ᠶᠠᠭᠤ ᠶᠢ ︽ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ︾ ᠭᠡᠬᠦ ᠪᠣᠶ︖ ᠶᠠᠮᠠᠷ ᠬᠥᠮᠦᠰ ︽ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ︾ ᠭᠤᠶᠤᠴᠢᠯᠠᠯ ᠭᠠᠷᠭᠠᠵᠤ ᠪᠣᠯᠬᠤ ᠪᠣᠶ︖
ᠨᠡᠶᠢᠲᠡᠯᠡᠭᠰᠡᠨ ᠴᠠᠭ᠄
2020/6/24
   ᠬᠥᠲᠥᠯᠥᠭᠴᠢ᠄    ᠲᠡᠭᠡᠪᠡᠯ ᠶᠠᠭᠤ ᠶᠢ ︽ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ︾ ᠭᠡᠬᠦ ᠪᠣᠶ︖ ᠶᠠᠮᠠᠷ ᠬᠥᠮᠦᠰ ︽ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ︾ ᠭᠤᠶᠤᠴᠢᠯᠠᠯ ᠭᠠᠷᠭᠠᠵᠤ ᠪᠣᠯᠬᠤ ᠪᠣᠶ︖    ᠰᠤᠷᠪᠤᠯᠵᠢᠯᠠᠭᠳᠠᠭᠴᠢ᠄    ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠪᠣᠯ ᠤᠤᠯ ᠤᠨ ᠬᠦᠳᠡᠭᠡ ᠲᠣᠰᠬᠤᠨ ᠤ ︽ᠲᠠᠪᠤᠨ ᠪᠠᠲᠤᠯᠠᠭ᠎ᠠ︾ ᠶᠢᠨ ᠠᠰᠠᠷᠠᠨ ᠲᠡᠵᠢᠭᠡᠬᠦ᠂ ᠬᠤᠲᠠ ᠶᠢᠨ ︽ᠭᠤᠷᠪᠠ ᠥᠬᠡᠶ︾ ᠬᠥᠮᠦᠰ ᠢ ᠠᠪᠤᠷᠠᠨ ᠲᠤᠰᠠᠯᠠᠬᠤ ᠶᠢ ᠡᠮᠬᠢᠯᠡᠨ ᠨᠢᠬᠡᠳᠬᠡᠵᠦ ᠪᠦᠷᠢᠯᠳᠦᠭᠦᠯᠦᠭᠰᠡᠨ ᠶᠤᠮ᠃ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠶᠢ ᠡᠳ᠋ᠯᠡᠬᠦ ᠣᠨᠴᠠ ᠬᠦᠴᠢᠷᠳᠡᠯᠲᠡᠶ ᠬᠥᠮᠦᠰ ᠨᠢ ︽ᠬᠥᠳᠡᠯᠮᠦᠷᠢᠯᠡᠬᠦ ᠴᠢᠳᠠᠪᠤᠷᠢ ᠥᠬᠡᠶ︔ ᠠᠮᠢᠳᠤᠷᠠᠯ ᠤᠨ ᠢᠷᠡᠯᠲᠡ ᠦᠭᠡᠢ︔ ᠬᠠᠤᠯᠢ  ᠳᠤ ᠲᠤᠭᠳᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠡᠭᠦᠷᠭᠡᠲᠦ ᠬᠥᠮᠦᠨ ᠦᠭᠡᠢ ᠪᠤᠶᠤ  ᠬᠠᠤᠯᠢ ᠳᠤ ᠲᠤᠭᠳᠠᠭᠠᠭᠰᠠᠨ ᠡᠭᠦᠷᠭᠡᠲᠦ ᠬᠥᠮᠦᠨ ᠨᠢ ᠡᠭᠦᠷᠭᠡ ᠪᠠᠨ ᠬᠦᠢᠴᠡᠳᠬᠡᠬᠦ ᠴᠢᠳᠠᠪᠤᠷᠢ ᠥᠬᠡᠶ︾ ᠵᠡᠷᠭᠡ ᠭᠤᠷᠪᠠᠨ ᠨᠦᠬᠦᠴᠡᠯ ᠢ ᠵᠡᠷᠭᠡᠪᠡᠷ ᠪᠦᠷᠢᠯᠳᠦᠭᠦᠯᠦᠭᠰᠡᠨ ᠬᠤᠲᠠ ᠬᠥᠳᠡᠭᠡ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠡᠮᠳᠡᠭᠴᠦᠳ ᠵᠢᠴᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠪᠠᠶᠢᠬᠤ ᠬᠡᠷᠡᠭᠲᠠᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号