵᠤ᠂ ᠪᠠᠷᠢᠮᠵᠢᠶᠠᠵᠢᠭᠰᠠᠨ ᠮᠠᠯ ᠤᠨ | ᠰᠦᠷᠦᠭ ᠢ 1200 ᠰᠦᠷᠦᠭ ᠲᠤ ᠬᠦᠷᠭᠡᠵᠦ᠂ ᠰᠠᠭᠤᠷᠢ ᠡᠬᠡ ᠮᠠᠯ ᠤᠨ ᠬᠠᠷᠢᠴᠠᠯ ᠢ 55% ᠪᠣᠯᠭᠠᠨ | ᠳᠡᠭᠡᠭᠰᠢᠯᠡᠭᠦᠯᠦᠨ᠎ᠡ︔ ᠪᠠᠶᠠᠨᠰᠢᠯᠢ ᠮᠠᠯᠵᠢᠯ ᠤᠨ ᠲᠠᠯᠠᠪᠠᠢ᠂ ᠮᠣᠳᠣᠨ ᠮᠠᠯᠵᠢᠯ ᠤᠨ ᠲᠠᠯᠠᠪᠠᠢ ᠶᠢᠨ ᠢᠳᠡᠰᠢᠨ ᠬᠤᠨᠢᠨ ᠤ | ᠠᠵᠤ ᠠᠬᠤᠢ ᠶᠢᠨ ᠡᠷᠯᠢᠰᠵᠢᠭᠦᠯᠦᠯᠲᠡ ᠪᠠ ᠬᠠᠰᠢᠶᠠᠯᠠᠨ ᠲᠡᠵᠢᠭᠡᠵᠦ ᠦᠷᠡᠵᠢᠭᠦᠯᠬᠦ ᠲᠤᠷᠰᠢᠯᠲᠠ ᠶᠢᠨ ᠴᠢᠭ ᠢ | ᠢᠳᠡᠪᠬᠢᠲᠡᠢ ᠠᠬᠢᠭᠤᠯᠵᠤ᠂ ᠡᠪᠦᠯ ᠤᠨ ᠬᠤᠷᠠᠭ᠎ᠠ᠂ ᠬᠠᠪᠤᠷ ᠤᠨ ᠡᠷᠲᠡ ᠶᠢᠨ ᠬᠤᠷᠠᠭ᠎ᠠ ᠶᠢ ᠪᠣᠷᠳᠤᠵᠤ | ᠲᠠᠷᠭᠤᠯᠠᠭᠤᠯᠣᠨ ᠣᠷᠢᠳᠴᠢᠯᠠᠨ ᠵᠠᠷᠣᠴᠠᠭᠤᠯᠬᠤ ᠶᠢ ᠵᠣᠷᠢᠭᠵᠢᠭᠤᠯᠤᠨ ᠵᠢᠯᠣᠭᠤᠳᠴᠤ᠂ ᠮᠠᠯ ᠠᠵᠤ ᠠᠬᠤᠢ ᠶᠢᠨ | ᠣᠨ ᠤ ᠪᠡᠯᠴᠢᠭᠡᠷᠯᠡᠬᠦᠯᠬᠦ ᠢᠳᠡᠰᠢᠨ ᠬᠤᠨᠢ ᠶᠢ 113 ᠲᠦᠮᠡᠨ ᠲᠤᠯᠤᠭᠠᠢ ᠳᠤ ᠲᠣᠭᠲᠠᠪᠤᠷᠢᠵᠢᠭᠤᠯᠵᠤ᠂ ᠪᠣᠷᠳᠣᠵᠤ | ᠵᠠᠷᠤᠴᠠᠭᠤᠯᠬᠤ ᠬᠡᠮᠵᠢᠶ᠎ᠡ ᠶᠢ 100 ᠲᠦᠮᠡᠨ ᠲᠤᠯᠤᠭᠠᠢ ᠳᠤ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠤᠳᠤ | ᠦᠶ᠎ᠡ ᠶᠢᠨ ᠢᠳᠡᠰᠢᠨ ᠬᠤᠨᠢᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠲᠠᠯ᠎ᠠ ᠨᠤᠲᠤᠭ ᠤᠨ ᠪᠤᠬᠢᠷᠳᠤᠯ ᠦᠭᠡᠢ ᠬᠤᠨᠢᠨ ᠤ ᠦᠵᠡᠰᠬᠦᠯᠡᠩ ᠤᠨ ᠴᠤᠭᠯᠠᠭᠠᠨ ᠢ | ᠬᠢᠨᠠᠮᠠᠭᠠᠢ ᠪᠡᠯᠡᠳᠬᠡᠨ ᠡᠷᠬᠢᠯᠡᠨ᠎ᠡ᠃ ᠣᠨᠴᠠᠯᠢᠭᠲᠤ ᠠᠵᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ᠃ | ᠣᠳᠣ ᠦᠶ᠎ᠡ ᠶᠢᠨ ᠠᠳᠤᠭᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠠᠷᠢᠮᠵᠢᠶᠠᠵᠢᠭᠰᠠᠨ ᠴᠡᠭᠡ | ᠦᠢᠯᠡᠳᠪᠤᠷᠢᠯᠡᠬᠦ ᠲᠥᠷᠥᠯ ᠵᠦᠢᠯ 5 ᠶᠢ ᠰᠢᠨ᠎ᠡ ᠪᠠᠷ ᠪᠠᠶᠢᠭᠤᠯᠵᠤ᠂ ᠵᠦᠩ ᠶᠦᠨ ᠠᠳᠤᠭᠤᠨ ᠤ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ᠤᠨ ᠦᠷ᠎ᠡ ᠠᠰᠢᠭ ᠣᠯᠬᠤ ᠶᠢ ᠠᠬᠢᠭᠤᠯᠵᠤ᠂ ᠤᠯᠤᠰ ᠤᠨ ᠳᠤᠲᠤᠭᠠᠲᠤ ᠶᠢᠨ | ᠴᠢᠨᠠᠷ ᠰᠠᠶᠢᠲᠠᠢ ᠳᠡᠭᠡᠳᠦ ᠲᠡᠰ ᠤᠨ ᠠᠳᠤᠭᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ | ᠭᠠᠵᠠᠷ ᠢ ᠪᠠᠶᠢᠭᠤᠯᠤᠨ᠎ᠠ︔ ᠮᠣᠩᠭᠤᠯ ᠮᠣᠷᠢ ᠶᠢ ᠬᠠᠮᠠᠭᠠᠯᠠᠬᠤ ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠠᠳᠤᠭᠤᠨ ᠤ ᠲᠤᠭ᠎ᠠ ᠶᠢ 2.5 ᠲᠦᠮᠡᠨ ᠲᠤᠯᠤᠭᠠᠢ ᠳᠤ ᠬᠦᠷᠭᠡᠬᠦ ᠪᠠᠷ | ᠴᠢᠷᠮᠠᠶᠢᠨ᠎ᠠ᠃ ᠪᠠᠶᠢᠭᠠᠯᠢᠯᠢᠭ ᠴᠢᠨᠠᠷ ᠰᠠᠶᠢᠲᠠᠶ ᠰᠦ ᠶᠢᠨ ᠦᠢᠯᠡᠰ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ | ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠵᠠ ᠲᠣᠬᠢᠶᠠᠯ ᠢ ᠠᠳᠬᠤᠨ᠂ ᠴᠡᠭᠡ ᠶᠢᠨ ᠠᠵᠤ ᠦᠢᠯᠡᠰ ᠢ ᠲᠡᠳᠬᠦᠨ ᠬᠥᠭᠵᠢᠭᠦᠯᠵᠦ᠂ ᠤᠯᠠᠮᠵᠢᠯᠠᠯᠲᠤ ᠴᠠᠭᠠᠨ | ᠢᠳᠡᠭᠡᠨ ᠡᠳ᠋ᠰᠢᠭᠦᠯᠬᠦ ᠲᠥᠷᠥᠯ ᠵᠦᠢᠯ 6 ᠶᠢ ᠬᠡᠷᠡᠭᠵᠢᠭᠦᠯᠦᠨ᠎ᠡ︔ ᠢᠯᠢ ᠺᠣᠮᠫᠠᠨᠢ ᠶᠢᠨ ᠴᠢᠨᠠᠷ ᠰᠠᠶᠢᠲᠠᠢ ᠳᠡᠭᠡᠳᠦ | ᠲᠡᠰ ᠤᠨ ᠴᠠᠭᠠᠨ ᠢᠳᠡᠭᠡᠨ ᠰᠤᠳᠤᠯᠤᠨ ᠦᠢᠯᠡᠳᠪᠦᠷᠢᠯᠡᠬᠦ ᠶᠢ ᠳᠡᠮᠵᠢᠵᠦ᠂ ᠤᠯᠤᠰ ᠤᠨ ᠳᠣᠲᠣᠭᠠᠳᠤ ᠶᠢᠨ ᠳᠡᠭᠡᠳᠦ | ᠲᠡᠰ ᠤᠨ ᠰᠦ ᠦᠢᠯᠡᠳᠪᠦᠷᠢᠯᠡᠵᠦ ᠡᠳ᠋ᠰᠢᠭᠦᠯᠬᠦ ᠴᠢᠬᠤᠯᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠶᠠᠨᠰᠢᠯᠢ ᠲᠠᠯ᠎ᠠ | ᠨᠤᠲᠤᠭ ᠤᠨ ᠮᠥᠭᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠮᠥᠭᠦ ᠲᠠᠷᠢᠬᠤ ᠦᠢᠯᠡᠰ ᠢ ᠳᠠᠶᠢᠴᠢᠯᠠᠨ ᠬᠥᠭᠵᠢᠭᠦᠯᠦᠨ᠎ᠡ᠃ ᠤᠰᠤᠨ ᠤ ᠪᠠᠶᠢᠳᠠᠯ ᠢ ᠦᠵᠡᠵᠦ ᠲᠠᠷᠢᠬᠤ᠂ | ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ᠂ 10 ᠲᠦᠮᠡᠨ ᠮᠤ᠋ ᠰᠢᠯᠢᠳᠡᠭ ᠲᠠᠷᠢᠮᠠᠯ ᠪᠡᠯᠴᠢᠭᠡᠷ ᠲᠠᠷᠢᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ 2 ᠲᠦᠮᠡᠨ ᠮᠤ᠋᠂ ᠮᠣᠩᠭᠤᠯ ᠬᠢᠲᠠᠳ ᠡᠮ ᠤᠨ ᠮᠠᠲ᠋ᠧᠷᠢᠶᠠᠯ 2000 ᠮᠤ᠋ | ᠪᠦᠲᠦᠭᠡᠨ ᠪᠠᠶᠢᠭᠤᠯᠤᠨ᠎ᠠ᠃ ᠵᠣᠬᠢᠬᠤ ᠬᠡᠪᠴᠢᠶ᠎ᠡ ᠲᠠᠢ ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ | ᠵᠣᠷᠢᠭᠵᠢᠭᠤᠯᠤᠨ ᠬᠥᠭᠵᠢᠭᠦᠯᠵᠦ᠂ ᠡᠷᠦᠬᠡ ᠬᠤᠯᠪᠣᠭᠠᠯᠠᠨ ᠡᠵᠡᠩᠨᠡᠬᠦ ᠶᠢ 100 ᠡᠷᠦᠬᠡ ᠳᠤ ᠬᠦᠷᠦᠭᠦᠯᠬᠦ ᠪᠠᠷ | ᠴᠢᠷᠮᠠᠶᠢᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠯᠤᠭᠠᠶᠢᠯᠠᠭᠴᠢ ᠠᠵᠤ ᠠᠬᠤᠶᠢᠯᠠᠯ 2 ᠢ ᠰᠢᠨ᠎ᠡ ᠪᠠᠷ ᠦᠨᠡᠯᠡᠨ | ᠲᠣᠭᠲᠠᠭᠠᠵᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ 10 | ᠶᠢ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠤᠷᠰᠢᠯᠲᠤ ᠬᠢᠨᠠᠨ ᠬᠡᠮᠵᠢᠯᠲᠡ ᠶᠢᠨ | ᠬᠢᠷᠢ ᠲᠡᠩᠴᠡᠭᠰᠡᠨ ᠨᠣᠷᠮ᠎ᠠ ᠶᠢ 97% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ | ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠠᠩᠬᠠᠷᠴᠤ᠂ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠶ ᠦᠢᠯᠡᠳᠪᠦᠷᠢᠯᠡᠬᠦ | ᠴᠢᠳᠠᠪᠤᠷᠢ ᠶᠢ ᠲᠦᠷᠭᠡᠳᠬᠡᠨ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠨᠡᠭᠦᠷᠡᠰᠦᠨ ᠤ ᠠᠵᠤ ᠠᠬᠤᠶᠢᠯᠠᠯ ᠤᠨ ᠠᠵᠢᠯᠯᠠᠭᠠᠨ ᠤ | ᠲᠣᠬᠢᠷᠠᠭᠤᠯᠤᠯᠲᠠ ᠶᠢ ᠴᠢᠩᠭᠠᠳᠬᠠᠵᠤ᠂ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠶᠢ ᠮᠡᠳᠡᠭᠦᠯᠦᠨ | ᠵᠦᠪᠰᠢᠶᠡᠷᠡᠬᠦ ᠪᠠ ᠭᠠᠷ ᠭᠦᠢᠴᠡᠳᠬᠡᠯ ᠢ ᠪᠦᠷᠢᠳᠦᠭᠦᠯᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠢᠯᠡᠯᠲᠡ | ᠪᠠᠷᠠᠭᠤᠨ ᠬᠤᠶᠠᠳᠤᠭᠠᠷ ᠨᠣᠮᠧᠷᠲᠤ᠂ ᠪᠠᠷᠠᠭᠤᠨ ᠭᠤᠷᠪᠠᠳᠤᠭᠠᠷ ᠨᠣᠮᠧᠷᠲᠤ ᠪᠣᠯᠤᠨ ᠤᠯᠠᠭᠠᠨ ᠲᠤᠭ ᠨᠡᠭᠦᠷᠡᠰᠦᠨ | ᠠᠭᠤᠷᠬᠠᠢ ᠶᠢᠨ ᠲᠣᠭᠲᠠᠭᠤᠨ ᠦᠢᠯᠡᠳᠪᠦᠷᠢᠯᠡᠯ ᠢ ᠠᠬᠢᠭᠤᠯᠵᠤ᠂ ᠬᠢᠨᠠᠨ ᠬᠠᠷᠭᠤᠭᠤᠯᠵᠤ ᠨᠡᠮᠡᠭᠳᠡᠬᠦᠯᠤᠭ᠍ᠰᠡᠨ ᠱᠧᠨ | ᠬᠤᠸᠠ ᠪᠠᠷᠠᠭᠤᠨ ᠨᠢᠭᠡᠳᠦᠭᠡᠷ ᠨᠣᠮᠧᠷᠲᠤ ᠵᠠᠳᠠᠭᠠᠢ ᠠᠭᠤᠷᠬᠠᠢ ᠶᠢᠨ 800 ᠲᠦᠮᠡᠨ ᠲᠣᠨ ᠦᠢᠯᠡᠳᠪᠦᠷᠢᠯᠡᠯ ᠤᠨ | ᠴᠢᠳᠠᠪᠬᠢ ᠶᠢᠨ ᠲᠦᠷᠦᠯ ᠵᠦᠢᠯ ᠢ ᠲᠠᠷᠤᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ︔ | ᠳ᠋ᠠ ᠲᠠᠩ ᠤᠨ ᠶᠡᠷᠦᠩᠬᠡᠢ ᠬᠡᠯᠲᠡᠰ ᠲᠠᠢ ᠬᠠᠮᠵᠢᠯᠴᠠᠵᠤ ᠨᠡᠭᠦᠷᠡᠰᠦᠨ ᠠᠭᠤᠷᠬᠠᠢ ᠶᠢᠨ ᠳᠠᠷᠠᠭᠠᠴᠢ ᠶᠢᠨ ᠠᠯᠬᠤᠮ ᠤᠨ | ᠪᠦᠲᠦᠭᠡᠨ ᠪᠠᠶᠢᠭᠤᠯᠤᠯᠲᠠ ᠶᠢᠨ ᠲᠥᠰᠦᠯ ᠢ ᠲᠦᠷᠭᠡᠬᠡᠨ ᠲᠣᠳᠣᠷᠬᠠᠶᠢᠯᠠᠵᠤ᠂ ᠳ᠋ᠠ ᠲᠠᠩ ᠤᠨ ᠵᠡᠭᠦᠨ ᠬᠤᠶᠠᠳᠤᠭᠠᠷ | ᠨᠣᠮᠧᠷᠲᠤ ᠵᠠᠳᠠᠭᠠᠢ ᠠᠭᠤᠷᠬᠠᠢ ᠶᠢᠨ ᠬᠢᠨᠠᠨ ᠵᠦᠪᠰᠢᠶᠡᠷᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ | ᠪᠠᠳᠠᠷᠠᠭᠤᠯᠤᠨ᠎ᠠ︔ ᠪᠦᠦ ᠱᠠᠨ ᠪᠦᠦ ᠮᠠ ᠨᠡᠭᠦᠷᠡᠰᠦᠨ ᠠᠭᠤᠷᠬᠠᠢ ᠶᠢᠨ ᠭᠠᠷ ᠬᠦᠢᠴᠡᠳᠭᠡᠯ ᠢ ᠪᠦᠷᠢᠳᠤᠭᠦᠯᠵᠤ᠂ | ᠦᠢᠯᠡᠳᠪᠤᠷᠢᠯᠡᠯ ᠢ ᠨᠢ ᠲᠠᠷᠤᠢ ᠲᠦᠷᠭᠡᠨ ᠰᠡᠷᠬᠦᠭᠡᠬᠦ ᠪᠠᠷ ᠴᠢᠷᠮᠠᠶᠢᠵᠤ᠂ ᠪᠦᠬᠦ ᠵᠢᠯ ᠳᠤ ᠪᠦᠬᠦ ᠬᠤᠲᠠ ᠶᠢᠨ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ 4000 ᠲᠦᠮᠡᠨ ᠲᠣᠨ ᠠᠴᠠ ᠳᠡᠭᠡᠭᠰᠢ ᠬᠦᠷᠭᠡᠬᠦ ᠶᠢ ᠪᠠᠲᠤᠯᠠᠨ᠎ᠠ᠃ | ᠣᠨᠴᠠ ᠥᠨᠳᠥᠷ ᠬᠦᠴᠦᠳᠡᠯᠲᠦ ᠢᠵᠢ ᠪᠦᠷᠢᠳᠦᠭᠦᠯᠬᠦ ᠢᠯᠴᠢ ᠴᠠᠬᠢᠯᠭᠠᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠳ᠋ᠠ ᠲᠠᠩ᠂ ᠤᠮᠠᠷᠠᠲᠤ ᠶᠢᠨ ᠢᠯᠠᠯᠲᠠ ᠴᠠᠬᠢᠯᠭᠠᠨ ᠤ | ᠦᠢᠯᠡᠳᠪᠦᠷᠢ ᠶᠢᠨ ︽ᠬᠤᠤᠰ ᠣᠷᠣᠭᠤᠯᠤᠯᠲᠠ︾ ᠶᠢ ᠪᠠᠲᠤᠯᠠᠵᠤ᠂ ᠱᠧᠨ ᠬᠤᠸᠠ ᠴᠠᠬᠢᠯᠭᠠᠨ ᠤ ᠦᠢᠯᠡᠳᠪᠦᠷᠢ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠦᠬᠦ ᠵᠢᠯ ᠳᠤ 330 ᠲᠦᠮᠡᠨ ᠺᠢᠯᠣᠸᠠᠲ ᠢᠯᠴᠢ | ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 130 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ ᠵᠢᠴᠢ ᠴᠠᠬᠢᠯᠭᠠᠨ ᠢ ᠭᠠᠳᠠᠭᠰᠢ ᠬᠦᠷᠭᠡᠬᠦ ᠢᠨᠵᠧᠨᠧᠷᠢᠩ ᠢ ᠵᠢᠯ ᠤᠨ ᠳᠣᠲᠣᠷ᠎ᠠ ᠪᠦᠬᠦᠨ ᠢ | ᠠᠰᠢᠭᠯᠠᠯᠲᠠ ᠳᠤ ᠣᠷᠣᠭᠤᠯᠤᠨ᠎ᠠ᠃ ᠵᠠᠳᠠᠭᠠᠶ ᠠᠭᠤᠷᠬᠠᠶ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠬᠡᠷᠡᠭᠯᠡᠬᠦ | ᠭᠠᠵᠠᠷ ᠢ ᠪᠦᠲᠦᠮᠵᠢᠲᠡᠶ ᠠᠰᠢᠭᠯᠠᠨ᠂ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠲᠣᠮᠣ ᠬᠡᠯᠪᠡᠷᠢ ᠶᠢᠨ ᠲᠥᠷᠥᠯ | ᠵᠦᠢᠯ ᠢ ᠰᠠᠭᠤᠷᠢᠰᠢᠭᠤᠯᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠢ ᠴᠢᠨᠠᠷ | ᠰᠠᠶᠢᠲᠠᠶ ᠬᠥᠭᠵᠢᠭᠦᠯᠵᠦ᠂ ᠬᠤᠴᠣᠷᠤᠩᠭᠤᠶ ᠳᠣᠤᠷ᠎ᠠ ᠲᠡᠰ ᠤᠨ ᠦᠢᠯᠡᠳᠪᠦᠷᠢᠯᠡᠬᠦ ᠴᠢᠳᠠᠪᠤᠷᠢ ᠶᠢ ᠡᠷᠡᠰ | ᠰᠢᠭᠰᠢᠭᠳᠡᠭᠦᠯᠵᠦ᠂ ᠦᠢᠯᠡᠳᠪᠤᠷᠢᠯᠡᠯ ᠤᠨ ᠬᠢᠷᠢ ᠲᠦᠪᠰᠢᠨ ᠢᠶᠠᠷ ᠥᠨᠳᠥᠷ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ | ᠲᠤᠯᠤᠭᠠᠶᠢᠯᠠᠭᠴᠢ ᠠᠵᠤ ᠠᠬᠤᠶᠢᠯᠠᠯ ᠢ ᠲᠥᠪᠯᠡᠷᠡᠭᠦᠯᠦᠨ ᠲᠡᠳᠬᠦᠵᠦ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠠᠬᠢᠭᠤᠯᠵᠤ | ᠂ ᠰᠢᠨ᠎ᠡ ᠰᠣᠷᠭᠤᠭ ᠦᠬᠡᠷ ᠬᠤᠨᠢᠨ ᠮᠢᠬ᠎ᠠ᠂ ᠪᠣᠯᠭᠤᠭᠰᠠᠨ ᠢᠳᠡᠭᠡᠨ᠂ ᠰᠤᠯᠨ ᠢᠳᠡᠭᠡᠨ ᠵᠡᠷᠭᠡ ᠪᠦᠲᠦᠭᠡᠭᠳᠡᠭᠦᠨ ᠢ | ᠢᠳᠡᠪᠬᠢᠲᠡᠢ ᠬᠥᠭᠵᠢᠭᠦᠯᠵᠦ᠂ ᠳ᠋ᠠ ᠵᠤᠸᠠᠩ ᠶᠤᠸᠠᠨ ᠪᠣᠯᠤᠨ ᠡᠷᠳᠡᠨᠢ ᠲᠥᠪ ᠲᠣᠭᠤᠭᠠᠨ ᠭᠡᠷ ᠤᠨ ᠲᠥᠷᠥᠯ ᠵᠦᠢᠯ | ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠬᠤᠲᠠ ᠳᠤ ᠠᠮᠢᠳᠤ ᠮᠠᠯ 200 ᠲᠦᠮᠡᠨ | ᠬᠤᠨᠢᠴᠢᠯᠠᠭᠰᠡᠨ ᠨᠢᠭᠡᠴᠢ ᠡᠳ᠋ᠰᠢᠭᠦᠯᠵᠦ᠂ ᠨᠠᠷᠢᠯᠢᠭ ᠡᠳ᠋ᠰᠢᠭᠦᠯᠬᠦ ᠨᠣᠷᠮ᠎ᠠ ᠶᠢ 65% ᠠᠴᠠ ᠳᠡᠭᠡᠭᠰᠢ ᠬᠦᠷᠭᠡᠨ᠎ᠡ᠃ | ᠬᠤᠩ ᠶᠤᠸᠠᠨ ᠯᠦ ᠢ ᠱᠧᠩ ᠺᠣᠮᠫᠠᠨᠢ ᠪᠣᠯᠤᠨ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠭᠦᠨᠵᠡᠭᠡᠢ | ᠬᠠᠮᠲᠤᠷᠠᠯᠴᠠᠭ᠎ᠠ ᠶᠢ ᠠᠬᠢᠭᠤᠯᠵᠤ᠂ ᠵᠢᠯ ᠤᠨ ᠳᠣᠲᠣᠷ᠎ᠠ ᠲᠥᠮᠥᠰᠥᠨ ᠵᠦᠰᠦᠮ ᠤᠨ ᠦᠢᠯᠡᠳᠪᠦᠷᠢᠯᠡᠯ ᠤᠨ ᠱᠤᠭᠤᠮ ᠢ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠨᠡᠭᠦᠷᠡᠰᠦ ᠴᠠᠬᠢᠯᠭᠠᠨ ᠵᠡᠷᠭᠡ | ᠭᠤᠤᠯᠯᠠᠬᠤ ᠠᠵᠤ ᠦᠢᠯᠡᠰ ᠢ ᠤᠷᠲᠤᠳᠬᠠᠬᠤ ᠪᠠ ᠢᠵᠢ ᠪᠦᠷᠢᠳᠦᠭᠦᠯᠬᠦ ᠶᠢᠨ ᠲᠣᠭᠤᠷᠢᠨ ᠳᠤ᠂ ᠰᠢᠨ᠎ᠡ ᠮᠠᠶ᠋ᠢᠭ ᠤᠨ | ᠰᠠᠯᠬᠢᠨ ᠬᠦᠴᠦᠨ ᠤ ᠮᠠᠰᠢᠨ ᠲᠣᠨᠣᠭᠯᠠᠯ᠂ ᠤᠶᠤᠨᠲᠤ ᠴᠠᠬᠢᠯᠭᠠᠨ ᠬᠦᠷᠭᠡᠵᠦ ᠬᠦᠴᠦᠳᠡᠯ ᠦᠭᠡᠷᠡᠴᠢᠯᠡᠬᠦ | ᠲᠥᠬᠦᠭᠡᠷᠦᠮᠵᠢ᠂ ᠨᠡᠭᠦᠷᠡᠰᠦᠨ ᠤ ᠮᠠᠰᠢᠨ ᠮᠧᠬᠠᠨᠢᠭ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠲᠦᠷᠭᠡᠳᠬᠡᠨ ᠬᠥᠭᠵᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠦᠷᠦᠭᠵᠢᠯ ᠢ | ᠪᠦᠷᠢᠯᠳᠤᠬᠦᠯᠤᠨ᠎ᠡ᠃ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠪᠯᠡᠷᠡᠭᠦᠯᠦᠨ ᠪᠦᠲᠦᠭᠡᠨ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠠᠰᠢᠭᠲᠠᠶ ᠲᠣᠬᠢᠶᠠᠯ ᠢ ᠡᠵᠡᠮᠳᠡᠨ᠂ ᠬᠠᠢ ᠵᠤᠸᠠᠩ᠂ ᠮᠢᠩ ᠶᠠᠩ᠂ ᠱᠠᠩᠬᠠᠶ ᠶᠢᠨ | ᠴᠠᠬᠢᠯᠭᠠᠨᠵᠢᠯᠲᠠ ᠵᠡᠷᠭᠡ ᠲᠣᠨᠤᠭ ᠲᠥᠬᠦᠭᠡᠷᠦᠮᠵᠢ ᠦᠢᠯᠡᠳᠬᠦ 6 ᠠᠵᠤ ᠠᠬᠤᠶᠢᠯᠠᠯ ᠢ ᠬᠠᠪᠰᠤᠷᠤᠨ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠯᠤᠭ᠎ᠠ ᠭᠦᠨᠵᠡᠭᠡᠶ ᠵᠣᠯᠭᠠᠭᠤᠯᠵᠤ᠂ ᠣᠶᠢᠷ᠎ᠠ ᠬᠠᠪᠢ ᠶᠢᠨ ᠵᠠᠬ᠎ᠠ | ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠴᠢᠷᠮᠠᠶᠢᠨ ᠣᠯᠵᠤ᠂ ᠦᠢᠯᠡᠳᠪᠦᠷᠢᠯᠡᠯ ᠢᠶᠠᠨ ᠲᠦᠷᠭᠡᠳᠬᠡᠨ | ᠠᠬᠢᠭᠤᠯᠵᠤ᠂ ᠪᠦᠬᠦ ᠵᠢᠯ ᠳᠤ ᠰᠠᠯᠬᠢᠨ ᠬᠦᠴᠤᠨ ᠢᠶᠠᠷ ᠴᠠᠬᠢᠯᠭᠠᠨ ᠭᠠᠷᠭᠠᠬᠤ ᠮᠠᠰᠢᠨ 470 ᠰᠠᠭᠤᠷᠢ᠂ ᠮᠠᠰᠢᠨ ᠤ | ᠲᠠᠯᠪᠢ 400 ᠢᠵᠢ ᠦᠢᠯᠡᠳᠪᠦᠷᠢᠯᠡᠬᠦ ᠪᠠᠷ ᠴᠢᠷᠮᠠᠶᠢᠨ᠎ᠠ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ | ᠦᠢᠯᠡᠳᠪᠦᠷᠢᠯᠡᠬᠦ᠂ ᠨᠢᠳᠤᠯᠠᠭᠰᠠᠨ ᠠᠮᠢᠲᠠᠨ ᠤ ᠬᠠᠶᠠᠭᠳᠡᠯ ᠢ ᠡᠳ᠋ᠰᠢᠭᠦᠯᠬᠦ ᠵᠡᠷᠭᠡ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ︽ᠡᠷᠳᠡᠨᠢ ᠪᠣᠯᠭᠠᠬᠤ︾ ᠶᠢ ᠪᠡᠶᠡᠯᠡᠭᠦᠯᠦᠨ᠎ᠡ᠃ | ᠭᠧᠷᠮᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠧᠩ ᠳ᠋ᠦᠩ ᠭᠧᠷᠮᠠᠨ ᠤ ᠦᠢᠯᠡᠰ ᠪᠣᠯᠤᠨ | ᠲᠦᠩ ᠯᠢ ᠭᠧᠷᠮᠠᠨ ᠤ ᠦᠢᠯᠡᠰ ᠢ ᠳᠠᠬᠢᠨ ᠵᠤᠬᠢᠶᠠᠨ ᠪᠠᠶᠢᠭᠤᠯᠬᠤ ᠶᠠᠪᠤᠳᠠᠯ ᠢ ᠪᠡᠶᠡᠯᠡᠭᠦᠯᠦᠨ᠎ᠡ᠃ ᠢᠯᠵᠢᠮᠡᠭ | ᠬᠦᠴᠢᠯ ᠤᠨ ᠣᠨᠴᠠᠯᠢᠭᠲᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠲᠥᠯᠥᠪᠵᠢᠭᠦᠯᠭᠡ ᠨᠠᠶᠢᠷᠠᠭᠤᠯᠤᠨ | ᠵᠣᠬᠢᠶᠠᠬᠤ᠂ ᠲᠥᠷᠥᠯ ᠵᠦᠢᠯ ᠢ ᠣᠷᠣᠭᠤᠯᠬᠤ ᠵᠡᠷᠭᠡ ᠠᠵᠢᠯ ᠢ ᠳᠠᠷᠦ᠋ᠢᠬᠠᠨ ᠪᠣᠳᠠᠲᠠᠶ ᠠᠬᠢᠴᠠ ᠲᠠᠢ ᠪᠤᠯᠭᠠᠨ᠎ᠠ᠃ | ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠢᠨᠲ᠋ᠧᠷ | ᠰᠦᠯᠵᠢᠶᠡᠨ ᠤ ᠰᠣᠯᠪᠢᠴᠠᠯ ᠤᠨ ᠲᠥᠪ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | ᠵᠢᠯ ᠤᠨ ᠳᠣᠲᠤᠷ᠎ᠠ ᠪᠠᠶᠢᠭᠤᠯᠬᠤ ᠪᠠᠷ ᠴᠢᠷᠮᠠᠶᠢᠨ᠎ᠠ᠃ ᠺᠠᠶ ᠳ᠋ᠢ ᠺᠣᠮᠫᠠᠨᠢ ᠶᠢᠨ ᠡᠮᠴᠢᠯᠡᠭᠡᠨ ᠳᠤ ᠬᠡᠷᠡᠭᠯᠡᠬᠦ | ᠬᠠᠮᠠᠭᠠᠯᠠᠯᠲᠠ ᠶᠢᠨ ᠬᠤᠪᠴᠠᠰᠤ ᠪᠠ ᠠᠮᠠᠪᠴᠢ ᠦᠢᠯᠡᠳᠪᠦᠷᠢᠯᠡᠬᠦ ᠲᠥᠷᠥᠯ ᠵᠦᠢᠯ ᠢ ᠬᠠᠪᠰᠤᠷᠴᠤ ᠦᠢᠯᠡᠳᠪᠤᠷᠢᠯᠡᠯ | ᠪᠦᠲᠤᠭᠡᠨ ᠪᠠᠶᠢᠭᠤᠯᠤᠯᠲᠠ ᠶᠢᠨ ᠲᠤᠮᠳᠡᠬᠢ ᠠᠰᠠᠭᠤᠳᠠᠯ ᠢ ᠰᠠᠶᠢᠲᠤᠷ ᠰᠢᠢᠳᠪᠤᠷᠢᠯᠡᠵᠤ᠂ ᠮᠠᠨ ᠤ ᠬᠤᠲᠠ ᠶᠢᠨ | ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠡᠳ᠋ ᠪᠣᠳᠠᠰ ᠤᠨ ᠦᠢᠯᠡᠳᠪᠦᠷᠢᠯᠡᠯ ᠤᠨ ᠬᠤᠭᠤᠰᠣᠨ ᠢ ᠨᠦᠬᠦᠪᠦᠷᠢᠯᠡᠨ᠎ᠡ | ᠃ | ᠬᠦᠷᠢᠶᠡᠯᠡᠩ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠨᠢᠭᠡᠳᠬᠡᠬᠦ ᠶᠢ ᠰᠠᠶᠢᠲᠤᠷ ᠠᠳᠬᠤᠨ᠎ᠠ᠃ ᠥᠪᠡᠷᠲᠡᠭᠡᠨ | ᠵᠠᠰᠠᠬᠤ ᠣᠷᠣᠨ ᠤ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠰᠠᠨᠠᠯ ᠤᠳ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠯᠢ ᠶᠢᠨ ᠭᠤᠤᠯ ᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠣᠷᠣᠨ ᠢ ᠲᠤᠬᠢᠷᠠᠭᠤᠯᠤᠨ ᠨᠢᠭᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠭᠠᠵᠠᠷ | ᠬᠡᠷᠡᠭᠯᠡᠬᠦ ᠴᠣᠬᠤᠯᠠᠪᠤᠷᠢ ᠶᠢ ᠲᠦᠷᠭᠡᠬᠡᠨ ᠪᠡᠶᠡᠯᠡᠭᠦᠯᠵᠦ᠂ ᠨᠢᠭᠡ ᠲᠣᠭᠤᠷᠢᠭ ᠭᠤᠷᠪᠠᠨ ᠬᠦᠷᠢᠶᠡᠯᠡᠩ ᠤᠨ ᠶᠡᠷᠦᠩᠬᠡᠶ | ᠲᠥᠯᠥᠪᠵᠢᠭᠦᠯᠭᠡ ᠪᠠ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠦᠷᠢᠶᠡᠯᠡᠩ ᠲᠣᠭᠤᠷᠢᠭ ᠤᠨ | ᠰᠢᠨᠵᠢᠯᠡᠬᠦ ᠤᠬᠠᠭᠠᠨᠴᠢ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ | ᠰᠢᠭᠠᠷᠤ ᠶᠢᠨ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠴᠡᠭᠴᠡᠯᠡᠨ ᠵᠠᠰᠠᠯᠲᠠ ᠶᠢ ᠴᠠᠭ ᠲᠤᠬᠠᠢ ᠳᠤᠨᠢ ᠪᠡᠶᠡᠯᠡᠭᠦᠯᠵᠦ᠂ ᠠᠭᠤᠷ ᠤᠨ ᠬᠤᠭᠤᠯᠠᠢ ᠱᠤᠭᠤᠮ ᠤᠨ ᠲᠦᠷᠤᠯ ᠵᠦᠢᠯ | ᠢ ᠲᠦᠷᠭᠡᠳᠭᠡᠨ ᠠᠬᠢᠭᠤᠯᠵᠤ᠂ ᠵᠠᠮ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ | ᠨᠣᠭᠤᠭᠠᠷᠠᠭᠤᠯᠤᠯᠲᠠ ᠭᠡᠷᠡᠯᠲᠦᠭᠦᠯᠭᠡ ᠵᠡᠷᠭᠡ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠂ | ᠬᠦᠷᠢᠶᠡᠯᠡᠩ ᠲᠣᠭᠤᠷᠢᠭ ᠤᠨ ᠬᠦᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ | ᠠᠰᠢᠭᠯᠠᠭ᠎ᠠ ᠦᠭᠡᠢ ᠭᠠᠵᠠᠷ ᠰᠢᠷᠤᠢ ᠶᠢ ᠴᠡᠪᠡᠷᠯᠡᠬᠦ ᠡᠷᠴᠢᠮ ᠢᠶᠠᠨ ᠨᠡᠮᠡᠭᠳᠡᠭᠦᠯᠵᠦ᠂ ᠣᠨᠣᠪᠴᠢᠲᠠᠢ ᠪᠠᠷ | ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠂ ︽ᠦᠬᠦᠰᠢᠷᠡᠮᠡᠯ ᠠᠵᠤ ᠠᠬᠤᠶᠢᠯᠠᠯ︾ ᠢ ᠠᠯᠬᠤᠮ ᠠᠯᠬᠤᠮ ᠢᠶᠠᠷ | ᠠᠮᠢᠳᠤᠯᠢᠭᠵᠢᠭᠤᠯᠤᠨ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠨᠡᠮᠡᠭᠳᠡᠭᠦᠯᠦᠨ᠎ᠡ | ᠃ ᠳᠤᠮᠳᠠ ᠵᠢᠵᠢᠭ ᠠᠵᠤ ᠠᠬᠤᠶᠢᠯᠠᠯ ᠲᠥᠪᠯᠡᠷᠡᠵᠦ ᠪᠠᠶᠢᠭ᠎ᠠ ᠣᠷᠣᠨ ᠤ ᠴᠡᠭᠴᠡᠯᠡᠯᠲᠡ ᠵᠠᠰᠠᠯᠲᠠ ᠶᠢ ᠴᠢᠩᠭᠠᠳᠬᠠᠵᠤ᠂ | ᠲᠠᠰ ᠳᠡᠪᠰᠢᠭᠦᠯᠦᠨ ᠥᠭᠡᠷᠡᠴᠢᠯᠡᠬᠦ᠂ ᠨᠢᠭᠡᠳᠬᠡᠵᠦ ᠨᠡᠭᠦᠯᠭᠡᠬᠦ᠂ ᠬᠠᠭᠠᠵᠤ ᠵᠣᠭᠰᠣᠭᠠᠵᠤ ᠬᠦᠴᠦᠨ ᠥᠬᠡᠶ ᠪᠣᠯᠭᠠᠬᠤ | ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ | ᠰᠢᠢᠳᠪᠦᠷᠢᠯᠡᠵᠦ᠂ ᠠᠵᠤ ᠦᠢᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠲᠥᠪᠯᠡᠷᠡᠭᠰᠡᠨ ᠣᠷᠣᠨ ᠤ ᠳᠡᠭᠡᠳᠦ | ᠲᠠᠰ ᠤᠨ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ | ᠂ ᠪᠣᠳᠠᠲᠤ ᠴᠣᠭᠴᠠ ᠶᠢᠨ ᠬᠡᠷᠡᠭᠯᠡᠭᠡᠨ ᠢ ᠪᠥᠬᠦ ᠲᠠᠯ᠎ᠠ ᠪᠠᠷ ᠰᠡᠷᠭᠦᠭᠡᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠢ | ᠬᠥᠲᠥᠯᠥᠨ ᠵᠢᠯᠣᠭᠤᠳᠴᠤ ᠬᠥᠭᠵᠢᠭᠦᠯᠦᠨ᠂ ᠬᠢᠵᠢᠭ ᠠᠴᠠ ᠪᠣᠯᠣᠭᠰᠠᠨ ᠨᠦᠯᠦᠭᠡ ᠶᠢ ᠪᠦᠬᠦ ᠬᠦᠴᠦᠨ ᠢᠶᠠᠷ ᠢᠶᠠᠨ | ᠠᠷᠢᠯᠭᠠᠨ᠎ᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠭᠤᠭᠠᠯᠢ ᠠᠷᠠᠳ ᠤᠨ ᠬᠡᠷᠡᠭᠯᠡᠭᠡ ᠶᠢ ᠴᠢᠷᠮᠠᠶᠢᠨ ᠥᠷᠭᠡᠳᠬᠡᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ | ᠪᠠᠳᠠᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠳᠬᠦᠨ᠂ ᠣᠷᠣᠨ | ᠨᠤᠲᠤᠭ ᠤᠨ ᠣᠨᠴᠠᠯᠢᠭᠲᠤ ᠪᠦᠲᠦᠭᠡᠭᠳᠡᠭᠦᠨ ᠤ ᠥᠨᠳᠥᠷ ᠦᠷ᠎ᠡ ᠪᠦᠲᠦᠮᠵᠢᠲᠡᠶ ᠭᠦᠢᠯᠭᠡᠭᠡᠨ ᠤ ᠰᠢᠰᠲ᠋ᠧᠮᠵᠢ ᠶᠢ | ᠪᠠᠶᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ ᠢᠳᠡᠪᠬᠢᠲᠡᠶ ᠪᠠᠷ ᠬᠥᠭᠵᠢᠭᠦᠯᠵᠦ᠂ | ᠨᠡᠭᠦᠷᠡᠰᠦᠨ ᠤ ᠲᠡᠭᠡᠭᠡᠪᠦᠷᠢ᠂ ᠪᠣᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠲᠠᠬᠢᠨᠲᠠ ᠠᠰᠢᠭᠯᠠᠬᠤ ᠡᠬᠢ | ᠪᠠᠶᠠᠯᠢᠭ ᠢ ᠬᠤᠷᠢᠶᠠᠨ ᠠᠪᠴᠤ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ | ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠣᠭᠤᠳᠬᠤ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ | ᠴᠢᠩᠭᠠᠷᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠦᠨ | ᠬᠥᠭᠵᠢᠭᠦᠯᠵᠦ᠂ ᠵᠢᠷᠤᠮᠵᠢᠭᠤᠯᠤᠨ ᠡᠵᠡᠩᠨᠡᠭᠦᠯᠦᠨ᠎ᠡ᠃ ᠰᠢᠶᠠᠨ ᠳ᠋ᠠᠢ ᠪᠣᠳᠠᠰ ᠤᠨ ᠭᠦᠢᠯᠭᠡᠭᠡᠨ ᠤ ᠬᠦᠷᠢᠶᠡᠯᠡᠩ | ᠲᠣᠭᠤᠷᠢᠭ ᠢ ᠲᠠᠮᠵᠢᠵᠤ ᠰᠠᠭᠤᠷᠢ ᠲᠦᠬᠦᠭᠡᠷᠤᠮᠵᠢ ᠪᠠᠨ ᠲᠡᠭᠦᠯᠳᠡᠷᠵᠢᠬᠦᠯᠤᠨ᠂ ᠲᠦᠷᠤᠯ ᠵᠦᠢᠯ ᠲᠠᠲᠠᠨ ᠤᠷᠤᠭᠤᠯᠬᠤ | ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠠᠯᠬᠤᠮ ᠠᠯᠬᠤᠮ ᠢᠶᠠᠷ ᠬᠦᠴᠤᠷᠬᠡᠭᠵᠢᠨ ᠪᠤᠵᠠᠭᠠᠶᠢᠷᠠᠬᠤ ᠶᠢ | ᠠᠬᠢᠭᠤᠯᠤᠨ᠎ᠠ᠃ ᠬᠦᠢᠲᠡᠨ ᠬᠡᠯᠬᠢᠶᠡᠲᠦ ᠪᠣᠳᠠᠰ ᠤᠨ ᠭᠦᠢᠯᠭᠡᠭᠡᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ᠪᠦᠬᠦ ᠠᠶᠢᠮᠠᠭ ᠤᠨ ᠬᠤᠨᠢᠨ ᠮᠢᠬᠠᠨ ᠤ ᠨᠡᠷᠡᠲᠦ ᠲᠡᠮᠳᠡᠭ ᠤᠨ ᠴᠣᠭᠴᠠᠯᠠᠯᠲᠠ ᠲᠠᠢ ᠬᠠᠮᠵᠢᠯᠴᠠᠨ᠂ ᠲᠦᠭᠦᠬᠡᠢ | ᠰᠣᠷᠭᠤᠭ ᠮᠢᠬᠠᠨ ᠤ ᠪᠦᠲᠦᠭᠡᠭᠳᠡᠬᠦᠨ ᠢ ᠲᠠᠷᠤᠢ ᠲᠦᠷᠭᠡᠨ ᠪᠦᠬᠦ ᠤᠯᠤᠰ ᠤᠨ ᠳᠡᠭᠡᠳᠦ ᠲᠡᠰ ᠤᠨ ᠵᠠᠬ᠎ᠠ | ᠳᠡᠯᠭᠡᠭᠦᠷ ᠲᠤ ᠤᠷᠤᠭᠤᠯᠤᠨ᠎ᠠ᠃ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠢ ᠲᠡᠳᠬᠦᠨ ᠬᠥᠭᠵᠢᠭᠦᠯᠵᠦ᠂ ᠠᠵᠤ | ᠠᠬᠤᠶᠢᠯᠠᠯ ᠤᠨ ᠭᠡᠷ ᠠᠬᠤᠢ ᠶᠢᠨ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ | ︽ᠳᠠᠭᠠᠭᠤᠯᠤᠭᠴᠢ︾ ᠠᠵᠢᠯᠯᠠᠭᠠᠨ ᠤ ᠲᠤᠷᠰᠢᠯᠲᠠ ᠶᠢᠨ ᠴᠢᠭ ᠢᠶᠠᠷ ᠭᠤᠶᠣᠴᠢᠯᠠᠨ ᠮᠡᠳᠡᠭᠦᠯᠬᠦ ᠶᠢ ᠳᠠᠮᠵᠢᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠣᠷᠣᠨ ᠪᠣᠯᠤᠨ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠴᠢᠷᠮᠠᠶᠢᠨ | ᠡᠭᠦᠳᠬᠦ ᠪᠠᠷ ᠭᠠᠷᠳᠠᠴᠠ ᠪᠣᠯᠭᠠᠨ᠂ ᠵᠢᠭᠤᠯᠴᠢᠯᠠᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠦᠷᠭᠡᠨ | ᠨᠠᠶᠢᠷᠠᠭᠤᠯᠤᠨ ᠵᠣᠬᠢᠶᠠᠵᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠠᠭᠤᠰᠤᠯᠴᠠᠨ ᠬᠥᠭᠵᠢᠬᠦ ᠶᠢ ᠬᠥᠲᠥᠯᠥᠨ | ᠵᠢᠯᠣᠭᠤᠳᠤᠨ᠎ᠠ᠃ ᠲᠠᠯ᠎ᠠ ᠨᠤᠲᠤᠭ ᠤᠨ ᠰᠣᠶᠣᠯ᠂ ᠠᠳᠤᠭᠤᠨ ᠰᠣᠶᠣᠯ ᠤᠨ ᠥᠪᠡᠷᠮᠢᠴᠡ ᠳᠠᠪᠠᠭᠤᠯᠢᠭ ᠲᠤ | ᠲᠦᠰᠢᠭᠯᠡᠨ᠂ ︽ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ︾ ᠤᠨ ᠨᠠᠷᠠᠲᠤ ᠲᠡᠮᠳᠡᠭᠲᠦ ᠶᠢᠨ | ᠦᠢᠯᠡᠳᠦᠯ ᠢ ᠪᠠᠳᠠᠷᠠᠭᠤᠯᠵᠤ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠬᠤᠲᠠ ᠶᠢᠨ ᠵᠣᠴᠢᠳ ᠤᠨ | ᠲᠢᠩᠬᠢᠮ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠭᠴᠢᠳ ᠤᠨ | ᠦᠢᠯᠡᠴᠢᠯᠡᠭᠡ᠂ ᠢᠳᠡᠭᠡᠨ ᠤᠮᠳᠠᠭᠠᠨ ᠣᠷᠠᠨ ᠰᠠᠶᠢᠬᠠᠨ ᠤ ᠲᠣᠭᠯᠠᠯᠲᠠ᠂ ᠠᠳᠤᠭᠤᠨ ᠰᠣᠶᠣᠯ ᠤᠨ ᠬᠥᠳᠡᠯᠭᠡᠭᠡᠨ ᠳᠤ | ᠪᠡᠶᠡᠴᠢᠯᠡᠨ ᠣᠷᠣᠯᠴᠠᠬᠤ ᠶᠢ ᠨᠢᠭᠡ ᠴᠣᠭᠴᠠᠵᠢᠭᠤᠯᠤᠭᠰᠠᠨ ᠳᠤᠮᠳᠠᠳᠤ ᠤᠯᠤᠰ ᠤᠨ ᠠᠳᠣᠭᠤᠨ ᠰᠣᠶᠣᠯ ᠤᠨ | ᠲᠦᠪ ᠤᠨ ᠭᠤᠣᠯ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ | ᠬᠦᠴᠦᠯᠡᠨ ᠴᠣᠭᠴᠠᠯᠠᠨ᠎ᠠ᠃ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠦᠨᠡᠨᠬᠦ ᠪᠠᠲᠤᠯᠠᠭᠰᠠᠨ | ᠤᠷᠢᠲᠠᠯ ᠳᠣᠤᠷ᠎ᠠ᠂ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ ︽ᠶᠣᠸᠠᠨ ᠤ | ᠲᠡᠭᠡᠳᠦ ᠨᠡᠶᠢᠰᠯᠡᠯ ᠠᠴᠠ ᠠᠳᠣᠭᠤᠨ ᠰᠣᠶᠣᠯ ᠤᠨ ᠲᠦᠪ ᠬᠦᠷᠬᠦ ᠮᠣᠷᠢᠨ ᠵᠠᠮ︾ ᠵᠢᠴᠢ ᠣᠯᠠᠨ ᠤᠯᠤᠰ ᠤᠨ ᠮᠣᠷᠢᠨ | ᠮᠡᠷᠭᠡᠵᠢᠯ ᠤᠨ ᠬᠤᠯᠪᠣᠭᠠᠲᠤ ᠬᠤᠷᠠᠯ ᠤᠨ ᠰᠢᠨᠳᠠᠰᠣ ᠰᠢᠯᠭᠠᠬᠤ ᠤᠷᠤᠯᠳᠤᠭᠠᠨ ᠤ ᠵᠠᠮ ᠪᠠ ᠤᠯᠠᠭ᠎ᠠ ᠥᠷᠲᠡᠭᠡᠨ ᠤ | ᠪᠠᠭᠤᠴᠠ ᠶᠢᠨ ᠲᠥᠷᠥᠯ ᠵᠦᠢᠯ ᠢ ᠥᠨᠳᠦᠷ ᠬᠢᠷᠢ ᠲᠦᠪᠰᠢᠨ ᠢᠶᠠᠷ ᠲᠥᠯᠥᠪᠵᠢᠭᠦᠯᠦᠨ ᠪᠠᠶᠢᠭᠤᠯᠵᠤ᠂ ᠵᠠᠮ ᠳᠠᠭᠠᠤ | ᠦᠵᠡᠮᠵᠢ ᠶᠢᠨ ᠣᠷᠣᠨ ᠢ ᠬᠤᠯᠪᠣᠨ ᠨᠡᠪᠲᠡᠷᠡᠭᠦᠯᠵᠦ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠰᠡᠯᠡᠭᠦᠴᠡᠨ | ᠠᠮᠠᠷᠠᠬᠤ ᠪᠠᠷ ᠢᠯᠡ ᠲᠣᠳᠣ ᠣᠨᠴᠠᠯᠢᠭ ᠢᠶᠠᠨ ᠪᠣᠯᠭᠠᠭᠰᠠᠨ ᠵᠠᠭᠤᠨ ᠺᠢᠯᠣᠮᠧᠲᠷ ᠤᠨ ᠲᠠᠯ᠎ᠠ ᠨᠤᠲᠤᠭ ᠤᠨ ᠰᠣᠳᠣᠨ | ᠵᠢᠭᠤᠯᠴᠢᠯᠠᠯ ᠤᠨ ᠱᠤᠭᠤᠮ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠬᠦᠳᠡᠭᠡ ᠲᠣᠰᠬᠤᠨ ᠤ ᠵᠢᠭᠤᠯᠴᠢᠯᠠᠯ ᠢ | ᠢᠳᠡᠪᠬᠢᠲᠠᠢ ᠬᠥᠭᠵᠢᠭᠦᠯᠵᠦ᠂ ᠪᠢᠯᠢᠭ ᠮᠠᠯᠵᠢᠯ ᠤᠨ ᠲᠠᠯᠠᠪᠠᠢ ᠶᠢᠨ ᠭᠠᠯᠳᠣ ᠠᠭᠤᠯᠠ ᠶᠢᠨ ᠪᠠᠯᠭᠠᠰᠣ᠂ ᠪᠠᠶᠠᠨᠬᠦ᠋ᠷᠢᠶ᠎ᠡ | ᠮᠠᠯᠵᠢᠯ ᠤᠨ ᠲᠠᠯᠠᠪᠠᠢ ᠶᠢᠨ ᠴᠡᠷᠢᠭ ᠤᠨ ᠮᠣᠷᠢᠨ ᠤ ᠪᠠᠯᠭᠠᠰᠣ ᠶᠢᠨ ᠵᠢᠭᠤᠯᠴᠢᠯᠠᠯ ᠤᠨ ᠲᠥᠷᠦᠯ ᠵᠦᠢᠯ ᠢ | ᠭᠤᠣᠯᠳᠠᠯᠭ᠎ᠠ ᠲᠠᠢ ᠴᠣᠭᠴᠠᠯᠠᠨ᠎ᠠ᠃ ᠲᠠᠯ᠎ᠠ ᠶᠢᠨ ᠮᠣᠩᠭᠤᠯ ᠠᠶᠢᠯ ᠢ ᠲᠣᠰᠬᠠᠢ ᠲᠥᠷᠦᠯ ᠢᠶᠠᠷ ᠴᠡᠭᠴᠡᠯᠡᠨ ᠵᠠᠰᠠᠬᠤ | ᠬᠦᠴᠦᠯᠡᠴᠡ ᠪᠠᠨ ᠶᠡᠬᠡᠳᠬᠡᠵᠦ᠂ ᠲᠠᠯ᠎ᠠ ᠨᠣᠳᠤᠭ ᠤᠨ ᠵᠢᠭᠤᠯᠴᠢᠯᠠᠯ ᠤᠨ ᠦᠢᠯᠡᠰ ᠤᠨ ᠥᠨᠳᠦᠷ ᠶᠠᠰᠣ ᠴᠢᠨᠠᠷ | ᠪᠦᠬᠦᠢ ᠡᠮᠬᠢ ᠵᠢᠷᠣᠮ ᠲᠠᠢ ᠬᠥᠭᠵᠢᠯᠲᠡ ᠶᠢ ᠠᠬᠢᠭᠤᠯᠣᠨ᠎ᠠ᠃ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ | ᠤᠷᠤᠯᠳᠤᠭᠠᠨ᠂ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠦᠪ ᠤᠨ ᠮᠣᠷᠢᠨ ᠤ ᠤᠷᠤᠯᠳᠤᠭᠠᠨ᠂ ᠪᠦᠬᠦ | ᠠᠶᠢᠮᠠᠭ ᠤᠨ ᠨᠠᠭᠠᠳᠤᠮ ᠤᠨ ᠬᠤᠷᠠᠯ ᠤᠨ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠨᠠᠷᠢᠨ ᠬᠢᠨᠠᠮᠠᠭᠠᠢ ᠡᠷᠬᠢᠯᠡᠨ ᠶᠠᠪᠣᠭᠳᠠᠭᠤᠯᠵᠣ᠂ ᠠᠳᠤᠭᠤᠨ ᠰᠣᠶᠣᠯ ᠤᠨ ᠬᠥᠭᠵᠢᠯᠲᠡ᠂ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠵᠡᠷᠭᠡ ᠭᠤᠣᠯ ᠰᠡᠳᠦᠪᠲᠦ ᠶᠠᠷᠢᠶᠠᠨ ᠤ ᠲᠠᠪᠴᠠᠩ ᠢ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠲᠣᠮᠳᠠᠳᠣ ᠣᠯᠣᠰ ᠤᠨ ᠠᠳᠣᠭᠤᠨ ᠤ ᠦᠢᠯᠡᠰ ᠤᠨ ᠨᠡᠶᠢᠭᠡᠮᠯᠢᠭ ᠲᠠᠢ ᠬᠠᠮᠵᠢᠯᠴᠠᠨ ᠲᠣᠮᠳᠠᠳᠣ ᠣᠯᠣᠰ | ᠤᠨ ᠠᠳᠣᠭᠤᠨ ᠰᠣᠶᠣᠯ ᠤᠨ ᠲᠦᠪ ᠤᠨ ᠠᠷᠪᠠᠨ ᠵᠢᠯ ᠢ ᠲᠣᠷᠠᠰᠬᠠᠬᠤ ᠰᠢᠷᠢᠰ ᠠᠵᠢᠯᠯᠠᠭ᠎ᠠ ᠶᠢ ᠰᠠᠶᠢᠳᠣᠷ ᠬᠢᠵᠦ᠂ | ᠰᠣᠶᠣᠯ ᠲᠠᠮᠢᠷ ᠵᠢᠭᠤᠯᠴᠢᠯᠠᠯ ᠤᠨ ᠠᠵᠢᠯᠯᠠᠭ᠎ᠠ ᠶᠢᠨ ︽ᠬᠥᠮᠦᠰ ᠤᠨ ᠤᠷᠮ᠎ᠠ ᠵᠣᠷᠢᠭ ᠢ ᠨᠢᠭᠲᠠᠷᠠᠭᠤᠯᠤᠨ᠂ ᠠᠷᠠᠯᠵᠢᠶ᠎ᠠ | ᠬᠤᠳᠠᠯᠳᠤᠭ᠎ᠠ ᠶᠢ ᠠᠬᠢᠭᠤᠯᠬᠤ︾ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠵᠢᠭᠤᠯᠴᠢᠯᠠᠯ ᠤᠨ | ᠲᠡᠮᠳᠡᠭ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠲᠥᠷᠦᠯ ᠵᠦᠢᠯ ᠢ | ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠬᠦ︾ ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ | ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠪᠦᠬᠦ ᠵᠢᠯ ᠳᠤ 83 ᠭᠤᠣᠯᠳᠠᠯᠭ᠎ᠠ ᠲᠠᠢ ᠲᠥᠷᠦᠯ ᠵᠦᠢᠯ ᠢ ᠠᠩᠬ᠎ᠠ ᠠᠯᠬᠤᠮ ᠬᠡᠷᠡᠭᠵᠢᠭᠦᠯᠬᠦ ᠪᠠᠷ ᠲᠥᠯᠥᠪᠯᠡᠵᠦ᠂ ᠵᠢᠯ | ᠤᠨ ᠲᠣᠳᠣᠷ᠎ᠠ 109 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 19% ᠪᠠᠷ | ᠨᠡᠮᠡᠭᠳᠡᠭᠦᠯᠦᠨ᠎ᠡ᠃ ᠲᠥᠷᠥᠯ ᠵᠦᠢᠯ ᠤᠨ ᠠᠬᠢᠭᠤᠯᠣᠯᠲᠠ ᠶᠢ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠭᠠᠷ ᠭᠦᠢᠴᠡᠳᠬᠡᠯ ᠢ ︽ᠪᠥᠬᠦ ᠶᠠᠪᠤᠴᠠ ᠳᠤ ᠣᠷᠣᠯᠠᠨ ᠭᠦᠢᠴᠡᠳᠬᠡᠬᠦ︾ ᠲᠦᠷᠢᠮ ᠢ ᠨᠠᠶᠢᠳᠠᠪᠤᠷᠢᠵᠢᠭᠤᠯᠤᠨ᠂ | ᠲᠥᠷᠥᠯ ᠵᠦᠢᠯ ᠤᠨ ᠭᠠᠷ ᠭᠦᠢᠴᠡᠳᠬᠡᠯ ᠢ ᠵᠥᠪᠰᠢᠶᠡᠷᠡᠵᠦ ᠳᠡᠶᠢᠯᠬᠦ ᠶᠢ ᠨᠢ ᠵᠥᠪᠰᠢᠶᠡᠷᠡᠬᠦ᠂ ᠬᠢᠨᠠᠪᠠᠰᠤ | ᠵᠣᠬᠢᠬᠤ ᠶᠢ ᠨᠢ ᠪᠦᠬᠦᠨ ᠢ ᠬᠢᠨᠠᠨ ᠪᠠᠶᠢᠴᠠᠭᠠᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠢ ᠡᠷᠲᠡᠬᠡᠨ | ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠪᠡᠯᠡ ᠮᠥᠩᠭᠦ ᠴᠤᠭᠯᠠᠭᠤᠯᠬᠤ ᠶᠢ ᠠᠳᠬᠤᠵᠤ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ︽ᠳᠡᠭᠡᠭᠰᠢ ᠭᠦᠶᠦᠬᠦ︾ | ᠡᠷᠴᠢᠮ ᠢ ᠨᠡᠮᠡᠭᠳᠡᠭᠦᠯᠵᠦ᠂ ᠲᠤᠰᠬᠠᠶ ᠲᠥᠷᠦᠯ ᠤᠨ ᠪᠡᠯᠡ ᠮᠥᠩᠭᠦ ᠪᠣᠯᠤᠨ ᠠᠵᠤ ᠦᠢᠯᠡᠰ ᠤᠨ ᠰᠠᠭᠤᠷᠢ ᠮᠥᠩᠭᠦ᠂ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠣᠯᠠᠨ ᠲᠠᠯ᠎ᠠ ᠪᠠᠷ ᠴᠢᠷᠮᠠᠶᠢᠨ ᠣᠯᠵᠤ᠂ ᠲᠥᠷᠥᠯ ᠵᠦᠢᠯ ᠤᠨ ᠪᠡᠯᠡ | ᠮᠥᠩᠭᠦ ᠲᠤᠲᠠᠭᠲᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠲᠥᠷᠥᠯ ᠵᠦᠢᠯ ᠤᠨ | ᠨᠥᠭᠡᠴᠡᠯᠡᠯᠲᠡ ᠶᠢ ᠠᠳᠬᠤᠵᠤ᠂ ︽ᠰᠢᠨ᠎ᠡ ᠨᠢᠭᠡ ᠡᠭᠡᠯᠵᠢ︾ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ | ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ᠂ ᠭᠤᠤᠯᠳᠠᠯᠭ᠎ᠠ ᠲᠠᠢ ᠪᠠᠯᠠ | ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠪᠠ ᠪᠠᠯᠠ ᠣᠷᠣᠭᠤᠯᠤᠯᠲᠠ ᠶᠢᠨ ᠴᠢᠭᠯᠡᠯ ᠲᠠᠢ ᠨᠢᠭᠲᠠ ᠤᠶᠠᠯᠳᠤᠭᠤᠯᠤᠨ᠂ | ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠳᠣᠭᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ | ᠨᠦᠭᠡᠴᠡ ᠬᠦᠴᠦᠨ ᠢ ᠨᠡᠮᠡᠭᠳᠡᠭᠦᠯᠬᠦ ᠳᠤ ᠠᠰᠢᠭᠲᠠᠶ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ | ᠲᠦᠯᠦᠪᠯᠡᠨ ᠠᠬᠢᠭᠤᠯᠵᠤ᠂ ᠨᠠᠩ ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ | ᠴᠢᠬᠤᠯᠠ ᠶᠡᠭᠡ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠠᠳᠬᠤᠵᠤ᠂ ᠨᠡᠭᠦᠷᠡᠰᠦ᠂ ᠴᠠᠬᠢᠯᠭᠠᠨ ᠬᠦᠴᠦᠨ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠵᠡᠷᠭᠡ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠢᠯᠵᠢᠮᠡᠭ ᠬᠦᠴᠢᠯ᠂ ᠲᠣᠮᠣ ᠳ᠋ᠠᠶᠢᠲ᠋ᠠ᠂ | ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ᠂ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ | ᠡᠳ᠋ᠰᠢᠭᠦᠯᠬᠦ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠠᠵᠤ ᠦᠢᠯᠡᠰ ᠤᠨ ᠲᠣᠭᠤᠷᠢᠨ ᠳᠤ ᠭᠤᠤᠯᠳᠠᠯᠭ᠎ᠠ ᠲᠠᠢ | ᠣᠷᠣᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠢ ᠨᠠᠷᠢᠯᠢᠭ ᠣᠨᠣᠪᠴᠢᠲᠠᠢ ᠪᠠᠷ ᠵᠣᠯᠭᠠᠭᠤᠯᠵᠤ᠂ ᠨᠠᠷᠢᠯᠢᠭ | ᠣᠨᠣᠪᠴᠢᠲᠠᠢ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ | ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ ᠶᠢ ᠴᠢᠭᠯᠡᠯᠲᠦ ᠴᠢᠨᠠᠷᠲᠠᠶ ᠪᠠᠷ ᠬᠡᠷᠡᠭᠵᠢᠭᠦᠯᠵᠦ᠂ ᠨᠢᠭᠡ ᠪᠦᠯᠦᠭ | ᠭᠤᠤᠯᠳᠠᠯᠭ᠎ᠠ ᠲᠠᠢ ᠲᠥᠷᠥᠯ ᠵᠦᠢᠯ ᠢ ᠠᠯᠢ ᠴᠢᠳᠠᠬᠤ ᠪᠠᠷ ᠣᠷᠣᠭᠤᠯᠵᠤ ᠬᠡᠷᠡᠭᠵᠢᠭᠦᠯᠦᠨ᠎ᠡ᠃ | ︵ᠭᠤᠷᠪᠠ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠪᠠᠷ ᠲᠤᠯᠭᠠᠭᠤᠷᠢᠯᠠᠬᠤ ᠶᠢ ᠴᠢᠩᠭᠠᠷᠠᠭᠤᠯᠤᠨ᠎ᠠ᠃ ︽ᠬᠤᠲᠠ ᠬᠥᠳᠡᠭᠡ ᠶᠢ ᠨᠢᠭᠡ | ᠴᠣᠭᠴᠠᠵᠢᠭᠤᠯᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠪᠦᠲᠦᠭᠡᠨ | ᠪᠠᠶᠢᠭᠤᠯᠤᠯᠲᠠ ᠬᠢᠭᠡᠳ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠵᠤ᠂ ᠬᠠᠮᠲᠤᠪᠠᠷ | ᠴᠡᠴᠡᠭᠯᠡᠨ ᠬᠥᠭᠵᠢᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ ᠢ ᠴᠢᠷᠮᠠᠶᠢᠨ | ᠰᠦᠪᠡᠭᠴᠢᠯᠡᠨ᠎ᠡ᠃ ᠬᠤᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠴᠡᠪᠡᠷ ᠴᠡᠮᠴᠡᠭᠡᠷ᠂ ᠣᠷᠣᠰᠢᠨ | ᠰᠠᠭᠤᠬᠤ ᠳᠤ ᠲᠣᠬᠢᠷᠠᠮᠵᠢᠲᠠᠶ᠂ ᠥᠪᠡᠷᠮᠢᠴᠡ ᠣᠨᠴᠠᠯᠢᠭ ᠲᠠᠢ ᠪᠠᠶᠢᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ | ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠲᠠ ᠶᠢᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠴᠢᠩᠭᠠᠷᠠᠭᠤᠯᠤᠨ᠂ ᠲᠠᠲᠠᠬᠤ ᠬᠦᠴᠦᠨ ᠢᠶᠠᠷ ᠲᠡᠭᠦᠯᠳᠡᠷ᠂ ᠣᠷᠣᠰᠢᠨ ᠰᠠᠭᠤᠷᠢᠰᠢᠵᠣ ᠦᠢᠯᠡᠰ | ᠡᠷᠬᠢᠯᠡᠬᠦ ᠳᠤ ᠲᠣᠬᠢᠷᠠᠮᠵᠢᠲᠠᠶ ᠣᠳᠣᠬᠢᠴᠢᠯᠠᠭᠰᠠᠨ ᠲᠠᠯ᠎ᠠ ᠨᠤᠲᠤᠭ ᠤᠨ ᠬᠤᠲᠠ ᠶᠢ ᠬᠦᠴᠦᠯᠡᠨ ᠪᠠᠶᠢᠭᠤᠯᠤᠨ᠎ᠠ᠃ ᠪᠦᠬᠦ | ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠦᠢᠴᠡᠳᠭᠡᠬᠦ ᠲᠣᠭᠠᠨ ᠤ ᠰᠢᠰᠲ᠋ᠧᠮ ᠲᠠᠢ | ᠬᠠᠷᠢᠴᠠᠭᠤᠯᠤᠨ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ | ᠢᠶᠠᠨ ᠰᠠᠶᠢᠲᠤᠷ ᠠᠳᠬᠤᠵᠤ᠂ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠠᠯᠢ ᠴᠢᠳᠠᠬᠤ ᠪᠠᠷ ᠨᠦᠬᠦᠪᠦᠷᠢᠯᠡᠨ᠂ | ᠬᠤᠲᠠ ᠶᠢᠨ ᠳᠦᠷᠰᠦ ᠪᠠᠶᠢᠳᠠᠯ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠭᠦᠨᠵᠡᠭᠡᠶ ᠴᠡᠭᠴᠡᠯᠡᠨ ᠵᠠᠰᠠᠵᠤ | ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠶᠢ ᠦᠨᠡᠨᠬᠦ | ᠪᠠᠲᠤᠯᠠᠨ᠎ᠠ᠃ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠯᠢ ᠶᠢᠨ ᠬᠤᠲᠠ ᠶᠢᠨ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠦᠯᠦᠪᠵᠢᠭᠦᠯᠭᠡ᠂ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ | ᠳᠠᠭᠤᠰᠬᠠᠵᠤ᠂ ︽ᠣᠯᠠᠨ ᠲᠦᠯᠦᠪᠵᠢᠭᠦᠯᠭᠡ ᠶᠢ ᠨᠢᠭᠡᠳᠬᠡᠬᠦ︾ ᠶᠢ ᠠᠬᠢᠭᠤᠯᠤᠨ᠎ᠠ᠃ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠵᠠᠮ ᠢ ᠳᠠᠬᠢᠨ | ᠳᠠᠪᠲᠠᠨ ᠮᠠᠯᠲᠠᠵᠤ ᠡᠪᠳᠡᠬᠦ ᠦᠢᠯᠡ ᠠᠵᠢᠯᠯᠠᠭ᠎ᠠ ᠶᠢ ᠦᠨᠡᠨᠬᠦ ᠪᠠᠭᠠᠰᠬᠠᠨ᠎ᠠ᠃ ᠬᠤᠲᠠ ᠶᠢᠨ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠶᠠᠪᠠᠭᠠᠨ ᠬᠥᠮᠦᠨ ᠤ ᠵᠠᠮ ᠢ ᠳᠡᠪᠢᠰᠬᠦ᠂ ᠵᠢᠵᠢᠭ ᠵᠡᠭᠡᠯᠢ ᠭᠤᠳᠤᠮᠵᠢ ᠶᠢ | ᠥᠭᠡᠷᠡᠴᠢᠯᠡᠬᠦ᠂ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠵᠠᠰᠠᠬᠤ᠂ ᠬᠤᠲᠠ ᠶᠢᠨ ᠶᠠᠪᠤᠳᠠᠯ ᠤᠨ ᠰᠡᠯᠪᠢᠨ | ᠵᠠᠰᠠᠬᠤ᠂ ᠭᠠᠵᠠᠷ ᠳᠣᠤᠷᠠᠬᠢ ᠬᠤᠭᠤᠯᠠᠶ ᠲᠣᠤᠷ ᠢ ᠥᠭᠡᠷᠡᠴᠢᠯᠡᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠪᠠᠷ | ᠬᠡᠷᠡᠭᠵᠢᠭᠦᠯᠵᠦ᠂ ᠬᠤᠲᠠ ᠶᠢᠨ ᠰᠠᠭᠤᠷᠢ ᠲᠦᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ ᠬᠠᠩᠭᠠᠢ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠳᠡᠷᠡᠰᠦᠲᠦ ᠨᠡᠶᠢᠭᠡᠮ ᠲᠣᠭᠤᠷᠢᠭ ᠤᠨ ᠪᠠᠶᠢᠰᠢᠩ ᠤᠨ ᠲᠣᠭᠤᠷᠢᠭ ᠢ ᠦᠨᠳᠦᠰᠦᠨ ᠳᠡᠭᠡᠨ | ᠨᠣᠷᠠᠭᠠᠨᠠ᠃ ᠬᠤᠭᠤᠴᠠᠭ᠎ᠠ ᠬᠡᠲᠦᠷᠡᠲᠡᠯ᠎ᠡ ᠲᠥᠪᠬᠢᠨᠡᠭᠦᠯᠦᠭᠡᠳᠦᠶ ᠪᠣᠴᠠᠭᠠᠨ ᠨᠡᠭᠦᠯᠭᠡᠬᠦ ᠠᠰᠠᠷ ᠤᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠢᠯ ᠤᠨ ᠳᠣᠲᠣᠷ᠎ᠠ ︽ᠪᠦᠬᠦᠨ ᠢ ᠴᠡᠪᠡᠷᠯᠡᠬᠦ︾ ᠪᠠᠷ ᠴᠢᠷᠮᠠᠶᠢᠵᠦ᠂ ᠭᠡᠷ | ᠭᠠᠵᠠᠷ ᠤᠨ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠨ | ᠭᠦᠢᠴᠡᠳᠬᠡᠬᠦ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠨ᠎ᠡ᠃ ᠲᠣᠯᠠᠭᠠᠯᠠᠯᠭ᠎ᠠ ᠶᠢᠨ ᠬᠤᠭᠤᠯᠠᠢ ᠲᠣᠣᠷ ᠢ | ᠰᠡᠯᠪᠢᠨ ᠵᠠᠰᠠᠵᠣ ᠦᠭᠡᠷᠡᠴᠢᠯᠡᠬᠦ ᠪᠠ ᠨᠢᠭᠡᠳᠬᠡᠵᠦ ᠨᠡᠪᠲᠡᠷᠡᠭᠦᠯᠬᠦ ᠡᠷᠴᠢᠮ ᠢ ᠴᠢᠩᠭᠠᠷᠠᠭᠤᠯᠣᠨ᠂ ᠰᠢᠨ᠎ᠡ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠲᠠᠬᠢᠨ ᠠᠰᠢᠭᠯᠠᠬᠤ | ᠤᠰᠤᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ᠂ ᠪᠤᠵᠠᠷ ᠰᠢᠪᠠᠷ ᠢ ᠰᠢᠢᠳᠪᠦᠷᠢᠯᠡᠬᠦ᠂ ᠠᠮᠢᠳᠤᠷᠠᠯ ᠤᠨ ᠬᠤᠭ | ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ | ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ | ᠠᠬᠢᠭᠤᠯᠵᠤ᠂ ᠬᠤᠲᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠭᠡᠷ ᠭᠠᠵᠠᠷ ᠤᠨ | ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠭᠠᠵᠠᠷ ᠤᠨ | ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ | ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ᠂ ᠬᠤᠳᠠᠯᠳᠤᠭᠠᠨ ᠤ ᠪᠧᠲ᠋ᠤᠨ ᠵᠢᠭᠤᠷᠠᠬᠤ ᠵᠡᠷᠭᠡ ᠠᠵᠢᠯ ᠲᠥᠷᠥᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠪᠠᠷᠢᠯᠭ᠎ᠠ ᠳᠤ ᠬᠡᠷᠡᠭᠯᠡᠬᠦ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢᠨ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠤᠯᠤᠰ ᠤᠨ | ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠵᠡᠭᠡᠯᠢ ᠭᠤᠳᠤᠮᠵᠢ ᠳᠤ ᠰᠢᠨ᠎ᠡ ᠪᠠᠷ ᠲᠠᠷᠢᠬᠤ ᠪᠠ ᠨᠥᠬᠦᠵᠦ ᠲᠠᠷᠢᠬᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠡᠮᠬᠢ ᠵᠢᠷᠤᠮ ᠲᠠᠢ ᠬᠡᠷᠡᠭᠵᠢᠭᠦᠯᠵᠦ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠠᠷᠠᠴᠢᠯᠠᠨ | ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠯᠢ ᠶᠢᠨ ᠭᠤᠣᠯ ᠤᠨ ᠠᠮᠢ ᠠᠬᠤᠢ ᠶᠢᠨ ᠦᠵᠡᠮᠵᠢ ᠶᠢᠨ | ᠪᠦᠰᠡ ᠶᠢᠨ ᠶᠠᠰᠣ ᠴᠢᠨᠠᠷ ᠢ ᠲᠡᠭᠡᠭᠰᠢᠯᠡᠭᠦᠯᠦᠨ᠂ ᠡᠵᠡᠩᠨᠡᠯᠲᠡ ᠬᠠᠮᠢᠶᠠᠷᠣᠯᠲᠠ ᠶᠢᠨ ᠲᠣᠭᠳᠠᠴᠠ ᠶᠢ ᠪᠠᠶᠢᠭᠤᠯᠣᠨ | ᠲᠡᠭᠦᠯᠳᠡᠷᠵᠢᠭᠦᠯᠵᠦ᠂ ᠠᠮᠢ ᠠᠬᠤᠢ ᠶᠢᠨ ᠰᠣᠳᠣᠨ ᠵᠢᠭᠤᠯᠴᠢᠯᠠᠯ ᠤᠨ ᠰᠠᠭᠤᠷᠢᠨ ᠭᠠᠵᠠᠷ ᠢ ᠡᠭᠦᠳᠦᠨ᠎ᠡ᠃ | ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠣᠤᠷᠵᠢᠭᠤᠯᠤᠭᠰᠠᠨ | ᠬᠠᠮᠢᠶᠠᠷᠤᠯᠲᠠ ᠶᠢᠨ ᠠᠵᠢᠯᠳᠠᠨ ᠤ ᠬᠠᠮᠢᠶᠠᠷᠣᠯᠲᠠ ᠶᠢ ᠰᠠᠶᠢᠵᠢᠷᠠᠭᠤᠯᠬᠤ ᠰᠠᠨᠠᠯ ᠢ ᠲᠣᠭᠳᠠᠭᠠᠵᠣ᠂ ᠬᠤᠲᠠ ᠶᠢᠨ | ᠬᠠᠮᠢᠶᠠᠷᠤᠯᠲᠠ ᠶᠢᠨ ᠨᠠᠩ ᠨᠠᠷᠢᠯᠢᠭ ᠨᠠᠩ ᠵᠢᠷᠤᠮᠵᠢᠯ ᠲᠠᠢ ᠪᠠᠶᠢᠬᠤ ᠶᠢ ᠠᠬᠢᠭᠤᠯᠤᠨ᠎ᠠ᠃ ᠭᠠᠷ ᠳᠠᠮᠵᠢᠭᠰᠠᠨ ᠮᠠᠰᠢᠨ | ᠲᠡᠷᠭᠡ ᠠᠷᠠᠯᠵᠢᠶᠠᠯᠠᠬᠤ᠂ ᠲᠠᠬᠢᠨ ᠠᠰᠢᠭᠯᠠᠬᠤ ᠡᠬᠢ ᠪᠠᠶᠠᠯᠢᠭ ᠢ ᠰᠢᠢᠳᠪᠦᠷᠢᠯᠡᠬᠦ᠂ ᠨᠡᠭᠦᠷᠡᠰᠦ ᠠᠷᠠᠯᠵᠢᠶᠠᠯᠠᠬᠤ ᠵᠡᠷᠭᠡ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠠᠷᠢᠶᠠᠯᠠᠩ ᠤᠨ ᠪᠦᠲᠦᠭᠡᠭᠳᠡᠭᠦᠨ ᠤ | ᠠᠷᠠᠯᠵᠢᠶᠠᠨ ᠤ ᠵᠠᠬ᠎ᠠ ᠳᠡᠯᠭᠡᠭᠦᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠳᠤᠷ᠎ᠠ ᠪᠠᠷ ᠢᠶᠠᠨ ᠪᠠᠶᠢᠭᠤᠯᠬᠤ᠂ | ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ᠂ ᠳᠤᠷ᠎ᠠ ᠪᠠᠷ ᠢᠶᠠᠨ ᠴᠢᠳᠬᠤᠬᠤ᠂ ᠵᠠᠮ ᠡᠵᠡᠯᠡᠨ ᠡᠵᠡᠩᠨᠡᠬᠦ᠂ | ᠪᠣᠯᠪᠠᠰᠤᠨ ᠪᠤᠰᠤ ᠪᠠᠷ ᠨᠣᠬᠠᠶ ᠲᠡᠵᠢᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ | ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠪᠦᠬᠦᠨ ᠢ ᠬᠠᠮᠤᠷᠴᠣ᠂ ᠥᠨᠴᠥᠭ ᠪᠤᠯᠤᠩ ᠦᠯᠡᠳᠡᠭᠡᠬᠦ ᠦᠭᠡᠢ | ᠪᠠᠶᠢᠬᠤ ᠶᠢ ᠦᠨᠡᠨᠬᠦ ᠪᠠᠲᠤᠯᠠᠨ᠎ᠠ᠃ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠤᠨ ᠵᠠᠰᠠᠵᠤ᠂ ᠲᠡᠷᠭᠡᠨ | ᠵᠣᠭᠰᠣᠭᠠᠯ 5000 ᠶᠢ ᠲᠣᠬᠢᠷᠠᠭᠤᠯᠣᠨ᠎ᠠ᠃ ᠵᠣᠷᠯᠣᠩ ᠤᠨ ᠦᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ | ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ᠂ ᠰᠢᠯᠵᠢᠮᠡᠯ ᠨᠡᠶᠢᠲᠡ ᠶᠢᠨ ᠵᠣᠷᠯᠣᠩ ᠢ | ᠬᠤᠳᠠᠯᠳᠤᠨ ᠠᠪᠬᠤ ᠠᠵᠢᠯ ᠢ ᠠᠬᠢᠭᠤᠯᠤᠨ᠎ᠠ᠃ ᠠᠳᠠᠯ ᠠᠬᠤᠢ ᠶᠢᠨ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠢ ᠶᠢᠨ ᠬᠠᠮᠢᠶᠠᠷᠣᠯᠲᠠ ᠶᠢᠨ ᠦᠢᠯᠡᠴᠢᠯᠡᠭᠡᠨ ᠤ ᠶᠠᠰᠣ ᠴᠢᠨᠠᠷ ᠢ | ᠲᠡᠭᠡᠭᠰᠢᠯᠡᠭᠦᠯᠬᠦ ᠠᠵᠢᠯ ᠤᠨ ᠰᠠᠨᠠᠯ ᠢ ᠲᠣᠭᠳᠠᠭᠠᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ | ᠲᠣᠭᠳᠠᠭᠤᠨ ᠢᠶᠠᠷ ᠲᠡᠭᠡᠭᠰᠢᠯᠡᠭᠦᠯᠬᠦ ᠶᠢ ᠪᠠᠳᠣᠯᠠᠨ᠎ᠠ᠃ ᠰᠢᠷᠠᠲᠠᠯ᠎ᠠ ᠵᠡᠭᠡᠯᠢ ᠭᠤᠳᠤᠮᠵᠢ ᠶᠢᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠣᠷᠣᠨ ᠢ ᠦᠨᠳᠦᠰᠦᠨ ᠳᠡᠭᠡᠨ ᠪᠠᠶᠢᠭᠤᠯᠣᠨ᠂ ᠵᠢᠯ ᠤᠨ | ᠳᠣᠲᠣᠷ᠎ᠠ ᠨᠡᠶᠢᠲᠡ ᠶᠢᠨ ᠬᠡᠷᠡᠭᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠪᠦᠷᠬᠦᠭᠦᠯᠬᠦ ᠪᠠᠷ ᠴᠢᠷᠮᠠᠶᠢᠨ᠎ᠡ᠃ ᠣᠶᠣᠨᠴᠢ ᠵᠠᠮ ᠬᠠᠷᠢᠯᠴᠠᠭᠠᠨ ᠤ | ᠥᠭᠡᠷᠡᠴᠢᠯᠡᠯᠲᠡ ᠶᠢᠨ ᠲᠥᠷᠥᠯ ᠵᠦᠢᠯ ᠢ ᠠᠬᠢᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ | ᠨᠠᠮᠳᠠᠭᠤᠯᠤᠨ᠎ᠠ᠃ 20 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ 20 ᠲᠡᠷᠭᠡ | ᠬᠦᠯᠢᠶᠡᠬᠦ ᠭᠠᠵᠠᠷ ᠢ ᠪᠦᠲᠦᠭᠡᠨ ᠪᠠᠶᠢᠭᠤᠯᠤᠨ᠎ᠠ᠃ ᠪᠦᠬᠦ ᠬᠤᠲᠠ ᠶᠢᠨ ᠡᠯ᠎ᠡ ᠲᠥᠷᠥᠯ ᠤᠨ ᠦᠢᠯᠡᠴᠢᠯᠡᠭᠡᠨ ᠤ | ᠬᠠᠯᠠᠮᠰᠢᠯ ᠤᠲᠠᠰᠤ ᠶᠢ ᠨᠢᠭᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠤᠨ ᠴᠢᠳᠠᠪᠬᠢ ᠶᠢ | ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠣᠨᠣᠪᠴᠢᠲᠠᠢ᠂ ᠥᠨᠳᠥᠷ ᠪᠦᠲᠦᠮᠵᠢᠲᠡᠢ ᠪᠠᠶᠢᠬᠤ ᠶᠢ | ᠪᠡᠶᠡᠯᠡᠭᠦᠯᠦᠨ᠎ᠡ᠃ | ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ᠃ ︽ᠠᠷᠪᠠᠨ ᠰᠢᠶᠠᠨ ᠵᠠᠭᠤᠨ | ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠮᠠᠯᠵᠢᠬᠤ | ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠮᠠᠯᠵᠢᠬᠤ ᠣᠷᠣᠨ ᠤ | 1600 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠲᠥᠪᠯᠡᠷᠡᠨ ᠰᠠᠭᠤᠷᠢᠰᠢᠭᠰᠠᠨ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠦᠷᠬᠦᠴᠡ ᠶᠢ 90% ᠠᠴᠠ | ᠳᠡᠭᠡᠭᠰᠢᠬᠢ ᠳᠤ ᠬᠦᠷᠭᠡᠬᠦ ᠪᠠᠷ ᠴᠢᠷᠮᠠᠶᠢᠨ᠎ᠠ᠃ 367 ᠢᠵᠢ ᠤᠰᠤ ᠰᠠᠶᠢᠵᠢᠷᠠᠭᠤᠯᠬᠤ ᠲᠥᠬᠦᠭᠡᠷᠦᠮᠵᠢ ᠤᠭᠰᠠᠷᠠᠵᠤ᠂ | ᠣᠣᠭᠤᠬᠤ ᠣᠰᠣᠨ ᠤ ᠠᠮᠤᠷ ᠲᠦᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠳᠤ 40.5 | ᠺᠢᠯᠦᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 1050 ᠺᠢᠯᠦᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ | ᠤᠨ ᠪᠠᠶᠢᠭᠤᠯᠣᠯᠲᠠ᠂ ᠬᠠᠮᠢᠶᠠᠷᠣᠯᠲᠠ᠂ ᠠᠷᠠᠴᠢᠯᠠᠯᠲᠠ᠂ ᠲᠡᠭᠡᠭᠡᠪᠦᠷᠢᠯᠡᠯᠲᠡ ᠶᠢᠨ ᠠᠵᠢᠯ ᠢ ᠰᠠᠶᠢᠲᠤᠷ ᠬᠢᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ | ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠢ ᠽᠢ ᠴᠧᠩ ᠠᠴᠠ ᠰᠢᠯᠢ ᠶᠢᠨ | ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠨᠡᠭᠦᠷᠡᠰᠦ | ᠵᠥᠭᠡᠭᠡᠪᠦᠷᠢᠯᠡᠬᠦ ᠲᠤᠰᠬᠠᠢ ᠱᠤᠭᠤᠮ᠂ ᠢᠯᠠᠯᠲᠠ ᠨᠡᠶᠢᠭᠡᠮ ᠲᠣᠭᠤᠷᠢᠭ ᠤᠨ ᠲᠠᠷᠢᠮᠠᠯ ᠤᠨ ᠬᠦᠷᠢᠶᠡᠯᠡᠩ ᠲᠣᠭᠤᠷᠢᠭ᠂ | ᠣᠮᠠᠷᠠᠳᠣ ᠶᠢᠨ ᠴᠢᠯᠠᠭᠤᠨ ᠲᠣᠰᠣᠨ ᠤ ᠦᠢᠯᠡᠳᠪᠦᠷᠢᠯᠡᠯ ᠤᠨ ᠲᠡᠭᠡᠭᠡᠪᠦᠷᠢ ᠶᠢᠨ ᠵᠠᠮ ᠵᠡᠷᠭᠡ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠵᠦ᠂ ᠲᠦᠷᠭᠡᠨ ᠨᠡᠪᠲᠡᠷᠡᠬᠦ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠪᠠᠶᠠᠨᠪᠤᠯᠠᠭ ᠤᠰᠤᠨ ᠤ | ᠡᠬᠢ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠢ ᠪᠦᠲᠦᠭᠡᠨ ᠪᠠᠶᠢᠭᠤᠯᠵᠤ᠂ ᠬᠤᠲᠠ ᠶᠢᠨ | ᠬᠥᠭᠵᠢᠯᠲᠡ ᠳᠤ ᠬᠡᠷᠡᠭᠯᠡᠬᠦ ᠤᠰᠤᠨ ᠤ ᠬᠡᠷᠡᠭᠴᠡᠭᠡ ᠶᠢ ᠬᠠᠩᠭᠠᠨ᠎ᠠ᠃ ᠬᠤᠲᠠ ᠶᠢᠨ ᠴᠠᠬᠢᠯᠭᠠᠨ ᠲᠣᠣᠷ ᠤᠨ ᠬᠠᠷᠢᠯᠴᠠᠨ | ᠬᠤᠯᠪᠣᠭᠠᠯᠠᠨ ᠲᠠᠶᠢᠴᠢᠯᠠᠬᠤ ᠴᠢᠳᠠᠪᠣᠷᠢ ᠶᠢ ᠲᠡᠭᠡᠭᠰᠢᠯᠡᠭᠦᠯᠵᠦ᠂ 114 ᠺᠢᠯᠦᠮᠧᠲᠷ ᠴᠠᠬᠢᠯᠭᠠᠨ ᠬᠦᠴᠦᠨ ᠤ | ᠱᠤᠭᠤᠮ ᠢ ᠰᠢᠨ᠎ᠡ ᠪᠠᠷ ᠪᠠᠶᠢᠭᠤᠯᠵᠣ᠂ ᠡᠷᠦᠬᠡ ᠳᠤ ᠣᠷᠣᠬᠤ ᠱᠣᠭᠤᠮ 175 ᠺᠢᠯᠦᠮᠧᠲᠷ ᠢ ᠥᠭᠡᠷᠡᠴᠢᠯᠡᠨ᠂ | ᠰᠠᠭᠤᠭᠠᠯᠢ ᠠᠷᠠᠳ ᠤᠨ ᠴᠠᠬᠢᠯᠭᠠᠨ ᠴᠢᠳᠠᠪᠬᠢ ᠶᠢᠨ ᠬᠡᠮᠵᠢᠭᠦᠷ ᠢ 1.8 ᠲᠦᠮᠡᠨ ᠬᠤᠪᠢ ᠥᠭᠡᠷᠡᠴᠢᠯᠡᠨ᠎ᠡ᠃ ᠴᠢᠮᠡᠭᠡ | ᠨᠡᠪᠲᠡᠷᠡᠯᠭᠡ ᠶᠢᠨ ᠲᠣᠣᠷ ᠰᠦᠯᠵᠢᠶ᠎ᠡ ᠶᠢ ᠰᠢᠯᠢᠳᠡᠭᠵᠢᠭᠦᠯᠦᠨ᠂ 5G ᠰᠦᠯᠵᠢᠶᠡᠨ ᠤ ᠪᠦᠳᠦᠭᠡᠨ ᠪᠠᠶᠢᠭᠤᠯᠣᠯᠲᠠ ᠶᠢ | ᠡᠮᠬᠢ ᠵᠢᠷᠣᠮ ᠲᠠᠢ ᠬᠡᠷᠡᠭᠵᠢᠭᠦᠯᠦᠨ᠎ᠡ᠃ | ︵ᠳᠥᠷᠪᠡ︶ ᠥᠭᠡᠷᠡᠴᠢᠯᠡᠯᠲᠡ ᠨᠡᠭᠡᠭᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ | ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢ ᠳᠣᠪᠤᠶᠢᠯᠭᠠᠵᠤ᠂ ᠨᠡᠩ ᠶᠡᠭᠡ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠤᠢᠭᠡᠢ ᠪᠠᠳᠠᠷᠠᠭᠤᠯᠵᠤ᠂ ᠬᠥᠭᠵᠢᠯᠲᠡ ᠶᠢᠨ ᠬᠥᠳᠡᠯᠭᠡᠬᠦ | ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ | ᠴᠢᠩᠭᠠᠳᠬᠠᠨ᠎ᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠤᠶᠣᠴᠢᠯᠠᠨ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠨ᠂ ᠶᠠᠪᠤᠳᠠᠯ ᠭᠦᠢᠴᠡᠳᠬᠡᠬᠦ ᠶᠠᠪᠣᠴᠠ ᠶᠢ ᠰᠢᠯᠢᠳᠡᠭᠵᠢᠭᠦᠯᠦᠨ᠂ | ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠬᠢᠨᠠᠨ | ᠵᠥᠪᠰᠢᠶᠡᠷᠡᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠶᠡᠬᠡᠪᠡᠷ ᠠᠬᠢᠭᠤᠯᠵᠤ᠂ ᠨᠡᠶᠢᠭᠡᠮ | ᠲᠣᠭᠤᠷᠢᠭ ᠤᠨ ︽ᠣᠶᠢᠷ᠎ᠠ ᠣᠷᠴᠢᠮ ᠳᠤ ᠬᠦᠷᠴᠦ ᠭᠦᠢᠴᠡᠳᠬᠡᠬᠦ︾ ᠵᠦᠢᠯᠡᠰ ᠢ ᠥᠷᠭᠡᠳᠬᠡᠨ᠂ ︽ᠨᠢᠭᠡ ᠯᠡ | ᠤᠳᠠᠭ᠎ᠠ ᠬᠦᠶᠦᠬᠦ︾ ᠶᠢ ᠬᠤᠲᠠ ᠬᠥᠳᠡᠭᠡ ᠳᠤ ᠠᠯᠬᠤᠮ ᠠᠯᠬᠤᠮ ᠢᠶᠠᠷ ᠪᠦᠷᠬᠦᠭᠦᠯᠦᠨ᠎ᠡ᠃ ᠭᠤᠣᠯᠳᠠᠯᠭ᠎ᠠ ᠲᠠᠢ | ᠲᠥᠷᠥᠯ ᠵᠦᠢᠯ ᠢ ᠣᠷᠣᠯᠠᠨ ᠭᠦᠢᠴᠡᠳᠬᠡᠬᠦ ᠳᠦᠷᠢᠮ ᠢ ᠪᠠᠶᠢᠩᠭᠤᠵᠢᠭᠤᠯᠣᠨ ᠬᠡᠷᠡᠭᠵᠢᠭᠦᠯᠵᠦ᠂ ᠲᠥᠷᠥᠯ ᠵᠦᠢᠯ ᠤᠨ | ᠭᠠᠷᠳᠠᠮ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠡᠷᠡᠲᠦ ᠲᠡᠮᠳᠡᠭᠳᠦ ᠶᠢ ᠡᠭᠦᠳᠦᠨ᠎ᠡ᠃ ᠰᠤᠮᠤ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠨ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ | ᠲᠥᠷᠥᠯ ᠬᠤᠪᠢᠶᠠᠨ ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠪᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠤᠨ ᠥᠨᠳᠥᠷ ᠦᠷ᠎ᠡ ᠪᠦᠲᠦᠮᠵᠢ ᠲᠠᠢ ᠪᠠᠷ ᠠᠵᠢᠯᠯᠠᠬᠤ ᠶᠢ | ᠪᠠᠲᠤᠯᠠᠨ᠎ᠠ᠃ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠴᠠᠭᠠᠨ ᠤ ᠬᠠᠮᠲᠤ ᠶᠢᠨ ᠡᠳ᠋ | ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ᠃ ᠬᠤᠪᠢ ᠣᠷᠣᠭᠤᠯᠤᠨ ᠬᠤᠷᠰᠢᠯᠴᠠᠬᠤ᠂ ᠡᠳ᠋ | ᠬᠥᠷᠥᠩᠭᠡ ᠠᠴᠠ ᠠᠰᠢᠭ ᠣᠯᠵᠠᠪᠤᠷᠢ ᠣᠯᠬᠤ ᠬᠡᠯᠪᠡᠷᠢ ᠶᠢᠨ ᠮᠠᠯᠴᠢᠨ ᠡᠷᠦᠬᠡ ᠪᠣᠯᠣᠨ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠢᠳᠡᠪᠬᠢᠲᠡᠶ ᠪᠠᠷ ᠪᠠᠶᠢᠭᠤᠯᠵᠤ᠂ ᠵᠢᠯ ᠤᠨ ᠳᠣᠲᠣᠷ᠎ᠠ ᠳᠠᠭᠠᠭᠤᠯᠤᠭᠴᠢ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠭᠰᠡᠨ ᠬᠤᠯᠪᠣᠭᠠᠲᠤ ᠴᠣᠭᠴᠠ ᠶᠢ 2 | ᠪᠠᠶᠢᠭᠤᠯᠬᠤ ᠪᠠᠷ ᠴᠢᠷᠮᠠᠶᠢᠨ᠎ᠠ᠃ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠳ᠋ | ᠬᠥᠷᠥᠩᠭᠡ ᠶᠢ ᠪᠦᠷᠢᠳᠬᠡᠨ ᠬᠢᠨᠠᠬᠤ ᠠᠵᠢᠯ ᠢ ᠲᠦᠷᠭᠡᠬᠡᠨ ᠪᠡᠶᠡᠯᠡᠭᠦᠯᠵᠦ᠂ ᠪᠦᠯᠦᠭᠯᠡᠯᠵᠢᠯᠲᠡ᠂ ᠠᠵᠤ | ᠦᠢᠯᠡᠰᠵᠢᠯᠲᠡ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠭᠢᠯᠠᠰ ᠴᠡᠭ ᠢ ᠪᠦᠬᠦ ᠬᠦᠴᠦᠨ ᠢᠶᠠᠷ ᠢᠶᠠᠨ ᠡᠭᠦᠳᠦᠨ᠎ᠡ᠃ | ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠢᠵᠢᠭ ᠤᠨ | ᠨᠥᠯᠦᠭᠡᠯᠡᠯ ᠢ ᠠᠷᠭᠠᠴᠠᠭᠠᠬᠤ ᠡᠯ᠎ᠡ ᠵᠦᠢᠯ ᠤᠨ ᠲᠥᠷᠦ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠣᠷᠢᠵᠢᠭᠤᠯᠵᠣ᠂ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠬᠦᠴᠦᠯᠡᠨ ᠠᠬᠢᠭᠤᠯᠵᠤ᠂ ᠪᠡᠯᠡ ᠴᠣᠭᠯᠠᠭᠤᠯᠬᠤ ᠥᠪᠡᠷ ᠤᠨ | ᠥᠷᠳᠡᠭ ᠪᠠ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠦᠨᠡᠨᠬᠦ ᠪᠠᠭᠤᠷᠠᠭᠤᠯᠵᠣ᠂ ᠳᠤᠮᠳᠠ ᠵᠢᠵᠢᠭ ᠠᠵᠤ | ᠠᠬᠤᠶᠢᠯᠠᠯ ᠢ ᠬᠠᠪᠰᠣᠷᠣᠨ ᠬᠦᠴᠢᠷ ᠢ ᠲᠠᠪᠠᠵᠣ᠂ ᠲᠣᠮᠳᠠ ᠵᠢᠵᠢᠭ ᠠᠵᠣ ᠠᠬᠤᠶᠢᠯᠠᠯ ᠤᠨ ᠣᠷᠣᠰᠢᠨ ᠲᠣᠭᠳᠠᠨᠢᠬᠤ | ᠪᠠ ᠬᠥᠭᠵᠢᠯᠲᠡ ᠶᠢᠨ ᠴᠢᠳᠠᠪᠣᠷᠢ ᠶᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠬᠠᠤᠯᠢ ᠶᠣᠰᠣᠭᠠᠷ ᠡᠳ᠋ᠯᠠᠵᠣ᠂ ᠵᠠᠬ᠎ᠠ | ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ ᠶᠢ ᠪᠠᠲᠣᠯᠠᠨ᠎ᠠ᠃ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠪᠠᠶᠢᠩᠭᠤᠵᠢᠭᠤᠯᠲᠠ ᠶᠢᠨ ᠬᠢᠨᠠᠯᠲᠠ ᠬᠠᠮᠢᠶᠠᠷᠣᠯᠲᠠ ᠪᠠ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠰᠣᠭᠤᠴᠢᠨ ᠪᠠᠶᠢᠴᠠᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠯᠠᠨᠲᠠ ᠪᠠᠶᠢᠴᠠᠭᠠᠭᠳᠠᠬᠤ | ᠲᠠᠷᠣᠭᠠᠰᠣ ᠶᠢ ᠦᠨᠡᠨᠬᠦ ᠬᠥᠩᠭᠡᠯᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠠᠮᠠᠯᠠᠯᠲᠠ ᠪᠠᠨ ᠭᠦᠢᠴᠡᠳᠬᠡᠵᠦ ᠭᠡᠷ᠎ᠡ ᠪᠠᠨ ᠭᠦᠢᠴᠡᠳᠬᠡᠬᠦ ᠦᠵᠡᠯ ᠤᠬᠠᠮᠰᠠᠷ ᠢ ᠴᠢᠩᠭᠠᠷᠠᠭᠤᠯᠤᠨ᠂ | ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯᠤᠨ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠪᠤᠢ ᠪᠣᠯᠭᠠᠨ᠎ᠠ᠃ ᠳᠤᠮᠳᠠ ᠵᠢᠵᠢᠭ ᠠᠵᠤ ᠠᠬᠤᠶᠢᠯᠠᠯ ᠢ ᠡᠮᠬᠢ ᠵᠢᠷᠣᠮ ᠲᠠᠢ ᠵᠣᠬᠢᠶᠠᠨ | ᠪᠠᠶᠢᠭᠤᠯᠤᠨ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠲᠠᠨᠢᠯᠴᠠᠭᠤᠯᠬᠤ ᠬᠤᠷᠠᠯ ᠳᠤ | ᠣᠷᠣᠯᠴᠠᠭᠤᠯᠵᠤ᠂ ᠬᠠᠷᠠᠭ᠎ᠠ ᠪᠠᠨ ᠥᠷᠭᠡᠳᠬᠡᠨ᠂ ᠵᠠᠬ᠎ᠠ ᠳᠡᠯᠭᠡᠭᠦᠷ ᠢ ᠨᠡᠭᠡᠭᠡᠬᠦ ᠶᠢ ᠬᠠᠪᠰᠤᠷᠴᠤ᠂ ᠠᠵᠤ | ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠲᠥᠷᠥᠯ ᠵᠦᠢᠯ ᠮᠡᠳᠡᠭᠦᠯᠵᠦ᠂ | ᠪᠠᠯᠠ ᠮᠥᠩᠭᠦ ᠶᠢᠨ ᠳᠡᠮᠵᠢᠯᠭᠡ ᠣᠯᠬᠤ ᠶᠢ ᠬᠠᠤᠯᠢ ᠲᠣᠭᠲᠠᠭᠠᠯ ᠶᠣᠰᠣᠭᠠᠷ ᠢᠳᠡᠪᠬᠢᠲᠡᠶ ᠳᠡᠮᠵᠢᠨ᠎ᠡ᠃ | ᠭᠤᠤᠯᠳᠠᠯᠭ᠎ᠠ ᠲᠠᠢ ᠭᠤᠤᠯᠯᠠᠭᠴᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠣᠶᠢᠵᠢᠭᠤᠯᠬᠤ ᠳᠡᠭᠡᠷ᠎ᠡ | ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠵᠣᠯᠭᠠᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ︽ᠲᠣᠰᠠᠯᠠᠮᠵᠢ ᠶᠢᠨ ᠪᠠᠳᠣᠯᠠᠭᠠᠳᠣ ᠵᠢᠭᠡᠯᠡᠯᠭᠡ︾ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ | ᠭᠠᠳᠠᠭᠰᠢ ᠨᠡᠭᠡᠭᠡᠯᠲᠡ ᠬᠢᠬᠦ ᠶᠢ ᠲᠠᠰᠤᠷᠠᠯᠲᠠ ᠦᠭᠡᠢ ᠥᠷᠭᠡᠳᠬᠡᠨ᠎ᠡ᠃ ᠠᠶᠢᠮᠠᠭ ᠤᠨ ᠳᠣᠲᠤᠷᠠᠬᠢ ᠬᠠᠭᠤᠷᠠᠶ ᠵᠠᠮ ᠤᠨ | ᠬᠢᠯᠢ ᠶᠢᠨ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠨ᠂ ᠪᠣᠭᠤᠮᠲᠠ ᠲᠠᠢ ᠨᠡᠪᠳᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠵᠣ᠂ ᠤᠯᠤᠰ ᠤᠨ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ︾ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠭᠠᠳᠠᠭᠠᠳᠤ | ᠨᠡᠭᠡᠭᠡᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠢᠯᠢ ᠶᠢᠨ ᠳᠣᠲᠣᠷ᠎ᠠ ᠭᠠᠳᠠᠨᠠᠬᠢ ᠡᠯ᠎ᠡ | ᠲᠥᠷᠥᠯ ᠤᠨ ᠳᠡᠯᠭᠡᠨ ᠦᠵᠡᠭᠦᠯᠵᠦ ᠵᠥᠪᠳᠡᠯᠴᠡᠬᠦ ᠬᠤᠷᠠᠯ ᠢ ᠭᠦᠢᠴᠡᠳ ᠠᠰᠢᠭᠯᠠᠨ᠂ ᠠᠵᠤ ᠠᠬᠤᠶᠢᠯᠠᠯ ᠢ | ᠬᠠᠪᠰᠤᠷᠤᠨ ᠦᠢᠯᠡᠳᠬᠦᠨ ᠢ ᠨᠢ ᠪᠣᠷᠣᠯᠠᠭᠤᠯᠵᠤ᠂ ᠵᠠᠬᠢᠶᠠᠯᠠᠭ᠎ᠠ ᠶᠢ ᠨᠡᠮᠡᠭᠳᠡᠭᠦᠯᠵᠦ᠂ ᠳᠠᠪᠠᠭᠤᠯᠢᠭ ᠠᠵᠤ ᠦᠢᠯᠡᠰ᠂ | ᠨᠠᠷᠠᠲᠤ ᠰᠢᠯᠢᠳᠡᠭ ᠣᠨᠴᠠᠯᠢᠭᠲᠣ ᠦᠢᠯᠡᠳᠬᠦᠨ ᠤ ︽ᠭᠠᠷᠴᠤ ᠶᠠᠪᠤᠬᠤ︾ ᠶᠢ ᠲᠠᠰᠤᠷᠠᠯᠲᠠ ᠥᠬᠡᠶ ᠠᠬᠢᠭᠤᠯᠤᠨ᠎ᠠ᠃ | ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ | ᠵᠣᠯᠭᠠᠯᠴᠠᠭ᠎ᠠ ᠬᠠᠮᠲᠣᠷᠠᠯᠴᠠᠭ᠎ᠠ ᠶᠢ ᠦᠷᠭᠡᠳᠬᠡᠵᠦ᠂ ᠪᠡᠯᠡ ᠮᠥᠩᠭᠦ ᠲᠥᠷᠥᠯ ᠵᠦᠢᠯ ᠢ ᠶᠡᠬᠡᠪᠡᠷ ᠣᠷᠣᠭᠤᠯᠤᠨ | ᠠᠪᠴᠢᠷᠠᠵᠤ᠂ ᠠᠵᠤ ᠦᠢᠯᠡᠰ ᠤᠨ ᠬᠥᠭᠵᠢᠯᠲᠡ ᠪᠠᠨ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃ | ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ | ᠦᠷᠭᠦᠯᠵᠢᠯᠡᠨ ᠨᠡᠮᠡᠭᠳᠡᠭᠦᠯᠦᠨ᠎ᠡ᠃ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ | ᠪᠠᠶᠢᠷᠢ ᠶᠢ ᠲᠣᠭᠳᠠᠪᠣᠷᠢᠵᠢᠭᠤᠯᠬᠤ ᠳᠤ ᠪᠠᠲᠣᠯᠠᠭ᠎ᠠ ᠬᠠᠩᠭᠠᠬᠤ ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠬᠤᠳᠠ ᠳᠤ ᠰᠢᠯᠵᠢᠭᠰᠡᠨ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ | ᠵᠡᠷᠭᠡ ᠭᠤᠣᠯᠳᠠᠯᠭ᠎ᠠ ᠲᠠᠢ ᠬᠦᠮᠦᠰ ᠤᠨ ᠤᠯᠠᠨ ᠠᠷᠭ᠎ᠠ ᠵᠠᠮ ᠢᠶᠠᠷ ᠲᠣᠭᠳᠠᠭᠤᠨ ᠢᠶᠠᠷ ᠠᠵᠢᠯ ᠣᠯᠬᠤ ᠶᠢ ᠪᠠᠲᠤᠯᠠᠵᠤ᠂ | ᠪᠦᠬᠦ ᠵᠢᠯ ᠳᠤ 1.8 ᠲᠦᠮᠡᠨ ᠠᠵᠢᠯ ᠤᠨ ᠪᠠᠶᠢᠷᠢ ᠴᠤᠭᠯᠠᠭᠤᠯᠤᠨ᠎ᠠ᠃ ᠠᠳᠠᠯ ᠦᠢᠯᠡᠰ ᠴᠣᠭᠴᠠᠯᠠᠬᠤ ᠰᠠᠭᠤᠷᠢᠨ | ᠭᠠᠵᠠᠷ ᠲᠤ ᠲᠦᠰᠢᠭᠯᠡᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ | ᠵᠣᠷᠢᠭᠵᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠬᠤᠳᠠ ᠬᠥᠳᠡᠭᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠪᠦᠬᠦ ᠵᠢᠯ ᠳᠤ | 400 ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠯ ᠬᠦᠷᠲᠡᠭᠡᠨ᠎ᠡ᠃ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠤᠨ ᠪᠠᠲᠤᠯᠠᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠯᠢᠩ ᠥᠷᠢᠲᠦᠵᠦ ᠪᠠᠶᠢᠭ᠎ᠠ | ᠠᠰᠠᠭᠤᠳᠠᠯ ᠢ ᠡᠬᠢ ᠡᠭᠦᠰᠦᠯ ᠠᠴᠠ ᠨᠢ ᠦᠨᠳᠦᠰᠦᠨ ᠠᠴᠠ ᠨᠢ ᠵᠠᠰᠠᠨ᠎ᠠ᠃ ᠠᠵᠢᠯ ᠦᠢᠯᠡᠰ ᠤᠨ ᠨᠢᠭᠡᠴᠢ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ | ᠬᠥᠭᠵᠢᠯᠲᠡ ᠳᠤ ᠨᠦᠭᠡᠴᠡ ᠬᠦᠴᠦᠨ ᠢ ᠬᠤᠷᠠᠮᠳᠤᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ | ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠎ᠠ᠃ ᠬᠦᠴᠢᠷᠳᠡᠯᠲᠡᠶ | ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠱᠤᠭᠤᠮ ᠢ ᠡᠷᠡᠰ ᠪᠠᠲᠤᠯᠠᠨ᠎ᠠ᠃ ᠰᠢᠯᠢᠨ ᠢ | ᠾᠧ ᠶᠤᠸᠠᠨ ᠣᠯᠠᠨ ᠤᠯᠤᠰ ᠤᠨ ᠨᠠᠰᠤᠲᠠᠨ ᠢ ᠠᠰᠠᠷᠠᠬᠤ ᠲᠥᠪ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ | ᠂ ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠦᠢᠯᠡᠴᠢᠯᠡᠭᠡᠨ ᠤ ᠬᠡᠪ ᠵᠢᠱᠢᠶ᠎ᠡ ᠶᠢ ᠥᠨᠳᠥᠷ ᠪᠠᠷᠢᠮᠵᠢᠶ᠎ᠠ ᠪᠠᠷ | ᠴᠣᠭᠴᠠᠯᠠᠨ᠎ᠠ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠨᠠᠰᠣᠵᠢᠯ ᠢᠶᠠᠨ ᠠᠰᠠᠷᠠᠬᠤ ᠦᠢᠯᠡᠴᠢᠯᠡᠭᠡᠨ ᠤ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠨᠠᠰᠤᠲᠠᠶᠢᠴᠤᠳ ᠤᠨ | ᠲᠤᠬᠠᠢ ᠶᠢᠨ ᠭᠠᠵᠠᠷ ᠲᠠᠭᠠᠨ ᠣᠶᠢᠷ᠎ᠠ ᠣᠷᠴᠢᠮ ᠳᠠᠭᠠᠨ ᠨᠠᠰᠤᠵᠢᠯ ᠤᠨ ᠠᠰᠠᠷᠠᠮᠵᠢ ᠬᠦᠷᠲᠡᠬᠦ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠡᠮ ᠡᠮᠨᠡᠯᠭᠡ ᠶᠢᠨ ᠳᠠᠭᠠᠳᠬᠠᠯ ᠪᠠ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠮᠥᠩᠭᠦᠨ ᠤ ᠠᠵᠢᠯᠯᠠᠭᠠᠨ ᠤ | ᠠᠮᠤᠷ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ | ᠬᠥᠮᠦᠵᠢᠯ ᠢ ᠰᠠᠶᠢᠲᠤᠷ ᠡᠷᠬᠢᠯᠡᠨ᠎ᠠ᠃ ᠰᠣᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠲᠠ ᠶᠢ ᠣᠯᠠᠮ ᠨᠢᠭᠡ | ᠠᠯᠬᠤᠮ ᠥᠷᠭᠡᠳᠬᠡᠨ᠂ ᠰᠢᠯᠢᠨ ᠪᠠᠭ᠎ᠠ ᠰᠣᠷᠭᠠᠭᠤᠯᠢ᠂ ᠰᠢᠯᠢ ᠶᠢᠨ ᠬᠤᠲᠠ ᠶᠢᠨ ᠬᠡᠦᠬᠡᠳ ᠤᠨ ᠴᠡᠴᠡᠷᠯᠢᠭ᠂ | ᠨᠢᠭᠡᠳᠦᠭᠡᠷ ᠲᠣᠮᠳᠠᠳᠣ ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠢ ᠵᠢᠯ ᠤᠨ ᠲᠣᠳᠣᠷ᠎ᠠ ᠠᠰᠢᠭᠯᠠᠯᠲᠠ ᠳᠤ | ᠣᠷᠣᠭᠤᠯᠵᠣ᠂ ᠪᠠᠶᠠᠨᠴᠠᠭᠠᠨ ᠬᠡᠦᠬᠡᠳ ᠤᠨ ᠴᠡᠴᠡᠷᠯᠢᠭ᠂ ᠠᠷᠪᠠᠨ ᠭᠤᠷᠪᠠᠳᠣᠭᠠᠷ ᠪᠠᠭ᠎ᠠ ᠰᠣᠷᠭᠠᠭᠤᠯᠢ᠂ ᠬᠤᠶᠠᠳᠣᠭᠠᠷ | ᠪᠠᠭ᠎ᠠ ᠰᠣᠷᠭᠠᠭᠤᠯᠢ ᠶᠢᠨ ᠬᠦᠳᠡᠯᠭᠡᠭᠡᠨ ᠤ ᠲᠠᠰᠤᠭ ᠤᠨ ᠭᠤᠣᠯ ᠴᠣᠭᠴᠠ ᠶᠢᠨ ᠪᠦᠳᠦᠭᠡᠨ ᠪᠠᠶᠢᠭᠤᠯᠣᠯᠲᠠ ᠶᠢ ᠵᠢᠯ | ᠤᠨ ᠲᠣᠳᠣᠷ᠎ᠠ ᠪᠡᠶᠡᠯᠡᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ | ᠴᠡᠴᠡᠷᠯᠢᠭ ᠢ ᠭᠦᠨᠵᠡᠭᠡᠶ ᠴᠡᠭᠴᠡᠯᠡᠨ ᠵᠠᠰᠠᠵᠤ᠂ ᠨᠡᠶᠢᠭᠡᠮ ᠤᠨ ᠬᠦᠴᠦᠨ ᠤ ᠴᠡᠴᠡᠷᠯᠢᠭ ᠡᠷᠬᠢᠯᠡᠬᠦ ᠶᠢ ᠲᠡᠮᠵᠢᠬᠦ ᠪᠠ | ᠵᠢᠷᠣᠮᠵᠢᠭᠤᠯᠵᠣ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ | ᠶᠢᠨ ᠲᠦᠭᠡᠮᠡᠯ ᠬᠠᠷᠭᠠᠯᠵᠠᠯᠠᠯ ᠦᠵᠡᠭᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ᠂ ᠡᠩ ᠤᠨ ᠥᠨᠳᠦᠷ ᠲᠣᠮᠳᠠᠳᠣ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ᠂ ᠠᠵᠢᠯ ᠮᠡᠷᠭᠡᠵᠢᠯ ᠤᠨ ᠰᠣᠷᠭᠠᠨ ᠬᠥᠮᠦᠵᠢᠯ ᠤᠨ ᠠᠭᠤᠰᠣᠯᠴᠠᠨ | ᠬᠥᠭᠵᠢᠬᠦ ᠶᠢ ᠠᠬᠢᠭᠤᠯᠣᠨ᠎ᠠ᠃ ᠣᠨᠴᠠᠭᠠᠢ ᠰᠣᠷᠭᠠᠨ ᠬᠥᠮᠦᠵᠢᠯ ᠤᠨ ᠬᠥᠭᠵᠢᠯᠲᠡ ᠶᠢ ᠴᠢᠬᠤᠯᠠᠴᠢᠯᠠᠵᠣ᠂ | ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠵᠦ᠂ ᠴᠥᠭᠡᠨ ᠲᠣᠭᠠᠳᠣ ᠦᠨᠳᠦᠰᠦᠲᠡᠨ ᠤ | ᠴᠢᠳᠠᠪᠣᠷᠢᠳᠠᠨ ᠢ ᠬᠥᠮᠦᠵᠢᠭᠦᠯᠬᠦ ᠶᠠᠰᠣ ᠴᠢᠨᠠᠷ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ ᠬᠡᠪ ᠴᠢᠨᠠᠷ ᠤᠨ | ᠰᠣᠷᠭᠠᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠪᠠᠭᠰᠢ ᠶᠢᠨ ᠬᠠᠮᠢᠶᠠᠷᠣᠯᠲᠠ ᠶᠢᠨ ᠥᠭᠡᠷᠡᠴᠢᠯᠡᠯᠲᠡ ᠶᠢ ᠠᠬᠢᠭᠤᠯᠵᠣ᠂ | ᠪᠠᠭᠰᠢ ᠶᠢᠨ ᠡᠩᠨᠡᠭᠡᠨ ᠤ ᠪᠠᠶᠢᠭᠤᠯᠣᠯᠲᠠ ᠶᠢ ᠴᠢᠩᠭᠠᠳᠬᠠᠨ᠎ᠠ᠃ ᠡᠷᠡᠭᠦᠯ ᠡᠩᠬᠡ ᠰᠢᠯᠢ ᠶᠢᠨ ᠬᠤᠲᠠ ᠶᠢ ᠪᠦᠲᠦᠭᠡᠨ | ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠢᠭᠡᠳ ᠠᠶᠢᠮᠠᠭ ᠤᠨ ᠲᠦᠪ | ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠦᠭᠯᠡᠯ ᠤᠨ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ | ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ ᠭᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠦᠨᠳᠦ ᠶᠡᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠪᠠ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠳᠣᠪᠤᠶᠢᠮ᠎ᠠ ᠳᠤᠲᠠᠭᠤᠳᠠᠯ ᠢ | ᠨᠥᠬᠦᠪᠥᠷᠢᠯᠡᠵᠦ᠂ ᠠᠷᠠᠳ ᠣᠯᠠᠨ ᠤ ᠡᠷᠡᠭᠦᠯ ᠮᠡᠨᠳᠦ ᠠᠮᠢ ᠨᠠᠰᠣᠨ ᠤ ᠠᠮᠤᠷ ᠲᠦᠪᠰᠢᠨ ᠶᠢ ᠪᠠᠲᠤᠯᠠᠬᠤ ᠪᠠᠲᠤ | ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃ ᠬᠤᠯᠣᠭᠠᠨ᠎ᠠ ᠶᠢᠨ ᠬᠢᠵᠢᠭ ᠵᠡᠷᠭᠡ ᠬᠦᠮᠦᠨ ᠠᠮᠢᠳᠠᠨ ᠳᠤ | ᠵᠡᠷᠭᠡᠪᠡᠷ ᠬᠠᠯᠳᠠᠪᠣᠷᠢᠯᠠᠬᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠣᠯᠠᠨ ᠨᠡᠶᠢᠲᠡ ᠶᠢᠨ ᠬᠦᠨᠳᠦ | ᠴᠢᠬᠤᠯᠠ ᠬᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠣᠷᠢ ᠪᠠ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ | ᠡᠷᠡᠭᠦᠯ ᠡᠩᠬᠡ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠰᠣᠶᠣᠯ ᠲᠠᠮᠢᠷ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ | ᠦᠢᠯᠡᠳᠦᠯᠭᠡᠵᠢᠭᠦᠯᠵᠦ᠂ ᠪᠦᠬᠦ ᠨᠡᠶᠢᠭᠡᠮ ᠤᠨ ᠶᠣᠰᠣ ᠮᠣᠷᠠᠯ ᠤᠨ ᠬᠢᠷᠢ ᠬᠡᠮᠵᠢᠶ᠎ᠡ ᠪᠣᠯᠤᠨ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠵᠦ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠤᠲᠠ ᠶᠢ ᠴᠢᠷᠮᠠᠶᠢᠨ ᠪᠠᠶᠢᠭᠤᠯᠤᠨ᠎ᠠ᠃ ᠬᠠᠮ ᠵᠠᠭᠤᠴᠢᠯᠠᠭᠤᠷ ᠤᠨ | ᠲᠦᠪ ᠤᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠨ᠂ ᠭᠤᠣᠯ ᠣᠷᠣᠰᠬᠠᠯ ᠤᠨ ᠵᠠᠭᠤᠴᠢᠯᠠᠭᠤᠷ ᠤᠨ ᠭᠦᠨᠵᠡᠭᠡᠢ | ᠠᠭᠤᠰᠣᠯᠴᠠᠨ ᠬᠥᠭᠵᠢᠬᠦ ᠶᠢ ᠠᠬᠢᠭᠤᠯᠣᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠵᠤ᠂ ︽ᠮᠣᠩᠭᠤᠯ ᠮᠣᠷᠢ︾ ᠦᠵᠡᠭᠳᠡᠯᠳᠦ | ᠵᠥᠴᠦᠭᠡ ᠶᠢ ᠨᠡᠩ ᠰᠢᠯᠢᠳᠡᠭᠵᠢᠭᠦᠯᠵᠦ᠂ ᠪᠦᠬᠦ ᠣᠷᠣᠨ ᠤ ᠨᠠᠮ ᠪᠠᠶᠢᠭᠤᠯᠣᠭᠳᠠᠭᠰᠠᠨ 100 ᠵᠢᠯ ᠤᠨ ᠣᠢ ᠶᠢᠨ | ᠭᠤᠣᠯᠳᠠᠯᠭ᠎ᠠ ᠲᠠᠢ ᠲᠠᠶᠢᠰᠠᠨ ᠤ ᠵᠥᠴᠦᠭᠡ ᠶᠢ ᠢᠳᠡᠪᠬᠢᠲᠠᠢ ᠵᠣᠬᠢᠶᠠᠨ ᠪᠦᠳᠦᠭᠡᠨ᠎ᠡ᠃ ᠣᠯᠠᠨ ᠲᠦᠮᠡᠨ ᠤ ᠣᠶᠣᠨ | ᠰᠠᠨᠠᠭ᠎ᠠ ᠰᠣᠶᠣᠯ ᠤᠨ ᠠᠮᠢᠳᠣᠷᠠᠯ ᠢ ᠡᠯᠪᠡᠭᠵᠢᠭᠦᠯᠵᠦ᠂ ᠰᠢᠯᠢ ᠶᠢᠨ ᠭᠤᠣᠯ ᠤᠨ ᠵᠤᠨ᠂ ᠠᠭᠤᠳᠠᠮ ᠲᠠᠯᠠᠪᠠᠢ ᠶᠢᠨ | ᠪᠥᠵᠢᠭ ᠤᠨ ᠤᠷᠤᠯᠳᠤᠭᠠᠨ᠂ ᠤᠯᠠᠮᠵᠢᠯᠠᠯᠲᠤ ᠭᠠᠯ ᠲᠠᠬᠢᠯᠭ᠎ᠠ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠠᠵᠢᠯᠯᠠᠭ᠎ᠠ ᠶᠢ 200 ᠲᠠᠯᠠᠪᠤᠷ ᠤᠳᠠᠭ᠎ᠠ ᠠᠴᠠ ᠳᠡᠭᠡᠭᠰᠢ ᠡᠷᠬᠢᠯᠡᠨ᠎ᠡ᠃ ᠰᠢᠯᠢ ᠶᠢᠨ ᠬᠤᠲᠠ ᠶᠢᠨ ᠬᠤᠶᠠᠳᠤᠭᠠᠷ | ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠰᠠᠶᠢᠲᠤᠷ ᠡᠷᠬᠢᠯᠡᠵᠦ᠂ ᠪᠦᠬᠦ | ᠤᠯᠤᠰ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ | ᠬᠥᠯ ᠪᠥᠮᠪᠦᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠰᠢᠷᠢᠰ ᠤᠷᠤᠯᠳᠤᠭᠠᠨ ᠢ ᠲᠡᠭᠦᠯᠳᠡᠷᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠠᠵᠢᠯ ᠢ ᠴᠢᠩᠭᠠᠳᠬᠠᠵᠤ᠂ ᠰᠢᠯᠢ ᠶᠢᠨ ᠭᠤᠣᠯ ᠴᠠᠬᠠᠷ ᠪᠠᠶᠠᠨᠲᠠᠯ᠎ᠠ ᠤᠯᠠᠭᠠᠨᠴᠠᠪ ᠤᠨ ᠠᠵᠢᠯ ᠤᠨ | ᠵᠥᠪᠯᠡᠯ ᠤᠨ ᠬᠠᠭᠤᠴᠢᠨ ᠪᠠᠭᠤᠷᠢ ᠶᠢ ᠰᠡᠯᠪᠢᠨ ᠵᠠᠰᠠᠬᠤ ᠢᠨᠵᠧᠨᠧᠷᠢᠩ ᠤᠨ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶᠠᠨ ᠤ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠡᠷᠲᠡᠬᠡᠨ ᠣᠯᠬᠤ ᠪᠠᠷ ᠴᠢᠷᠮᠠᠶᠢᠨ᠎ᠠ᠃ | ᠠᠬᠠᠮᠠᠳ ᠺᠠᠳ᠋ᠷ ᠤᠨ ᠠᠵᠢᠯᠯᠠᠭᠠᠨ ᠤ ᠲᠦᠪ ᠵᠢᠴᠢ ᠭᠠᠭᠴᠠ ᠮᠣᠳᠣ ᠨᠡᠶᠢᠭᠡᠮ ᠲᠣᠭᠤᠷᠢᠭ ᠤᠨ ᠠᠵᠢᠯᠯᠠᠭᠠᠨ ᠤ | ᠲᠠᠯᠠᠪᠣᠷ ᠤᠨ ᠲᠥᠷᠦᠯ ᠵᠦᠢᠯ ᠤᠨ ᠪᠦᠳᠦᠭᠡᠨ ᠪᠠᠶᠢᠭᠤᠯᠣᠯᠲᠠ ᠶᠢ ᠢᠳᠡᠪᠬᠢᠲᠠᠢ ᠠᠬᠢᠭᠤᠯᠵᠣ᠂ ᠠᠷᠠᠳ ᠲᠤ ᠲᠦᠭᠦᠮ | ᠦᠵᠡᠭᠦᠯᠬᠦ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠭᠦᠯᠦᠨ᠎ᠡ᠃ | ᠠᠷᠠᠳ ᠤᠨ ᠲᠥᠯᠥᠭᠡ ᠵᠠᠰᠠᠭ ᠶᠠᠪᠤᠭᠤᠯᠬᠤ ᠪᠣᠯ ᠵᠠᠰᠠᠭ ᠤᠨ ᠣᠷᠳᠣᠨ ᠤ ᠠᠵᠢᠯ ᠤᠨ ᠮᠥᠩᠬᠡ ᠶᠢᠨ ᠭᠤᠤᠯ ᠰᠡᠳᠦᠪ | ᠮᠥᠨ᠃ 2020 ᠣᠨ ᠳᠤ᠂ ᠪᠢᠳᠡ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠪᠣᠯᠤᠮᠵᠢᠲᠤ ᠴᠢᠨᠠᠷ ᠤᠨ ᠵᠠᠷᠴᠢᠮ | ᠶᠣᠰᠣᠭᠠᠷ᠂ ᠬᠤᠲᠠ ᠶᠢᠨ ᠠᠷᠠᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠰᠠᠯᠠᠭ᠎ᠠ ᠮᠦᠴᠢᠷ ᠨᠢᠭᠡᠴᠢ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠡᠮᠬᠢᠯᠡᠨ ᠬᠤᠷᠢᠶᠠᠩᠭᠤᠶᠢᠯᠠᠬᠤ ᠪᠠ ᠨᠣᠲᠠᠯᠠᠨ | ᠰᠣᠳᠣᠯᠬᠤ ᠪᠠᠷ ᠳᠡᠮᠵᠢᠨ᠂ ᠮᠠᠯᠵᠢᠬᠤ ᠣᠷᠣᠨ ᠤ ᠵᠠᠮ᠂ ᠬᠠᠭᠤᠴᠢᠨ ᠰᠠᠭᠤᠭᠠᠯᠢ ᠲᠣᠭᠤᠷᠢᠭ᠂ ᠠᠷᠠᠳ ᠲᠤ ᠲᠦᠭᠦᠮ | ᠦᠵᠡᠭᠦᠯᠬᠦ ᠵᠠᠬ᠎ᠠ ᠲᠡᠯᠭᠡᠭᠦᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠵᠠᠮ ᠤᠨ ᠭᠠᠳᠠᠷᠭᠤ ᠶᠢ ᠵᠠᠰᠠᠨ | ᠰᠢᠨᠡᠳᠬᠡᠬᠦ᠂ ᠵᠠᠮ ᠤᠨ ᠳ᠋ᠧᠩ ᠣᠭᠰᠠᠷᠠᠬᠤ᠂ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠵᠡᠷᠭᠡ ᠲᠡᠯ᠎ᠡ | ᠪᠠᠷ ᠨᠢᠭᠡ ᠪᠦᠯᠦᠭ ᠠᠷᠠᠳ ᠤᠨ ᠠᠮᠢᠳᠣᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠪᠠᠷ | ᠲᠣᠭᠲᠠᠪᠠ᠃ ᠪᠢᠯᠧᠲ ᠦᠭᠴᠦ ᠬᠡᠷᠡᠭᠵᠢᠭᠦᠯᠬᠦ ᠪᠠᠷ ᠲᠣᠭᠲᠠᠭᠰᠠᠨ ᠠᠷᠠᠳ ᠤᠨ ᠠᠮᠢᠳᠤᠷᠠᠯ ᠤᠨ ᠲᠦᠷᠦᠯ ᠵᠦᠢᠯ ᠳᠤ | ᠪᠢᠳᠡ ᠠᠷᠭ᠎ᠠ ᠪᠦᠬᠦᠨ ᠢ ᠰᠥᠪᠡᠭᠴᠢᠯᠡᠨ ᠪᠡᠯᠡ ᠮᠥᠩᠭᠦ ᠴᠤᠭᠯᠠᠭᠤᠯᠵᠤ᠂ ᠪᠦᠬᠦ ᠬᠦᠴᠦᠨ ᠢᠶᠠᠷ ᠢᠶᠠᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠨ᠎ᠠ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠪᠠᠲᠤᠯᠠᠭ᠎ᠠ ᠶᠢ ᠴᠢᠩᠭᠠᠳᠬᠠᠨ᠎ᠠ᠃ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠬᠠᠤᠯᠢᠵᠢᠬᠤ᠂ | ᠤᠶᠤᠨᠴᠢᠯᠠᠬᠤ᠂ ᠲᠤᠰᠬᠠᠶᠢᠵᠢᠬᠤ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ | ᠬᠠᠤᠯᠢ ᠴᠠᠭᠠᠵᠠ ᠶᠢᠨ ᠡᠶᠡᠳᠡᠭᠦᠯᠭᠡ ︽ᠭᠤᠷᠪᠠᠨ ᠡᠶᠡᠳᠡᠭᠦᠯᠭᠡ ᠶᠢᠨ ᠬᠤᠯᠪᠤᠭᠠᠯᠠᠨ ᠬᠦᠳᠡᠯᠦᠯᠴᠡᠬᠦ︾ ᠠᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠶᠢᠨ ᠬᠦᠷᠢᠶ᠎ᠡ ᠴᠠᠷᠠᠭᠠᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠣᠷᠰᠢᠯᠲᠠ ᠶᠢᠨ ᠴᠢᠭ ᠤᠨ ᠠᠵᠢᠯ ᠢ ᠭᠦᠨᠵᠡᠭᠡᠢ ᠠᠬᠢᠭᠤᠯᠵᠣ᠂ ᠬᠤᠲᠠ ᠲᠣᠭᠤᠷᠢᠭ ᠤᠨ ︽ | ᠨᠢᠭᠡ ᠵᠡᠭᠡᠯᠢ ᠨᠢᠭᠡ ᠬᠡᠪ ᠨᠠᠮᠪᠠ ᠨᠢᠭᠡ ᠣᠨᠴᠠᠯᠢᠭᠲᠣ︾ ᠲᠦᠷᠦᠯ ᠲᠡᠮᠳᠡᠭᠲᠦ ᠶᠢ ᠡᠭᠦᠳᠬᠦ ᠪᠠ ᠮᠠᠯᠵᠢᠬᠤ ᠣᠷᠣᠨ ᠤ | ᠶᠡᠷᠦᠩᠬᠡᠶᠢᠯᠡᠨ ᠵᠠᠰᠠᠬᠤ ︽ᠦᠷᠲᠡᠭᠡ︾ ᠶᠢ ᠳᠡᠰ ᠳᠡᠪᠰᠢᠭᠦᠯᠬᠦ ᠠᠵᠢᠯ ᠢ ᠭᠤᠣᠯᠳᠠᠯᠭ᠎ᠠ ᠲᠠᠢ ᠠᠬᠢᠭᠤᠯᠵᠣ᠂ | ᠵᠥᠷᠢᠴᠡᠯ ᠢ ᠬᠠᠤᠯᠢ ᠶᠣᠰᠣᠭᠠᠷ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠤᠯᠠᠨ | ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠵᠦᠶ | ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ᠎ᠡ᠃ ︽ᠬᠡᠨ ᠬᠠᠤᠯᠢ ᠬᠡᠷᠡᠭᠵᠢᠭᠦᠯᠪᠡᠯ ᠲᠡᠷᠡ | ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠳᠣᠯᠣᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢ ᠳ᠋ᠦᠩᠨᠡᠵᠦ ᠰᠢᠯᠭᠠᠨ ᠬᠤᠷᠢᠶᠠᠬᠤ ᠠᠵᠢᠯ ᠢ ᠬᠢᠨᠠᠮᠠᠭᠠᠶ | ᠦᠷᠨᠢᠭᠦᠯᠦᠨ᠎ᠡ᠃ ᠤᠳᠤᠷᠢᠳᠤᠯᠭ᠎ᠠ ᠬᠡᠷᠡᠭ ᠶᠠᠪᠣᠳᠠᠯ ᠢ ᠳᠠᠭᠠᠭᠠᠴᠢᠯᠠᠨ ᠰᠢᠢᠳᠪᠦᠷᠢᠯᠡᠬᠦ ︽ᠲᠠᠪᠣᠨ ᠨᠢᠭᠡ︾ ᠠᠵᠢᠯ | ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ︾ ᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠡᠶᠡᠳᠡᠭᠦᠯᠬᠦ ᠬᠠᠷᠠᠯᠲᠠ ᠬᠤᠭᠤᠴᠠᠭ᠎ᠠ ᠶᠣᠰᠣᠭᠠᠷ ᠪᠡᠶᠡᠯᠡᠭᠳᠡᠬᠦ ᠶᠢ ᠪᠠᠲᠣᠯᠠᠨ᠎ᠠ᠃ ︽ᠠᠮᠤᠷ ᠠᠮᠤᠭᠤᠯᠠᠩ ᠰᠢᠯᠢ ᠶᠢᠨ | ᠬᠤᠲᠠ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠭᠦᠨᠵᠡᠭᠡᠶᠢᠷᠡᠭᠦᠯᠦᠨ ᠠᠬᠢᠭᠤᠯᠵᠤ᠂ ᠦᠨᠳᠦᠰᠦᠨ ᠠᠴᠠ ᠨᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠣᠷᠳᠣ | ᠬᠤᠭᠤᠴᠠᠭ᠎ᠠ ᠪᠠᠷ ᠵᠠᠰᠠᠬᠤ ᠪᠦᠲᠦᠮᠵᠢᠲᠣ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠶᠣᠯᠭᠦᠢ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠳᠠᠯᠠᠵᠤ᠂ ᠳᠠᠯᠳᠠ ᠭᠡᠮ ᠢ ᠢᠯᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ | ᠡᠷᠡᠰ ᠰᠡᠷᠭᠡᠶᠢᠯᠡᠨ ᠬᠤᠷᠢᠭᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠤ ᠠᠮᠣᠷ ᠲᠦᠪᠰᠢᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠣᠯᠲᠠ ᠶᠢ | ᠰᠦᠪᠡᠭᠴᠢᠯᠡᠨ ᠠᠬᠢᠭᠤᠯᠵᠣ᠂ ᠱᠧᠣ ᠹᠠᠩ ᠰᠣᠯᠠ ᠢᠳᠡᠭᠡᠨ ᠤ ᠬᠦᠷᠢᠶᠡᠯᠡᠩ ᠲᠣᠭᠤᠷᠢᠭ ᠢ ᠲᠦᠷᠭᠡᠬᠡᠨ | ᠠᠰᠢᠭᠯᠠᠯᠲᠠ ᠳᠤ ᠣᠷᠣᠭᠤᠯᠵᠣ᠂ ᠪᠦᠬᠦ ᠬᠤᠲᠠ ᠶᠢᠨ ᠢᠳᠡᠭᠡᠨ ᠢ ᠡᠳ᠋ᠰᠢᠭᠦᠯᠬᠦ ᠵᠢᠵᠢᠭ ᠦᠢᠯᠡᠳᠬᠡᠯ ᠤᠨ ᠲᠡᠰ | ᠲᠡᠪᠰᠢᠬᠦ ᠶᠢ ᠬᠠᠪᠰᠣᠷᠣᠨ ᠠᠬᠢᠭᠤᠯᠣᠨ᠎ᠠ᠃ ᠶᠠᠰᠣ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠣᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠲᠠᠷᠤᠭ᠎ᠠ ᠶᠢᠨ ᠶᠠᠰᠣ ᠴᠢᠨᠠᠷ ᠤᠨ ᠱᠠᠩᠨᠠᠯ ᠤᠨ ᠬᠢᠨᠠᠨ | ᠦᠨᠡᠯᠡᠬᠦ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠪᠠ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠵᠢᠷᠭᠤᠳᠤᠭᠠᠷ ᠤᠳᠠᠭ᠎ᠠ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ | ᠬᠤᠳᠠ ᠶᠢ ᠡᠭᠦᠳᠬᠦ ᠶᠢ ᠦᠨᠡᠨᠬᠦ ᠪᠠᠲᠤᠯᠠᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠴᠤ᠂ ᠯᠠᠯᠣ ᠶᠢᠨ ᠢᠳᠡᠭᠡᠨ ᠤ ᠵᠢᠷᠣᠮᠵᠢᠭᠰᠠᠨ ᠬᠠᠮᠢᠶᠠᠷᠣᠯᠲᠠ ᠶᠢ ᠴᠢᠩᠭᠠᠳᠬᠠᠵᠣ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠢᠷᠠᠭᠤ ᠠᠯᠳᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠦᠷᠪᠡᠳᠦᠭᠡᠷ ᠣᠳᠠᠭᠠᠨ ᠤ ᠠᠵᠣ ᠠᠬᠤᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠬᠡᠷᠡᠭᠵᠢᠭᠦᠯᠦᠯᠲᠡ ᠶᠢ | ᠴᠢᠩᠭᠠᠳᠬᠠᠨ᠂ ᠲᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠨᠠᠷᠢᠨ ᠬᠢᠨᠠᠮᠠᠭᠠᠢ ᠰᠠᠶᠢᠳᠣᠷ ᠠᠳᠬᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠣᠯᠠᠨ ᠲᠦᠮᠡᠨ ᠤ ᠪᠦᠯᠬᠦᠮ ᠤᠨ ᠠᠵᠢᠯ ᠢᠶᠠᠨ ᠥᠷᠨᠢᠭᠦᠯᠬᠦ ᠶᠢ | ᠢᠳᠡᠪᠬᠢᠲᠡᠢ ᠳᠠᠮᠵᠢᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠳᠠᠩᠰᠠ ᠡᠪᠬᠡᠮᠡᠯ | ᠲᠡᠤᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠴᠢᠬᠤᠯᠠᠴᠢᠯᠠᠨ ᠰᠠᠶᠢᠲᠤᠷ | ᠬᠢᠨ᠎ᠡ᠃ | ᠲᠥᠯᠥᠭᠡᠯᠡᠭᠴᠢᠳ ᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠥᠰᠦᠪᠯᠡᠬᠦ ᠴᠢᠬᠤᠯᠠ ᠨᠢᠭᠡ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠪᠠᠶᠢᠳᠠᠯ ᠡᠭᠦᠷᠭᠡ ᠪᠣᠯᠤᠨ ᠲᠣᠬᠢᠶᠠᠯ ᠥᠷᠢᠰᠥᠯᠳᠦᠭᠡᠨ ᠢ ᠭᠦᠨᠵᠡᠭᠡᠢ | ᠰᠤᠳᠤᠯᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠤᠶᠤᠨ ᠤᠬᠠᠭᠠᠨ ᠢ ᠲᠥᠪᠯᠡᠷᠡᠭᠦᠯᠦᠨ᠂ | ᠥᠨᠳᠥᠷ ᠲᠦᠪᠰᠢᠨ ᠪᠦᠬᠦᠢ ᠲᠠᠪᠤᠨ ᠵᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ᠂ ᠥᠨᠳᠥᠷ ᠲᠦᠪᠰᠢᠨ ᠪᠦᠬᠦᠢ | ᠵᠠᠰᠠᠯᠲᠠ ᠶᠢ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠰᠢᠨ᠎ᠡ ᠴᠠᠭ ᠦᠶ᠎ᠡ᠂ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ | ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ︽ᠡᠷᠬᠡ ᠬᠠᠷᠢᠭᠤᠴᠠᠯᠭ᠎ᠠ ᠲᠣᠳᠣᠷᠬᠠᠶ᠂ ᠬᠠᠤᠯᠢ ᠶᠣᠰᠣᠭᠠᠷ | ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ︾ ᠱᠠᠭᠠᠷᠳᠠᠯᠭ᠎ᠠ ᠶᠣᠰᠣᠭᠠᠷ᠂ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠷᠠᠳ ᠲᠦᠮᠡᠨ ᠳᠤ ᠬᠠᠨᠣᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠨ᠎ᠠ᠃ | ᠤᠯᠤᠰ ᠲᠥᠷᠥ ᠶᠢᠨ ᠵᠣᠭᠰᠣᠯᠲᠠ ᠪᠠᠨ ᠪᠠᠳᠤᠳᠬᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ | ᠪᠠᠨ ᠵᠢᠯᠣᠭᠤᠳᠴᠤ᠂ ᠠᠵᠢᠯ ᠢᠶᠠᠨ ᠠᠬᠢᠭᠤᠯᠤᠨ᠎ᠠ᠃ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ | ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠡᠯ᠎ᠡ | ᠭᠤᠭᠴᠤᠭ᠎ᠠ᠂ ᠪᠦᠬᠦ ᠶᠠᠪᠤᠴᠠ ᠳᠤ ᠲᠣᠣᠱᠯᠠᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ | ᠬᠦᠴᠦᠨ ᠲᠡᠭᠦᠯᠳᠡᠷ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ ᠡᠯ᠎ᠡ ᠱᠠᠳᠣᠨ ᠤ ᠡᠯ᠎ᠡ ᠵᠦᠢᠯ ᠤᠨ ᠴᠠᠭᠳᠠᠨ | ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠳᠤ ᠲᠣᠰᠬᠠᠭᠰᠠᠨ ᠠᠰᠠᠭᠤᠳᠠᠯ ᠢ ᠵᠠᠯᠠᠷᠠᠭᠤᠯᠣᠨ ᠨᠠᠶᠢᠳᠠᠪᠣᠷᠢᠵᠢᠭᠤᠯᠬᠤ ᠶᠢ | ᠦᠷᠭᠦᠯᠵᠢᠯᠡᠨ ᠰᠠᠶᠢᠳᠣᠷ ᠠᠳᠬᠤᠵᠣ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠡᠩ | ᠭᠦᠨᠵᠡᠭᠡᠶᠢᠷᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠬᠠᠤᠯᠢ ᠪᠠᠷ ᠬᠤᠲᠠ ᠪᠠᠨ ᠵᠠᠰᠠᠬᠤ ᠶᠢ ᠭᠦᠨᠵᠡᠭᠡᠢ | ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ | ᠠᠵᠢᠯ ᠢᠶᠠᠨ ᠥᠷᠨᠢᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ | ᠤᠯᠤᠰ ᠲᠥᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠶᠢ ᠴᠢᠩᠭᠠᠳᠬᠠᠨ᠂ | ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ | ᠵᠦᠢᠯ ᠤᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ | ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠢᠯᠡ ᠲᠣᠳᠣ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ | ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ︽ᠠᠮᠢᠨ ᠰᠤᠳᠠᠰᠤ︾ ᠪᠣᠯᠭᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠲᠣᠭᠲᠠᠭᠰᠠᠨ ᠬᠠᠷᠠᠯᠲᠠ ᠡᠭᠦᠷᠭᠡ ᠶᠢ ᠡᠴᠦᠰ ᠲᠤᠨᠢ ᠲᠤᠯᠲᠠᠯ᠎ᠠ ᠠᠳᠬᠤᠵᠤ᠂ ᠤᠳᠠᠭᠠᠨ | ᠳᠠᠭᠠᠭᠠᠮᠠᠭᠠᠶ ᠴᠢᠷᠮᠠᠶᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠡ᠃ ᠪᠠᠶᠢᠴᠠᠭᠠᠨ ᠰᠤᠳᠤᠯᠤᠯᠲᠠ ᠬᠢᠬᠦ | ᠰᠤᠷᠲᠠᠯ ᠢ ᠶᠡᠬᠡᠪᠡᠷ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠡᠷᠡᠭᠴᠡᠭᠡ ᠶᠢ ᠠᠷᠠᠳ ᠠᠴᠠ | ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠦᠢᠯᠡᠳᠦᠯᠭᠡ ᠶᠢᠨ ᠳᠤᠮᠳᠠ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠬᠡᠯᠡᠮᠡᠭᠴᠡ ᠬᠢᠵᠦ᠂ ᠪᠠᠷᠢᠨ ᠭᠦᠢᠴᠡᠳᠬᠡᠬᠦ ᠰᠤᠷᠲᠠᠯ ᠢ ᠶᠡᠬᠡᠪᠡᠷ | ᠰᠠᠨᠠᠭᠠᠴᠢᠯᠠᠵᠤ᠂ ᠵᠠᠰᠠᠭ ᠤᠨ ᠶᠠᠪᠣᠳᠠᠯ ᠳᠤ ᠨᠠᠵᠠᠭᠠᠶᠢᠷᠠᠵᠣ ᠬᠤᠶᠢᠷᠭᠤᠰᠢᠬᠤ ᠶᠢ ᠡᠷᠡᠰ ᠵᠠᠯᠠᠷᠠᠭᠤᠯᠵᠤ᠂ ᠵᠠᠰᠠᠭ ᠤᠨ | ᠣᠷᠳᠣᠨ ᠤ ᠬᠡᠷᠡᠭᠵᠢᠭᠦᠯᠬᠦ ᠬᠦᠴᠦᠨ ᠪᠣᠯᠤᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠢᠴᠢᠭ ᠮᠠᠲ᠋ᠧᠷᠢᠶᠠᠯ ᠤᠨ ᠰᠤᠷᠲᠠᠯ ᠬᠤᠷᠠᠯ ᠤᠨ ᠰᠤᠷᠲᠠᠯ ᠢ | ᠬᠦᠴᠦᠯᠡᠨ ᠰᠠᠶᠢᠵᠢᠷᠠᠭᠤᠯᠵᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠬᠤ ᠪᠠ ᠬᠢᠨᠠᠨ ᠰᠢᠯᠭᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ | ᠬᠦᠯᠢᠶᠡᠰᠦ ᠶᠢ ᠨᠢ ᠰᠤᠯᠠᠷᠠᠭᠤᠯᠵᠤ᠂ ᠨᠡᠩ ᠤᠯᠠᠨ ᠤᠶᠤᠨ ᠴᠢᠳᠠᠯ ᠢᠶᠠᠨ ᠦᠨᠡᠨᠬᠦ ᠨᠠᠶᠢᠳᠠᠪᠤᠷᠢᠵᠢᠭᠤᠯᠤᠯᠲᠠ ᠶᠢ | ᠠᠳᠬᠤᠵᠤ ᠬᠥᠭᠵᠢᠯᠲᠡ ᠶᠢ ᠠᠬᠢᠭᠤᠯᠬᠤ ᠳᠡᠭᠡᠷ᠎ᠡ ᠬᠡᠷᠡᠭᠯᠡᠨ᠎ᠡ᠃ | ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠤᠨ᠎ᠠ᠃ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠤ ᠬᠠᠣᠯᠢ ᠳᠦᠷᠢᠮ ᠠᠴᠠ ᠵᠦᠷᠢᠴᠡᠭᠰᠡᠨ ᠠᠰᠠᠭᠤᠳᠠᠯ ᠢ ᠲᠣᠰᠬᠠᠢ ᠲᠥᠷᠦᠯ ᠢᠶᠠᠷ | ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠳᠣᠷ ᠬᠢᠵᠦ᠂ ᠲᠣᠰᠬᠠᠢ ᠲᠥᠷᠦᠯ ᠤᠨ ᠴᠡᠭᠴᠡᠯᠡᠨ ᠵᠠᠰᠠᠯᠲᠠ ᠶᠢᠨ | ᠪᠣᠳᠠᠲᠠᠢ ᠦᠷ᠎ᠡ ᠪᠦᠳᠦᠮᠵᠢ ᠣᠯᠬᠤ ᠶᠢ ᠪᠠᠳᠣᠯᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠬᠠᠮᠢᠶᠠᠷᠬᠤ | ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ᠂ ᠣᠯᠠᠨ | ᠨᠡᠶᠢᠲᠡ ᠶᠢᠨ ᠡᠬᠢ ᠪᠠᠶᠠᠯᠢᠭ᠂ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠭᠤᠤᠯᠳᠠᠯᠭ᠎ᠠ ᠲᠠᠢ | ᠬᠦᠷᠢᠶᠡᠨ ᠳᠠᠬᠢ ᠬᠢᠨᠠᠨ ᠬᠠᠮᠢᠶᠠᠷᠬᠤ ᠡᠷᠴᠢᠮ ᠢᠶᠠᠨ ᠨᠡᠮᠡᠭᠳᠡᠭᠦᠯᠵᠦ᠂ ᠣᠯᠠᠨ ᠲᠦᠮᠡᠨ ᠤ ᠳᠡᠷᠭᠡᠳᠡ ᠭᠠᠷᠤᠭᠰᠠᠨ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠥᠪ ᠬᠤᠷᠢᠶᠠᠨ ᠤ | ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠳᠥᠷᠪᠡᠨ | ᠰᠤᠷᠲᠠᠯ︾ ᠢ ᠲᠠᠰᠤᠷᠠᠯᠲᠠ ᠥᠬᠡᠶ ᠴᠡᠭᠴᠡᠯᠡᠨ ᠵᠠᠰᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠦᠵᠡᠯ | ᠣᠬᠠᠮᠰᠠᠷ ᠤᠨ ᠬᠡᠯᠪᠡᠷᠢ ᠶᠢᠨ ᠠᠵᠢᠯ ᠢ ᠭᠤᠶᠢᠪᠢᠰᠢ ᠦᠭᠡᠢ ᠰᠠᠶᠢᠳᠣᠷ ᠠᠳᠬᠤᠵᠣ᠂ ᠦᠵᠡᠯ ᠣᠬᠠᠮᠰᠠᠷ ᠤᠨ ᠬᠡᠯᠪᠡᠷᠢ | ᠶᠢᠨ ᠦᠨᠳᠦᠰᠦᠨ ᠱᠠᠳᠣᠨ ᠤ ᠰᠠᠭᠤᠷᠢ ᠶᠢ ᠲᠠᠰᠣᠷᠠᠯᠲᠠ ᠦᠭᠡᠢ ᠪᠠᠬᠢᠵᠢᠭᠦᠯᠦᠨ᠎ᠡ᠃ ᠠᠵᠢᠯᠴᠢ ᠠᠷᠪᠢᠴᠢ ᠠᠷᠪᠢᠯᠠᠨ | ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠱᠠᠯᠢᠨ ᠪᠦᠷᠢᠯᠭᠡᠬᠦ ᠶᠢ ᠡᠰᠡᠷᠭᠦᠴᠡᠵᠦ᠂ ᠡᠳ᠋ ᠤᠨ ᠵᠠᠰᠠᠭ ᠤᠨ ᠪᠡᠯᠡ | ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠢ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ | ᠲᠥᠯᠥᠭᠡᠯᠡᠭᠴᠢᠳ ᠡ᠂ ᠳᠠᠷᠬᠠᠨ ᠡᠭᠦᠷᠭᠡ ᠪᠠᠨ ᠪᠡᠶᠡᠯᠡᠭᠦᠯᠬᠦ ᠶᠢᠨ ᠵᠠᠩᠭᠢᠯᠠᠭ᠎ᠠ ᠨᠢ ᠳᠠᠭᠠᠭᠠᠨ ᠡᠭᠦᠷᠭᠡᠯᠡᠬᠦ ᠳᠤ ᠪᠤᠢ᠂ | ᠰᠠᠴᠤᠷᠠᠩᠭᠤᠢ ᠦᠢᠯᠡᠰ ᠢ ᠴᠣᠭᠴᠠᠯᠠᠬᠤ ᠶᠢᠨ ᠵᠠᠩᠭᠢᠯᠠᠭ᠎ᠠ ᠨᠢ ᠪᠣᠳᠠᠲᠠᠢ ᠠᠵᠢᠯᠯᠠᠬᠤ ᠳᠤ ᠪᠣᠢ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢ ᠪᠠᠳᠣᠯᠠᠵᠣ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ ᠶᠢᠨ | ᠬᠤᠲᠠ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ᠃ |