ᠶᠠᠮᠠᠷ ᠪᠠᠶᠢᠳᠠᠯ ᠲᠤᠤᠷ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠵᠤ ᠪᠣᠯᠬᠤ ᠪᠣᠶ︖
ᠨᠡᠶᠢᠲᠡᠯᠡᠭᠰᠡᠨ ᠴᠠᠭ᠄
2020/6/24
ᠬᠥᠲᠥᠯᠥᠭᠴᠢ᠄ ᠶᠠᠮᠠᠷ ᠪᠠᠶᠢᠳᠠᠯ ᠲᠤᠤᠷ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠵᠤ ᠪᠣᠯᠬᠤ ᠪᠣᠶ︖   ᠰᠤᠷᠪᠤᠯᠵᠢᠯᠠᠭᠳᠠᠭᠴᠢ᠄    ᠰᠢᠯᠢ ᠶᠢᠨ ᠬᠤᠲᠠ ᠶᠢᠨ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠲᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠮᠥᠷᠲᠡᠭᠡᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠲᠠᠯ ᠨᠢ ︽ᠰᠢᠯᠢ ᠶᠢᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠷᠣᠯᠭ᠎ᠠ ᠲᠤᠤᠷ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ︾ ᠶᠢᠨ ᠲᠣᠭᠲᠠᠭᠠᠯ ᠳᠤ ᠨᠡᠶᠢᠴᠡᠵᠦ ᠪᠠᠶᠢᠪᠠᠯ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ ᠤᠨ ᠬᠡᠯᠪᠡᠷᠢ ᠪᠠᠷ ᠭᠤᠶᠤᠴᠢᠯᠠᠵᠤ ᠪᠣᠯᠤᠨ᠎ᠠ᠃ ᠭᠤᠶᠤᠴᠢᠯᠠᠬᠤ ᠳᠤ ᠲᠦᠪᠡᠭᠲᠠᠢ ᠪᠠᠶᠢᠪᠠᠯ᠂ ᠭᠠᠴᠠᠭ᠎ᠠ᠂ ᠬᠤᠪᠢᠶᠠᠷᠢ ᠲᠠᠯᠠᠪᠠᠢ᠂ ᠨᠡᠶᠢᠭᠡᠮ ᠲᠣᠭᠤᠷᠢᠭ ︵ᠰᠠᠭᠤᠭᠠᠯᠢ ᠠᠷᠠᠳ ᠤᠨ ᠵᠥᠪᠯᠡᠯ︶ ᠪᠤᠶᠤ ᠪᠤᠰᠤᠳ ᠬᠥᠮᠦᠨ ᠳᠤ ᠪᠢᠴᠢᠭ ᠤᠨ ᠬᠡᠯᠪᠡᠷᠢ ᠪᠠᠷ ᠨᠠᠶᠢᠳᠠᠵᠤ ᠣᠷᠣᠯᠠᠨ ᠭᠤᠶᠤᠴᠢᠯᠠᠭᠤᠯᠵᠤ ᠪᠣᠯᠤᠨ᠎ᠠ᠃    
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号