ᠰᠢᠯᠢ ᠶᠢᠨ ᠬᠤᠲᠠ ᠳᠤ ᠪᠠᠰᠠ ᠨᠢᠭᠡ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠡᠷᠦᠬᠡ ᠰᠡᠬᠦᠨ ᠡᠵᠡᠩᠨᠡᠯᠲᠡ ᠬᠢᠯ᠎ᠡ
ᠨᠡᠶᠢᠲᠡᠯᠡᠭᠰᠡᠨ ᠴᠠᠭ᠄
2020-06-29
ᠣᠶᠢᠷ᠎ᠠ ᠳᠤ᠂ ᠰᠢᠯᠢ ᠶᠢᠨ ᠬᠤᠲᠠ ᠶᠢᠨ ᠳ᠋ᠧ ᠢᠦᠶ ᠯᠦᠩ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠰᠢᠨ᠎ᠡ ᠭᠠᠵᠠᠷ ᠨᠡᠬᠦᠨ ᠢᠷᠡᠭᠰᠡᠨ ᠤ ᠲᠠᠷᠠᠭ᠎ᠠ ᠵᠢᠩᠬᠢᠨᠢ ᠪᠠᠷ ᠠᠵᠢᠯ ᠢᠶᠠᠨ ᠡᠬᠢᠯᠡᠭᠦᠯᠪᠡ᠃ ᠰᠢᠯᠢ ᠶᠢᠨ ᠬᠤᠲᠠ ᠶᠢᠨ ᠳ᠋ᠧ ᠢᠦᠶ ᠯᠦᠩ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯ ᠲᠠᠷᠤᠢ ᠤᠤᠯ ᠤᠨ ᠰᠢᠯᠢ ᠶᠢᠨ ᠬᠤᠲᠠ ᠶᠢᠨ ᠰᠢ ᠮᠤ᠋ ᠶᠤᠸᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠠᠴᠠ ᠬᠤᠪᠢᠷᠠᠵᠤ ᠢᠷᠡᠭᠰᠡᠨ ᠶᠤᠮ᠃ ᠤᠤᠯ ᠤᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠬᠤᠲᠠ ᠶᠢᠨ ᠲᠥᠪ ᠠᠴᠠ ᠨᠡᠯᠢᠶᠡᠳ ᠤᠶᠢᠷ᠎ᠠ ᠪᠠᠶᠢᠵᠤ᠂ ᠡᠵᠡᠯᠡᠬᠦ ᠭᠠᠵᠠᠷ ᠤᠨ ᠲᠠᠯᠠᠪᠠᠢ ᠨᠢ ᠪᠠᠭ᠎ᠠ ᠠᠴᠠ ᠪᠤᠯᠵᠤ ᠠᠮᠢᠳᠤ ᠮᠠᠯ ᠤᠨ ᠠᠷᠠᠯᠵᠢᠶ᠎ᠠ ᠨᠢ ᠬᠢᠵᠠᠭᠠᠷᠯᠠᠬᠲᠠᠵᠤ ᠪᠠᠶᠢᠪᠠ᠃ ᠣᠳᠣ ᠠᠷᠠᠯᠵᠢᠶᠠᠨ ᠤ ᠵᠠᠬ᠎ᠠ ᠳᠡᠯᠭᠡᠭᠦᠷ ᠨᠢ ᠰᠢᠯᠢ ᠶᠢᠨ ᠬᠤᠲᠠ ᠶᠢᠨ ᠪᠤᠯᠠᠭᠠᠨ ᠰᠤᠮᠤ ᠶᠢᠨ ᠬᠠᠨᠠᠬᠭᠤᠯᠠ ᠭᠠᠴᠠᠭᠠᠨ ᠳᠤ ᠨᠡᠭᠦᠵᠦ᠂ 300 ᠮᠦ ᠲᠠᠯᠠᠪᠠᠶ ᠲᠠᠢ ᠪᠤᠯᠵᠤ᠂ ᠡᠵᠡᠩᠨᠡᠯᠲᠡ ᠪᠠᠨ ᠦᠷᠬᠡᠳᠬᠡᠭᠰᠡᠨ ᠢᠶᠠᠷ ᠪᠠᠷᠠᠬᠤ ᠦᠭᠡᠢ ᠪᠠᠰᠠ ᠮᠠᠯᠴᠢᠳ ᠠᠴᠠ ᠤᠶᠢᠷ᠎ᠠ ᠪᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠲᠤᠩ ᠲᠦᠬᠦᠮ ᠪᠤᠯᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号