ᠪᠠᠶᠢᠭᠠᠯᠢ ᠶᠢᠨ ᠨᠦᠬᠦᠴᠡᠯ
ᠨᠡᠶᠢᠲᠡᠯᠡᠭᠰᠡᠨ ᠴᠠᠭ᠄
2020/6/18
ᠰᠢᠯᠢ ᠶᠢᠨ ᠬᠤᠲᠠ ᠤᠮᠠᠷᠠᠲᠤ ᠥᠷᠭᠡᠷᠢᠭ ᠤᠨ 43。02、— 44。52、᠂ ᠵᠡᠭᠦᠨ ᠤᠷᠲᠤᠷᠢᠭ ᠤᠨ 115。18、—117。06、᠎ ᠳᠤ ᠪᠠᠶᠢᠷᠢᠯᠠᠵᠤ᠂ ᠥᠪᠥᠷ ᠮᠣᠩᠭᠤᠯ ᠤᠨ ᠥᠨᠳᠦᠷᠯᠢᠭ ᠤᠨ ᠳᠤᠮᠳᠠ ᠬᠡᠰᠡᠭ ᠲᠤ ᠣᠷᠣᠰᠢᠵᠤ᠂ ᠭᠠᠵᠠᠷ ᠤᠨ ᠪᠠᠶᠢᠴᠠ ᠨᠢ ᠡᠮᠦᠨᠡᠰᠢ ᠥᠨᠳᠥᠷ ᠤᠮᠠᠷᠠᠰᠢ ᠳᠣᠣᠷ᠎ᠠ ᠪᠠᠶᠢᠵᠤ᠂ ᠡᠮᠦᠨ᠎ᠡ ᠬᠡᠰᠡᠭ ᠨᠢ ᠪᠣᠭᠤᠨᠢ ᠳᠣᠪᠣᠷᠬᠠᠭ᠂ ᠬᠤᠶᠢᠲᠤ ᠬᠡᠰᠡᠭ ᠨᠢ ᠲᠡᠭᠰᠢ ᠨᠠᠮᠬᠠᠨ ᠳᠣᠯᠭᠢᠶᠠᠨ ᠬᠡᠯᠪᠡᠷᠢᠲᠦ ᠲᠠᠯ᠎ᠠ ᠭᠠᠵᠠᠷ ᠪᠣᠯᠤᠨ᠎ᠠ᠃ ᠳᠠᠯᠠᠶ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠳᠤᠮᠳᠠᠴᠢ ᠬᠡᠮᠵᠢᠶ᠎ᠡ ᠨᠢ 988.5 ᠮᠧᠲᠷ ᠪᠣᠯᠤᠨ᠎ᠠ᠃ ᠳᠤᠮᠳᠠ ᠥᠷᠭᠡᠷᠢᠭ ᠤᠨ ᠪᠠᠷᠠᠭᠤᠨ ᠰᠠᠯᠬᠢᠨ ᠤ ᠠᠭᠠᠷ ᠤᠨ ᠤᠷᠤᠰᠬᠠᠯ ᠤᠨ ᠪᠦᠰᠡᠨ ᠳᠤ ᠣᠷᠣᠰᠢᠵᠤ᠂ ᠳᠤᠮᠳᠠ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠲᠠᠵᠤ᠂ ᠲᠤᠨᠳᠠᠰᠤᠨ ᠤ ᠬᠡᠮᠵᠢᠶ᠎ᠡ ᠨᠢ 309 ᠮᠢᠯᠢᠮᠧᠲᠷ᠂ ᠬᠢᠷᠠᠭᠤ ᠦᠭᠡᠢ ᠬᠤᠭᠤᠴᠠᠭ᠎ᠠ 144 ᠡᠳᠦᠷ ᠪᠠᠶᠢᠳᠠᠭ᠂ ᠪᠦᠬᠦ ᠬᠤᠲᠠ ᠶᠢᠨ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ 2068 ᠲᠦᠮᠡᠨ ᠮᠦ᠂ ᠠᠮᠢᠲᠠᠨ ᠤᠷᠭᠤᠮᠠᠯ ᠤᠨ ᠡᠬᠢ ᠪᠠᠶᠠᠯᠢᠭ ᠣᠯᠠᠨ ᠶᠠᠩᠵᠤ ᠪᠠᠶᠢᠵᠤ᠂ ᠲᠠᠯ᠎ᠠ ᠨᠤᠲᠤᠭ ᠤᠨ ᠲᠥᠷᠥᠯ ᠵᠦᠢᠯ ᠤᠯᠠᠨ᠂ ᠨᠤᠭᠤ ᠭᠠᠵᠠᠷ᠂ ᠨᠡᠶᠢᠲᠡᠯᠢᠭ ᠨᠤᠲᠤᠭ ᠪᠡᠯᠴᠢᠭᠡᠷ ᠪᠣᠯᠤᠨ ᠡᠯᠡᠰᠦᠨ ᠳᠣᠪᠤ ᠡᠯᠡᠰᠦᠷᠬᠡᠭ ᠭᠠᠵᠠᠷ ᠵᠡᠷᠭᠡ ᠶᠢ ᠬᠠᠮᠤᠷᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠬᠥᠭᠵᠢᠯᠲᠡ ᠶᠢᠨ ᠥᠪᠡᠷᠮᠢᠴᠡ ᠨᠥᠬᠦᠴᠡᠯ ᠢ ᠪᠦᠷᠢᠯᠳᠦᠭᠦᠯᠵᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号