ᠰᠠᠭᠤᠭᠠᠯᠢ ᠠᠷᠠᠳ ᠬᠡᠷᠪᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠭᠡᠪᠡᠯ ᠶᠠᠭᠠᠬᠢᠵᠤ ᠬᠢᠪᠡᠯ ᠵᠣᠬᠢᠬᠤ ᠪᠤᠶ︖
ᠨᠡᠶᠢᠲᠡᠯᠡᠭᠰᠡᠨ ᠴᠠᠭ᠄
2020/6/24
   ᠬᠥᠲᠥᠯᠥᠭᠴᠢ᠄    ᠰᠠᠭᠤᠭᠠᠯᠢ ᠠᠷᠠᠳ ᠬᠡᠷᠪᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠭᠡᠪᠡᠯ ᠶᠠᠭᠠᠬᠢᠵᠤ ᠬᠢᠪᠡᠯ ᠵᠣᠬᠢᠬᠤ ᠪᠤᠶ︖    ᠰᠤᠷᠪᠤᠯᠵᠢᠯᠠᠭᠳᠠᠭᠴᠢ᠄    ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠨᠢ ᠡᠩ ᠤᠨ ᠪᠠᠶᠢᠲᠠᠯ ᠳᠤ ᠰᠠᠭᠤᠭᠠᠯᠢ ᠠᠷᠠᠳ ᠤᠨ ᠭᠤᠶᠤᠴᠢᠯᠠᠯ᠂ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠦᠯᠢᠶᠡᠨ ᠠᠪᠴᠤ ᠬᠢᠨᠠᠨ ᠬᠠᠷᠭᠤᠭᠤᠯᠬᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠶᠣᠰᠣᠭᠠᠷ ᠬᠡᠷᠡᠭᠵᠢᠭᠦᠯᠦᠨ᠎ᠡ᠃ ᠡᠶᠢᠮᠦ ᠠᠴᠠ  ᠬᠡᠷᠪᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠭᠡᠪᠡᠯ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢᠶᠠᠷ ᠭᠤᠶᠤᠴᠢᠯᠠᠭᠴᠢ ᠪᠣᠯᠭᠠᠵᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠪᠠᠷ ᠭᠤᠶᠤᠴᠢᠯᠠᠯ ᠭᠠᠷᠭᠠᠬᠤ ᠬᠡᠷᠡᠭᠲᠡᠶ᠃ ᠭᠤᠶᠤᠴᠢᠯᠠᠬᠤ ᠳᠤ ᠲᠦᠪᠡᠭᠲᠠᠢ ᠪᠠᠶᠢᠪᠠᠯ᠂  ᠭᠠᠴᠠᠭ᠎ᠠ᠂ ᠬᠤᠪᠢᠶᠠᠷᠢ ᠲᠠᠯᠠᠪᠠᠢ᠂ ᠨᠡᠶᠢᠭᠡᠮ ᠲᠤᠭᠤᠷᠢᠭ ︵ᠰᠠᠭᠤᠭᠠᠯᠢ ᠠᠷᠠᠳ ᠤᠨ ᠵᠥᠪᠯᠡᠯ︶ ᠪᠤᠶᠤ ᠪᠤᠰᠤᠳ ᠬᠥᠮᠦᠨ ᠳᠤ ᠪᠢᠴᠢᠭ ᠎ ᠤᠨ ᠬᠡᠯᠪᠡᠷᠢ ᠪᠠᠷ ᠨᠠᠶᠢᠳᠠᠵᠤ ᠣᠷᠣᠯᠠᠨ ᠭᠤᠶᠤᠴᠢᠯᠠᠭᠤᠯᠵᠤ ᠪᠣᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号