ᠬᠥᠲᠥᠯᠥᠭᠴᠢ᠄ | ᠣᠳᠣᠬᠠᠨ ᠳᠤ ᠮᠠᠨ ᠤ ᠬᠤᠲᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ | ᠬᠡᠷᠡᠭᠵᠢᠬᠦᠯᠦᠭᠰᠡᠨ ᠪᠠᠶᠢᠲᠠᠯ ᠨᠢ ᠶᠠᠮᠠᠷ ᠪᠣᠢ︖ | ᠰᠤᠷᠪᠤᠯᠵᠢᠯᠠᠭᠳᠠᠭᠴᠢ᠄ | ᠰᠢᠯᠢ ᠶᠢᠨ ᠬᠤᠲᠠ 1997 ᠣᠨ ᠠᠴᠠ ᠡᠬᠢᠯᠡᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠠᠵᠢᠯ ᠢ ᠬᠡᠷᠡᠭᠵᠢᠭᠦᠯᠵᠦ᠂ ᠬᠠᠮᠤᠭ ᠠᠩᠬᠠᠨ ᠤ ᠪᠠᠷᠢᠮᠵᠢᠶ᠎ᠠ ᠨᠢ ᠰᠠᠷ᠎ᠠ ᠪᠦᠷᠢ 70 ᠲᠥᠭᠦᠷᠢᠭ ᠪᠠᠶᠢᠪᠠ︔ 2006 | ᠣᠨ ᠠᠴᠠ ᠡᠬᠢᠯᠡᠨ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠡᠷᠡᠭᠵᠢᠬᠦᠯᠵᠦ᠂ | ᠬᠠᠮᠤᠭ ᠠᠩᠬᠠᠨ ᠤ ᠪᠠᠷᠢᠮᠵᠢᠶ᠎ᠠ ᠨᠢ ᠵᠢᠯ ᠪᠦᠷᠢ 432 ᠲᠥᠭᠦᠷᠢᠭ ᠪᠠᠶᠢᠵᠠᠢ᠃ 2010 ᠣᠨ ᠳᠤ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠨᠢᠭᠡᠳᠬᠡᠵᠦ᠂ ᠵᠢᠯ ᠳᠠᠷᠠᠭᠠᠯᠠᠨ ᠠᠬᠢᠭᠤᠯᠤᠨ ᠨᠡᠮᠡᠭᠳᠡᠭᠦᠯᠵᠦ᠂ 2019 ᠤᠨ ᠪᠣᠯᠬᠤ ᠳᠤ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 720 ᠲᠥᠭᠦᠷᠢᠭ | ᠪᠣᠯᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠴᠥᠮ ᠰᠠᠷ᠎ᠠ ᠰᠠᠷ᠎ᠠ ᠪᠠᠷ ᠤᠯᠭᠤᠬᠤ | ᠪᠤᠯᠭᠠᠪᠠ᠃ ᠣᠳᠣᠬᠠᠨ ᠳᠤ᠂ ᠪᠥᠬᠦ ᠬᠤᠲᠠ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ | ᠡᠷᠦᠬᠡ 2014 ᠡᠷᠦᠬᠡ᠂ 3280 ᠬᠥᠮᠦᠨ ᠪᠠᠶᠢᠨ᠎ᠠ᠃ ᠡᠭᠦᠨ ᠳᠤ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭᠠᠲᠤ ᠡᠷᠦᠬᠡ 1559 ᠡᠷᠦᠬᠡ᠂ 2554 ᠬᠦᠮᠦᠨ ᠪᠠᠶᠢᠨ᠎ᠠ︔ ᠮᠠᠯᠵᠢᠬᠤ ᠣᠷᠣᠨ ᠤ ᠨᠠᠭᠠᠳᠤ | ᠵᠠᠬ᠎ᠠ ᠵᠢᠨᠠᠮᠢᠳᠤᠷᠠᠯ ᠤᠨ ᠪᠠᠲᠤᠯᠠᠭᠠᠲᠤ ᠡᠷᠦᠬᠡ 455 ᠡᠷᠦᠬᠡ᠂ 726 ᠬᠥᠮᠦᠨ ᠪᠠᠶᠢᠨ᠎ᠠ᠃ ᠡᠨᠡ ᠪᠣᠯ ᠮᠠᠨ ᠤ | ᠬᠤᠲᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠪᠠᠶᠢᠲᠠᠯ ᠪᠣᠯᠤᠨ᠎ᠠ᠃ | |