ᠰᠤᠷᠭᠠᠭᠤᠯᠢ ᠶᠢᠨ ᠬᠦᠷᠢᠶᠡᠨ ᠳᠠᠬᠢ ᠬᠢᠵᠢᠭ ᠤᠨ ᠰᠡᠷᠭᠡᠶᠢᠯᠡᠯᠲᠡ ᠶᠢ ᠪᠠᠬᠢᠵᠢᠬᠦᠯᠵᠦ᠂ ᠰᠤᠷᠭᠠᠭᠤᠯᠢ ᠳᠤ ᠰᠠᠭᠤᠭ᠎ᠠ ᠵᠢᠯᠣᠭᠤᠳᠬᠤ ᠳᠤᠭᠤᠶᠢᠯᠠᠩ ᠨᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2020-06-29
ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠳᠠᠬᠢᠨ ᠢᠯᠡᠷᠡᠵᠦ᠂ ᠬᠢᠯᠢ ᠶᠢᠨ ᠭᠠᠳᠠᠨᠠᠬᠢ ᠬᠢᠵᠢᠭ ᠤᠨ ᠬᠠᠯᠲᠠᠪᠤᠷᠢᠯᠠᠨ ᠤᠷᠤᠬᠤ ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶᠢᠭ᠎ᠠ ᠪᠠᠶᠢᠳᠠᠯ ᠢ ᠦᠨᠳᠦᠰᠦᠯᠡᠨ᠂ ︽ᠭᠠᠳᠠᠭᠠᠳᠣ ᠠᠴᠠ ᠬᠠᠯᠳᠠᠪᠣᠷᠢᠯᠠᠨ ᠣᠷᠣᠵᠣ ᠢᠷᠡᠬᠦ  ᠶᠢ ᠰᠡᠷᠭᠡᠶᠢᠯᠡᠬᠦ᠂ ᠲᠣᠳᠣᠨ᠎ᠠ  ᠪᠠᠨ ᠲᠠᠷᠬᠠᠨ ᠲᠡᠯᠭᠡᠷᠡᠬᠦ  ᠶᠢ ᠰᠡᠷᠭᠡᠶᠢᠯᠡᠬᠦ  ︾ ᠶᠡᠷᠦᠩᠬᠡᠢ ᠴᠣᠭᠴᠠ  ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠲᠣᠣᠱᠯᠠᠭᠤᠯᠵᠣ᠂ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠦᠯᠦᠭᠡ᠂ ᠰᠢᠯᠢ ᠶᠢᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠳᠤ ᠰᠠᠭᠤᠭ᠎ᠠ ᠵᠢᠯᠤᠭᠤᠳᠬᠤ ᠳᠤᠭᠤᠶᠢᠯᠠᠩ ᠬᠡᠳᠦᠨ ᠡᠳᠦᠷ ᠤᠨ ᠲᠤᠷᠰᠢ ᠲᠣᠭᠤᠷᠢᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠠᠵᠢᠯ ᠢ ᠦᠷᠬᠦᠯᠵᠢᠯᠡᠨ ᠥᠷᠨᠢᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号