ᠰᠣᠶᠣᠯ ᠢᠷᠭᠡᠨᠰᠢᠯ
ᠨᠡᠶᠢᠲᠡᠯᠡᠭᠰᠡᠨ ᠴᠠᠭ᠄
2020/6/18
    ᠰᠢᠯᠢ ᠶᠢᠨ ᠬᠤᠲᠠ ᠪᠤᠯ ᠢᠯᠡ ᠲᠣᠳᠣ ᠮᠣᠩᠭᠤᠯ ᠦᠨᠳᠦᠰᠦᠲᠡᠨ ᠤ ᠲᠡᠦᠬᠡ ᠰᠣᠶᠣᠯ ᠵᠢᠴᠢ ᠵᠠᠩ ᠦᠢᠯᠡ ᠶᠢ ᠬᠠᠮᠤᠭ ᠪᠦᠷᠢᠨ ᠪᠦᠲᠦᠨ ᠬᠠᠲᠠᠭᠠᠯᠠᠭᠰᠠᠨ ᠭᠠᠵᠠᠷ ᠣᠷᠣᠨ ᠤ ᠨᠢᠭᠡ ᠨᠢ ᠪᠣᠯᠤᠨ᠎ᠠ᠃ ᠠᠲᠡ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠥᠬᠦ ᠤᠯᠤᠰ ᠤᠨ ᠵᠢᠷᠭᠤᠳᠤᠭᠠᠷ ᠪᠦᠯᠦᠭ ᠤᠨ ᠭᠤᠤᠯᠲᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠤᠯᠬᠤ ᠪᠠᠶᠢᠰᠡ ᠶᠢᠨ ᠰᠦᠮ᠎ᠡ ᠪᠣᠶ︔ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ᠬᠥᠮᠦᠨ ᠪᠠ ᠠᠮᠢᠳᠤ ᠪᠣᠳᠠᠰ ᠤᠨ ᠴᠠᠭᠠᠷᠢᠭ ᠢ ᠬᠠᠮᠠᠭᠠᠯᠠᠬᠤ ᠰᠦᠯᠵᠢᠶᠡᠨ ᠤ ᠪᠦᠷᠢᠯᠳᠦᠬᠦᠨ ᠨᠢᠭᠡᠴᠢ ᠪᠠᠷ ᠲᠣᠭᠲᠠᠭᠠᠭᠰᠠᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠰᠢᠯᠢᠨ ᠭᠤᠤᠯ ᠤᠨ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ᠂ ᠪᠠᠶᠠᠨᠬᠦ᠋ᠷᠢᠶ᠎ᠡ ᠨᠠᠭᠤᠷ ᠤᠨ ᠤᠯᠤᠰ ᠤᠨ ᠲᠠᠰ ᠤᠨ ᠦᠯᠡᠳᠡᠭᠳᠡᠯ ᠴᠠᠬᠤᠯᠠᠶ ᠶᠢᠨ ᠬᠠᠮᠠᠭᠠᠯᠠᠯᠲᠠ ᠶᠢᠨ ᠣᠷᠣᠨ᠂  ᠬᠦᠢᠳᠡᠨᠰᠢᠯᠢ ᠶᠢᠨ ᠪᠠᠶᠢᠭᠠᠯᠢ ᠶᠢᠨ ᠤᠷᠭᠤᠮᠠᠯ ᠤᠨ ᠬᠦᠷᠢᠶᠡᠯᠡᠩ ᠪᠠ ᠤᠳᠤᠬᠠᠨ ᠶᠠᠭ ᠭᠤᠶᠤᠴᠢᠯᠠᠨ ᠮᠡᠳᠡᠭᠦᠯᠵᠦ ᠪᠠᠶᠢᠭ᠎ᠠ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠠᠢ᠃ 7 ᠬᠤᠭᠤᠴᠠᠭᠠᠨ ᠤ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ᠂ 16 ᠬᠤᠭᠤᠴᠠᠭᠠᠨ ᠤ ᠣᠯᠠᠨ ᠤᠯᠤᠰ ᠤᠨ ᠨᠡᠭᠦᠳᠡᠯ ᠮᠠᠯᠵᠢᠯ ᠤᠨ ᠰᠣᠶᠣᠯ ᠤᠨ ᠨᠠᠶᠢᠷ ᠵᠡᠷᠭᠡ ᠡᠯ᠎ᠡ ᠲᠥᠷᠥᠯ ᠤᠨ ᠲᠣᠮᠣ ᠬᠡᠯᠪᠡᠷᠢ ᠶᠢᠨ ᠤᠷᠤᠯᠳᠤᠭᠠᠨ ᠨᠠᠶᠢᠷ ᠢ ᠠᠮᠵᠢᠯᠲᠠ ᠲᠠᠢ ᠡᠷᠭᠢᠯᠡᠪᠡ᠃ ᠠᠲᠡ ᠪᠤᠯ ᠠᠯᠲᠠᠷᠲᠤ ᠲᠠᠭᠤᠴᠢᠨ ᠯᠾᠠᠵᠠᠪ ᠭᠤᠸᠠᠢ ᠶᠢᠨ ᠦᠰᠴᠦ ᠲᠦᠷᠦᠭᠰᠡᠨ ᠦᠯᠤᠬᠡᠢ ᠨᠤᠲᠤᠭ ᠪᠠᠶᠢᠵᠤ᠂ ᠰᠣᠶᠣᠯ ᠤᠨ ᠶᠠᠮᠤᠨ ᠪᠠ ᠰᠣᠶᠣᠯ ᠤᠨ ᠲᠢᠩᠬᠢᠮ ᠠᠴᠠ ᠰᠢᠯᠢ ᠶᠢᠨ ᠬᠤᠲᠠ ᠶᠢ ᠲᠤᠰ ᠲᠤᠰ ᠠᠷᠠᠳ ᠤᠨ ᠤᠷᠠᠯᠢᠭ ᠤᠨ ᠨᠤᠲᠤᠭ ᠪᠠ ᠠᠷᠠᠳ ᠤᠨ ᠰᠣᠶᠣᠯ ︽ᠴᠤᠭᠤᠷ ᠲᠠᠭᠤᠤ︾᠎ ᠶᠢᠨ ᠨᠤᠲᠤᠭ ᠢᠶᠠᠷ ᠦᠨᠡᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号