ᠮᠤᠩᠭᠤᠯᠴᠤᠳ ᠳᠡᠦᠭᠡᠨ ᠳᠡᠭᠡᠷ᠎ᠡ ᠬᠡᠳᠦᠨ ᠵᠦᠢᠯ ᠤᠨ ᠦᠰᠦᠭ ᠪᠢᠴᠢᠭ ᠬᠡᠷᠡᠭᠯᠡᠵᠦ ᠦᠩᠭᠡᠷᠡᠭᠰᠡᠨ ᠪᠤᠢ
ᠨᠡᠶᠢᠲᠡᠯᠡᠭᠰᠡᠨ ᠴᠠᠭ᠄
2020/6/19
   ᠬᠡᠯᠡ ᠪᠤᠯ ᠬᠦᠮᠦᠨ ᠲᠦᠷᠦᠯᠬᠢᠳᠡᠨ ᠤ ᠪᠤᠳᠤᠯ ᠰᠠᠨᠠᠯ ᠢᠶᠠᠨ ᠰᠤᠯᠢᠯᠴᠠᠬᠤ ᠬᠠᠮᠤᠭ ᠤᠨ ᠴᠢᠬᠤᠯᠠ ᠬᠠᠷᠢᠯᠴᠠᠭᠠᠨ ᠤ ᠪᠠᠭᠠᠵᠢ ᠪᠤᠯᠤᠨ᠎ᠠ᠃ ᠬᠡᠯᠡ ᠲᠠᠢ ᠪᠤᠯᠤᠭᠰᠠᠨ ᠳᠡᠷᠡ ᠴᠠᠭ ᠠᠴᠠ ᠬᠦᠮᠦᠨ ᠲᠦᠷᠦᠯᠬᠢᠳᠡᠨ ᠠᠳᠤᠭᠤᠰᠤ ᠠᠮᠢᠳᠠᠨ ᠠᠴᠠ ᠢᠯᠭᠠᠷᠠᠨ ᠤᠷᠳᠤ ᠤᠳᠠᠭᠠᠨ ᠳᠡᠦᠭᠡᠨ ᠶᠠᠪᠤᠴᠠ ᠳᠤ ᠳᠡᠭᠡᠳᠦ ᠬᠡᠮᠵᠢᠶ᠎ᠡ ᠪᠠᠷ ᠬᠦᠭᠵᠢᠭᠰᠡᠨ ᠤᠶᠤᠨ ᠮᠡᠳᠡᠷᠡᠯ ᠢ ᠪᠤᠢ ᠪᠤᠯᠭᠠᠵᠠᠢ᠃ ᠨᠡᠶᠢᠭᠡᠮ ᠳᠡᠦᠭᠡ ᠶᠢᠨ ᠬᠦᠭᠵᠢᠯᠳᠡ ᠶᠢᠨ ᠶᠠᠪᠤᠴᠠ ᠳᠤ ᠬᠡᠯᠡ ᠶᠢ ᠳᠡᠮᠳᠡᠭᠯᠡᠬᠦ ᠳᠡᠮᠳᠡᠭ — ᠦᠰᠦᠭ ᠪᠢᠴᠢᠭ ᠪᠤᠢ ᠪᠤᠯᠵᠠᠢ᠃ ᠬᠦᠮᠦᠨ ᠲᠦᠷᠦᠯᠬᠢᠳᠡᠨ ᠨᠢ ᠦᠰᠦᠭ ᠪᠢᠴᠢᠭ ᠲᠠᠢ ᠪᠤᠯᠤᠭᠰᠠᠨ ᠠᠴᠠ ᠬᠤᠶᠢᠰᠢᠬᠢ ᠬᠡᠳᠦᠨ ᠮᠢᠩᠭᠠᠨ ᠵᠢᠯ ᠤᠨ ᠳᠤᠳᠤᠷ᠎ᠠ ᠤᠯᠠᠨ ᠦᠰᠦᠭ ᠪᠢᠴᠢᠭ ᠢ ᠡᠬᠦᠳᠦᠨ ᠪᠦᠳᠦᠭᠡᠭᠰᠡᠨ ᠶᠤᠮ᠃ ᠵᠢᠷᠤᠭᠳᠤ ᠦᠰᠦᠭ ︵ᠳᠡᠯᠡᠭᠡᠢ ᠳᠡᠭᠡᠷ᠎ᠡ ᠬᠠᠮᠤᠭ ᠤᠨ ᠡᠷᠳᠡ ᠪᠤᠯᠤᠭᠰᠠᠨ ᠬᠢᠳᠡᠳ ᠦᠰᠦᠭ ᠪᠤᠯᠤᠨ ᠶᠧᠵᠢᠫᠲ ᠦᠰᠦᠭ ᠪᠤᠯ ᠵᠢᠷᠤᠭᠳᠤ ᠦᠰᠦᠭ ᠠᠴᠠ ᠪᠤᠢ ᠪᠤᠯᠵᠠᠢ ︶᠂ ᠤᠳᠬᠠᠳᠤ ᠦᠰᠦᠭ ︵ᠳᠤᠭᠳᠠᠭᠰᠠᠨ ᠨᠢᠭᠡ ᠵᠢᠷᠤᠭ ᠲᠦᠷᠰᠦ ᠪᠤᠶᠤ ᠳᠡᠮᠳᠡᠭ ᠢᠶᠠᠷ ᠳᠤᠭᠳᠠᠭᠰᠠᠨ ᠨᠢᠭᠡ ᠤᠳᠬ᠎ᠠ ᠶᠢ ᠢᠯᠡᠳᠭᠡᠳᠡᠭ᠂ ᠡᠷᠳᠡᠨ ᠤ ᠶᠧᠵᠢᠫᠲ ᠦᠰᠦᠭ᠂ ᠪᠠᠪᠢᠯᠤᠨ ᠤ ᠱᠠᠭᠠᠴᠠᠭᠳᠤ ᠦᠰᠦᠭ ᠪᠦᠷ ᠤᠳᠬᠠᠳᠤ ᠦᠰᠦᠭ ᠤᠨ ᠱᠠᠳᠤ ᠶᠢ ᠳᠠᠮᠵᠢᠪᠠ᠂ ᠬᠢᠳᠡᠳ ᠦᠰᠦᠭ ᠪᠤᠯ ᠤᠳᠬᠠᠳᠤ ᠦᠰᠦᠭ ᠶᠤᠮ ︶᠂ ᠠᠪᠢᠶᠠᠳᠤ ᠦᠰᠦᠭ ︵ᠳᠤᠭᠳᠠᠭᠰᠠᠨ ᠴᠦᠭᠡᠨ ᠳᠤᠭᠠᠨ ᠤ ᠦᠰᠦᠭ ᠤᠨ ᠳᠡᠮᠳᠡᠭ ᠢᠶᠠᠷ ᠬᠡᠯᠡᠨ ᠤ ᠠᠪᠢᠶᠠᠨ ᠤ ᠨᠢᠭᠡᠴᠢ ᠶᠢ ᠢᠯᠡᠳᠭᠡᠵᠦ᠂ ᠮᠠᠰᠢ ᠪᠠᠶᠠᠯᠢᠭ ᠪᠦᠭᠡᠳ ᠨᠠᠷᠢᠨ ᠪᠤᠳᠤᠯᠢᠶᠠᠨᠳᠠᠢ ᠬᠡᠯᠡ ᠶᠢ ᠳᠡᠮᠳᠡᠭᠯᠡᠳᠡᠭ᠂ ᠰᠤᠷᠬᠤ ᠳᠤ ᠬᠢᠯᠪᠠᠷ᠂ ᠡᠵᠡᠮᠰᠢᠬᠦ ᠳᠤ ᠠᠮᠠᠷᠬᠠᠨ᠂ ᠬᠠᠮᠤᠭ ᠤᠨ ᠰᠢᠨᠵᠢᠯᠡᠬᠦ ᠤᠬᠠᠭᠠᠨᠴᠢ ᠦᠰᠦᠭ ᠪᠢᠴᠢᠭ ᠪᠤᠯᠤᠨ᠎ᠠ ︶ ᠭᠡᠬᠦ ᠭᠤᠷᠪᠠᠨ ᠱᠠᠳᠤ ᠶᠢ ᠦᠩᠭᠡᠷᠡᠵᠡᠢ᠃    ᠤᠨ ᠳᠤᠭᠠᠯᠠᠯ ᠠᠴᠠ ᠡᠮᠦᠨᠡᠬᠢ ᠵᠢᠷᠭᠤᠭᠠᠨ ᠮᠢᠩᠭᠠᠨ ᠵᠢᠯ ᠤᠨ ᠡᠮᠦᠨ᠎ᠡ ᠠᠹᠷᠢᠺᠠ ᠲᠢᠪ ᠤᠨ ᠶᠧᠵᠢᠫᠲ ᠤᠯᠤᠰ ᠲᠤ ᠪᠤᠭᠳᠠᠰ ᠤᠨ ᠰᠡᠶᠢᠯᠪᠤᠷᠢ ᠦᠰᠦᠭ ᠬᠡᠮᠡᠨ ᠬᠦᠨᠳᠦᠳᠭᠡᠨ ᠨᠡᠷᠡᠯᠡᠭᠳᠡᠵᠦ ᠪᠠᠶᠢᠭᠰᠠᠨ ᠮᠢᠰᠢᠷ ᠦᠰᠦᠭ ᠪᠤᠢ ᠪᠤᠯᠪᠠ᠃ ᠤᠨ ᠳᠤᠭᠠᠯᠠᠯ ᠠᠴᠠ ᠡᠮᠦᠨᠡᠬᠢ ᠲᠦᠷᠪᠡᠨ ᠮᠢᠩᠭᠠᠨ ᠵᠢᠯ ᠤᠨ ᠡᠮᠦᠨ᠎ᠡ ᠮᠢᠰᠢᠷ ᠦᠰᠦᠭ ᠠᠴᠠ ᠰᠧᠮᠢᠲ ᠦᠰᠦᠭ ᠪᠤᠢ ᠪᠤᠯᠵᠦ᠂ ᠤᠨ ᠳᠤᠭᠠᠯᠠᠯ ᠠᠴᠠ ᠡᠮᠦᠨᠡᠬᠢ ᠬᠤᠶᠠᠷ ᠮᠢᠩᠭᠠᠨ ᠵᠢᠯ ᠤᠨ ᠡᠮᠦᠨ᠎ᠡ ᠰᠧᠮᠢᠲ ᠦᠰᠦᠭ ᠤᠨ ᠰᠠᠭᠤᠷᠢᠨ ᠳᠡᠭᠡᠷ᠎ᠡ ᠹᠢᠨᠢᠬᠢ ᠴᠠᠭᠠᠨ ᠳᠤᠯᠤᠭᠠᠢ ᠡᠬᠦᠰᠴᠠᠢ᠃ ᠹᠢᠨᠢᠬᠢ ᠴᠠᠭᠠᠨ ᠳᠤᠯᠤᠭᠠᠢ ᠨᠢ ᠳᠡᠯᠡᠭᠡᠢ ᠳ᠋ᠠᠬᠢᠨ ᠤ ᠬᠠᠮᠤᠭ ᠤᠨ ᠠᠩᠬᠠᠨ ᠤ ᠴᠠᠭᠠᠨ ᠳᠤᠯᠤᠭᠠᠢ ᠭᠡᠵᠡᠭᠡᠳᠡᠭ ᠪᠦᠭᠡᠳ ᠤᠳᠤ ᠶᠢᠨ ᠳᠡᠯᠡᠭᠡᠢ ᠳᠡᠭᠡᠷ᠎ᠡ ᠦᠷᠭᠡᠨ ᠬᠡᠷᠡᠭᠯᠡᠭᠳᠡᠵᠦ ᠪᠠᠶᠢᠭ᠎ᠠ ᠴᠠᠭᠠᠨ ᠳᠤᠯᠤᠭᠠᠢ ᠨᠤᠭᠤᠳ ᠪᠤᠯ ᠪᠠᠷᠤᠭ ᠴᠦᠮ ᠹᠢᠨᠢᠬᠢ ᠴᠠᠭᠠᠨ ᠳᠤᠯᠤᠭᠠᠢ ᠠᠴᠠ ᠤᠯᠠᠷᠢᠨ ᠪᠦᠷᠢᠯᠳᠤᠵᠠᠢ᠃ ᠹᠢᠨᠢᠬᠢ ᠴᠠᠭᠠᠨ ᠳᠤᠯᠤᠭᠠᠢ ᠨᠢ ᠡᠮᠦᠨᠡᠳᠦ ᠰᠧᠮᠢᠲ ᠦᠰᠦᠭ᠂ ᠠᠷᠠᠮ ᠦᠰᠦᠭ᠂ ᠭᠷᠸᠢᠭ ᠦᠰᠦᠭ ᠬᠡᠮᠡᠬᠦ ᠭᠤᠷᠪᠠᠨ ᠰᠠᠯᠠᠭ᠎ᠠ ᠪᠤᠯᠵᠦ ᠬᠦᠭᠵᠢᠪᠡ᠃     ᠡᠮᠦᠨᠡᠳᠦ ᠰᠧᠮᠢᠲ ᠦᠰᠦᠭ ᠠᠴᠠ ᠡᠨᠡᠳᠭᠡᠭ ᠦᠰᠦᠭ᠂ ᠳᠦᠪᠡᠳ ᠦᠰᠦᠭ ᠡᠬᠦᠰᠴᠦ᠂ ᠲᠦᠪᠡᠳ ᠦᠰᠦᠭ ᠠᠴᠠ ᠲᠦᠷᠪᠡᠯᠵᠢᠨ ᠦᠰᠦᠭ ᠡᠬᠦᠰᠪᠡ᠃ ᠳᠤᠮᠳᠠᠳᠤ ᠰᠠᠯᠠᠭ᠎ᠠ ᠪᠤᠯᠬᠤ ᠠᠷᠠᠮ ᠦᠰᠦᠭ ᠠᠴᠠ ᠰᠢᠷᠢ ᠦᠰᠦᠭ᠂ ᠨᠧᠰᠲ᠋ᠤᠷ ᠦᠰᠦᠭ ᠪᠤᠢ ᠪᠤᠯᠵᠦ᠂ ᠵᠢᠷᠭᠤᠭ᠎ᠠ ᠳᠤᠯᠤᠳᠤᠭᠠᠷ ᠵᠠᠭᠤᠨ ᠤ ᠦᠶ᠎ᠡ ᠳᠤ ᠰᠤᠭᠳᠠ ᠦᠰᠦᠭ ᠡᠬᠦᠰᠴᠦ᠂ ᠰᠤᠭᠳᠠ ᠦᠰᠦᠭ ᠠᠴᠠ ᠡᠷᠳᠡᠨ ᠤ ᠤᠶᠢᠭᠤᠷ ᠦᠰᠦᠭ ᠡᠬᠦᠰᠦᠨ᠂ ᠤᠶᠢᠭᠤᠷ ᠦᠰᠦᠭ ᠤᠨ ᠰᠠᠭᠤᠷᠢᠨ ᠳᠡᠭᠡᠷ᠎ᠡ ᠤᠶᠢᠭᠤᠷᠵᠢᠨ ᠮᠤᠩᠭᠤᠯ ᠦᠰᠦᠭ ᠡᠬᠦᠰᠴᠦ᠂ ᠤᠶᠢᠭᠤᠷᠵᠢᠨ ᠮᠤᠩᠭᠤᠯ ᠦᠰᠦᠭ ᠠᠴᠠ ᠳᠤᠳᠤ ᠦᠰᠦᠭ᠂ ᠮᠠᠨᠵᠦ ᠦᠰᠦᠭ ᠡᠬᠦᠰᠪᠡ᠃ ᠤᠮᠠᠷᠠᠳᠤ ᠰᠠᠯᠠᠭ᠎ᠠ ᠪᠤᠯᠬᠤ ᠭᠷᠸᠢᠭ ᠦᠰᠦᠭ ᠠᠴᠠ ᠯᠠᠲ᠋ᠢᠨ ᠦᠰᠦᠭ ᠤᠨ ᠴᠠᠭᠠᠨ ᠳᠤᠯᠤᠭᠠᠢ ᠡᠬᠦᠰᠴᠦ ᠪᠠᠷᠠᠭᠤᠨ ᠡᠸᠦ᠋ᠷᠦᠫᠠ᠂ ᠠᠮᠧᠷᠢᠺᠠ ᠲᠢᠪ᠂ ᠠᠹᠷᠢᠺᠠ ᠲᠢᠪ ᠤᠨ ᠤᠯᠠᠩᠬᠢ ᠦᠨᠳᠦᠰᠦᠳᠡᠨ ᠤ ᠦᠰᠦᠭ ᠪᠢᠴᠢᠭ ᠪᠤᠯᠪᠠ᠃ ᠶᠢᠰᠦᠳᠦᠭᠡᠷ ᠵᠠᠭᠤᠨ ᠳᠤ ᠭᠷᠸᠢᠭ ᠦᠰᠦᠭ ᠠᠴᠠ ᠰᠠᠯᠧ ᠦᠰᠦᠭ ᠤᠨ ᠴᠠᠭᠠᠨ ᠳᠤᠯᠤᠭᠠᠢ ᠡᠬᠦᠰᠴᠦ᠂ ᠡᠬᠦᠨ ᠠᠴᠠ ᠰᠢᠨ᠎ᠡ ᠮᠤᠩᠭᠤᠯ ᠦᠰᠦᠭ ᠪᠤᠢ ᠪᠤᠯᠪᠠ᠃ ᠮᠤᠩᠭᠤᠯᠴᠤᠳ ᠦᠰᠦᠭ ᠪᠢᠴᠢᠭ ᠲᠠᠢ ᠪᠤᠯᠤᠭᠰᠠᠨ ᠠᠴᠠ ᠨᠠᠭᠠᠰᠢ ᠮᠢᠩᠭᠠᠭᠠᠳ ᠵᠢᠯ ᠤᠨ ᠳᠤᠷᠰᠢᠳᠡ᠂ ᠤᠨᠴᠠᠭᠠᠶᠢᠯᠠᠨ ᠠᠷᠪᠠᠨ ᠭᠤᠷᠪᠠᠳᠤᠭᠠᠷ ᠵᠠᠭᠤᠨ ᠤ ᠡᠬᠢᠨ ᠳᠤ ᠮᠤᠩᠭᠤᠯ ᠬᠠᠭᠠᠨᠳᠤ ᠤᠯᠤᠰ ᠤᠨ ᠬᠡᠷᠡᠭᠴᠡᠭᠡᠨ ᠳᠤ ᠤᠶᠢᠭᠤᠷᠵᠢᠨ ᠮᠤᠩᠭᠤᠯ ᠦᠰᠦᠭ ᠢ ᠳᠦᠭᠡᠮᠡᠯᠵᠢᠬᠦᠯᠦᠨ ᠬᠡᠷᠡᠭᠯᠡᠭᠰᠡᠨ ᠠᠴᠠ ᠨᠠᠰᠢ ᠠᠳᠠᠯᠢ ᠪᠤᠰᠤ ᠴᠠᠭ ᠦᠶ᠎ᠡ ᠳᠤ ᠠᠳᠠᠯᠢ ᠪᠤᠰᠤ ᠬᠡᠷᠡᠭᠴᠡᠭᠡᠨ ᠳᠡᠭᠡᠨ ᠳᠤᠬᠢᠷᠠᠭᠤᠯᠤᠨ ᠦᠪᠡᠷ ᠤᠨ ᠦᠰᠦᠭ ᠪᠢᠴᠢᠭ ᠢᠶᠠᠨ ᠤᠯᠠᠨ ᠤᠳᠠᠭ᠎ᠠ ᠬᠠᠯᠠᠨ ᠰᠠᠶᠢᠵᠢᠷᠠᠭᠤᠯᠬᠤ ᠪᠠ ᠰᠤᠯᠢᠵᠦ ᠦᠭᠡᠷᠡᠴᠢᠯᠡᠬᠦ ᠤᠷᠤᠯᠳᠤᠯᠭ᠎ᠠ ᠬᠢᠭᠰᠡᠭᠡᠷ ᠢᠷᠡᠭᠰᠡᠨ ᠶᠤᠮ᠃ ᠡᠨᠡ ᠬᠦ ᠪᠦᠬᠦᠢ ᠯᠡ ᠦᠰᠦᠭ ᠪᠢᠴᠢᠭ ᠤᠨ ᠳᠡᠦᠭᠡ ᠶᠢ ᠰᠦᠪᠡᠭᠴᠢᠯᠡᠨ ᠰᠢᠨᠵᠢᠯᠡᠪᠡᠯ ᠭᠤᠤᠯᠳᠠᠭᠤ ᠬᠤᠶᠠᠷ ᠵᠦᠢᠯ ᠤᠨ ᠱᠤᠭᠤᠮ ᠢᠶᠠᠷ ᠶᠠᠪᠤᠭᠳᠠᠵᠠᠢ᠃ ᠨᠢᠭᠡ ᠨᠢ ᠤᠶᠢᠭᠤᠷᠵᠢᠨ ᠮᠤᠩᠭᠤᠯ ᠦᠰᠦᠭ ᠢ ᠬᠠᠯᠠᠨ ᠰᠠᠶᠢᠵᠢᠷᠠᠭᠤᠯᠬᠤ ᠤᠷᠤᠯᠳᠤᠯᠭ᠎ᠠ ︵ᠠᠯᠢ ᠭᠠᠯᠢ ᠦᠰᠦᠭ᠂ ᠳᠤᠳᠤ ᠦᠰᠦᠭ᠂ ᠸᠠᠬᠢᠨᠳᠠᠷ᠎ᠠ ᠦᠰᠦᠭ ︶᠂ ᠨᠦᠬᠦᠭᠡ ᠨᠢ ᠡᠨᠡᠳᠭᠡᠭ ᠳᠦᠪᠡᠳ ᠦᠰᠦᠭ ᠪᠤᠶᠤ ᠪᠤᠰᠤᠳ ᠬᠠᠷᠢ ᠦᠨᠳᠦᠰᠦᠳᠡᠨ ᠤ ᠦᠰᠦᠭ ᠪᠢᠴᠢᠭ ᠢ ᠦᠨᠳᠦᠰᠦᠯᠡᠨ ᠰᠢᠨ᠎ᠡ ᠦᠰᠦᠭ ᠵᠤᠬᠢᠶᠠᠵᠦ ᠤᠶᠢᠭᠤᠷᠵᠢᠨ ᠮᠤᠩᠭᠤᠯ ᠦᠰᠦᠭ ᠢ ᠤᠷᠤᠯᠠᠭᠤᠯᠵᠦ ᠦᠭᠡᠷᠡᠴᠢᠯᠡᠬᠦ ᠤᠷᠤᠯᠳᠤᠯᠭ᠎ᠠ ︵ᠲᠦᠷᠪᠡᠯᠵᠢᠨ ᠦᠰᠦᠭ᠂ ᠰᠤᠶᠤᠩᠪᠤ ᠦᠰᠦᠭ᠂ ᠺᠢᠷᠢᠯ ᠦᠰᠦᠭ ︶ ᠪᠤᠯᠤᠨ᠎ᠠ᠃ 【 ᠤᠶᠢᠭᠤᠷᠵᠢᠨ ᠮᠤᠩᠭᠤᠯ ᠪᠢᠴᠢᠭ 】 ᠤᠶᠢᠭᠤᠷᠵᠢᠨ ᠮᠤᠩᠭᠤᠯ ᠦᠰᠦᠭ ᠪᠤᠯ ᠮᠤᠩᠭᠤᠯᠴᠤᠳ ᠤᠨ ᠬᠠᠮᠤᠭ ᠤᠨ ᠠᠩᠬᠠᠨ ᠤ ᠦᠰᠦᠭ ᠪᠢᠴᠢᠭ ᠪᠤᠯᠬᠤ ᠪᠦᠭᠡᠳ ᠮᠤᠩᠭᠤᠯᠴᠤᠳ ᠤᠨ ᠳᠤᠮᠳᠠ ᠬᠠᠮᠤᠭ ᠤᠨ ᠤᠷᠳᠤ ᠤᠳᠠᠭᠠᠨ ᠬᠤᠭᠤᠴᠠᠭ᠎ᠠ ᠬᠡᠷᠡᠭᠯᠡᠭᠳᠡᠭᠰᠡᠨ ᠦᠰᠦᠭ ᠪᠢᠴᠢᠭ ᠪᠤᠯᠤᠨ᠎ᠠ᠃ ᠡᠨᠡ ᠬᠦ ᠦᠰᠦᠭ ᠪᠢᠴᠢᠭ ᠢ ᠮᠤᠩᠭᠤᠯᠴᠤᠳ ᠡᠷᠳᠡᠨ ᠤ ᠤᠶᠢᠭᠤᠷ ᠦᠰᠦᠭ ᠠᠴᠠ ᠵᠢᠭᠡᠯᠡᠨ ᠠᠪᠴᠦ ᠬᠡᠷᠡᠭᠯᠡᠭᠰᠡᠨ ᠪᠤᠯᠬᠤᠷ ᠪᠦᠷ ︽ᠤᠶᠢᠭᠤᠷᠵᠢᠨ ᠮᠤᠩᠭᠤᠯ ᠦᠰᠦᠭ ︾ ᠬᠡᠵᠡᠭᠡᠳᠡᠭ᠃ ᠮᠤᠩᠭᠤᠯᠴᠤᠳ ᠤᠶᠢᠭᠤᠷ ᠦᠰᠦᠭ ᠢ ᠬᠡᠷᠡᠭᠯᠡᠬᠦ ᠠᠴᠠ ᠡᠮᠦᠨ᠎ᠡ ᠤᠶᠢᠭᠤᠷᠴᠤᠳ ᠨᠢᠭᠡᠨᠳᠡ ᠬᠡᠷᠡᠭᠯᠡᠵᠦ ᠪᠤᠯᠪᠠᠰᠤᠷᠠᠭᠤᠯᠤᠨ ᠦᠰᠦᠭ ᠤᠨ ᠪᠢᠴᠢᠯᠭᠡ ᠵᠢᠷᠤᠯᠭ᠎ᠠ᠂ ᠵᠦᠪ ᠪᠢᠴᠢᠬᠦ ᠲᠦᠷᠢᠮ ᠵᠡᠷᠭᠡ ᠳᠠᠯ᠎ᠠ ᠪᠠᠷ ᠨᠡᠯᠢᠶᠡᠳ ᠳᠡᠬᠦᠯᠳᠡᠷᠵᠢᠨ ᠳᠤᠭᠳᠠᠪᠤᠷᠢᠳᠠᠢ ᠪᠤᠯᠤᠭᠰᠠᠨ ᠪᠠᠶᠢᠪᠠ᠃ ᠮᠤᠩᠭᠤᠯᠴᠤᠳ ᠤᠶᠢᠭᠤᠷ ᠦᠰᠦᠭ ᠢ ᠵᠢᠭᠡᠯᠡᠨ ᠠᠪᠴᠦ ᠦᠪᠡᠷ ᠤᠨ ᠬᠡᠯᠡ ᠪᠠᠨ ᠳᠡᠮᠳᠡᠭᠯᠡᠬᠦ ᠳᠡᠭᠡᠨ ᠦᠰᠦᠭ ᠤᠨ ᠳᠡᠮᠳᠡᠭ ᠵᠢᠷᠤᠯᠭ᠎ᠠ᠂ ᠪᠢᠴᠢᠯᠭᠡ ᠶᠢᠨ ᠲᠢᠭ ᠮᠠᠶ᠋ᠢᠭ᠂ ᠵᠦᠪ ᠪᠢᠴᠢᠬᠦ ᠲᠦᠷᠢᠮ ᠵᠡᠷᠭᠡ ᠶᠢ ᠳᠡᠳᠦᠢ ᠶᠡᠭᠡ ᠬᠦᠳᠡᠯᠭᠡᠯ ᠦᠭᠡᠢ ᠬᠡᠷᠡᠭᠯᠡᠭᠰᠡᠨ ᠪᠠᠶᠢᠵᠠᠢ᠃ ᠠᠷᠪᠠᠨ ᠭᠤᠷᠪᠠᠳᠤᠭᠠᠷ ᠵᠠᠭᠤᠨ ᠤ ᠡᠬᠢᠨ ᠳᠤ ᠤᠶᠢᠭᠤᠷᠵᠢᠨ ᠮᠤᠩᠭᠤᠯ ᠦᠰᠦᠭ ᠨᠢ ᠲᠦᠷᠦ ᠶᠢᠨ ᠬᠡᠷᠡᠭᠴᠡᠭᠡᠨ ᠳᠤ ᠬᠡᠷᠡᠭᠯᠡᠭᠳᠡᠭᠰᠡᠨ ᠤ ᠳᠠᠷᠠᠭ᠎ᠠ ᠮᠤᠩᠭᠤᠯ ᠬᠡᠯᠡ ᠪᠢᠴᠢᠭ ᠤᠨ ᠡᠷᠳᠡᠮᠳᠡᠨ ᠬᠦᠩᠭᠠᠵᠠᠯᠰᠠᠨ᠂ ᠴᠦᠢᠵᠢᠠᠤᠳᠰᠠᠷ᠂ ᠬᠦᠩᠭᠠᠠᠤᠳᠰᠠᠷ ᠵᠡᠷᠭᠡ ᠬᠦᠮᠦᠰ ︽ᠵᠢᠷᠦᠭᠡᠨ ᠤ ᠳᠤᠯᠳᠤ ︾ ᠮᠡᠳᠦ ᠶᠢᠨ ᠬᠡᠯᠡᠨ ᠤ ᠵᠦᠢ ᠶᠢᠨ ᠪᠦᠳᠦᠭᠡᠯ ᠢ ᠳᠤᠭᠤᠷᠪᠢᠨ ᠪᠢᠴᠢᠵᠦ᠂ ᠤᠶᠢᠭᠤᠷᠵᠢᠨ ᠮᠤᠩᠭᠤᠯ ᠦᠰᠦᠭ ᠤᠨ ᠳᠤᠬᠠᠢ ᠰᠤᠳᠤᠯᠭ᠎ᠠ ᠰᠢᠨᠵᠢᠯᠡᠭᠡ ᠬᠢᠵᠦ᠂ ᠮᠤᠩᠭᠤᠯ ᠦᠰᠦᠭ ᠤᠨ ᠳᠦᠷᠢᠮ ᠤᠨ ᠳᠤᠭᠳᠠᠪᠤᠷᠢᠵᠢᠨ ᠲᠦᠷᠢᠮᠵᠢᠬᠦ ᠳᠤ ᠳᠡᠦᠭᠡᠳᠦ ᠭᠠᠪᠢᠶ᠎ᠠ ᠵᠢᠳᠬᠦᠯ ᠢ ᠦᠵᠡᠬᠦᠯᠵᠡᠢ᠃ ᠤᠶᠢᠭᠤᠷᠵᠢᠨ ᠮᠤᠩᠭᠤᠯ ᠪᠢᠴᠢᠭ ᠤᠨ ᠳᠤᠷᠠᠰᠬᠠᠯ ᠳᠤ ᠬᠦᠰᠢᠶ᠎ᠡ ᠴᠢᠯᠠᠭᠤᠨ ᠤ ᠪᠢᠴᠢᠭ᠂ ᠬᠠᠷᠢᠯᠴᠠᠭᠠᠨ ᠤ ᠪᠢᠴᠢᠭ᠂ ᠵᠠᠷᠯᠢᠭ ᠠᠶᠢᠯᠠᠳᠬᠠᠯ ᠤᠨ ᠪᠢᠴᠢᠭ᠂ ᠪᠢᠴᠢᠮᠡᠯ ᠪᠢᠴᠢᠭ ᠪᠠ ᠤᠶᠢᠰᠤᠨ ᠳᠡᠭᠡᠷᠡᠬᠢ ᠪᠢᠴᠢᠭ᠂ ᠳᠠᠮᠠᠭ᠎ᠠ ᠪᠠ ᠫᠠᠶᠢᠰᠠ ᠶᠢᠨ ᠪᠢᠴᠢᠭ᠂ ᠮᠤᠳᠤᠨ ᠪᠠᠷ ᠤᠨ ᠪᠢᠴᠢᠭ᠂ ᠬᠠᠨ᠎ᠠ ᠶᠢᠨ ᠪᠢᠴᠢᠭ ᠠᠴᠠ ᠭᠠᠳᠠᠨ᠎ᠠ ᠪᠠᠰᠠ ᠤᠯᠠᠨ ᠳᠤᠷᠠᠰᠬᠠᠯᠳᠤ ᠮᠠᠲ᠋ᠧᠷᠢᠶᠠᠯ ᠤᠳ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号