ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠤᠨ ᠬᠠᠮᠢᠶᠠᠷᠤᠯᠲᠠ ᠶᠢᠨ ᠠᠵᠢᠯ ᠨᠢ ᠶᠠᠮᠠᠷᠰᠢᠤ ᠪᠠᠶᠢᠳᠠᠭ ᠪᠣᠶ︖
ᠨᠡᠶᠢᠲᠡᠯᠡᠭᠰᠡᠨ ᠴᠠᠭ᠄
2020/6/24
   ᠬᠥᠲᠥᠯᠥᠭᠴᠢ᠄    ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠤᠨ ᠬᠠᠮᠢᠶᠠᠷᠤᠯᠲᠠ ᠶᠢᠨ ᠠᠵᠢᠯ ᠨᠢ ᠶᠠᠮᠠᠷᠰᠢᠤ ᠪᠠᠶᠢᠳᠠᠭ ᠪᠣᠶ︖    ᠰᠤᠷᠪᠤᠯᠵᠢᠯᠠᠭᠳᠠᠭᠴᠢ᠄ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠡᠷᠦᠬᠡ ᠪᠠᠷ ᠣᠯᠭᠤᠬᠤ ᠠᠷᠭ᠎ᠠ ᠶᠢ ᠬᠡᠷᠡᠭᠯᠡᠵᠦ᠂ ᠭᠡᠷ ᠪᠦᠯᠢ ᠶᠢᠨ ᠰᠠᠷ᠎ᠠ ᠪᠦᠷᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ ᠦᠨᠳᠦᠰᠦᠯᠡᠨ᠂ ᠵᠥᠷᠢᠶ᠎ᠡ ᠨᠥᠬᠦᠵᠦ ᠠᠪᠤᠷᠠᠨ ᠲᠤᠰᠠᠯᠠᠬᠤ ᠮᠥᠩᠭᠦ ᠤᠯᠭᠤᠬᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠵᠦ᠂ ᠥᠭᠡᠷ᠎ᠡ ᠪᠠᠷ ᠬᠡᠯᠡᠪᠡᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ ᠬᠠᠰᠤᠪᠠᠯ ᠲᠠᠷᠤᠢ ᠠᠪᠤᠷᠠᠨ ᠲᠤᠰᠠᠯᠠᠬᠤ ᠮᠦᠩᠬᠦ ᠶᠢᠨ ᠲᠤᠭ᠎ᠠ ᠲᠠᠢ ᠲᠡᠩᠴᠡᠨ᠎ᠡ᠃ ᠡᠭᠦᠨ ᠤ ᠬᠠᠮᠲᠤ ᠠᠪᠤᠷᠠᠨ ᠲᠤᠰᠠᠯᠠᠬᠤ ᠡᠲᠡᠭᠡᠳ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠡᠷ ᠪᠦᠯᠢ ᠶᠢᠨ ᠪᠦᠷᠢᠯᠳᠦᠬᠦᠨ ᠤ ᠲᠤᠲᠤᠷ᠎ᠠ ᠬᠦᠨᠳᠦ ᠡᠪᠡᠳᠴᠢᠨ ᠲᠠᠢ᠂ ᠬᠦᠨᠳᠦ ᠵᠡᠮᠳᠡᠭ ᠬᠥᠮᠦᠰ ᠪᠠᠶᠢᠬᠤ ᠮᠥᠷᠲᠡᠭᠡᠨ ᠣᠷᠣᠯᠭ᠎ᠠ ᠨᠢ ᠦᠨᠳᠦᠰᠦᠨ ᠳᠡᠭᠡᠨ ᠬᠤᠪᠢᠷᠠᠯᠲᠠ ᠥᠬᠡᠶ  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠬᠡᠷ ᠪᠦᠯᠢ ᠶᠢ ᠵᠢᠯ ᠪᠦᠷᠢ ᠨᠢᠭᠡ ᠤᠳᠠᠭ᠎ᠠ ᠳᠠᠬᠢᠨ ᠬᠢᠨᠠᠨ ᠬᠠᠷᠭᠤᠭᠤᠯᠤᠨ᠎ᠠ  ︔ ᠣᠬᠤᠷ ᠬᠤᠭᠤᠴᠠᠭᠠᠨ ᠤ ᠳᠣᠲᠣᠷ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠲᠠᠯ ᠪᠠ ᠭᠡᠷ ᠪᠦᠯᠢ ᠶᠢᠨ ᠪᠦᠷᠢᠯᠳᠦᠬᠦᠨ ᠤ ᠦᠨᠳᠦᠰᠦᠨ ᠪᠠᠶᠢᠲᠠᠯ ᠨᠢ ᠬᠠᠷᠢᠴᠠᠩᠭᠤᠶ ᠲᠣᠭᠲᠠᠭᠤᠨ ᠪᠠᠶᠢᠬᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠭᠡᠷ ᠪᠦᠯᠢ ᠶᠢ ᠬᠠᠭᠠᠰ ᠵᠢᠯ ᠳᠤ ᠨᠢᠭᠡ ᠤᠳᠠᠭ᠎ᠠ ᠳᠠᠬᠢᠨ ᠬᠢᠨᠠᠨ ᠬᠠᠷᠭᠤᠭᠤᠯᠤᠨ᠎ᠠ᠃ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠬᠥᠳᠡᠯᠮᠦᠷᠢᠯᠡᠬᠦ ᠴᠢᠳᠠᠪᠤᠷᠢ ᠪᠠ ᠬᠥᠳᠡᠯᠮᠦᠷᠢᠯᠡᠬᠦ ᠨᠦᠬᠦᠴᠡᠯ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠭᠡᠷ ᠪᠦᠯᠢ ᠶᠢ ᠤᠯᠠᠷᠢᠯ ᠪᠦᠷᠢ ᠳᠤ ᠳᠠᠬᠢᠨ ᠬᠢᠨᠠᠨ ᠬᠠᠷᠭᠤᠭᠤᠯᠤᠨ᠎ᠠ᠃ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ᠂ ᠬᠠᠭᠤᠷᠮᠠᠭ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠭᠡᠷ ᠪᠦᠯᠢ ᠶᠢᠨ ᠬᠠᠮᠲᠤ ᠠᠮᠢᠳᠤᠷᠠᠬᠤ ᠪᠦᠷᠢᠯᠳᠦᠬᠦᠨ ᠤ ᠬᠠᠭᠤᠷᠮᠠᠭ ᠮᠡᠳᠡᠭᠡ ᠵᠠᠩᠭᠢ᠂ ᠰᠤᠷᠭᠠᠭᠤᠯᠢ ᠳᠤ ᠪᠠᠶᠢᠭ᠎ᠠ ᠬᠠᠭᠤᠷᠮᠠᠭ ᠭᠡᠷᠡᠴᠢ᠂ ᠵᠠᠷᠤᠳᠠᠯ ᠲᠤᠰᠢᠶᠠᠭᠰᠠᠨ ᠬᠠᠭᠤᠷᠮᠠᠭ ᠭᠡᠷᠡᠴᠢ ᠵᠡᠷᠭᠡ ᠶᠢ ᠬᠠᠩᠭᠠᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠲᠤᠰ ᠭᠡᠷ ᠪᠦᠯᠢ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠰᠠᠯᠠᠮᠵᠢ ᠭᠤᠶᠤᠴᠢᠯᠠᠬᠤ ᠬᠢᠷᠢ ᠬᠡᠮ ᠢ ᠬᠦᠴᠦᠨ ᠦᠭᠡᠢ ᠪᠤᠯᠭᠠᠬᠤ ᠎ ᠶᠢᠨ ᠬᠠᠮᠲᠤ ᠰᠢᠯᠢ ᠶᠢᠨ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠤᠨ ᠢᠲᠡᠭᠡᠮᠵᠢ ᠠᠯᠳᠠᠭᠰᠠᠨ ᠡᠲᠡᠭᠡᠳ ᠤᠨ ᠨᠡᠷᠡᠰ ᠲᠤ ᠤᠷᠤᠭᠤᠯᠵᠤ᠂ ᠭᠤᠶᠤᠴᠢᠯᠠᠯ ᠳᠡᠪᠰᠢᠭᠦᠯᠦᠭᠰᠡᠨ ᠡᠳᠦᠷ ᠠᠴᠠ ᠡᠬᠢᠯᠡᠨ ᠪᠤᠲᠤᠵᠤ 2 ᠵᠢᠯ ᠤᠨ ᠳᠣᠲᠣᠷ᠎ᠠ ᠳᠠᠭᠢᠵᠤ ᠭᠤᠶᠤᠴᠢᠯᠠᠯ ᠭᠠᠷᠭᠠᠵᠤ ᠪᠣᠯᠬᠤ ᠥᠬᠡᠶ᠃ ᠠᠵᠢᠯᠲᠠᠨ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠣᠯ ᠬᠠᠮᠢᠶ᠎ᠠ ᠪᠦᠬᠦᠢ ᠲᠣᠭᠲᠠᠭᠠᠯ ᠶᠤᠰᠤᠭᠠᠷ ᠡᠭᠦᠷᠭᠡᠯᠡᠬᠦ ᠶᠣᠰᠣᠲᠠᠶ ᠬᠠᠷᠢᠭᠤᠴᠠᠯᠭ᠎ᠠ ᠶᠢ ᠪᠣᠳᠠᠲᠠᠶ ᠲᠤᠭᠳᠠᠭᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号