︽ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ︾ ᠭᠡᠳᠡᠭ ᠨᠢ ᠶᠠᠮᠠᠷ ᠬᠥᠮᠦᠰ ᠢ ᠵᠢᠭᠠᠵᠤ ᠪᠠᠶᠢᠬᠤ ᠪᠤᠢ︖
ᠨᠡᠶᠢᠲᠡᠯᠡᠭᠰᠡᠨ ᠴᠠᠭ᠄
2020/6/24
   ᠬᠥᠲᠥᠯᠥᠭᠴᠢ᠄    ᠲᠠᠨ ᠤ ᠰᠠᠶ᠋ᠢ ᠶᠢᠨ ᠬᠡᠯᠡᠭᠰᠡᠨ ︽ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ︾ ᠭᠡᠳᠡᠭ ᠨᠢ ᠶᠠᠮᠠᠷ ᠬᠥᠮᠦᠰ ᠢ ᠵᠢᠭᠠᠵᠤ ᠪᠠᠶᠢᠬᠤ ᠪᠤᠢ︖    ᠰᠤᠷᠪᠤᠯᠵᠢᠯᠠᠭᠳᠠᠭᠴᠢ᠄    ᠭᠡᠷ ᠪᠦᠯᠢ ᠶᠢᠨ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠬᠦᠨ ᠳᠤ ᠬᠠᠨᠢ ᠨᠦᠬᠦᠷ᠂ ᠡᠴᠢᠭᠡ ᠡᠭᠡ ᠪᠣᠯᠤᠨ ᠨᠠᠰᠤᠨ ᠳᠤ ᠬᠦᠷᠦᠭᠡᠳᠦᠢ ᠦᠷ᠎ᠡ ᠬᠡᠦᠬᠡᠳ ᠪᠠᠭᠲᠠᠨ᠎ᠠ︔ ᠨᠢᠭᠡᠨᠲᠡ ᠨᠠᠰᠤᠨ ᠳᠤ ᠬᠦᠷᠦᠭᠰᠡᠨ ᠪᠣᠯᠪᠠᠴᠤ ᠪᠡᠶ᠎ᠡ ᠪᠠᠨ ᠳᠠᠭᠠᠭᠠᠵᠤ ᠠᠮᠢᠳᠤᠷᠠᠵᠤ ᠳᠡᠶᠢᠯᠬᠦ ᠦᠭᠡᠢ ᠦᠷ᠎ᠡ ᠬᠡᠦᠬᠡᠳ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠨᠠᠰᠤᠨ ᠳᠤ ᠬᠦᠷᠦᠭᠰᠡᠨ ᠦᠷ᠎ᠡ ᠬᠡᠤᠬᠡᠳ ᠪᠠᠭᠲᠠᠨ᠎ᠠ︔ ᠡᠷᠦᠬᠡ ᠠᠮᠠ ᠶᠢᠨ ᠲᠠᠩᠰᠠ ᠨᠢ ᠡᠴᠢᠭᠡ ᠡᠬᠡ ᠲᠠᠢ ᠪᠠᠨ ᠬᠠᠮᠲᠤ ᠪᠠᠶᠢᠭ᠎ᠠ ᠤᠷᠤᠭᠯᠠᠭᠠᠳᠤᠶ ᠦᠷ᠎ᠡ ᠬᠡᠤᠬᠡᠳ᠂ ᠡᠴᠢᠭᠡ ᠡᠬᠡ ᠨᠢ ᠬᠤᠶᠠᠭᠤᠯᠠ ᠪᠠᠨ ᠨᠢᠬᠡᠨᠲᠡ ᠨᠠᠰᠤ ᠪᠠᠷᠠᠵᠤ᠂ ᠡᠪᠦᠭᠡ ᠡᠮᠡᠭᠡ ᠪᠤᠶᠤ ᠨᠠᠭᠠᠴᠤ ᠡᠪᠦᠭᠡ ᠡᠮᠡᠭᠡ ᠨᠢ ᠬᠢᠨᠠᠨ ᠬᠠᠮᠠᠭᠠᠯᠠᠭᠴᠢ ᠪᠣᠯᠤᠭᠰᠠᠨ ᠨᠠᠰᠤᠨ ᠳᠤ ᠥᠯᠥ ᠬᠦᠷᠦᠭᠰᠡᠨ ᠪᠤᠶᠤ ᠨᠠᠰᠤᠨ ᠳᠤ ᠬᠦᠷᠦᠭᠰᠡᠨ ᠪᠣᠯᠪᠠᠴᠤ ᠪᠡᠶ᠎ᠡ ᠪᠠᠨ ᠳᠠᠭᠠᠭᠠᠵᠤ ᠠᠮᠢᠳᠤᠷᠠᠵᠤ ᠳᠡᠶᠢᠯᠬᠦ ᠥᠬᠡᠶ ᠣᠮᠪᠣᠯᠣ ᠬᠦᠤ ᠥᠬᠢᠨ ᠪᠤᠶᠤ ᠵᠢᠭᠡ ᠣᠮᠪᠣᠯᠣ ᠬᠦᠤ ᠥᠬᠢᠨ︔ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ ᠡᠭᠦᠷᠭᠡ ᠲᠠᠢ ᠪᠥᠭᠡᠳ ᠤᠷᠳᠤ ᠬᠤᠭᠤᠴᠠᠭ᠎ᠠ ᠪᠠᠷ ᠬᠠᠮᠲᠤ ᠰᠠᠭᠤᠵᠤ ᠪᠠᠶᠢᠭ᠎ᠠ ᠪᠤᠰᠤᠳ ᠬᠥᠮᠦᠰ ᠪᠠᠭᠲᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号