ᠪᠠᠶᠢᠭᠠᠯᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2020/6/18
   ᠰᠢᠯᠢ ᠶᠢᠨ ᠬᠤᠲᠠ ᠶᠢᠨ ᠠᠰᠢᠭᠯᠠᠵᠤ ᠪᠣᠯᠬᠤ ᠪᠠᠶᠢᠭᠠᠯᠢᠯᠢᠭ ᠪᠡᠯᠴᠢᠭᠡᠷ 2054 ᠲᠦᠮᠡᠨ ᠮᠥ᠂ ᠤᠯᠤᠰ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠷᠭᠠᠬᠤ ᠴᠢᠬᠤᠯᠠ ᠰᠠᠭᠤᠷᠢᠨ ᠭᠠᠵᠠᠷ ᠪᠠᠶᠢᠵᠤ᠂ ᠵᠢᠯ ᠪᠦᠷᠢ ᠳᠤᠮᠳᠠᠴᠢ ᠪᠠᠷ 200 ᠲᠦᠮᠡᠨ ᠬᠤᠨᠢᠴᠢᠯᠠᠬᠰᠠᠨ ᠨᠢᠭᠡᠴᠢ ᠪᠤᠯᠪᠠᠰᠤᠷᠠᠭᠤᠯᠵᠤ ᠪᠠᠶᠢᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠭᠦᠷᠡᠰᠦᠨ ᠤ ᠬᠠᠶᠢᠨ ᠲᠤᠲᠤᠯᠠᠭᠰᠠᠨ ᠬᠠᠳᠠᠭᠠᠯᠠᠭᠳᠠᠴᠠ ᠨᠢ 300 ᠳ᠋ᠦᠩᠰᠢᠭᠤᠷ ᠲᠣᠨ᠂ ᠡᠭᠦᠨ ᠳᠤ ᠱᠧᠩ ᠯᠢ ᠨᠡᠭᠦᠷᠡᠰᠦᠨ ᠠᠭᠤᠷᠬᠠᠶ 227 ᠳ᠋ᠦᠩᠰᠢᠭᠤᠷ ᠲᠣᠨ ᠪᠠᠶᠢᠵᠤ᠂ ᠣᠳᠣᠬᠠᠨ ᠳᠤ ᠪᠦᠬᠦ ᠤᠯᠤᠰ ᠤᠨ ᠨᠡᠭᠦᠷᠡᠰᠦᠨ ᠳᠠᠪᠬᠤᠷᠭ᠎ᠠ ᠪᠠᠷ ᠬᠠᠮᠤᠭ ᠤᠨ ᠵᠤᠵᠠᠭᠠᠨ᠂ ᠬᠠᠳᠠᠭᠠᠯᠠᠭᠳᠠᠴᠠ ᠪᠠᠷ ᠬᠠᠮᠤᠭ ᠤᠨ ᠶᠡᠭᠡ ᠬᠦᠷᠡᠩ ᠨᠡᠭᠦᠷᠡᠰᠦᠨ ᠤ ᠠᠭᠤᠷᠬᠠᠶ ᠪᠣᠯᠤᠨ᠎ᠠ᠃ 2019 ᠣᠨ ᠳᠤ ᠨᠡᠭᠦᠷᠡᠰᠦᠨ ᠤ ᠭᠠᠷᠤᠯᠲᠠ 3370 ᠲᠦᠮᠡᠨ ᠲᠣᠨ ᠳᠤ ᠬᠦᠷᠴᠦ᠂ 2020 ᠣᠨ ᠳᠤ 4000 ᠲᠦᠮᠡᠨ ᠲᠣᠨ ᠨᠡᠭᠦᠷᠡᠰᠦ ᠦᠢᠯᠡᠳᠪᠦᠷᠯᠡᠬᠦ ᠪᠠᠷ ᠲᠥᠯᠥᠪᠯᠡᠵᠦ ᠪᠠᠶᠢᠨ᠎ᠠ᠃ ᠰᠢᠯᠢ ᠶᠢᠨ ᠬᠤᠲᠠ ᠨᠢ ᠤᠯᠤᠰ ᠤᠨ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠲᠤ ᠵᠢᠬᠰᠠᠭᠠᠭᠲᠠᠵᠤ᠂ ᠰᠢᠯᠢ ᠶᠢᠨ ᠭᠤᠤᠯ ᠠᠶᠢᠮᠠᠭ ᠠᠴᠠ ᠱᠠᠨᠳᠦ᠋ᠩ᠂ ᠵᠢᠶᠠᠩᠰᠦ ᠬᠥᠷᠬᠦ ᠬᠤᠶᠠᠷ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠱᠤᠭᠤᠮ ᠢ ᠪᠠᠶᠢᠭᠤᠯᠤᠨ ᠳᠠᠭᠤᠰᠬᠠᠵᠤ᠂ ᠨᠢᠭᠡᠨᠲᠡ 204.6 ᠲᠦᠮᠡᠨ ᠺᠢᠯᠣᠸᠠᠲ ᠢᠯᠴᠢ ᠴᠠᠬᠢᠯᠭᠠᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠪᠠ᠃ ᠪᠠᠶᠢᠭᠤᠯᠵᠤ ᠪᠠᠶᠢᠭ᠎ᠠ ᠣᠨᠴᠠ ᠥᠨᠳᠥᠷ ᠬᠦᠴᠦᠳᠡᠯᠲᠦ ᠢᠵᠢ ᠪᠦᠷᠢᠳᠦᠭᠦᠯᠬᠦ ᠢᠯᠴᠢ ᠴᠠᠬᠢᠯᠭᠠᠨ ᠤ ᠲᠦᠷᠦᠯ ᠵᠦᠢᠯ 330 ᠲᠦᠮᠡᠨ ᠺᠢᠯᠣᠸᠠᠲ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠶᠡᠷᠦᠩᠬᠡᠶ ᠮᠠᠰᠢᠨ ᠴᠣᠭᠴᠠᠯᠠᠪᠤᠷᠢ 534.6 ᠲᠦᠮᠡᠨ ᠺᠢᠯᠣᠸᠠᠲ ᠲᠤ ᠬᠦᠷᠦᠨ᠎ᠡ᠃ ᠴᠢᠯᠠᠭᠤᠨ ᠲᠣᠰᠣᠨ ᠤ ᠬᠠᠶᠢᠨ ᠲᠣᠳᠣᠯᠠᠭᠰᠠᠨ ᠬᠠᠳᠠᠭᠠᠯᠠᠭᠳᠠᠴᠠ 2 ᠳ᠋ᠦᠩᠰᠢᠭᠤᠷ ᠲᠣᠨ ᠪᠤᠢ᠃ ᠭᠧᠷᠮᠠᠨ ᠢ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ 3458 ᠲᠣᠨ ᠪᠠᠶᠢᠵᠤ᠂ ᠪᠦᠬᠦ ᠤᠯᠤᠰ ᠤᠨ ᠬᠠᠳᠠᠭᠠᠯᠠᠭᠳᠠᠴᠠ ᠶᠢᠨ 68%᠎ ᠶᠢ ᠡᠵᠡᠯᠡᠵᠦ᠂ ᠳᠡᠯᠡᠬᠡᠶ ᠶᠢᠨ ᠬᠠᠳᠠᠭᠠᠯᠠᠭᠳᠠᠴᠠ ᠶᠢᠨ 38%᠎ ᠶᠢ ᠡᠵᠡᠯᠡᠵᠦ ᠪᠠᠶᠢᠨ᠎ᠠ᠃ ᠠᠷᠢᠭᠤᠨ ᠴᠡᠪᠡᠷ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠢᠯᠢ ᠶᠢᠨ ᠬᠤᠲᠠ ᠨᠢ ᠨᠡᠷᠡᠨ ᠤ ᠡᠨᠧᠷᠭᠢ ᠶᠢᠨ ᠲᠥᠷᠥᠯ ᠵᠦᠢᠯ ᠤᠨ ᠨᠢᠭᠡᠳᠦᠭᠡᠷ ᠲᠦᠷᠦᠯ ᠤᠨ ᠭᠠᠵᠠᠷ ᠣᠷᠣᠨ ᠪᠤᠯᠵᠤ᠂ ᠵᠢᠯ ᠤᠨ ᠴᠠᠬᠢᠯᠭᠠᠨ ᠭᠠᠷᠭᠠᠬᠤ ᠴᠠᠭ ᠤᠨ ᠲᠤᠭ᠎ᠠ 3000 ᠴᠠᠭ ᠣᠷᠴᠢᠮ ᠳᠤ ᠬᠦᠷᠴᠦ᠂ ᠲᠣᠮᠣ ᠬᠡᠯᠪᠡᠷᠢ ᠶᠢᠨ ᠭᠡᠷᠡᠯ ᠸᠣᠯᠲ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠲᠤᠬᠢᠷᠠᠵᠤ᠂ ᠨᠢᠭᠡᠨᠲᠡ 9 ᠲᠦᠮᠡᠨ ᠺᠢᠯᠣᠸᠠᠲ ᠤᠨ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠶᠢ ᠪᠠᠶᠢᠭᠤᠯᠵᠤ ᠳᠠᠭᠤᠰᠬᠠᠪᠠ᠃ ᠰᠠᠯᠬᠢᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠵᠢᠯ ᠤᠨ ᠰᠠᠯᠬᠢᠨ ᠤ ᠡᠨᠧᠷᠭᠢ ᠶᠢ ᠠᠰᠢᠭᠯᠠᠬᠤ ᠴᠠᠭ ᠤᠨ ᠲᠤᠭ᠎ᠠ 3000 ᠴᠠᠭ ᠣᠷᠴᠢᠮ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠲᠥᠯᠥᠪᠵᠢᠭᠦᠯᠦᠭᠰᠡᠨ ᠵᠠᠭᠤᠨ ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠪᠤᠯᠵᠤ᠂ ᠨᠢᠭᠡᠨᠲᠡ 70 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ ᠭᠠᠷᠭᠠᠵᠤ᠂ ᠪᠠᠶᠢᠭᠤᠯᠵᠤ ᠪᠠᠶᠢᠭ᠎ᠠ ᠣᠨᠴᠠ ᠥᠨᠳᠥᠷ ᠳᠠᠷᠤᠯᠲᠠᠲᠤ ᠢᠵᠢ ᠪᠦᠷᠢᠳᠦᠭᠦᠯᠬᠦ ᠰᠠᠯᠬᠢᠨ ᠬᠦᠴᠦᠨ ᠤ ᠴᠠᠬᠢᠯᠭᠠᠨ 130 ᠲᠦᠮᠡᠨ ᠺᠢᠯᠣᠸᠠᠲ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠶᠡᠷᠦᠩᠬᠡᠶ ᠮᠠᠰᠢᠨ ᠴᠣᠭᠴᠠᠯᠠᠪᠤᠷᠢ 200 ᠲᠦᠮᠡᠨ ᠺᠢᠯᠣᠸᠠᠲ ᠲᠤ ᠬᠦᠷᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号