ᠬᠥᠲᠥᠯᠥᠭᠴᠢ᠄ | ᠲᠠ ᠤᠷᠢᠳᠠᠪᠠᠷ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ | ᠲᠠᠨᠢᠯᠴᠠᠭᠤᠯᠤᠭᠠᠳ ᠥᠭᠭᠦᠨ᠎ᠡ ᠤᠤ︖ | ᠰᠤᠷᠪᠤᠯᠵᠢᠯᠠᠭᠳᠠᠭᠴᠢ᠄ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ︵︽ | ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ︾ ᠭᠡᠵᠦ ᠲᠣᠪᠴᠢᠯᠠᠨ᠎ᠠ︶ ᠪᠣᠯ ᠵᠠᠰᠠᠭ ᠤᠨ | ᠣᠷᠳᠣᠨ ᠠᠴᠠ ᠬᠤᠲᠠ ᠬᠥᠳᠡᠭᠡ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠣᠰᠣᠭᠠᠷ ᠵᠥᠷᠢᠶᠡᠲᠦ ᠲᠤᠭ᠎ᠠ ᠪᠠᠷ ᠠᠪᠤᠷᠠᠨ ᠲᠤᠰᠠᠯᠠᠬᠤ ᠨᠢᠭᠡ ᠵᠦᠢᠯ ᠤᠨ ᠰᠢᠨ᠎ᠡ ᠮᠠᠶ᠋ᠢᠭ ᠤᠨ | ᠨᠡᠶᠢᠭᠡᠮ ᠤᠨ ᠲᠡᠳᠬᠦᠮᠵᠢ ᠶᠢᠨ ᠳᠦᠷᠢᠮ ᠪᠣᠯᠤᠨ᠎ᠠ᠃ ᠳᠥᠭᠦᠮᠬᠡᠨ ᠰᠢᠭ ᠶᠠᠷᠢᠪᠠᠯ ᠲᠡᠷᠡ ᠨᠢ ᠠᠰᠠᠷᠠᠮᠵᠢ ᠶᠢᠨ ᠳᠦᠷᠢᠮ ᠪᠢᠰᠢ᠂ | ᠬᠥᠮᠦᠨ ᠪᠦᠬᠦᠨ ᠪᠦᠷ ᠡᠳ᠋ᠯᠡᠵᠦ ᠪᠣᠯᠬᠤ ᠪᠢᠰᠢ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠭᠤᠶᠤᠴᠢᠯᠠᠯ ᠳᠤ ᠴᠢᠩᠭ᠎ᠠ ᠳᠦᠷᠢᠮ ᠲᠣᠭᠲᠠᠭᠠᠯ ᠲᠠᠢ ᠪᠠᠶᠢᠵᠤ᠂ ᠭᠠᠭᠴᠠ ᠬᠦ ᠬᠠᠤᠯᠢ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠭᠰᠡᠨ ᠪᠠᠶᠢᠲᠠᠯ ᠳᠣᠣᠷ᠎ᠠ᠂ ᠬᠤᠪᠢ ᠬᠥᠮᠦᠨ ᠤ ᠪᠡᠶ᠎ᠡ ᠮᠠᠬᠠᠪᠣᠳ ᠤᠨ ᠰᠢᠯᠲᠠᠭᠠᠨ᠂ ᠪᠠᠶᠢᠭᠠᠯᠢ ᠶᠢᠨ | ᠭᠠᠮᠰᠢᠭ ᠤᠨ ᠰᠢᠯᠲᠠᠭᠠᠨ ᠪᠤᠶᠤ ᠨᠡᠶᠢᠭᠡᠮ ᠤᠨ ᠰᠢᠯᠲᠠᠭᠠᠨ ᠠᠴᠠ ᠪᠣᠯᠵᠤ ᠣᠷᠣᠰᠢᠨ ᠲᠣᠭᠲᠠᠨᠢᠬᠤ ᠬᠦᠴᠢᠷᠳᠡᠯ ᠳᠤ ᠦᠨᠡᠨᠬᠦ | ᠲᠤᠯᠭᠠᠷᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠰᠠᠶ᠋ᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ | ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠬᠦᠷᠳᠡᠵᠦ ᠪᠣᠯᠤᠨ᠎ᠠ᠃ ᠠᠪᠤᠷᠠᠨ ᠲᠤᠰᠠᠯᠠᠯᠲᠠ ᠨᠢ ᠲᠦᠷ ᠴᠠᠭ ᠤᠨ᠂ | ᠣᠬᠤᠷ ᠬᠤᠭᠤᠴᠠᠭ᠎ᠠ ᠲᠠᠢ ᠪᠠᠶᠢᠵᠤ᠂ ᠠᠪᠤᠷᠠᠨ ᠲᠤᠰᠠᠯᠠᠬᠤ ᠡᠲᠡᠭᠡᠳ ᠨᠢ ᠬᠡᠷᠪᠡ ᠬᠦᠴᠢᠷᠳᠡᠯ ᠠᠴᠠ ᠬᠡᠯᠲᠦᠷᠢᠪᠡᠯ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠭ᠎ᠠ ᠶᠢᠨ ᠠᠪᠤᠷᠠᠨ ᠲᠤᠰᠠᠯᠠᠯᠲᠠ ᠨᠢ ᠳᠠᠭᠠᠯᠳᠤᠨ ᠳᠠᠭᠤᠰᠤᠨ᠎ᠠ᠃ |