ᠲᠦᠷ ᠴᠠᠭ ᠤᠨ ᠠᠪᠤᠷᠠᠨ ᠲᠤᠰᠠᠯᠠᠯᠲᠠ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠲᠠᠷᠠᠭ᠎ᠠ ᠨᠢ ᠪᠤᠰᠤᠳ ᠠᠪᠤᠷᠠᠨ ᠲᠤᠰᠠᠯᠠᠬᠤ ᠠᠵᠢᠯ ᠲᠠᠢ ᠶᠠᠮᠠᠷ ᠠᠳᠠᠯᠢ ᠥᠬᠡᠶ ᠲᠠᠯ᠎ᠠ ᠪᠠᠶᠢᠬᠤ ᠪᠣᠶ︖
ᠨᠡᠶᠢᠲᠡᠯᠡᠭᠰᠡᠨ ᠴᠠᠭ᠄
2020/6/24
ᠬᠥᠲᠥᠯᠥᠭᠴᠢ᠄    ᠲᠦᠷ ᠴᠠᠭ ᠤᠨ ᠠᠪᠤᠷᠠᠨ ᠲᠤᠰᠠᠯᠠᠯᠲᠠ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠲᠠᠷᠠᠭ᠎ᠠ ᠨᠢ ᠪᠤᠰᠤᠳ ᠠᠪᠤᠷᠠᠨ ᠲᠤᠰᠠᠯᠠᠬᠤ ᠠᠵᠢᠯ ᠲᠠᠢ ᠶᠠᠮᠠᠷ ᠠᠳᠠᠯᠢ ᠥᠬᠡᠶ ᠲᠠᠯ᠎ᠠ ᠪᠠᠶᠢᠬᠤ ᠪᠣᠶ︖    ᠰᠤᠷᠪᠤᠯᠵᠢᠯᠠᠭᠳᠠᠭᠴᠢ᠄   ᠲᠦᠷ ᠴᠠᠭ ᠤᠨ ᠠᠪᠤᠷᠠᠨ ᠲᠤᠰᠠᠯᠠᠯᠲᠠ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠲᠠᠷᠠᠭ᠎ᠠ ᠳᠤ ᠡᠩ ᠤᠨ ᠠᠯᠬᠤᠮ ᠲᠠᠷᠠᠭ᠎ᠠ ᠪᠠ ᠪᠠᠴᠢᠮ ᠠᠯᠬᠤᠮ ᠲᠠᠷᠠᠭ᠎ᠠ ᠪᠠᠭᠲᠠᠨ᠎ᠠ᠃ ᠡᠩ ᠤᠨ ᠠᠯᠬᠤᠮ ᠲᠠᠷᠠᠭ᠎ᠠ ᠭᠡᠳᠡᠭ ᠨᠢ ᠭᠤᠶᠤᠴᠢᠯᠠᠭᠴᠢ ᠪᠤᠶᠤ ᠭᠤᠶᠤᠴᠢᠯᠠᠬᠤ ᠭᠡᠷ ᠪᠦᠯᠢ ᠨᠢ ᠬᠡᠲᠦᠶᠢᠪᠡᠷ ᠲᠦᠷ ᠴᠠᠭ ᠤᠨ ᠬᠦᠴᠢᠷᠲᠠᠯ ᠳᠤ ᠲᠤᠯᠭᠠᠷᠠᠭᠰᠠᠨ ᠪᠤᠯᠪᠠᠴᠤ᠂ ᠦᠨᠳᠦᠰᠦᠨ ᠠᠮᠢᠳᠤᠷᠠᠯ ᠢᠶᠠᠨ ᠠᠷᠭᠠᠴᠠᠵᠤ ᠳᠡᠶᠢᠯᠬᠦ ᠳᠤ ᠬᠦᠷᠪᠡᠯ᠂ ᠡᠩ ᠤᠨ ᠠᠪᠤᠷᠠᠨ ᠲᠤᠰᠠᠯᠠᠬᠤ ᠠᠯᠬᠤᠮ ᠲᠠᠷᠠᠭ᠎ᠠ ᠶᠢ ᠬᠡᠷᠡᠭᠯᠡᠨ᠎ᠡ᠃ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠦᠷ ᠴᠠᠭ ᠎ ᠤᠨ ᠠᠪᠤᠷᠠᠨ  ᠲᠤᠰᠠᠯᠠᠯᠲᠠ ᠶᠢᠨ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠬᠢᠨᠠᠨ ᠬᠠᠷᠭᠤᠭᠤᠯᠬᠤ ᠳᠤ ︽ᠰᠢᠯᠢ ᠶᠢᠨ ᠬᠤᠲᠠ ᠶᠢᠨ ᠲᠦᠷ ᠴᠠᠭ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠨᠠᠷᠢᠨ ᠲᠦᠷᠢᠮ︾᠎ ᠢ ᠦᠨᠳᠦᠰᠦᠯᠡᠨ᠂ ᠬᠢᠨᠠᠨ ᠬᠠᠷᠭᠤᠭᠤᠯᠬᠤ ᠠᠭᠤᠯᠭ᠎ᠠ ᠳᠤ ᠭᠤᠤᠯᠳᠠᠭᠤ᠄ ᠭᠤᠶᠤᠴᠢᠯᠠᠭᠴᠢ ᠶᠢᠨ ᠭᠤᠶᠤᠴᠢᠯᠠᠬᠰᠠᠨ ᠤᠴᠢᠷ ᠰᠢᠯᠲᠠᠭᠠᠨ ᠨᠢ ᠦᠨᠡᠨ ᠪᠣᠳᠠᠲᠠᠶ ᠪᠠᠶᠢᠬᠤ ᠡᠰᠡᠬᠦ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠡᠳ᠋ ᠬᠥᠷᠥᠩᠭᠡ ᠶᠢᠨ ᠪᠠᠶᠢᠳᠠᠯ᠂ ᠬᠥᠮᠦᠨ ᠠᠮᠠ ᠶᠢᠨ ᠪᠠᠶᠢᠳᠠᠯ᠂ ᠬᠦᠴᠢᠷᠳᠡᠯ ᠤᠨ ᠬᠡᠮᠵᠢᠶ᠎ᠡ ᠵᠡᠷᠭᠡ ᠪᠠᠭᠲᠠᠨ᠎ᠠ᠃ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠢᠨᠠᠨ ᠦᠨᠡᠯᠡᠬᠦ ᠳᠤᠭᠤᠶᠢᠯᠠᠩ ᠨᠢ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠢᠭᠡᠨᠲᠡ ᠬᠢᠨᠠᠨ ᠬᠠᠷᠭᠤᠭᠤᠯᠵᠤ ᠪᠠᠲᠤᠯᠠᠭᠰᠠᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠭᠤᠶᠤᠴᠢᠯᠠᠯ ᠢ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠬᠤ ᠪᠡᠯᠡ ᠮᠥᠩᠭᠦ ᠶᠢ ᠡᠳ᠋ ᠤᠨ ᠵᠠᠰᠠᠭ ᠤᠨ ︽ᠨᠢᠭᠡ ᠺᠠᠷᠲ ᠢᠶᠠᠷ ᠨᠡᠪᠲᠡᠷᠡᠬᠦ︾᠎ ᠢᠶᠠᠷ ᠲᠠᠮᠵᠢᠭᠤᠯᠤᠨ ᠣᠯᠭᠤᠨ᠎ᠠ᠃ 2019 ᠣᠨ ᠤ 8 ᠰᠠᠷ᠎ᠠ ᠪᠣᠯᠲᠠᠯ᠎ᠠ᠂ ᠲᠦᠷ ᠴᠠᠭ ᠤᠨ ᠠᠪᠤᠷᠠᠨ ᠲᠤᠰᠠᠯᠠᠯᠲᠠ ᠳᠤ ᠨᠡᠶᠢᠲᠡ 182 ᠡᠷᠦᠬᠡ ᠶᠢᠨ 336 ᠬᠥᠮᠦᠨ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠮᠦᠩᠬᠦ 97.87 ᠲᠦᠮᠡᠨ ᠲᠥᠭᠦᠷᠢᠭ ᠲᠤ ᠬᠦᠷᠴᠡᠶ᠃ ᠪᠠᠴᠢᠮ ᠠᠯᠬᠤᠮ ᠲᠠᠷᠠᠭ᠎ᠠ ᠭᠡᠳᠡᠭ ᠨᠢ ᠪᠠᠶᠢᠳᠠᠯ ᠪᠠᠴᠢᠮ᠂ ᠳᠠᠷᠤᠶ ᠲᠦᠷᠭᠡᠨ ᠠᠷᠭ᠎ᠠ ᠬᠡᠮᠵᠢᠶ᠎ᠡ ᠠᠪᠴᠤ ᠪᠠᠶᠢᠭᠠᠳ ᠡᠭᠡᠭᠦᠯᠵᠦ ᠲᠡᠶᠢᠯᠦᠰᠢ ᠦᠭᠡᠢ ᠬᠤᠬᠢᠷᠠᠯ ᠪᠤᠶᠤ ᠬᠤᠪᠢᠷᠠᠭᠤᠯᠵᠤ ᠴᠢᠳᠠᠰᠢ ᠦᠭᠡᠢ ᠬᠦᠨᠳᠦ ᠨᠣᠴᠢᠲᠠᠶ ᠤᠷᠰᠢᠭ ᠭᠠᠷᠬᠤ ᠶᠢ ᠰᠡᠷᠭᠡᠶᠢᠯᠡᠬᠦ ᠴᠢᠬᠤᠯᠠᠲᠠᠶ ᠪᠠᠶᠢᠪᠠᠯ᠂ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠪᠠᠴᠢᠮ ᠠᠪᠤᠷᠠᠨ ᠲᠤᠰᠠᠯᠠᠬᠤ ᠠᠯᠬᠤᠮ ᠲᠠᠷᠠᠭ᠎ᠠ ᠶᠢ ᠬᠡᠷᠡᠭᠯᠡᠵᠦ᠂ ︽ᠰᠢᠯᠢ ᠶᠢᠨ ᠬᠤᠲᠠ ᠶᠢᠨ ︿ᠪᠠᠴᠢᠮ ᠬᠦᠴᠢᠷᠲᠡᠯ ᠠᠴᠠ ᠠᠪᠤᠷᠠᠬᠤ﹀ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠬᠦ ᠬᠡᠷᠡᠭᠵᠢᠭᠦᠯᠬᠦ ᠲᠥᠰᠦᠯ︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠯ ᠢ ᠰᠢᠭᠤᠳ ᠬᠦᠯᠢᠶᠡᠨ ᠬᠦᠢᠴᠡᠳᠬᠡᠬᠦ᠂ ᠰᠢᠭᠤᠳ ᠬᠢᠨᠠᠨ ᠵᠥᠪᠰᠢᠶᠡᠷᠡᠬᠦ᠂ ᠴᠠᠭ ᠲᠤᠬᠠᠢ ᠳᠤᠨᠢ ᠤᠯᠭᠤᠬᠤ ᠠᠷᠭ᠎ᠠ ᠮᠠᠶ᠋ᠢᠭ ᠢ ᠠᠪᠴᠤ᠂ ᠤᠷᠢᠳᠠᠪᠠᠷ ᠠᠪᠤᠷᠠᠨ ᠲᠤᠰᠠᠯᠠᠨ᠎ᠠ᠃ ᠪᠠᠴᠢᠮ ᠪᠠᠶᠢᠳᠠᠯ ᠢ ᠠᠷᠢᠯᠭᠠᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠭᠠᠷᠲᠠᠮ ᠢ ᠨᠦᠬᠦᠪᠦᠷᠢᠯᠡᠨ᠎ᠡ᠃ ︽ᠪᠠᠴᠢᠮ ᠬᠦᠴᠢᠷᠲᠡᠯ ᠠᠴᠠ ᠠᠪᠤᠷᠠᠬᠤ︾ ᠠᠵᠢᠯ ᠢ ᠥᠷᠨᠢᠭᠦᠯᠬᠦ ᠨᠢ ᠪᠠᠴᠢᠮ ᠪᠠᠶᠢᠳᠠᠯ ᠳᠤ ᠲᠤᠯᠭᠠᠷᠠᠭᠰᠠᠨ ᠠᠴᠠ ᠪᠣᠯᠵᠤ ᠥᠪᠡᠷ ᠢ ᠪᠠᠨ ᠬᠡᠮᠳᠦᠭᠡᠬᠦ᠂ ᠪᠡᠶ᠎ᠡ ᠪᠠᠨ ᠬᠤᠤᠷᠯᠠᠬᠤ᠂ ᠴᠢᠨᠠᠭᠰᠢᠯᠠᠪᠠᠯ ᠨᠡᠶᠢᠭᠡᠮ ᠳᠤ ᠬᠤᠤᠷ ᠬᠥᠨᠥᠭᠡᠯ ᠤᠴᠠᠷᠠᠭᠤᠯᠬᠤ᠂ ᠨᠡᠶᠢᠭᠡᠮ ᠤᠨ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠬᠥᠨᠳᠡᠬᠦ ᠦᠢᠯᠡ ᠠᠵᠢᠯᠯᠠᠭ᠎ᠠ ᠭᠠᠷᠬᠤ ᠶᠢ ᠪᠦᠲᠦᠮᠵᠢᠲᠡᠶ ᠰᠡᠷᠭᠡᠶᠢᠯᠡᠵᠦ ᠴᠢᠲᠠᠨ᠎ᠠ᠃ ᠡᠨᠡ ᠵᠢᠯ ᠤᠳᠤ ᠪᠣᠯᠲᠠᠯ᠎ᠠ᠂ ︽ᠪᠠᠴᠢᠮ ᠬᠦᠴᠢᠷᠲᠡᠯ ᠠᠴᠠ ᠠᠪᠤᠷᠬᠠᠤ︾᠎ ᠨᠢ ᠨᠡᠶᠢᠲᠡ 4 ᠡᠷᠦᠬᠡ᠂ 10 ᠬᠥᠮᠦᠨ ᠢ ᠠᠪᠤᠷᠠᠨ ᠲᠤᠰᠠᠯᠠᠵᠤ᠂  ᠠᠪᠤᠷᠠᠨ ᠲᠤᠰᠠᠯᠠᠭᠰᠠᠨ ᠮᠦᠩᠬᠦ ᠨᠢ 5.3 ᠲᠦᠮᠡᠨ ᠲᠥᠭᠦᠷᠢᠭ ᠪᠤᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号