| ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠲᠠᠷᠬᠠᠨ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠰᠢᠯᠢ | ᠶᠢᠨ ᠬᠤᠲᠠ ᠶᠢᠨ ᠨᠡᠶᠢᠭᠡᠮ ᠵᠢᠷᠤᠮᠲᠤ ᠤᠳᠤᠬᠢᠴᠢᠯᠠᠯᠲᠠ ᠶᠢᠨ ᠪᠦᠳᠤᠭᠡᠨ ᠪᠠᠶᠢᠭᠤᠯᠤᠯᠳᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠦᠰᠦᠭᠡᠢ | — ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢ ᠶᠢᠨ ᠬᠤᠳᠠ ᠶᠢᠨ | ᠠᠷᠪᠠᠨ ᠭᠤᠷᠪᠠᠳᠤᠭᠠᠷ ᠤᠳᠠᠭᠠᠨ ᠤ ᠲᠦᠯᠤᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | ᠰᠦᠨ ᠵᠧᠨ ᠵᠢᠶᠠᠩ | ︵2021 ᠤᠨ ᠤ 9 ᠰᠠᠷ᠎ᠠ ᠶᠢᠨ 3 ᠤ ᠡᠳᠦᠷ︶ | | ᠲᠥᠯᠥᠭᠡᠯᠡᠭᠴᠢᠳ ᠡ᠂ ᠨᠥᠬᠦᠳ ᠡ᠄ | ᠣᠳᠣ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ᠢᠯᠡᠳᠬᠡᠯ ᠬᠢᠶ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ᠂ ︽ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢᠨ ᠲᠡᠦᠬᠡ ᠶᠢᠨ ᠠᠭᠤᠯᠵᠠᠷ ᠤᠨ | ᠵᠠᠩᠭᠢᠯᠠᠭ᠎ᠠ ᠶᠢᠨ ᠴᠠᠭ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ | ᠪᠣᠯᠤᠨ᠎ᠠ᠃ ᠶᠡᠭᠡ ᠬᠤᠷᠠᠯ ᠤᠨ ᠭᠤᠤᠯ ᠰᠡᠳᠦᠪ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠨ᠂ ᠲᠠᠷᠬᠠᠨ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠰᠢᠯᠢ ᠶᠢᠨ | ᠬᠤᠲᠠ ᠶᠢᠨ ᠨᠡᠶᠢᠭᠡᠮ ᠵᠢᠷᠤᠮᠲᠤ ᠤᠲᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠦᠨ᠎ᠡ᠃ | | ᠠᠷᠪᠠᠨ ᠬᠤᠶᠠᠳᠤᠭᠠᠷ ᠤᠳᠠᠭᠠᠨ ᠤ ᠨᠠᠮ ᠤᠨ ᠲᠦᠯᠤᠭᠡᠯᠡᠭᠴᠢᠳ ᠤᠨ ᠬᠤᠷᠠᠯ ᠠᠴᠠ ᠨᠠᠰᠢᠬᠢ ᠭᠤᠤᠯ | ᠠᠮᠵᠢᠯᠳᠠ ᠪᠦᠳᠤᠮᠵᠢ ᠪᠠ ᠦᠨᠳᠤᠰᠤᠨ ᠲᠤᠷᠰᠢᠯᠭ᠎ᠠ | ᠥᠩᠭᠡᠷᠡᠭᠰᠡᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠰᠢᠢᠳᠪᠦᠷᠢᠲᠦ | ᠢᠯᠠᠯᠳᠠ ᠶᠢ ᠤᠯᠬᠤ ᠱᠠᠲᠤ ᠦᠶ᠎ᠡ ᠪᠤᠯᠤᠨ᠎ᠠ᠂ ᠪᠠᠰᠠ ᠴᠤ ᠰᠢᠯᠢ ᠶᠢᠨ ᠬᠤᠳᠠ ᠶᠢᠨ ᠬᠥᠭᠵᠢᠯᠲᠡ ᠲᠡᠦᠬᠡᠲᠦ | ᠴᠢᠨᠠᠷᠲᠠᠢ ᠠᠮᠵᠢᠯᠲᠠ ᠪᠦᠳᠤᠮᠵᠢ ᠣᠯᠤᠭᠰᠠᠨ ᠲᠠᠪᠤᠨ ᠵᠢᠯ ᠪᠤᠯᠤᠨ᠎ᠠ᠃ ᠬᠤᠷᠸ᠎ᠠ ᠠᠵᠤ ᠠᠬᠤᠢ ᠶᠢᠨ ᠪᠤᠳᠤᠯᠢᠶᠠᠨᠲᠠᠢ | ᠬᠤᠪᠢᠷᠠᠯᠲᠠ ᠶᠡᠭᠡ ᠲᠠᠢ ᠣᠷᠴᠢᠨ ᠨᠦᠬᠦᠴᠡᠯ᠂ ᠥᠭᠡᠷᠡᠴᠢᠯᠡᠯᠲᠡ ᠬᠦᠭᠵᠢᠯᠲᠡ ᠲᠣᠭᠲᠠᠭᠤᠨ ᠤ ᠪᠡᠷᠬᠡ | ᠬᠠᠲᠠᠭᠤᠵᠢᠯᠲᠠᠢ ᠬᠥᠨᠳᠤ ᠬᠡᠴᠡᠬᠦᠤ ᠡᠭᠦᠷᠭᠡ ᠪᠣᠯᠤᠨ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠨᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠬᠦᠴᠢᠷ ᠪᠡᠷᠬᠡ ᠶᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠷᠪᠠᠨ | ᠬᠤᠶᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ | ᠠᠮᠵᠢᠯᠲᠠ ᠲᠠᠢ ᠪᠡᠶᠡᠯᠡᠭᠦᠯᠪᠡ᠃ | ᠲᠠᠪᠤᠨ ᠵᠢᠯ ᠤᠨ ᠲᠤᠷᠰᠢ᠂ ᠪᠢᠳᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠠᠵᠤ | ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠬᠡᠳᠬᠡᠨ ᠬᠤᠪᠢᠷᠠᠭᠤᠯᠵᠤ᠂ ᠶᠡᠷᠦᠩᠬᠡᠶᠢᠯᠡᠭᠰᠡᠨ ᠠᠵᠤ | ᠠᠬᠤᠢ ᠶᠢᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠪᠡ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ | ᠤᠨ ᠶᠡᠷᠦᠩᠬᠡᠢ ᠥᠷᠲᠡᠭ 245.5 ᠳ᠋ᠦᠩᠰᠢᠭᠤᠷ ᠲᠥᠭᠦᠷᠢᠭ ᠲᠤ ᠬᠥᠷᠴᠤ᠂ ᠵᠢᠯ ᠳᠤᠮᠳᠠᠴᠢ ᠪᠠᠷ 7.6% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 93.8 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 4.2% ᠢᠶᠠᠷ ᠨᠡᠮᠡᠭᠳᠡᠪᠡ︔ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠶᠢᠲᠡ 567.6 ᠳ᠋ᠦᠩᠰᠢᠭᠤᠷ ᠲᠥᠭᠦᠷᠢᠭ ᠪᠡᠶᠡᠯᠡᠭᠦᠯᠪᠡ︔ | 2020 ᠣᠨ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 23.5 ᠳ᠋ᠦᠩᠰᠢᠭᠤᠷ ᠲᠥᠭᠦᠷᠢᠭ | ᠲᠤ ᠬᠦᠷᠴᠦ᠂ ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠃ ᠭᠤᠷᠪᠠᠨ | ᠠᠵᠤ ᠦᠢᠯᠡᠰ ᠤᠨ ᠪᠦᠲᠦᠴᠡ ᠶᠢ 8.1᠄ 44.2᠄ 47.7 ᠪᠤᠯᠳᠠᠯ᠎ᠠ ᠰᠢᠯᠢᠳᠡᠭᠵᠢᠭᠦᠯᠵᠦ᠂ ᠣᠯᠠᠨ ᠡᠰᠢᠵᠢᠬᠦᠯᠤᠨ | ᠬᠥᠭᠵᠢᠬᠦᠯᠬᠦ᠂ ᠣᠯᠠᠨ ᠲᠦᠢᠯ ᠢᠶᠠᠷ ᠲᠤᠯᠭᠠᠭᠤᠷᠢᠯᠠᠬᠤ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ | ᠪᠤᠢ ᠪᠤᠯᠭᠠᠵᠤ᠂ ᠪᠦᠬᠦ ᠤᠯᠤᠰ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ | ᠢ ᠠᠭᠤᠰᠤᠯᠴᠠᠭᠤᠯᠤᠨ ᠬᠦᠭᠵᠢᠬᠦᠯᠬᠦ ᠬᠤᠰᠢᠭᠤᠴᠢ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠪᠤᠬᠢᠷᠲᠠᠯ | ᠦᠭᠡᠢ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ | ᠠᠩᠬ᠎ᠠ ᠠᠯᠬᠤᠮ ᠬᠡᠪᠴᠢᠶᠡᠵᠢᠪᠡ᠃ ︽ᠬᠤᠨᠢ ᠶᠢ ᠴᠥᠭᠡᠳᠭᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠮᠵᠢ | ᠢᠯᠡᠳᠲᠡ ᠪᠣᠯᠵᠤ᠂ ᠬᠤᠨᠢ ᠶᠢᠨ ᠲᠤᠭ᠎ᠠ ᠲᠤᠯᠤᠭᠠᠢ ᠶᠢ 47 ᠲᠦᠮᠡ ᠴᠦᠭᠡᠳᠭᠡᠵᠤ᠂ ᠦᠬᠡᠷ ᠤᠨ ᠲᠤᠭ᠎ᠠ | ᠲᠤᠯᠤᠭᠠᠢ ᠶᠢ 2 ᠲᠦᠮᠡ ᠣᠷᠴᠢᠮ ᠨᠡᠮᠡᠭᠳᠡᠬᠦᠯᠦᠭᠰᠡᠨ ᠢᠶᠠᠷ᠂ ᠮᠠᠯ ᠤᠨ ᠡᠭᠦᠯᠳᠡᠷ ᠤᠨ ᠪᠦᠲᠦᠴᠡ ᠡᠳᠦᠷ ᠢᠷᠡᠬᠦᠶ᠎ᠡ | ᠰᠢᠯᠢᠳᠡᠭᠵᠢᠵᠦ᠂ ᠰᠢᠯᠢ ᠶᠢᠨ ᠭᠤᠤᠯ ᠤᠨ ᠬᠤᠨᠢ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠲᠡᠭᠲᠦ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠴᠢᠩᠭᠠᠷᠠᠪᠠ᠃ ᠮᠠᠯ ᠤᠨ ᠠᠰᠢᠭ ᠰᠢᠮ᠎ᠡ ᠶᠢ ᠰᠠᠶᠢᠲᠤᠷ | ᠨᠠᠷᠢᠯᠢᠬ ᠪᠤᠯᠪᠠᠰᠤᠷᠠᠭᠤᠯᠬᠤ ᠨᠣᠷᠮ᠎ᠠ 65% ᠳᠤ ᠬᠦᠷᠪᠠ᠃ ᠴᠡᠪᠡᠷ ᠡᠨᠧᠷᠭᠢ ᠶᠢᠨ ᠰᠤᠷᠪᠤᠯᠵᠢ ᠶᠢ ᠭᠠᠷᠭᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠪᠠ᠃ ᠰᠢᠯᠢ | ᠶᠢᠨ ᠭᠤᠣᠯ ᠠᠢᠮᠠᠭ ᠠᠴᠠ ᠵᠢᠶᠠᠩᠰᠦ᠂ ᠱᠠᠨᠳᠦ᠋ᠩ ᠬᠦᠷᠬᠦ ᠤᠨᠴᠠ ᠦᠨᠳᠦᠷ ᠬᠦᠴᠦᠲᠡᠯᠳᠦ ᠴᠠᠬᠢᠯᠭᠠᠨ ᠲᠠᠮᠵᠢᠭᠤᠯᠬᠤ | ᠢᠨᠵᠧᠨᠧᠷᠢᠩ ᠨᠢ ᠴᠠᠬᠢᠯᠭᠠᠨ ᠬᠦᠷᠭᠡᠬᠦ ᠨᠥᠬᠦᠴᠡᠯ ᠢ ᠪᠦᠷᠢᠳᠦᠭᠦᠯᠵᠦ᠂ 4 ᠶᠡᠭᠡ ᠢᠵᠢ ᠪᠦᠷᠢᠳᠦᠭᠰᠡᠨ ᠢᠯᠴᠢ ᠶᠢᠨ | ᠴᠠᠬᠢᠯᠭᠠᠨ ᠤ ᠲᠥᠷᠦᠯ ᠵᠦᠢᠯ ᠢ ᠦᠨᠳᠦᠰᠦᠨ ᠳᠡᠭᠡᠨ ᠪᠠᠶᠢᠭᠤᠯᠤᠨ ᠪᠦᠳᠤᠭᠡᠵᠤ᠂ 5 ᠶᠡᠭᠡ ᠢᠵᠢ ᠪᠦᠷᠢᠳᠦᠭᠰᠡᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠨᠢ ᠪᠦᠬᠦ ᠪᠠᠭᠲᠠᠭᠠᠮᠵᠢ ᠪᠠᠷ ᠲᠣᠣᠷ ᠨᠡᠶᠢᠯᠡᠬᠦᠯᠤᠨ | ᠴᠠᠬᠢᠯᠭᠠᠨ ᠭᠠᠷᠭᠠᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠮᠵᠢᠶ᠎ᠡ ᠨᠢ 740.8 ᠲᠦᠮᠡᠨ ᠺᠢᠯᠤᠸᠠᠲ ᠲᠤ | ᠬᠦᠷᠴᠦ᠂ ᠪᠦᠬᠦ ᠠᠶᠢᠮᠠᠭ ᠲᠤ ᠲᠡᠷᠢᠬᠦᠯᠡᠵᠤ᠂ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠰᠢᠨ᠎ᠡ | ᠡᠨᠧᠷᠭᠢ ᠶᠢᠨ ᠲᠣᠨᠣᠭᠯᠠᠯ ᠤᠨ ᠦᠢᠯᠡᠳᠪᠦᠷᠢᠯᠡᠯ ᠯᠠᠪᠲᠠᠭᠤᠨ ᠢᠶᠠᠷ ᠠᠬᠢᠵᠤ᠂ ᠪᠤᠬᠢᠷᠲᠠᠯ ᠦᠭᠡᠢ ᠣᠷᠴᠢᠯ ᠠᠵᠤ | ᠦᠢᠯᠡᠰ ᠪᠤᠲᠠᠲᠤ ᠠᠬᠢᠴᠠ ᠲᠠᠢ ᠪᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ | ᠬᠤᠲᠠ ᠶᠢᠨ ᠵᠣᠴᠢᠯᠠᠬᠤ ᠲᠢᠩᠬᠢᠮ᠂ ᠠᠳᠣᠭᠤᠨ ᠰᠣᠶᠣᠯ ᠤᠨ ᠲᠥᠪ ᠶᠢᠨ ᠠᠮᠢ ᠠᠬᠤᠶ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠢ | ᠤᠷᠢᠳ ᠬᠤᠵᠢᠳ ᠬᠡᠷᠡᠭᠵᠢᠭᠦᠯᠵᠦ᠂ ᠰᠣᠶᠣᠯ ᠬᠢᠭᠡᠳ ᠵᠢᠭᠤᠯᠴᠢᠯᠠᠯ ᠤᠨ ᠦᠢᠯᠡᠰ ᠢ ᠲᠦᠷᠭᠡᠨ ᠢᠶᠠᠷ | ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠦᠬᠦ ᠴᠠᠷᠠᠭ᠎ᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠤᠷᠤᠨ ᠤ ᠴᠣᠯᠠ ᠬᠦᠷᠲᠡᠪᠡ᠃ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠡᠪᠴᠢᠶ᠎ᠡ | ᠪᠠ ᠳᠡᠰ ᠲᠠᠰᠤᠷᠠᠯᠲᠠ ᠤᠢᠭᠡᠢ ᠳᠡᠭᠡᠭᠰᠢᠯᠡᠵᠦ᠂ ᠭᠦᠢᠯᠭᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠨ᠂ | ᠣᠳᠣᠬᠢᠴᠢᠯᠠᠯᠲᠠ ᠶᠢᠨ ᠠᠯᠬᠤᠭ᠎ᠠ ᠢᠳᠡᠭ ᠢᠳᠡᠭ ᠢᠶᠠᠷ ᠲᠦᠷᠭᠡᠳᠪᠡ᠃ | ᠲᠠᠪᠤᠨ ᠵᠢᠯ ᠤᠨ ᠲᠤᠷᠰᠢ᠂ ᠪᠢᠳᠡ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠨ᠂ ᠭᠤᠷᠪᠠᠨ | ᠶᠡᠭᠡ ᠪᠤᠭᠤᠮᠲᠠ ᠰᠢᠪᠲᠤᠯᠬᠤ ᠳᠠᠶᠢᠨ ᠤ ᠰᠢᠢᠳᠪᠦᠷᠢᠲᠦ ᠢᠯᠠᠯᠲᠠ ᠶᠢ ᠤᠯᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ | ᠪᠠᠶᠢᠲᠠᠯ ᠨᠡᠩ ᠰᠠᠶᠢᠵᠢᠷᠠᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠠᠶᠢᠨ ᠪᠦᠬᠦ ᠲᠠᠯ᠎ᠠ ᠪᠠᠷ | ᠢᠯᠠᠯᠲᠠ ᠤᠯᠪᠠ᠃ ᠶᠠᠳᠠᠭᠤ ᠬᠦᠴᠢᠷᠳᠡᠯ ᠲᠠᠢ ᠣᠯᠠᠨ ᠲᠦᠮᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠨᠡᠯᠭᠡ᠂ ᠣᠷᠣᠨ ᠰᠠᠭᠤᠴᠠ ᠤᠤᠭᠤᠬᠤ ᠤᠰᠤ ᠵᠡᠷᠭᠡ ᠲᠣᠪᠤᠶᠢᠮ᠎ᠠ ᠠᠰᠠᠭᠤᠳᠠᠯ ᠢ ᠪᠦᠬᠦᠨ ᠢ | ᠰᠢᠢᠳᠪᠦᠷᠢᠯᠡᠵᠦ᠂ ᠲᠠᠩᠰᠠ ᠡᠪᠭᠡᠮᠡᠯ ᠪᠠᠶᠢᠭᠤᠯᠵᠤ ᠺᠠᠷᠲᠯᠠᠨ ᠲᠠᠩᠰᠠᠯᠠᠭᠰᠠᠨ ᠶᠠᠳᠠᠭᠤ ᠬᠦᠴᠢᠷᠳᠡᠯ ᠲᠠᠢ 72 | ᠡᠷᠦᠬᠡ222 ᠬᠦᠮᠦᠨ ᠢ ᠴᠦᠮ ᠲᠤᠭᠲᠠᠭᠤᠨ ᠢᠶᠠᠷ ᠶᠠᠲᠠᠭᠤ ᠠᠴᠠ ᠠᠩᠭᠢᠵᠢᠷᠠᠭᠤᠯᠵᠤ᠂ ᠪᠥᠬᠦ ᠠᠶᠢᠮᠠᠭ ᠤᠨ | ᠬᠡᠪᠴᠢᠶᠡᠨ ᠳᠤ ᠡᠩ ᠲᠡᠷᠢᠭᠦᠨ ᠳᠤ ᠲᠦᠢᠯ ᠤᠨ ᠶᠠᠳᠠᠭᠤ ᠬᠦᠴᠢᠷᠳᠡᠯ ᠢ ᠠᠷᠢᠯᠭᠠᠪᠠ᠃ ᠤᠨᠴᠠᠭᠠᠢ ᠶᠠᠳᠠᠭᠤ | ᠬᠦᠴᠢᠷᠳᠡᠯ ᠲᠠᠢ ᠡᠷᠦᠬᠡ ᠶᠢ ᠨᠠᠷᠢᠯᠢᠬ ᠤᠨᠤᠴᠠᠳᠠᠢ ᠬᠠᠪᠰᠤᠷᠤᠨ ᠲᠡᠳᠬᠦᠵᠦ᠂ ᠶᠠᠳᠠᠭᠤᠷᠠᠬᠤ ᠦᠵᠡᠭᠳᠡᠯ ᠡᠭᠦᠰᠬᠦ ᠶᠢ | ᠪᠦᠲᠦᠮᠵᠢᠲᠡᠶ ᠰᠡᠷᠭᠡᠶᠢᠯᠡᠪᠠ᠃ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠭᠠᠷ ᠤᠨ ᠶᠠᠰᠤ | ᠴᠢᠨᠠᠷ ᠤᠨ ᠰᠢᠯᠢᠳᠡᠭ ᠰᠠᠶᠢᠨ ᠨᠣᠷᠮ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠯᠠᠪᠳᠠᠭᠤᠨ ᠣᠷᠣᠭᠤᠯᠵᠤ᠂ | ᠰᠢᠯᠢᠨ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠤᠯᠤᠰ ᠤᠨ ᠬᠢᠨᠠᠨ ᠰᠢᠯᠭᠠᠬᠤ ᠪᠠᠷᠢᠮᠵᠢᠶ᠎ᠠ ᠳᠤ | ᠬᠦᠷᠦᠭᠦᠯᠵᠦ᠂ ᠬᠥᠷᠥᠰᠥ ᠰᠢᠷᠣᠶ ᠶᠢᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ 100% ᠪᠠᠷ ᠬᠢᠨᠠᠨ | ᠪᠠᠶᠢᠴᠠᠭᠠᠪᠠ᠃ ᠤᠯᠤᠰ ᠤᠨ ᠭᠠᠵᠠᠷ ᠰᠢᠷᠣᠶ ᠶᠢᠨ ᠨᠤᠭᠤᠭᠠᠷᠠᠭᠤᠯᠤᠯᠲᠠ ᠶᠢᠨ ᠠᠵᠢᠯᠯᠠᠭ᠎ᠠ᠂ ᠪᠡᠭᠡᠵᠢᠩ ᠲᠢᠶᠠᠨᠵᠢᠨ ᠤ | ᠡᠯᠡᠰᠦ ᠰᠠᠯᠬᠢᠨ ᠤ ᠡᠬᠢ ᠶᠢ ᠵᠠᠰᠠᠬᠤ᠂ ᠵᠠᠳᠠᠭᠠᠶ ᠠᠭᠤᠷᠬᠠᠶ ᠶᠢᠨ ᠨᠦᠬᠡ ᠶᠢ ᠶᠡᠷᠦᠩᠬᠡᠶᠢᠯᠡᠨ ᠵᠠᠰᠠᠬᠤ ᠵᠡᠷᠭᠡ | ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ᠂ 21.9 ᠲᠦᠮᠡᠨ ᠮᠥ ᠶᠢᠨ ᠠᠮᠢ ᠠᠬᠤᠶ ᠶᠢᠨ ᠵᠠᠰᠠᠯᠲᠠ ᠶᠢ | ᠪᠡᠶᠡᠯᠡᠭᠦᠯᠵᠦ᠂ ᠤᠯᠤᠰ ᠤᠨ ᠲᠠᠰ ᠤᠨ ᠲᠠᠯ᠎ᠠ ᠨᠤᠲᠤᠭ ᠤᠨ ᠴᠡᠴᠡᠷᠯᠢᠭ 2᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 4 ᠶᠢ ᠪᠠᠶᠢᠭᠤᠯᠵᠤ᠂ ᠲᠠᠯ᠎ᠠ ᠨᠤᠲᠤᠭ ᠤᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ 51% ᠳᠤ ᠬᠥᠷᠪᠡ᠃ ᠡᠯ᠎ᠡ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ | ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠵᠠᠯᠠᠷᠠᠭᠤᠯᠵᠤ | ᠲᠠᠭᠤᠰᠪᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠪᠠ᠃ ᠵᠠᠰᠠᠭ ᠤᠨ ᠣᠷᠳᠣᠨ ᠤ | ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠳᠠᠯᠳᠠ ᠥᠭᠴᠡᠭᠡ ᠶᠢ | 109.8 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠥᠨᠳᠥᠷ ᠬᠦᠦ ᠲᠠᠢ ᠵᠢᠭᠡᠯᠡᠯᠭᠡ ᠶᠢᠨ ᠠᠵᠢᠯᠯᠠᠭ᠎ᠠ ᠶᠢ ᠪᠦᠬᠦ | ᠲᠠᠯ᠎ᠠ ᠪᠠᠷ ᠴᠡᠭᠴᠡᠯᠡᠨ ᠵᠠᠰᠠᠵᠤ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠡᠮᠬᠢ ᠳᠢᠭᠯᠢᠮ ᠢ ᠲᠠᠰᠤᠷᠠᠯᠲᠠ | ᠦᠭᠡᠢ ᠵᠢᠷᠤᠮᠵᠢᠭᠤᠯᠵᠤ᠂ ᠥᠨᠳᠥᠷ ᠬᠦᠦ ᠲᠠᠢ ᠵᠢᠭᠡᠯᠡᠯᠭᠡ ᠶᠢᠨ ᠡᠷᠦᠬᠡ ᠶᠢ ᠬᠥᠳᠡᠯᠦᠩᠭᠦᠶ ᠪᠠᠷ ᠠᠷᠢᠯᠭᠠᠬᠤ ᠶᠢ | ᠪᠡᠶᠡᠯᠡᠭᠦᠯᠪᠡ᠃ | ᠲᠠᠪᠤᠨ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠢᠮᠠᠭᠲᠠ | ᠪᠠᠷᠢᠮᠲᠠᠯᠠᠨ᠂ ᠬᠥᠭᠵᠢᠯᠲᠡ ᠶᠢᠨ ᠳᠤᠲᠠᠭᠤᠳᠠᠯ ᠢ ᠲᠠᠰᠤᠷᠠᠯᠲᠠ ᠦᠭᠡᠢ ᠨᠦᠬᠦᠪᠦᠷᠢᠯᠡᠵᠦ᠂ ᠦᠨᠳᠦᠰᠦᠨ ᠪᠠᠲᠤᠯᠠᠭᠠᠨ | ᠤ ᠴᠢᠳᠠᠪᠤᠷᠢ ᠢᠯᠡᠳᠲᠡ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠦᠢᠯᠠᠭᠠᠭᠳᠠᠬᠤᠨ ᠢ ᠪᠠᠷᠢᠮᠲᠠᠯᠠᠨ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠤᠮᠵᠢ᠂ ᠢᠯᠴᠢ ᠬᠠᠩᠭᠠᠬᠤ | ᠬᠤᠭᠤᠯᠠᠶ ᠲᠤᠤᠷ᠂ ᠦᠵᠡᠮᠵᠢᠳᠤ ᠣᠷᠣᠨ ᠪᠠ ᠴᠡᠴᠡᠷᠯᠢᠭ ᠢ ᠳᠡᠰ ᠳᠡᠪᠰᠢᠭᠦᠯᠬᠦ ᠠᠵᠢᠯ ᠢ ᠭᠤᠤᠯᠳᠠᠯᠭ᠎ᠠ ᠲᠠᠢ | ᠬᠡᠷᠡᠭᠵᠢᠭᠦᠯᠵᠦ᠂ 27 ᠺᠢᠯᠣᠮᠧᠲᠷ ᠵᠠᠮ ᠢ ᠰᠢᠨ᠎ᠡ ᠪᠠᠷ ᠲᠡᠪᠢᠰᠴᠤ᠂ ᠢᠯᠴᠢ ᠬᠠᠩᠭᠠᠬᠤ ᠲᠠᠯᠠᠪᠠᠢ ᠶᠢ ᠰᠢᠨ᠎ᠡ ᠪᠠᠷ | 676 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠂ ᠡᠯ᠎ᠡ ᠲᠥᠷᠥᠯ ᠤᠨ ᠬᠤᠭᠤᠯᠠᠶ ᠶᠢ ᠰᠢᠨ᠎ᠡ ᠪᠠᠷ 135 | ᠺᠢᠯᠣᠮᠧᠲᠷ ᠪᠠᠶᠢᠭᠤᠯᠵᠤ᠂ ᠬᠤᠲᠠ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 35% ᠪᠣᠯᠲᠠᠯ᠎ᠠ | ᠨᠡᠮᠡᠭᠳᠡᠭᠦᠯᠦᠨ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾᠂ ︽ᠤᠯᠤᠰ ᠤᠨ ᠴᠡᠴᠡᠷᠯᠢᠭᠵᠢᠭᠰᠡᠨ ᠬᠤᠲᠠ︾ | ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠲᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠣᠪᠤᠶᠢᠮ᠎ᠠ ᠦᠷ᠎ᠡ | ᠪᠦᠲᠦᠮᠵᠢ ᠣᠯᠵᠤ᠂ ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠭᠡᠯ ᠲᠠᠰᠤᠷᠠᠯᠲᠠ ᠥᠬᠡᠶ | ᠪᠠᠬᠢᠵᠢᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ 86% ᠳᠤ ᠬᠦᠷᠴᠦ᠂ ᠭᠤᠤᠯ | ᠳᠡᠳ᠋ ᠵᠠᠮ ᠲᠡᠭᠡᠷ᠎ᠠ 5G ᠳᠣᠬᠢᠶ᠎ᠠ ᠶᠢ ᠨᠡᠶᠢᠳᠡᠮ ᠪᠥᠷᠬᠦᠭᠦᠯᠬᠦ ᠶᠢ ᠪᠡᠶᠡᠯᠡᠭᠦᠯᠵᠦ᠂ ︽12345 ᠤᠶᠤᠨᠴᠢ | ᠶᠡᠷᠦᠩᠬᠡᠶᠢᠯᠡᠭᠰᠡᠨ ᠲᠣᠬᠢᠷᠠᠭᠤᠯᠤᠯᠲᠠ ᠶᠢᠨ ᠲᠠᠪᠴᠠᠩ︾ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠬᠤᠲᠠ | ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠭᠡᠷ ᠭᠠᠵᠠᠷ ᠤᠨ ᠬᠦᠷᠦᠩᠭᠡ ᠶᠢᠨ ᠦᠯᠡᠳᠡᠭᠳᠡᠯ ᠲᠦᠷᠦᠯ ᠵᠦᠢᠯ ᠤᠨ | ᠦᠯᠦ ᠬᠥᠳᠡᠯᠬᠦ ᠬᠦᠷᠦᠩᠭᠡ ᠶᠢ ᠲᠠᠩᠰᠠᠯᠠᠨ ᠭᠦᠢᠴᠡᠳᠬᠡᠬᠦ ᠵᠡᠷᠭᠡ ᠠᠵᠢᠯ ᠢ ᠭᠦᠨᠵᠡᠭᠡᠶ ᠠᠬᠢᠭᠤᠯᠵᠤ᠂ ᠬᠤᠳᠠ ᠶᠢᠨ | ᠰᠠᠭᠤᠷᠢᠰᠢᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠰᠢᠯᠢ ᠶᠢᠨ ᠬᠤᠳᠠ ᠠᠴᠠ ᠤᠯᠠᠭᠠᠨᠬᠤᠲᠠ | ᠬᠦᠷᠬᠦ᠂ ᠰᠢᠯᠢ ᠶᠢᠨ ᠬᠤᠳᠠ ᠠᠴᠠ ᠡᠷᠢᠶᠡᠨ ᠬᠤᠲᠠ ᠬᠦᠷᠬᠦ ᠲᠡᠮᠦᠷ ᠵᠠᠮ ᠢ ᠪᠠᠶᠢᠭᠤᠯᠤᠨ ᠠᠰᠢᠭᠯᠠᠯᠲᠠ ᠳᠤ | ᠤᠷᠤᠭᠤᠯᠵᠤ᠂ ᠳ᠋ᠠᠨᠳᠦ᠋ᠩ ᠠᠴᠠ ᠰᠢᠯᠢ ᠶᠢᠨ ᠬᠤᠳᠠ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠪᠦᠬᠦ ᠱᠤᠭᠤᠮ | ᠢᠶᠠᠷ ᠲᠡᠷᠭᠡ ᠨᠡᠪᠲᠡᠷᠡᠵᠦ᠂ ᠨᠢᠰᠬᠡᠯ ᠤᠨ ᠪᠠᠭᠤᠳᠠᠯ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠪᠠ ᠠᠶᠠᠯᠠᠯ ᠤᠨ | ᠥᠷᠲᠡᠭᠡ ᠶᠢᠨ ᠠᠰᠠᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠤᠯᠤᠰ ᠤᠨ | ᠳᠣᠲᠣᠭᠠᠳᠤ ᠶᠢᠨ ᠠᠶᠠᠯᠠᠯ ᠤᠨ ᠱᠤᠭᠤᠮ ᠢ 8 ᠵᠤᠷᠪᠤᠰ ᠪᠤᠯᠳᠠᠯ᠎ᠠ ᠨᠡᠮᠡᠭᠳᠡᠭᠦᠯᠵᠦ᠂ ᠮᠠᠯᠵᠢᠬᠤ ᠣᠷᠣᠨ ᠤ ᠵᠠᠰᠠᠮᠠᠯ | ᠵᠠᠮ ᠤᠨ ᠰᠠᠭᠠᠳ ᠦᠭᠡᠢ ᠨᠡᠪᠲᠡᠷᠡᠬᠦ ᠨᠣᠷᠮ᠎ᠠ ᠶᠢ 100% ᠳᠤ ᠬᠦᠷᠭᠡᠵᠦ᠂ ᠪᠤᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠣᠷ ᠢ ᠦᠨᠳᠦᠰᠦᠨ ᠳᠡᠭᠡᠨ ᠪᠦᠷᠢᠯᠳᠦᠭᠦᠯᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠦᠬᠦᠴᠡᠯ ᠢ | ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ | ᠶᠢ ᠥᠷᠨᠢᠭᠦᠯᠵᠦ᠂ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ 29 ᠬᠡᠷᠡᠭᠵᠢᠭᠦᠯᠵᠦ᠂ ᠬᠤᠭ ᠨᠣᠪᠰᠢ ᠶᠢ | ᠰᠢᠢᠳᠪᠦᠷᠢᠯᠡᠬᠦ ᠪᠠ ︽ᠵᠣᠷᠯᠣᠩ ᠤᠨ ᠦᠭᠡᠷᠡᠴᠢᠯᠡᠯᠲᠡ︾ ᠶᠢ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠣᠷᠣᠨ | ᠤ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠨ᠂ | ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠬᠥᠭᠵᠢᠯᠲᠡ | ᠶᠢᠨ ᠬᠥᠳᠡᠯᠭᠡᠭᠴᠢ ᠬᠦᠴᠦᠨ ᠨᠠᠩ ᠢᠯᠡᠬᠦᠤ ᠴᠢᠩᠭᠠᠷᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠪᠤᠲᠠᠲᠤ ᠠᠬᠢᠴᠠ ᠲᠠᠢ ᠪᠣᠯᠵᠣ᠂ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠲᠤᠳᠤᠷᠬᠠᠢ | ᠬᠠᠭᠤᠳᠠᠰᠤ ᠶᠢ ᠪᠦᠬᠦᠨ ᠢ ᠨᠡᠶᠢᠭᠡᠮ ᠲᠠᠶᠠᠭᠠᠷ ᠲᠤ ᠢᠯᠡ ᠪᠣᠯᠭᠠᠵᠤ᠂ ᠬᠢᠨᠠᠨ ᠵᠥᠪᠰᠢᠶᠡᠷᠡᠬᠦ ᠬᠡᠷᠡᠭ ᠶᠠᠪᠤᠳᠠᠯ ᠤᠨ | ᠭᠦᠢᠴᠡᠳᠭᠡᠬᠦ ᠭᠤᠭᠴᠤᠭ᠎ᠠ᠂ ᠮᠡᠳᠡᠭᠦᠯᠦᠭᠰᠡᠨ ᠮᠠᠲ᠋ᠧᠷᠢᠶᠠᠯ᠂ ᠠᠮᠠᠯᠠᠯᠲᠠ ᠶᠢᠨ ᠴᠠᠭ ᠤᠨ ᠬᠢᠵᠠᠭᠠᠷ ᠢ ᠲᠣᠰ ᠲᠣᠰ | 26.9%᠂ 14.7% ᠪᠠ 66.3% ᠪᠠᠷ ᠴᠤᠮᠬᠠᠳᠬᠠᠨ ᠪᠠᠭᠠᠰᠬᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭ ᠶᠠᠪᠤᠳᠠᠯ ᠤᠨ 80% ᠶᠢ ︽ᠨᠢᠭᠡ ᠯᠡ ᠴᠣᠩᠬᠤ︾ ᠳᠤ ᠭᠥᠯᠢᠶᠡᠨ ᠠᠪᠴᠤ | ᠰᠢᠢᠳᠪᠤᠷᠢᠯᠡᠬᠦ ᠶᠢ ᠪᠡᠶᠡᠯᠡᠭᠦᠯᠵᠦ᠂ ︽ᠰᠦᠯᠵᠢᠶᠡᠨ ᠲᠡᠭᠡᠷ᠎ᠠ ᠰᠢᠢᠳᠪᠤᠷᠢᠯᠡᠬᠦ︾ ᠦᠢᠯᠡᠴᠢᠯᠡᠭᠡᠨ ᠤ ᠠᠯᠬᠤᠮ ᠲᠠᠷᠠᠭ᠎ᠠ | ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠯᠠᠨ ᠲᠦᠮᠡᠨ ᠳᠤ ᠲᠠᠭᠠᠰᠢᠶᠠᠬᠳᠠᠬᠤ ᠨᠣᠷᠮ᠎ᠠ ᠶᠢ ᠢᠯᠡᠳᠲᠡ | ᠳᠡᠭᠡᠭᠰᠢᠯᠡᠭᠦᠯᠪᠡ᠃ ᠠᠮᠢ ᠠᠬᠤᠶ ᠶᠢᠨ ᠪᠣᠯᠪᠠᠰᠤᠨ᠂ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠶᠢ ᠰᠢᠯᠵᠢᠬᠦᠯᠬᠦ᠂ | ᠮᠠᠯᠴᠢᠨ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ᠂ ᠬᠠᠤᠯᠢ ᠴᠠᠭᠠᠵᠠ | ᠶᠢᠨ ᠲᠤᠰᠠᠯᠠᠮᠵᠢ ᠦᠵᠡᠬᠦᠯᠬᠦ ᠵᠡᠷᠭᠡ ᠨᠢᠭᠡ ᠪᠦᠯᠦᠭ ᠳᠦᠷᠢᠮ ᠲᠣᠭᠲᠠᠴᠠ ᠨᠢ ᠠᠯᠬᠤᠮ ᠠᠯᠬᠤᠮ ᠢᠶᠠᠷ ᠦᠷ᠎ᠡ | ᠪᠦᠲᠦᠭᠡᠯ ᠤᠯᠪᠠ᠃ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠰᠤᠮᠤ ᠪᠠᠯᠭᠠᠰᠤ ᠵᠡᠭᠡᠯᠢ ᠭᠤᠳᠤᠮᠵᠢ ᠶᠢᠨ ᠥᠭᠡᠷᠡᠴᠢᠯᠡᠯᠲᠡ᠂ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠪᠡ᠃ ᠭᠠᠴᠠᠭᠠᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠬᠠᠮᠲᠤ ᠶᠢᠨ ᠠᠵᠤ | ᠠᠬᠤᠢ ᠶᠢᠨ ᠣᠷᠣᠯᠭ᠎ᠠ 1722 ᠲᠦᠮᠡᠨ ᠲᠥᠭᠦᠷᠢᠭ ᠲᠤ ᠬᠦᠷᠴᠦ᠂ 22 ᠭᠠᠴᠠᠭᠠᠨ ᠤ ᠬᠤᠪᠢ ᠣᠷᠣᠭᠤᠯᠤᠭᠰᠠᠨ | ᠠᠵᠤ ᠠᠬᠤᠶ ᠶᠢᠨ ᠬᠤᠷᠰᠢᠶ᠎ᠠ ᠶᠢᠨ ᠣᠷᠣᠯᠭ᠎ᠠ ᠨᠢ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ | ᠬᠦᠷᠪᠡ᠃ ᠬᠤᠳᠠᠯᠳᠤᠭᠠᠴᠢᠨ ᠤᠷᠢᠵᠤ ᠪᠡᠯᠡ ᠲᠠᠳᠠᠬᠤ ᠪᠠᠷ ᠲᠡᠮᠵᠢᠨ ᠪᠡᠯᠡ ᠮᠥᠩᠭᠦ ᠶᠢ 432 ᠳ᠋ᠦᠩᠰᠢᠭᠤᠷ | ᠲᠥᠭᠦᠷᠢᠭ ᠤᠷᠤᠭᠤᠯᠤᠨ ᠠᠪᠴᠢᠷᠠᠪᠠ᠃ | ᠲᠠᠪᠤᠨ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠣᠯᠠᠨ ᠲᠦᠮᠡᠨ ᠤ | ︽ ᠪᠠᠴᠢᠮᠲᠠᠵᠤ ᠪᠠᠶᠢᠭ᠎ᠠ ᠵᠤᠪᠠᠵᠤ ᠪᠠᠶᠢᠭ᠎ᠠ ᠬᠦᠴᠢᠷᠲᠡᠵᠦ ᠪᠠᠶᠢᠭ᠎ᠠ ᠬᠦᠰᠡᠵᠦ ᠪᠠᠶᠢᠭ᠎ᠠ︾ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠨᠡᠩ ᠵᠤᠯ ᠵᠢᠷᠭᠠᠯ ᠲᠠᠢ ᠪᠤᠯᠪᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46234 ᠲᠥᠭᠦᠷᠢᠭ ᠪᠠ | 30232 ᠲᠥᠭᠦᠷᠢᠭ ᠲᠤ ᠬᠦᠷᠴᠦ᠂ ᠵᠢᠯ ᠳᠤᠮᠳᠠᠴᠢ ᠪᠠᠷ 4.9% ᠪᠠ 7.9% ᠪᠠᠷ ᠨᠡᠮᠡᠭᠳᠡᠪᠡ᠃ 70% | ᠤᠷᠴᠢᠮ ᠤᠨ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ | ᠪᠠᠶᠢᠭᠤᠯᠤᠯᠲᠠ ᠳᠤ ᠬᠡᠷᠡᠭᠯᠡᠪᠡ᠃ ᠰᠤᠷᠭᠠᠭᠤᠯᠢ᠂ ᠬᠡᠦᠬᠡᠳ ᠤᠨ ᠴᠡᠴᠡᠷᠯᠢᠭ ᠢ 19 ᠰᠢᠨ᠎ᠡ ᠪᠠᠷ ᠪᠠᠶᠢᠭᠤᠯᠤᠭᠰᠠᠨ | ᠪᠤᠶᠤ ᠥᠭᠡᠷᠡᠴᠢᠯᠡᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ 1000 ᠭᠠᠷᠤᠢ ᠡᠯᠰᠡᠨ ᠬᠡᠷᠡᠭᠯᠡᠵᠤ | ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠪᠡ᠃ ︽ᠠᠵᠢᠯ | ᠣᠯᠤᠭᠰᠠᠳ ᠦᠭᠡᠶ︾ ᠭᠡᠷ ᠪᠦᠯᠢ ᠳᠤ ᠠᠵᠢᠯ ᠤᠯᠭᠤᠬᠤ ᠶᠢ ᠬᠥᠳᠡᠯᠦᠩᠭᠦᠶ ᠪᠠᠷ ᠪᠡᠶᠡᠯᠡᠭᠦᠯᠦᠨ᠂ ᠬᠤᠲᠠ ᠪᠠᠯᠭᠠᠰᠤ | ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 2.5% ᠬᠦᠷᠲᠡᠯ᠎ᠡ ᠪᠠᠭᠤᠷᠠᠭᠤᠯᠵᠤ᠂ ᠪᠦᠬᠦ ᠤᠯᠤᠰ | ᠂ ᠪᠦᠬᠦ ᠣᠷᠣᠨ᠂ ᠪᠦᠬᠦ ᠠᠶᠢᠮᠠᠭ ᠤᠨ ᠳᠤᠮᠳᠠᠴᠢ ᠬᠡᠮᠵᠢᠶ᠎ᠡ ᠠᠴᠠ ᠳᠣᠣᠷ᠎ᠠ ᠪᠠᠶᠢᠯᠭᠠᠪᠠ᠃ ᠡᠮᠴᠢᠯᠡᠭᠡᠨ ᠤ | ᠬᠤᠯᠪᠣᠭᠠᠲᠤ ᠴᠣᠭᠴᠠ ᠶᠢ ᠪᠠᠶᠢᠭᠤᠯᠬᠤ ᠪᠠ ᠱᠠᠲᠤ ᠬᠤᠪᠢᠶᠠᠨ ᠣᠨᠣᠰᠢᠯᠠᠨ ᠡᠮᠨᠡᠬᠦ ᠶᠢ ᠯᠠᠪᠳᠠᠭᠤᠨ ᠪᠠᠲᠤᠲᠠᠶ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠦᠷᠤᠬᠦᠤ ᠪᠦᠯᠦᠭ ᠬᠤᠲᠠ ᠶᠢᠨ ᠡᠮᠴᠢᠯᠡᠭᠡᠨ ᠤ ᠪᠦᠯᠦᠭᠯᠡᠯ ᠢ | ᠪᠠᠶᠢᠭᠤᠯᠤᠨ᠂ ᠮᠣᠩᠭᠤᠯ ᠬᠢᠲᠠᠳ ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢ ᠢᠯᠡᠷᠬᠡᠢ ᠳᠡᠭᠡᠭᠰᠢᠯᠡᠭᠦᠯᠵᠦ᠂ ᠬᠤᠲᠠ | ᠬᠥᠳᠡᠭᠡ ᠶᠢ ᠬᠠᠮᠤᠷᠤᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠤᠢ | ᠪᠤᠯᠭᠠᠪᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠦᠬᠦ | ᠬᠤᠲᠠ ᠪᠠᠷ ᠢᠶᠠᠨ ᠲᠠᠷᠤᠢ ᠲᠦᠷᠭᠡᠨ ᠬᠥᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ | ᠬᠡᠷᠡᠭᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ | ᠢᠶᠠᠷ ᠢᠶᠠᠨ ᠡᠵᠡᠮᠳᠡᠬᠦ ᠪᠠᠲᠤ ᠴᠢᠩᠭ᠎ᠠ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠤᠷᠢᠭᠯᠠᠬᠤ ᠲᠠᠶᠢᠯᠠᠯᠳᠤᠭᠠᠨ ᠤ ᠢᠯᠠᠯᠲᠠ ᠶᠢ ᠠᠮᠵᠢᠯᠳᠠ ᠲᠠᠢ ᠣᠯᠤᠭᠰᠠᠨ ᠪᠠᠶᠢᠨ᠎ᠠ᠃ ᠰᠣᠶᠣᠯ ᠲᠠᠮᠢᠷ | ᠤᠨ ᠦᠢᠯᠡᠰ ᠴᠡᠴᠡᠭᠯᠡᠨ ᠬᠥᠭᠵᠢᠵᠦ᠂ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ | ᠤᠢᠭᠡᠢ ᠲᠡᠭᠦᠯᠳᠡᠷᠵᠢᠨ᠂ ᠤᠯᠠᠭᠠᠨᠮᠥ᠋ᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ | ᠰᠣᠶᠣᠯ ᠲᠠᠮᠢᠷ ᠤᠨ ᠰᠢᠷᠢᠰ ᠠᠵᠢᠯᠯᠠᠭ᠎ᠠ ᠶᠢ ᠲᠠᠰᠤᠷᠠᠯᠲᠠ ᠤᠢᠭᠡᠢ ᠪᠠᠶᠠᠯᠢᠬᠵᠢᠭᠤᠯᠪᠠ᠃ ᠨᠡᠶᠢᠭᠡᠮ ᠤᠨ ᠪᠠᠲᠤᠯᠠᠭ᠎ᠠ | ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠬᠦᠯᠵᠦ᠂ ᠨᠡᠶᠢᠭᠡᠮ ᠤᠨ ᠳᠠᠭᠠᠳᠬᠠᠯ ᠤᠨ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠤᠲᠠ ᠬᠥᠳᠡᠭᠡ ᠳᠤ ᠨᠢᠭᠡᠳᠦᠯᠲᠡᠢ | ᠲᠥᠯᠥᠪᠯᠡᠬᠦ ᠶᠢ ᠲᠡᠭᠦᠰ ᠠᠮᠵᠢᠯᠲᠠ ᠲᠠᠢ ᠪᠡᠶᠡᠯᠡᠬᠦᠯᠵᠦ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ ᠲᠥᠷᠦ | ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ | ᠲᠠᠰᠤᠷᠠᠯᠲᠠ ᠦᠭᠡᠢ ᠪᠦᠷᠢᠨᠰᠢᠬᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ | ᠢᠯᠡᠳᠲᠡ ᠰᠠᠶᠢᠵᠢᠷᠠᠭᠤᠯᠵᠤ᠂ ᠮᠠᠯᠴᠢᠳ ᠢ ᠬᠤᠲᠠ ᠤᠷᠤᠭᠤᠯᠵᠤ ᠦᠳᠡᠯᠤᠭᠡ ᠨᠠᠰᠤ ᠪᠠᠨ ᠦᠡᠭᠭᠡᠷᠡᠬᠦᠯᠬᠦ ᠠᠵᠢᠯ ᠨᠢ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠪᠠ᠃ ᠠᠮᠤᠷ ᠠᠮᠤᠭᠤᠯᠠᠩ ᠰᠢᠯᠢ ᠶᠢᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠦᠲᠦᠮᠵᠢᠲᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠣᠯᠠᠨ ᠲᠦᠮᠡᠨ ᠤ | ᠠᠮᠤᠷ ᠲᠦᠪᠰᠢᠨ ᠤ ᠲᠥᠷᠥᠭᠳᠡᠯ ᠶᠡᠭᠡ ᠪᠠᠷ ᠳᠡᠭᠡᠭᠰᠢᠯᠡᠪᠡ᠃ | ᠲᠠᠪᠤᠨ ᠵᠢᠯ ᠤᠨ ᠲᠤᠷᠰᠢ᠂ ᠪᠢᠳᠠ ᠠᠷᠠᠳᠴᠢᠯᠠᠯᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠢᠮᠠᠭᠲᠠ | ᠪᠠᠷᠢᠮᠲᠠᠯᠠᠵᠤ᠂ ᠡᠶ᠎ᠡ ᠵᠤᠬᠢᠴᠠᠯᠲᠤ ᠲᠣᠭᠲᠠᠭᠤᠨ ᠪᠠᠶᠢᠳᠠᠯ ᠦᠷᠭᠦᠯᠵᠢᠯᠡᠨ ᠪᠠᠬᠢᠵᠢᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠪᠠ ᠤᠯᠤᠰ | ᠲᠦᠷᠦ ᠶᠢᠨ ᠵᠥᠪᠯᠡᠯᠭᠡᠨ ᠤ ᠲᠦᠷᠢᠮ ᠲᠤᠭᠳᠠᠭᠠᠯ ᠶᠣᠰᠣᠭᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠨᠢ ᠭᠤᠣᠯ ᠠᠵᠢᠯ ᠤᠨ ᠲᠤᠭᠤᠷᠢᠨ ᠳᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠳᠠᠭᠠᠨ ᠡᠯᠪᠡᠭ ᠠᠮᠵᠢᠯᠳᠠ ᠤᠯᠪᠠ᠃ ᠶᠡᠭᠡ ᠨᠢᠭᠡᠳᠦᠮᠡᠯ | ᠹᠷᠣᠨᠲ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠤᠯᠠᠨ ᠨᠠᠮ ᠬᠠᠮᠲᠤᠷᠠᠨ ᠠᠵᠢᠯᠯᠠᠬᠤ᠂ ᠦᠨᠳᠦᠰᠦᠲᠡᠨ ᠱᠠᠰᠢᠨ | ᠰᠤᠷᠲᠠᠬᠤᠨ᠂ ᠨᠠᠮ ᠤᠨ ᠭᠠᠳᠠᠨᠠᠬᠢ ᠰᠡᠬᠡᠭᠡᠲᠡᠨ ᠵᠡᠷᠭᠡ ᠡᠯ᠎ᠡ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠤᠨ | ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠭᠡ ᠣᠷᠣᠨᠴᠢ ᠨᠢᠭᠡᠳᠦᠮᠡᠯ ᠹᠷᠣᠨᠲ ᠢ ᠦᠷᠭᠦᠯᠵᠢᠯᠡᠨ | ᠪᠠᠬᠢᠵᠢᠭᠦᠯᠦᠨ ᠪᠤᠵᠠᠭᠠᠶᠢᠷᠠᠭᠤᠯᠪᠠ᠃ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠲᠠᠢ ᠦᠢᠯᠡᠰ ᠪᠣᠯᠭᠠᠨ | ᠰᠠᠶᠢᠲᠤᠷ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ | ᠴᠢᠨᠠᠭᠰᠢᠳᠠ ᠪᠠᠲᠤᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠤᠯᠠᠨ ᠲᠦᠮᠡᠨ ᠤ | ᠪᠦᠯᠬᠦᠮ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠲᠠᠢ ᠬᠠᠷᠢᠯᠴᠠᠬᠤ ᠦᠢᠯᠡᠳᠦᠯ ᠢ | ᠪᠦᠲᠦᠮᠵᠢᠲᠡᠶ ᠪᠠᠷ ᠪᠠᠳᠠᠷᠠᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠢ ᠠᠯᠬᠤᠮ | ᠠᠯᠬᠤᠮ ᠢᠶᠠᠷ ᠴᠢᠩᠭᠠᠳᠬᠠᠨ᠂ ᠴᠡᠷᠢᠭ ᠠᠷᠠᠳ ᠤᠨ ᠠᠭᠤᠰᠤᠯᠴᠠᠯ ᠢ ᠬᠥᠨᠵᠡᠭᠡᠶᠢᠷᠡᠬᠦᠯᠤᠨ ᠬᠥᠭᠵᠢᠬᠦᠯᠪᠠ᠃ ᠬᠠᠤᠯᠢ | ᠶᠤᠰᠤᠭᠠᠷ ᠬᠤᠲᠠ ᠶᠢ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ | ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ | ᠲᠠᠢ ᠡᠭᠦᠳᠦᠨ ᠪᠠᠶᠢᠭᠤᠯᠵᠤ᠂ ︽ᠪᠦᠬᠦ ᠤᠯᠤᠰ ᠤᠨ ︿ᠳᠣᠯᠣᠳᠤᠭᠠᠷ ᠲᠠᠪᠤᠨ ᠵᠢᠯ﹀ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠲᠡᠷᠢᠭᠦᠨ ᠤ ᠬᠤᠲᠠ︾ ᠶᠢᠨ ᠢᠷᠠᠭᠤ ᠠᠯᠳᠠᠷ | ᠢ ᠬᠦᠷᠲᠡᠪᠡ᠃ | ᠲᠠᠪᠤᠨ ᠵᠢᠯ ᠤᠨ ᠲᠤᠷᠰᠢ᠂ ᠪᠢᠳᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ | ᠤᠯᠤᠰ ᠲᠦᠷᠦ ᠶᠢᠨ ᠠᠮᠢ ᠠᠬᠤᠢ ᠲᠠᠰᠤᠷᠠᠯᠳᠠ ᠦᠭᠡᠢ ᠴᠡᠪᠡᠷᠰᠢᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠣᠨᠣᠯ ᠤᠨ ᠶᠡᠭᠡ ᠰᠤᠷᠭᠠᠭᠤᠯᠢ︾ | ᠶᠢᠨ ᠤᠬᠠᠭᠤᠯᠤᠨ ᠲᠠᠶᠢᠯᠪᠤᠷᠢᠯᠠᠬᠤ ᠲᠣᠭᠲᠠᠴᠠ ᠨᠢ ᠪᠥᠬᠦ ᠣᠷᠣᠨ ᠤ ᠦᠯᠢᠭᠡᠷ ᠵᠢᠱᠢᠶ᠎ᠡ ᠪᠣᠯᠵᠤ᠂ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ | ᠳᠦᠷᠢᠮᠵᠢᠭᠦᠯᠬᠦ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠪᠡ᠃ ᠣᠯᠠᠨ ᠲᠦᠮᠡᠨᠴᠢ | ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ | ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ | ᠲᠡᠷᠢᠭᠦᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ︽ᠲᠠᠪᠤᠵᠢᠭᠤᠯᠤᠯᠲᠠ ᠶᠢ ᠬᠠᠮᠵᠢᠯᠴᠠᠭᠤᠯᠬᠤ᠂ | ᠦᠨᠳᠦᠰᠦᠨ ᠱᠠᠲᠤ ᠶᠢ ᠶᠡᠭᠡ ᠪᠠᠷ ᠠᠳᠬᠤᠬᠤ︾ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ | ᠶᠢᠨ ᠬᠤᠭᠤᠴᠠᠭ᠎ᠠ ᠰᠣᠯᠢᠬᠤ ᠠᠵᠢᠯ ᠢ ᠲᠡᠬᠦᠰ ᠠᠮᠵᠢᠯᠲᠠ ᠲᠠᠢ ᠪᠡᠶᠡᠯᠡᠭᠦᠯᠵᠦ᠂ ᠨᠠᠮ ᠤᠨ ᠭᠡᠰᠢᠬᠦᠨ ᠪᠠ ᠣᠯᠠᠨ | ᠲᠦᠮᠡᠨ ᠳᠤ ᠦᠢᠯᠡᠴᠢᠯᠡᠬᠦ ᠲᠥᠪ ᠢ ᠭᠤᠷᠪᠠᠨ ᠱᠠᠲᠤᠨ ᠳᠤ ᠨᠡᠶᠢᠳᠡᠮ ᠪᠠᠶᠢᠭᠤᠯᠬᠤ ᠶᠢ ᠪᠡᠶᠡᠯᠡᠭᠦᠯᠦᠨ᠂ ︽ᠪᠦᠬᠦ | ᠤᠯᠤᠰ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ | ᠶᠢᠨ ᠢᠷᠠᠭᠤ ᠠᠯᠳᠠᠷ ᠤᠨ ᠴᠤᠯᠠ ᠶᠢ ᠬᠦᠷᠲᠡᠪᠡ᠃ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠲᠠᠢ | ᠪᠠᠶᠢᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠪᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠬᠤ ᠶᠢ ᠪᠣᠳᠣᠬᠤ ᠦᠭᠡᠢ᠂ ᠢᠯᠵᠠᠷᠠᠵᠤ ᠳᠡᠶᠢᠯᠬᠦ ᠦᠭᠡᠢ ᠪᠠᠶᠢᠬᠤ ᠪᠠᠶᠢᠭᠤᠯᠤᠯ ᠲᠣᠭᠲᠠᠴᠠ ᠶᠢ ᠠᠩᠬ᠎ᠠ | ᠠᠯᠬᠤᠮ ᠪᠠᠶᠢᠭᠤᠯᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ | ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠦᠵᠡᠯ ᠵᠡᠷᠭᠡ | ᠲᠤᠪᠤᠶᠢᠮ᠎ᠠ ᠠᠰᠠᠭᠤᠳᠠᠯ ᠢ ᠴᠢᠩᠭ᠎ᠠ ᠵᠠᠯᠬᠠᠭᠠᠨ ᠰᠢᠢᠳᠭᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ᠂ ᠣᠢ | ᠰᠢᠭᠤᠶ ᠨᠤᠲᠤᠭ ᠪᠡᠯᠴᠢᠭᠡᠷ ᠤᠨ ᠬᠦᠷᠢᠶ᠎ᠡ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠲᠤᠰᠬᠠᠶ ᠴᠡᠭᠴᠡᠯᠡᠨ ᠵᠠᠰᠠᠯᠲᠠ | ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠵᠦ᠂ | ᠡᠯ᠎ᠡ ᠱᠠᠲᠤ ᠡᠯ᠎ᠡ ᠲᠥᠷᠥᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠶᠤᠰᠤᠭᠠᠷ | ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠬᠦᠯᠵᠦ ᠂ ᠠᠷᠪᠠᠨ ᠬᠤᠶᠠᠳᠤᠭᠠᠷ ᠬᠤᠭᠤᠴᠠᠭᠠᠨ ᠤ ᠬᠤᠲᠠ ᠶᠢᠨ | ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠲᠠ ᠶᠢ ᠨᠡᠶᠢᠳᠡᠮ ᠪᠦᠷᠬᠦᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ | ᠤᠨ ᠲᠠᠪᠠᠭᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠪᠠ︕ | ᠥᠩᠭᠡᠷᠡᠭᠰᠡᠨ ᠲᠠᠪᠤᠨ ᠵᠢᠯ ᠪᠣᠯ ᠮᠠᠨ ᠤ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ ᠪᠠᠷ | ᠲᠡᠭᠡᠭᠰᠢᠯᠡᠵᠤ᠂ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠭᠰᠠᠨ ᠲᠠᠪᠤᠨ ᠵᠢᠯ ᠮᠥᠨ᠂ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠶᠢ ᠦᠷᠭᠦᠯᠵᠢᠯᠡᠨ ᠬᠦᠨᠵᠡᠭᠡᠶᠢᠷᠡᠬᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠢᠯᠬᠠᠮ᠎ᠠ ᠤᠨᠳᠤᠷᠤᠭᠰᠠᠨ ᠲᠠᠪᠤᠨ ᠵᠢᠯ ᠮᠥᠨ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠭᠦᠨᠵᠡᠭᠡᠢ | ᠠᠬᠢᠭᠤᠯᠵᠤ᠂ ᠤᠯᠤᠰ ᠲᠥᠷᠦ ᠶᠢᠨ ᠠᠮᠢ ᠠᠬᠤᠢ ᠲᠠᠰᠤᠷᠠᠯᠲᠠ ᠦᠭᠡᠢ ᠰᠢᠯᠢᠳᠡᠭᠵᠢᠭᠰᠡᠨ ᠲᠠᠪᠤᠨ ᠵᠢᠯ ᠮᠥᠨ᠂ ᠨᠠᠩ | ᠴᠤ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠦ᠂ ᠬᠦᠴᠢᠷ | ᠪᠡᠷᠭᠡ ᠶᠢ ᠡᠷᠡᠮᠡᠭᠡᠶᠢᠯᠡᠨ ᠲᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠭᠡᠬᠦ ᠬᠠᠷᠠᠯᠳᠠ | ᠲᠡᠰᠢ ᠶᠡᠭᠡ ᠠᠯᠬᠤᠮ ᠢᠶᠠᠷ ᠤᠷᠤᠭᠰᠢᠯᠠᠭᠰᠠᠨ ᠲᠠᠪᠤᠨ ᠵᠢᠯ ᠮᠥᠨ᠃ ᠲᠠᠪᠤᠨ ᠵᠢᠯ ᠤᠨ ᠲᠤᠷᠰᠢ ᠳᠤ ᠣᠯᠤᠭᠰᠠᠨ | ᠠᠮᠵᠢᠯᠲᠠ ᠪᠦᠲᠦᠮᠵᠢ ᠪᠣᠯ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠦᠴᠦᠲᠡᠢ | ᠳᠡᠮᠵᠢᠯᠭᠡ ᠶᠢᠨ ᠦᠷ᠎ᠡ ᠳ᠋ᠦᠩ ᠮᠥᠨ᠂ ᠬᠤᠭᠤᠴᠠᠭ᠎ᠠ ᠪᠦᠷᠢ ᠶᠢᠨ ᠬᠤᠲᠠ ᠶᠢᠨ ᠨᠠᠮ ᠤᠨ ᠬᠤᠷᠢᠶᠠᠨ ᠤ ᠤᠷᠢᠳᠤᠬᠢ | ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠵᠤ᠂ ᠴᠥᠬᠦᠷᠡᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠬᠤᠲᠠ | ᠳᠠᠶᠠᠭᠠᠷ ᠢᠶᠠᠨ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠤ ᠦᠷ᠎ᠡ ᠳ᠋ᠦᠩ ᠮᠥᠨ᠃ ᠠᠳᠡ | ᠪᠢ ᠬᠤᠲᠠ ᠶᠢᠨ ᠨᠠᠮ ᠤᠨ ᠬᠤᠷᠢᠶᠠᠨ ᠤ ᠡᠮᠦᠨ᠎ᠡ ᠠᠴᠠ ᠡᠯ᠎ᠡ ᠹᠷᠣᠨᠲ ᠳᠡᠭᠡᠷ᠎ᠡ ᠰᠢᠷᠭᠠᠭᠤ ᠠᠵᠢᠯᠯᠠᠵᠤ ᠪᠠᠶᠢᠭ᠎ᠠ | ᠥᠷᠭᠡᠨ ᠣᠯᠠᠨ ᠨᠠᠮ ᠤᠨ ᠭᠡᠰᠢᠭᠦᠨ ᠪᠠ ᠺᠠᠳ᠋ᠷ ᠣᠯᠠᠨ ᠲᠦᠮᠡᠨ ᠳᠤ᠂ ᠰᠢᠯᠢ ᠶᠢᠨ ᠬᠤᠳᠠ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠵᠤ ᠪᠠᠶᠢᠭ᠎ᠠ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠬᠠᠮᠤᠭ ᠤᠨ | ᠲᠡᠭᠡᠳᠤ ᠬᠦᠨᠳᠤᠳᠭᠡᠯ ᠢᠶᠠᠨ ᠲᠡᠪᠰᠢᠭᠦᠯᠦᠶ᠎ᠡ︕ | ᠲᠠᠪᠤᠨ ᠵᠢᠯ ᠤᠨ ᠲᠤᠷᠰᠢᠬᠢ ᠪᠡᠷᠬᠡ ᠬᠠᠲᠠᠭᠤᠵᠢᠯᠲᠠᠢ ᠦᠢᠯᠡᠳᠦᠯᠭᠡ ᠪᠠ ᠲᠤᠪᠤᠶᠢᠮ᠎ᠠ ᠠᠮᠵᠢᠯᠲᠠ ᠪᠦᠲᠦᠮᠵᠢ ᠠᠴᠠ | ᠪᠢᠳᠡ ᠬᠦᠨᠵᠡᠭᠡᠢ ᠤᠯᠵᠤ ᠲᠠᠨᠢᠭᠰᠠᠨ ᠨᠢ᠄ | — — ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ | ᠪᠢᠳᠡ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠳᠠᠭ ᠯᠡ ᠶᠤᠮ ᠪᠤᠯ᠂ ᠪᠠᠶᠢᠳᠠᠯ ᠬᠡᠴᠢᠨᠡᠭᠡᠨ | ᠪᠤᠳᠤᠯᠢᠶᠠᠨᠲᠠᠢ ᠬᠤᠪᠢᠷᠠᠯᠲᠠ ᠶᠡᠭᠡ ᠲᠠᠢ ᠪᠠᠶᠢᠭᠰᠠᠨ ᠴᠤ᠂ ᠶᠠᠮᠠᠷ ᠵᠦᠢᠯ ᠤᠨ ᠲᠦᠭᠰᠢᠭᠦᠷᠢ ᠪᠠ ᠥᠷᠢᠰᠥᠯᠳᠦᠭᠡᠨ ᠳᠤ | ᠲᠤᠯᠭᠠᠷᠠᠭᠰᠠᠨ ᠴᠤ᠂ ᠪᠢᠳᠡ ᠴᠥᠮ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠵᠣᠷᠢᠭ᠂ ᠴᠢᠳᠠᠪᠤᠷᠢ᠂ | ᠤᠬᠠᠭᠠᠨ ᠭᠦᠢᠴᠡᠳ ᠪᠠᠶᠢᠭ᠎ᠠ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ | ᠪᠠᠷᠢᠮᠲᠠᠯᠠᠨ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠠ | ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ | ᠪᠠᠷ ᠨᠢᠭᠡᠳᠦᠯᠲᠡᠶ ᠪᠠᠶᠢᠯᠭᠠᠬᠤ ᠬᠡᠷᠡᠭᠲᠡᠶ᠃ | — — ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠬᠤ ᠬᠡᠷᠡᠭᠲᠡᠢ᠃ ᠭᠠᠭᠴᠠ ᠬᠦ ᠠᠷᠠᠳ ᠤᠯᠠᠨ ᠤ ᠠᠰᠢᠭ ᠲᠤᠰᠠ ᠶᠢ ᠪᠡᠶᠡᠯᠡᠭᠦᠯᠬᠦ ᠶᠢ ᠠᠯᠢᠪᠠ | ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠪᠠᠯ ᠰᠠᠶ᠋ᠢ ᠲᠦᠷᠦ ᠪᠠᠷᠢᠬᠤ ᠶᠢᠨ ᠬᠠᠮᠤᠭ ᠤᠨ ᠨᠠᠶᠢᠳᠠᠪᠤᠷᠢᠲᠠᠶ | ᠤᠯᠠᠨ ᠲᠦᠮᠡᠨ ᠤ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ ᠠᠵᠢᠯ ᠦᠢᠯᠡᠰ ᠢ ᠲᠦᠯᠬᠢᠨ ᠤᠷᠤᠭᠰᠢᠯᠠᠭᠤᠯᠬᠤ | ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠨᠢᠭᠲᠠᠷᠠᠭᠤᠯᠵᠤ ᠴᠢᠳᠠᠨ᠎ᠠ᠃ ᠪᠢᠳᠡ ᠪᠦᠬᠦ ᠰᠡᠳᠬᠢᠯ ᠪᠦᠬᠦ ᠵᠣᠷᠢᠭ | ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠨ᠂ ᠤᠯᠠᠨ ᠲᠦᠮᠡᠨ | ᠤ ᠪᠠᠴᠢᠮᠳᠠᠵᠤ ᠪᠠᠶᠢᠭ᠎ᠠ ᠬᠥᠴᠢᠷᠳᠠᠵᠤ ᠪᠠᠶᠢᠭ᠎ᠠ ᠵᠣᠪᠠᠵᠤ ᠪᠠᠶᠢᠭ᠎ᠠ ᠬᠦᠰᠡᠵᠤ ᠪᠠᠶᠢᠭ᠎ᠠ ᠠᠰᠠᠭᠤᠳᠠᠯ ᠢ ᠰᠡᠳᠬᠢᠯ | ᠲᠠᠯᠪᠢᠨ ᠬᠦᠴᠦ ᠤᠷᠤᠭᠤᠯᠤᠨ ᠰᠢᠢᠳᠪᠤᠷᠢᠯᠡᠵᠤ᠂ ︽ᠣᠯᠠᠨ ᠲᠦᠮᠡᠨ ᠶᠠᠭᠤ ᠪᠤᠳᠤᠵᠤ ᠪᠠᠶᠢᠪᠠᠯ ᠪᠢᠳᠡ ᠶᠠᠭᠤ ᠬᠢᠬᠦ︾ | ᠶᠢ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠠᠢ᠃ | — — ᠡᠷᠬᠡᠪᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠡᠷᠡᠰ ᠬᠦᠴᠦᠨ | ᠢ ᠪᠠᠷᠢᠮᠲᠠᠯᠠᠬᠤ ᠬᠡᠷᠡᠭᠲᠡᠢ᠃ ᠤᠯᠠᠮᠵᠢᠯᠠᠯᠲᠤ ᠬᠥᠭᠵᠢᠯᠲᠡ ᠶᠢᠨ ᠠᠷᠭ᠎ᠠ ᠮᠠᠶ᠋ᠢᠭ ᠲᠤ ᠬᠡᠲᠦᠷᠬᠡᠶ ᠲᠦᠰᠢᠭᠯᠡᠬᠦ ᠨᠢ | ᠨᠢᠭᠡᠨᠲᠡ ᠤᠷᠤᠭᠰᠢ ᠦᠭᠡᠢ ᠪᠤᠯᠵᠤ᠂ ᠦᠷᠭᠦᠯᠵᠢᠯᠡᠵᠦ ᠪᠤᠯᠬᠤ ᠦᠭᠡᠢ ᠪᠣᠯᠤᠭᠰᠠᠨ ᠢ ᠦᠢᠯᠡᠳᠦᠯᠭᠡ ᠭᠡᠷᠡᠴᠢᠯᠡᠵᠡᠶ᠃ | ᠪᠢᠳᠡ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠪᠢᠳᠡᠨ ᠳᠤ | ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ | ᠬᠥᠲᠥᠯᠪᠦᠷᠢ ᠪᠠᠷ ᠶᠡᠷᠦᠩᠬᠡᠶ ᠵᠢᠷᠤᠮᠵᠢᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠶᠢᠨ ᠤᠶᠢᠯᠠᠭᠠᠭᠲᠠᠬᠤᠨ ᠢ ᠪᠦᠬᠦ ᠬᠤᠲᠠ ᠶᠢᠨ ᠠᠵᠢᠯ ᠤᠨ ᠡᠯ᠎ᠡ ᠬᠦᠷᠢᠶ᠎ᠡ᠂ ᠡᠯ᠎ᠡ | ᠲᠠᠯ᠎ᠠ ᠳᠤ ᠲᠤᠤᠱᠯᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠲᠤᠲᠠᠭᠳᠠᠯ ᠲᠠᠢ ᠲᠠᠯ᠎ᠠ ᠪᠠᠨ ᠲᠡᠪᠴᠢᠬᠦ᠂ | ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠡᠩ ᠠᠩᠬᠠᠷᠴᠤ᠂ ᠪᠦᠬᠦ ᠬᠦᠴᠦᠨ ᠢᠶᠠᠷ ᠢᠶᠠᠨ | ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | — — ᠡᠷᠬᠡᠪᠰᠢ ᠦᠨᠡᠨ ᠢ ᠡᠷᠢᠯᠬᠢᠯᠡᠨ ᠪᠤᠲᠠᠲᠠᠢ ᠶᠢ ᠡᠷᠬᠢᠮᠯᠡᠬᠦ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠬᠦ ᠰᠢᠯᠢᠳᠡᠭ ᠰᠤᠷᠲᠠᠯ ᠢ ᠪᠠᠷᠢᠮᠲᠠᠯᠠᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠪᠣᠯ ᠨᠢᠭᠡᠨ ᠮᠥᠩᠬᠡ ᠶᠢᠨ | ᠭᠤᠣᠯ ᠰᠡᠳᠦᠪ ᠮᠥᠨ᠂ ᠵᠦᠪᠬᠡᠨ ᠤᠲᠤᠭᠰᠢ ᠲᠡᠮᠡᠦᠯᠡᠬᠦ ᠠᠴᠠ ᠵᠤᠭᠰᠤᠯᠲᠠ ᠭᠡᠵᠦ ᠪᠠᠶᠢᠬᠤ ᠦᠭᠡᠢ᠃ ᠪᠢᠳᠡ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ | ᠂ ᠠᠵᠢᠯᠯᠠᠬᠤ ᠶᠢ ᠴᠢᠬᠤᠯᠠᠴᠢᠯᠠᠨ᠂ ᠪᠣᠳᠠᠲᠠᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠨᠢᠭᠡᠪᠦᠷᠢ ᠶᠢ | ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠪᠠ ᠤᠯᠠᠨ | ᠲᠦᠮᠡᠨ ᠤ ᠢᠲᠡᠭᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ | — — ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠬᠡᠪᠰᠢ ᠡᠷᠡᠰ | ᠡᠭᠦᠷᠭᠡᠯᠡᠬᠦ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠬᠦ ᠪᠣᠯ ᠡᠯ᠎ᠡ ᠵᠦᠢᠯ ᠤᠨ ᠠᠵᠢᠯ ᠢ ᠰᠠᠶᠢᠲᠤᠷ ᠬᠢᠬᠦ | ᠶᠢᠨ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠮᠥᠨ᠃ ᠪᠢᠳᠡ ᠢᠮᠠᠭᠲᠠ ᠴᠢᠩᠭ᠎ᠠ ᠪᠠ ᠪᠣᠳᠠᠲᠠᠢ ᠪᠠᠶᠢᠬᠤ | ᠱᠠᠭᠠᠷᠳᠠᠯᠭ᠎ᠠ ᠶᠢ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠳᠣᠪᠤᠶᠢᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠢᠳᠠᠪᠬᠢ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ | ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠢ | ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ᠃ | ᠠᠮᠵᠢᠯᠲᠠ ᠪᠠᠨ ᠳ᠋ᠦᠩᠨᠡᠬᠦ ᠶᠢᠨ ᠵᠡᠷᠭᠡ ᠳᠤ᠂ ᠣᠳᠣᠬᠠᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ | ᠭᠠᠳᠠᠭᠠᠳᠤ ᠣᠷᠴᠢᠨ ᠨᠦᠬᠦᠴᠡᠯ ᠳᠤ ᠪᠠᠰᠠ ᠮᠠᠰᠢ ᠣᠯᠠᠨ ᠲᠤᠭᠳᠠᠪᠤᠷᠢ ᠦᠭᠡᠢ ᠴᠢᠨᠠᠷ ᠣᠷᠣᠰᠢᠵᠤ᠂ ᠮᠠᠨ ᠤ ᠬᠤᠲᠠ | ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠰᠢᠯᠭᠠᠯᠳᠠ ᠲᠤᠯᠭᠠᠷᠠᠵᠤ᠂ | ᠢᠷᠡᠬᠦ ᠲᠠᠪᠤᠨ ᠵᠢᠯ ᠤᠨ ᠥᠭᠡᠷᠡᠴᠢᠯᠡᠯᠲᠡ ᠬᠦᠭᠵᠢᠯᠲᠡ ᠲᠣᠭᠲᠠᠭᠤᠨ ᠤ ᠡᠭᠦᠷᠭᠡ ᠮᠥᠨ ᠯᠡ ᠲᠦᠢᠯ ᠤᠨ ᠬᠠᠲᠠᠭᠤ | ᠪᠡᠷᠬᠡ ᠪᠠᠶᠢᠨ᠎ᠠ ᠭᠡᠳᠡᠭ ᠢ ᠪᠢᠳᠡ ᠰᠡᠷᠭᠡᠭ ᠢᠶᠠᠷ ᠲᠠᠨᠢᠵᠤ ᠤᠯᠬᠤ ᠬᠡᠷᠡᠭᠳᠠᠢ᠃ ᠭᠠᠳᠠᠭᠠᠳᠤ ᠣᠷᠴᠢᠨ ᠲᠣᠭᠤᠷᠢᠨ᠂ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠪᠠ ᠡᠬᠢ ᠪᠠᠶᠠᠯᠢᠭ ᠣᠷᠴᠢᠨ ᠲᠣᠭᠤᠷᠢᠨ ᠤ | ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢᠨ ᠡᠨᠧᠷᠬᠢ ᠪᠠ | ᠬᠦᠨᠳᠦ ᠠᠵᠤ ᠦᠢᠯᠡᠳᠪᠦᠷᠢ ᠳᠤ ᠲᠦᠰᠢᠭᠯᠡᠬᠦ ᠤᠨᠴᠠᠯᠢᠭ ᠨᠢ ᠨᠡᠯᠢᠶᠡᠳ ᠲᠤᠪᠤᠶᠢᠮ᠎ᠠ ᠪᠠᠶᠢᠵᠤ᠂ ᠵᠠᠯᠭᠠᠭᠤᠯᠬᠤ ᠠᠵᠤ | ᠦᠢᠯᠡᠰ ᠤᠨ ᠬᠦᠭᠵᠢᠯᠲᠡ ᠶᠢᠨ ᠨᠦᠬᠡᠴᠡ ᠬᠦᠴᠦᠨ ᠬᠦᠷᠦᠯᠴᠡᠬᠦ ᠦᠭᠡᠢ ᠪᠠᠶᠢᠵᠤ᠂ ᠦᠷᠭᠦᠯᠵᠢᠯᠡᠬᠦ ᠬᠥᠭᠵᠢᠯᠲᠡ ᠶᠢᠨ | ᠤᠶᠠᠨ ᠬᠠᠳᠠᠨ ᠴᠢᠨᠠᠷ ᠴᠢᠩᠭ᠎ᠠ ᠪᠤᠰᠤ ᠪᠠᠶᠢᠨ᠎ᠠ︔ ︽ᠭᠤᠷᠪᠠ ᠶᠢ ᠪᠠᠲᠤᠯᠠᠬᠤ︾ ᠵᠡᠷᠭᠡ ᠬᠠᠲᠠᠭᠤ ᠵᠠᠷᠤᠯᠭ᠎ᠠ | ᠨᠡᠮᠡᠭᠳᠡᠵᠦ᠂ ᠡᠳ᠋ ᠤᠨ ᠵᠠᠰᠠᠭ ᠤᠨ ᠰᠢᠨ᠎ᠡ ᠨᠡᠮᠡᠭᠳᠡᠯ ᠤᠨ ᠴᠢᠭ ᠴᠦᠭᠡᠨ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠤᠨ ᠠᠰᠠᠭᠤᠳᠠᠯ ᠮᠦᠨ ᠯᠡ ᠲᠤᠪᠤᠶᠢᠮ᠎ᠠ ᠪᠠᠶᠢᠨ᠎ᠠ︔ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠮᠥᠨ ᠯᠡ ᠣᠷᠣᠰᠢᠵᠤ᠂ | ᠬᠥᠭᠵᠢᠯᠲᠡ ᠶᠢ ᠬᠢᠵᠠᠭᠠᠷᠯᠠᠬᠤ ᠪᠠ ᠨᠥᠯᠥᠭᠡᠯᠡᠬᠦ ᠳᠤᠲᠠᠭᠤᠳᠠᠯ ᠢ ᠪᠠᠰᠠ ᠦᠨᠳᠦᠰᠦᠨ ᠠᠴᠠ ᠨᠢ ᠰᠢᠢᠳᠪᠦᠷᠢᠯᠡᠵᠦ | ᠳᠡᠶᠢᠯᠦᠭᠡᠳᠦᠢ ᠪᠠᠶᠢᠭᠰᠠᠭᠠᠷ︔ ᠵᠠᠷᠢᠮ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠠᠨ ᠭᠦᠢᠴᠡᠳ ᠴᠢᠯᠥᠭᠡᠯᠡᠵᠦ | ᠳᠡᠶᠢᠯᠬᠦ ᠦᠭᠡᠢ᠂ ᠤᠯᠠᠨ ᠲᠦᠮᠡᠨᠴᠢ ᠦᠵᠡᠯᠲᠡ ᠪᠠᠷ ᠴᠢᠩᠭ᠎ᠠ ᠪᠢᠰᠢ᠂ ᠬᠢᠬᠦ ᠵᠣᠷᠢᠭ ᠦᠭᠡᠢ᠂ ᠬᠢᠬᠦ ᠰᠠᠨᠠᠭ᠎ᠠ ᠦᠭᠡᠢ᠂ | ᠬᠢᠵᠦ ᠴᠢᠳᠠᠬᠤ ᠦᠭᠡᠢ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠡᠳᠡᠭᠡᠷ ᠠᠰᠠᠭᠤᠳᠠᠯ ᠨᠢ ᠴᠥᠮ | ᠪᠢᠳᠡᠨ ᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ᠡᠯ᠎ᠡ | ᠵᠦᠢᠯ ᠤᠨ ᠠᠵᠢᠯ ᠢᠶᠠᠨ ᠨᠡᠩ ᠰᠠᠶᠢᠲᠤᠷ ᠬᠢᠬᠦ ᠪᠠᠷ ᠴᠢᠷᠮᠠᠶᠢᠬᠤ ᠶᠢ ᠱᠠᠭᠠᠷᠳᠠᠵᠤ ᠪᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠳᠠ ᠪᠠ ᠭᠤᠤᠯ ᠡᠬᠦᠷᠭᠡ | 7 ᠰᠠᠷ᠎ᠠ ᠶᠢᠨ 1 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ | ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠦᠭᠰᠡᠨ ᠢ ᠲᠥᠪ ᠴᠢᠩᠭ᠎ᠠ ᠪᠠᠷ | ᠲᠤᠩᠬᠠᠭᠯᠠᠵᠤ᠂ ᠮᠠᠨ ᠤ ᠨᠠᠮ ᠤᠨ ᠰᠦᠷ ᠳᠠᠯᠠᠶᠢᠴᠠᠲᠠᠢ ᠭᠡᠷᠡᠯ ᠰᠠᠴᠤᠷᠠᠩᠭᠤᠢ ᠦᠡᠭᠭᠡᠷᠡᠯᠳᠡ ᠶᠢ ᠪᠦᠬᠦ ᠲᠠᠯ᠎ᠠ ᠪᠠᠷ | ᠡᠷᠭᠢᠴᠡᠭᠦᠯᠵᠦ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠪᠠᠨ ᠨᠡᠭᠡᠭᠡᠬᠦ ᠳᠤ ᠡᠷᠬᠡᠪᠰᠢ ᠪᠠᠲᠤ ᠡᠵᠡᠮᠳᠡᠬᠦ ᠬᠡᠷᠡᠭᠲᠡᠢ | ︽ᠶᠢᠰᠦᠨ ᠡᠷᠬᠡᠪᠰᠢ︾ ᠶᠢᠨ ᠦᠨᠳᠦᠰᠦᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠦᠭᠦᠯᠡᠵᠦ᠂ ᠨᠠᠮ | ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠭᠤᠶᠢᠳᠠ ᠮᠡᠷᠭᠡᠨ ᠬᠤᠷᠢᠶᠠᠩᠭᠤᠶᠢᠯᠠᠪᠠ᠂ ᠡᠨᠡ ᠪᠤᠯ ᠮᠠᠷᠺᠰ ᠤᠨ | ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠦᠨ᠂ ᠲᠡᠷᠡ ᠨᠢ ᠰᠢᠨ᠎ᠡ ᠠᠶᠠᠨ ᠵᠠᠮ ᠳᠠᠬᠢ ᠨᠠᠮ ᠪᠠ | ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠤᠳᠤᠷᠬᠠᠢ | ᠲᠤᠬᠳᠠᠭᠠᠨ ᠦᠭᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ | ᠫᠢᠩ ᠥᠪᠥᠷ ᠮᠣᠩᠭᠤᠯ ᠳᠤ ᠤᠷᠢᠳ ᠬᠤᠵᠢᠳ 2 ᠤᠳᠠᠭ᠎ᠠ ᠬᠥᠷᠴᠤ ᠪᠠᠶᠢᠴᠠᠭᠠᠨ ᠰᠤᠳᠤᠯᠤᠯᠳᠡ ᠬᠢᠵᠤ᠂ ᠪᠦᠬᠦ | ᠤᠯᠤᠰ ᠤᠨ ᠬᠤᠶᠠᠷ ᠬᠤᠷᠠᠯ ᠲᠡᠭᠡᠷ᠎ᠠ 4 ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠶᠠᠷᠢᠯᠴᠠᠬᠤ ᠳᠤ ᠣᠷᠣᠯᠴᠠᠵᠤ᠂ ᠥᠪᠥᠷ ᠮᠣᠩᠭᠤᠯ ᠤᠨ ᠪᠦᠬᠦ ᠲᠠᠯ᠎ᠠ ᠪᠠ ᠠᠯᠤᠰ ᠬᠡᠲᠦ ᠶᠢᠨ ᠬᠥᠭᠵᠢᠯᠲᠡ ᠳᠤ | ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠤ᠂ ᠪᠢᠳᠡᠨ ᠢ ᠠᠷᠠᠳ ᠲᠦᠮᠡᠨ | ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠮᠢ ᠠᠬᠤᠶ ᠶᠢ ᠲᠡᠷᠢᠭᠦᠨ | ᠳᠤ ᠲᠠᠯᠪᠢᠬᠤ᠂ ᠪᠤᠬᠢᠷᠲᠠᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠳᠠᠢ ᠭᠡᠵᠤ ᠱᠠᠭᠠᠷᠳᠠᠭᠰᠠᠨ ᠪᠦᠭᠡᠳ ᠥᠪᠡᠷᠲᠡᠭᠡᠨ ᠵᠠᠰᠠᠬᠤ | ᠣᠷᠣᠨ ᠳᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠯᠭᠤᠵᠠᠢ᠂ ᠡᠨᠡ ᠨᠢ ᠥᠪᠥᠷ ᠮᠣᠩᠭᠤᠯ ᠤᠨ | ᠪᠠᠶᠢᠳᠠᠯ ᠳᠤᠨᠢ ᠲᠤᠬᠢᠷᠠᠭᠤᠯᠤᠨ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ ᠦᠭᠬᠦᠭᠰᠡᠨ ᠮᠦᠷᠳᠡᠭᠡᠨ ᠮᠠᠨ ᠤ | ᠬᠤᠲᠠ ᠶᠢᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ ᠳᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠤ ᠦᠭᠬᠦᠭᠰᠡᠨ ᠪᠠᠶᠢᠨ᠎ᠠ᠃ ᠪᠢᠳᠡ ︽ᠬᠤᠶᠠᠷ ᠢ | ᠬᠠᠮᠠᠭᠠᠯᠠᠬᠤ︾ ᠤᠯᠤᠰ ᠲᠥᠷᠦ ᠶᠢᠨ ᠦᠨᠳᠦᠷᠴᠡ ᠳᠤ ᠵᠣᠭᠰᠣᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ | ᠲᠠᠷᠬᠠᠨ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ | ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠢᠮᠠᠭᠲᠠ ᠪᠦᠬᠦ ᠠᠵᠢᠯ | ᠤᠨ ᠶᠡᠷᠦᠩᠬᠡᠢ ᠵᠢᠯᠣᠭᠤᠳᠤᠮᠵᠢ ᠪᠠᠨ ᠪᠣᠯᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠨᠡᠶᠢᠯᠡᠯ | ᠴᠡᠭ ᠢ ᠣᠨᠣᠪᠴᠢᠲᠠᠢ ᠣᠯᠵᠤ᠂ ᠬᠦᠴᠦᠯᠡᠬᠦ ᠴᠡᠭ ᠢ ᠡᠵᠡᠮᠳᠡᠨ᠂ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤᠮᠳᠠ ᠦᠨᠡᠨ ᠬᠦ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠰᠢᠨ᠎ᠡ | ᠰᠢᠯᠭᠠᠯᠲᠠ ᠶᠢᠨ ᠠᠶᠠᠨ ᠵᠠᠮ ᠳᠡᠭᠡᠷ᠎ᠡ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠲᠠ ᠮᠥᠨ ᠬᠦ ᠶᠡᠭᠡ ᠦᠢᠯᠡᠰ ᠪᠦᠲᠦᠭᠡᠬᠦ ᠴᠢᠬᠤᠯᠠ ᠪᠠᠶᠢᠯᠳᠤᠬᠤ | ᠪᠣᠳᠣᠯᠭ᠎ᠠ ᠶᠢᠨ ᠲᠣᠬᠢᠶᠠᠯᠳᠤ ᠬᠤᠭᠤᠴᠠᠭᠠᠨ ᠳᠤ ᠤᠷᠤᠰᠢᠬᠤ ᠪᠤᠯᠤᠨ᠎ᠠ᠃ ᠪᠦᠬᠦ ᠤᠯᠤᠰ ᠠᠴᠠ ᠠᠪᠴᠤ ᠦᠵᠡᠪᠡᠯ᠂ | ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠪᠠᠷᠠᠭᠤᠨ ᠭᠡᠰᠡᠭ ᠤᠨ ᠭᠠᠵᠠᠷ ᠤᠷᠤᠨ ᠢ ᠶᠡᠭᠡ | ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠵᠡᠭᠦᠨ ᠬᠤᠶᠢᠲᠤ ᠣᠷᠣᠨ ᠤ ᠮᠠᠨᠳᠤᠯᠳᠠ ᠶᠢ ᠠᠬᠢᠭᠤᠯᠬᠤ᠂ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠠ ᠦᠨᠳᠦᠰᠦᠲᠡᠨ ᠤ ᠭᠠᠵᠠᠷ ᠣᠷᠣᠨ ᠤ ᠲᠦᠷᠭᠡᠨ ᠬᠦᠭᠵᠢᠯᠲᠡ ᠶᠢ | ᠳᠡᠮᠵᠢᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠤ ᠪᠠᠶᠢᠭ᠎ᠠ ᠨᠢ ᠮᠠᠨ ᠤ ᠬᠤᠲᠠ | ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠳᠤ ᠠᠰᠢᠭᠲᠠᠢ ᠶᠤᠮ︔ ᠤᠯᠤᠰ ᠠᠴᠠ ᠰᠢᠨ᠎ᠡ ᠬᠥᠭᠵᠢᠯᠲᠡ | ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠂ ᠬᠠᠩᠭᠠᠯᠭ᠎ᠠ ᠶᠢᠨ ᠲᠠᠯ᠎ᠠ ᠪᠣᠯᠤᠨ ᠬᠡᠷᠡᠭᠴᠡᠭᠡ ᠶᠢᠨ ᠲᠠᠯ᠎ᠠ ᠶᠢᠨ | ᠥᠭᠡᠷᠡᠴᠢᠯᠡᠯᠲᠡ ᠶᠢ ᠤᠶᠠᠯᠳᠤᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠨ ᠳᠣᠲᠣᠭᠠᠳᠤ ᠣᠷᠴᠢᠯ ᠢ | ᠠᠬᠢᠭᠤᠯᠬᠤ ᠶᠢ ᠪᠠᠷᠢᠮᠲᠠᠯᠠᠬᠤ ᠨᠢ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠯᠳᠠ | ᠬᠦᠴᠦᠨ ᠢ ᠭᠦᠢᠴᠡᠳ ᠪᠠᠳᠠᠷᠠᠭᠤᠯᠬᠤ ᠳᠤ ᠠᠰᠢᠭᠲᠠᠢ ᠶᠤᠮ︔ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ | ᠪᠦᠲᠦᠭᠡᠨ ᠪᠠᠶᠢᠭᠤᠯᠤᠯᠳᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠡᠭᠡᠵᠢᠩ ᠤᠨ ᠨᠡᠶᠢᠰᠯᠡᠯ ᠤᠨ ᠪᠤᠰᠦ | ᠴᠢᠲᠠᠮᠵᠢ ᠶᠢ ᠲᠠᠷᠬᠠᠭᠠᠨ ᠵᠤᠬᠢᠴᠠᠭᠤᠯᠬᠤ ᠶᠢ ᠠᠬᠢᠭᠤᠯᠵᠤ ᠪᠠᠶᠢᠭ᠎ᠠ ᠨᠢ ᠮᠠᠨ ᠤ ᠬᠤᠲᠠ ᠶᠢᠨ ᠠᠵᠤ ᠦᠢᠯᠡᠰ ᠤᠨ | ᠪᠠᠶᠢᠯᠳᠤᠬᠤ ᠪᠣᠳᠣᠯᠭ᠎ᠠ ᠶᠢᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠪᠦᠲᠦᠮᠵᠢᠲᠡᠢ ᠪᠡᠯᠡ | ᠣᠷᠣᠭᠤᠯᠤᠯᠲᠠ ᠶᠢ ᠥᠷᠭᠡᠳᠬᠡᠬᠦ ᠳᠤ ᠠᠰᠢᠭᠲᠠᠢ ᠶᠤᠮ᠃ ᠪᠥᠬᠦ ᠣᠷᠣᠨ ᠤ ᠪᠠᠶᠢᠳᠠᠯ ᠠᠴᠠ ᠦᠵᠡᠪᠡᠯ᠂ ᠨᠠᠮ ᠤᠨ | ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠶᠣᠰᠣᠭᠠᠷ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ | ᠪᠥᠲᠥᠭᠡᠨ ᠪᠠᠶᠢᠭᠤᠯᠤᠯᠲᠠ ᠲᠡᠭᠡᠷ᠎ᠠ ᠦᠷᠬᠦᠯᠵᠢᠯᠡᠨ ᠬᠦᠴᠦᠯᠡᠵᠦ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠤᠳᠠᠯᠳᠤᠭᠠᠴᠢᠨ ᠤᠷᠢᠬᠤ ᠠᠵᠢᠯ ᠢ ᠶᠡᠭᠡ ᠪᠠᠷ ᠠᠳᠬᠤᠬᠤ ᠶᠢ | ᠢᠳᠡᠪᠬᠢᠲᠡᠶ ᠥᠷᠨᠢᠭᠦᠯᠬᠦ ᠨᠢ ᠮᠠᠨ ᠤ ᠬᠤᠲᠠ ᠶᠢᠨ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ᠂ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠤ ᠠᠰᠢᠭᠲᠠᠶ ᠪᠠᠶᠢᠵᠤ᠂ ᠪᠢᠳᠡᠨ ᠤ ᠠᠮᠢ ᠠᠬᠤᠶ ᠶᠢ ᠲᠡᠷᠢᠬᠦᠨ ᠳᠤ | ᠲᠠᠯᠪᠢᠬᠤ᠂ ᠪᠤᠬᠢᠷᠲᠠᠯ ᠦᠭᠡᠢ ᠬᠥᠭᠵᠢᠯᠳᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠶ ᠬᠥᠭᠵᠢᠯᠲᠡ ᠶᠢ | ᠪᠠᠷᠢᠮᠲᠠᠯᠠᠬᠤ ᠳᠤ ᠣᠯᠳᠠᠬᠤᠶ᠎ᠠ ᠪᠡᠷᠬᠡ ᠲᠣᠬᠢᠶᠠᠯ ᠢ ᠠᠪᠴᠢᠷᠠᠵᠤ ᠦᠭᠬᠦ ᠨᠢ ᠯᠠᠪᠳᠠᠢ ᠶᠤᠮ᠃ ᠪᠥᠬᠦ ᠠᠶᠢᠮᠠᠭ ᠠᠴᠠ | ᠠᠪᠴᠤ ᠦᠵᠡᠪᠡᠯ᠂ ᠪᠡᠭᠡᠵᠢᠩ ᠳᠤ ᠬᠥᠷᠬᠦ ᠦᠨᠳᠤᠷ ᠬᠤᠷᠳᠤᠴᠠᠳᠤ ᠲᠡᠮᠦᠷ ᠵᠠᠮ ᠵᠡᠷᠭᠡ ᠨᠢᠭᠡ ᠪᠦᠯᠦᠭ ᠴᠢᠬᠤᠯᠠ | ᠶᠡᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠠᠮ ᠬᠠᠷᠢᠯᠴᠠᠭᠠᠨ ᠤ | ᠲᠦᠭᠵᠢᠷᠡᠯ ᠪᠠ ᠪᠣᠭᠤᠮᠢ ᠶᠢ ᠨᠡᠪᠲᠡᠷᠡᠭᠦᠯᠪᠡ︔ ᠬᠤᠳᠠᠯᠳᠤᠭᠠᠴᠢᠨ ᠤᠷᠢᠵᠤ ᠪᠠᠯᠠ ᠲᠠᠳᠠᠬᠤ ᠶᠢ ᠴᠢᠬᠤᠯᠠᠴᠢᠯᠠᠬᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠬᠡᠳᠬᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠬᠦᠯᠬᠦ ᠵᠡᠷᠭᠡ ᠲᠠᠯ᠎ᠠ ᠪᠠᠷ ᠪᠦᠬᠦ ᠠᠶᠢᠮᠠᠭ ᠲᠠᠶᠠᠭᠠᠷ ᠲᠤ ᠴᠢᠩᠭ᠎ᠠ ᠰᠤᠷᠠᠭ ᠵᠠᠩᠬᠢ ᠲᠠᠯᠪᠢᠵᠤ᠂ ᠵᠠᠬ᠎ᠠ | ᠳᠡᠯᠭᠡᠭᠦᠷ ᠤᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠪᠡ︔ ᠮᠠᠨ ᠤ | ᠬᠤᠲᠠ ᠠᠶᠢᠮᠠᠭ ᠤᠨ ᠵᠠᠬᠢᠷᠭ᠎ᠠ ᠶᠢᠨ ᠲᠥᠪ ᠬᠤᠲᠠ ᠪᠣᠯᠤᠭᠰᠠᠨ ᠤ ᠬᠤᠪᠢ ᠳᠤ᠂ ᠬᠥᠮᠦᠨ ᠠᠮᠠ ᠶᠢ ᠲᠥᠪᠯᠡᠷᠡᠬᠦᠯᠬᠦ | ᠦᠢᠯᠡᠳᠦᠯ ᠨᠢ ᠶᠠᠪᠤᠬᠤ ᠲᠤᠳᠤᠮ ᠲᠤᠪᠤᠶᠢᠮ᠎ᠠ ᠪᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠳᠤ ᠬᠦᠴᠦᠲᠡᠶ ᠬᠥᠳᠡᠯᠭᠡᠭᠴᠢ ᠬᠦᠴᠦᠨ ᠪᠠ ᠯᠤᠲᠤ ᠶᠡᠭᠡ ᠣᠷᠣᠨ ᠵᠠᠶ ᠬᠠᠩᠭᠠᠭᠰᠠᠨ ᠤ ᠬᠠᠮᠲᠤ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ | ᠲᠥᠯᠥᠪᠵᠢᠭᠦᠯᠭᠡ᠂ ᠠᠵᠤ ᠦᠢᠯᠡᠰ ᠤᠨ ᠪᠠᠶᠢᠷᠢᠯᠠᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠲᠠᠳᠠᠬᠤ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ | ᠮᠠᠨ ᠤ ᠬᠤᠲᠠ ᠳᠤ ᠦᠵᠡᠬᠦᠯᠦᠭᠰᠡᠨ ᠬᠦᠨᠳᠦᠳᠬᠡᠯ ᠲᠡᠮᠵᠢᠯᠭᠡ ᠨᠢ ᠮᠠᠨ ᠤ ᠬᠤᠲᠠ ᠶᠢᠨ ᠲᠦᠷᠭᠡᠨ ᠬᠥᠭᠵᠢᠯᠲᠡ ᠳᠤ | ᠬᠦᠴᠦᠲᠡᠶ ᠲᠤᠯᠭᠠᠭᠤᠷᠢᠯᠠᠯ ᠬᠠᠩᠭᠠᠬᠤ ᠨᠢ ᠯᠠᠪᠲᠠᠶ ᠶᠤᠮ᠃ ᠬᠤᠲᠠ ᠲᠠᠶᠠᠭᠠᠷ ᠤᠨ ᠣᠯᠠᠨ ᠵᠢᠯ ᠤᠨ ᠴᠢᠷᠮᠠᠶᠢᠯᠭ᠎ᠠ | ᠪᠠᠷ ᠳᠠᠮᠵᠢᠨ᠂ ᠮᠠᠨ ᠤ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠰᠠᠭᠤᠷᠢ ᠲᠠᠢ ᠪᠤᠯᠵᠤ᠂ ᠠᠵᠤ ᠦᠢᠯᠡᠰ ᠤᠨ | ᠳᠡᠰ ᠳᠠᠪᠰᠢᠯᠲᠠ ᠨᠢ ᠳᠠᠪᠠᠭᠤᠯᠢᠭ ᠲᠠᠯ᠎ᠠ ᠲᠠᠢ ᠪᠤᠯᠵᠤ᠂ ᠦᠷᠭᠦᠯᠵᠢᠯᠡᠬᠦ ᠬᠥᠭᠵᠢᠯᠲᠡ ᠬᠠᠷᠢᠮᠠᠬᠠᠢ ᠬᠦᠴᠦᠨ ᠲᠠᠢ | ᠪᠤᠯᠵᠤ᠂ ᠪᠢᠳᠡ ᠬᠥᠭᠵᠢᠯᠲᠡ ᠶᠢᠨ ᠣᠷᠣᠨ ᠪᠠᠶᠢᠷᠢ ᠪᠠᠨ ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠰᠢᠯᠭᠠᠯᠳᠠ ᠶᠢ ᠠᠷᠭᠠᠴᠠᠬᠤ ᠳᠤᠮᠳᠠ ᠵᠤᠷᠢᠬᠳᠠᠢ ᠪᠠᠷ ᠲᠣᠬᠢᠶᠠᠯ ᠢ ᠠᠮᠵᠢᠵᠤ | ᠂ ᠲᠣᠬᠢᠶᠠᠯ ᠢ ᠡᠭᠦᠳᠤᠨ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠳᠡᠭ ᠯᠡ ᠶᠤᠮ ᠪᠣᠯ︔ | ᠬᠥᠭᠵᠢᠯᠲᠡ ᠶᠢᠨ ᠳᠤᠮᠳᠠ ᠵᠣᠷᠢᠭᠲᠠᠢ ᠪᠠᠷ ᠬᠦᠨᠳᠦ ᠪᠡᠷᠬᠡ ᠶᠢ ᠮᠡᠳᠡᠷᠡᠨ ᠡᠬᠦᠷᠭᠡᠯᠡᠵᠤ᠂ ᠬᠠᠷᠢᠭᠤᠴᠠᠯᠭ᠎ᠠ ᠪᠠᠨ | ᠡᠭᠦᠷᠭᠡᠯᠡᠨ ᠬᠦᠢᠴᠡᠳᠭᠡᠵᠦ᠂ ᠡᠮᠤᠨ᠎ᠠ ᠡᠩᠨᠡᠭᠡᠨ ᠳᠤ ᠤᠷᠤᠬᠤ ᠤᠬᠠᠮᠰᠠᠷ ᠢ ᠪᠠᠲᠤ ᠪᠤᠢ ᠪᠣᠯᠭᠠᠳᠠᠭ ᠯᠡ ᠶᠤᠮ ᠪᠤᠯ︔ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤᠮᠳᠠ ᠨᠡᠶᠢᠯᠡᠭ ᠬᠦᠴᠦᠨ ᠢ ᠪᠤᠢ ᠪᠤᠯᠭᠠᠬᠤ ᠪᠠ ᠦᠢᠯᠡᠳᠤᠯ | ᠭᠠᠷᠭᠠᠬᠤ ᠳᠠᠭᠠᠨ ᠴᠢᠳᠠᠮᠠᠭᠠᠢ ᠪᠠᠶᠢᠵᠤ᠂ ᠠᠶᠢᠮᠠᠭ ᠤᠨ ᠵᠠᠬᠢᠷᠭ᠎ᠠ ᠶᠢᠨ ᠲᠥᠪ ᠬᠤᠲᠠ ᠶᠢᠨ ᠡᠭᠦᠷᠭᠡᠯᠡᠯ ᠢ | ᠢᠯᠡᠷᠡᠭᠦᠯᠳᠡᠭ ᠯᠡ ᠶᠤᠮ ᠪᠤᠯ᠂ ᠪᠢᠳᠡ ᠢᠳᠡᠭᠡᠯ ᠲᠦᠭᠦᠷᠡᠩ᠂ ᠤᠮᠤᠭ ᠲᠡᠬᠦᠯᠳᠡᠷ᠂ ᠲᠡᠭᠦᠰ ᠴᠢᠲᠠᠪᠤᠷᠢ ᠪᠠᠷ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢ ᠡᠬᠢᠯᠡᠬᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠳᠤ᠂ ᠠᠵᠤ | ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠶᠢᠨ ᠲᠤᠮᠲᠠ᠂ ᠰᠢᠯᠢ ᠶᠢᠨ ᠬᠤᠲᠠ ᠶᠢᠨ ᠦᠯᠢᠭᠡᠷ ᠳᠠᠭᠤᠷᠢᠶᠠᠯ ᠢ | ᠡᠭᠦᠳᠴᠦ᠂ ᠰᠢᠯᠢ ᠶᠢᠨ ᠭᠤᠣᠯ ᠤᠨ ᠪᠠᠷᠢᠮᠵᠢᠶ᠎ᠠ ᠳᠠᠭᠤᠷᠢᠶᠠᠯ ᠢ ᠪᠤᠢ ᠪᠤᠯᠭᠠᠵᠤ ᠲᠡᠶᠢᠯᠬᠦ ᠶᠤᠮ᠃ | ᠬᠤᠶᠢᠰᠢᠳᠠ ᠶᠢᠨ ᠲᠠᠪᠤᠨ ᠵᠢᠯ ᠳᠠᠬᠢ ᠪᠦᠬᠦ ᠬᠤᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ | ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠥᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ | ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠩᠭᠤᠢ ᠪᠠᠷ ᠠᠬᠢᠭᠤᠯᠤᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠵᠦ᠂ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠤᠬᠢᠷᠲᠠᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ᠰᠢᠯᠢ ᠶᠢᠨ ᠬᠤᠲᠠ ᠶᠢᠨ ᠨᠡᠶᠢᠭᠡᠮ ᠵᠢᠷᠤᠮᠲᠤ ᠤᠳᠤᠬᠢᠴᠢᠯᠠᠯᠲᠠ | ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠬᠤᠶᠢᠰᠢᠳᠠ ᠶᠢᠨ ᠲᠠᠪᠤᠨ ᠵᠢᠯ ᠳᠠᠬᠢ ᠮᠠᠨ ᠤ ᠲᠡᠮᠡᠴᠡᠯ ᠤᠨ ᠬᠠᠷᠠᠯᠲᠠ ᠪᠣᠯ᠄ | — — ᠪᠠᠶᠠᠨ ᠬᠦᠴᠦᠷᠬᠡᠭ ᠰᠢᠯᠢ ᠶᠢᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠳᠤᠮᠳᠠᠴᠢ | ᠲᠦᠪᠰᠢᠨ ᠠᠴᠠ ᠥᠨᠳᠥᠷ ᠪᠠᠶᠢᠯᠭᠠᠵᠤ᠂ ᠰᠢᠨ᠎ᠡ ᠡᠨᠧᠷᠭᠢ ᠶᠢᠨ ᠰᠤᠷᠪᠤᠯᠵᠢ᠂ ᠨᠡᠭᠦᠷᠡᠰᠦ ᠴᠠᠬᠢᠯᠭᠠᠨ᠂ ᠮᠠᠯ ᠤᠨ | ᠠᠰᠢᠭ ᠰᠢᠮ᠎ᠡ ᠦᠢᠯᠡᠳᠪᠦᠷᠢᠯᠡᠵᠦ ᠪᠤᠯᠪᠠᠰᠤᠷᠠᠭᠤᠯᠬᠤ᠂ ᠠᠮᠢ ᠠᠬᠤᠢ ᠰᠣᠶᠣᠯ ᠵᠢᠭᠤᠯᠴᠢᠯᠠᠯ ᠵᠡᠷᠭᠡ ᠳᠥᠷᠪᠡᠨ ᠠᠵᠤ | ᠦᠢᠯᠡᠰ ᠤᠨ ᠬᠡᠯᠬᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ | ᠥᠷᠢᠰᠦᠯᠳᠦᠬᠦ ᠬᠦᠴᠦᠨ ᠤ ᠰᠢᠨ᠎ᠡ ᠲᠡᠭᠡᠭᠰᠢᠯᠡᠯᠲᠡ ᠰᠢᠪᠲᠤᠯᠤᠯᠲᠠ ᠶᠢ ᠪᠡᠶᠡᠯᠡᠬᠦᠯᠦᠨ᠎ᠡ᠃ | — — ᠦᠵᠡᠰᠬᠦᠯᠡᠩᠲᠦ ᠰᠠᠶᠢᠬᠠᠨ ᠰᠢᠯᠢ ᠶᠢᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠠᠮᠢ ᠠᠬᠤᠶ ᠶᠢᠨ | ᠣᠷᠴᠢᠨ ᠨᠦᠬᠦᠴᠡᠯ ᠤᠨ ᠶᠠᠰᠤ ᠴᠢᠨᠠᠷ ᠢ ᠪᠥᠬᠦ ᠣᠷᠣᠨ ᠤ ᠲᠡᠷᠢᠬᠦᠨ ᠤ ᠲᠦᠪᠰᠢᠨ ᠳᠤ ᠬᠥᠷᠭᠡᠵᠤ᠂ ᠨᠡᠯᠢᠶᠡᠳ | ᠲᠡᠭᠦᠯᠳᠡᠷᠵᠢᠭᠰᠡᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠪᠦᠳᠤᠭᠡᠵᠤ᠂ | ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠢᠯᠡᠳᠲᠡ ᠳᠡᠭᠡᠭᠰᠢᠯᠡᠭᠦᠯᠵᠦ᠂ | ᠡᠯ᠎ᠡ ᠲᠥᠷᠥᠯ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ | ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠤᠨ ᠪᠦᠳᠤᠭᠡᠨᠠ᠃ | — — ᠪᠣᠯᠪᠠᠰᠤᠨ ᠰᠢᠯᠢ ᠶᠢᠨ ᠬᠤᠲᠠ ᠶᠢ ᠴᠢᠷᠮᠠᠶᠢᠨ ᠪᠦᠳᠤᠭᠡᠨ ᠪᠠᠶᠢᠭᠤᠯᠤᠨ᠎ᠠ᠃ ᠨᠡᠶᠢᠭᠡᠮ ᠤᠨ ᠪᠣᠯᠪᠠᠰᠤᠨ | ᠤ ᠬᠡᠮᠵᠢᠶ᠎ᠡ ᠪᠥᠬᠦ ᠲᠠᠯ᠎ᠠ ᠪᠠᠷ ᠳᠡᠪᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠯᠠᠮ ᠨᠢᠭᠡ ᠠᠯᠬᠤᠮ | ᠭᠦᠨᠵᠡᠭᠡᠶᠢᠷᠡᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠬᠥᠮᠦᠰ ᠤᠨ ᠰᠡᠳᠬᠢᠯ ᠳᠤ ᠨᠠᠩ | ᠢᠯᠡᠬᠦᠤ ᠬᠠᠳᠠᠩᠰᠢᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠯᠠᠪᠳᠠᠭᠤᠨ ᠪᠠᠲᠤᠲᠠᠶ | ᠠᠭᠢᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠨᠡᠶᠢᠭᠡᠮ ᠤᠨ | ᠪᠤᠯᠪᠠᠰᠤᠨ ᠤ ᠬᠡᠮᠵᠢᠶ᠎ᠡ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠬᠦᠯᠤᠨ᠎ᠠ᠃ | — — ᠡᠶ᠎ᠡ ᠵᠣᠬᠢᠴᠠᠯ ᠲᠠᠢ ᠰᠢᠯᠢ ᠶᠢᠨ ᠬᠤᠳᠠ ᠶᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠶᠢᠨ | ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠨᠠᠩ ᠢᠯᠡᠬᠦᠤ ᠲᠡᠭᠦᠯᠳᠡᠷᠵᠢᠵᠦ᠂ ᠨᠡᠶᠢᠭᠡᠮ ᠤᠨ ᠵᠥᠷᠢᠴᠡᠯ | ᠵᠢᠭᠤᠷᠠᠭᠠᠨ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠶᠡᠭᠡ ᠪᠠᠷ ᠪᠠᠭᠤᠷᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠥᠮᠦᠰ ᠤᠨ ᠰᠡᠳᠬᠢᠯ ᠳᠤ ᠨᠠᠩ ᠢᠯᠡᠬᠦᠤ ᠬᠠᠳᠠᠩᠰᠢᠵᠤ᠂ | ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠪᠠ ᠬᠠᠤᠯᠢ ᠪᠠᠷ ᠵᠠᠰᠠᠬᠤ ᠰᠢᠯᠢ ᠶᠢᠨ | ᠬᠤᠲᠠ ᠶᠢᠨ ᠪᠠᠶᠢᠭᠤᠯᠤᠯᠲᠠ ᠨᠠᠩ ᠢᠯᠡᠬᠦᠤ ᠭᠦᠨᠵᠡᠭᠡᠶᠢᠷᠡᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ | ᠲᠡᠮᠡᠴᠡᠵᠤ ᠬᠠᠮᠲᠤ ᠪᠠᠷ ᠴᠡᠴᠡᠭᠯᠡᠨ ᠬᠥᠭᠵᠢᠭᠦ ᠪᠠᠶᠢᠳᠠᠯ ᠤᠯᠠᠮ ᠨᠢᠭᠡ ᠠᠯᠬᠤᠮ ᠪᠠᠬᠢᠵᠢᠨᠠ᠃ | — — ᠵᠣᠯ ᠵᠢᠷᠭᠠᠯᠲᠤ ᠰᠢᠯᠢ ᠶᠢᠨ ᠬᠤᠲᠠ ᠶᠢ ᠴᠢᠷᠮᠠᠶᠢᠨ ᠪᠠᠶᠢᠭᠤᠯᠤᠨ᠎ᠠ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠵᠤ᠂ | ᠣᠷᠣᠯᠭ᠎ᠠ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠲᠦᠷᠬᠡᠳᠬᠡᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢᠨ ᠲᠦᠪᠰᠢᠨ ᠢ ᠢᠯᠡᠳᠲᠡ | ᠳᠡᠭᠡᠭᠰᠢᠯᠡᠭᠦᠯᠦᠨ᠂ ᠦᠨᠳᠤᠷ ᠬᠤᠷᠳᠤᠴᠠᠳᠤ ᠲᠡᠮᠦᠷ ᠵᠠᠮ᠂ ᠵᠠᠰᠠᠮᠠᠯ ᠵᠠᠮ᠂ ᠤᠰᠤ᠂ ᠴᠠᠬᠢᠯᠭᠠᠨ᠂ ᠳᠤᠯᠠᠭᠠᠯᠭ᠎ᠠ᠂ | ᠬᠡᠢ᠂ ᠴᠢᠮᠡᠭᠡ ᠨᠡᠪᠳᠡᠷᠡᠯᠭᠡ ᠵᠡᠷᠭᠡ ᠰᠠᠭᠤᠷᠢ ᠲᠦᠬᠦᠭᠡᠷᠤᠮᠵᠢ ᠶᠢ ᠨᠠᠩ ᠢᠯᠡᠬᠦᠤ ᠲᠡᠭᠦᠯᠳᠡᠷᠵᠢᠭᠦᠯᠵᠦ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠨᠠᠩ ᠲᠡᠩᠴᠡᠭᠦᠷᠢᠲᠡᠶ ᠪᠤᠯᠭᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠳᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠨ᠎ᠠ᠄ | ︵ᠨᠢᠭᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠤᠶᠢᠪᠢᠰᠢ ᠦᠭᠡᠢ ᠴᠢᠩᠭᠠᠳᠬᠠᠵᠤ᠂ ᠪᠥᠬᠦ | ᠠᠶᠢᠮᠠᠭ ᠤᠨ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠤᠯᠠᠮ ᠨᠢᠭᠡ ᠠᠯᠬᠤᠮ | ᠪᠠᠶᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦᠩᠬᠡᠶ ᠱᠦᠵᠢ ᠰᠢ | ᠶᠢᠨ ᠫᠢᠩ ᠤᠨ ᠥᠪᠥᠷ ᠮᠣᠩᠭᠤᠯ ᠳᠤ ᠲᠠᠯᠪᠢᠬᠰᠠᠭᠠᠷ ᠢᠷᠡᠭᠰᠡᠨ ᠱᠠᠭᠠᠷᠳᠠᠯᠭ᠎ᠠ ᠮᠥᠨ᠂ ᠪᠠᠰᠠ ᠴᠤ ᠠᠮᠢ ᠠᠬᠤᠶ ᠶᠢᠨ | ᠠᠮᠤᠷ ᠲᠦᠪᠰᠢᠨ ᠳᠤ ᠬᠤᠯᠪᠣᠭᠳᠠᠬᠤ᠂ ᠦᠨᠢ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ᠂ ᠦᠷ᠎ᠡ ᠬᠤᠶᠢᠴᠢᠰ | ᠲᠤ ᠬᠤᠯᠪᠣᠭᠳᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠪᠢᠳᠡ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠦᠬᠡ ᠠᠭᠤᠯᠠ ᠬᠦᠬᠡᠮᠳᠦᠭ | ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠶᠢ ᠴᠢᠨᠠᠷ ᠰᠠᠶᠢᠲᠠᠶ ᠬᠥᠭᠵᠢᠯᠲᠡ ᠶᠢᠨ ᠤᠷᠢᠲᠠᠯ ᠪᠣᠯᠭᠠᠵᠤ᠂ ᠲᠠᠪᠠᠭᠤ ᠪᠠᠶᠢᠷᠢᠨ ᠳᠤ ᠲᠠᠯᠪᠢᠵᠤ᠂ ᠪᠥᠬᠦ ᠤᠯᠤᠰ ᠤᠨ | ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ | ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ᠂ ᠪᠥᠬᠦ ᠣᠷᠣᠨ ᠪᠦᠰᠡ ᠳᠤ᠂ | ᠪᠥᠬᠦ ᠶᠠᠪᠤᠴᠠ ᠳᠤ ᠴᠢᠩᠭᠠᠳᠬᠠᠬᠤ ᠬᠡᠷᠡᠭᠲᠡᠶ᠃ | ᠨᠢᠭᠡ ᠳᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠪᠠᠷ ᠨᠡᠭᠡᠭᠡᠨ ᠠᠰᠢᠭᠯᠠᠬᠤ ᠶᠢ ᠲᠡᠪᠴᠢᠬᠦ ᠶᠢ ᠪᠠᠷᠢᠮᠲᠠᠯᠠᠵᠤ᠂ ︽ | ᠭᠤᠷᠪᠠᠨ ᠣᠷᠣᠨ ᠭᠤᠷᠪᠠᠨ ᠱᠤᠭᠤᠮ︾ ᠢ ᠠᠵᠤ ᠠᠬᠤᠢ ᠶᠢᠨ ᠪᠦᠲᠦᠴᠡ ᠶᠢ ᠲᠤᠬᠢᠷᠠᠭᠤᠯᠬᠤ᠂ ᠠᠵᠤ ᠦᠢᠯᠡᠰ ᠤᠨ | ᠬᠥᠭᠵᠢᠯᠲᠡ ᠶᠢ ᠲᠥᠯᠥᠪᠵᠢᠭᠦᠯᠬᠦ᠂ ᠬᠤᠳᠠ ᠪᠠᠯᠭᠠᠰᠤᠵᠢᠯᠳᠠ ᠶᠢ ᠠᠬᠢᠭᠤᠯᠬᠤ ᠶᠢᠨ ᠬᠡᠲᠦᠷᠡᠵᠦ ᠪᠣᠯᠤᠰᠢ ᠦᠭᠡᠢ | ᠤᠯᠠᠭᠠᠨ ᠱᠤᠭᠤᠮ ᠪᠣᠯᠭᠠᠵᠤ᠂ ᠪᠡᠶᠡᠴᠢ ᠴᠣᠭᠴᠠ ᠶᠢᠨ ᠴᠢᠳᠠᠮᠵᠢ ᠪᠠᠷ ᠴᠢᠬᠤᠯᠠ ᠶᠡᠭᠡ ᠰᠠᠭᠤᠷᠢ ᠲᠥᠬᠦᠭᠡᠷᠦᠮᠵᠢ᠂ | ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠪᠣᠯᠤᠨ ᠤᠯᠠᠨ ᠨᠡᠶᠢᠲᠡ ᠶᠢᠨ ᠡᠬᠢ ᠪᠠᠶᠠᠯᠢᠭ ᠤᠨ | ᠪᠠᠶᠢᠷᠢᠯᠠᠭᠤᠯᠤᠯᠲᠠ ᠶᠢ ᠲᠣᠭᠲᠠᠭᠠᠵᠤ᠂ ᠠᠮᠢ ᠠᠬᠤᠢ ᠶᠢ ᠲᠡᠷᠢᠬᠦᠨ ᠳᠤ ᠲᠠᠯᠪᠢᠬᠤ᠂ ᠪᠤᠬᠢᠷᠲᠠᠯ ᠦᠭᠡᠢ ᠬᠥᠭᠵᠢᠯᠳᠡ | ᠪᠠᠷ ᠤᠳᠤᠷᠢᠳᠤᠮᠵᠢ ᠪᠣᠯᠭᠠᠬᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠬᠦ ᠪᠠ | ᠬᠠᠮᠠᠭᠠᠯᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠣᠷᠣᠨ ᠵᠠᠢ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠠᠮᠢ ᠠᠬᠤᠢ ᠶᠢᠨ ᠣᠷᠴᠢᠨ ᠠᠬᠤᠢ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠵᠤ᠂ ᠪᠤᠬᠢᠷᠲᠠᠯ ᠦᠭᠡᠢ ᠬᠥᠭᠵᠢᠯᠲᠡ ᠶᠢᠨ ᠳᠠᠪᠠᠭᠤᠯᠢᠭ ᠲᠠᠯ᠎ᠠ ᠶᠢ ᠬᠠᠮᠤᠭ ᠤᠨ ᠶᠡᠭᠡ ᠬᠡᠮᠵᠢᠶ᠎ᠡ ᠪᠠᠷ | ᠪᠤᠶᠢᠵᠢᠭᠤᠯᠤᠨ᠎ᠠ᠃ | ᠬᠤᠶᠠᠷ ᠲᠤ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦ᠋ᠯ ᠤᠨ ᠡᠭᠦᠰᠦᠯᠲᠡ ᠶᠢ ᠤᠷᠬᠢᠯ ᠳᠤ ᠨᠢ ᠬᠦᠷᠭᠡᠵᠦ | ᠢᠳᠡᠭ ᠢᠳᠡᠭ ᠢᠶᠠᠷ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦ᠋ᠯ ᠢ ᠰᠢᠩᠭᠡᠭᠡᠨ ᠠᠷᠢᠯᠭᠠᠬᠤ | ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠷᠴᠢᠮ ᠤᠨ ︽ᠬᠤᠶᠠᠷ ᠢ ᠬᠢᠵᠠᠭᠠᠷᠯᠠᠬᠤ︾ ᠵᠢᠴᠢ | ᠨᠡᠭᠦᠷᠡᠰᠦᠲᠥ᠋ᠷᠥᠭᠴᠢ ᠶᠢᠨ ᠲᠠᠪᠬᠤᠷ ᠢᠰᠦ᠋ᠯ ᠢ ᠭᠠᠳᠠᠭᠰᠢᠯᠠᠭᠤᠯᠬᠤ ᠡᠷᠴᠢᠮ ᠢ ᠬᠢᠵᠠᠭᠠᠷᠯᠠᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠲᠤᠭ᠎ᠠ ᠬᠡᠮᠵᠢᠶ᠎ᠡ ᠶᠢ ᠪᠠᠭᠠᠰᠬᠠᠨ ᠣᠷᠣᠯᠠᠭᠤᠯᠬᠤ | ᠲᠠᠯ᠎ᠠ ᠪᠠᠷ ᠣᠷᠣᠨ ᠵᠠᠶ ᠡᠷᠢᠵᠦ᠂ ᠬᠠᠳᠠᠭᠠᠯᠠᠯᠲᠠ ᠶᠢᠨ ᠲᠥᠷᠥᠯ ᠵᠦᠢᠯ ᠤᠨ ᠲᠠᠯ᠎ᠠ ᠪᠠᠷ ᠳᠠᠯᠳᠠ ᠬᠦᠴᠦᠨ ᠢ | ᠠᠭᠤᠳᠠᠯᠵᠤ᠂ ᠪᠦᠲᠦᠴᠡ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠬᠥᠭᠵᠢᠯᠲᠡ ᠶᠢ ᠡᠷᠢᠯᠬᠢᠯᠡᠵᠦ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠬᠤᠯᠪᠣᠭᠳᠠᠬᠤ ᠠᠵᠤ ᠦᠢᠯᠡᠰ ᠤᠨ ᠬᠥᠭᠵᠢᠯᠲᠡ ᠶᠢᠨ | ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠤᠯᠠᠭᠠᠨ | ᠱᠤᠭᠤᠮ ᠤᠨ ᠳᠣᠲᠣᠷ᠎ᠠ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠬᠤᠶᠠᠷ | ᠥᠨᠳᠥᠷ︾ ᠤᠨ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠡᠨᠧᠷᠭᠢ ᠶᠢᠨ | ᠬᠤᠷᠤᠭᠲᠠᠯ ᠢᠶᠠᠷ ᠦᠨᠳᠦᠷ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠢ ᠲᠦᠷᠭᠡᠨ ᠥᠭᠡᠷᠡᠴᠢᠯᠡᠨ ᠳᠡᠰ | ᠳᠡᠪᠰᠢᠭᠦᠯᠬᠦ ᠪᠤᠶᠤ ᠡᠷᠡᠰ ᠢᠶᠠᠷ ᠰᠢᠭᠰᠢᠭᠳᠡᠬᠦᠯᠵᠦ᠂ ᠡᠨᠧᠷᠭᠢ ᠶᠢᠨ ᠬᠤᠷᠣᠭᠳᠠᠯ ᠤᠨ ᠬᠢᠷᠢ ᠬᠡᠮᠵᠢᠶ᠎ᠡ ᠨᠢ ᠠᠵᠢᠯ | ᠲᠥᠷᠥᠯ ᠤᠨ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠵᠦᠪᠰᠢᠶᠡᠷᠡᠬᠦ ᠬᠡᠮᠵᠢᠶ᠎ᠡ ᠠᠴᠠ ᠳᠣᠣᠷ᠎ᠠ ᠪᠠᠶᠢᠭ᠎ᠠ | ᠪᠠᠶᠢᠭᠤᠯᠵᠤ ᠪᠠᠶᠢᠭ᠎ᠠ ᠲᠥᠷᠥᠯ ᠵᠦᠢᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ︽ᠭᠤᠷᠪᠠᠨ | ᠱᠤᠭᠤᠮ ᠨᠢᠭᠡ ᠬᠠᠭᠤᠲᠠᠰᠤ︾ ᠵᠡᠷᠭᠡ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠰᠢᠨ᠎ᠡ ᠪᠠᠷ ᠥᠭᠡᠷᠡᠴᠢᠯᠡᠵᠦ | ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠢᠨᠠᠨ ᠵᠦᠪᠰᠢᠶᠡᠷᠡᠯ ᠪᠠ ᠪᠠᠶᠢᠭᠤᠯᠤᠯᠲᠠ ᠶᠢ ᠨᠢ ᠴᠥᠮ | ᠵᠣᠭᠰᠣᠭᠠᠨ᠎ᠠ᠃ | ᠭᠤᠷᠪᠠ ᠳᠤ ᠠᠭᠤᠯᠠ ᠣᠰᠣ ᠣᠢ ᠰᠢᠭᠤᠢ ᠲᠠᠷᠢᠶᠠᠨ ᠭᠠᠵᠠᠷ ᠨᠠᠭᠤᠷ ᠴᠥᠬᠦᠷᠥᠮ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠤ | ᠡᠯᠡᠰᠦ ᠰᠠᠯᠬᠢᠨ ᠤ ᠡᠬᠢ ᠶᠢ ᠵᠠᠰᠠᠬᠤ᠂ ᠰᠢᠯᠢᠨ ᠭᠤᠣᠯ ᠤᠨ ᠠᠮᠢ ᠠᠬᠤᠢ ᠶᠢ ᠵᠠᠰᠠᠨ ᠰᠡᠷᠭᠦᠭᠡᠵᠤ ᠰᠠᠶᠢᠵᠢᠷᠠᠭᠤᠯᠤᠨ | ᠬᠠᠮᠠᠭᠠᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠪᠥᠬᠦ ᠴᠠᠷᠠᠭᠠᠨ ᠤ ᠠᠮᠢ ᠠᠬᠤᠶ ᠶᠢᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ | ᠪᠠᠬᠢᠵᠢᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠬᠦᠯᠬᠦ | ᠶᠢ ᠵᠤᠬᠰᠤᠭᠠᠬᠤ᠂ ᠰᠡᠯᠬᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠳᠤ ᠨᠦᠬᠦᠪᠤᠷᠢ ᠪᠠ ᠱᠠᠩᠨᠠᠯ ᠤᠯᠭᠤᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠨᠡᠶᠢᠭᠡᠮ ᠲᠠᠶᠠᠭᠠᠷ ᠣᠷᠣᠭᠤᠯᠤᠯᠲᠠ ᠬᠢᠬᠦ ᠲᠣᠭᠲᠠᠴᠠ ᠶᠢ ᠰᠦᠪᠡᠭᠴᠢᠯᠡᠵᠦ᠂ ᠨᠤᠲᠤᠭ | ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠨ᠎ᠠ᠃ ᠪᠤᠬᠢᠷᠲᠠᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠵᠠᠳᠠᠭᠠᠢ ᠠᠭᠤᠷᠬᠠᠢ ᠶᠢᠨ ᠵᠠᠰᠠᠯᠲᠠ᠂ ᠬᠠᠶᠠᠭᠳᠠᠮᠠᠯ ᠠᠭᠤᠷᠬᠠᠢ ᠶᠢᠨ | ᠨᠦᠬᠡ ᠶᠢ ᠪᠦᠭᠯᠡᠨ ᠵᠠᠰᠠᠬᠤ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠵᠡᠷᠭᠡ ᠠᠵᠢᠯ ᠢ ᠪᠦᠬᠦ ᠲᠠᠯ᠎ᠠ ᠪᠠᠷ | ᠰᠠᠶᠢᠲᠤᠷ ᠠᠳᠬᠤᠵᠤ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠦ᠋ᠯ ᠢ | ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠪᠤᠬᠢᠷᠲᠠᠯ ᠦᠭᠡᠢ ᠠᠮᠢ ᠠᠬᠤᠢ ᠶᠢᠨ ᠣᠷᠣᠨ ᠵᠠᠢ ᠶᠢ | ᠲᠠᠰᠤᠷᠠᠯᠲᠠ ᠦᠭᠡᠢ ᠥᠷᠭᠡᠳᠬᠡᠨ᠎ᠡ᠃ | ᠳᠦᠷᠪᠡ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠦᠨ᠎ᠡ᠃ ᠴᠢᠭᠯᠡᠯ ᠢᠶᠠᠨ ᠬᠤᠪᠢᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠪᠣᠬᠢᠷᠲᠤᠯ ᠢ ᠨᠠᠷᠢᠯᠢᠬ ᠣᠨᠣᠴᠠᠲᠠᠶ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ | ᠪᠤᠬᠢᠷᠳᠤᠯ ᠢ ᠬᠠᠤᠯᠢ ᠶᠣᠰᠣᠭᠠᠷ ᠵᠠᠰᠠᠬᠤ ᠶᠢ ᠳᠣᠪᠤᠶᠢᠯᠭᠠᠵᠤ᠂ ᠬᠦᠬᠡ ᠤᠭᠲᠠᠷᠭᠤᠢ ᠬᠦᠬᠡᠮᠳᠦ᠋ᠭ ᠤᠰᠤ ᠴᠡᠪᠡᠷ | ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠠᠭᠠᠷ ᠮᠠᠨᠳᠠᠯ ᠤᠨ ᠪᠣᠬᠢᠷᠲᠤᠯ ᠢ | ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ︽ᠲᠠᠷᠠᠬᠠᠢ | ᠪᠤᠲᠠᠷᠬᠠᠢ ᠡᠷᠦᠢ ᠬᠤᠷᠤᠢ ᠦᠭᠡᠢ ᠪᠤᠬᠢᠷᠲᠤᠭᠤᠯᠤᠯ ᠶᠡᠭᠡ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠶᠢ | ᠪᠠᠶᠢᠩᠭᠤ ᠶᠢᠨ ᠴᠢᠨᠠᠷᠳᠠᠢ ᠥᠷᠨᠢᠭᠦᠯᠵᠦ᠂ ᠰᠢᠯᠢᠨ ᠭᠤᠤᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠡᠮᠬᠢ | ᠵᠢᠷᠤᠮ ᠲᠠᠢ ᠠᠬᠢᠭᠤᠯᠤᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠲᠦᠷᠬᠡᠳᠬᠡᠨ ᠠᠬᠢᠭᠤᠯᠵᠤ᠂ ᠠᠶᠤᠯᠲᠠᠶ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ ᠶᠢ | ᠰᠠᠶᠢᠲᠤᠷ ᠠᠳᠬᠤᠨ᠂ ᠠᠭᠠᠷ ᠤᠨ ᠶᠠᠰᠤ ᠴᠢᠨᠠᠷ ᠢ ᠢᠮᠠᠭᠲᠠ ᠪᠥᠬᠦ ᠣᠷᠣᠨ ᠤ ᠲᠦᠷᠦᠬᠦᠦ ᠲᠦᠪᠰᠢᠨ ᠳᠤ | ᠪᠠᠶᠢᠯᠭᠠᠬᠤ ᠶᠢ ᠦᠨᠡᠨ ᠬᠦ ᠪᠠᠲᠤᠯᠠᠵᠤ᠂ ᠤᠰᠤᠨ ᠤ ᠠᠮᠢ ᠠᠬᠤᠶ ᠪᠠ ᠬᠥᠷᠥᠰᠥ ᠰᠢᠷᠣᠶ ᠶᠢᠨ ᠣᠷᠴᠢᠨ ᠨᠦᠬᠦᠴᠡᠯ | ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠪᠠᠷᠢᠮᠵᠢᠶ᠎ᠠ | ᠱᠠᠭᠠᠷᠳᠠᠯᠭ᠎ᠠ ᠲᠠᠢ ᠬᠠᠷᠭᠤᠭᠤᠯᠬᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠬᠦ ᠶᠢ ᠪᠠᠷᠢᠮᠲᠠᠯᠠᠨ᠂ ᠰᠢᠮᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠶ ᠶᠢᠨ | ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠭᠤᠶᠢᠪᠢᠰᠢ ᠦᠭᠡᠢ | ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠷ ᠲᠦᠪᠰᠢᠨ ᠢ | ᠤᠯᠠᠮ ᠨᠢᠭᠡ ᠠᠯᠬᠤᠮ ᠪᠤᠢ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠴᠢᠬᠤᠯᠠ ᠡᠨᠧᠷᠭᠢ ᠶᠢᠨ | ᠰᠤᠷᠪᠤᠯᠵᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ | ᠪᠠᠷ ᠲᠣᠳᠣᠷᠬᠠᠢ ᠲᠤᠭᠳᠠᠭᠠᠵᠤ᠂ ᠡᠨᠡ ᠪᠤᠯ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠪᠢᠳᠡ ᠠᠮᠢ ᠠᠬᠤᠶ ᠶᠢ ᠲᠡᠷᠢᠬᠦᠨ ᠳᠤ ᠲᠠᠯᠪᠢᠬᠤ᠂ | ᠪᠤᠬᠢᠷᠲᠠᠯ ᠦᠭᠡᠢ ᠬᠥᠭᠵᠢᠯᠳᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠠᠶᠢᠭ᠎ᠠ ᠠᠵᠤ ᠦᠢᠯᠡᠰ ᠤᠨ ᠰᠠᠭᠤᠷᠢ | ᠪᠣᠯᠤᠨ ᠳᠠᠪᠠᠭᠤᠯᠢᠭ ᠲᠠᠯ᠎ᠠ ᠳᠠᠭᠠᠨ ᠰᠠᠭᠤᠷᠢᠯᠠᠨ᠂ ᠬᠡᠯᠬᠢᠶ᠎ᠡ ᠶᠢ ᠤᠷᠲᠤᠳᠬᠠᠬᠤ ᠨᠥᠬᠦᠪᠥᠷᠢᠯᠡᠬᠦ ᠬᠦᠴᠦᠷᠬᠡᠭᠵᠢᠭᠦᠯᠬᠦ | ᠵᠠᠩᠭᠢᠯᠠᠭ᠎ᠠ ᠶᠢᠨ ᠴᠡᠭ ᠢ ᠣᠨᠣᠪᠴᠢᠲᠠᠶ ᠣᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠤᠨᠴᠠᠯᠢᠭᠳᠤ ᠳᠠᠪᠠᠭᠤᠯᠢᠭ ᠠᠵᠤ | ᠦᠢᠯᠡᠰ᠂ ᠰᠠᠭᠤᠷᠢ ᠨᠢ ᠰᠠᠶᠢᠨ ᠳᠠᠯᠳᠠ ᠬᠦᠴᠦᠨ ᠨᠢ ᠶᠡᠭᠡ ᠦᠨᠳᠦᠰᠦᠯᠡᠭᠴᠢ ᠴᠢᠨᠠᠷ ᠢᠶᠠᠷ ᠴᠢᠩᠭ᠎ᠠ ᠠᠵᠤ | ᠦᠢᠯᠡᠰ ᠢ ᠴᠣᠭᠴᠠᠯᠠᠨ ᠪᠠᠶᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰᠵᠢᠬᠦᠯᠬᠦ᠂ ᠠᠵᠤ ᠦᠢᠯᠡᠰ ᠤᠨ | ᠬᠡᠯᠬᠢᠶ᠎ᠡ ᠶᠢ ᠣᠳᠣᠬᠢᠴᠢᠯᠠᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠨᠢᠭᠡ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠳᠡᠭᠡᠳᠦ ᠲᠡᠰᠵᠢᠭᠰᠡᠨ ᠠᠵᠤ ᠦᠢᠯᠡᠰ ᠤᠨ ᠬᠡᠯᠬᠢᠶ᠎ᠡ ᠶᠢ ᠨᠠᠷᠢᠨ | ᠨᠢᠮᠪᠠᠢ ᠪᠤᠢ ᠪᠤᠯᠭᠠᠨ᠎ᠠ᠃ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠬᠦᠭᠵᠢᠯᠲᠡ | ᠶᠢᠨ ᠤᠬᠢ ᠰᠠᠶᠢᠨ ᠪᠠᠶᠢᠲᠠᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠨᠡᠷᠡᠨ ᠡᠨᠧᠷᠭᠢ ᠶᠢᠨ ᠲᠣᠨᠣᠭᠯᠠᠭᠠᠰᠤ᠂ | ᠡᠵᠡᠮᠰᠢᠭᠦᠷ ᠰᠥᠷᠭᠡᠤ ᠬᠤᠪᠢᠰᠬᠠᠭᠤᠷ ᠵᠡᠷᠭᠡ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠢᠳᠡᠪᠬᠢᠲᠡᠶ ᠬᠥᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠳᠤᠨ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠳᠤ ᠲᠤᠯᠭᠠᠭᠤᠷᠢᠯᠠᠯ ᠬᠠᠩᠭᠠᠨ᠎ᠠ᠃ ᠨᠢᠭᠡᠨᠲᠡ ᠪᠠᠶᠢᠭ᠎ᠠ ᠣᠨᠴᠠ ᠥᠨᠳᠥᠷ ᠬᠦᠴᠦᠳᠡᠯᠲᠦ ᠢᠵᠢ | ᠪᠦᠷᠢᠳᠦᠭᠦᠯᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠭᠢᠭᠤᠯᠵᠤ᠂ 130 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ | ᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢᠨ ᠬᠠᠮᠲᠤ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨ ᠬᠦ | ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢ | ᠵᠣᠷᠢᠬᠵᠢᠭᠤᠯᠬᠤ ᠲᠣᠬᠢᠶᠠᠯ ᠢ ᠵᠠᠪᠳᠤᠨ ᠠᠮᠵᠢᠵᠤ᠂ ᠬᠤᠶᠠᠳᠤᠭᠠᠷ ᠬᠤᠭᠤᠴᠠᠭᠠᠨ ᠤ ᠢᠵᠢ ᠪᠥᠷᠢᠳᠦᠬᠦᠯᠬᠦ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠵᠢᠴᠢ ᠪᠥᠲᠥᠭᠡᠨ ᠪᠠᠶᠢᠭᠤᠯᠬᠤ ᠠᠵᠢᠯ ᠢ | ᠢᠳᠡᠪᠬᠢᠲᠡᠶ ᠲᠥᠰᠦᠪᠯᠡᠨ ᠠᠬᠢᠭᠤᠯᠵᠤ᠂ ᠰᠢᠨ᠎ᠡ ᠡᠨᠧᠷᠬᠢ ᠶᠢᠨ ᠲᠥᠷᠥᠯ ᠵᠦᠢᠯ ᠢ ᠵᠣᠬᠢᠰᠲᠠᠶ ᠪᠠᠶᠢᠷᠢᠯᠠᠭᠤᠯᠤᠨ᠂ | ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠳᠠᠬᠢ ᠬᠠᠷᠢᠴᠠᠯ ᠢ ᠳᠡᠭᠡᠭᠰᠢᠯᠡᠭᠦᠯᠦᠨ᠎ᠡ᠃ ᠰᠠᠯᠬᠢ ᠭᠡᠷᠡᠯ ᠢᠯᠴᠢ | ᠬᠠᠳᠠᠭᠠᠯᠠᠯᠳᠠ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ | ᠲᠡᠷᠭᠡ ᠤᠭᠰᠠᠷᠠᠬᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠳ᠋ᠢᠶᠠᠨ ᠤᠤᠢ ᠦᠢᠯᠡᠳᠪᠦᠷᠢᠯᠡᠬᠦ ᠵᠡᠷᠭᠡ ᠠᠵᠤ ᠦᠢᠯᠡᠰ | ᠢ ᠢᠳᠡᠪᠬᠢᠲᠡᠢ ᠬᠥᠭᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢ ᠠᠰᠢᠭᠯᠠᠬᠤ ᠪᠠ ᠬᠠᠲᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠠᠵᠤ ᠦᠢᠯᠡᠰ ᠤᠨ ᠬᠡᠯᠬᠢᠶ᠎ᠡ ᠶᠢᠨ | ᠳᠡᠭᠡᠳᠤ ᠦᠵᠦᠭᠦᠷ ᠲᠡᠰᠢ ᠤᠷᠲᠤᠳᠬᠠᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢ ᠠᠷᠠᠴᠢᠯᠠᠵᠤ | ᠬᠡᠷᠡᠭᠯᠡᠬᠦ ᠦᠢᠯᠡᠴᠢᠯᠡᠭᠡ ᠶᠢ ᠠᠬᠢᠭᠤᠯᠵᠤ᠂ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠬᠦᠴᠦᠨ | ᠤ ᠴᠠᠬᠢᠯᠭᠠᠨ ᠢ ᠬᠠᠮᠵᠢᠯᠴᠠᠭᠤᠯᠤᠨ ᠡᠵᠡᠩᠨᠡᠬᠦ ᠪᠠ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ᠂ ᠰᠠᠯᠬᠢᠨ | ᠬᠦᠴᠦᠨ ᠤ ᠴᠠᠬᠢᠯᠭᠠᠨ ᠢ ᠠᠷᠠᠴᠢᠯᠠᠵᠤ ᠬᠡᠷᠡᠭᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠢᠩ | ᠶᠠᠩ ᠢᠶᠠᠷ ᠭᠤᠤᠯ ᠪᠤᠯᠭᠠᠬᠰᠠᠨ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠲᠥᠬᠦᠭᠡᠷᠦᠮᠵᠢ ᠶᠢ | ᠠᠷᠠᠴᠢᠯᠠᠵᠤ ᠬᠡᠷᠡᠭᠯᠡᠬᠦ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ | ᠬᠤᠶᠠᠷ ᠲᠤ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠨᠠᠷᠢᠨ ᠨᠢᠮᠪᠠᠢ | ᠪᠦᠲᠦᠭᠡᠨ ᠪᠠᠶᠢᠭᠤᠯᠤᠨ᠎ᠠ᠃ ᠣᠳᠣ ᠪᠠᠶᠢᠭ᠎ᠠ ᠨᠡᠭᠦᠷᠡᠰᠦᠨ ᠠᠭᠤᠷᠬᠠᠶ ᠶᠢᠨ ᠠᠶᠤᠯ ᠦᠭᠡᠶ ᠪᠥᠭᠡᠳ ᠪᠤᠬᠢᠷᠲᠠᠯ | ᠦᠭᠡᠢ᠂ ᠤᠶᠤᠨᠴᠢ ᠪᠥᠭᠡᠳ ᠥᠨᠳᠥᠷ ᠪᠦᠲᠦᠮᠵᠢᠲᠡᠶ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠭᠰᠠᠨ | ᠰᠠᠭᠤᠷᠢᠨ ᠳᠡᠭᠡᠷ᠎ᠡ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠠᠮ ᠳᠤ ᠲᠦᠰᠢᠭᠯᠡᠨ᠂ | ᠢᠵᠢ ᠪᠦᠷᠢᠳᠦᠭᠦᠯᠬᠦ ᠨᠡᠭᠦᠷᠡᠰᠦᠨ ᠴᠠᠬᠢᠯᠭᠠᠨ ᠤ ᠴᠠᠬᠢᠯᠭᠠᠨ ᠡᠬᠦᠰᠭᠡᠭᠴᠢ ᠴᠡᠭ ᠤᠨ ᠪᠦᠲᠦᠭᠡᠨ ᠪᠠᠶᠢᠭᠤᠯᠤᠯᠲᠠ ᠶᠢ | ᠴᠢᠨᠠᠷ ᠰᠠᠶᠢᠲᠠᠢ ᠠᠬᠢᠭᠤᠯᠵᠤ᠂ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠬᠡᠪᠴᠢᠶ᠎ᠡ ᠪᠠᠷ ᠶᠡᠭᠡ᠂ ᠶᠠᠰᠤ ᠴᠢᠨᠠᠷ ᠢᠶᠠᠷ ᠰᠢᠯᠢᠳᠡᠭ᠂ ᠦᠷ᠎ᠡ ᠠᠰᠢᠭ ᠢᠶᠠᠷ | ᠰᠠᠶᠢᠨ ᠴᠡᠪᠡᠷ ᠡᠨᠧᠷᠭᠢ ᠶᠢᠨ ᠰᠤᠷᠪᠤᠯᠵᠢ ᠶᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠨᠤᠨᠲᠠᠭ ᠨᠡᠭᠦᠷᠡᠰᠦᠨ | ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠨᠡᠭᠦᠷᠡᠰᠦᠨ ᠴᠢᠯᠠᠭᠤ ᠵᠡᠷᠭᠡ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠠᠷᠢᠯᠢᠬ ᠤᠨᠤᠴᠠᠳᠠᠢ ᠬᠠᠮᠢᠶᠠᠷᠬᠤ ᠪᠠ ᠱᠠᠲᠤᠯᠠᠨ ᠠᠰᠢᠭᠯᠠᠬᠤ ᠶᠢ | ᠥᠷᠨᠢᠭᠦᠯᠵᠦ᠂ ᠢᠯᠵᠢᠮᠡᠭ ᠬᠦᠴᠢᠯ ᠤᠨ ᠠᠵᠤ ᠦᠢᠯᠡᠰ ᠤᠨ ᠰᠤᠳᠤᠯᠤᠨ ᠨᠡᠭᠡᠭᠡᠯᠳᠡ ᠪᠠ ᠦᠢᠯᠡᠳᠪᠦᠷᠢᠯᠡᠯ ᠢ | ᠢᠳᠡᠪᠬᠢᠲᠡᠶ ᠠᠬᠢᠭᠤᠯᠵᠤ᠂ ᠳᠡᠭᠡᠳᠦ ᠲᠠᠰ ᠤᠨ ᠪᠠᠷᠢᠯᠭ᠎ᠠ ᠶᠢᠨ ᠮᠠᠲ᠋ᠧᠷᠢᠶᠠᠯ᠂ ᠳᠡᠭᠡᠳᠦ ᠲᠠᠰ ᠤᠨ ᠪᠣᠭᠤᠳᠠᠯᠯᠠᠬᠤ | ᠮᠠᠲ᠋ᠧᠷᠢᠶᠠᠯ᠂ ᠲᠠᠷᠢᠶᠠᠯᠠᠩ ᠤᠨ ᠪᠣᠷᠲᠣᠭᠤᠷ ᠵᠡᠷᠭᠡ ᠨᠡᠮᠡᠯᠲᠡ ᠥᠷᠲᠡᠭ ᠢᠶᠠᠷ ᠥᠨᠳᠥᠷ᠂ ᠵᠠᠬ᠎ᠠ ᠳᠡᠯᠭᠡᠭᠦᠷ ᠤᠨ ᠳᠠᠯᠳᠠ | ᠬᠦᠴᠦᠨ ᠢᠶᠠᠷ ᠶᠡᠭᠡ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢ ᠢᠳᠡᠪᠬᠢᠲᠡᠶ ᠥᠷᠭᠡᠳᠬᠡᠨ᠂ ᠵᠢᠱᠢᠶ᠎ᠡ | ᠦᠵᠡᠭᠦᠯᠵᠤ ᠬᠥᠲᠥᠯᠦᠨ ᠳᠠᠭᠠᠭᠤᠯᠬᠤ ᠦᠢᠯᠡᠳᠦᠯ ᠪᠦᠬᠦᠢ ᠤᠷᠴᠢᠨ ᠲᠤᠭᠤᠷᠢᠨ ᠪᠠ ᠠᠮᠤᠷ ᠲᠦᠪᠰᠢᠨ ᠤ ᠨᠦᠯᠦᠭᠡ | ᠪᠠᠷ ᠶᠡᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ | ᠦᠢᠯᠡᠰ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠭᠤᠷᠪᠠ ᠳᠤ ᠪᠤᠬᠢᠷᠲᠠᠯ ᠦᠭᠡᠢ ᠮᠠᠯ ᠤᠨ ᠠᠰᠢᠭ ᠰᠢᠮ᠎ᠡ ᠶᠢ ᠦᠢᠯᠡᠳᠪᠤᠷᠢᠯᠡᠨ ᠪᠣᠯᠪᠠᠰᠤᠷᠠᠭᠤᠯᠬᠤ ᠨᠡᠷᠡᠲᠦ | ᠲᠡᠮᠳᠡᠭᠴᠢᠯᠡᠭᠰᠡᠨ ᠠᠵᠤ ᠦᠢᠯᠡᠰ ᠤᠨ ᠬᠡᠯᠬᠢᠶ᠎ᠠ ᠶᠢ ᠨᠠᠷᠢᠨ ᠨᠢᠮᠪᠠᠢ ᠲᠡᠭᠦᠯᠳᠡᠷᠵᠢᠭᠦᠯᠦᠨ᠎ᠡ᠃ ︽ᠬᠤᠨᠢ ᠶᠢ | ᠴᠥᠭᠡᠳᠭᠡᠵᠤ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠬᠡᠷ ᠲᠡᠵᠢᠭᠡᠬᠦ ᠳᠤ | ᠲᠣᠬᠢᠷᠠᠮᠵᠢᠳᠠᠢ ᠪᠠᠶᠢᠪᠠᠯ ᠦᠬᠡᠷ ᠲᠡᠵᠢᠭᠡᠵᠤ᠂ ᠬᠤᠨᠢ ᠲᠡᠵᠢᠭᠡᠬᠦ ᠳᠤ ᠲᠣᠬᠢᠷᠠᠮᠵᠢᠳᠠᠢ ᠪᠠᠶᠢᠪᠠᠯ ᠬᠤᠨᠢ ᠲᠡᠵᠢᠭᠡᠬᠦ ᠶᠢ | ᠪᠠᠷᠢᠮᠲᠠᠯᠠᠵᠤ᠂ ᠠᠯᠠᠰᠢᠨ ᠦᠬᠡᠷ ᠤᠨ ᠰᠠᠶᠢᠨ ᠡᠭᠦᠯᠳᠡᠷ ᠢ ᠥᠷᠭᠡᠳᠬᠡᠨ ᠪᠤᠶᠢᠵᠢᠭᠤᠯᠬᠤ᠂ ᠬᠡᠭᠡᠯᠲᠦᠭᠦᠯᠭᠡ ᠶᠢ | ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠪᠤᠶᠢᠵᠢᠭᠤᠯᠤᠨ ᠪᠣᠷᠳᠣᠬᠤ ᠪᠠ ᠬᠠᠰᠢᠶ᠎ᠠ ᠰᠠᠷᠡᠪᠴᠢ | ᠵᠡᠷᠭᠡ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠰᠠᠶᠢᠨ ᠡᠭᠦᠯᠳᠡᠷ ᠤᠨ | ᠠᠯᠠᠰᠢᠨ ᠦᠬᠡᠷ ᠤᠨ ᠬᠠᠩᠭᠠᠯᠭ᠎ᠠ ᠶᠢᠨ ᠴᠢᠳᠠᠪᠤᠷᠢ ᠶᠢ ᠪᠠᠲᠤᠯᠠᠨ᠂ ᠰᠠᠶᠢᠨ ᠡᠭᠦᠯᠳᠡᠷ ᠤᠨ ᠲᠤᠭᠤᠯ ᠢ ᠭᠠᠳᠠᠨ᠎ᠠ | ᠤᠷᠤᠨ ᠳᠤ ᠭᠠᠷᠭᠠᠵᠤ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ | ᠣᠷᠣᠨ ᠤ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ | ᠡᠭᠦᠳᠬᠦ ᠪᠠᠷ ᠭᠤᠤᠯᠳᠠᠯᠭ᠎ᠠ ᠪᠣᠯᠭᠠᠵᠤ᠂ ᠦᠵᠦᠮᠦᠴᠢᠨ ᠬᠤᠨᠢ ᠶᠢ ᠴᠡᠪᠡᠷᠰᠢᠭᠦᠯᠦᠨ ᠰᠢᠯᠢᠳᠡᠭᠵᠢᠭᠦᠯᠬᠦ ᠶᠢ ᠬᠦᠴᠦᠯᠡᠨ | ᠠᠬᠢᠭᠤᠯᠵᠤ᠂ ᠮᠢᠬᠠᠨ ᠤ ᠬᠤᠨᠢ ᠶᠢ ᠡᠷᠯᠢᠰᠡᠵᠢᠭᠦᠯᠬᠦ ᠪᠠ ᠬᠠᠰᠢᠶᠠᠯᠠᠨ ᠲᠡᠵᠢᠭᠡᠵᠦ ᠪᠣᠷᠳᠣᠨ ᠲᠠᠷᠭᠤᠯᠠᠭᠤᠯᠵᠤ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠬᠥᠭᠵᠢᠭᠦᠯᠵᠦ᠂ ︽ᠬᠤᠴᠠ ᠶᠢᠨ ᠲᠠᠯᠠᠪᠠᠢ + | ᠥᠷᠭᠡᠳᠬᠡᠨ ᠦᠷᠡᠵᠢᠭᠦᠯᠬᠦ ᠲᠠᠯᠠᠪᠠᠢ + ᠭᠤᠣᠯᠯᠠᠬᠤ ᠰᠦᠷᠦᠭ︾ ᠢ ᠨᠢᠭᠡ ᠴᠣᠭᠴᠠᠵᠢᠭᠤᠯᠤᠭᠰᠠᠨ ᠰᠠᠶᠢᠨ ᠡᠭᠦᠯᠳᠡᠷ | ᠤᠨ ᠮᠢᠬᠠᠨ ᠤ ᠬᠤᠨᠢ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠡᠭᠡᠳᠦ ᠲᠠᠰ ᠤᠨ | ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠤᠨ ᠭᠠᠳᠠᠭᠰᠢ ᠭᠠᠷᠭᠠᠬᠤ ᠲᠥᠪ ᠢ ᠪᠠᠶᠢᠭᠤᠯᠬᠤ ᠪᠠᠷ ᠬᠠᠷᠠᠯᠲᠠ | ᠪᠣᠯᠭᠠᠵᠤ᠂ ᠲᠤᠯᠤᠭᠠᠢᠢᠯᠠᠭᠴᠢ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠮᠢᠬᠠᠨ ᠤ | ᠬᠤᠨᠢ ᠶᠢ ᠨᠠᠷᠢᠯᠢᠬ ᠰᠠᠶᠢᠨ ᠪᠤᠯᠪᠠᠰᠤᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠠᠯᠠᠰᠢᠨ ᠦᠬᠡᠷ | ᠮᠢᠬᠠᠨ ᠤ ᠬᠤᠨᠢ ᠶᠢ ᠡᠳ᠋ᠰᠢᠭᠦᠯᠵᠦ ᠪᠣᠯᠪᠠᠰᠤᠷᠠᠭᠤᠯᠬᠤ ᠥᠬᠡᠶ ᠪᠣᠯ ᠵᠠᠬ᠎ᠠ ᠳᠡᠯᠭᠡᠭᠦᠷ ᠠᠴᠠ ᠭᠠᠷᠭᠠᠬᠤ ᠥᠬᠡᠶ | ᠪᠠᠶᠢᠬᠤ ᠶᠢ ᠴᠢᠷᠮᠠᠶᠢᠨ ᠪᠡᠶᠡᠯᠡᠬᠦᠯᠵᠦ᠂ ᠬᠡᠪᠴᠢᠶᠡᠵᠢᠭᠦᠯᠦᠨ ᠪᠤᠯᠪᠠᠰᠤᠷᠠᠭᠤᠯᠬᠤ ᠴᠢᠳᠠᠪᠦᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠦ ᠰᠠᠭᠠᠯᠢ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠴᠠᠭᠠᠨ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠤᠨ ᠴᠢᠨᠠᠷ ᠰᠠᠶᠢᠲᠠᠶ ᠰᠦ ᠦᠢᠯᠡᠳᠪᠦᠷᠢᠯᠡᠬᠦ ᠱᠤᠭᠤᠮ ᠢᠶᠠᠨ ᠥᠷᠭᠡᠳᠬᠡᠬᠦ ᠶᠢ ᠳᠡᠮᠵᠢᠵᠦ᠂ ᠤᠯᠠᠮᠵᠢᠯᠠᠯᠲᠤ | ᠴᠠᠭᠠᠨ ᠢᠳᠡᠭᠡᠨ ᠤ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠵᠢᠵᠢᠭ ᠦᠢᠯᠡᠳᠬᠡᠯ ᠤᠨ ᠭᠠᠵᠠᠷ | ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠠ ᠨᠡᠷᠡᠲᠦ ᠲᠡᠮᠳᠡᠭᠴᠢᠯᠡᠬᠦ ᠪᠠᠶᠢᠭᠤᠯᠤᠯᠲᠠ ᠶᠢ ᠠᠬᠢᠭᠤᠯᠵᠤ᠂ ᠴᠠᠭᠠᠨ | ᠢᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦᠯᠬᠦ | ᠠᠷᠭ᠎ᠠ ᠵᠠᠮ ᠢ ᠨᠡᠮᠡᠭᠳᠡᠭᠦᠯᠦᠨ᠎ᠡ᠃ ᠣᠳᠣᠬᠢᠴᠢᠯᠠᠭᠰᠠᠨ ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠬᠠᠲᠤᠯᠠᠩ ᠡᠪᠡᠰᠦ ᠶᠢ ᠨᠥᠭᠡᠴᠡᠯᠡᠨ ᠬᠠᠩᠭᠠᠬᠤ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠪᠦᠲᠦᠭᠡᠭᠳᠡᠬᠦᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ᠂ | ᠢᠯᠭᠠᠳᠠᠰᠤ ᠶᠢ ᠰᠢᠢᠳᠪᠦᠷᠢᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠰᠠᠭᠤᠷᠢ ᠶᠢ ᠪᠠᠬᠢᠵᠢᠭᠦᠯᠦᠨ᠎ᠡ᠃ 2021 ᠣᠨ ᠤ ᠠᠮᠢ ᠠᠬᠤᠶ | ᠶᠢᠨ ᠬᠤᠨᠢᠨ ᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠳᠠᠭᠠᠭᠠᠴᠢᠯᠠᠨ ᠡᠷᠭᠢᠯᠡᠬᠦ ᠪᠠᠷ ᠲᠣᠬᠢᠶᠠᠯ | ᠪᠣᠯᠭᠠᠵᠤ᠂ ᠨᠠᠷᠠᠲᠤ ᠲᠡᠮᠲᠡᠭᠲᠦ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠦᠨ᠂ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨ᠎ᠠ ᠡᠵᠡᠩᠨᠡᠨ ᠪᠣᠷᠣᠯᠠᠭᠤᠯᠬᠤ᠂ ᠠᠵᠤ ᠠᠬᠤᠶᠢᠯᠠᠯ ᠤᠨ ᠣᠷᠣᠨ ᠪᠦᠰᠡ ᠶᠢᠨ ᠨᠠᠷᠠᠲᠤ | ᠲᠡᠮᠳᠡᠭᠲᠦ ᠶᠢ ᠬᠠᠮᠲᠤ ᠪᠠᠷ ᠪᠦᠲᠦᠭᠡᠬᠦ ᠵᠡᠷᠭᠡ ᠰᠢᠷᠢᠰ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ︽ | ᠲᠦᠷᠤᠬᠦᠤ ᠬᠤᠨᠢ︾ — — ᠰᠢᠯᠢ ᠶᠢᠨ ᠭᠤᠤᠯ ᠬᠤᠨᠢ ᠶᠢᠨ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ | ᠤ ᠨᠡᠷᠡᠳᠤ ᠲᠡᠮᠳᠡᠭᠲᠦ ᠶᠢ ᠪᠤᠢ ᠪᠤᠯᠭᠠᠵᠤ᠂ ︽ᠳᠤᠮᠳᠠᠳᠤ ᠤᠯᠤᠰ ᠤᠨ ᠠᠮᠢ ᠠᠬᠤᠶ ᠶᠢᠨ ᠬᠤᠨᠢᠨ ᠤ ᠰᠤᠶᠤᠯ ᠤᠨ | ᠲᠥᠪ︾ ᠢ ᠪᠥᠲᠥᠭᠡᠨ ᠪᠠᠶᠢᠭᠤᠯᠬᠤ ᠶᠢ ᠢᠳᠡᠪᠬᠢᠲᠠᠢ ᠠᠭᠢᠭᠤᠯᠵᠤ᠂ ᠰᠢᠯᠢ ᠶᠢᠨ ᠭᠤᠤᠯ ᠤᠨ ᠠᠮᠢ ᠠᠬᠤᠶ ᠶᠢᠨ | ᠬᠤᠨᠢᠨ ᠤ ᠠᠵᠤ ᠦᠢᠯᠡᠰ ᠤᠨ ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠲᠡᠰᠢ ᠳᠡᠭᠡᠭᠰᠢᠯᠡᠬᠦ ᠶᠢ ᠠᠬᠢᠭᠤᠯᠤᠨ᠎ᠠ᠃ | | ᠳᠥᠷᠪᠡ ᠳᠤ ᠠᠮᠢ ᠠᠬᠤᠢ ᠰᠣᠶᠣᠯ ᠵᠢᠭᠤᠯᠴᠢᠯᠠᠯ ᠤᠨ ᠴᠢᠨᠠᠷᠵᠢᠭᠤᠨ ᠠᠵᠤ ᠦᠢᠯᠡᠰ ᠤᠨ ᠬᠡᠯᠬᠢᠶ᠎ᠡ ᠶᠢ ᠨᠠᠷᠢᠨ | ᠨᠢᠮᠪᠠᠶ ᠰᠠᠳᠤᠵᠤ ᠲᠥᠯᠥᠪᠯᠡᠨ᠎ᠡ᠃ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠠᠷ ᠤᠨ | ᠦᠵᠡᠮᠵᠢ ᠶᠢᠨ ᠤᠷᠤᠨ ᠢ ᠪᠠᠶᠢᠭᠤᠯᠬᠤ ᠶᠢᠨ ᠲᠣᠭᠤᠷᠢᠨ ᠳᠤ᠂ ᠲᠥᠯᠥᠪᠵᠢᠭᠦᠯᠭᠡ᠂ ᠪᠠᠶᠢᠭᠤᠯᠤᠯᠲᠠ᠂ | ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠪᠥᠬᠦ ᠴᠠᠷᠠᠭᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠵᠢᠭᠤᠯᠴᠢᠯᠠᠯ ᠤᠨ | ᠲᠦᠯᠦᠪᠵᠢᠬᠦᠯᠬᠡ ᠶᠢᠨ ᠦᠨᠳᠦᠷ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠲᠦᠷᠭᠡᠳᠬᠡᠵᠦ᠂ ᠮᠠᠨ ᠤ ᠬᠤᠲᠠ ᠶᠢᠨ | ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ | ᠢᠷᠡᠭᠡᠳᠦᠶᠢᠴᠢ ᠵᠢᠯᠤᠭᠤᠳᠬᠤ ᠴᠢᠨᠠᠷᠲᠠᠢ ᠮᠦᠷᠲᠡᠭᠡᠨ ᠪᠣᠳᠠᠲᠠᠶᠢᠵᠢᠭᠤᠯᠤᠨ ᠬᠡᠷᠡᠭᠵᠢᠭᠦᠯᠬᠦ ᠴᠢᠨᠠᠷᠲᠠᠶ ᠵᠢᠭᠤᠯᠴᠢᠯᠠᠯ ᠤᠨ | ᠲᠥᠯᠥᠪᠵᠢᠭᠦᠯᠭᠡ ᠶᠢ ᠲᠠᠷᠤᠢ ᠲᠦᠷᠭᠡᠨ ᠨᠠᠶᠢᠷᠠᠭᠤᠯᠤᠨ ᠵᠤᠬᠢᠶᠠᠵᠤ᠂ ᠰᠢᠰᠲ᠋ᠧᠮᠲᠦ ᠴᠢᠨᠠᠷᠲᠠᠶ᠂ ᠪᠥᠬᠦ ᠲᠠᠯ᠎ᠠ ᠶᠢᠨ | ᠴᠢᠨᠠᠷᠲᠠᠶ ᠪᠠ ᠢᠷᠡᠭᠡᠳᠦᠶᠢᠴᠢ ᠴᠢᠨᠠᠷᠲᠠᠶ ᠲᠥᠯᠥᠪᠵᠢᠭᠦᠯᠭᠡ ᠶᠢ ᠲᠦᠷᠭᠡᠬᠡᠨ ᠨᠠᠶᠢᠷᠠᠭᠤᠯᠤᠨ ᠵᠣᠬᠢᠶᠠᠵᠤ᠂ ᠮᠠᠨ ᠤ | ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠡᠳᠬᠢᠴᠡ᠂ ᠪᠠᠶᠢᠷᠢ ᠲᠣᠭᠲᠠᠭᠠᠯᠲᠠ ᠪᠠ | ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠲᠡᠭᠦᠯᠳᠡᠷᠵᠢᠭᠦᠯᠵᠦ᠂ | ᠡᠷᠬᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠤᠨ ᠬᠦᠴᠦᠨ ᠵᠦᠢᠯ ᠢ ᠡᠮᠬᠢᠯᠡᠨ | ᠨᠡᠶᠢᠯᠡᠭᠦᠯᠬᠦ ᠶᠢ ᠠᠬᠢᠭᠤᠯᠵᠤ᠂ ︽ᠢᠳᠡᠬᠦ᠂ ᠬᠤᠨᠤᠬᠤ᠂ ᠠᠶᠠᠯᠠᠬᠤ᠂ ᠵᠤᠭᠠᠴᠠᠬᠤ᠂ ᠬᠤᠳᠠᠯᠳᠤᠨ ᠠᠪᠬᠤ᠂ | ᠨᠠᠭᠠᠳᠤᠨ ᠴᠡᠩᠭᠡᠬᠦ︾ ᠵᠢᠭᠤᠯᠴᠢᠯᠠᠯ ᠤᠨ ᠬᠥᠭᠵᠢᠯᠲᠡ ᠶᠢᠨ ᠡᠯᠧᠮᠧᠨ᠋ᠲ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠵᠢᠭᠤᠯᠴᠢᠯᠠᠯ ᠤᠨ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠵᠤ᠂ ᠲᠦᠷᠭᠡᠨ ᠠᠶᠠᠯᠠᠵᠤ ᠲᠠᠶᠢᠪᠤᠭᠤ ᠵᠤᠭᠠᠴᠠᠬᠤ ᠶᠢ | ᠴᠢᠷᠮᠠᠶᠢᠨ ᠪᠡᠶᠡᠯᠡᠭᠦᠯᠦᠨ᠎ᠡ᠃ ︽ᠵᠢᠭᠤᠯᠴᠢᠯᠠᠯ +︾ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠦᠪᠡᠷᠮᠢᠴᠡ ᠣᠨᠴᠠᠯᠢᠭᠲᠤ ᠦᠨᠳᠦᠰᠦᠲᠡᠨ ᠤ ᠰᠣᠶᠣᠯ᠂ ᠰᠡᠯᠡᠭᠦᠴᠡᠯ ᠵᠢᠭᠤᠯᠴᠢᠯᠠᠯ᠂ ᠪᠤᠬᠢᠷᠲᠠᠯ | ᠦᠭᠡᠢ ᠠᠮᠢ ᠠᠬᠤᠶ᠂ ᠡᠮᠴᠢᠯᠡᠭᠡ ᠡᠷᠡᠭᠦᠯᠵᠢᠯ ᠰᠤᠪᠢᠯᠠᠯᠲᠠ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠥᠪᠡᠰᠤᠪᠠᠨ ᠮᠠᠰᠢᠨ ᠵᠢᠯᠣᠭᠤᠳᠬᠤ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ ᠪᠡᠶ᠎ᠡ ᠰᠤᠪᠢᠯᠠᠯᠲᠠ ᠶᠢᠨ | ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠡᠵᠡᠩᠨᠡᠯᠳᠡ ᠶᠢᠨ ᠬᠡᠯᠪᠡᠷᠢ ᠪᠠᠶᠢᠳᠠᠯ ᠢ | ᠥᠷᠭᠡᠳᠬᠡᠨ᠂ ᠵᠢᠭᠤᠯᠴᠢᠯᠠᠯ ᠤᠨ ᠬᠠᠩᠭᠠᠯᠭ᠎ᠠ ᠶᠢ ᠵᠦᠷᠢᠶᠡᠵᠢᠬᠦᠯᠬᠦ ᠥᠪᠡᠷᠮᠢᠴᠡᠵᠢᠬᠦᠯᠬᠦ ᠶᠢ ᠠᠬᠢᠭᠤᠯᠵᠤ᠂ ᠪᠥᠬᠦ | ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠰᠤᠶᠤᠯ ᠲᠠᠮᠢᠷ ᠤᠨ ᠨᠠᠷᠠᠲᠤ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠯᠢ ᠶᠢᠨ ᠭᠤᠣᠯ ᠤᠨ ᠠᠮᠢ ᠠᠬᠤᠶ ᠶᠢᠨ | ᠵᠢᠭᠤᠯᠴᠢᠯᠠᠯ ᠤᠨ ᠨᠠᠶᠢᠷ᠂ ᠳᠤᠮᠳᠠᠳᠤ ᠤᠯᠤᠰ ᠤᠨ ᠠᠳᠤᠭᠤᠨ ᠰᠤᠶᠣᠯ ᠤᠨ ᠲᠥᠪ ᠤᠨ ᠮᠣᠷᠢᠨ ᠤᠷᠤᠯᠳᠤᠭᠠᠨ᠂ | ᠲᠠᠯ᠎ᠠ ᠨᠤᠲᠤᠭ ᠤᠨ ᠨᠠᠭᠠᠳᠤᠮ ᠤᠨ ᠬᠤᠷᠠᠯ ᠂ ᠮᠣᠩᠭᠤᠯ ᠮᠣᠷᠢ ᠲᠣᠮᠣ ᠬᠡᠯᠪᠡᠷᠢ ᠶᠢᠨ ᠪᠣᠳᠠᠲᠤ ᠦᠵᠡᠭᠳᠡᠯᠲᠦ | ᠵᠦᠴᠦᠭᠡ ᠵᠡᠷᠭᠡ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠶᠡᠭᠡ ᠪᠠᠷ ᠪᠤᠶᠢᠵᠢᠭᠤᠯᠵᠤ᠂ ᠰᠣᠶᠣᠯ ᠤᠨ | ᠪᠥᠳᠥᠭᠡᠯᠴᠢ ᠰᠡᠳᠭᠢᠮᠵᠢ ᠶᠢᠨ ᠪᠦᠲᠦᠭᠡᠭᠳᠡᠬᠦᠨ ᠪᠠ ᠳᠤᠷᠠᠰᠬᠠᠯ ᠤᠨ ᠡᠳ᠋ ᠢ ᠨᠡᠭᠡᠭᠡᠨ ᠬᠥᠭᠵᠢᠭᠦᠯᠬᠦ ᠶᠢ ᠰᠠᠶᠢᠲᠤᠷ | ᠬᠢᠵᠦ᠂ ᠡᠯ᠎ᠡ ᠲᠥᠷᠥᠯ ᠤᠨ ᠲᠠᠪᠴᠠᠩ ᠢ ᠠᠰᠢᠭᠯᠠᠨ ᠵᠢᠭᠤᠯᠴᠢᠯᠠᠯ ᠤᠨ ᠡᠵᠡᠩᠨᠡᠨ ᠪᠣᠷᠣᠯᠠᠭᠤᠯᠤᠯᠲᠠ ᠶᠢ ᠨᠠᠷᠢᠯᠢᠬ | ᠣᠨᠣᠴᠠᠲᠠᠶ ᠬᠡᠷᠡᠭᠵᠢᠭᠦᠯᠤᠨ᠂ ︽ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠥᠪ︾ ᠪᠠ ᠪᠥᠬᠦ ᠤᠯᠤᠰ ᠤᠨ | ᠰᠢᠯᠢᠳᠡᠭ ᠵᠢᠭᠤᠯᠴᠢᠯᠠᠯ ᠤᠨ ᠬᠤᠲᠠ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠤᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ | ᠡᠨᠡ ᠳᠥᠷᠪᠡᠨ ᠠᠵᠤ ᠦᠢᠯᠡᠰ ᠤᠨ ᠬᠡᠯᠬᠢᠶ᠎ᠡ ᠪᠣᠯ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠳᠠᠬᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢᠨ ᠭᠤᠣᠯ ᠰᠢᠪᠲᠤᠯᠬᠤ | ᠴᠢᠭᠯᠡᠯ ᠮᠦᠨ᠂ ᠪᠢᠳᠠ ᠠᠵᠤ ᠦᠢᠯᠡᠰ ᠤᠨ ᠪᠠᠶᠢᠷᠢᠯᠠᠭᠤᠯᠤᠯᠲᠠ᠂ ᠲᠥᠷᠤᠯ ᠵᠦᠢᠯ ᠤᠨ ᠲᠥᠰᠦᠪᠯᠡᠯ ᠤᠨ ᠲᠠᠯ᠎ᠠ ᠪᠠᠷ | ᠭᠡᠰᠡᠨ ᠦᠭᠡᠢ᠂ ᠡᠰᠡᠬᠦᠯ᠎ᠠ ᠬᠤᠳᠠᠯᠳᠤᠭᠠᠴᠢᠨ ᠤᠷᠢᠵᠤ ᠪᠠᠯᠠ ᠲᠠᠲᠠᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ | ᠪᠠᠷ ᠭᠡᠰᠡᠨ ᠦᠭᠡᠢ᠂ ᠴᠦᠮ ᠭᠤᠤᠯ ᠪᠣᠯᠬᠤ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ | ᠡᠨᠡ ᠳᠥᠷᠪᠡᠨ ᠠᠵᠤ ᠦᠢᠯᠡᠰ ᠤᠨ ᠬᠡᠯᠬᠢᠶ᠎ᠡ ᠲᠡᠰᠢ ᠬᠡᠯᠪᠠᠶᠢᠯᠭᠡᠵᠤ᠂ ᠳᠤᠲᠠᠭᠤᠳᠠᠯ ᠲᠠᠢ ᠭᠠᠵᠠᠷ ᠲᠤ ᠭᠡᠯᠬᠢᠶ᠎ᠠ ᠶᠢ | ᠤᠷᠳᠤᠳᠬᠠᠬᠤ ᠨᠥᠬᠦᠪᠥᠷᠢᠯᠡᠬᠦ ᠬᠥᠴᠤᠷᠭᠡᠭᠵᠢᠬᠦᠯᠬᠦ ᠳᠡᠭᠡᠨ ᠴᠢᠳᠠᠮᠠᠭᠠᠶ ᠪᠠᠶᠢᠵᠤ᠂ ᠬᠤᠭᠤᠰᠣᠨ ᠭᠠᠵᠠᠷ ᠲᠤ ︽ᠣᠷᠣ | ᠦᠭᠡᠢ ᠭᠠᠵᠠᠷ ᠣᠪᠣᠭ᠎ᠠ ᠪᠣᠰᠬᠠᠬᠤ︾ ᠳᠠᠭᠠᠨ ᠴᠢᠳᠠᠮᠠᠭᠠᠶ ᠪᠠᠶᠢᠵᠤ᠂ ᠲᠦᠷᠪᠡᠨ ᠠᠵᠤ ᠦᠢᠯᠡᠰ ᠤᠨ ᠬᠡᠯᠬᠢᠶ᠎ᠡ ᠶᠢ | ᠦᠨᠡᠨ ᠬᠦ ᠰᠦᠯᠵᠢᠶᠡᠨ ᠳᠡᠭᠡᠷ᠎ᠡ ᠪᠠ ᠰᠦᠯᠵᠢᠶᠡᠨ ᠭᠠᠲᠠᠨ᠎ᠠ ᠥᠨᠳᠥᠷ ᠪᠦᠲᠦᠮᠵᠢᠲᠡᠢ ᠠᠭᠤᠰᠤᠯᠴᠠᠭᠰᠠᠨ᠂ ᠲᠤᠮᠤ | ᠳᠤᠮᠳᠠ ᠪᠠᠭ᠎ᠠ ᠠᠵᠤ ᠠᠬᠤᠶᠢᠯᠠᠯ ᠬᠠᠮᠵᠢᠯᠴᠠᠨ ᠬᠠᠮᠲᠤᠷᠠᠯᠴᠠᠭᠰᠠᠨ᠂ ᠳᠡᠭᠡᠳᠦ ᠳᠤᠤᠷᠠᠳᠤ ᠤᠷᠤᠰᠬᠠᠯ ᠤᠨ | ᠬᠡᠯᠬᠢᠶ᠎ᠡ ᠶᠢ ᠵᠡᠷᠭᠡᠪᠡᠷ ᠬᠥᠭᠵᠢᠭᠦᠯᠦᠭᠰᠡᠨ ᠪᠢᠲᠡᠭᠦᠦ ᠴᠠᠭᠠᠷᠢᠭ ᠮᠠᠶ᠋ᠢᠭ ᠤᠨ ᠣᠷᠴᠢᠯ ᠠᠵᠤ ᠠᠬᠤᠢ ᠶᠢᠨ ᠠᠵᠤ | ᠦᠢᠯᠡᠰ ᠤᠨ ᠬᠡᠯᠬᠢᠶ᠎ᠡ ᠪᠣᠯᠭᠠᠨ ᠪᠠᠶᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠤᠬᠢᠷᠲᠠᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠬᠤ ᠰᠢᠨ᠎ᠡ ᠵᠠᠮ ᠢᠶᠠᠷ ᠰᠢᠯᠢ ᠶᠢᠨ ᠬᠤᠲᠠ ᠶᠢᠨ ᠣᠨᠴᠠᠯᠢᠭ ᠢ ᠲᠤᠪᠤᠶᠢᠯᠭᠠᠵᠤ | ᠂ ᠰᠢᠯᠢ ᠶᠢᠨ ᠬᠤᠳᠠ ᠶᠢᠨ ᠶᠠᠰᠤ ᠴᠢᠨᠠᠷ ᠢ ᠢᠯᠡᠷᠡᠬᠦᠯᠵᠤ᠂ ᠰᠢᠯᠢ ᠶᠢᠨ ᠬᠤᠳᠠ ᠶᠢᠨ ᠨᠡᠷᠡᠲᠦ ᠲᠡᠮᠳᠡᠭᠲᠦ ᠶᠢ ᠪᠤᠢ | ᠪᠤᠯᠭᠠᠬᠤ ᠬᠡᠷᠡᠭᠳᠠᠢ᠃ | ᠡᠭᠦᠨ ᠤ ᠬᠠᠮᠲᠤ᠂ ᠡᠨᠡ ᠳᠥᠷᠪᠡᠨ ᠠᠵᠤ ᠦᠢᠯᠡᠰ ᠤᠨ ᠬᠡᠯᠬᠢᠶ᠎ᠡ ᠪᠤᠯ ᠮᠠᠨ ᠤ ᠠᠵᠤ ᠦᠢᠯᠡᠰ ᠤᠨ ᠬᠥᠭᠵᠢᠯᠲᠡ | ᠶᠢᠨ ᠪᠥᠬᠦ ᠵᠦᠢᠯ ᠪᠢᠰᠢ᠂ ᠪᠢᠳᠡ ᠪᠠᠰᠠ ᠰᠢᠨ᠎ᠡ ᠪᠠᠷ ᠮᠠᠨᠳᠤᠭᠰᠠᠨ ᠠᠵᠤ ᠦᠢᠯᠡᠰ᠂ ᠣᠨᠴᠠᠯᠢᠭᠲᠤ ᠠᠵᠤ ᠦᠢᠯᠡᠰ᠂ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠡᠯ᠎ᠡ ᠬᠦᠷᠢᠶᠡᠨ ᠳᠤ ᠨᠠᠷᠢᠨ ᠨᠢᠮᠪᠠᠢ ᠠᠵᠢᠯᠯᠠᠨ᠂ ᠪᠤᠬᠢᠷᠲᠠᠯ | ᠦᠭᠡᠢ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠬᠤ | ᠬᠡᠷᠡᠭᠲᠡᠶ ᠭᠡᠳᠡᠭ ᠢ ᠪᠢᠳᠡ ᠪᠠᠰᠠ ᠰᠡᠷᠭᠡᠭ ᠢᠶᠠᠷ ᠤᠯᠵᠤ ᠲᠠᠨᠢᠬᠤ ᠬᠡᠷᠡᠭᠲᠡᠶ᠃ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠲᠠᠯ᠎ᠠ ᠪᠠᠷ᠂ ᠲᠤᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠰ | ᠤᠨ ᠢᠨᠲ᠋ᠧᠷ ᠰᠦᠯᠵᠢᠶ᠎ᠡ ᠶᠢᠨ ᠬᠦᠭᠵᠢᠯᠲᠡᠨ ᠶᠢᠨ ᠬᠠᠨᠳᠤᠰᠢ ᠶᠢ ᠴᠢᠩᠭ᠎ᠠ ᠡᠵᠡᠮᠰᠢᠨ᠂ ᠡᠨᠧᠷᠭᠢ ᠶᠢᠨ ᠰᠤᠷᠪᠤᠯᠵᠢ | ᠶᠢᠨ ᠠᠵᠤ ᠦᠢᠯᠡᠰ᠂ ᠮᠠᠯ ᠠᠵᠤ ᠠᠬᠤᠢ᠂ ᠦᠢᠯᠡᠴᠢᠯᠡᠭᠡᠨ ᠤ ᠦᠢᠯᠡᠰ ᠤᠨ ᠲᠣᠭᠠᠵᠢᠭᠤᠯᠤᠯᠳᠡ ᠶᠢᠨ | ᠥᠭᠡᠷᠡᠴᠢᠯᠡᠯᠲᠡ ᠪᠠ ᠮᠡᠳᠡᠭᠡ ᠵᠠᠩᠭᠢᠵᠢᠯᠲᠠ ᠶᠢᠨ ᠳᠡᠰ ᠳᠡᠪᠰᠢᠬᠦ ᠶᠢ ᠠᠬᠢᠭᠤᠯᠵᠤ᠂ ᠬᠠᠩᠭᠠᠯᠭ᠎ᠠ ᠪᠠ ᠬᠡᠷᠡᠭᠴᠡᠭᠡ᠂ | ᠦᠢᠯᠡᠳᠪᠦᠷᠢᠯᠡᠯ ᠪᠠ ᠪᠣᠷᠣᠯᠠᠭᠤᠯᠭ᠎ᠠ᠂ ᠬᠠᠮᠢᠶᠠᠷᠤᠯᠲᠠ ᠪᠠ ᠦᠢᠯᠡᠴᠢᠯᠡᠭᠡ ᠶᠢ ᠨᠠᠷᠢᠯᠢᠬ ᠣᠨᠣᠴᠠᠲᠠᠢ ᠵᠣᠯᠭᠠᠭᠤᠯᠬᠤ | ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︔ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠠᠬᠢᠭᠤᠯᠵᠤ᠂ | ᠲᠤᠭᠠᠴᠢᠯᠠᠭᠰᠠᠨ ᠵᠠᠰᠠᠬ ᠤᠨ ᠤᠷᠳᠤᠨ ᠤ ᠪᠠᠶᠢᠭᠤᠯᠤᠯᠲᠠ ᠶᠢ ᠠᠬᠢᠭᠤᠯᠵᠤ᠂ ᠤᠶᠤᠨᠴᠢ ᠰᠢᠯᠢ ᠶᠢᠨ ᠬᠤᠲᠠ ᠶᠢ | ᠪᠥᠲᠥᠭᠡᠨ ᠪᠠᠶᠢᠭᠤᠯᠬᠤ ᠳᠤ ᠪᠠᠲᠤᠯᠠᠭ᠎ᠠ ᠬᠠᠩᠭᠠᠨ᠎ᠠ᠃ ᠰᠦᠯᠵᠢᠶᠡᠨ ᠴᠤᠤᠳᠠᠨ ᠤ ᠠᠵᠤ ᠠᠬᠤᠢ ᠶᠢ ᠢᠳᠡᠪᠬᠢᠲᠡᠢ | ᠬᠥᠭᠵᠢᠭᠦᠯᠵᠦ᠂ ᠲᠢᠬ ᠲᠤᠬ ᠵᠡᠷᠭᠡ ᠰᠢᠨ᠎ᠡ ᠵᠠᠭᠤᠴᠢᠯᠠᠭᠤᠷ ᠤᠨ ᠲᠣᠯᠣᠭᠠᠶᠢᠯᠠᠭᠴᠢ ᠠᠵᠤ ᠠᠬᠤᠶᠢᠯᠠᠯ ᠳᠤ | ᠲᠦᠰᠢᠭᠯᠡᠨ᠂ ᠰᠢᠯᠢ ᠶᠢᠨ ᠬᠤᠳᠠ ᠶᠢᠨ ᠬᠥᠭᠵᠢᠯᠲᠡ ᠶᠢᠨ ᠳᠠᠪᠠᠭᠤᠯᠢᠭ ᠲᠠᠯ᠎ᠠ ᠶᠢ ᠥᠷᠭᠡᠨ ᠢᠶᠠᠷ ᠤᠬᠠᠭᠤᠯᠤᠨ᠎ᠠ᠃ | ᠡᠭᠦᠨ ᠤ ᠬᠠᠮᠲᠤ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠡᠨᠧᠷᠭᠢ ᠠᠷᠪᠢᠯᠠᠨ ᠣᠷᠴᠢᠨ ᠠᠬᠤᠢ ᠶᠢ ᠬᠠᠮᠠᠭᠠᠯᠠᠬᠤ᠂ | ᠮᠣᠩᠭᠤᠯ ᠬᠢᠲᠠᠳ ᠡᠮ ᠡᠮᠨᠡᠯᠭᠡ ᠵᠡᠷᠭᠡ ᠬᠦᠷᠢᠶᠡᠨ ᠳᠤ ᠨᠡᠩ ᠣᠯᠠᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ | ᠠᠵᠤ ᠠᠬᠤᠶ ᠶᠢᠨ ᠬᠥᠭᠵᠢᠯᠲᠡ ᠶᠢᠨ ᠵᠠᠯᠭᠠᠯᠲᠠ ᠶᠢᠨ ᠴᠢᠲᠠᠪᠤᠷᠢ ᠶᠢ ᠲᠡᠭᠡᠭᠰᠢᠯᠡᠬᠦᠯᠦᠨ᠎ᠡ᠃ ᠣᠨᠴᠠᠯᠢᠭᠲᠤ ᠠᠵᠤ | ᠦᠢᠯᠡᠰ ᠤᠨ ᠲᠠᠯ᠎ᠠ ᠪᠠᠷ᠂ ᠮᠣᠩᠭᠤᠯ ᠮᠤᠷᠢ ᠶᠢ ᠬᠠᠮᠠᠭᠠᠯᠠᠬᠤ᠂ ᠰᠠᠶᠢᠨ ᠡᠭᠦᠯᠳᠡᠷ ᠤᠨ ᠠᠳᠤᠭᠤ ᠶᠢ ᠦᠷᠡᠵᠢᠭᠦᠯᠦᠨ | ᠪᠤᠶᠢᠵᠢᠭᠤᠯᠬᠤ᠂ ᠠᠳᠤᠭᠤᠨ ᠤ ᠦᠢᠯᠡᠰ ᠶᠢᠨ ᠬᠦᠭᠵᠢᠬᠦᠯᠬᠦ ᠵᠡᠷᠭᠡ ᠠᠵᠢᠯ ᠤᠨ ᠳᠤᠮᠳᠠ ᠪᠠᠷᠢᠮᠵᠢᠶᠠᠵᠢᠭᠤᠯᠤᠨ | ᠬᠥᠭᠵᠢᠬᠦᠯᠬᠦ ᠪᠠ ᠬᠡᠪᠴᠢᠶᠡᠵᠢᠭᠦᠯᠦᠨ ᠬᠥᠭᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠳᠠᠢ ᠲᠡᠵᠢᠭᠡᠯ | ᠡᠪᠡᠰᠦ᠂ ᠤᠷᠭᠠᠨᠢᠭ ᠪᠤᠭᠤᠲᠠᠢ ᠵᠡᠷᠭᠡ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ ᠲᠤᠭᠤᠷᠢᠨ ᠳᠤ᠂ ᠪᠤᠬᠢᠷᠲᠠᠯ | ᠦᠭᠡᠢ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠡ᠃ ᠣᠲᠣ ᠦᠶ᠎ᠡ | ᠶᠢᠨ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ | ᠮᠥᠩᠭᠦᠨ ᠭᠦᠢᠯᠭᠡᠭᠡ ᠳᠠᠭᠠᠳᠬᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠶᠢᠴᠠᠭᠠᠨ ᠰᠡᠯᠪᠢᠵᠦ ᠠᠷᠠᠴᠢᠯᠠᠨ | ᠬᠠᠮᠠᠭᠠᠯᠠᠬᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠦᠢᠯᠡᠳᠬᠦᠨ ᠤ ᠡᠵᠡᠩᠨᠡᠨ ᠪᠣᠷᠣᠯᠠᠭᠤᠯᠤᠯᠳᠡ ᠵᠡᠷᠭᠡ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶ᠎ᠡ ᠶᠢ | ᠳᠡᠭᠡᠳᠦ ᠲᠠᠰ ᠲᠡᠰᠢ ᠤᠷᠲᠤᠳᠬᠠᠬᠤ ᠶᠢ ᠠᠬᠢᠭᠤᠯᠵᠤ᠂ ᠬᠥᠮᠦᠵᠢᠬᠦᠯᠤᠯ ᠪᠣᠯᠪᠠᠰᠤᠷᠠᠭᠤᠯᠤᠯ᠂ ᠨᠠᠰᠤᠲᠠᠨ ᠢ ᠠᠰᠠᠷᠠᠵᠤ | ᠨᠢᠯᠬ᠎ᠠ ᠬᠡᠦᠬᠡᠳ ᠢ ᠬᠥᠮᠦᠵᠢᠭᠦᠯᠬᠦ᠂ ᠬᠡᠷ ᠠᠬᠤᠶ᠂ ᠡᠷᠡᠭᠦᠯ ᠮᠡᠨᠳᠦ ᠡᠮᠴᠢᠯᠡᠭᠡ ᠰᠤᠪᠢᠯᠠᠯᠲᠠ ᠵᠡᠷᠭᠡ ᠠᠮᠢᠳᠤᠷᠠᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠪᠠ ᠣᠯᠠᠨ ᠶᠠᠩᠵᠤᠴᠢᠯᠠᠨ ᠲᠠᠰ ᠲᠡᠪᠰᠢᠬᠦ ᠶᠢ | ᠠᠬᠢᠭᠤᠯᠤᠨ᠎ᠠ᠃ | ︵ᠭᠤᠷᠪᠠ︶ ᠪᠦᠲᠦᠮᠵᠢᠲᠡᠢ ᠪᠡᠯᠡ ᠣᠷᠣᠭᠤᠯᠤᠯᠲᠠ ᠶᠢ ᠭᠤᠶᠢᠪᠢᠰᠢ ᠦᠭᠡᠢ ᠥᠷᠭᠡᠳᠬᠡᠵᠦ᠂ ᠪᠦᠬᠦ ᠠᠶᠢᠮᠠᠭ ᠲᠠᠬᠢ | ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠴᠢᠬᠤᠯᠠ ᠦᠰᠦᠯᠲᠡ ᠶᠢᠨ ᠲᠦᠢᠯ | ᠢ ᠤᠯᠠᠮ ᠨᠢᠭᠡ ᠠᠯᠬᠤᠮ ᠪᠤᠢ ᠪᠤᠯᠭᠠᠨ᠎ᠠ᠃ ᠪᠦᠲᠦᠮᠵᠢᠲᠡᠶ ᠪᠠᠯᠠ ᠣᠷᠣᠭᠤᠯᠤᠯᠲᠠ ᠪᠣᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠪᠢᠳᠡ ᠰᠢᠨ᠎ᠡ ᠶᠢ ᠡᠭᠦᠳᠬᠦ ᠬᠥᠳᠡᠯᠭᠡᠭᠦᠷ ᠢᠶᠠᠷ | ᠬᠦᠲᠦᠯᠦᠨ ᠵᠢᠯᠤᠭᠤᠳᠤᠭᠤᠯᠵᠤ᠂ ᠥᠨᠳᠥᠷ ᠪᠠᠷᠢᠮᠵᠢᠶ᠎ᠠ ᠪᠠᠷ ᠬᠤᠳᠠᠯᠳᠤᠭᠠᠴᠢᠨ ᠤᠷᠢᠵᠤ᠂ ᠴᠢᠨᠠᠷ ᠰᠠᠶᠢᠲᠠᠶ ᠪᠠᠷ | ᠬᠤᠳᠠᠯᠳᠤᠭ᠎ᠠ ᠡᠵᠡᠩᠨᠡᠵᠦ᠂ ᠥᠨᠳᠥᠷ ᠲᠦᠪᠰᠢᠨ ᠢᠶᠠᠷ ᠨᠦᠭᠡᠴᠡᠯᠡᠵᠤ ᠭᠤᠤᠯᠳᠠᠯᠭ᠎ᠠ ᠲᠠᠢ ᠲᠥᠷᠥᠯ ᠵᠦᠢᠯ ᠢ | ᠪᠥᠲᠥᠭᠡᠨ ᠪᠠᠶᠢᠭᠤᠯᠵᠤ᠂ ᠠᠵᠤ ᠦᠢᠯᠡᠰ ᠢ ᠲᠥᠪᠯᠡᠷᠡᠬᠦᠯᠤᠨ ᠴᠤᠭᠯᠠᠷᠠᠭᠤᠯᠵᠤ ᠬᠥᠭᠵᠢᠬᠦᠯᠬᠦ ᠲᠡᠪᠴᠡᠩ ᠢ ᠪᠣᠶ | ᠪᠣᠯᠭᠠᠵᠤ᠂ ᠴᠢᠨᠠᠷ ᠰᠠᠶᠢᠳᠠᠢ ᠬᠥᠭᠵᠢᠯᠳᠡ ᠶᠢᠨ ᠰᠢᠨ᠎ᠡ ᠬᠥᠳᠡᠯᠭᠡᠬᠦᠷ ᠢ ᠲᠠᠰᠤᠷᠠᠯᠳᠠ ᠦᠭᠡᠢ ᠪᠤᠢ ᠪᠤᠯᠭᠠᠬᠤ ᠬᠡᠷᠡᠭᠳᠠᠢ | ᠃ | ᠨᠢᠭᠡ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠎ᠠ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠬᠦᠯᠬᠦ︾ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ | ᠂ ᠨᠢᠭᠡ ᠲᠠᠯ᠎ᠠ ᠪᠠᠷ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠳᠬᠤᠵᠤ᠂ ᠨᠢᠭᠡ ᠲᠠᠯ᠎ᠠ ᠪᠠᠷ ᠦᠷ᠎ᠡ ᠪᠦᠲᠦᠭᠡᠯ | ᠢ ᠣᠷᠣᠭᠤᠯᠤᠨ ᠠᠪᠴᠢᠷᠠᠬᠤ ᠶᠢ ᠠᠳᠬᠤᠵᠤ᠂ ᠠᠮᠢ ᠠᠬᠤᠶ ᠶᠢᠨ ᠲᠠᠯ᠎ᠠ ᠨᠤᠲᠤᠭ ᠤᠨ ᠬᠥᠭᠵᠢᠯᠲᠡ᠂ ᠮᠠᠯ ᠤᠨ | ᠠᠰᠢᠭ ᠰᠢᠮ᠎ᠡ ᠶᠢ ᠨᠠᠷᠢᠯᠢᠬ ᠰᠠᠶᠢᠨ ᠪᠤᠯᠪᠠᠰᠤᠷᠠᠭᠤᠯᠬᠤ᠂ ᠨᠡᠭᠦᠷᠡᠰᠦ ᠶᠢ ᠴᠡᠪᠡᠷᠰᠢᠭᠦᠯᠦᠨ ᠬᠤᠪᠢᠷᠠᠭᠤᠯᠬᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠥᠨᠳᠥᠷ ᠪᠦᠲᠦᠮᠵᠢᠲᠡᠶ ᠠᠰᠢᠭᠯᠠᠬᠤ᠂ ᠰᠢᠨ᠎ᠡ | ᠮᠠᠲ᠋ᠧᠷᠢᠶᠠᠯ ᠢ ᠰᠤᠳᠤᠯᠤᠨ ᠨᠡᠭᠡᠭᠡᠵᠦ ᠬᠡᠷᠡᠭᠯᠡᠬᠦ᠂ ᠣᠶᠤᠨᠴᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶ᠎ᠡ ᠶᠢᠨ ᠲᠤᠭᠤᠷᠢᠨ ᠳᠤ᠂ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ | ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠮᠡᠷᠭᠡᠵᠢᠯ ᠤᠨ ᠦᠷ᠎ᠡ ᠪᠦᠲᠦᠭᠡᠯ ᠢ ᠪᠡᠶ᠎ᠡ ᠪᠠᠨ | ᠳᠠᠭᠠᠭᠠᠵᠤ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠵᠤ ᠬᠤᠪᠢᠷᠠᠭᠤᠯᠤᠨ᠎ᠠ᠃ ᠡᠭᠦᠨ ᠤ ᠬᠠᠮᠲᠤ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠬᠵᠢᠭᠤᠯᠬᠤ ᠪᠠ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠳᠤᠲᠠᠭᠤᠳᠠᠯ ᠢ ᠲᠦᠷᠭᠡᠨ ᠨᠥᠬᠦᠪᠥᠷᠢᠯᠡᠨ᠎ᠠ᠃ | ᠬᠤᠶᠠᠷ ᠲᠤ ᠬᠤᠳᠠᠯᠳᠤᠭᠠᠴᠢᠨ ᠤᠷᠢᠬᠤ ᠶᠢ ᠶᠡᠭᠡ ᠪᠠᠷ ᠠᠳᠬᠤᠬᠤ ᠪᠠᠶᠢᠳᠠᠯ ᠢ ᠪᠤᠢ ᠪᠣᠯᠭᠠᠨ᠎ᠠ᠃ | ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ | ᠂ ᠰᠡᠳᠬᠢᠮᠵᠢ ᠭᠡᠪᠰᠢᠭᠰᠡᠨ᠂ ᠠᠷᠭ᠎ᠠ ᠮᠡᠬᠦᠰ᠂ ᠰᠠᠨᠠᠭᠠᠴᠢᠯᠠᠭᠠᠳᠤ ᠪᠤᠰᠤ ᠵᠡᠷᠭᠡ ᠪᠠᠶᠢᠲᠠᠯ ᠢ ᠤᠯᠠᠮ ᠨᠢᠭᠡ ᠠᠯᠬᠤᠮ | ᠬᠤᠪᠢᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠢ ᠲᠤᠰᠬᠠᠢ ᠤᠷᠢᠬᠤ᠂ ᠬᠤᠪᠢᠶᠠᠷᠢ ᠠᠩᠭᠢ ᠪᠠᠷ ᠬᠤᠳᠠᠯᠳᠤᠭᠠᠴᠢᠨ ᠤᠷᠢᠬᠤ ᠪᠠ | ᠲᠠᠪᠴᠠᠩ ᠢᠶᠠᠷ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠢ ᠠᠮᠢᠳᠤᠯᠢᠬ ᠢᠶᠠᠷ ᠬᠡᠷᠡᠭᠯᠡᠨ᠂ ᠣᠳᠣ ᠦᠶ᠎ᠡ ᠶᠢᠨ ᠮᠠᠯ | ᠠᠵᠤ ᠠᠬᠤᠶ᠂ ᠴᠡᠪᠡᠷ ᠡᠨᠧᠷᠭᠢ᠂ ᠰᠣᠶᠣᠯ ᠵᠤᠭᠠᠴᠠᠯ ᠤᠨ ᠦᠢᠯᠡᠰ ᠵᠡᠷᠭᠡ ᠭᠤᠣᠯ ᠰᠢᠪᠲᠤᠯᠤᠯᠲᠠ ᠶᠢᠨ ᠴᠢᠭᠯᠡᠯ ᠢ | ᠨᠢᠬᠲᠠ ᠠᠩᠬᠠᠷᠴᠤ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ ᠳᠤᠲᠠᠭᠳᠠᠯ ᠲᠥᠷᠥᠯ ᠵᠦᠢᠯ᠂ | ᠤᠷᠳᠤᠳᠬᠠᠯ ᠲᠦᠷᠤᠯ ᠵᠦᠢᠯ᠂ ᠲᠡᠰ ᠳᠡᠪᠰᠢᠬᠦ ᠲᠦᠷᠤᠯ ᠵᠦᠢᠯ ᠢ ᠱᠠᠯᠠᠪᠳᠠᠨ ᠤᠷᠤᠭᠤᠯᠤᠨ ᠠᠪᠴᠢᠷᠠᠬᠤ ᠶᠢᠨ | ᠬᠠᠮᠲᠤ ᠬᠤᠳᠠᠯᠳᠤᠭᠠᠴᠢᠨ ᠤᠷᠢᠬᠤ ᠶᠢᠨ ᠲᠥᠯᠥᠭᠡ ᠬᠤᠳᠠᠯᠳᠤᠭᠠᠴᠢᠨ ᠤᠷᠢᠬᠤ᠂ ᠡᠨᠧᠷᠭᠢ ᠶᠢᠨ ᠬᠤᠷᠣᠭᠳᠠᠭᠤᠯᠤᠯ | ᠶᠡᠭᠡ ᠭᠠᠳᠠᠭᠰᠢᠯᠠᠭᠤᠯᠤᠯᠲᠠ ᠶᠡᠭᠡ ᠲᠦᠷᠤᠯ ᠵᠦᠢᠯ ᠢ ᠰᠣᠬᠤᠷ ᠪᠠᠯᠠᠢ ᠪᠠᠷ ᠣᠷᠣᠭᠤᠯᠤᠨ ᠠᠪᠴᠢᠷᠠᠬᠤ ᠶᠢ | ᠰᠡᠷᠭᠡᠶᠢᠯᠡᠵᠤ᠂ ᠲᠥᠷᠥᠯ ᠵᠦᠢᠯ ᠤᠨ ︽ᠵᠢᠩᠬᠢᠨᠢ ᠦᠨ᠎ᠡ ᠴᠠᠨ᠎ᠠ︾᠂ ︽ᠪᠤᠬᠢᠷᠲᠠᠯ ᠦᠭᠡᠢ ᠪᠠᠶᠢᠬᠤ ᠬᠡᠮᠵᠢᠶ᠎ᠡ︾ ᠪᠠ | ︽ᠰᠢᠨ᠎ᠡ ᠪᠠᠶᠢᠬᠤ︾ ᠶᠢ ᠦᠨᠡᠨ ᠬᠦ ᠲᠡᠭᠡᠭᠰᠢᠯᠡᠬᠦᠯᠤᠨ᠂ ᠬᠡᠯᠪᠡᠷᠢ ᠪᠠᠨ ᠬᠤᠪᠢᠷᠠᠭᠤᠯᠬᠤ ᠳᠤ ᠬᠦᠴᠢᠷᠳᠠᠢ ᠪᠠᠶᠢᠬᠤ | ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠬᠡᠷᠡᠭᠲᠡᠶ᠃ | ᠭᠤᠷᠪᠠ ᠳᠤ ᠲᠥᠷᠥᠯ ᠵᠦᠢᠯ ᠤᠨ ᠨᠥᠭᠡᠴᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠭᠤ ᠰᠠᠭᠤᠷᠢ | ᠲᠥᠬᠦᠭᠡᠷᠦᠮᠵᠢ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠨᠡᠶᠢᠭᠡᠮ ᠤᠨ ᠲᠥᠷᠥᠯ ᠵᠦᠢᠯ᠂ ᠭᠠᠶᠢᠯᠢ ᠶᠢᠨ | ᠢᠷᠡᠯᠲᠡ ᠶᠢ ᠪᠤᠶᠢᠵᠢᠭᠤᠯᠬᠤ ᠲᠥᠷᠥᠯ ᠵᠦᠢᠯ᠂ ᠠᠵᠤ ᠠᠬᠤᠶᠢᠯᠠᠯ ᠤᠨ ᠬᠡᠯᠬᠢᠶᠡᠵᠢᠯ ᠢ ᠤᠷᠲᠤᠳᠬᠠᠨ ᠴᠢᠲᠠᠪᠬᠢ ᠶᠢ | ᠥᠷᠭᠡᠳᠬᠡᠬᠦ ᠲᠥᠷᠥᠯ ᠵᠦᠢᠯ ᠤᠨ ᠲᠣᠭᠤᠷᠢᠨ ᠳᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ᠂ | ᠪᠦᠲᠦᠴᠡ ᠶᠢ ᠳᠣᠭᠢᠷᠠᠭᠤᠯᠬᠤ᠂ ᠨᠦᠬᠡᠴᠡ ᠬᠦᠴᠦᠨ ᠢ ᠨᠡᠮᠡᠭᠳᠡᠭᠦᠯᠬᠦ ᠴᠢᠨᠠᠷ ᠰᠠᠶᠢᠲᠠᠶ ᠨᠢᠭᠡ ᠪᠦᠯᠦᠭ ᠲᠥᠷᠥᠯ | ᠵᠦᠢᠯ ᠢ ᠲᠥᠰᠦᠪᠯᠡᠨ ᠨᠦᠭᠡᠴᠡᠯᠡᠵᠦ᠂ ᠨᠥᠭᠡᠴᠡᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠪᠣᠳᠠᠲᠠᠶ ᠨᠠᠷᠢᠯᠢᠭ ᠬᠢᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠶᠡᠭᠡ | ᠲᠠᠪᠠᠭ︾ ᠲᠤ ᠴᠢᠷᠮᠠᠶᠢᠨ ᠣᠷᠣᠭᠤᠯᠬᠤ ᠬᠡᠷᠡᠭᠲᠡᠶ᠃ ᠪᠣᠳᠠᠲᠠᠶᠢᠵᠢᠭᠤᠯᠬᠤ ᠲᠥᠷᠥᠯ ᠵᠦᠶ᠋ᠯ ᠤᠨ ᠡᠮᠦᠨᠡᠬᠢ | ᠬᠤᠭᠤᠴᠠᠭ᠎ᠠ ᠶᠢ ᠠᠳᠬᠤᠬᠤ᠂ ᠪᠠᠶᠢᠭᠤᠯᠵᠤ ᠪᠠᠶᠢᠭ᠎ᠠ ᠲᠥᠷᠥᠯ ᠵᠦᠶ᠋ᠯ ᠤᠨ ᠠᠬᠢᠴᠠ ᠶᠢ ᠠᠳᠬᠤᠬᠤ᠂ ᠪᠠᠶᠢᠭᠤᠯᠵᠤ | ᠲᠠᠭᠤᠰᠤᠭᠰᠠᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠳᠬᠤᠬᠤ ᠱᠠᠭᠠᠷᠳᠠᠯᠭ᠎ᠠ ᠶᠣᠰᠣᠭᠠᠷ᠂ ᠨᠢᠭᠡ | ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠬᠦᠯᠬᠦ ᠶᠢ | ᠪᠠᠷᠢᠮᠲᠠᠯᠠᠨ᠂ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠡᠬᠢᠯᠡᠬᠦᠯᠬᠦ ᠶᠤᠰᠤᠲᠠᠢ ᠶᠢ ᠨᠢ ᠡᠬᠢᠯᠡᠬᠦᠯᠵᠦ᠂ ᠠᠰᠢᠭᠯᠠᠯᠲᠠ | ᠳᠤ ᠤᠷᠤᠭᠤᠯᠬᠤ ᠶᠤᠰᠤᠲᠠᠢ ᠶᠢ ᠨᠢ ᠴᠦᠮ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠃ ᠡᠬᠢ ᠪᠠᠶᠠᠯᠢᠭ ᠢ ᠡᠷᠴᠢᠮᠵᠢᠭᠦᠯᠬᠦ᠂ ᠠᠵᠤ ᠦᠢᠯᠡᠰ ᠢ ᠴᠤᠭᠯᠠᠷᠠᠭᠤᠯᠬᠤ᠂ ᠠᠵᠤ ᠠᠬᠤᠶᠢᠯᠠᠯ ᠢ ᠲᠥᠪᠯᠡᠷᠡᠭᠦᠯᠬᠦ᠂ | ᠴᠢᠳᠠᠮᠵᠢ ᠶᠢ ᠬᠤᠷᠠᠭᠤᠯᠬᠤ ᠰᠡᠳᠬᠢᠮᠵᠢ ᠶᠣᠰᠣᠭᠠᠷ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠤᠷᠤᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠯᠡᠵᠤ | ᠂ ᠬᠦᠷᠢᠶᠡᠯᠡᠩ ᠲᠣᠭᠤᠷᠢᠭ ᠤᠨ ᠬᠡᠪᠴᠢᠶ᠎ᠡ ᠪᠠ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠦᠭᠰᠡᠨ | ᠤᠷᠢᠲᠠᠯ ᠳᠤᠤᠷ᠎ᠠ᠂ ᠤᠶᠤᠨᠴᠢ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠰᠢᠪᠲᠤᠯᠬᠤ ᠴᠡᠭ ᠪᠠ | ᠭᠠᠷᠳᠠᠬᠤ ᠴᠡᠭ ᠪᠣᠯᠭᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠭᠤᠤᠯᠳᠠᠯᠭ᠎ᠠ ᠲᠠᠢ ᠲᠥᠷᠥᠯ ᠵᠦᠢᠯ ᠢ | ᠣᠷᠣᠭᠤᠯᠤᠨ ᠠᠪᠴᠢᠷᠠᠬᠤ᠂ ᠤᠳᠤᠷᠢᠳᠤᠮᠵᠢ ᠠᠵᠤ ᠦᠢᠯᠡᠰ ᠢ ᠪᠤᠶᠢᠵᠢᠭᠤᠯᠬᠤ᠂ ᠣᠷᠴᠢᠯ ᠬᠥᠭᠵᠢᠯᠲᠡ ᠶᠢ | ᠠᠬᠢᠭᠤᠯᠬᠤ ᠳᠡᠭᠡᠷ᠎ᠡ ᠶᠡᠭᠡ ᠬᠦᠴᠦ ᠤᠷᠤᠭᠤᠯᠵᠤ᠂ ︽ᠨᠢᠭᠡ ᠲᠣᠭᠤᠷᠢᠭ ᠣᠯᠠᠨ ᠬᠦᠷᠢᠶᠡᠯᠡᠩ︾ ᠤᠨ ᠪᠠᠶᠢᠷᠢᠰᠢᠯ ᠢ | ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠬᠤᠰᠢᠭᠤᠴᠢ ᠣᠷᠣᠨ᠂ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠭᠤᠤᠯ | ᠠᠵᠢᠯᠯᠠᠭᠠᠨ ᠤ ᠭᠠᠵᠠᠷ ᠪᠣᠯᠭᠠᠨ ᠪᠠᠶᠢᠭᠤᠯᠤᠨ᠎ᠠ᠃ | ︵ᠳᠥᠷᠪᠡ︶ ᠬᠤᠲᠠ ᠬᠥᠳᠡᠭᠡ ᠶᠢ ᠨᠢᠭᠡᠳᠦᠯᠲᠡᠢ ᠲᠦᠯᠤᠪᠯᠡᠨ ᠬᠥᠭᠵᠢᠬᠦᠯᠬᠦ ᠶᠢ ᠭᠤᠶᠢᠪᠢᠰᠢ ᠦᠭᠡᠢ ᠠᠬᠢᠭᠤᠯᠵᠤ᠂ | ᠪᠦᠬᠦ ᠠᠶᠢᠮᠠᠭ ᠤᠨ ᠵᠣᠬᠢᠴᠠᠩᠭᠤᠢ ᠲᠡᠩᠴᠡᠭᠦᠷᠢᠲᠡᠢ ᠬᠥᠭᠵᠢᠯᠲᠡ ᠶᠢᠨ ᠦᠯᠢᠭᠡᠷ ᠵᠢᠱᠢᠶ᠎ᠡ ᠶᠢ ᠤᠯᠠᠮ ᠨᠢᠭᠡ ᠠᠯᠬᠤᠮ | ᠪᠤᠢ ᠪᠣᠯᠭᠠᠨ᠎ᠠ᠃ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠪᠣᠯ ᠬᠤᠳᠠ ᠬᠥᠳᠡᠭᠡ ᠶᠢᠨ ᠬᠥᠭᠵᠢᠯᠲᠡ ᠶᠢᠨ | ᠲᠡᠩᠴᠡᠭᠦᠷᠢ ᠦᠭᠡᠢ ᠵᠣᠬᠢᠴᠠᠩᠭᠤᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠯᠭᠠᠮ ᠱᠠᠭᠠᠷᠳᠠᠯᠭ᠎ᠠ | ᠮᠥᠨ᠃ ᠪᠢᠳᠡ ︽ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠠᠢ ᠵᠡᠷᠭᠡ ᠪᠠᠷ ᠠᠬᠢᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ | ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠶ᠃ | ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠠᠴᠠ᠂ ︽ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠮᠠᠨᠳᠤᠯᠲᠠ ᠶᠢ | ᠪᠡᠶᠡᠯᠡᠭᠦᠯᠬᠦ ᠶᠢᠨ ᠬᠠᠮᠤᠭ ᠤᠨ ᠬᠠᠳᠠᠭᠤ ᠬᠠᠮᠤᠭ ᠤᠨ ᠭᠦᠨᠳᠤ ᠡᠭᠦᠷᠭᠡ ᠮᠦᠨ ᠬᠦ ᠭᠦᠳᠡᠭᠡ ᠳᠤᠰᠬᠤᠨ ᠳᠤ ᠪᠠᠶᠢᠨ᠎ᠠ︾ | ᠭᠡᠵᠦ ᠴᠢᠬᠤᠯᠠᠴᠢᠯᠠᠪᠠ᠃ ᠪᠢᠳᠡ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠤᠰᠢᠭᠤᠴᠢ ᠬᠤᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠠᠪᠤᠨ ᠱᠠᠲᠤᠨ ᠤ ᠱᠦᠵᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢ ᠪᠠᠷᠢᠮᠲᠠᠯᠠᠨ᠂ ᠠᠵᠤ ᠦᠢᠯᠡᠰ᠂ | ᠴᠢᠲᠠᠪᠤᠷᠢᠲᠠᠨ᠂ ᠠᠮᠢ ᠠᠬᠤᠢ᠂ ᠰᠤᠶᠤᠯ᠂ ᠵᠤᠬᠢᠶᠠᠨ ᠪᠠᠶᠢᠭᠤᠯᠤᠯᠲᠠ ᠶᠢᠨ ᠬᠦᠭᠵᠢᠯᠲᠡ ᠶᠢ ᠪᠦᠬᠦ ᠲᠠᠯ᠎ᠠ ᠪᠠᠷ | ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ᠂ ᠮᠠᠯᠵᠢᠬᠤ ᠣᠷᠣᠨ ᠤ | ᠰᠠᠭᠤᠷᠢᠰᠢᠨ ᠠᠵᠢᠯᠯᠠᠬᠤ ᠳᠤ ᠲᠤᠬᠢᠷᠠᠮᠵᠢᠳᠠᠢ ᠪᠠᠶᠢᠬᠤ᠂ ᠮᠠᠯᠴᠢᠳ ᠤᠨ ᠪᠠᠶᠠᠨ ᠲᠠᠩᠰᠤᠭ ᠠᠮᠢᠳᠤᠷᠠᠬᠤ ᠶᠢ | ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ | ᠠᠵᠢᠯ ᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠣᠲᠣ ᠪᠠᠶᠢᠭ᠎ᠠ ᠭᠤᠤᠯ ᠪᠤᠯᠬᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠠᠬᠢᠭᠠᠳ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠯᠳᠠ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠨ ᠪᠣᠳᠠᠲᠠᠶ ᠨᠠᠶᠢᠳᠠᠪᠤᠷᠢᠵᠢᠭᠤᠯᠵᠤ᠂ | ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠬᠢᠭᠠᠳ ᠶᠠᠳᠠᠭᠤᠷᠠᠬᠤ ᠦᠭᠡᠢ᠂ ᠶᠠᠲᠠᠭᠤᠷᠠᠮᠠᠷ ᠪᠠᠶᠢᠭ᠎ᠠ | ᠬᠥᠮᠦᠨ ᠠᠮᠠ ᠶᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠮᠠᠯᠵᠢᠬᠤ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠬᠡᠷᠡᠭᠯᠡᠭᠡᠨ ᠤ ᠴᠢᠨᠠᠷᠲᠠᠢ ᠮᠠᠯᠵᠢᠬᠤ | ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠢᠳᠡᠪᠬᠢᠲᠡᠢ ᠡᠮᠬᠢ ᠵᠢᠷᠤᠮ ᠲᠠᠢ ᠠᠬᠢᠭᠤᠯᠵᠤ᠂ | ᠬᠥᠳᠡᠭᠡ ᠲᠤᠰᠬᠤᠨ ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ | ᠪᠣᠳᠠᠲᠤ ᠪᠦᠲᠦᠮᠵᠢ ᠶᠢ ᠳᠠᠭᠠᠬᠤ ᠶᠢ ᠪᠠᠷᠢᠮᠲᠠᠯᠠᠵᠤ᠂ ︽ᠵᠣᠷᠯᠣᠩ ᠤᠨ ᠦᠭᠡᠷᠡᠴᠢᠯᠡᠯᠲᠡ︾ ᠶᠢ ᠯᠠᠪᠳᠠᠭᠤᠨ ᠪᠠᠲᠤᠲᠠᠢ | ᠠᠬᠢᠭᠤᠯᠵᠤ᠂ ᠤᠰᠤ ᠴᠠᠬᠢᠯᠭᠠᠨ ᠵᠠᠮ ᠴᠢᠮᠡᠭᠡ ᠵᠡᠷᠭᠡ ᠣᠯᠠᠨ ᠨᠡᠶᠢᠲᠡ ᠶᠢᠨ ᠰᠠᠭᠤᠷᠢ ᠲᠦᠬᠦᠭᠡᠷᠤᠮᠵᠢ ᠶᠢᠨ ᠳᠡᠰ | ᠲᠡᠪᠰᠢᠬᠦ ᠶᠢ ᠠᠬᠢᠭᠤᠯᠤᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠵᠡᠷᠭᠡ ᠨᠡᠶᠢᠭᠡᠮ ᠤᠨ ᠦᠢᠯᠡᠰ ᠤᠨ | ᠬᠥᠭᠵᠢᠯᠲᠡ ᠶᠢ ᠲᠥᠷᠥᠯ ᠬᠤᠪᠢᠶᠠᠨ ᠠᠬᠢᠭᠤᠯᠵᠤ᠂ ᠮᠠᠯᠵᠢᠬᠤ ᠣᠷᠣᠨ ᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯᠵᠢᠬᠤ | ᠣᠷᠣᠨ ᠤ ᠠᠵᠤ ᠦᠢᠯᠡᠰ ᠤᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠴᠢᠩᠭᠠᠳᠬᠠᠵᠤ᠂ ᠮᠠᠯᠵᠢᠬᠤ ᠣᠷᠣᠨ ᠤ | ᠡᠬᠢ ᠪᠠᠶᠠᠯᠢᠭ ᠢ ᠪᠡᠯᠡ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ | ᠪᠣᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠵᠡᠷᠭᠡ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠠᠵᠢᠯ ᠬᠤᠪᠢᠶᠠᠷᠢᠯᠠᠨ ᠬᠠᠮᠵᠢᠯᠴᠠᠬᠤ᠂ | ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ᠂ ᠨᠢᠭᠲᠠ ᠬᠠᠷᠢᠯᠴᠠᠭ᠎ᠠ ᠪᠦᠬᠦᠢ ᠮᠠᠯᠴᠢᠨ ᠪᠠ ᠠᠵᠤ ᠠᠬᠤᠶᠢᠯᠠᠯ | ᠬᠤᠯᠪᠤᠯᠳᠤᠬᠤ ᠲᠤᠬᠳᠠᠴᠠ ᠶᠢ ᠲᠡᠭᠦᠯᠳᠡᠷᠵᠢᠭᠦᠯᠬᠦ ᠶᠢ ᠦᠷᠬᠦᠯᠵᠢᠯᠡᠨ ᠳᠠᠮᠵᠢᠵᠤ᠂ ᠮᠠᠯᠴᠢᠳ ᠤᠨ ᠣᠷᠣᠯᠭ᠎ᠠ ᠪᠠᠨ | ᠨᠡᠮᠡᠭᠳᠡᠭᠦᠯᠵᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠵᠤ᠂ ᠮᠠᠯᠵᠢᠬᠤ ᠣᠷᠣᠨ ᠢ ᠠᠵᠢᠯᠯᠠᠬᠤ ᠳᠤ ᠨᠡᠩ | ᠲᠤᠬᠢᠷᠠᠮᠵᠢᠳᠠᠢ ᠪᠣᠯᠭᠠᠨ᠎ᠠ᠃ ᠥᠨᠳᠥᠷ ᠬᠡᠪ ᠴᠢᠨᠠᠷ ᠪᠦᠬᠦᠢ ᠮᠠᠯᠵᠢᠬᠤ ᠣᠷᠣᠨ ᠤ ᠠᠵᠢᠯ ᠤᠨ ᠡᠩᠨᠡᠭᠡ ᠶᠢ | ᠢᠳᠡᠪᠬᠢᠲᠡᠢ ᠬᠥᠮᠦᠵᠢᠭᠦᠯᠵᠦ᠂ ᠮᠠᠯᠵᠢᠬᠤ ᠣᠷᠣᠨ ᠤ ᠳᠠᠭᠠᠭᠤᠯᠤᠭᠴᠢ ᠶᠢᠨ ᠬᠡᠪ ᠴᠢᠨᠠᠷ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠤ ᠨᠤᠲᠤᠭ ᠲᠠᠭᠠᠨ | ᠪᠤᠴᠠᠬᠤ ᠶᠢ ᠬᠥᠳᠤᠯᠤᠨ ᠵᠢᠯᠤᠭᠤᠳᠬᠤ᠂ ᠰᠣᠩᠭᠤᠨ ᠰᠢᠯᠵᠢᠬᠦᠯᠦᠭᠰᠡᠨ ᠤᠶᠤᠳᠠᠨ ᠤ ᠭᠠᠴᠠᠭᠠᠨ ᠳᠤ ᠢᠷᠡᠵᠤ | ᠲᠤᠰᠢᠶᠠᠯ ᠡᠬᠦᠷᠭᠡᠯᠡᠬᠦ᠂ ᠭᠠᠴᠠᠭᠠᠨ ᠳᠤ ︽ᠨᠢᠭᠡᠳᠦᠭᠡᠷ ᠱᠦᠵᠢ︾ ᠰᠤᠩᠭᠤᠨ ᠲᠤᠮᠢᠯᠠᠬᠤ ᠵᠡᠷᠭᠡ ᠣᠯᠠᠨ ᠵᠦᠢᠯ ᠤᠨ | ᠠᠷᠭ᠎ᠠ ᠵᠠᠮ ᠢᠶᠠᠷ ᠲᠡᠮᠵᠢᠭᠤᠯᠤᠨ ᠦᠨᠳᠦᠰᠦᠨ ᠱᠠᠲᠤᠨ ᠤ ᠠᠵᠢᠯ ᠤᠨ ᠬᠦᠴᠦᠨ ᠢ ᠴᠢᠩᠭᠠᠳᠬᠠᠨ᠎ᠠ᠃ | ᠬᠤᠶᠠᠷ ᠲᠤ ᠬᠥᠮᠦᠨ ᠢᠶᠠᠷ ᠭᠤᠣᠯᠯᠠᠭᠤᠯᠤᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠤᠨ᠎ᠠ᠃ | ᠰᠢᠯᠢ ᠶᠢᠨ ᠬᠤᠲᠠ ᠪᠣᠯ ᠪᠦᠬᠦ ᠠᠶᠢᠮᠠᠭ ᠤᠨ ︽ᠴᠣᠩᠬᠤ︾ ᠪᠠ ︽ᠡᠭᠦᠳᠡ ᠡᠷᠦᠬᠡ︾ ᠮᠦᠨ᠃ ᠪᠢᠳᠡ ᠬᠤᠲᠠ | ᠶᠢᠨ ᠴᠢᠲᠠᠪᠬᠢ ᠶᠢᠨ ᠲᠤᠭᠤᠷᠢᠨ ᠳᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢ ᠢᠳᠡᠪᠬᠢᠲᠡᠢ ᠪᠦᠭᠡᠳ | ᠯᠠᠪᠳᠠᠭᠤᠨ ᠢᠶᠠᠷ ᠠᠬᠢᠭᠤᠯᠵᠤ᠂ ᠲᠣᠰ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠲᠤᠰᠢᠶᠠᠯ ᠤᠨ | ᠬᠤᠭᠤᠴᠠᠭᠠᠨ ᠳᠤ ᠪᠦᠬᠦ ᠤᠯᠤᠰ ᠤᠨ ᠪᠣᠯᠪᠠᠰᠤᠨ ᠬᠤᠲᠠ ᠶᠢ ᠠᠮᠵᠢᠯᠳᠠ ᠲᠠᠢ ᠡᠬᠦᠳᠤᠨ ᠪᠠᠶᠢᠭᠤᠯᠵᠤ᠂ ᠡᠶ᠎ᠡ | ᠵᠣᠬᠢᠴᠠᠯ ᠲᠠᠢ ᠣᠷᠣᠰᠢᠨ ᠠᠮᠢᠳᠤᠷᠠᠬᠤ ᠳᠤ ᠲᠠᠭᠠᠯᠠᠮᠵᠢᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠢᠯᠡ | ᠲᠣᠳᠣ ᠣᠨᠴᠠᠯᠢᠭ ᠪᠦᠬᠦᠢ ᠣᠳᠣ ᠦᠶ᠎ᠡ ᠶᠢᠨ ᠲᠠᠯ᠎ᠠ ᠨᠤᠲᠤᠭ ᠤᠨ ᠨᠡᠷᠡᠲᠦ ᠬᠤᠲᠠ ᠶᠢ ᠬᠦᠴᠦᠯᠡᠨ ᠪᠠᠶᠢᠭᠤᠯᠤᠨ᠎ᠠ᠃ | ᠬᠤᠲᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠬᠤᠲᠠ ᠶᠢᠨ ᠬᠡᠪᠴᠢᠶ᠎ᠡ᠂ ᠬᠥᠮᠦᠨ ᠠᠮᠠ ᠶᠢᠨ ᠨᠢᠭᠲᠠᠴᠠ᠂ ᠣᠷᠣᠨ ᠵᠠᠶ ᠶᠢᠨ ᠪᠦᠲᠦᠴᠡ ᠶᠢ ᠵᠦᠢ ᠵᠣᠬᠢᠰᠲᠠᠶ | ᠲᠣᠭᠲᠠᠭᠠᠨ᠂ ᠬᠠᠭᠤᠴᠢᠨ ᠬᠤᠲᠠ ᠶᠢᠨ ᠥᠭᠡᠷᠡᠴᠢᠯᠡᠯᠳᠠ ᠪᠣᠯᠤᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ | ᠂ ᠠᠵᠤ ᠦᠢᠯᠡᠰ ᠤᠨ ᠬᠥᠭᠵᠢᠯᠲᠡ ᠪᠣᠯᠤᠨ ᠣᠷᠣᠰᠢᠨ ᠰᠠᠭᠤᠬᠤ ᠴᠢᠳᠠᠮᠵᠢ᠂ ᠭᠠᠵᠠᠷ ᠳᠡᠭᠡᠷᠡᠬᠢ ᠪᠠ ᠭᠠᠵᠠᠷ | ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠶᠢ ᠨᠢᠭᠡᠳᠦᠯᠲᠡᠶ ᠲᠥᠯᠥᠪᠯᠡᠵᠦ᠂ ᠬᠤᠲᠠ ᠶᠢᠨ ᠨᠡᠭᠡᠭᠡᠨ | ᠬᠥᠭᠵᠢᠭᠦᠯᠬᠦ ᠣᠷᠣᠨ ᠵᠠᠶ ᠶᠢ ᠰᠢᠯᠢᠳᠡᠭᠵᠢᠭᠦᠯᠤᠨ᠎ᠠ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ | ᠥᠷᠨᠢᠭᠦᠯᠵᠦ᠂ ᠬᠠᠭᠤᠴᠢᠨ ᠰᠠᠭᠤᠭᠠᠯᠢ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ | ᠶᠢᠨ ᠲᠣᠭᠤᠷᠢᠭ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ | ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ᠂ ᠲᠤᠮᠳᠠ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ᠂ | ᠲᠦᠭᠡᠭᠡᠯ ᠤᠰᠤ ᠢᠯᠴᠢ ᠬᠠᠩᠭᠠᠬᠤ ᠬᠤᠭᠤᠯᠠᠶ ᠶᠢᠨ ᠲᠤᠤᠷ ᠤᠨ ᠪᠦᠲᠦᠭᠡᠨ ᠪᠠᠶᠢᠭᠤᠯᠤᠯᠲᠠ᠂ ᠬᠤᠭ ᠨᠣᠪᠰᠢ ᠶᠢ | ᠬᠤᠤᠷ ᠦᠭᠡᠶᠢᠳᠡᠭᠦᠯᠦᠨ ᠡᠬᠢ ᠪᠠᠶᠠᠯᠢᠬᠵᠢᠭᠤᠯᠤᠨ ᠰᠢᠢᠳᠪᠦᠷᠢᠯᠡᠬᠦ᠂ ᠦᠶᠡᠷ ᠤᠨ ᠤᠰᠤ ᠶᠢ ᠰᠡᠷᠭᠡᠶᠢᠯᠡᠨ ᠵᠠᠯᠠᠬᠤ | ᠲᠦᠬᠦᠭᠡᠷᠤᠮᠵᠢ ᠶᠢ ᠥᠭᠡᠷᠡᠴᠢᠯᠡᠬᠦ ᠵᠡᠷᠭᠡ ᠬᠦᠷᠢᠶᠡᠨ ᠳᠠᠬᠢ ᠳᠤᠲᠠᠭᠤᠳᠠᠯ ᠪᠠ ᠪᠠᠭᠤᠷᠠᠶ ᠲᠠᠯ᠎ᠠ ᠶᠢ ᠲᠦᠷᠭᠡᠯᠡᠨ | ᠨᠦᠬᠦᠪᠤᠷᠢᠯᠡᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ ᠬᠤᠲᠠ ᠶᠢᠨ | ᠴᠢᠳᠠᠮᠵᠢ᠂ ᠬᠤᠲᠠ ᠶᠢᠨ ᠦᠵᠡᠮᠵᠢ᠂ ᠬᠤᠲᠠ ᠶᠢᠨ ᠳᠦᠷᠢ ᠲᠥᠷᠬᠦ ᠶᠢᠨ ᠪᠦᠬᠦ ᠲᠠᠯ᠎ᠠ ᠶᠢᠨ ᠰᠠᠶᠢᠵᠢᠷᠠᠯᠲᠠ ᠶᠢ | ᠪᠡᠶᠡᠯᠡᠬᠦᠯᠤᠨ᠎ᠠ᠃ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠨ | ᠠᠬᠢᠭᠤᠯᠵᠤ᠂ ᠪᠤᠲᠠᠲᠤ ᠬᠦᠴᠦᠨ ᠲᠠᠢ ᠡᠵᠡᠩᠨᠡᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠥᠨᠳᠥᠷ | ᠪᠠᠷᠢᠮᠵᠢᠶ᠎ᠠ ᠪᠠᠷ ᠲᠦᠯᠦᠪᠵᠢᠬᠦᠯᠵᠦ᠂ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠠᠮᠤᠷ ᠲᠦᠪᠰᠢᠨ ᠴᠡᠪᠡᠷ | ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ ᠰᠠᠭᠤᠭᠠᠯᠢ ᠠᠷᠠᠳ ᠤᠨ ᠬᠤᠭᠤᠯᠠᠶ ᠪᠠᠷ | ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠶ ᠬᠡᠶ ᠬᠡᠷᠡᠭᠯᠡᠬᠦ ᠲᠦᠭᠡᠮᠡᠯᠵᠢᠯᠲᠡ ᠶᠢᠨ ᠨᠣᠷᠮ᠎ᠠ ᠶᠢ 70% ᠳᠤ ᠲᠡᠭᠡᠭᠰᠢ | ᠳᠤ ᠬᠦᠷᠦᠭᠦᠯᠦᠨ᠎ᠡ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠣᠳᠣᠬᠢᠴᠢᠯᠠᠭᠰᠠᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ | ᠬᠤᠲᠠ ᠶᠢᠨ ᠭᠤᠸᠠᠯᠢᠭᠵᠢᠯᠲᠠ᠂ ᠨᠤᠭᠤᠭᠠᠷᠠᠭᠤᠯᠤᠯᠲᠠ᠂ ᠴᠡᠪᠡᠷᠰᠢᠬᠦᠯᠦᠯᠲᠡ᠂ ᠭᠡᠷᠡᠯᠳᠦᠭᠦᠯᠭᠡ ᠶᠢᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠲᠦᠭᠦᠭᠡᠷᠦᠮᠵᠢ ᠶᠢᠨ ᠳᠤᠲᠠᠭᠤᠳᠠᠯ ᠢ | ᠲᠦᠷᠭᠡᠳᠬᠡᠨ ᠨᠥᠬᠦᠪᠥᠷᠢᠯᠡᠨ᠎ᠡ᠃ ᠬᠠᠭᠤᠴᠢᠨ ᠰᠠᠭᠤᠭᠠᠯᠢ ᠲᠣᠭᠤᠷᠢᠭ ᠢᠶᠠᠷ ᠭᠤᠣᠯᠳᠠᠯᠭ᠎ᠠ ᠪᠣᠯᠭᠠᠨ ᠠᠳᠠᠯ ᠠᠬᠤᠢ | ᠶᠢᠨ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠤᠳᠠ ᠶᠢᠨ ᠠᠷᠠᠳ ᠲᠤ ᠲᠠᠭᠠᠯᠠᠮᠵᠢᠲᠠᠢ | ᠲᠦᠬᠦᠮ ᠲᠦᠳᠡ ᠰᠠᠭᠤᠷᠢᠰᠢᠬᠤ ᠣᠷᠴᠢᠨ ᠲᠤᠭᠤᠷᠢᠨ ᠢ ᠬᠠᠩᠭᠠᠨ᠎ᠠ᠃ ︽ᠭᠡᠷ ᠪᠠᠶᠢᠰᠢᠩ ᠳᠤ ᠰᠠᠭᠤᠬᠤ ᠠᠴᠠ | ᠪᠢᠰᠢ ᠰᠠᠷᠢᠭᠠᠯᠠᠬᠤ ᠦᠭᠡᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ | ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ ᠣᠷᠣᠨ ᠰᠠᠭᠤᠴᠠ ᠶᠢᠨ ᠰᠢᠰᠲ᠋ᠧᠮ ᠢ ᠪᠠᠶᠢᠭᠤᠯᠤᠨ᠎ᠠ᠃ | ᠲᠡᠷᠢᠭᠦᠨ ᠤ ᠭᠠᠵᠠᠷ ᠤᠷᠤᠨ ᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠬᠤᠲᠠ ᠶᠢᠨ ᠮᠡᠳᠡᠭᠡ ᠵᠠᠩᠭᠢ ᠶᠢᠨ | ᠰᠠᠭᠤᠷᠢ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠤᠶᠤᠨᠴᠢ ᠵᠠᠮ ᠬᠠᠷᠢᠯᠴᠠᠭ᠎ᠠ᠂ ᠤᠶᠤᠨᠴᠢ ᠤᠰᠤᠨ ᠤ ᠶᠠᠪᠤᠳᠠᠯ᠂ | ᠤᠶᠤᠨᠴᠢ ᠡᠨᠧᠷᠭᠢ ᠶᠢᠨ ᠰᠤᠷᠪᠤᠯᠵᠢ᠂ ᠤᠶᠤᠨᠴᠢ ᠵᠠᠰᠠᠭ ᠤᠨ ᠶᠠᠪᠤᠳᠠᠯ ᠵᠡᠷᠭᠡ ᠶᠢᠨ ᠬᠥᠭᠵᠢᠯᠲᠡ ᠶᠢ ᠠᠬᠢᠭᠤᠯᠤᠨ᠂ | ᠬᠤᠲᠠ ᠶᠢᠨ ᠬᠠᠮᠢᠶᠠᠷᠤᠯᠲᠠ ᠶᠢᠨ ᠦᠢᠯᠡᠳᠤᠯ ᠴᠢᠳᠠᠪᠤᠷᠢ ᠶᠢ ᠳᠡᠭᠡᠭᠰᠢᠯᠡᠭᠦᠯᠵᠦ᠂ ᠤᠶᠤᠨᠴᠢ ᠬᠤᠲᠠ ᠶᠢ ᠢᠳᠡᠪᠬᠢᠲᠡᠶ | ᠪᠥᠲᠥᠭᠡᠨ ᠪᠠᠶᠢᠭᠤᠯᠤᠨ᠎ᠠ᠃ ᠠᠷᠠᠳ ᠲᠤ ᠲᠥᠬᠦᠮ ᠦᠵᠡᠭᠦᠯᠬᠦ ︽ᠠᠮᠢᠳᠤᠷᠠᠯ ᠤᠨ ᠬᠦᠷᠢᠶ᠎ᠡ︾ ᠶᠢᠨ ᠪᠥᠲᠥᠭᠡᠨ | ᠪᠠᠶᠢᠭᠤᠯᠤᠯᠲᠠ ᠶᠢ ᠲᠤᠬᠠᠶ ᠶᠢᠨ ᠭᠠᠵᠠᠷ ᠲᠤ ᠨᠢ ᠳᠣᠭᠢᠷᠠᠭᠤᠯᠤᠨ ᠠᠬᠢᠭᠤᠯᠵᠤ᠂ ᠨᠠᠰᠤᠵᠢᠯ ᠤᠨ ᠠᠰᠠᠷᠠᠮᠵᠢ᠂ | ᠬᠡᠤᠬᠡᠳ ᠰᠠᠭᠠᠲᠠᠭᠤᠯᠬᠤ ᠬᠥᠮᠦᠵᠢᠯ᠂ ᠰᠣᠶᠣᠯ᠂ ᠬᠡᠷ ᠠᠬᠤᠢ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠲᠥᠷᠥᠯ ᠤᠨ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠵᠦᠶ ᠵᠣᠬᠢᠰᠲᠠᠶ ᠪᠠᠶᠢᠷᠢᠰᠢᠭᠤᠯᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠭᠤᠷᠪᠠ ᠳᠤ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ᠵᠠᠮ ᠬᠠᠷᠢᠯᠴᠠᠭ᠎ᠠ᠂ | ᠡᠨᠧᠷᠭᠢ ᠶᠢᠨ ᠰᠤᠷᠪᠤᠯᠵᠢ᠂ ᠴᠢᠮᠡᠭᠡ ᠨᠡᠪᠳᠡᠷᠡᠯᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠬᠲᠠᠷᠠᠭᠰᠠᠨ ᠥᠨᠳᠥᠷ ᠪᠦᠲᠦᠮᠵᠢᠲᠡᠢ᠂ ᠬᠢᠮᠳᠠ ᠪᠦᠭᠡᠳ ᠬᠡᠷᠡᠭᠯᠡᠬᠦ | ᠳᠤ ᠲᠣᠬᠢᠷᠠᠮᠵᠢᠲᠠᠢ᠂ ᠤᠶᠤᠨᠴᠢ ᠪᠤᠬᠢᠷᠲᠠᠯ ᠦᠭᠡᠢ᠂ ᠠᠮᠤᠷ ᠲᠦᠪᠰᠢᠨ ᠨᠠᠶᠢᠳᠠᠪᠤᠷᠢᠲᠠᠢ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ ᠬᠥᠷᠰᠢᠯᠡᠵᠤ ᠪᠠᠶᠢᠭ᠎ᠠ ᠦᠨᠳᠤᠷ ᠬᠤᠷᠳᠤᠴᠠᠳᠤ ᠵᠠᠰᠠᠮᠠᠯ ᠵᠠᠮ᠂ | ᠤᠯᠤᠰ ᠤᠨ ᠵᠠᠮ ᠮᠤᠵᠢ ᠶᠢᠨ ᠵᠠᠮ ᠤᠨ ᠭᠤᠤᠯ ᠱᠤᠭᠤᠮ ᠲᠠᠢ ᠬᠤᠯᠪᠤᠯᠳᠤᠨ ᠨᠠᠪᠳᠡᠷᠡᠯᠴᠡᠬᠦ ᠵᠠᠰᠠᠮᠠᠯ ᠵᠠᠮ ᠪᠤᠯᠤᠨ | ᠬᠤᠳᠠ ᠶᠢᠨ ᠵᠠᠮ ᠲᠤᠤᠷ ᠢ ᠲᠦᠷᠭᠡᠨ ᠪᠠᠶᠢᠭᠤᠯᠵᠤ᠂ ︽ᠬᠦᠳᠡᠭᠡ ᠲᠤᠰᠬᠤᠨ ᠤ ᠲᠦᠷᠪᠡᠨ ᠰᠠᠶᠢᠨᠲᠠᠢ ᠵᠠᠮ︾ ᠤᠨ | ᠪᠦᠲᠦᠭᠡᠨ ᠪᠠᠶᠢᠭᠤᠯᠤᠯᠳᠠ ᠶᠢᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠰᠢᠯᠢ ᠶᠢᠨ ᠬᠤᠳᠠ ᠠᠴᠠ | ᠡᠷᠢᠶᠠᠨ ᠬᠤᠲᠠ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠪᠠ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ | ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠰᠢᠯᠢ ᠶᠢᠨ ᠬᠤᠳᠠ — ᠲᠤᠯᠤᠨ ᠨᠠᠭᠤᠷ — ᠹᠧᠩ ᠨᠢᠩ ᠤᠨ | ᠪᠠᠷᠠᠭ᠎ᠠ ᠲᠡᠭᠡᠭᠡᠪᠦᠷᠢ ᠶᠢᠨ ᠲᠡᠮᠦᠷ ᠵᠠᠮ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠳᠤ ᠬᠠᠮᠵᠢᠨ᠂ ᠰᠢᠯᠢ ᠶᠢᠨ ᠬᠤᠳᠠ ᠶᠢᠨ ᠠᠶᠠᠯᠠᠯ ᠤᠨ ᠥᠷᠲᠡᠭᠡ ᠶᠢᠨ ᠠᠰᠠᠷ ᠪᠠ ᠭᠠᠯᠲᠤ | ᠲᠡᠷᠭᠡᠨ ᠥᠷᠲᠡᠭᠡ ᠶᠢ ᠥᠭᠡᠷᠡᠴᠢᠯᠡᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ᠂ ᠵᠠᠰᠠᠮᠠᠯ ᠵᠠᠮ᠂ ᠲᠡᠮᠦᠷ | ᠵᠠᠮ᠂ ᠠᠭᠠᠷ ᠤᠨ ᠠᠶᠠᠯᠠᠯ ᠤᠨ ᠣᠳᠣ ᠦᠶ᠎ᠡ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠪᠦᠬᠦ ᠠᠶᠢᠮᠠᠭ ᠤᠨ ᠮᠢᠩᠭᠠᠨ ᠲᠦᠮᠡᠨ ᠺᠢᠯᠤᠸᠠᠲ ᠤᠨ ᠲᠡᠰ ᠤᠨ ᠰᠢᠨ᠎ᠡ ᠡᠨᠧᠷᠭᠢ | ᠶᠢᠨ ᠰᠤᠷᠪᠤᠯᠵᠢ ᠪᠠ ᠵᠠᠯᠭᠠᠮᠵᠢ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠠᠮ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠨᠧᠷᠭᠢ ᠶᠢᠨ ᠰᠤᠷᠪᠤᠯᠵᠢ ᠶᠢᠨ ᠲᠣᠣᠷ ᠤᠨ ᠪᠦᠲᠦᠴᠡ | ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 5G ᠶᠢᠨ ᠰᠦᠯᠵᠢᠶᠡᠨ ᠤ ᠪᠦᠷᠬᠦᠬᠦ ᠬᠡᠪᠴᠢᠶ᠎ᠡ ᠶᠢ ᠲᠠᠰᠤᠷᠠᠯᠲᠠ | ᠥᠬᠡᠶ ᠦᠷᠭᠡᠳᠬᠡᠵᠦ᠂ 5G ᠴᠢᠮᠡᠭᠡ ᠬᠤᠯᠪᠣᠭᠠᠨ ᠤ ᠰᠠᠭᠤᠷᠢ ᠥᠷᠲᠡᠭᠡ᠂ ᠮᠠᠰᠢᠨ ᠤ ᠭᠡᠷ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠦᠢᠯᠡᠴᠢᠯᠡᠭᠡᠨ ᠤ | ᠦᠢᠯᠡᠳᠤᠯ ᠴᠢᠳᠠᠪᠤᠷᠢ ᠶᠢ ᠲᠡᠭᠡᠭᠰᠢᠯᠡᠬᠦᠯᠤᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠥᠬᠡᠶ ᠭᠦᠨᠵᠡᠭᠡᠶᠢᠷᠡᠭᠦᠯᠵᠦ᠂ ᠪᠥᠬᠦ ᠠᠶᠢᠮᠠᠭ ᠤᠨ | ᠳᠣᠲᠣᠭᠠᠳᠤ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠦᠯᠢᠭᠡᠷ ᠳᠠᠭᠤᠷᠢᠶᠠᠯ ᠢ ᠤᠯᠠᠮ | ᠨᠢᠭᠡ ᠠᠯᠬᠤᠮ ᠪᠤᠢ ᠪᠣᠯᠭᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦ ᠶᠢ ᠲᠦᠷᠭᠡᠳᠬᠡᠬᠦ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠨᠡᠭᠡᠭᠡᠯᠲᠡ ᠶᠢ ᠥᠷᠭᠡᠳᠬᠡᠬᠦ ᠪᠣᠯ | ᠬᠥᠭᠵᠢᠯᠲᠡ ᠶᠢ ᠲᠦᠷᠭᠡᠳᠬᠡᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠪᠢᠳᠡ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠢᠪᠠ ᠠᠷᠬᠠᠬ ᠭᠡᠮ ᠢ ᠵᠤᠷᠢᠭᠲᠠᠢ ᠪᠠᠷ ᠵᠠᠰᠠᠵᠤ᠂ ᠡᠯ᠎ᠡ ᠵᠦᠢᠯ ᠤᠨ | ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠵᠣᠷᠢᠭᠲᠠᠶ ᠪᠠᠷ ᠡᠪᠳᠡᠬᠦ ᠬᠡᠷᠡᠭᠲᠡᠶ ᠮᠥᠷᠲᠡᠭᠡᠨ ᠪᠠᠰᠠ ︽ | ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠬᠤ︾ ᠶᠢ ᠵᠤᠬᠢᠴᠠᠯᠳᠤᠭᠤᠯᠤᠨ ᠨᠦᠬᠦᠴᠡᠯᠳᠡᠭᠦᠯᠬᠦ ᠶᠢ | ᠪᠠᠷᠢᠮᠲᠠᠯᠠᠵᠤ᠂ ᠪᠥᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠠᠶᠢᠭᠤᠯᠵᠤ ᠂ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠲᠠᠰᠤᠷᠠᠯᠲᠠ ᠥᠬᠡᠶ ᠨᠡᠮᠡᠷᠢᠯᠡᠬᠦ ᠬᠡᠷᠡᠭᠲᠠᠢ᠃ | ᠨᠢᠭᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠪᠠᠶᠢᠭᠤᠯᠤᠮᠵᠢ ᠲᠣᠭᠲᠠᠴᠠ ᠶᠢᠨ | ᠰᠢᠨ᠎ᠡ ᠶᠢ ᠡᠭᠦᠳᠬᠦ ᠠᠴᠠ ᠭᠠᠷᠳᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢᠨ ᠰᠢᠰᠲ᠋ᠧᠮ ᠤᠨ ᠴᠤᠭᠯᠠᠷᠠᠯ᠂ ᠬᠠᠮᠵᠢᠯᠴᠠᠭ᠎ᠠ ᠶᠢᠨ ᠥᠨᠳᠥᠷ ᠪᠦᠲᠦᠮᠵᠢᠲᠡᠢ ᠪᠠᠶᠢᠬᠤ ᠶᠢ | ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠨᠡᠩ ᠤᠯᠠᠨ ᠲᠠᠭᠤᠷᠢᠶᠠᠨ ᠲᠦᠭᠡᠮᠡᠯᠵᠢᠬᠦᠯᠵᠦ ᠪᠤᠯᠬᠤ ︽ᠰᠢᠯᠢ ᠶᠢᠨ ᠬᠤᠲᠠ ᠶᠢᠨ ᠲᠤᠷᠰᠢᠯᠭ᠎ᠠ︾ | ᠶᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ᠂ ᠤᠯᠤᠰ ᠤᠨ | ᠦᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠳᠦᠷᠢᠮ ᠵᠡᠷᠭᠡ ᠠᠵᠤ ᠠᠬᠤᠶ ᠶᠢᠨ ᠬᠦᠷᠢᠶᠡᠨ ᠤ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠪᠠᠶᠢᠭᠠᠯᠢ ᠶᠢᠨ | ᠴᠡᠴᠡᠷᠯᠢᠭ ᠵᠡᠷᠭᠡ ᠠᠮᠢ ᠠᠬᠤᠶ ᠶᠢᠨ ᠪᠣᠯᠪᠠᠰᠤᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠵᠡᠷᠭᠡ ᠠᠷᠠᠳᠴᠢᠯᠠᠯᠲᠤ ᠬᠠᠤᠯᠢ ᠪᠠᠷ | ᠵᠠᠰᠠᠬᠤ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠶᠤᠨ ᠤᠬᠠᠭᠠᠨ ᠤ | ᠪᠠᠶᠢᠭᠤᠯᠤᠯᠲᠠ ᠵᠡᠷᠭᠡ ᠨᠡᠶᠢᠭᠡᠮ ᠤᠨ ᠵᠠᠰᠠᠯᠲᠠ ᠶᠢᠨ ᠥᠭᠡᠷᠡᠴᠢᠯᠡᠯᠲᠡ ᠶᠢ ᠪᠦᠲᠦᠮᠵᠢᠲᠡᠶ ᠪᠠᠷ ᠲᠦᠯᠬᠢᠨ ᠠᠬᠢᠭᠤᠯᠵᠤ᠂ | ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠭᠡᠳ ᠬᠥᠭᠵᠢᠯᠲᠡ ᠶᠢᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ | ᠴᠢᠩᠭᠠᠷᠠᠭᠤᠯᠤᠨ᠎ᠠ᠃ | ᠬᠤᠶᠠᠷ ᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠬᠥᠮᠦᠨ ᠪᠦᠬᠦᠨ ᠴᠥᠮ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠᠶᠢᠵᠤ᠂ ᠶᠠᠪᠤᠳᠠᠯ ᠪᠦᠬᠦᠨ ᠳᠤ ᠭᠠᠵᠠᠷ ᠣᠷᠣᠨ ᠤ ᠳᠦᠷᠢ | ᠲᠥᠷᠬᠦ ᠲᠠᠢ ᠬᠤᠯᠪᠤᠭᠲᠠᠨ᠎ᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠦᠢᠯᠡᠴᠢᠯᠡᠭᠴᠢ︾ ᠶᠢᠨ | ᠵᠣᠷᠢᠭ ᠰᠠᠨᠠᠭ᠎ᠠ ᠪᠠ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠪᠠᠷ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ︽ᠦᠢᠯᠡᠴᠢᠯᠡᠭᠴᠢ︾ ᠪᠠ ︽ᠬᠠᠮᠠᠭᠠᠯᠠᠭᠴᠢ︾ ᠪᠣᠯᠬᠤ ᠪᠠᠷ ᠴᠢᠷᠮᠠᠶᠢᠬᠤ ᠬᠡᠷᠡᠭᠲᠡᠶ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠦᠨᠡᠨ ᠬᠦ ᠴᠢᠩᠭᠠᠷᠠᠭᠤᠯᠵᠤ᠂ ᠤᠷᠤᠬᠤ | ᠵᠥᠪᠰᠢᠶᠡᠷᠡᠯ᠂ ᠥᠪᠡᠷ ᠤᠨ ᠥᠷᠲᠡᠭ᠂ ᠪᠠᠯᠠ ᠬᠤᠷᠠᠮᠳᠤᠭᠤᠯᠬᠤ᠂ ᠭᠠᠶᠢᠯᠢ ᠶᠢᠨ ᠰᠦᠢᠳᠬᠡᠯ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ | ᠥᠪᠡᠷ ᠤᠨ ᠥᠷᠲᠡᠭ ᠪᠠ ᠳᠠᠯᠳᠠ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠠᠵᠤ ᠠᠬᠤᠶᠢᠯᠠᠯ ᠤᠨ ᠠᠵᠢᠯ | ᠶᠠᠪᠤᠳᠠᠯ ᠰᠢᠢᠳᠪᠤᠷᠢᠯᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠬᠦᠯᠤᠨ᠎ᠠ᠃ ᠵᠠᠰᠠᠭ ᠤᠨ ᠣᠷᠳᠣᠨ ᠤ | ᠦᠢᠯᠡᠴᠢᠯᠡᠭᠡᠨ ᠤ ᠦᠢᠯᠡᠳᠤᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠮᠥᠩᠬᠡ ᠰᠤᠪᠠᠭ · ᠨᠢᠭᠡ ᠯᠡ | ᠤᠳᠠᠭ᠎ᠠ ᠲᠡᠭᠡᠷ᠎ᠠ ᠰᠢᠢᠳᠪᠤᠷᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠤᠨ᠂ ︽ | 12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ | ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠢᠯᠡᠴᠢᠯᠡᠭᠡᠨ ᠤ ᠡᠬᠢ | ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠨ | ᠂ ᠠᠵᠢᠯ ᠶᠠᠪᠤᠳᠠᠯ ᠰᠢᠢᠳᠪᠤᠷᠢᠯᠡᠬᠦ ᠴᠤᠪᠤᠷᠠᠯ ᠢ ᠰᠢᠯᠢᠳᠡᠭᠵᠢᠭᠦᠯᠵᠦ᠂ ᠨᠠᠩ ᠣᠯᠠᠨ ᠬᠡᠷᠡᠭ ᠶᠠᠪᠤᠳᠠᠯ ᠢ ᠨᠢᠬᠡᠳᠭᠡᠨ | ᠰᠢᠢᠳᠪᠤᠷᠢᠯᠡᠬᠦ ᠶᠢ ᠠᠬᠢᠭᠤᠯᠤᠨ᠂ ︽ᠬᠠᠮᠤᠭ ᠤᠨ ᠤᠯᠠᠨ ᠳᠠᠭᠠᠨ ᠨᠢᠬᠡ ᠯᠡ ᠤᠳᠠᠭ᠎ᠠ ᠤᠴᠢᠬᠤ︾ ᠬᠠᠷᠠᠯᠲᠠ ᠶᠢ | ᠴᠢᠷᠮᠠᠶᠢᠨ ᠪᠡᠶᠡᠯᠡᠭᠦᠯᠦᠨ᠎ᠡ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠳᠤ | ᠬᠤᠯᠪᠣᠭᠳᠠᠬᠰᠠᠨ ᠲᠥᠷᠥ ᠶᠢᠨ ᠪᠣᠳᠣᠯᠭ᠎ᠠ ᠶᠢᠨ ᠬᠥᠴᠢᠷᠳᠠᠯ᠂ ᠬᠢᠨᠠᠨ ᠵᠥᠪᠰᠢᠶᠡᠷᠡᠯ ᠤᠨ ᠬᠠᠷᠰᠢ ᠰᠠᠭᠠᠳ᠂ ᠬᠢᠨᠠᠯᠲᠠ | ᠬᠠᠮᠢᠶᠠᠷᠤᠯᠲᠠ ᠶᠢᠨ ᠪᠠᠯᠠᠶ ᠴᠡᠭ᠂ ᠦᠢᠯᠡᠴᠢᠯᠡᠭᠡᠨ ᠤ ᠲᠦᠪᠡᠭᠲᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠬᠠᠶᠢᠷ᠎ᠠ ᠬᠠᠯᠠᠮᠵᠢᠳᠤ︾ ᠦᠢᠯᠡᠴᠢᠯᠡᠭᠡ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ | ᠬᠤᠳᠠᠯᠳᠤᠭᠠᠴᠢᠨ ᠢ ᠬᠠᠮᠤᠭ ᠤᠨ ᠶᠡᠭᠡ ᠬᠡᠮᠵᠢᠶ᠎ᠡ ᠪᠠᠷ ᠲᠤᠭᠳᠠᠪᠤᠷᠢᠵᠢᠭᠤᠯᠤᠨ ᠲᠡᠳᠬᠦᠵᠦ ᠪᠠᠶᠠᠵᠢᠭᠤᠯᠤᠨ᠂ ᠡᠷᠬᠡ | ᠲᠡᠭᠰᠢ ᠲᠥᠪ ᠭᠤᠤᠯᠴᠢ᠂ ᠬᠤᠳᠠᠯᠳᠤᠭᠠᠴᠢᠨ ᠢ ᠴᠢᠬᠤᠯᠠᠴᠢᠯᠠᠨ ᠳᠣᠲᠣᠨᠣᠴᠢᠯᠠᠬᠤ ᠵᠠᠬ᠎ᠠ ᠳᠡᠯᠭᠡᠭᠦᠷ ᠤᠨ ᠣᠷᠴᠢᠨ | ᠨᠦᠬᠦᠴᠡᠯ ᠢ ᠬᠦᠴᠦᠯᠡᠨ ᠪᠤᠢ ᠪᠣᠯᠭᠠᠨ᠎ᠠ᠃ | ᠭᠤᠷᠪᠠ ᠳᠤ ᠨᠡᠭᠡᠭᠡᠯᠲᠡ ᠬᠢᠬᠦ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠣᠬᠢᠶᠠᠯ ᠢ ᠠᠮᠵᠢᠵᠤ᠂ ᠮᠠᠨ | ᠤ ᠤᠯᠤᠰ ᠤᠨ ᠤᠮᠠᠷᠠᠰᠢ ᠪᠠᠨ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠤᠭᠤᠷᠢᠨ ᠳᠤ᠂ ᠠᠶᠢᠮᠠᠭ | ᠤᠨ ᠳᠣᠲᠣᠷᠡᠬᠢ ᠪᠣᠭᠤᠮᠲᠠ ᠶᠢᠨ ᠡᠬᠢ ᠪᠠᠶᠠᠯᠢᠭ ᠲᠤ ᠲᠦᠰᠢᠭᠯᠡᠨ᠂ ︽ᠨᠢᠭᠡ ᠪᠦᠰᠡ ᠨᠢᠭᠡ ᠵᠠᠮ︾᠂ ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠤᠷᠤᠯᠴᠠᠵᠤ᠂ ᠳᠣᠲᠣᠷ᠎ᠠ ᠭᠠᠵᠠᠷ ᠤᠨ ᠠᠵᠤ ᠠᠬᠤᠶ ᠶᠢ ᠢᠳᠡᠪᠬᠢᠲᠡᠶ ᠬᠥᠭᠵᠢᠭᠦᠯᠦᠨ᠂ ᠭᠠᠳᠠᠭᠠᠳᠤ ᠯᠤᠭ᠎ᠠ ᠶᠢᠨ | ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ︽ᠭᠠᠳᠠᠭᠰᠢ ᠭᠠᠷᠬᠤ︾ ᠰᠠᠨᠠᠭᠠᠴᠢᠯᠠᠭᠠᠲᠤ ᠴᠢᠨᠠᠷ ᠢ | ᠴᠢᠩᠭᠠᠳᠬᠠᠵᠤ᠂ ᠬᠦᠴᠦᠯᠡᠨ ᠬᠥᠭᠵᠢᠭᠦᠯᠵᠦ᠂ ᠲᠤᠬᠢᠶᠠᠯ ᠢ ᠠᠮᠵᠢᠨ ᠰᠢᠪᠲᠤᠯᠤᠯᠲᠠ ᠬᠢᠨ᠎ᠡ᠃ ᠤᠯᠤᠰ ᠠᠴᠠ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠠᠰᠢᠭᠲᠠᠢ ᠲᠣᠬᠢᠶᠠᠯ ᠢ ᠠᠮᠵᠢᠨ᠂ ᠪᠡᠭᠡᠵᠢᠩ | ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ ᠭᠠᠵᠠᠷ ᠤᠷᠤᠨ᠂ ᠬᠥᠬᠡᠮᠦ᠋ᠷᠡᠨ ᠤ ᠭᠤᠷᠪᠠᠯᠵᠢᠨ ᠬᠤᠶᠢᠭ ᠵᠡᠷᠭᠡ | ᠬᠥᠭᠵᠢᠭᠰᠡᠨ ᠭᠠᠵᠠᠷ ᠣᠷᠣᠨ ᠯᠤᠭ᠎ᠠ ᠶᠢᠨ ᠪᠤᠲᠠᠲᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠰᠢᠯᠢ ᠶᠢᠨ ᠭᠤᠣᠯ | — ᠤᠯᠠᠭᠠᠨᠬᠠᠳᠠ — ᠴᠤᠤᠶᠠᠩ — ᠵᠢᠨᠵᠧᠦ︾ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ | ᠲᠣᠭᠲᠠᠴᠠ ᠶᠢᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠢ ᠵᠤᠯᠭᠠᠭᠤᠯᠤᠨ ᠬᠠᠷᠢᠯᠴᠠᠨ | ᠨᠥᠬᠦᠪᠥᠷᠢᠯᠡᠬᠦᠯᠬᠦ᠂ ᠴᠢᠬᠤᠯᠠ ᠶᠡᠭᠡ ᠲᠥᠷᠦᠯ ᠵᠦᠢᠯ ᠤᠨ ᠬᠠᠮᠲᠤᠷᠠᠯᠴᠠᠭ᠎ᠠ᠂ ᠮᠡᠷᠭᠡᠵᠢᠯ ᠤᠨ ᠦᠷ᠎ᠡ ᠪᠦᠲᠦᠭᠡᠯ ᠢ | ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠭᠤᠶᠢᠪᠢᠰᠢ ᠦᠭᠡᠢ ᠪᠠᠲᠤᠯᠠᠨ ᠰᠠᠶᠢᠵᠢᠷᠠᠭᠤᠯᠵᠤ᠂ ᠪᠦᠬᠦ ᠠᠶᠢᠮᠠᠭ ᠤᠨ | ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠬᠡᠪ ᠳᠠᠭᠤᠷᠢᠶᠠᠯ ᠢ ᠤᠯᠠᠮ ᠨᠢᠭᠡ ᠠᠯᠬᠤᠮ ᠪᠤᠢ | ᠪᠣᠯᠭᠠᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠯ ᠮᠠᠨ ᠤ ᠨᠠᠮ ᠤᠨ | ᠦᠨᠳᠦᠰᠦᠨ ᠵᠣᠷᠢᠯᠲᠠ ᠮᠥᠨ᠃ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ | ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ | ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠡᠬᠦᠰᠤᠯᠳᠡ ᠪᠠ ᠦᠷ᠎ᠠ ᠳ᠋ᠦᠩ ᠪᠣᠯᠭᠠᠵᠤ᠂ | ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ | ᠤᠨ ᠣᠯᠠᠨ ᠲᠦᠮᠡᠨ ᠤ ᠬᠦᠷᠲᠡᠮᠵᠢᠳᠤ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ | ᠨᠢᠭᠡ ᠳᠤ ᠠᠵᠢᠯ ᠣᠯᠭᠤᠯᠲᠠ ᠶᠢ ᠲᠡᠷᠢᠬᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠨ᠎ᠠ᠃ ᠠᠷᠭ᠎ᠠ ᠪᠦᠬᠦᠨ | ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠤ ᠠᠬᠤᠢ ᠶᠢ | ᠬᠥᠭᠵᠢᠭᠦᠯᠬᠦ ᠳᠤ ᠠᠵᠢᠯ ᠣᠯᠭᠤᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠬᠠᠯᠠᠭᠲᠠᠭᠰᠠᠳ᠂ | ᠬᠥᠯᠥᠰᠥᠨ ᠠᠵᠢᠯᠴᠢᠨ᠂ ᠠᠮᠢᠳᠤᠷᠠᠯ ᠨᠢ ᠬᠦᠴᠢᠷᠳᠡᠯ ᠲᠠᠢ ᠬᠥᠮᠦᠰ ᠵᠡᠷᠭᠡ ᠭᠤᠣᠯᠳᠠᠯᠭ᠎ᠠ ᠲᠠᠢ ᠬᠦᠮᠦᠰ ᠲᠤ ᠤᠯᠠᠨ | ᠠᠷᠭ᠎ᠠ ᠵᠠᠮ ᠢᠶᠠᠷ ᠲᠣᠭᠲᠠᠭᠤᠨ ᠢᠶᠠᠷ ᠠᠵᠢᠯ ᠤᠯᠭᠤᠬᠤ ᠶᠢ ᠪᠠᠲᠤᠯᠠᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ | ᠲᠠᠰᠤᠷᠠᠯᠳᠠ ᠦᠭᠡᠢ ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠢᠯᠡᠰ | ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠬᠵᠢᠭᠤᠯᠵᠤ᠂ ᠠᠵᠢᠯ ᠣᠯᠭᠤᠬᠤ ᠦᠢᠯᠡᠰ ᠪᠤᠰᠬᠠᠬᠤ | ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠦᠢᠯᠡᠰ ᠴᠤᠭᠴᠠᠯᠠᠬᠤ ᠪᠠ | ᠰᠢᠨ᠎ᠡ ᠶᠢ ᠡᠬᠦᠳᠬᠦ ᠶᠢ ᠲᠤᠯᠭᠠᠭᠤᠷᠢᠯᠠᠬᠤ ᠲᠠᠪᠴᠠᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠨᠡᠩ ᠤᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ | ᠠᠬᠢᠭᠤᠯᠵᠤ᠂ ᠨᠡᠩ ᠤᠯᠠᠨ ᠠᠵᠢᠯ ᠤᠨ ᠪᠠᠶᠢᠷᠢ ᠬᠠᠨᠭ᠍ᠭᠠᠵᠤ᠂ ᠠᠮᠢᠳᠤᠯᠢᠭ ᠠᠵᠢᠯ ᠣᠯᠭᠤᠯᠲᠠ ᠶᠢ ᠠᠬᠢᠭᠤᠯᠤᠨ᠎ᠠ᠃ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠨᠠᠰᠤᠨ ᠲᠤᠷᠰᠢᠳᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠠᠵᠢᠯ ᠣᠯᠭᠤᠯᠲᠠ ᠶᠢᠨ ᠬᠡᠷᠡᠭᠴᠡᠭᠡ ᠶᠢ ᠪᠠᠶᠢᠴᠠᠭᠠᠬᠤ ᠪᠠ ᠠᠵᠢᠯ ᠠᠯᠳᠠᠯᠲᠠ ᠶᠢᠨ ᠪᠠᠶᠢᠳᠠᠯ ᠢ ᠬᠥᠳᠡᠯᠦᠩᠭᠦᠢ ᠪᠠᠷ | ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ᠂ ᠠᠵᠢᠯ ᠣᠯᠭᠤᠯᠲᠠ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠤᠶᠠᠷ ᠲᠤ ᠣᠯᠠᠨ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠤ ᠰᠤᠷᠲᠠᠬᠤᠨ ᠢᠶᠠᠷ ᠬᠦᠮᠦᠨ | ᠢ ᠬᠦᠮᠦᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠪᠣᠯᠪᠠᠰᠤᠨ | ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠪᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ | ᠠᠬᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠨ᠂ | ︽ᠪᠠᠭ᠎ᠠ ᠰᠤᠷᠭᠠᠭᠤᠯᠢ ᠪᠤᠯᠭᠠᠬᠤ︾ ᠬᠡᠯᠪᠡᠷᠢᠯ ᠢ ᠡᠷᠡᠰ ᠵᠠᠯᠠᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠳᠠᠢ ᠡᠬᠢ | ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ ᠬᠡᠦᠬᠡᠳ ᠤᠨ ᠴᠡᠴᠡᠷᠯᠢᠭ ᠡᠷᠬᠢᠯᠡᠬᠦ ᠰᠢᠰᠲ᠋ᠧᠮ ᠢ ᠪᠠᠶᠢᠭᠤᠯᠤᠨ᠎ᠠ᠃ | ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ︽ᠬᠤᠶᠠᠷ ᠢ ᠪᠠᠭᠤᠷᠠᠭᠤᠯᠬᠤ︾ ᠠᠵᠢᠯ ᠤᠨ ᠡᠭᠦᠷᠭᠡ ᠶᠢ ᠨᠠᠶᠢᠲᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ | ᠪᠠ ᠬᠢᠷᠢ ᠭᠡᠮᠵᠢᠶ᠎ᠠ ᠶᠢ ᠳᠡᠭᠡᠭᠰᠢᠯᠡᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ | ᠶᠠᠩᠵᠤᠴᠢᠯᠬᠠᠰᠠᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ | ᠡᠷᠴᠢᠮ ᠢ ᠴᠢᠩᠭᠠᠷᠠᠭᠤᠯᠤᠨ᠂ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ ᠢ | ᠬᠠᠯᠠᠮᠵᠢᠯᠠᠨ ᠳᠡᠮᠵᠢᠵᠦ᠂ ᠦᠨᠳᠦᠰᠦᠲᠡᠨ ᠤ ᠰᠤᠷᠭᠠᠨ ᠬᠥᠮᠦᠵᠢᠯ ᠢ ᠪᠠᠬᠢᠵᠢᠭᠦᠯᠦᠨ ᠰᠠᠶᠢᠵᠢᠷᠠᠭᠤᠯᠵᠤ᠂ ᠰᠤᠷᠭᠠᠨ | ᠬᠥᠮᠦᠵᠢᠯ ᠤᠨ ᠮᠡᠳᠡᠭᠡ ᠵᠠᠩᠭᠢᠵᠢᠯᠲᠠ ᠶᠢᠨ 2.0 ᠤᠨ ᠠᠵᠢᠯᠯᠠᠭᠠᠨ ᠤ ᠲᠦᠯᠦᠪᠯᠡᠭᠡ ᠶᠢ ᠠᠬᠢᠭᠤᠯᠵᠤ᠂ ᠤᠨᠴᠠᠭᠠᠢ | ᠰᠤᠷᠭᠠᠨ ᠬᠦᠮᠦᠵᠢᠯ ᠢ ᠬᠠᠯᠠᠮᠵᠢᠯᠠᠨ ᠲᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ | ᠬᠥᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠰᠢᠨ᠎ᠡ | ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠠᠭᠰᠢ ᠶᠢᠨ ᠮᠣᠷᠠᠯ ᠰᠤᠷᠲᠠᠯ ᠤᠨ | ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠤᠨ᠂ ᠪᠠᠭᠰᠢ ᠶᠢᠨ | ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠭᠤᠷᠪᠠ ᠳᠤ ᠡᠷᠡᠭᠦᠯ ᠮᠡᠨᠲᠦ ᠰᠢᠯᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠠᠮ | ᠡᠷᠡᠭᠦᠯ ᠬᠠᠮᠠᠭᠠᠯᠠᠯ᠂ ᠬᠠᠮ ᠡᠷᠡᠭᠦᠯ ᠮᠡᠨᠳᠦ︾ ᠶᠢᠨ ᠦᠢᠯᠠᠭᠠᠭᠳᠠᠬᠤᠨ ᠢ ᠪᠠᠲᠤ ᠪᠣᠶ ᠪᠣᠯᠭᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠠᠮᠠᠭᠠᠯᠠᠯᠲᠠ ᠶᠢᠨ ᠲᠤᠤᠷ ᠢ ᠪᠠᠬᠢᠯᠡᠵᠦ᠂ ᠣᠯᠠᠨ ᠲᠦᠮᠡᠨ ᠳᠤ ᠪᠥᠬᠦ ᠲᠠᠯ᠎ᠠ ᠶᠢᠨ᠂ ᠪᠥᠬᠦ ᠦᠶᠡᠯᠡᠯ | ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠲᠤ | ᠣᠷᠣᠭᠤᠯᠤᠯᠲᠠ ᠬᠢᠬᠦ ᠲᠣᠭᠲᠠᠭᠤᠨ ᠲᠣᠭᠲᠠᠴᠠ ᠶᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ | ᠦᠨᠳᠦᠰᠦᠨ ᠱᠠᠲᠤᠨ ᠤ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ | ᠶᠢ ᠭᠦᠢᠴᠡᠳ ᠪᠠᠲᠤᠯᠠᠨ᠎ᠠ᠃ ᠬᠤᠲᠠ ᠶᠢᠨ ᠡᠮᠴᠢᠯᠡᠭᠡᠨ ᠤ ᠪᠦᠯᠦᠭᠯᠡᠯ ᠳᠤ ᠲᠦᠰᠢᠭᠯᠡᠨ ᠭᠤᠤᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ | ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠳᠡᠭᠡᠳᠦ ᠳᠤᠤᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ | ᠱᠠᠲᠤ ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ | ᠰᠤᠮᠤ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠨᠡᠶᠢᠭᠡᠮ ᠲᠣᠭᠤᠷᠢᠭ ᠤᠨ ᠬᠤᠶᠠᠷ ᠱᠠᠲᠤᠨ ᠤ ᠮᠣᠩᠭᠤᠯ ᠬᠢᠲᠠᠳ | ᠡᠮ ᠡᠮᠨᠡᠯᠭᠡ ᠶᠢᠨ ᠦᠢᠯᠡᠴᠢᠯᠡᠭᠡᠨ ᠤ ᠲᠤᠤᠷ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ | ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ | ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ᠂ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ ᠬᠤᠲᠠ ᠶᠢ ᠲᠦᠷᠭᠡᠯᠡᠨ ᠪᠠᠶᠢᠭᠤᠯᠵᠤ᠂ ᠪᠥᠬᠦ | ᠤᠯᠤᠰ ᠤᠨ ᠡᠷᠡᠭᠦᠯ ᠮᠡᠨᠳᠦ ᠶᠢ ᠠᠬᠢᠭᠤᠯᠬᠤ ᠬᠤᠲᠠ ᠶᠢ ᠴᠢᠷᠮᠠᠶᠢᠨ ᠪᠠᠶᠢᠭᠤᠯᠤᠨ᠎ᠠ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠢᠮᠠᠭᠲᠠ ᠬᠢᠨᠠᠭᠤᠷ ᠪᠣᠯᠭᠤᠮᠵᠢᠲᠠᠢ ᠴᠢᠩᠭᠠᠯᠠᠵᠤ᠂ ᠰᠤᠯᠠᠷᠠᠵᠤ | ᠮᠢᠨᠴᠤᠬᠦᠷᠡᠬᠦ ᠦᠵᠡᠯ ᠰᠠᠨᠠᠭ᠎ᠠ ᠶᠢ ᠡᠷᠡᠰ ᠲᠡᠪᠴᠢᠨ᠂ ᠬᠢᠵᠢᠭ ᠤᠨ ᠪᠠᠶᠢᠳᠠᠯ ᠢ ᠪᠠᠶᠢᠡᠭᠭᠤ ᠶᠢᠨ ᠴᠢᠨᠠᠷᠳᠠᠢ ᠰᠡᠷᠭᠡᠶᠢᠯᠡᠨ | ᠡᠵᠡᠮᠳᠡᠬᠦ ᠠᠷᠭ᠎ᠠ ᠭᠡᠮᠵᠢᠶ᠎ᠠ ᠶᠢ ᠴᠢᠩᠭ᠎ᠠ ᠪᠣᠳᠠᠲᠠᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠭᠡᠨᠡᠳᠲᠡ ᠶᠢᠨ | ᠴᠢᠨᠠᠷᠲᠠᠢ ᠬᠦᠨᠳᠦ ᠶᠡᠭᠡ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠶᠢ ᠴᠤᠤᠷᠢᠶᠠᠳᠤᠨ ᠲᠠᠭᠠᠬᠤ ᠲᠣᠭᠲᠠᠴᠠ ᠶᠢ | ᠪᠦᠷᠢᠨᠰᠢᠬᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠴᠤ ᠨᠢᠭᠲᠠ ᠰᠦᠯᠵᠢᠬᠦ ᠬᠡᠷᠡᠭᠲᠠᠢ᠃ | ᠳᠥᠷᠪᠡ ᠳᠤ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ | ᠤᠨ ᠬᠥᠭᠵᠢᠯᠲᠡ ᠶᠢ ᠠᠬᠢᠭᠤᠯᠵᠤ᠂ ᠤᠯᠠᠭᠠᠨᠮᠥ᠋ᠴᠢᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ᠂ ᠰᠣᠶᠣᠯ ᠤᠨ ᠥᠷᠲᠡᠭᠡ | ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠡᠬᠢ | ᠪᠠᠶᠠᠯᠢᠭ ᠢ ᠵᠦᠶ ᠵᠣᠬᠢᠰᠲᠠᠶ ᠲᠣᠬᠢᠷᠠᠭᠤᠯᠤᠨ᠎ᠠ᠃ ᠣᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ | ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠵᠡᠷᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠰᠣᠶᠣᠯ᠂ ᠰᠤᠷᠭᠠᠨ ᠬᠥᠮᠦᠵᠢᠯ᠂ ᠡᠮᠴᠢᠯᠡᠭᠡ᠂ ᠪᠡᠶ᠎ᠡ ᠶᠢᠨ ᠲᠠᠮᠢᠷ | ᠵᠡᠷᠭᠡ ᠨᠡᠶᠢᠭᠡᠮ ᠤᠨ ᠦᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ᠃ | ᠲᠠᠪᠤ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠤᠨ᠎ᠠ᠃ ᠦᠨᠳᠦᠰᠦᠨ ᠵᠦᠢᠯ ᠢ ᠪᠠᠲᠤᠯᠠᠬᠤ᠂ | ᠨᠠᠭᠠᠲᠤ ᠵᠠᠬ᠎ᠠ ᠶᠢ ᠪᠠᠳᠤᠯᠠᠬᠤ᠂ ᠪᠦᠬᠦᠨ ᠢ ᠬᠠᠮᠤᠷᠬᠤ ᠵᠠᠷᠴᠢᠮ ᠢ ᠪᠠᠷᠢᠮᠲᠠᠯᠠᠵᠤ᠂ ᠪᠦᠬᠦ ᠠᠷᠠᠳ ᠢ ᠬᠠᠮᠤᠷᠤᠭᠰᠠᠨ᠂ | ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠢ ᠤᠯᠠᠨ ᠳᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠤᠨ ᠳᠠᠭᠠᠳᠬᠠᠯ ᠤᠨ | ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠮᠨᠡᠯᠭᠡ ᠶᠢᠨ ᠳᠠᠭᠠᠳᠬᠠᠯ᠂ ᠡᠮᠨᠡᠯᠭᠡ ᠶᠢᠨ | ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠬᠥᠩᠭᠡᠷᠡᠭᠦᠯᠦᠨ᠎ᠡ᠃ ᠴᠡᠷᠢᠭ ᠠᠴᠠ ᠬᠠᠯᠠᠭᠲᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ | ᠪᠦᠷᠢᠨᠰᠢᠬᠦᠯᠵᠤ᠂ ᠴᠡᠷᠢᠭ ᠠᠴᠠ ᠬᠠᠯᠠᠭᠲᠠᠭᠰᠠᠳ ᠲᠤ ᠬᠠᠨᠳᠤᠭᠤᠯᠤᠭᠰᠠᠨ ᠦᠢᠯᠡᠴᠢᠯᠡᠭᠡ ᠪᠠ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ | ᠪᠤᠶᠢᠵᠢᠭᠤᠯᠵᠤ᠂ ᠮᠠᠯᠴᠢᠳ ᠤᠨ ᠬᠤᠲᠠ ᠳᠤ ᠣᠷᠣᠵᠤ ᠦᠳᠡᠯᠤᠭᠡ ᠨᠠᠰᠤ ᠪᠠᠨ ᠦᠡᠭᠭᠡᠷᠡᠬᠦᠯᠬᠦ ᠠᠷᠭ᠎ᠠ ᠬᠡᠯᠪᠡᠷᠢ ᠶᠢ | ᠪᠠᠬᠢᠵᠢᠭᠦᠯᠦᠨ ᠥᠷᠭᠡᠳᠬᠡᠵᠦ᠂ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠬᠦᠷᠳᠡᠬᠦ᠂ ᠭᠡᠷ ᠲᠡᠭᠡᠨ | ᠰᠠᠭᠤᠵᠤ ᠨᠠᠰᠤᠵᠢᠯ ᠤᠨ ᠠᠰᠠᠷᠠᠮᠵᠢ ᠬᠢᠬᠦ ᠠᠵᠢᠯ ᠢ ᠡᠬᠢᠯᠡᠭᠦᠯᠵᠦ᠂ ᠨᠠᠰᠤᠲᠠᠶᠢᠴᠤᠳ ᠲᠤ ᠲᠣᠬᠢᠷᠠᠬᠤ ᠦᠢᠯᠡᠳᠬᠦᠨ | ᠪᠠ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠦᠷᠡᠵᠢᠯ ᠢ ᠰᠢᠯᠢᠳᠡᠭᠵᠢᠬᠦᠯᠬᠦ ᠲᠤᠬᠠᠢ ᠤᠯᠤᠰ ᠤᠨ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠤᠷᠲᠤ ᠬᠤᠭᠤᠴᠠᠭ᠎ᠠ ᠪᠠᠷ ᠲᠡᠩᠴᠡᠭᠦᠷᠢᠲᠡᠢ | ᠬᠥᠭᠵᠢᠬᠦ ᠶᠢ ᠠᠬᠢᠭᠤᠯᠤᠨ᠎ᠠ᠃ ᠣᠷᠣᠯᠭ᠎ᠠ ᠲᠤᠤᠷ᠎ᠠ ᠬᠦᠮᠦᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠡᠮᠡᠭᠲᠡᠶᠢᠴᠦᠳ᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ | ᠥᠨᠥᠴᠢᠨ ᠬᠡᠦᠬᠡᠳ᠂ ᠵᠡᠮᠳᠡᠭᠴᠦᠳ ᠵᠡᠷᠭᠡ ᠶᠢᠨ ᠨᠡᠶᠢᠭᠡᠮ ᠤᠨ ᠠᠰᠠᠷᠠᠮᠵᠢ ᠶᠢᠨ ᠳᠦᠷᠢᠮ ᠢ ᠪᠦᠷᠢᠨᠰᠢᠭᠦᠯᠵᠦ᠂ ︽ | ᠪᠠᠳᠤᠯᠠᠬᠤ ᠶᠤᠰᠤᠳᠡᠢ ᠶᠢ ᠨᠢ ᠴᠦᠮ ᠪᠠᠲᠤᠯᠠᠬᠤ᠂ ᠬᠦᠴᠢᠷᠳᠡᠯᠳᠠᠢ ᠪᠦᠬᠦᠨ ᠢ ᠵᠠᠪᠠᠯ ᠬᠠᠪᠰᠤᠷᠬᠤ᠂ ᠭᠠᠢ ᠭᠠᠴᠢᠭ | ᠪᠠᠶᠢᠪᠠᠯ ᠵᠠᠪᠠᠯ ᠠᠪᠤᠷᠠᠬᠤ︾ ᠶᠢ ᠪᠡᠶᠡᠯᠡᠭᠦᠯᠦᠨ᠎ᠡ᠃ | ︵ᠳᠣᠯᠤᠭ᠎ᠠ︶ ᠠᠮᠤᠷ ᠲᠣᠭᠲᠠᠭᠤᠨ ᠪᠠᠶᠢᠳᠠᠯ ᠢ ᠭᠤᠶᠢᠪᠢᠰᠢ ᠦᠭᠡᠢ ᠬᠠᠮᠠᠭᠠᠯᠠᠵᠤ᠂ ᠬᠢᠯᠢ ᠬᠢᠵᠠᠭᠠᠷ ᠠᠮᠤᠷ | ᠲᠣᠭᠲᠠᠭᠤᠨ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠲᠣᠭᠲᠠᠭᠤᠨ ᠪᠠᠶᠢᠬᠤ ᠦᠯᠢᠭᠡᠷ ᠵᠢᠱᠢᠶ᠎ᠡ ᠶᠢ ᠤᠯᠠᠮ ᠨᠢᠭᠡ | ᠠᠯᠬᠤᠮ ᠪᠤᠢ ᠪᠤᠯᠭᠠᠨ᠎ᠠ᠃ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠦᠨ᠂ ᠬᠥᠭᠵᠢᠯᠲᠡ ᠪᠣᠯ ᠠᠮᠤᠷ | ᠲᠦᠪᠰᠢᠨ ᠤ ᠪᠠᠲᠤᠯᠠᠭ᠎ᠠ ᠮᠥᠨ᠃ ᠪᠢᠳᠡ ᠠᠮᠤᠷ ᠲᠣᠭᠲᠠᠭᠤᠨ ᠬᠥᠭᠵᠢᠯᠲᠡ ᠶᠢᠨ ᠦᠨᠳᠦᠰᠦᠨ ᠲᠤᠯᠭᠠᠭᠤᠷᠢᠯᠠᠯ | ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠲᠦᠭᠰᠢᠭᠦᠷᠢ ᠶᠢᠨ ᠤᠬᠠᠮᠰᠠᠷ ᠪᠣᠯᠤᠨ | ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠦᠴᠢᠷ ᠪᠡᠷᠬᠡᠰᠢᠶᠡᠯ ᠢ ᠨᠡᠩ ᠭᠦᠢᠴᠡᠳ ᠵᠢᠱᠢᠵᠦ᠂ ᠠᠶᠤᠯ | ᠲᠦᠭᠰᠢᠭᠦᠷᠢ ᠶᠢ ᠨᠡᠩ ᠭᠦᠨᠵᠡᠭᠡᠢ ᠪᠣᠳᠣᠯᠬᠢᠯᠠᠵᠤ᠂ ᠡᠯ᠎ᠡ ᠵᠦᠢᠯ ᠤᠨ ᠵᠥᠷᠢᠴᠡᠯ ᠬᠦᠴᠢᠷᠳᠡᠯ ᠢ ᠨᠡᠩ ᠪᠦᠬᠦ ᠲᠠᠯ᠎ᠠ | ᠪᠠᠷ ᠨᠡᠪᠳᠡᠷᠭᠡᠢ ᠡᠵᠡᠮᠳᠡᠵᠦ᠂ ᠰᠢᠰᠲ᠋ᠧᠮ ᠤᠨ ᠣᠶᠢᠯᠠᠭᠠᠭᠳᠠᠬᠤᠨ ᠢᠶᠠᠷ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ | ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠨ᠂ ᠡᠬᠡ ᠤᠯᠤᠰ ᠤᠨ ᠤᠮᠠᠷᠠᠲᠤ ᠬᠢᠯᠢ ᠶᠢᠨ ᠪᠠᠲᠤ ᠪᠠᠬᠢ ᠠᠮᠤᠷ ᠲᠣᠭᠲᠠᠭᠤᠨ ᠬᠠᠯᠬᠠᠪᠴᠢ ᠪᠠᠷ ᠨᠡᠶᠢᠭᠡᠮ | ᠵᠢᠷᠤᠮᠲᠤ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠨ ᠲᠣᠭᠲᠠᠭᠤᠨ ᠢᠶᠠᠷ ᠠᠬᠢᠬᠤ ᠶᠢ | ᠪᠠᠲᠤᠯᠠᠬᠤ ᠬᠡᠷᠡᠭᠲᠡᠢ᠃ | ᠨᠢᠭᠡ ᠳᠤ ᠤᠯᠤᠰ ᠤᠨ ᠶᠠᠷᠤᠩᠭᠡᠢ ᠴᠤᠭᠴᠠ ᠶᠢᠨ ᠠᠮᠤᠷ ᠲᠦᠪᠰᠢᠨ ᠤ ᠦᠵᠡᠯᠳᠡ ᠶᠢ ᠪᠠᠲᠤ ᠪᠤᠢ ᠪᠣᠯᠭᠠᠨ᠎ᠠ᠃ | ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢ | ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠬᠦ ᠪᠠ ᠬᠢᠮᠤᠷᠠᠯ ᠢ ᠬᠠᠮᠢᠶᠠᠷᠤᠨ ᠡᠵᠡᠮᠳᠡᠬᠦ ᠴᠢᠳᠠᠪᠤᠷᠢ | ᠶᠢ ᠲᠡᠭᠡᠭᠰᠢᠯᠡᠬᠦᠯᠵᠦ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠲᠦᠭᠰᠢᠭᠦᠷᠢ ᠶᠢ ᠰᠤᠳᠤᠯᠤᠨ | ᠮᠠᠭᠠᠳᠯᠠᠬᠤ᠂ ᠰᠡᠷᠭᠡᠶᠢᠯᠡᠨ ᠡᠵᠡᠮᠳᠡᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠨᠡᠪᠴᠢᠯᠳᠠ | ᠨᠤᠷᠠᠭᠠᠯᠳᠠ ᠡᠪᠳᠡᠯᠡᠭᠡ ᠶᠢᠨ ᠠᠵᠢᠯᠯᠠᠭ᠎ᠠ᠂ ᠬᠦᠴᠦᠷᠭᠡᠭᠯᠡᠯ ᠰᠦᠷᠳᠡᠬᠦᠯᠦᠯ ᠤᠨ ᠠᠵᠢᠯᠯᠠᠭ᠎ᠠ᠂ ᠦᠨᠳᠦᠰᠥᠲᠡᠨ ᠢ | ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠭᠡᠳᠦᠷᠡᠮᠡᠭᠡᠢ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ | ᠴᠤᠬᠢᠯᠳᠠ ᠦᠭᠭᠦᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠷᠠᠭᠤᠯᠵᠤ᠂ | ᠪᠦᠬᠦ ᠤᠯᠤᠰ ᠤᠨ ᠬᠤᠶᠠᠷ ᠢ ᠬᠦᠷᠢᠶᠡᠯᠡᠭᠦ ᠵᠢᠱᠢᠶᠡᠴᠢ ᠬᠤᠲᠠ ᠶᠢ ᠴᠢᠷᠮᠠᠶᠢᠨ ᠡᠭᠦᠳᠴᠦ᠂ ᠤᠯᠤᠰ ᠤᠨ ᠠᠮᠤᠷ | ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ | ᠬᠤᠶᠠᠷ ᠲᠤ ᠦᠨᠳᠦᠰᠦᠲᠡᠨ ᠤ ᠪᠦᠯᠬᠦᠮᠳᠡᠯ ᠤᠨ ᠶᠡᠭᠡ ᠪᠠᠶᠢᠲᠠᠯ ᠢ ᠡᠷᠡᠰ ᠬᠠᠮᠠᠭᠠᠯᠠᠬᠤ ᠬᠡᠷᠡᠭᠲᠡᠢ᠃ ᠶᠡᠷᠦᠩᠬᠡᠶ | ᠱᠦᠵᠢ ᠰᠢ ᠶᠢᠨ ᠫᠢᠩ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠢ ᠪᠤᠯᠭᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ | ᠬᠦᠲᠦᠯᠪᠦᠷᠢ︾ ᠪᠤᠯᠭᠠᠵᠤ᠂ ᠭᠤᠤᠯ ᠰᠢᠵᠢᠮ ᠪᠣᠯᠭᠠᠵᠤ᠂ ︽ᠭᠤᠣᠯ ᠡᠰᠢ︾ ᠪᠣᠯᠤᠨ ︽ᠰᠠᠯᠠᠭ᠎ᠠ ᠮᠥᠴᠢᠷ︾ ᠤᠨ | ᠬᠠᠷᠢᠴᠠᠭ᠎ᠠ᠂ ᠨᠡᠶᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠣᠨᠣᠪᠴᠢᠲᠠᠶ ᠡᠵᠡᠮᠰᠢᠵᠦ᠂ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ | ᠢᠷᠠᠭᠤ ᠠᠯᠳᠠᠷ ᠢᠶᠠᠨ ᠦᠨᠡᠨ ᠬᠦ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ᠂ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠬᠥᠮᠦᠵᠢᠯ ᠢ ᠠᠷᠠᠳ ᠠᠷᠠᠳ ᠤᠨ ᠬᠥᠮᠦᠵᠢᠯ᠂ ᠺᠠᠳ᠋ᠷ ᠤᠨ ᠬᠥᠮᠦᠵᠢᠯ᠂ ᠨᠡᠶᠢᠭᠡᠮ ᠤᠨ ᠬᠥᠮᠦᠵᠢᠯ | ᠤᠨ ᠪᠦᠬᠦ ᠶᠠᠪᠤᠴᠠ ᠳᠤ ᠣᠷᠣᠭᠤᠯᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠰᠤᠷᠭᠠᠨ ᠬᠦᠮᠦᠵᠢᠬᠦᠯᠦᠨ ᠬᠥᠳᠤᠯᠤᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠥᠪ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ | ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ︽ | ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ︽ᠲᠠᠪᠤᠨ ᠢᠵᠢᠯᠰᠢᠯ︾ | ᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭᠠᠨ ᠤ ᠳᠤᠷ᠎ᠠ | ᠰᠣᠨᠢᠷᠬᠠᠯ᠂ ᠠᠮᠢᠳᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠣᠳᠣᠬᠢᠴᠢᠯᠠᠯᠲᠠ ᠵᠦᠭ ᠤᠷᠤᠭᠰᠢᠯᠠᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ | ᠬᠢᠨᠠᠮᠠᠭᠠᠶ ᠰᠠᠶᠢᠲᠤᠷ ᠬᠢᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ | ᠦᠨᠳᠦᠰᠦᠲᠡᠨ ᠤ ᠭᠠᠵᠠᠷ ᠣᠷᠣᠨ ᠤ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠠᠩ ᠲᠥᠪ ᠭᠤᠤᠯᠴᠢ ᠴᠢᠨᠠᠷ | ᠰᠠᠶᠢᠲᠠᠶ ᠰᠤᠷᠭᠠᠨ ᠬᠥᠮᠦᠵᠢᠯ ᠬᠦᠷᠲᠡᠭᠡᠵᠦ᠂ ᠬᠠᠮᠲᠤ ᠶᠢᠨ ᠬᠦᠰᠡᠯᠡᠩ ᠪᠠ ᠬᠠᠮᠲᠤ ᠶᠢᠨ ᠰᠣᠶᠣᠯ ᠤᠨ ᠰᠠᠭᠤᠷᠢ | ᠪᠦᠬᠦᠢ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ᠎ᠡ᠃ | ᠭᠤᠷᠪᠠ ᠳᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠪᠦᠰᠡ ᠶᠢᠨ ᠨᠡᠶᠢᠭᠡᠮ | ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠠᠬᠢᠭᠤᠯᠵᠤ᠂ ︽ᠨᠢᠭᠡ | ᠵᠡᠭᠡᠯᠢ ᠨᠢᠭᠡ ᠨᠠᠮᠪᠠ ᠨᠢᠭᠡ ᠣᠨᠴᠠᠯᠢᠭ︾ ᠤᠨ ᠨᠡᠶᠢᠭᠡᠮ ᠤᠨ ᠵᠠᠰᠠᠯᠲᠠ ᠶᠢᠨ ᠨᠡᠷᠡᠳᠤ ᠲᠡᠮᠲᠡᠭᠲᠦ ᠶᠢᠨ ᠲᠡᠰ ᠢ | ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ | ᠰᠢᠨ᠎ᠡ ᠪᠠᠶᠢᠳᠠᠯ ᠢ ᠪᠤᠢ ᠪᠤᠯᠭᠠᠬᠤ ᠶᠢ ᠠᠬᠢᠭᠤᠯᠤᠨ᠎ᠠ᠃ ︽ᠠᠮᠤᠷ ᠠᠮᠤᠭᠤᠯᠠᠩ ᠰᠢᠯᠢ ᠶᠢᠨ ᠬᠤᠳᠠ︾ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠪᠦᠷᠢᠨᠰᠢᠬᠦᠯᠤᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠴᠦ᠂ ᠠᠮᠢᠨ ᠬᠡᠷᠡᠭ ᠡᠭᠦᠰᠬᠦ ᠶᠢ ᠪᠦᠲᠦᠮᠵᠢᠲᠠᠢ ᠬᠤᠷᠢᠭᠯᠠᠨ ᠪᠠᠭᠠᠰᠬᠠᠨ᠎ᠠ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ᠂ ᠡᠯ᠎ᠡ ᠲᠥᠷᠥᠯ ᠤᠨ ᠡᠶᠡᠳᠡᠬᠦᠯᠦᠨ | ᠬᠤᠯᠪᠤᠨ ᠬᠦᠳᠡᠯᠦᠯᠴᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠥᠷᠢᠴᠡᠯ ᠢ ᠡᠬᠢ | ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠲᠠ ᠬᠠᠤᠯᠢ | ᠬᠡᠷᠡᠭᠵᠢᠭᠦᠯᠤᠯᠲᠠ ᠶᠢ ᠴᠢᠩᠭᠠᠳᠬᠠᠵᠤ᠂ ᠠᠶᠤᠯ ᠦᠭᠡᠶ ᠦᠢᠯᠡᠳᠪᠦᠷᠢᠯᠡᠯ ᠤᠨ ᠠᠳᠡᠯ ᠢ ᠡᠷᠡᠰ ᠬᠤᠷᠢᠭᠯᠠᠨ᠎ᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠭᠠᠯᠢ | ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠲᠠᠢ ᠲᠡᠮᠡᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠶᠤᠰᠤᠭᠠᠷ ᠬᠤᠲᠠ | ᠶᠢ ᠵᠠᠰᠠᠬᠤ ᠶᠢ ᠭᠦᠨᠵᠡᠭᠡᠢ ᠠᠬᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ | ᠬᠡᠷᠡᠭᠵᠢᠭᠦᠯᠬᠦ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ | ᠪᠠᠶᠢᠭᠤᠯᠭ᠎ᠠ ᠶᠢᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ | ᠢ ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ ᠪᠠᠷ ᠵᠠᠰᠠᠬᠤ | ᠰᠠᠶᠢᠨᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠨ᠎ᠠ᠃ | ᠲᠦᠷᠪᠡ ᠳᠤ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠦᠷᠦ ᠶᠢ ᠪᠠᠬᠢᠵᠢᠭᠦᠯᠦᠨ ᠬᠥᠭᠵᠢᠭᠦᠯᠦᠨ᠎ᠡ᠃ ᠨᠠᠮ | ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ | ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠦᠷᠦ ᠶᠢᠨ | ᠳᠦᠷᠢᠮᠵᠢᠯᠲᠡ᠂ ᠵᠢᠷᠤᠮᠵᠢᠯᠲᠠ ᠶᠢ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ | ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠴᠢᠬᠤᠯᠠ ᠶᠡᠭᠡ ᠬᠡᠷᠡᠭ ᠶᠠᠪᠤᠳᠠᠯ ᠢ ᠶᠠᠷᠢᠯᠴᠠᠨ | ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠳᠠᠮᠵᠢᠨ ᠪᠠᠲᠤᠯᠠᠨ᠎ᠠ᠃ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠨᠠᠯ | ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠦᠪᠰᠢᠨ ᠢ | ᠳᠡᠭᠡᠭᠰᠢᠯᠡᠭᠦᠯᠦᠨ᠎ᠡ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ ᠪᠠ ᠨᠠᠮ ᠪᠦᠯᠦᠭ ᠤᠨ ᠪᠤᠰᠤ | ᠲᠥᠯᠥᠭᠡᠯᠡᠭᠴᠢ ᠬᠥᠮᠦᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠠᠳᠠᠨᠠᠬᠢ ᠰᠡᠬᠡᠭᠡᠲᠡᠨ ᠪᠠ | ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠲᠤᠬᠠᠢ ᠠᠵᠢᠯ ᠤᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠵᠤ᠂ ᠱᠠᠰᠢᠨ ᠰᠤᠷᠲᠠᠬᠤᠨ ᠢ ᠢᠳᠡᠪᠬᠢᠳᠠᠢ ᠬᠦᠲᠦᠯᠦᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ | ᠯᠦᠭᠡ ᠵᠤᠬᠢᠴᠠᠭᠤᠯᠤᠨ᠎ᠠ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ | ᠴᠢᠩᠭᠠᠳᠬᠠᠵᠤ᠂ ᠬᠠᠷᠢᠯᠴᠠᠭ᠎ᠠ ᠨᠢ ᠦᠷᠭᠡᠨ ᠲᠡᠯᠭᠡᠷ᠂ ᠤᠯᠠᠨ ᠲᠦᠮᠡᠨ ᠳᠤ ᠦᠢᠯᠡᠴᠢᠯᠡᠬᠦ ᠤᠯᠠᠨ ᠲᠦᠮᠡᠨ ᠤ | ᠪᠦᠯᠬᠦᠮ ᠤᠨ ᠠᠵᠢᠯ ᠤᠨ ᠰᠢᠰᠲ᠋ᠧᠮ ᠢ ᠪᠦᠷᠢᠨᠰᠢᠬᠦᠯᠤᠨ᠎ᠠ᠃ | ︵ᠨᠠᠢᠮᠠ︶ ᠨᠠᠮ ᠢ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠴᠢᠩᠭ᠎ᠠ ᠵᠠᠰᠠᠵᠤ᠂ ᠰᠢᠨ᠎ᠡ ᠴᠠᠭ ᠦᠶ᠎ᠡ ᠳᠤ ᠡᠮᠤᠨ᠎ᠠ | ᠡᠩᠨᠡᠭᠡᠨ ᠳᠤ ᠤᠷᠤᠬᠤ᠂ ᠰᠢᠨ᠎ᠡ ᠠᠶᠠᠨ ᠵᠠᠮ ᠳᠤ ᠵᠣᠷᠢᠭᠲᠠᠢ ᠪᠠᠷ ᠬᠤᠰᠢᠭᠤᠴᠢ ᠴᠡᠷᠢᠭ ᠪᠣᠯᠬᠤ ᠳᠤ ᠪᠠᠲᠤ ᠴᠢᠩᠭ᠎ᠠ | ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠰᠢᠨ᠎ᠠ ᠡᠭᠢᠯᠠᠯᠳᠠ ᠶᠢᠨ ᠴᠡᠭ ᠳᠡᠭᠡᠷ᠎ᠡ ᠵᠤᠬᠰᠤᠨ᠂ ᠰᠢᠨ᠎ᠡ | ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠨᠠᠮ | ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠬᠦᠭ ᠠᠶᠠᠰ ᠢ ᠪᠠᠷᠢᠮᠲᠠᠯᠠᠨ᠂ ᠨᠠᠮ ᠢ ᠬᠠᠮᠢᠶᠠᠷᠬᠤ ᠨᠠᠮ ᠢ ᠵᠠᠰᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ | ᠬᠦᠨᠵᠡᠭᠡᠶᠢᠷᠡᠨ ᠬᠦᠭᠵᠢᠬᠦ ᠶᠢ ᠠᠬᠢᠭᠤᠯᠬᠤ ᠬᠡᠷᠡᠭᠲᠡᠢ᠃ | ᠨᠢᠭᠡ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠪᠣᠯ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ | ᠶᠢᠨ ᠨᠠᠮ ᠪᠣᠯᠤᠭᠰᠠᠨ ᠤ ᠬᠤᠪᠢ ᠳᠠᠬᠢ ᠦᠨᠳᠦᠰᠦᠨ ᠱᠠᠭᠠᠷᠳᠠᠯᠭ᠎ᠠ ᠮᠥᠨ᠃ ᠨᠠᠮ ᠤᠨ ᠭᠡᠰᠢᠭᠦᠨ ᠺᠠᠳ᠋ᠷ | ᠪᠣᠯᠤᠭᠰᠠᠨ ᠤ ᠬᠤᠪᠢ ᠳᠤ᠂ ᠡᠩ ᠲᠡᠷᠢᠭᠦᠨ ᠳᠤ ᠤᠯᠤᠰ ᠲᠥᠷᠥ ᠶᠢᠨ ᠲᠠᠯ᠎ᠠ ᠪᠠᠷ ᠯᠠᠪᠳᠠᠭᠤᠨ ᠪᠠᠲᠤᠲᠠᠶ᠂ | ᠨᠠᠶᠢᠳᠠᠪᠤᠷᠢᠲᠠᠶ ᠪᠠᠶᠢᠬᠤ ᠬᠡᠷᠡᠭᠲᠡᠶ᠃ ᠪᠢᠳᠡ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ | ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ | ᠢ ᠴᠢᠩᠭ᠎ᠠ ᠵᠢᠷᠤᠮᠯᠠᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ | ᠤᠯᠤᠰ ᠲᠥᠷᠥ ᠶᠢᠨ ᠬᠥᠢᠴᠡᠳᠭᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ | ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠤᠨ᠂ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ | ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ | ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠤᠯᠤᠰ ᠲᠦᠷᠦ ᠶᠢᠨ | ᠵᠣᠭᠰᠣᠯᠲᠠ ᠪᠠᠨ ᠪᠠᠲᠤᠳᠬᠠᠵᠤ᠂ ᠤᠬᠠᠮᠰᠠᠷ ᠠᠴᠠ ᠪᠠᠨ ᠨᠠᠮ ᠤᠨ ᠲᠤᠭ ᠢᠶᠠᠷ ᠲᠤᠭ ᠪᠠᠨ ᠪᠣᠯᠭᠠᠵᠤ᠂ ᠨᠠᠮ ᠤᠨ | ᠴᠢᠭᠯᠡᠯ ᠢᠶᠠᠷ ᠴᠢᠭᠯᠡᠯ ᠢᠶᠠᠨ ᠪᠣᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠣᠯᠭᠠᠵᠤ᠂ ᠨᠠᠮ ᠤᠨ | ᠲᠦᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠵᠤ᠂ ᠨᠠᠮ ᠤᠨ ᠲᠦᠪ ᠬᠤᠷᠢᠶᠠᠨ ᠤ | ᠲᠤᠭᠲᠠᠭᠠᠭᠰᠠᠨ ᠵᠦᠢᠯ ᠢ ᠡᠷᠡᠰ ᠬᠡᠷᠡᠭᠵᠢᠭᠦᠯᠦᠨ᠂ ᠨᠠᠮ ᠤᠨ ᠲᠦᠪ ᠬᠤᠷᠢᠶᠠᠨ ᠤ ᠴᠠᠭᠠᠵᠠᠯᠠᠭᠰᠠᠨ ᠵᠦᠢᠯ ᠢ ᠤᠭᠲᠤ | ᠬᠢᠬᠦ ᠦᠭᠡᠢ ᠪᠠᠶᠢᠵᠤ᠂ ᠶᠠᠮᠠᠷᠪᠡ ᠦᠶ᠎ᠠ ᠳᠤ ᠭᠡᠳ ᠴᠦᠮ ᠨᠠᠮ ᠯᠤᠭ᠎ᠠ ᠰᠠᠨᠠᠭ᠎ᠠ ᠵᠤᠷᠢᠭ ᠢᠶᠠᠨ ᠨᠢᠭᠡᠳᠭᠡᠬᠦ ᠬᠡᠷᠡᠭᠳᠠᠢ︔ | ᠤᠯᠤᠰ ᠲᠦᠷᠦ ᠶᠢᠨ ᠰᠤᠨᠤᠷ ᠰᠡᠷᠡᠮᠵᠢ ᠪᠠᠨ ᠪᠠᠳᠤᠯᠠᠨ᠂ ᠺᠠᠳ᠋ᠷ ᠤᠨ ᠤᠯᠤᠰ ᠲᠦᠷᠦ ᠶᠢᠨ ᠢᠯᠡᠷᠡᠯ ᠤᠨ ᠨᠠᠵᠠᠭᠠᠢ | ᠲᠠᠯ᠎ᠠ ᠶᠢᠨ ᠲᠤᠳᠤᠷᠬᠠᠢ ᠬᠠᠭᠤᠳᠡᠰᠤ ᠶᠢᠨ ᠲᠦᠷᠢᠮ ᠢ ᠪᠠᠶᠢᠭᠤᠯᠵᠤ᠂ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ | ᠴᠢᠨᠠᠷᠲᠠᠢ ᠠᠰᠠᠭᠤᠳᠠᠯ ᠲᠤᠮᠳᠠ ᠠᠴᠠ ᠤᠯᠤᠰ ᠲᠦᠷᠦ ᠶᠢᠨ ᠰᠢᠨᠵᠢ ᠪᠠᠶᠢᠳᠠᠯ ᠢ ᠢᠯᠡᠷᠡᠭᠦᠯᠬᠦ ᠳᠡᠭᠡᠨ ᠴᠢᠳᠠᠮᠠᠭᠠᠢ | ᠪᠠᠶᠢᠵᠤ᠂ ᠲᠦᠪᠡᠭ ᠪᠤᠳᠤᠯᠢᠶᠠᠨᠲᠠᠢ ᠵᠥᠷᠢᠴᠡᠯ ᠤᠨ ᠬᠠᠷᠢᠴᠠᠭ᠎ᠠ ᠲᠤᠮᠳᠠ ᠠᠴᠠ ᠤᠯᠤᠰ ᠲᠦᠷᠦ ᠶᠢᠨ ᠯᠣᠭᠢᠭ ᠢ | ᠡᠵᠡᠮᠰᠢᠬᠦ ᠳᠡᠭᠡᠨ ᠴᠢᠳᠠᠮᠠᠭᠠᠢ ᠪᠠᠶᠢᠵᠤ᠂ ᠤᠬᠠᠮᠰᠠᠷ ᠠᠴᠠ ᠪᠠᠨ ᠤᠯᠤᠰ ᠲᠦᠷᠤ ᠶᠢᠨ ᠲᠠᠯ᠎ᠠ ᠪᠠᠷ ᠬᠢ ᠰᠡᠴᠡᠨ | ᠬᠦᠮᠦᠨ ᠪᠤᠯᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠡᠬᠦᠳᠡᠭ ᠴᠡᠭᠡᠵᠢᠨ | ᠳᠡᠭᠡᠨ ︽ᠬᠤᠶᠠᠷ ᠶᠡᠭᠡ ᠲᠠᠯ᠎ᠠ︾ ᠶᠢ ᠪᠤᠳᠤᠯᠬᠢᠯᠠᠨ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ | ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠠᠵᠢᠯ ᠢᠶᠠᠨ ᠲᠦᠰᠦᠪᠯᠡᠨ ᠠᠬᠢᠭᠤᠯᠵᠤ᠂ ᠬᠦᠴᠢᠷ | ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠡᠨ ᠬᠦ | ᠠᠳᠬᠤᠨ ᠪᠣᠳᠠᠲᠠᠢ ᠠᠵᠢᠯᠯᠠᠬᠤ ᠳᠤᠮᠳᠠ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ | ᠬᠤᠶᠠᠷ ᠲᠤ ᠬᠥᠨᠵᠡᠭᠡᠢ ᠰᠤᠷᠤᠯᠴᠠᠨ ᠨᠠᠷᠢᠯᠢᠬ ᠤᠬᠠᠵᠤ ᠦᠵᠡᠯ ᠰᠠᠨᠠᠭᠠᠨ ᠤ ᠦᠨᠳᠤᠰᠤ ᠰᠠᠭᠤᠷᠢ ᠶᠢ | ᠪᠠᠬᠢᠵᠢᠬᠦᠯᠤᠨ᠎ᠠ᠃ ᠦᠵᠡᠯ ᠰᠠᠨᠠᠭᠠᠨ ᠤ ᠪᠠᠶᠢᠭᠤᠯᠤᠯᠲᠠ ᠪᠣᠯ ᠨᠠᠮ ᠤᠨ ᠰᠠᠭᠤᠷᠢᠴᠢ ᠴᠢᠨᠠᠷᠲᠠᠢ ᠪᠠᠶᠢᠭᠤᠯᠤᠯᠲᠠ ᠮᠥᠨ | ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠲᠡᠭᠦᠨ ᠤ ᠡᠯᠪᠡᠭ ᠪᠠᠶᠠᠯᠢᠭ ᠠᠭᠤᠯᠤᠭᠳᠠᠬᠤᠨ᠂ ᠴᠢᠬᠤᠯᠠ ᠠᠭᠤᠯᠭ᠎ᠠ᠂ ᠦᠢᠯᠡᠳᠦᠯᠭᠡ | ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠡᠬᠦᠨ ᠤ ᠳᠤᠮᠳᠠ ᠠᠴᠠ ᠲᠠᠷᠬᠠᠨ ᠬᠠᠷᠢᠭᠤᠴᠠᠯᠭ᠎ᠠ | ᠪᠠᠨ ᠮᠡᠳᠡᠵᠤ᠂ ᠢᠲᠡᠭᠡᠯ ᠵᠣᠷᠢᠭ ᠢᠶᠠᠨ ᠪᠠᠳᠤᠳᠬᠠᠨ᠂ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠮᠠᠷᠺᠰ ᠤᠨ | ᠦᠵᠡᠯ ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ | ᠦᠨᠡᠨ ᠬᠦ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠰᠢ ᠶᠢᠨ | ᠫᠢᠩ ᠶᠡᠷᠦᠩᠬᠡᠢ ᠱᠦᠵᠢ ᠶᠢᠨ ︽ᠳᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ | ᠬᠦᠳᠦᠯᠦᠨ ᠳᠠᠭᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠠᠳᠬᠤᠵᠤ᠂ ᠵᠠᠭᠤᠨ ᠵᠢᠯ ᠤᠨ ᠨᠠᠮ ᠤᠨ ᠲᠡᠦᠬᠡ ᠪᠣᠯᠤᠨ ᠨᠠᠮ ᠤᠨ ᠰᠢᠨ᠎ᠡ ᠶᠢ ᠡᠭᠦᠳᠬᠦ ᠤᠨᠤᠯ ᠢ | ᠨᠡᠪᠳᠡᠷᠡᠳᠡᠯ᠎ᠠ ᠰᠤᠷᠤᠯᠴᠠᠵᠦ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠵᠠᠯᠭᠠᠮᠵᠢᠯᠠᠨ | ᠪᠠᠳᠠᠷᠠᠭᠤᠯᠬᠤ ᠪᠠᠷ ᠵᠣᠷᠢᠭ ᠰᠢᠢᠳᠴᠤ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠢᠲᠡᠭᠡᠯ ᠵᠤᠷᠢᠬ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠲᠤᠬᠠᠢ ᠢᠲᠡᠭᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠲᠡᠦᠬᠡ ᠶᠢ | ᠰᠤᠷᠤᠯᠴᠠᠨ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠨ | ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠨ ᠪᠤᠳᠠᠳᠠᠢ ᠳᠤ ᠦᠢᠯᠡᠳᠤᠯᠭᠡᠵᠢᠬᠦᠯᠬᠦ ᠶᠢ ᠪᠡᠶᠡᠯᠡᠬᠦᠯᠵᠦ᠂ ᠨᠠᠮ ᠳᠠᠭᠠᠨ | ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠪᠤᠶᠠᠨ ᠦᠢᠯᠡᠳᠬᠦ᠂ ᠪᠡᠶ᠎ᠡ ᠪᠠᠨ ᠴᠢᠩᠭ᠎ᠠ ᠱᠠᠭᠠᠷᠳᠠᠬᠤ ᠮᠤᠷᠠᠯ | ᠰᠤᠷᠲᠠᠯ ᠢ ᠬᠦᠨᠵᠡᠭᠡᠢ ᠪᠤᠢ ᠪᠣᠯᠭᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠤᠨ | ᠳᠣᠲᠣᠭᠠᠳᠤ ᠶᠢᠨ ᠪᠠᠶᠢᠩᠭᠤ ᠶᠢᠨ ᠴᠢᠨᠠᠷᠲᠠᠶ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ | ᠺᠠᠳ᠋ᠷᠴᠤᠳ ᠤᠨ ᠤᠨᠤᠯ ᠤᠨ ᠬᠡᠪ ᠪᠣᠯᠪᠠᠰᠤᠷᠠᠯ ᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠰᠡᠳᠬᠢᠯ ᠳᠡᠭᠡᠨ ᠨᠠᠮ | ᠢᠶᠠᠨ ᠪᠤᠳᠤᠬᠤ᠂ ᠰᠡᠳᠬᠢᠯ ᠳᠡᠭᠡᠨ ᠠᠷᠠᠳ ᠲᠦᠮᠡᠨ ᠢ ᠪᠤᠳᠤᠬᠤ᠂ ᠰᠡᠳᠬᠢᠯ ᠳᠡᠭᠡᠨ ᠬᠠᠷᠢᠭᠤᠴᠠᠯᠭ᠎ᠠ ᠲᠠᠢ᠂ ᠰᠡᠳᠬᠢᠯ | ᠳᠡᠭᠡᠨ ᠴᠡᠭᠡᠷ ᠲᠠᠢ ᠪᠠᠶᠢᠬᠤ ᠶᠢ ᠪᠡᠶᠡᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ | ᠦᠷᠭᠦᠯᠵᠢᠯᠡᠨ ᠪᠤᠵᠠᠭᠠᠶᠢᠷᠠᠭᠤᠯᠵᠤ᠂ ᠶᠠᠷᠢᠶ᠎ᠠ ᠬᠡᠯᠡᠯᠴᠡᠭᠡᠨ ᠤ ᠠᠵᠢᠯᠯᠠᠭᠠᠨ ᠤ ᠭᠠᠵᠠᠷ ᠢ ᠲᠠᠰᠤᠷᠠᠯᠲᠠ ᠥᠬᠡᠶ | ᠪᠠᠬᠢᠵᠢᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ | ᠨᠠᠮ ᠤᠨ ᠦᠵᠡᠯ ᠤᠬᠠᠮᠰᠠᠷ ᠤᠨ ᠬᠡᠯᠪᠡᠷᠢ ᠶᠢ ᠨᠠᠩ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ | ᠳᠠᠭᠠᠭᠤᠯᠬᠤ ᠬᠦᠴᠦᠨ ᠲᠠᠢ ᠪᠣᠯᠭᠠᠨ᠎ᠠ᠃ | ᠭᠤᠷᠪᠠ ᠳᠤ ᠢᠯᠡ ᠲᠤᠲᠤᠷᠬᠠᠢ ᠪᠠᠷ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠨ᠎ᠠ᠃ | ᠢᠷᠡᠭᠡᠳᠦᠶ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ ᠳᠤ ᠨᠢᠭᠡᠨ ᠪᠦᠯᠦᠭ ᠬᠠᠲᠠᠭᠤ | ᠳᠠᠭᠠᠭᠠᠮᠠᠭᠠᠶ᠂ ᠨᠡᠷ᠎ᠡ ᠨᠢᠲᠡᠷ ᠲᠡᠭᠡᠨ ᠲᠡᠩᠴᠡᠭᠰᠡᠨ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠺᠠᠳ᠋ᠷ ᠤᠨ | ᠡᠩᠨᠡᠭᠡ ᠲᠠᠢ ᠪᠠᠶᠢᠬᠤ ᠬᠡᠷᠡᠭᠲᠡᠶ᠃ ᠪᠢᠳᠡ ᠺᠠᠳ᠋ᠷ ᠢ ᠰᠣᠩᠭᠤᠨ ᠬᠡᠷᠡᠭᠯᠡᠬᠦ ᠳᠡᠭᠡᠨ ᠤᠯᠤᠰ ᠲᠦᠷᠦ ᠶᠢᠨ ᠪᠠᠷᠢᠮᠵᠢᠶ᠎ᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠣᠩᠭᠤᠨ ᠬᠡᠷᠡᠭᠯᠡᠭᠰᠡᠨ ᠺᠠᠳ᠋ᠷ ᠨᠢ ᠡᠷᠬᠡᠪᠰᠢ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠪᠠᠲᠤ ᠰᠠᠬᠢᠵᠤ᠂ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠡᠷᠡᠰ ᠬᠦᠴᠦᠲᠡᠢ ᠪᠠᠶᠢᠵᠤ᠂ ᠲᠤᠮᠤ ᠬᠡᠷᠡᠭ ᠶᠠᠪᠤᠲᠠᠯ | ᠶᠢᠨ ᠡᠮᠦᠨ᠎ᠡ ᠪᠠᠲᠤ ᠴᠢᠩᠭ᠎ᠠ ᠵᠣᠭᠰᠣᠯᠲᠠ ᠲᠠᠢ᠂ ᠲᠤᠭ ᠲᠡᠮᠳᠡᠭ ᠲᠣᠳᠣᠷᠬᠠᠢ ᠪᠠᠶᠢᠬᠤ ᠬᠡᠷᠡᠭᠲᠡᠢ᠃ ᠬᠠᠷᠢᠭᠤᠴᠠᠯᠭ᠎ᠠ | ᠡᠭᠦᠷᠭᠡᠯᠡᠬᠦ ᠶᠢ ᠡᠷᠬᠢᠮᠯᠡᠬᠦ᠂ ᠪᠣᠳᠠᠲᠠᠶ ᠠᠵᠢᠯᠯᠠᠬᠤ ᠶᠢ ᠠᠩᠬᠠᠷᠬᠤ᠂ ᠪᠤᠲᠠᠲᠤ ᠪᠦᠲᠦᠮᠵᠢ ᠶᠢ ᠴᠢᠬᠤᠯᠠᠴᠢᠯᠠᠬᠤ ᠢᠯᠡ | ᠲᠣᠳᠣ ᠤᠳᠤᠷᠢᠳᠤᠮᠵᠢ ᠶᠢ ᠪᠠᠲᠤ ᠪᠤᠶ ᠪᠣᠯᠭᠠᠵᠤ᠂ ᠤᠳᠤᠷᠢᠳᠬᠤ ᠺᠠᠳ᠋ᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠤᠬᠲᠠᠴᠠ ᠪᠣᠯᠤᠨ ᠺᠠᠳ᠋ᠷ ᠢ ᠬᠢᠨᠠᠨ ᠦᠨᠡᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠪᠠᠷ ᠲᠠᠮᠵᠢᠨ᠂ ᠪᠦᠬᠦ ᠲᠠᠯ᠎ᠠ ᠪᠠᠷ ᠪᠤᠰᠤᠳᠴᠢ ᠪᠠᠷ ᠦᠨᠡᠯᠡᠵᠦ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠭᠰᠠᠨ᠂ ᠪᠣᠳᠠᠲᠤ ᠠᠮᠵᠢᠯᠲᠠ ᠪᠠᠷ ᠳᠤᠪᠤᠶᠢᠮ᠎ᠠ ᠤᠯᠠᠨ | ᠲᠦᠮᠡᠨ ᠳᠤ ᠮᠡᠳᠡᠷᠡᠭᠳᠡᠭᠰᠡᠨ ᠺᠠᠳ᠋ᠷ᠂ ᠴᠢᠬᠤᠯᠠ ᠶᠡᠭᠡ ᠲᠡᠮᠡᠴᠡᠯ ᠤᠨ ᠦᠢᠯᠡᠳᠦᠯᠭᠡ ᠶᠢᠨ ᠳᠤᠮᠳᠠ ᠬᠠᠷᠢᠭᠤᠴᠠᠯᠭ᠎ᠠ | ᠡᠭᠦᠷᠭᠡᠯᠡᠨ ᠠᠵᠢᠯ ᠢᠶᠠᠨ ᠰᠠᠶᠢᠲᠤᠷ ᠬᠢᠭᠰᠡᠨ᠂ ᠰᠢᠯᠭᠠᠯᠲᠠ ᠶᠢ ᠳᠠᠭᠠᠭᠠᠭᠰᠠᠨ ᠺᠠᠳ᠋ᠷ᠂ ᠠᠵᠢᠯ ᠳᠠᠭᠠᠨ ᠴᠠᠭᠠᠷᠠᠭᠰᠠᠨ | ᠯᠠᠪᠳᠠᠭᠤᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠷ ᠴᠢᠩᠭ᠎ᠠ ᠺᠠᠳ᠋ᠷ ᠢ ᠦᠨᠡᠨ ᠬᠦ ᠰᠣᠩᠭᠤᠨ | ᠬᠡᠷᠡᠭᠯᠡᠵᠦ᠂ ᠴᠢᠰᠤ ᠬᠥᠯᠥᠰᠥ ᠪᠠᠨ ᠤᠷᠤᠰᠬᠠᠭᠰᠠᠨ ᠺᠠᠳ᠋ᠷ ᠢ ᠶᠠᠭᠠᠬᠢᠭᠰᠠᠨ ᠴᠤ ᠨᠢᠯᠪᠤᠰᠤ ᠤᠨᠠᠭᠠᠵᠤ ᠪᠣᠯᠬᠤ ᠦᠭᠡᠢ᠃ | ᠡᠭᠦᠨ ᠤ ᠬᠠᠮᠲᠤ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ ᠡᠷᠡᠰ ᠰᠠᠶᠢᠲᠤᠷ | ᠨᠠᠶᠢᠳᠠᠪᠤᠷᠢᠵᠢᠭᠤᠯᠵᠤ᠂ ᠺᠠᠳ᠋ᠷ ᠨᠢ ᠠᠵᠢᠯ ᠦᠢᠯᠡᠰ ᠲᠡᠭᠡᠨ ᠬᠠᠷᠢᠭᠤᠴᠠᠯᠭ᠎ᠠ ᠡᠭᠦᠷᠭᠡᠯᠡᠬᠦ᠂ ᠵᠣᠬᠢᠶᠠᠨ ᠪᠠᠶᠢᠭᠤᠯᠤᠯᠲᠠ | ᠠᠴᠠ ᠺᠠᠳ᠋ᠷ ᠲᠤ ᠦᠮᠦᠭ ᠲᠦᠰᠢᠭ ᠪᠣᠯᠬᠤ ᠰᠠᠶᠢᠨ ᠨᠦᠬᠦᠴᠡᠯᠳᠤᠯ ᠢ ᠪᠤᠢ ᠪᠤᠯᠭᠠᠨ᠎ᠠ᠃ ᠴᠢᠳᠠᠪᠤᠷᠢᠲᠠᠨ ᠢᠶᠠᠷ | ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠲᠦᠷᠭᠡᠯᠡᠨ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠳᠬᠤᠵᠤ᠂ ᠨᠢᠭᠡ ᠪᠦᠯᠦᠭ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠰᠦᠪᠯᠡᠨ | ᠬᠡᠷᠡᠭᠵᠢᠭᠦᠯᠵᠦ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ | ᠪᠠᠲᠤᠯᠠᠭ᠎ᠠ ᠬᠠᠩᠭᠠᠨ᠎ᠠ᠃ ᠵᠠᠯᠠᠭᠤ ᠺᠠᠳ᠋ᠷ ᠢ ᠰᠢᠯᠢᠨ ᠳᠡᠪᠰᠢᠭᠦᠯᠵᠦ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ | ᠰᠢᠯᠢᠳᠡᠭ ᠵᠠᠯᠠᠭᠤ ᠺᠠᠳ᠋ᠷ ᠢ ᠦᠨᠳᠦᠰᠦᠨ ᠱᠠᠲᠤᠨ ᠤ ᠡᠮᠦᠨ᠎ᠡ ᠹᠷᠣᠨᠲ ᠪᠠ ᠪᠡᠷᠬᠡ ᠬᠠᠲᠠᠭᠤᠵᠢᠯᠲᠠᠢ ᠭᠠᠵᠠᠷ ᠣᠷᠣᠨ | ᠳᠤ ᠳᠠᠪᠲᠠᠨ ᠪᠣᠯᠪᠠᠰᠤᠷᠠᠭᠤᠯᠵᠤ᠂ ᠴᠢᠬᠤᠯᠠ ᠲᠤᠰᠢᠶᠠᠯ ᠤᠨ ᠪᠠᠶᠢᠷᠢ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ | ᠪᠣᠯᠪᠠᠰᠤᠷᠠᠭᠤᠯᠵᠤ᠂ ᠪᠦᠬᠦ ᠬᠤᠳᠠ ᠶᠢᠨ ᠢᠷᠡᠬᠦ ᠲᠠᠪᠤᠨ ᠵᠢᠯ ᠴᠢᠨᠠᠭᠰᠢᠯᠠᠨ ᠨᠡᠩ ᠤᠷᠳᠤ ᠬᠤᠭᠤᠴᠠᠭᠠᠨ ᠤ | ᠬᠥᠭᠵᠢᠯᠲᠡ ᠳᠤ ᠪᠡᠯᠡᠳᠬᠡᠯ ᠬᠦᠴᠦᠨ᠂ ᠵᠠᠯᠭᠠᠮᠵᠢᠯᠠᠭᠴᠢ ᠶᠢ ᠬᠥᠮᠦᠵᠢᠭᠦᠯᠵᠦ ᠥᠭᠭᠦᠨ᠎ᠡ᠃ | ᠳᠥᠷᠪᠡ ᠳᠤ ᠦᠨᠳᠦᠰᠦ ᠶᠢ ᠪᠠᠬᠢᠵᠢᠭᠦᠯᠦᠨ ᠰᠠᠭᠤᠷᠢ ᠶᠢ ᠴᠢᠩᠭᠠᠳᠬᠠᠵᠤ ᠦᠨᠳᠦᠰᠦᠨ ᠱᠠᠲᠤᠨ ᠤ ᠪᠠᠬᠢᠯᠡᠯᠲᠡ ᠶᠢ | ᠪᠠᠬᠢᠵᠢᠭᠦᠯᠤᠨ᠎ᠠ᠃ ᠨᠠᠮ ᠤᠨ ᠬᠦᠴᠦᠨ ᠴᠢᠳᠠᠯ ᠨᠢ ᠵᠣᠬᠢᠶᠠᠨ ᠪᠠᠶᠢᠭᠤᠯᠤᠯᠲᠠ ᠠᠴᠠ ᠢᠷᠡᠯᠲᠠᠢ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ᠂ ᠨᠠᠮ ᠤᠨ ᠪᠦᠬᠦ ᠠᠵᠢᠯ ᠢ ᠨᠠᠮ ᠤᠨ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠳᠤ ᠲᠦᠰᠢᠭᠯᠡᠨ ᠪᠡᠶᠡᠯᠡᠭᠦᠯᠳᠡᠭ ᠶᠤᠮ᠃ ᠪᠢᠳᠡ ᠦᠨᠳᠦᠰᠦᠨ ᠱᠠᠲᠤ ᠶᠢ ᠶᠡᠭᠡ ᠪᠠᠷ ᠠᠳᠬᠤᠬᠤ | ᠤᠳᠤᠷᠢᠳᠤᠮᠵᠢ ᠶᠢ ᠪᠠᠳᠤ ᠪᠤᠢ ᠪᠤᠯᠭᠠᠵᠤ᠂ ᠰᠠᠭᠤᠷᠢ ᠶᠢ ᠪᠥᠬᠦ ᠲᠠᠯ᠎ᠠ ᠪᠠᠷ ᠴᠢᠩᠭᠠᠳᠬᠠᠨ᠂ ᠰᠠᠶᠢᠵᠢᠷᠠᠯᠲᠠ ᠶᠢ | ᠠᠬᠢᠭᠤᠯᠬᠤ ᠪᠠᠷ ᠭᠤᠤᠯᠯᠠᠵᠤ᠂ ᠲᠥᠷᠥᠯ ᠵᠦᠢᠯ ᠢ ᠳᠣᠪᠤᠶᠢᠯᠭᠠᠨ ᠠᠳᠬᠤᠵᠤ᠂ ᠪᠥᠬᠦ ᠤᠯᠤᠰ ᠤᠨ ᠬᠤᠲᠠ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠰᠠᠶᠢᠲᠤᠷ ᠪᠥᠲᠥᠭᠡᠨ | ᠪᠠᠶᠢᠭᠤᠯᠬᠤ ᠪᠠᠷ ᠭᠠᠷᠳᠠᠴᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠨᠠᠮ ᠤᠨ ᠤᠯᠤᠰ ᠲᠥᠷᠥ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ | ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠪᠠ ᠨᠡᠶᠢᠭᠡᠮ ᠤᠨ ᠤᠷᠢᠶᠠᠯᠠᠬᠤ | ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ︽ᠠᠭᠤᠰᠤᠯᠴᠠᠯ ᠨᠠᠮ ᠤᠨ ᠪᠠᠶᠢᠭᠤᠯᠤᠯᠲᠠ︾ ᠶᠢᠨ | ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠵᠡᠭᠡᠯᠢ ᠭᠤᠳᠤᠮᠵᠢ ᠶᠢᠨ ︽ᠨᠠᠮ ᠤᠨ ᠠᠵᠢᠯᠯᠠᠬᠤ ᠲᠣᠮᠣ ᠵᠦᠪᠯᠡᠯ︾ | ᠪᠠ ᠨᠡᠶᠢᠭᠡᠮ ᠲᠣᠭᠤᠷᠢᠭ ᠤᠨ ︽ᠨᠠᠮ ᠤᠨ ᠬᠤᠯᠪᠣᠭᠠᠲᠤ ᠬᠤᠷᠢᠶ᠎ᠠ︾ ᠶᠢᠨ ᠠᠵᠢᠯ ᠤᠨ ᠲᠣᠭᠲᠠᠴᠠ ᠶᠢᠨ ᠲᠠᠰ | ᠲᠡᠪᠰᠢᠬᠦ ᠶᠢ ᠠᠬᠢᠭᠤᠯᠵᠤ᠂ ᠪᠠᠶᠢᠭᠤᠯᠭ᠎ᠠ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠰᠤᠷᠭᠠᠭᠤᠯᠢ᠂ ᠨᠡᠶᠢᠲᠡ | ᠶᠢᠨ ᠪᠤᠰᠤ ᠦᠮᠴᠢᠯᠡᠯᠲᠦ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠬᠦᠷᠢᠶᠡᠨ ᠳᠠᠬᠢ | ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠠᠰᠠᠷ ᠤᠨ ᠡᠭᠦᠳᠡᠨ ᠤ | ᠰᠣᠶᠣᠯ︾ ᠵᠡᠷᠭᠡ ᠨᠠᠮ ᠤᠨ ᠪᠠᠶᠢᠭᠤᠯᠤᠯᠲᠠ ᠶᠢᠨ ᠰᠣᠳᠣᠨ ᠪᠦᠲᠦᠭᠡᠯ ᠢ ᠭᠦᠨᠵᠡᠭᠡᠶ ᠡᠭᠦᠳᠦᠨ ᠪᠠᠶᠢᠭᠤᠯᠤᠨ᠎ᠠ᠃ ᠨᠠᠮ | ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠶᠡᠭᠡ | ᠪᠠᠷ ᠠᠬᠢᠭᠤᠯᠵᠤ᠂ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ᠨᠢᠭᠡᠳᠤᠭᠡᠷ ᠲᠦᠷᠦᠯ ᠤᠨ ᠨᠠᠮ ᠤᠨ | ᠵᠣᠬᠢᠶᠠᠨ ᠪᠠᠶᠢᠭᠤᠯᠤᠯᠲᠠ ᠶᠢ ᠴᠢᠷᠮᠠᠶᠢᠨ ᠡᠭᠦᠳᠴᠦ᠂ ᠬᠠᠮᠤᠭ ᠤᠨ ᠬᠥᠴᠤᠷᠭᠡᠭ ᠨᠠᠮ ᠤᠨ ᠡᠭᠦᠷ ᠢ ᠪᠠᠶᠢᠭᠤᠯᠬᠤ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠬᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ | ᠤᠨ ᠦᠢᠯᠡᠴᠢᠯᠡᠭᠡ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠢᠷᠤᠮᠵᠢᠭᠰᠠᠨ ᠪᠠᠶᠢᠭᠤᠯᠤᠯᠲᠠ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠨᠠᠮ | ᠤᠨ ᠵᠣᠬᠢᠶᠠᠨ ᠪᠠᠶᠢᠭᠤᠯᠤᠯᠲᠠ ᠶᠢᠨ ᠲᠠᠭᠠᠭᠤᠯᠤᠭᠴᠢ ᠪᠠᠷ ᠭᠤᠣᠯᠳᠠᠯᠭ᠎ᠠ ᠪᠣᠯᠭᠠᠭᠰᠠᠨ ᠨᠠᠮ ᠤᠨ ᠠᠵᠢᠯ ᠤᠨ | ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠡᠯᠰᠡᠬᠦ ᠶᠠᠰᠤ ᠴᠢᠨᠠᠷ ᠢ | ᠳᠡᠭᠡᠭᠰᠢᠯᠡᠭᠦᠯᠤᠨ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠳᠠᠯᠠᠵᠤ᠂ ᠵᠣᠬᠢᠶᠠᠨ ᠪᠠᠶᠢᠭᠤᠯᠤᠯᠲᠠ | ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠤᠨ᠎ᠠ᠃ | ᠲᠠᠪᠤ ᠳᠤ ᠠᠵᠢᠯ ᠤᠨ ᠰᠤᠷᠲᠠᠯ ᠢᠶᠠᠨ ᠰᠢᠨᠲᠠᠷᠠᠰᠢ ᠦᠭᠡᠶ ᠬᠤᠪᠢᠷᠠᠭᠤᠯᠬᠤ ᠬᠡᠷᠡᠭᠲᠡᠶ᠃ ᠪᠢᠳᠡ ᠪᠦᠬᠦ ᠠᠶᠢᠮᠠᠭ ᠤᠨ | ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠰᠤᠷᠲᠠᠯ ᠤᠨ ᠪᠠᠶᠢᠭᠤᠯᠤᠯᠲᠠ ᠶᠢ ᠢᠮᠠᠬᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠢᠳᠤᠭᠠᠨ ᠢᠷ ᠢ | ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠠᠰᠠᠭᠤᠳᠠᠯ ᠢ ᠦᠷᠭᠦᠯᠵᠢᠯᠡᠨ ᠭᠦᠨᠵᠡᠭᠡᠶ ᠪᠠᠶᠢᠴᠠᠭᠠᠨ᠂ | ᠰᠤᠷᠲᠠᠯ ᠢ ᠬᠤᠪᠢᠷᠠᠭᠤᠯᠵᠤ᠂ ᠰᠢᠨ᠎ᠡ ᠰᠤᠷᠲᠠᠯ ᠢ ᠪᠤᠶ ᠪᠣᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ | ᠰᠠᠶᠢᠲᠤᠷ ᠰᠢᠢᠳᠪᠦᠷᠢᠯᠡᠨ᠂ ᠰᠢᠯᠢᠳᠡᠭ ᠰᠠᠶᠢᠨ ᠰᠤᠷᠲᠠᠯ ᠢ ᠪᠤᠶ ᠪᠣᠯᠭᠠᠵᠤ᠂ ᠰᠤᠷᠲᠠᠯ ᠢ ᠬᠤᠪᠢᠷᠠᠭᠤᠯᠬᠤ | ᠰᠢᠪᠲᠤᠯᠤᠯᠲᠠ ᠶᠢᠨ ᠲᠠᠶᠢᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠬᠡᠷᠡᠭᠲᠡᠶ᠃ ᠨᠠᠰᠤᠨ ᠲᠤᠷᠰᠢᠳᠠ | ᠰᠤᠷᠤᠯᠴᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠲᠤᠰᠬᠠᠢ ᠮᠡᠷᠭᠡᠵᠢᠯ ᠤᠨ ᠰᠤᠷᠤᠯᠴᠠᠯᠭ᠎ᠠ᠂ ᠲᠦᠷᠦ ᠶᠢᠨ | ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠳᠡᠭᠡᠳᠦ ᠱᠠᠲᠤᠨ ᠤ ᠪᠠᠶᠢᠳᠠᠯ ᠢ ᠨᠡᠪᠲᠡᠷᠬᠡᠢ ᠮᠡᠳᠡᠵᠦ᠂ ᠬᠤᠳᠠ ᠶᠢᠨ | ᠪᠠᠶᠢᠳᠠᠯ ᠢ ᠡᠵᠡᠮᠳᠡᠵᠦ᠂ ᠳᠤᠤᠷᠠᠳᠤ ᠱᠠᠲᠤᠨ ᠤ ᠪᠠᠶᠢᠳᠠᠯ ᠢ ᠤᠶᠢᠯᠠᠭᠠᠵᠤ᠂ ᠴᠠᠭᠠᠷᠠᠭᠰᠠᠨ ᠴᠢᠳᠠᠪᠤᠷᠢᠲᠠᠨ ᠪᠣᠯᠬᠤ ᠪᠠᠷ | ᠴᠢᠷᠮᠠᠶᠢᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠵᠣᠷᠢᠭ ᠰᠠᠨᠠᠭ᠎ᠠ ᠪᠠᠨ ᠳᠡᠭᠡᠭᠰᠢᠯᠡᠭᠦᠯᠵᠦ᠂ | ᠠᠵᠢᠯ ᠤᠨ ᠠᠷᠭ᠎ᠠ ᠬᠡᠯᠪᠡᠷᠢ ᠪᠠᠨ ᠰᠢᠨᠡᠳᠬᠡᠬᠦ᠂ ᠴᠢᠩᠭ᠎ᠠ ᠰᠢᠪᠠᠳᠠᠨ ᠪᠠᠶᠢᠴᠠᠭᠠᠵᠤ ᠰᠢᠯᠭᠠᠨ ᠦᠨᠡᠯᠡᠬᠦ᠂ ᠬᠤᠷᠠᠯ ᠤᠨ | ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠦᠯᠢᠶᠡᠵᠦ ᠪᠣᠯᠤᠰᠢ ᠦᠭᠡᠢ ᠪᠠᠴᠢᠮ ᠲᠤᠯᠭᠠᠮ᠎ᠠ ᠰᠡᠳᠬᠢᠯᠭᠡ᠂ ᠤᠳᠠᠭᠠᠨ ᠪᠠᠶᠢᠵᠤ ᠪᠣᠯᠤᠰᠢ ᠦᠭᠡᠢ | ᠲᠦᠭᠰᠢᠭᠦᠷᠢᠲᠦ ᠰᠡᠳᠬᠢᠯᠭᠡ᠂ ᠵᠦᠭᠡᠷ ᠰᠠᠭᠤᠵᠤ ᠪᠣᠯᠤᠰᠢ ᠦᠭᠡᠢ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠯᠲᠠᠷ ᠴᠤᠯᠠ ᠪᠠᠨ ᠮᠠᠨᠳᠤᠭᠤᠯᠤᠨ | ᠲᠡᠷᠢᠬᠦᠯᠡᠨ ᠳᠠᠪᠰᠢᠬᠤ ᠤᠬᠠᠮᠰᠠᠷ ᠢᠶᠠᠨ ᠴᠢᠩᠭᠠᠳᠬᠠᠵᠤ᠂ ᠬᠤᠷᠲᠤᠨ ᠮᠣᠷᠢᠨ ᠳᠤ ᠲᠠᠰᠢᠭᠤᠷ ᠨᠡᠮᠡᠵᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠪᠠ ᠤᠯᠠᠨ ᠲᠦᠮᠡᠨ ᠬᠠᠨᠤᠮᠵᠢᠲᠠᠶ ᠰᠢᠨ᠎ᠡ ᠠᠮᠵᠢᠯᠲᠠ | ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃ | ᠵᠢᠷᠭᠤᠭ᠎ᠠ᠂ ᠰᠤᠷᠲᠠᠯ ᠢ ᠲᠥᠪ ᠪᠣᠯᠭᠠᠵᠤ ᠢᠯᠵᠠᠷᠠᠯ ᠢ ᠡᠰᠡᠷᠭᠦᠴᠡᠨ ᠤᠯᠤᠰ ᠲᠥᠷᠥ ᠶᠢᠨ ᠠᠮᠢ ᠠᠬᠤᠶ ᠶᠢ | ᠴᠡᠪᠡᠷᠰᠢᠭᠦᠯᠦᠨ᠎ᠡ᠃ ᠲᠡᠮᠦᠷ ᠳᠠᠪᠲᠠᠬᠤ ᠳᠤ ᠥᠪᠡᠷ ᠢᠶᠠᠨ ᠡᠷᠭᠡᠪᠰᠢ ᠬᠠᠲᠠᠭᠤ ᠪᠠᠶᠢᠬᠤ ᠬᠡᠷᠡᠭᠲᠡᠢ᠃ ᠪᠢᠳᠡ ︽ᠨᠠᠮ | ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠬᠢᠨᠠᠮᠠᠭᠠᠶ ᠲᠤᠭᠤᠰᠢᠯᠠᠭᠤᠯᠤᠨ᠂ ᠨᠠᠮ | ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠳᠥᠷᠪᠡᠨ ᠬᠠᠷᠢᠭᠤᠴᠠᠯᠭ᠎ᠠ ᠶᠢ | ᠬᠠᠮᠵᠢᠯᠴᠠᠭᠤᠯᠬᠤ︾ ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠱᠠᠲᠤ ᠱᠠᠲᠤ ᠪᠠᠷ ᠳᠠᠮᠵᠢᠭᠤᠯᠬᠤ ᠪᠠ ᠣᠷᠭᠠᠨᠢᠭ ᠢᠶᠠᠷ ᠬᠠᠮᠵᠢᠯᠴᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠰᠢᠨᠳᠠᠷᠡᠰᠢ ᠥᠬᠡᠶ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ︽ | ᠳᠥᠷᠪᠡᠨ ᠰᠤᠷᠲᠠᠯ︾ ᠢ ᠵᠠᠯᠠᠷᠠᠭᠤᠯᠬᠤ ᠪᠠ ᠰᠢᠨ᠎ᠡ ᠰᠤᠷᠲᠠᠯ ᠢ ᠪᠣᠶ ᠪᠣᠯᠭᠠᠬᠤ ᠶᠢ ᠵᠡᠷᠭᠡ ᠪᠠᠷ ᠠᠳᠬᠤᠬᠤ ᠶᠢ | ᠪᠡᠶᠡᠯᠡᠬᠦᠯᠤᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠬᠦᠴᠦᠯᠡᠨ | ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠪᠢᠰᠢᠷᠡᠬᠦ ᠠᠴᠠ ᠪᠤᠯᠵᠤ ︽ᠵᠢᠷᠦᠬᠡᠰᠢᠶᠡᠬᠦ︾᠂ | ᠲᠦᠷᠢᠮ ᠠᠴᠠ ᠪᠤᠯᠵᠤ ︽ᠲᠡᠶᠢᠯᠬᠦ ᠦᠭᠡᠢ︾᠂ ᠤᠬᠠᠮᠰᠠᠷᠠᠬᠤ ᠠᠴᠠ ᠪᠤᠯᠵᠤ ︽ᠪᠤᠳᠤᠬᠤ ᠦᠭᠡᠢ︾ ᠪᠣᠯᠭᠠᠬᠤ | ᠬᠡᠷᠡᠭᠲᠡᠶ᠃ ᠢᠯᠵᠠᠷᠠᠯ ᠢ ᠵᠠᠯᠬᠠᠭᠠᠨ ᠰᠢᠢᠳᠬᠡᠬᠦ ᠳᠤ ᠤᠭᠳᠤ ᠬᠥᠯᠢᠴᠡᠬᠦ ᠦᠭᠡᠢ᠂ ᠪᠦᠬᠦᠨ ᠢ ᠬᠠᠮᠤᠷᠬᠤ᠂ ᠴᠡᠭᠡᠷᠯᠡᠬᠦ | ᠭᠠᠵᠠᠷ ᠦᠭᠡᠢ ᠪᠠᠶᠢᠬᠤ ᠶᠢ ᠪᠠᠷᠢᠮᠲᠠᠯᠠᠵᠤ᠂ ᠡᠷᠬᠡ ᠶᠢ ᠲᠤᠬᠢᠷᠠᠭᠤᠯᠬᠤ ᠪᠠ ᠠᠵᠢᠯᠯᠠᠭᠠᠨ ᠢ ᠬᠢᠵᠠᠭᠠᠷᠯᠠᠬᠤ ᠲᠣᠭᠲᠠᠴᠠ | ᠶᠢ ᠲᠡᠭᠦᠯᠳᠡᠷᠵᠢᠭᠦᠯᠦᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠵᠢᠯᠯᠠᠭᠠᠨ ᠤ ᠭᠠᠵᠠᠷ ᠤᠨ | ᠪᠠᠶᠢᠭᠤᠯᠤᠯᠲᠠ ᠶᠢ ᠠᠬᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠡᠷᠡᠮᠵᠢᠯᠡᠬᠦᠯᠬᠦ ᠬᠥᠮᠦᠵᠢᠯ ᠢ | ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯ ᠢᠲᠡᠭᠡᠯ ᠵᠣᠷᠢᠯᠲᠠ ᠪᠠᠨ ᠪᠠᠲᠤ ᠪᠤᠢ ᠪᠤᠯᠭᠠᠵᠤ᠂ | ᠰᠠᠬᠢᠯᠭ᠎ᠠ ᠪᠠᠲᠤ ᠶᠣᠰᠣ ᠲᠦᠷᠢᠮ ᠤᠨ ︽ᠬᠤᠷᠢᠭ᠎ᠠ ᠱᠤᠭᠤᠮ︾ ᠢ ᠪᠠᠲᠤ ᠰᠠᠬᠢᠬᠤ ᠶᠢ ᠬᠥᠳᠤᠯᠤᠨ ᠵᠢᠯᠤᠭᠤᠳᠤᠨ᠎ᠠ᠃ | ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠠᠬᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠬᠤᠷᠴᠠ | ᠰᠡᠯᠡᠮ᠎ᠡ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠠ ᠢᠯᠵᠠᠷᠠᠯ ᠤᠨ ᠠᠰᠠᠭᠤᠳᠠᠯ ᠢ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠳᠤ ᠬᠤᠯᠪᠣᠭᠳᠠᠭᠰᠠᠨ ᠢᠯᠵᠠᠷᠠᠯ ᠪᠠ ︽ᠦᠮᠦᠭᠯᠡᠭᠴᠢ︾ ᠶᠢ ᠬᠦᠴᠦᠲᠡᠶ ᠵᠠᠯᠬᠠᠭᠠᠨ ᠰᠢᠢᠳᠬᠡᠵᠦ᠂ | ᠺᠠᠳ᠋ᠷᠴᠤᠳ ᠲᠦᠪ ᠴᠢᠭᠡᠴᠢ᠂ ᠵᠠᠰᠠᠭ ᠤᠨ ᠤᠷᠳᠤᠨ ᠠᠷᠢᠭᠤᠨ ᠴᠢᠬᠡᠴᠢ᠂ ᠤᠯᠤᠰ ᠳᠦᠷᠦ ᠢᠯᠡ ᠲᠤᠲᠤ᠂ ᠨᠡᠶᠢᠭᠡᠮ | ᠬᠡᠬᠡᠨ ᠰᠠᠷᠠᠭᠤᠯ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ | ᠨᠥᠬᠦᠳ ᠡ᠂ ᠰᠢᠯᠭᠠᠯᠲᠠ ᠳᠤ ᠤᠷᠤᠯᠴᠠᠬᠤ ᠵᠠᠮ ᠢᠶᠠᠷ ᠰᠠᠶᠢᠲᠤᠷ ᠵᠠᠮᠨᠠᠵᠤ᠂ ᠰᠢᠨ᠎ᠡ ᠠᠶᠠᠨ ᠵᠠᠮ ᠳᠠᠭᠠᠨ | ᠡᠷᠡᠯᠬᠡᠭᠯᠡᠨ ᠤᠷᠤᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ | ᠤ ᠲᠣᠭᠤᠷᠢᠨ ᠳᠤ ᠨᠠᠩ ᠢᠯᠡᠬᠦᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠬᠤᠲᠠ ᠶᠢᠨ ᠦᠨᠳᠦᠰᠦᠲᠡᠨ | ᠨᠦᠭᠦᠳ ᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠰᠡᠯ ᠨᠠᠶᠢᠳᠠᠯᠭ᠎ᠠ ᠪᠠᠨ ᠪᠠᠲᠤ ᠴᠡᠭᠡᠵᠢᠯᠡᠨ᠂ | ᠲᠠᠷᠬᠠᠨ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠬᠠᠳᠠ ᠴᠢᠯᠠᠭᠤ ᠮᠡᠲᠦ ᠪᠠᠲᠤ ᠴᠢᠩᠭ᠎ᠠ ᠢᠲᠡᠭᠡᠯ ᠵᠣᠷᠢᠭ᠂ | ᠠᠯᠲᠠᠷ ᠴᠤᠯᠠ ᠪᠠᠨ ᠮᠠᠨᠳᠤᠭᠤᠯᠤᠨ ᠲᠡᠷᠢᠬᠦᠯᠡᠨ ᠳᠠᠪᠰᠢᠬᠤ ᠡᠷᠴᠢ ᠵᠣᠷᠢᠭ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ | ᠰᠢᠯᠢ ᠶᠢᠨ ᠬᠤᠲᠠ ᠶᠢᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠦᠰᠦᠭᠡᠢ︕ |