ᠪᠠᠶᠢᠭᠠᠯᠢ ᠶᠢᠨ ᠨᠦᠬᠦᠴᠡᠯ
ᠨᠡᠶᠢᠲᠡᠯᠡᠭᠰᠡᠨ ᠴᠠᠭ᠄
2020/6/18
ᠰᠢᠯᠢ ᠶᠢᠨ ᠬᠤᠲᠠ ᠤᠮᠠᠷᠠᠲᠤ ᠥᠷᠭᠡᠷᠢᠭ ᠤᠨ 43。02、— 44。52、᠂ ᠵᠡᠭᠦᠨ ᠤᠷᠲᠤᠷᠢᠭ ᠤᠨ 115。18、—117。06、 ᠳᠤ ᠪᠠᠶᠢᠷᠢᠯᠠᠵᠤ᠂ ᠥᠪᠥᠷ ᠮᠣᠩᠭᠤᠯ ᠤᠨ ᠥᠨᠳᠦᠷᠯᠢᠭ ᠤᠨ ᠳᠤᠮᠳᠠ ᠬᠡᠰᠡᠭ ᠲᠤ ᠣᠷᠣᠰᠢᠵᠤ᠂ ᠭᠠᠵᠠᠷ ᠤᠨ ᠪᠠᠶᠢᠴᠠ ᠨᠢ ᠡᠮᠦᠨᠡᠰᠢ ᠥᠨᠳᠥᠷ ᠤᠮᠠᠷᠠᠰᠢ ᠳᠣᠣᠷ᠎ᠠ ᠪᠠᠶᠢᠵᠤ᠂ ᠡᠮᠦᠨ᠎ᠡ ᠬᠡᠰᠡᠭ ᠨᠢ ᠪᠣᠭᠤᠨᠢ ᠳᠣᠪᠣᠷᠬᠠᠭ᠂ ᠬᠤᠶᠢᠲᠤ ᠬᠡᠰᠡᠭ ᠨᠢ ᠲᠡᠭᠰᠢ ᠨᠠᠮᠬᠠᠨ ᠳᠣᠯᠭᠢᠶᠠᠨ ᠬᠡᠯᠪᠡᠷᠢᠲᠦ ᠲᠠᠯ᠎ᠠ ᠭᠠᠵᠠᠷ ᠪᠣᠯᠤᠨ᠎ᠠ᠃ ᠳᠠᠯᠠᠶ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠳᠤᠮᠳᠠᠴᠢ ᠬᠡᠮᠵᠢᠶ᠎ᠡ ᠨᠢ 988.5 ᠮᠧᠲᠷ ᠪᠣᠯᠤᠨ᠎ᠠ᠃ ᠳᠤᠮᠳᠠ ᠥᠷᠭᠡᠷᠢᠭ ᠤᠨ ᠪᠠᠷᠠᠭᠤᠨ ᠰᠠᠯᠬᠢᠨ ᠤ ᠠᠭᠠᠷ ᠤᠨ ᠤᠷᠤᠰᠬᠠᠯ ᠤᠨ ᠪᠦᠰᠡᠨ ᠳᠤ ᠣᠷᠣᠰᠢᠵᠤ᠂ ᠳᠤᠮᠳᠠ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠲᠠᠵᠤ᠂ ᠲᠤᠨᠳᠠᠰᠤᠨ ᠤ ᠬᠡᠮᠵᠢᠶ᠎ᠡ ᠨᠢ 309 ᠮᠢᠯᠢᠮᠧᠲᠷ᠂ ᠬᠢᠷᠠᠭᠤ ᠦᠭᠡᠢ ᠬᠤᠭᠤᠴᠠᠭ᠎ᠠ 144 ᠡᠳᠦᠷ ᠪᠠᠶᠢᠳᠠᠭ᠂ ᠪᠦᠬᠦ ᠬᠤᠲᠠ ᠶᠢᠨ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ 2068 ᠲᠦᠮᠡᠨ ᠮᠦ᠂ ᠠᠮᠢᠲᠠᠨ ᠤᠷᠭᠤᠮᠠᠯ ᠤᠨ ᠡᠬᠢ ᠪᠠᠶᠠᠯᠢᠭ ᠣᠯᠠᠨ ᠶᠠᠩᠵᠤ ᠪᠠᠶᠢᠵᠤ᠂ ᠲᠠᠯ᠎ᠠ ᠨᠤᠲᠤᠭ ᠤᠨ ᠲᠥᠷᠥᠯ ᠵᠦᠢᠯ ᠤᠯᠠᠨ᠂ ᠨᠤᠭᠤ ᠭᠠᠵᠠᠷ᠂ ᠨᠡᠶᠢᠲᠡᠯᠢᠭ ᠨᠤᠲᠤᠭ ᠪᠡᠯᠴᠢᠭᠡᠷ ᠪᠣᠯᠤᠨ ᠡᠯᠡᠰᠦᠨ ᠳᠣᠪᠤ ᠡᠯᠡᠰᠦᠷᠬᠡᠭ ᠭᠠᠵᠠᠷ ᠵᠡᠷᠭᠡ ᠶᠢ ᠬᠠᠮᠤᠷᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠬᠥᠭᠵᠢᠯᠲᠡ ᠶᠢᠨ ᠥᠪᠡᠷᠮᠢᠴᠡ ᠨᠥᠬᠦᠴᠡᠯ ᠢ ᠪᠦᠷᠢᠯᠳᠦᠭᠦᠯᠵᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号