ᠵᠠᠩ ᠡᠤ ᠴᠧᠩ    ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ
ᠨᠡᠶᠢᠲᠡᠯᠡᠭᠰᠡᠨ ᠴᠠᠭ᠄
2020/6/19
ᠵᠠᠩ ᠡᠤ ᠴᠧᠩ  
ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ    ᠠᠵᠢᠯ ᠤᠨ ᠬᠤᠪᠢᠶᠠᠷᠢᠯᠠᠯ    ᠲᠡᠷᠢᠭᠦᠯᠡᠭᠴᠢ ᠵᠤᠤ ᠭᠦᠸᠧ ᠵᠦ ᠶᠢᠨ ᠠᠵᠢᠯ ᠢ ᠬᠠᠪᠰᠤᠷᠴᠤ᠂ ᠠᠵᠤ ᠠᠬᠤᠢ ᠶᠢᠨ ᠵᠥᠪᠯᠡᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠲᠡᠦᠬᠡ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠠᠶᠤᠯᠭᠦᠢ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠂ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠣᠳᠣ ᠦᠶ᠎ᠡ ᠶᠢᠨ ᠪᠤᠲᠠᠰ ᠤᠨ ᠬᠦᠢᠯᠭᠡᠭᠡᠨ ᠤ ᠬᠦᠷᠢᠶᠡᠯᠡᠩ ᠲᠣᠭᠤᠷᠢᠭ᠂ ᠳᠠᠩᠰᠠ ᠡᠪᠬᠡᠮᠡᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ᠂ ᠮᠡᠳᠡᠭᠡ ᠬᠤᠯᠪᠣᠭᠠᠨ ᠤ ᠡᠯ᠎ᠡ ᠠᠵᠤ ᠠᠬᠤᠶᠢᠯᠠᠯ᠂ ᠨᠠᠪᠴᠢᠨ ᠲᠠᠮᠠᠬᠢᠨ ᠤ ᠺᠤᠮᠫᠠᠨᠢ᠂ ᠴᠢᠯᠠᠭᠤᠨ ᠲᠤᠰᠤᠨ ᠤ ᠺᠤᠮᠫᠠᠨᠢ᠂ ᠰᠢᠲᠠᠮᠠᠬᠠᠶ ᠬᠡᠢ᠂ ᠢᠯᠴᠢ ᠬᠠᠩᠭᠠᠬᠤ ᠡᠯ᠎ᠡ ᠠᠵᠤ ᠠᠬᠤᠶᠢᠯᠠᠯ ᠲᠠᠢ ᠬᠠᠷᠢᠯᠴᠠᠨ᠎ᠠ᠃    ᠲᠣᠪᠴᠢ ᠨᠠᠮᠲᠠᠷ    ᠵᠠᠩ ᠡᠤ ᠴᠧᠩ᠂ ᠡᠷᠡᠭᠲᠡᠶ᠂ ᠬᠢᠲᠠᠳ ᠦᠨᠳᠦᠰᠦᠲᠡᠨ᠂ 1964 ᠤᠨ ᠤ 11 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠰᠢᠯᠤᠭᠤᠨ ᠬᠥᠬᠡ ᠬᠤᠰᠢᠭᠤᠨ ᠤ ᠬᠥᠮᠦᠨ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ 1986 ᠣᠨ ᠤ 8 ᠰᠠᠷ᠎ᠠ ᠳᠤ ᠠᠵᠢᠯ ᠳᠤ ᠣᠷᠣᠵᠠᠶ᠃ ᠤᠳᠤ ᠰᠢᠯᠢ ᠶᠢᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃    1983.09 — 1986.07 ᠰᠢᠯᠢ ᠶᠢᠨ ᠭᠤᠣᠯ ᠠᠶᠢᠮᠠᠭ ᠤᠨ ᠡᠷᠡᠭᠦᠯ ᠬᠠᠮᠠᠭᠠᠯᠠᠯ ᠤᠨ ᠰᠤᠷᠭᠠᠭᠤᠯᠢ ᠶᠢᠨ ᠡᠬᠡ ᠨᠢᠯᠬᠠᠰ ᠤᠨ ᠡᠮᠴᠢ ᠶᠢᠨ ᠲᠤᠰᠬᠠᠢ ᠮᠡᠷᠭᠡᠵᠢᠯ ᠢ ᠰᠤᠷᠤᠯᠴᠠᠪᠠ    1986.08 — 1989.01 ᠰᠢᠯᠢ ᠶᠢᠨ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠠᠵᠢᠯᠲᠠᠨ    1989.01 — 1991.06 ᠰᠢᠯᠢ ᠶᠢᠨ ᠬᠤᠳᠠ ᠶᠢᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠦᠷᠳᠡᠭᠡ ᠶᠢᠨ ᠳᠡᠳ᠋ ᠦᠷᠲᠡᠭᠡᠨ ᠳᠠᠷᠤᠭ᠎ᠠ    1991.06 — 1993.09 ᠰᠢᠯᠢ ᠶᠢᠨ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ    1993.10 — 1998.04 ᠰᠢᠯᠢ ᠶᠢᠨ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ    1998.04 — 2014.02 ᠰᠢᠯᠢ ᠶᠢᠨ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠶᠢᠭᠡᠮᠯᠢᠭ ᠤᠨ ᠳᠠᠷᠤᠭ᠎ᠠ ︵ᠡᠨᠡ ᠬᠤᠭᠤᠴᠠᠭᠠᠨ ᠳᠤ᠄ 2002.07 — 2005.06 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠵᠠᠬᠢᠳᠠᠯ ᠢᠶᠠᠷ ᠰᠤᠷᠭᠠᠬᠤ ᠲᠡᠭᠡᠲᠦ ᠵᠡᠷᠭᠡ ᠶᠢᠨ ᠲᠤᠰᠬᠠᠶ ᠮᠡᠷᠭᠡᠵᠢᠯ ᠤᠨ ᠠᠩᠭᠢ ᠳᠤ  ᠰᠤᠷᠤᠯᠴᠠᠪᠠ︶    2014.02 — 2014.09 ᠰᠢᠯᠢ ᠶᠢᠨ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠶᠢᠭᠡᠮᠯᠢᠭ ᠤᠨ ᠳᠠᠷᠤᠭ᠎ᠠ    2014.09 — ᠤᠳᠤ ᠪᠣᠯᠲᠠᠯ᠎ᠠ ᠰᠢᠯᠢ ᠶᠢᠨ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号