ᠨᠥᠬᠦᠳ ᠡ᠄ | ᠬᠤᠲᠠ ᠶᠢᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠨᠢᠭᠡᠳᠦᠭᠡᠷ | ᠵᠢᠯᠣᠭᠤᠳᠬᠤ ᠳᠤᠭᠤᠶᠢᠯᠠᠩ ᠨᠢ ᠪᠠᠶᠠᠨᠪᠤᠯᠠᠭ ᠰᠤᠮᠤ ᠶᠢᠨ 4 ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠳᠣᠣᠷ᠎ᠠ ᠪᠢ ᠡᠨᠡ | ᠤᠳᠠᠭᠠᠨ ᠤ ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠢ ᠰᠠᠶᠢᠲᠤᠷ ᠬᠢᠬᠦ ᠲᠤᠬᠠᠢ ᠬᠡᠳᠦᠨ ᠰᠠᠨᠠᠯ ᠢᠶᠠᠨ ᠶᠠᠷᠢᠶ᠎ᠠ᠃ | ᠨᠢᠭᠡ᠂ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠨ᠎ᠠ | ᠡᠨᠡ ᠵᠢᠯ ᠤᠨ 12 ᠰᠠᠷ᠎ᠠ ᠠᠴᠠ ᠢᠷᠡᠬᠦ ᠵᠢᠯ ᠤᠨ 3 ᠰᠠᠷ᠎ᠠ ᠪᠣᠯᠲᠠᠯ᠎ᠠ᠂ ᠪᠦᠬᠦ ᠬᠤᠲᠠ ᠶᠢᠨ 22 ᠭᠠᠴᠠᠭ᠎ᠠ ᠪᠠ | 67 ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠬᠤᠭᠤᠴᠠᠭ᠎ᠠ ᠰᠣᠯᠢᠬᠤ ᠠᠵᠢᠯ ᠢ ᠲᠥᠪᠯᠡᠷᠡᠭᠦᠯᠦᠨ ᠬᠢᠬᠦ | ᠪᠣᠯᠤᠨ᠎ᠠ᠂ ᠡᠨᠡ ᠤᠳᠠᠭᠠᠨ ᠤ ᠬᠤᠭᠤᠴᠠᠭ᠎ᠠ ᠰᠣᠯᠢᠬᠤ ᠨᠢ ᠥᠩᠭᠡᠷᠡᠭᠰᠡᠨ ᠤ ᠬᠢ ᠲᠠᠢ ᠠᠳᠠᠯᠢ ᠦᠭᠡᠢ ᠪᠠᠶᠢᠵᠤ᠂ | ᠲᠤᠰᠢᠶᠠᠯ ᠤᠨ ᠬᠤᠭᠤᠴᠠᠭ᠎ᠠ ᠶᠢ 3 ᠵᠢᠯ ᠪᠠᠶᠢᠭᠰᠠᠨ ᠠᠴᠠ ᠨᠢ 5 ᠵᠢᠯ ᠪᠣᠯᠭᠠᠵᠤ᠂ ᠬᠤᠲᠠ ᠰᠢᠶᠠᠨ ᠰᠢᠶᠠᠩ ᠵᠡᠷᠭᠡᠪᠡᠷ | ᠬᠤᠭᠤᠴᠠᠭ᠎ᠠ ᠰᠣᠯᠢᠨ᠎ᠠ᠃ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠪᠣᠯ ᠪᠦᠬᠦ ᠬᠤᠲᠠ ᠶᠢᠨ ᠦᠨᠳᠦᠰᠦᠨ | ᠱᠠᠲᠤᠨ ᠤ ᠤᠯᠤᠰ ᠲᠥᠷᠦ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠴᠢᠬᠤᠯᠠ ᠰᠠᠭᠤᠷᠢ | ᠴᠢᠨᠠᠷᠲᠠᠢ ᠠᠵᠢᠯ ᠮᠥᠨ᠃ ᠤᠯᠤᠰ ᠲᠥᠷᠥ ᠶᠢᠨ ᠴᠢᠨᠠᠷ᠂ ᠲᠥᠷᠥ ᠶᠢᠨ ᠪᠣᠳᠣᠯᠭ᠎ᠠ ᠶᠢᠨ ᠴᠢᠨᠠᠷ᠂ ᠳᠡᠰ | ᠳᠠᠷᠠᠭᠠᠯᠠᠯ ᠤᠨ ᠴᠢᠨᠠᠷ ᠨᠢ ᠪᠦᠷ ᠮᠠᠰᠢ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠰᠡᠷᠬᠡᠭ ᠴᠢᠨᠠᠷ ᠢᠶᠠᠷ | ᠥᠨᠳᠥᠷ ᠪᠠᠶᠢᠵᠤ᠂ ᠣᠯᠠᠨ ᠲᠦᠮᠡᠨ ᠪᠠ ᠨᠡᠶᠢᠭᠡᠮ ᠨᠡᠶᠢᠲᠡ ᠪᠠᠷ ᠢᠶᠠᠨ ᠴᠦᠮ ᠠᠩᠬᠠᠷᠤᠯ ᠲᠠᠯᠪᠢᠵᠤ᠂ ᠢᠯᠠᠩᠭᠤᠶ᠎ᠠ | ᠪᠦᠬᠦ ᠬᠤᠲᠠ ᠪᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠡᠬᠢᠯᠡᠭᠦᠯᠵᠦ᠂ ᠬᠥᠳᠡᠭᠡ ᠲᠣᠰᠬᠤᠨ ᠤ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠵᠤ ᠪᠠᠶᠢᠭ᠎ᠠ ᠵᠠᠩᠭᠢᠯᠠᠭ᠎ᠠ ᠶᠢᠨ | ᠴᠠᠭ ᠦᠶ᠎ᠡ ᠳᠤ ᠲᠣᠬᠢᠶᠠᠯᠳᠣᠭᠰᠠᠨ ᠪᠠᠶᠢᠨ᠎ᠠ᠃ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠰᠢᠯᠢᠳᠡᠭ ᠢ ᠨᠢ ᠰᠣᠩᠭᠤᠵᠣ ︽ᠬᠤᠶᠠᠷ ᠵᠥᠪᠯᠡᠯ︾ ᠤᠨ | ᠤᠳᠤᠷᠢᠳᠬᠤ ᠪᠠᠭ ᠢ ᠬᠦᠴᠦᠷᠬᠡᠭ ᠪᠣᠯᠭᠠᠵᠣ᠂ ᠨᠠᠮ ᠤᠨ ᠲᠥᠷᠥ ᠪᠠᠷᠢᠬᠤ ᠰᠠᠭᠤᠷᠢ ᠶᠢ ᠪᠠᠲᠤᠳᠬᠠᠵᠤ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠦᠨᠳᠦᠰᠦᠨ ᠱᠠᠳᠤ ᠲᠡᠰᠢ ᠤᠷᠲᠤᠳᠬᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ | ᠠᠬᠤᠢ ᠶᠢ ᠴᠡᠪᠡᠷᠰᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠠᠩ ᠱᠦᠵᠢ ᠪᠦᠬᠦ ᠬᠤᠲᠠ ᠶᠢᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠴᠢᠩᠭ᠎ᠠ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠭᠤᠤᠯᠳᠠᠯᠭ᠎ᠠ ᠲᠠᠢ ᠡᠭᠦᠷᠭᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢ ᠣᠨᠣᠪᠴᠢᠲᠠᠶ ᠡᠵᠡᠮᠰᠢᠵᠦ᠂ ᠨᠢᠭᠡ ᠨᠢᠭᠡ ᠠᠯᠬᠤᠮ ᠢᠶᠠᠷ ᠠᠬᠢᠭᠤᠯᠵᠤ᠂ ᠨᠢᠭᠡ ᠨᠢᠭᠡ ᠳᠡᠰ ᠳᠠᠷᠠᠭᠠᠯᠠᠯ | ᠢᠶᠠᠷ ᠭᠦᠢᠴᠡᠳᠬᠡᠵᠦ᠂ ᠳᠡᠰ ᠳᠠᠷᠠᠭᠠᠯᠠᠯ ᠢ ᠲᠡᠷᠡ ᠬᠡᠪ ᠢᠶᠠᠷ ᠨᠢ ᠭᠦᠢᠴᠡᠳᠬᠡᠵᠦ᠂ ᠵᠢᠷᠤᠮᠯᠠᠬᠤ ᠠᠯᠬᠤᠮ | ᠳᠠᠷᠠᠭ᠎ᠠ ᠶᠢ ᠬᠠᠰᠤᠬᠤ ᠦᠭᠡᠢ᠂ ᠬᠡᠷᠡᠭᠵᠢᠭᠦᠯᠬᠦ ᠬᠠᠤᠯᠢ ᠲᠣᠭᠲᠠᠭᠠᠯ ᠢ ᠬᠤᠪᠢᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠰᠣᠩᠭᠤᠭᠤᠯᠢ ᠶᠢᠨ ᠪᠦᠬᠦ ᠶᠠᠪᠤᠴᠠ ᠶᠢᠨ ᠨᠢᠭᠲᠠ ᠤᠶᠠᠯᠳᠤᠵᠤ᠂ ᠡᠮᠬᠢ ᠵᠢᠷᠤᠮ ᠲᠠᠢ ᠶᠠᠪᠤᠭᠳᠠᠬᠤ ᠶᠢ | ᠦᠨᠡᠨ ᠬᠦ ᠪᠠᠲᠤᠯᠠᠨ᠎ᠠ᠃ ᠬᠥᠮᠦᠨ ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠠᠳᠬᠤᠵᠤ᠂ ᠤᠯᠤᠰ ᠲᠥᠷᠥ ᠶᠢᠨ ᠪᠣᠭᠤᠮᠲᠠ᠂ | ᠣᠪᠣᠷ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ ᠶᠢ ᠭᠤᠣᠯᠳᠠᠯᠭ᠎ᠠ ᠲᠠᠢ ᠠᠳᠬᠤᠵᠤ᠂ ᠬᠥᠮᠦᠨ | ᠰᠣᠩᠭᠤᠬᠤ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠤᠨ ᠤᠳᠤᠷᠢᠳᠬᠤ ᠪᠠᠭ ᠲᠤ ᠰᠢᠯᠢᠳᠡᠭ ᠢ ᠨᠢ ᠰᠤᠩᠭᠤᠵᠤ ᠬᠦᠴᠦᠷᠬᠡᠭ ᠢ ᠨᠢ ᠲᠣᠬᠢᠷᠠᠭᠤᠯᠵᠤ | ᠂ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠬᠢᠵᠦ᠂ ᠠᠵᠢᠯᠲᠠᠨ ᠤ ᠦᠨᠳᠦᠰᠦᠨ ᠪᠠᠶᠢᠳᠠᠯ ᠢ ᠲᠣᠳᠣᠷᠬᠠᠶ | ᠣᠶᠢᠯᠠᠭᠠᠵᠤ᠂ ᠦᠨᠳᠦᠰᠦᠨ ᠱᠠᠲᠤᠨ ᠤ ᠵᠥᠭᠡᠯᠡᠨ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ ᠶᠢ | ᠦᠭᠡᠶᠢᠰᠬᠡᠬᠦ ᠡᠷᠴᠢᠮ ᠢ ᠦᠨᠡᠨ ᠬᠦ ᠴᠢᠩᠭᠠᠷᠠᠭᠤᠯᠵᠤ᠂ ᠡᠳ᠋ ᠤᠨ ᠶᠠᠪᠤᠳᠠᠯ ᠤᠨ ᠳᠠᠩᠰᠠ ᠬᠠᠷ᠎ᠠ ᠶᠢ ᠢᠯᠭᠠᠷᠠᠭᠤᠯᠤᠨ | ᠪᠠᠶᠢᠴᠠᠭᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠨ᠎ᠡ᠃ ᠬᠤᠭᠤᠴᠠᠭ᠎ᠠ ᠰᠣᠯᠢᠬᠤ ᠰᠠᠬᠢᠯᠭ᠎ᠠ | ᠪᠠᠲᠤ ᠶᠢ ᠲᠣᠭᠲᠠᠭᠠᠵᠤ᠂ ᠰᠠᠬᠢᠯᠭ᠎ᠠ ᠪᠠᠲᠤ ᠶᠢᠨ ᠬᠥᠮᠦᠵᠢᠯ ᠢ ᠡᠷᠬᠡᠪᠰᠢ ᠲᠡᠷᠢᠭᠦᠨ ᠳᠤ ᠲᠠᠯᠪᠢᠵᠤ᠂ ᠬᠡᠪ ᠰᠤᠷᠲᠠᠯ ᠳᠤ | ᠬᠢᠨᠠᠯᠲᠠ ᠲᠠᠯᠪᠢᠬᠤ ᠶᠢ ᠡᠷᠬᠡᠪᠰᠢ ᠪᠦᠬᠦ ᠶᠠᠪᠤᠴᠠ ᠳᠤ ᠲᠤᠭᠤᠰᠢᠯᠠᠭᠤᠯᠵᠤ᠂ ᠬᠠᠷᠢᠭᠤᠴᠠᠯᠭ᠎ᠠ ᠨᠡᠬᠡᠮᠵᠢᠯᠡᠭᠰᠡᠨ | ᠠᠰᠠᠭᠤᠳᠠᠯ ᠢ ᠡᠷᠬᠡᠪᠰᠢ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠵᠦ᠂ ᠨᠠᠮ᠂ ᠣᠯᠠᠨ ᠲᠦᠮᠡᠨ᠂ ᠠᠵᠢᠯ | ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠶᠡᠭᠡ | ᠠᠴᠢ ᠬᠤᠯᠪᠣᠭᠳᠠᠯ ᠢ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠲᠠᠯ᠎ᠠ ᠪᠠᠷ ᠰᠡᠷᠭᠡᠭ᠂ ᠲᠠᠨᠢᠯᠲᠠ ᠶᠢᠨ | ᠲᠠᠯ᠎ᠠ ᠪᠠᠷ ᠳᠡᠭᠡᠭᠰᠢᠯᠡᠯᠲᠡ ᠲᠠᠢ᠂ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠲᠠᠢ ᠪᠠᠶᠢᠵᠤ᠂ ᠬᠤᠭᠤᠴᠠᠭ᠎ᠠ ᠰᠣᠯᠢᠬᠤ | ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠤᠲᠠ ᠰᠢᠶᠠᠨ ᠰᠢᠶᠠᠩ ᠤᠨ ᠬᠤᠭᠤᠴᠠᠭ᠎ᠠ | ᠰᠣᠯᠢᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠬᠡᠵᠦ ᠴᠢᠬᠤᠯᠠᠴᠢᠯᠠᠪᠠ᠃ | ᠡᠶᠢᠮᠦ ᠠᠴᠠ ᠪᠢᠳᠠ ᠵᠠᠪᠠᠯ ᠤᠯᠤᠰ ᠲᠦᠷᠦ ᠶᠢ ᠡᠷᠬᠢᠮᠯᠡᠬᠦ᠂ ᠪᠦᠬᠦ ᠲᠠᠯ᠎ᠠ ᠶᠢ ᠡᠷᠬᠢᠮᠯᠡᠬᠦ ᠦᠨᠳᠦᠷᠴᠡ ᠠᠴᠠ ᠡᠨᠡ | ᠤᠳᠠᠭᠠᠨ ᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠤᠭᠤᠴᠠᠭ᠎ᠠ ᠰᠣᠯᠢᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠬᠤᠶᠠᠷ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ | ᠪᠠᠳᠠᠷᠠᠭᠤᠯᠵᠤ᠂ ᠬᠤᠭᠤᠴᠠᠭ᠎ᠠ ᠰᠣᠯᠢᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠦᠨ᠎ᠡ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠲᠡ ᠳᠤ᠂ ᠨᠡᠶᠢᠭᠡᠮ ᠵᠢᠷᠤᠮ ᠤᠨ ᠠᠷᠠᠳᠴᠢᠯᠠᠭᠰᠠᠨ | ᠤᠯᠤᠰ ᠲᠥᠷᠥ ᠶᠢ ᠬᠥᠭᠵᠢᠭᠦᠯᠬᠦ ᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠠᠷᠠᠳ ᠲᠦᠮᠡᠨ ᠡᠵᠡᠨ | ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠪᠣᠯ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ | ᠪᠣᠯᠤᠨ᠎ᠠ᠂ ᠡᠷᠬᠡᠪᠰᠢ ᠡᠨᠡ ᠬᠦ ᠴᠢᠬᠤᠯᠠ ᠵᠣᠷᠢᠭ ᠰᠠᠨᠠᠭ᠎ᠠ ᠶᠢ ᠬᠤᠭᠤᠴᠠᠭ᠎ᠠ ᠰᠣᠯᠢᠬᠤ ᠠᠵᠢᠯ ᠳᠤᠮᠳᠠ | ᠲᠤᠭᠤᠰᠢᠯᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠪᠠ ᠪᠣᠭᠤᠮᠳᠠ | ᠠᠳᠬᠤᠬᠤ ᠦᠢᠯᠡᠳᠦᠯ ᠢ ᠴᠢᠩᠭᠠᠷᠠᠭᠤᠯᠤᠨ᠂ ᠨᠠᠮ ᠤᠨ ᠤᠳᠤᠷᠢᠳᠤᠯᠭ᠎ᠠ ᠶᠢ ᠦᠨᠳᠦᠰᠦᠨ ᠪᠠᠲᠤᠯᠠᠭ᠎ᠠ ᠪᠣᠯᠭᠠᠨ | ᠢᠮᠠᠭᠲᠠ ᠲᠤᠭᠤᠰᠢᠯᠠᠭᠤᠯᠤᠨ᠎ᠠ᠃ ᠣᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠡᠮᠬᠢ ᠵᠢᠷᠤᠮ ᠲᠠᠢ ᠪᠠᠷ ᠤᠯᠤᠰ | ᠲᠥᠷᠥ ᠳᠤ ᠣᠷᠣᠯᠴᠠᠭᠤᠯᠬᠤ ᠮᠦᠷᠲᠡᠭᠡᠨ ᠪᠠᠰᠠ ᠬᠠᠤᠯᠢ ᠲᠣᠭᠲᠠᠭᠠᠯ ᠶᠣᠰᠣᠭᠠᠷ ᠬᠡᠷᠡᠭ ᠡᠷᠬᠢᠯᠡᠬᠦ ᠶᠢ ᠴᠢᠩᠳᠠᠯᠠᠵᠤ᠂ | ᠬᠤᠭᠤᠴᠠᠭ᠎ᠠ ᠰᠣᠯᠢᠬᠤ ᠠᠵᠢᠯ ᠢ ᠤᠯᠤᠰ ᠲᠥᠷᠥ ᠶᠢᠨ ᠬᠦᠷᠢᠶ᠎ᠡ ᠬᠡᠪᠴᠢᠶ᠎ᠡ ᠪᠠ ᠬᠠᠤᠯᠢ ᠴᠠᠭᠠᠵᠠ ᠶᠢᠨ | ᠵᠢᠷᠤᠮᠵᠢᠯ ᠤᠨ ᠬᠡᠪᠴᠢᠶᠡᠨ ᠳᠣᠲᠣᠷ᠎ᠠ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠪᠣᠳᠠᠲᠠᠶ ᠠᠵᠢᠯ ᠤᠨ ᠳᠤᠮᠳᠠ᠂ ᠵᠠᠪᠠᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠭᠠᠴᠠᠭ᠎ᠠ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠲᠤᠬᠠᠶ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠪᠠᠷᠢᠮᠲᠠᠯᠠᠨ ᠬᠡᠷᠡᠭᠵᠢᠭᠦᠯᠵᠦ᠂ ᠲᠣᠭᠲᠠᠭᠠᠭᠰᠠᠨ ᠳᠡᠰ ᠳᠠᠷᠠᠭᠠᠯᠠᠯ ᠢ | ᠬᠤᠪᠢᠷᠠᠭᠤᠯᠬᠤ ᠥᠬᠡᠶ᠂ ᠶᠠᠪᠤᠬᠤ ᠶᠣᠰᠣᠲᠠᠶ ᠠᠯᠬᠤᠮ ᠳᠠᠷᠠᠭ᠎ᠠ ᠶᠢ ᠪᠠᠭᠠᠰᠬᠠᠬᠤ ᠥᠬᠡᠶ ᠪᠠᠶᠢᠵᠤ᠂ ᠬᠤᠭᠤᠴᠠᠭ᠎ᠠ | ᠰᠣᠯᠢᠬᠤ ᠠᠵᠢᠯ ᠤᠨ ᠬᠠᠤᠯᠢ ᠶᠣᠰᠣᠭᠠᠷ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠰᠤᠮᠤ ᠶᠢᠨ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ | ᠠᠵᠢᠯ ᠢ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠬᠤ ᠬᠡᠷᠡᠭᠲᠡᠶ᠃ ᠨᠠᠮ ᠤᠨ ᠬᠤᠷᠢᠶᠠᠨ ᠤ ᠱᠦᠵᠢ ᠰᠢᠭᠤᠳ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠥᠪᠡᠷ ᠤᠨ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠭᠤᠤᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠲᠤᠪᠤᠶᠢᠮ᠎ᠠ ᠠᠰᠠᠭᠤᠳᠠᠯ ᠢ ᠴᠠᠭ | ᠲᠤᠬᠠᠶ ᠳᠤᠨᠢ ᠰᠢᠢᠳᠪᠦᠷᠢᠯᠡᠨ᠎ᠡ᠃ ᠵᠢᠱᠢᠭᠳᠡᠭᠴᠢ ᠶᠢᠨ ᠤᠯᠤᠰ ᠲᠦᠷᠦ ᠶᠢᠨ ᠪᠣᠭᠤᠮᠲᠠ᠂ ᠴᠢᠳᠠᠪᠤᠷᠢ ᠶᠢᠨ ᠪᠣᠭᠤᠮᠲᠠ᠂ | ᠵᠠᠩ ᠰᠤᠷᠲᠠᠯ ᠤᠨ ᠪᠣᠭᠤᠮᠲᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠪᠣᠯᠤᠨ ᠤᠯᠠᠨ | ᠲᠦᠮᠡᠨ ᠤ ᠬᠦᠰᠡᠯ ᠰᠠᠨᠠᠭ᠎ᠠ ᠶᠢᠨ ᠨᠢᠭᠡᠳᠦᠯ ᠢ ᠪᠡᠶᠡᠯᠡᠭᠦᠯᠦᠨ᠎ᠡ᠃ | ᠬᠤᠶᠠᠷ ᠲᠤ᠂ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠯᠠᠨ | ᠲᠦᠮᠡᠨ ᠤ ᠠᠷᠠᠳᠴᠢᠯᠠᠯ ᠤᠨ ᠡᠷᠬᠡ ᠶᠢ ᠭᠦᠢᠴᠡᠳ ᠪᠠᠲᠤᠯᠠᠬᠤ ᠬᠡᠷᠡᠭᠲᠡᠶ᠃ ᠭᠠᠴᠠᠭ᠎ᠠ᠂ ᠨᠡᠶᠢᠭᠡᠮ ᠲᠣᠭᠤᠷᠢᠭ ᠤᠨ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠣᠯ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ | ᠲᠥᠷᠥ ᠶᠢᠨ ᠪᠠᠶᠢᠭᠤᠯᠤᠯᠲᠠ ᠳᠠᠬᠢ ᠭᠤᠤᠯ ᠢᠯᠡᠷᠡᠯ ᠪᠣᠯᠤᠨ ᠪᠡᠶᠡᠯᠡᠯᠲᠡ ᠶᠢᠨ ᠠᠷᠭ᠎ᠠ ᠵᠠᠮ ᠪᠣᠯᠤᠨ᠎ᠠ᠂ ᠨᠠᠮ ᠤᠨ | ᠭᠡᠰᠢᠭᠦᠨ ᠤᠯᠠᠨ ᠲᠦᠮᠡᠨ ᠢ ᠥᠷᠭᠡᠨ ᠢᠶᠠᠷ ᠲᠠᠶᠢᠴᠢᠯᠠᠵᠦ᠂ ᠡᠮᠬᠢ ᠵᠢᠷᠤᠮ ᠲᠠᠢ ᠪᠠᠷ ᠤᠯᠤᠰ ᠲᠦᠷᠦ ᠳᠤ | ᠣᠷᠣᠯᠴᠠᠬᠤ ᠶᠢ ᠦᠷᠭᠡᠳᠬᠡᠵᠦ᠂ ᠨᠠᠮ ᠤᠨ ᠭᠡᠰᠢᠭᠦᠨ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ | ᠬᠦᠨᠳᠦᠳᠬᠡᠬᠦ ᠬᠡᠷᠡᠭᠲᠡᠢ᠃ ᠳᠡᠰ ᠳᠠᠷᠠᠭᠠᠯᠠᠯ ᠢ ᠵᠢᠷᠣᠮᠵᠢᠭᠤᠯᠬᠤ ᠪᠠ ᠡᠷᠬᠡ ᠲᠡᠭᠰᠢ ᠲᠥᠪ ᠭᠤᠣᠯᠴᠢ ᠪᠠᠶᠢᠬᠤ ᠪᠠᠷ | ᠳᠠᠮᠵᠢᠭᠤᠯᠤᠨ ᠨᠠᠮ ᠤᠨ ᠭᠡᠰᠢᠭᠦᠨ ᠣᠯᠠᠨ ᠲᠦᠮᠡᠨ ᠤ ᠠᠷᠠᠳᠴᠢᠯᠠᠯ ᠤᠨ ᠡᠷᠬᠡ ᠶᠢ ᠪᠠᠲᠤᠯᠠᠵᠤ᠂ ᠬᠤᠭᠤᠴᠠᠭ᠎ᠠ | ᠰᠣᠯᠢᠬᠤ ᠶᠠᠪᠤᠴᠠ ᠶᠢ ᠠᠷᠠᠳᠴᠢᠯᠠᠯ ᠢ ᠪᠠᠳᠠᠷᠠᠭᠤᠯᠬᠤ ᠶᠠᠪᠤᠴᠠ ᠪᠣᠯᠭᠠᠵᠤ᠂ ᠨᠠᠮ ᠤᠨ ᠭᠡᠰᠢᠭᠦᠨ ᠤᠯᠠᠨ ᠲᠦᠮᠡᠨ ᠤ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ | ᠨᠠᠮ ᠤᠨ ᠭᠡᠰᠢᠭᠦᠨ ᠣᠯᠠᠨ ᠲᠦᠮᠡᠨ ᠢ ᠬᠦᠮᠦᠵᠢᠭᠦᠯᠵᠦ᠂ ᠠᠷᠠᠳᠴᠢᠯᠠᠯ ᠪᠠ ᠲᠥᠪᠯᠡᠷᠡᠯ᠂ ᠡᠷᠬᠡ ᠪᠠ ᠡᠭᠦᠷᠭᠡ ᠶᠢᠨ | ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠦᠨᠳᠦᠰᠦᠨ ᠱᠠᠲᠤᠨ ᠤ ᠠᠷᠠᠳᠴᠢᠯᠠᠯ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠠᠷᠠᠳ ᠤᠨ ᠰᠠᠨᠠᠭ᠎ᠠ ᠶᠢ ᠭᠦᠢᠴᠡᠳ ᠢᠯᠡᠷᠡᠭᠦᠯᠵᠦ᠂ ᠠᠷᠠᠳ ᠤᠨ ᠰᠡᠳᠬᠢᠯ ᠢ ᠨᠡᠩ ᠰᠠᠶᠢᠲᠤᠷ | ᠲᠥᠪᠯᠡᠷᠡᠭᠦᠯᠦᠨ᠎ᠡ᠃ | ᠭᠤᠷᠪᠠ ᠳᠤ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠠᠵᠢᠯ ᠤᠨ | ᠡᠷᠡᠭᠦᠯ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠵᠢᠷᠤᠮ ᠨᠢ ᠴᠢᠩᠭ᠎ᠠ ᠨᠢᠮᠪᠠᠶ | ᠪᠠᠶᠢᠬᠤ ᠡᠰᠡᠬᠦ ᠨᠢ ᠬᠤᠭᠤᠴᠠᠭ᠎ᠠ ᠰᠣᠯᠢᠬᠤ ᠠᠵᠢᠯ ᠤᠨ ᠠᠮᠵᠢᠯᠲᠠ ᠣᠯᠵᠣ ᠴᠢᠳᠠᠬᠤ ᠡᠰᠡᠭᠦ ᠲᠠᠢ ᠰᠢᠭᠤᠳ | ᠬᠤᠯᠪᠣᠭᠳᠠᠵᠤ᠂ ᠨᠢᠭᠡᠨ ᠵᠢᠵᠢᠭᠬᠡᠨ ᠠᠯᠳᠠᠰᠢ ᠭᠠᠷᠭᠠᠪᠠᠯ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ | ᠭᠠᠷᠴᠤ ᠮᠡᠳᠡᠨ᠎ᠡ᠃ ᠪᠢᠳᠡ ᠲᠥᠪ ᠤᠨ ᠵᠣᠬᠢᠶᠠᠨ ᠪᠠᠶᠢᠭᠤᠯᠬᠤ ᠭᠡᠯᠳᠡᠰ᠂ ᠠᠷᠠᠳ ᠤᠨ ᠶᠠᠪᠤᠳᠠᠯ ᠤᠨ ᠶᠠᠮᠤᠨ ᠤ ︽ | ᠲᠤᠰᠬᠤᠨ ᠤ ︿ᠬᠤᠶᠠᠷ ᠵᠥᠪᠯᠡᠯ﹀ ᠤᠨ ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠭᠠᠷ ᠳᠡᠪᠲᠡᠷ ︵ | 2020 ᠣᠨ ᠤ ᠬᠡᠪᠯᠡᠯ︶︾᠂ ᠥᠪᠡᠷᠲᠡᠭᠡᠨ ᠵᠠᠰᠠᠬᠤ ᠣᠷᠣᠨ ᠤ ︽ᠬᠤᠭᠤᠴᠠᠭ᠎ᠠ ᠰᠣᠯᠢᠬᠤ ᠠᠵᠢᠯ ᠤᠨ | ᠵᠢᠯᠣᠭᠤᠳᠬᠤ ᠭᠠᠷ ᠳᠡᠪᠲᠡᠷ︾ ᠪᠣᠯᠤᠨ ︽100 ᠠᠰᠠᠭᠤᠯᠲᠠ︾ ᠶᠢ ᠲᠠᠷᠬᠠᠭᠠᠬᠤ ᠪᠠ ᠬᠤᠲᠠ ᠠᠴᠠ ᠪᠠᠰᠠ ︽ | ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ ᠪᠣᠳᠠᠲᠠᠢ ᠱᠠᠭᠠᠷᠳᠠᠯᠭ᠎ᠠ ᠳᠤᠷᠠᠳᠴᠤ᠂ ᠡᠯ᠎ᠡ ᠰᠤᠮᠤ | ᠪᠠᠯᠭᠠᠰᠤᠨ ᠤ ᠠᠵᠢᠯ ᠢᠶᠠᠨ ᠰᠠᠶᠢᠲᠤᠷ ᠬᠢᠬᠦ ᠳᠤ ᠳᠣᠳᠣᠷᠬᠠᠢ ᠲᠡᠰ ᠲᠠᠷᠠᠭᠠᠯᠠᠯ ᠤᠨ ᠯᠠᠪᠯᠠᠯᠲᠠ ᠪᠣᠯᠤᠨ ᠵᠢᠷᠤᠮᠵᠢᠭᠰᠠᠨ | ᠬᠡᠷᠡᠭᠵᠢᠭᠦᠯᠬᠦ ᠵᠢᠷᠤᠭ ᠢ ᠬᠠᠩᠭᠠᠵᠠᠶ᠃ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ | ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠦ᠂ ᠪᠣᠳᠠᠲᠠᠶ ᠬᠡᠷᠡᠭᠵᠢᠭᠦᠯᠬᠦ ᠳᠤᠮᠳᠠ ᠪᠠᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠴᠢᠩᠭ᠎ᠠ ᠵᠢᠷᠤᠮᠯᠠᠨ | ᠰᠣᠩᠭᠤᠭᠤᠯᠢ ᠶᠢᠨ ᠳᠡᠰ ᠳᠠᠷᠠᠭᠠᠯᠠᠯ ᠪᠣᠯᠤᠨ ᠠᠷᠭ᠎ᠠ ᠪᠠᠷᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠬᠤᠭᠤᠴᠠᠭ᠎ᠠ ᠰᠣᠯᠢᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ | ᠡᠵᠡᠮᠰᠢᠵᠦ᠂ ᠨᠢᠭᠡ ᠨᠢᠭᠡ ᠠᠯᠬᠤᠮ ᠢᠶᠠᠷ ᠲᠦᠯᠬᠢᠨ ᠠᠬᠢᠭᠤᠯᠵᠤ᠂ ᠨᠢᠭᠡ ᠨᠢᠭᠡ ᠳᠡᠰ ᠳᠠᠷᠠᠭᠠᠯᠠᠯ ᠢᠶᠠᠷ | ᠬᠡᠷᠡᠭᠵᠢᠭᠦᠯᠵᠦ᠂ ᠭᠤᠭᠴᠤᠭ᠎ᠠ ᠶᠢ ᠨᠡᠶᠢᠯᠡᠭᠦᠯᠦᠨ ᠬᠠᠰᠤᠵᠤ ᠪᠣᠯᠬᠤ ᠦᠭᠡᠢ᠂ ᠰᠣᠩᠭᠤᠭᠤᠯᠢ ᠶᠢᠨ ᠳᠡᠰ | ᠳᠠᠷᠠᠭᠠᠯᠠᠯ ᠤᠨ ᠬᠠᠤᠯᠢ ᠶᠣᠰᠣᠨ ᠳᠤ ᠨᠡᠶᠢᠴᠡᠬᠦ᠂ ᠶᠠᠪᠤᠴᠠ ᠨᠢ ᠢᠯᠡ ᠲᠣᠳᠣ᠂ ᠦᠷ᠎ᠡ ᠳ᠋ᠦᠩ ᠨᠢ ᠬᠦᠴᠦᠨ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠭᠤᠷᠪᠠ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠲᠥᠪ ᠴᠢᠬᠡᠴᠢ | ᠣᠷᠴᠢᠨ ᠲᠣᠭᠤᠷᠢᠨ ᠢ ᠪᠣᠢ ᠪᠣᠯᠭᠠᠨ᠎ᠠ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠥᠪ ᠴᠢᠬᠡᠴᠢ ᠪᠠᠶᠢᠬᠤ ᠡᠰᠡᠬᠦ ᠨᠢ ᠬᠤᠭᠤᠴᠠᠭ᠎ᠠ ᠰᠣᠯᠢᠬᠤ ᠠᠵᠢᠯ ᠤᠨ | ᠠᠮᠵᠢᠯᠲᠠ ᠣᠯᠵᠣ ᠴᠢᠳᠠᠬᠤ ᠡᠰᠡᠭᠦ ᠲᠠᠢ ᠰᠢᠭᠤᠳ ᠬᠤᠯᠪᠣᠭᠳᠠᠨ᠎ᠠ᠃ ᠰᠠᠬᠢᠯᠭ᠎ᠠ ᠪᠠᠲᠤ ᠪᠣᠯᠤᠨ ᠳᠦᠷᠢᠮ | ᠲᠣᠭᠲᠠᠭᠠᠯ ᠢ ᠲᠡᠷᠢᠭᠦᠨ ᠳᠤ ᠲᠠᠯᠪᠢᠵᠤ᠂ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ᠂ ᠤᠷᠢᠳᠴᠢᠯᠠᠨ | ᠰᠡᠷᠡᠮᠵᠢᠯᠡᠭᠦᠯᠬᠦ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ | ᠪᠠᠲᠤᠯᠠᠵᠤ᠂ ᠡᠯ᠎ᠡ ᠲᠥᠷᠥᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠬᠡᠴᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠨᠢᠭᠡ ᠳᠤ᠂ ᠤᠬᠠᠭᠤᠯᠭ᠎ᠠ ᠬᠥᠮᠦᠵᠢᠯ ᠢ ᠨᠡᠶᠢᠳᠡᠮ ᠪᠦᠷᠭᠦᠭᠦᠯᠦᠨ᠎ᠡ᠃ ᠡᠯ᠎ᠡ ᠵᠦᠢᠯ ᠤᠨ ᠤᠬᠠᠭᠤᠯᠭ᠎ᠠ ᠶᠢᠨ | ᠵᠠᠭᠤᠴᠢ ᠪᠠᠷ ᠳᠠᠮᠵᠢᠭᠤᠯᠤᠨ᠂ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠪᠣᠳᠠᠲᠠᠢ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠬᠤᠭᠤᠴᠠᠭ᠎ᠠ ᠰᠣᠯᠢᠬᠤ | ᠰᠠᠬᠢᠯᠭ᠎ᠠ ᠪᠠᠲᠤ ᠵᠥᠷᠢᠴᠡᠭᠰᠡᠨ ᠪᠣᠳᠠᠲᠠᠶ ᠪᠠᠶᠢᠳᠠᠯ ᠢ ᠲᠣᠳᠣᠷᠬᠠᠢ ᠪᠣᠯᠭᠠᠨ᠂ ᠨᠠᠮ ᠤᠨ ᠭᠡᠰᠢᠭᠦᠨ ᠣᠯᠠᠨ | ᠲᠦᠮᠡᠨ ᠳᠤ ᠶᠠᠮᠠᠷ ᠶᠠᠮᠠᠷ ᠳᠡᠰ ᠳᠠᠷᠠᠭᠠᠯᠠᠯ᠂ ᠦᠢᠯᠡ ᠠᠵᠢᠯᠯᠠᠭ᠎ᠠ ᠨᠢ ᠬᠠᠤᠯᠢ ᠳᠤ ᠨᠡᠶᠢᠴᠡᠬᠦ᠂ ᠶᠠᠮᠠᠷ ᠶᠠᠮᠠᠷ ᠲᠠᠰ | ᠳᠠᠷᠠᠭᠠᠯᠠᠯ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢ ᠮᠡᠳᠡᠭᠦᠯᠬᠦ ᠬᠡᠷᠡᠭᠲᠡᠶ᠃ ᠥᠷᠭᠡᠨ ᠤᠯᠠᠨ | ᠲᠦᠮᠡᠨ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠠᠷᠠᠳᠴᠢᠯᠠᠯ ᠬᠠᠤᠯᠢ ᠪᠠᠷ ᠵᠠᠰᠠᠬᠤ ᠤᠬᠠᠮᠰᠠᠷ ᠢ ᠨᠢ | ᠴᠢᠩᠭᠠᠳᠬᠠᠵᠤ᠂ ᠬᠠᠯᠠᠭᠤᠮᠰᠤᠭ ᠢᠶᠠᠷ ᠣᠷᠣᠯᠴᠠᠬᠤ᠂ ᠣᠶᠤᠨᠴᠢ ᠪᠠᠷ ᠣᠷᠣᠯᠴᠠᠬᠤ᠂ ᠬᠠᠤᠯᠢ ᠶᠣᠰᠣᠭᠠᠷ | ᠣᠷᠣᠯᠴᠠᠬᠤ ᠶᠢ ᠪᠡᠶᠡᠯᠡᠭᠦᠯᠦᠨ᠎ᠡ᠃ ᠰᠤᠮᠤᠨ ᠤ ᠨᠠᠮ ᠤᠨ ᠬᠤᠷᠢᠶ᠎ᠠ ᠨᠢ ᠵᠢᠱᠢᠭᠳᠡᠭᠰᠡᠳ ᠲᠠᠢ ᠰᠡᠳᠬᠢᠯ ᠰᠠᠨᠠᠭ᠎ᠠ ᠪᠠᠨ | ᠰᠣᠯᠢᠯᠴᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠠᠯᠠᠯᠲᠠ ᠶᠢᠨ ᠪᠢᠴᠢᠭ ᠵᠡᠷᠭᠡ ᠲᠦᠷᠢᠮ ᠢ | ᠲᠣᠭᠲᠠᠭᠠᠵᠤ᠂ ᠲᠡᠳᠡᠨ ᠢ ᠱᠠᠭᠠᠷᠳᠠᠵᠣ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠠᠤᠯᠢ | ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ᠃ | ᠬᠤᠶᠠᠷ ᠲᠤ᠂ ᠴᠢᠩᠭ᠎ᠠ ᠬᠢᠨᠠᠯᠲᠠ ᠲᠠᠯᠪᠢᠬᠤ ᠶᠢ ᠬᠤᠭᠤᠴᠠᠭ᠎ᠠ ᠰᠣᠯᠢᠬᠤ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | ᠰᠤᠮᠤ ᠶᠢᠨ ᠨᠠᠮ ᠤᠨ ᠬᠤᠷᠢᠶ᠎ᠠ ᠠᠵᠢᠯ ᠤᠨ ᠵᠢᠯᠣᠭᠤᠳᠬᠤ ᠳᠤᠭᠤᠶᠢᠯᠠᠩ ᠲᠣᠮᠢᠯᠠᠵᠤ᠂ ᠵᠢᠯᠣᠭᠤᠳᠬᠤ ᠠᠵᠢᠯ ᠢᠶᠠᠨ | ᠬᠢᠨᠠᠮᠠᠭᠠᠶ ᠥᠷᠨᠢᠭᠦᠯᠵᠦ᠂ ᠬᠤᠭᠤᠴᠠᠭ᠎ᠠ ᠰᠣᠯᠢᠬᠤ ᠠᠵᠢᠯ ᠳᠤ ᠪᠦᠬᠦ ᠶᠠᠪᠤᠴᠠ ᠪᠠᠷ ᠣᠷᠣᠯᠴᠠᠬᠤ ᠬᠡᠷᠡᠭᠲᠡᠶ᠃ | ᠰᠣᠩᠭᠤᠭᠤᠯᠢ ᠶᠢᠨ ᠬᠢᠨᠠᠯᠲᠠ ᠲᠠᠯᠪᠢᠬᠤ ᠵᠥᠪᠯᠡᠯ ᠢ ᠪᠠᠶᠢᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ | ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠤᠷᠢᠵᠤ ᠬᠤᠭᠤᠴᠠᠭ᠎ᠠ ᠰᠣᠯᠢᠬᠤ ᠳᠤ ᠬᠢᠨᠠᠯᠲᠠ ᠲᠠᠯᠪᠢᠭᠴᠢ ᠪᠣᠯᠭᠠᠬᠤ ᠵᠡᠷᠭᠡ | ᠬᠡᠯᠪᠡᠷᠢ ᠪᠠᠷ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠣᠯᠠᠨ ᠲᠦᠮᠡᠨ ᠤ | ᠬᠢᠨᠠᠯᠲᠠ ᠪᠣᠯᠤᠨ ᠨᠡᠶᠢᠭᠡᠮ ᠤᠨ ᠬᠦᠴᠦᠨ ᠤ ᠬᠢᠨᠠᠯᠲᠠ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ | ᠵᠦᠢᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ | ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠡᠷᠲᠡ | ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠠᠳᠡ ᠭᠤᠣᠯᠳᠠᠯᠭ᠎ᠠ ᠲᠠᠢ ᠴᠢᠬᠤᠯᠠᠴᠢᠯᠠᠬᠤ ᠨᠢ ᠡᠨᠡ ᠤᠳᠠᠭᠠᠨ ᠤ | ᠬᠤᠭᠤᠴᠠᠭ᠎ᠠ ᠰᠣᠯᠢᠬᠤ ᠳᠤ ᠤᠷᠢᠳ ᠢᠶᠠᠷ ᠴᠡᠭᠴᠡᠯᠡᠵᠦ ᠳᠠᠷᠠᠭ᠎ᠠ ᠨᠢ ᠬᠤᠭᠤᠴᠠᠭ᠎ᠠ ᠰᠣᠯᠢᠬᠤ ᠶᠢ ᠪᠠᠷᠢᠮᠲᠠᠯᠠᠵᠤ᠂ | ᠴᠡᠭᠴᠡᠯᠡᠬᠦ ᠥᠬᠡᠶ ᠪᠣᠯ ᠬᠤᠭᠤᠴᠠᠭ᠎ᠠ ᠰᠣᠯᠢᠬᠤ ᠥᠬᠡᠶ᠃ ᠭᠤᠣᠯᠳᠠᠯᠭ᠎ᠠ ᠲᠠᠢ ᠬᠦᠴᠢᠷᠳᠡᠯ ᠲᠠᠢ ᠭᠠᠴᠠᠭ᠎ᠠ᠂ | ᠨᠡᠶᠢᠭᠡᠮ ᠲᠣᠭᠤᠷᠢᠭ ᠨᠢ ᠬᠡᠷᠪᠡ ᠬᠤᠭᠤᠴᠠᠭ᠎ᠠ ᠰᠣᠯᠢᠬᠤ ᠠᠵᠢᠯ ᠤᠨ ᠪᠡᠯᠡᠳᠬᠡᠯ ᠢᠶᠠᠨ ᠭᠦᠢᠴᠡᠳ ᠰᠠᠶᠢᠨ ᠬᠢᠵᠦ᠂ | ᠵᠢᠱᠢᠭᠳᠡᠭᠴᠢ ᠨᠢ 80% ᠠᠴᠠ ᠳᠡᠭᠡᠭᠰᠢᠬᠢ ᠨᠠᠮ ᠤᠨ ᠭᠡᠰᠢᠭᠦᠨ ᠣᠯᠠᠨ ᠲᠦᠮᠡᠨ ᠤ ᠳᠡᠮᠵᠢᠯᠭᠡ ᠶᠢ ᠣᠯᠤᠭᠰᠠᠨ | ᠪᠠᠶᠢᠪᠠᠯ᠂ ᠰᠤᠮᠤ ᠰᠢᠶᠠᠩ ᠪᠠᠯᠭᠠᠰᠤ ᠲᠠᠯᠠᠪᠠᠢ ︵ᠵᠡᠭᠡᠯᠢ ᠭᠤᠳᠤᠮᠵᠢ︶ ᠶᠢᠨ ᠭᠤᠤᠯ ᠤᠳᠤᠷᠢᠳᠤᠯᠭ᠎ᠠ᠂ ᠵᠢᠭᠠᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠳᠠᠭᠠᠭᠠᠴᠢᠯᠠᠨ ᠬᠤᠯᠪᠣᠭᠠᠯᠠᠬᠤ ᠭᠠᠵᠠᠷ ᠤᠨ ᠳᠡᠰ ᠤᠨ ᠤᠳᠤᠷᠢᠳᠤᠯᠭ᠎ᠠ | ᠪᠣᠯᠤᠨ ᠬᠤᠲᠠ ᠶᠢᠨ ᠬᠤᠭᠤᠴᠠᠭ᠎ᠠ ᠰᠣᠯᠢᠬᠤ ᠠᠯᠪᠠᠨ ᠭᠡᠷ ᠵᠡᠷᠭᠡ ᠳᠥᠷᠪᠡᠨ ᠱᠠᠲᠤ ᠬᠠᠮᠲᠤᠷᠠᠨ ᠬᠢᠨᠠᠵᠣ᠂ ᠭᠠᠷ ᠤᠨ | ᠦᠰᠦᠭ ᠵᠢᠷᠤᠭᠰᠠᠨ ᠤ ᠳᠠᠷᠠᠭ᠎ᠠ ᠰᠠᠶ᠋ᠢ ᠬᠤᠭᠤᠴᠠᠭ᠎ᠠ ᠰᠣᠯᠢᠬᠤ ᠰᠣᠩᠭᠤᠭᠤᠯᠢ ᠶᠢ ᠡᠬᠢᠯᠡᠭᠦᠯᠵᠦ᠂ ᠠᠵᠢᠯ ᠤᠨ | ᠳᠤᠮᠳᠠ ᠪᠠᠨ ᠣᠯᠠᠨ ᠢᠶᠠᠷ ᠢᠶᠠᠨ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠣᠭᠲᠣᠬᠠᠨ ᠴᠤ ᠢᠯᠳᠠᠷ ᠬᠠᠶᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠳᠤᠮᠳᠠᠬᠢ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠶ᠃ ᠢᠯᠡᠷᠡᠭᠦᠯᠦᠭᠰᠡᠨ ᠳᠤᠪᠤᠶᠢᠮ᠎ᠠ | ᠠᠰᠠᠭᠤᠳᠠᠯ ᠪᠣᠯᠤᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠳᠤ ᠨᠥᠬᠦᠷᠰᠡᠭ ᠢᠶᠠᠷ | ᠬᠠᠨᠳᠣᠵᠣ᠂ ᠢᠯᠡᠴᠢᠯᠡᠯᠲᠡ ᠪᠠᠶᠢᠪᠠᠯ ᠵᠠᠪᠠᠯ ᠪᠠᠶᠢᠴᠠᠭᠠᠵᠤ᠂ ᠪᠠᠶᠢᠴᠠᠭᠠᠯᠲᠠ ᠪᠠᠶᠢᠪᠠᠯ ᠵᠠᠪᠠᠯ ᠲᠣᠳᠣᠷᠬᠠᠶᠢᠯᠠᠬᠤ | ᠬᠡᠷᠡᠭᠲᠡᠢ᠃ ᠦᠢᠯᠡ ᠪᠠᠶᠢᠳᠠᠯ ᠨᠢ ᠪᠣᠳᠠᠲᠠᠶ ᠰᠦᠪᠡᠭᠴᠢ ᠨᠢ ᠲᠣᠳᠣᠷᠬᠠᠶ ᠪᠠᠶᠢᠪᠠᠯ᠂ ᠪᠠᠷᠢᠨ ᠭᠦᠢᠴᠡᠳᠬᠡᠵᠦ ᠪᠠᠷᠢᠨ | ᠳᠠᠭᠤᠰᠬᠠᠵᠤ᠂ ᠲᠦᠷᠭᠡᠨ ᠰᠢᠢᠳᠪᠦᠷᠢᠯᠡᠵᠦ ᠲᠦᠷᠭᠡᠨ ᠬᠠᠷᠢᠭᠤᠯᠬᠤ ᠬᠡᠷᠡᠭᠲᠡᠶ᠃ ᠰᠣᠩᠭᠤᠭᠤᠯᠢ ᠶᠢᠨ ᠪᠢᠯᠧᠲ | ᠲᠠᠲᠠᠵᠤ ᠬᠠᠭ᠋ᠤᠤᠯᠢᠳᠤ ᠰᠣᠩᠭᠤᠭᠤᠯᠢ ᠬᠢᠭᠰᠡᠨ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ | ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠦᠭᠡᠢ ᠣᠪᠣᠷ ᠢᠶᠠᠷ ᠬᠠᠨᠳᠤᠵᠤ᠂ ᠨᠢᠭᠡ ᠶᠢ ᠢᠯᠡᠷᠡᠭᠦᠯᠪᠡᠯ | ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠵᠠᠷᠯᠠᠨ ᠮᠡᠳᠡᠭᠳᠡᠵᠦ ᠴᠢᠩᠭ᠎ᠠ ᠰᠢᠢᠳᠪᠦᠷᠢᠯᠡᠨ᠎ᠡ᠃ | ᠰᠣᠩᠭᠤᠭᠤᠯᠢ ᠶᠢ ᠬᠠᠷᠰᠢᠯᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ᠂ ᠬᠢᠯᠢ ᠶᠢᠨ ᠳᠣᠲᠣᠨ᠎ᠠ ᠭᠠᠳᠠᠨᠠᠬᠢ | ᠳᠠᠶᠢᠰᠤᠩᠨᠠᠭᠴᠢ ᠬᠦᠴᠦᠨ ᠵᠡᠷᠭᠡ ᠶᠢ ᠴᠢᠩᠭ᠎ᠠ ᠰᠡᠷᠭᠡᠶᠢᠯᠡᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠶᠠᠭᠠᠬᠢᠭᠰᠠᠨ | ᠴᠤ ᠨᠠᠶᠢᠷ ᠲᠠᠯᠪᠢᠵᠤ ᠪᠣᠯᠬᠤ ᠦᠭᠡᠢ᠃ ᠬᠤᠭᠤᠴᠠᠭ᠎ᠠ ᠰᠣᠯᠢᠬᠤ ᠬᠡᠪ ᠰᠤᠷᠲᠠᠯ ᠮᠠᠭᠤ ᠪᠠᠶᠢᠵᠤ᠂ ᠬᠦᠨᠳᠦ ᠨᠣᠴᠢᠲᠠᠶ | ᠨᠥᠯᠥᠭᠡ ᠭᠠᠷᠭᠠᠭᠰᠠᠨ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠴᠢᠩᠭ᠎ᠠ ᠨᠡᠬᠡᠮᠵᠢᠯᠡᠨ᠎ᠡ᠃ | ᠬᠠᠮᠤᠭ ᠰᠡᠭᠦᠯ ᠳᠤ᠂ ᠠᠵᠢᠯ ᠢ ᠵᠢᠯᠣᠭᠤᠳᠬᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠪᠠ ᠠᠷᠭ᠎ᠠ | ᠮᠠᠶ᠋ᠢᠭ ᠤᠨ ᠲᠤᠬᠠᠢ ᠤᠯᠠᠨ ᠳᠤ ᠮᠡᠳᠡᠭᠳᠡᠶ᠎ᠡ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠲᠤᠬᠠᠢ᠂ ᠪᠢᠳᠡ | ᠬᠤᠭᠤᠴᠠᠭ᠎ᠠ ᠰᠣᠯᠢᠬᠤ ᠶᠢ ᠡᠬᠢᠯᠡᠭᠦᠯᠬᠦ ᠱᠠᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠶᠢ | ᠬᠡᠷᠡᠭᠵᠢᠭᠦᠯᠬᠦ ᠱᠠᠲᠤ᠂ ᠭᠠᠴᠠᠭ᠎ᠠ ︵ᠰᠠᠭᠤᠭᠠᠯᠢ ᠠᠷᠠᠳ ᠤᠨ︶ ᠶᠢᠨ ᠵᠥᠪᠯᠡᠯ ᠤᠨ ᠬᠤᠭᠤᠴᠠᠭ᠎ᠠ ᠰᠣᠯᠢᠬᠤ ᠶᠢ | ᠬᠡᠷᠡᠭᠵᠢᠭᠦᠯᠬᠦ ᠱᠠᠲᠤ᠂ ᠬᠢᠨᠠᠯᠲᠠ ᠲᠠᠯᠪᠢᠬᠤ ᠵᠥᠪᠯᠡᠯ ᠤᠨ ᠰᠣᠩᠭᠤᠨ ᠲᠠᠨᠢᠯᠴᠠᠭᠤᠯᠬᠤ ᠱᠠᠲᠤ᠂ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠶᠢ ᠳ᠋ᠦᠩᠨᠡᠬᠦ ᠱᠠᠲᠤ ᠵᠡᠷᠭᠡ 5 ᠱᠠᠲᠤ ᠪᠠᠷ ᠠᠵᠢᠯ ᠢᠶᠠᠨ ᠥᠷᠨᠢᠭᠦᠯᠵᠦ᠂ ᠬᠤᠭᠤᠴᠠᠭ᠎ᠠ | ᠰᠣᠯᠢᠬᠤ ᠠᠵᠢᠯ ᠢ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠤᠳᠤᠷᠢᠳᠬᠤ ᠠᠷᠭ᠎ᠠ ᠶᠢᠨ ᠲᠤᠬᠠᠢ᠂ ᠪᠢᠳᠡ ᠪᠥᠬᠦ ᠲᠠᠯ᠎ᠠ ᠪᠠᠷ ᠵᠢᠯᠣᠭᠤᠳᠬᠤ ᠪᠠ ᠭᠤᠤᠯᠳᠠᠯᠭ᠎ᠠ ᠲᠠᠢ ᠰᠢᠪᠠᠳᠠᠨ | ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠤᠷᠠᠯ ᠢ ᠵᠣᠬᠢᠶᠠᠨ ᠪᠠᠶᠢᠭᠤᠯᠬᠤ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠣᠨᠴᠠ ᠵᠠᠷᠢᠮ ᠲᠠᠢ ᠨᠢ ᠶᠠᠷᠢᠯᠴᠠᠬᠤ᠂ ᠰᠤᠷᠪᠤᠯᠵᠢᠯᠠᠨ ᠪᠠᠶᠢᠴᠠᠭᠠᠨ ᠰᠤᠳᠤᠯᠬᠤ᠂ | ᠳᠠᠯᠳᠠᠭᠤᠷ ᠰᠤᠷᠪᠤᠯᠵᠢᠯᠠᠨ ᠣᠶᠢᠯᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠪᠣᠳᠠᠲᠠᠶ ᠪᠠᠶᠢᠳᠠᠯ ᠢ ᠡᠵᠡᠮᠰᠢᠨ᠎ᠡ᠃ | ᠡᠭᠦᠨ ᠤ ᠬᠠᠮᠲᠤ᠂ ᠡᠮᠦᠨᠡᠬᠢ ᠬᠤᠭᠤᠴᠠᠭᠠᠨ ᠤ ᠪᠡᠯᠡᠳᠬᠡᠯ᠂ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠲᠥᠰᠦᠯ | ᠲᠣᠭᠲᠠᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠠᠶᠢᠴᠢᠯᠠᠨ ᠪᠠᠶᠢᠷᠢᠯᠠᠭᠤᠯᠬᠤ᠂ ᠰᠤᠷᠤᠯᠴᠠᠯᠭ᠎ᠠ | ᠪᠣᠯᠪᠠᠰᠤᠷᠠᠭᠤᠯᠤᠯ ᠬᠢᠬᠦ᠂ ᠵᠢᠱᠢᠭᠳᠡᠭᠰᠡᠳ ᠢ ᠵᠣᠬᠢᠶᠠᠨ ᠪᠠᠶᠢᠭᠤᠯᠤᠨ ᠳᠠᠩᠰᠠᠯᠠᠬᠤ᠂ ︽ᠭᠠᠭᠴᠠ ᠬᠦᠮᠦᠨ ᠢᠶᠠᠷ | ᠡᠭᠦᠷᠭᠡᠯᠡᠭᠦᠯᠬᠦ︾ ᠶᠢ ᠠᠬᠢᠭᠤᠯᠬᠤ᠂ ᠡᠮᠡᠭᠲᠡᠶ ᠭᠡᠰᠢᠭᠦᠨ ᠤ ᠲᠤᠰᠬᠠᠶ ᠲᠤᠰᠢᠶᠠᠯ ᠤᠨ ᠲᠤᠰᠬᠠᠶ ᠰᠣᠩᠭᠤᠭᠤᠯᠢ᠂ ᠶᠡᠭᠡ | ᠬᠤᠷᠠᠯ ᠤᠨ ᠰᠣᠩᠭᠤᠭᠤᠯᠢ᠂ ᠲᠠᠷᠠᠭᠠᠴᠢ ᠶᠢᠨ ᠠᠵᠢᠯ ᠵᠡᠷᠭᠡ ᠶᠢ ᠭᠤᠤᠯᠳᠠᠯᠭ᠎ᠠ ᠲᠠᠢ ᠠᠳᠬᠤᠨ᠎ᠠ᠃ ᠢᠯᠠᠩᠭᠤᠶ᠎ᠠ | ᠵᠢᠱᠢᠭᠳᠡᠭᠴᠢ ᠶᠢ ᠴᠢᠩᠭ᠎ᠠ ᠬᠢᠨᠠᠬᠤ᠂ ᠭᠤᠤᠯᠳᠠᠯᠭ᠎ᠠ ᠲᠠᠢ ᠭᠤᠭᠴᠤᠭ᠎ᠠ ᠪᠣᠯᠤᠨ ᠬᠤᠭᠤᠴᠠᠭ᠎ᠠ ᠰᠣᠯᠢᠬᠤ ᠰᠠᠬᠢᠯᠭ᠎ᠠ | ᠪᠠᠲᠤ ᠶᠢ ᠴᠢᠩᠳᠠᠯᠠᠬᠤ ᠶᠢ ᠪᠥᠬᠦ ᠶᠠᠪᠤᠴᠠ ᠶᠢ ᠵᠢᠯᠣᠭᠤᠳᠬᠤ ᠴᠢᠬᠤᠯᠠ ᠠᠴᠠ ᠴᠢᠬᠤᠯᠠ ᠵᠦᠢᠯ ᠪᠣᠯᠭᠠᠨ᠎ᠠ᠃ | ᠠᠵᠢᠯ ᠤᠨ ᠰᠠᠨᠠᠭᠤᠯᠭ᠎ᠠ ᠶᠢ ᠴᠠᠭ ᠲᠣᠬᠠᠢ ᠳᠤᠨᠢ ᠵᠢᠯᠣᠭᠤᠳᠣᠭᠳᠠᠭᠰᠠᠨ ᠰᠤᠮᠤ ᠪᠣᠯᠤᠨ ᠬᠤᠲᠠ ᠶᠢᠨ ᠬᠤᠭᠤᠴᠠᠭ᠎ᠠ | ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠳᠤ ᠬᠠᠷᠢᠭᠤ ᠲᠤᠰᠬᠠᠵᠤ᠂ ᠮᠡᠳᠡᠭᠡ ᠵᠠᠩᠭᠢ ᠶᠢᠨ ᠰᠠᠭᠠᠳ ᠦᠭᠡᠢ | ᠨᠡᠪᠲᠡᠷᠡᠵᠦ᠂ ᠴᠡᠭᠴᠡᠯᠡᠨ ᠰᠠᠶᠢᠵᠢᠷᠠᠭᠤᠯᠬᠤ ᠨᠢ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠨᠥᠬᠦᠳ ᠡ᠂ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠠᠴᠢ ᠬᠤᠯᠪᠣᠭᠳᠠᠯ ᠨᠢ ᠴᠢᠬᠤᠯᠠ ᠶᠡᠭᠡ ᠶᠤᠮ᠂ ᠨᠢᠭᠡᠳᠦᠭᠡᠷ | ᠵᠢᠯᠣᠭᠤᠳᠬᠤ ᠳᠤᠭᠤᠶᠢᠯᠠᠩ ᠪᠠᠶᠠᠨᠪᠣᠯᠠᠭ ᠰᠤᠮᠤ ᠶᠢᠨ ᠨᠠᠮ ᠤᠨ ᠬᠤᠷᠢᠶ᠎ᠠ ᠲᠠᠢ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠡᠯ᠎ᠡ ᠵᠦᠢᠯ ᠤᠨ ᠡᠭᠦᠷᠭᠡ ᠶᠢ ᠬᠠᠮᠲᠤ ᠪᠠᠷ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠵᠢᠯ ᠢ ᠥᠨᠳᠥᠷ | ᠪᠠᠷᠢᠮᠵᠢᠶ᠎ᠠ᠂ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠣᠯᠠᠨ ᠳᠤ ᠲᠠᠯᠠᠷᠬᠠᠯ᠎ᠠ︕ |