| ᠬᠢᠨᠠᠬᠤ ᠪᠠᠳᠤᠯᠠᠬᠤ ᠬᠥᠢᠴᠡᠳᠭᠡᠬᠦ᠂ ᠠᠬᠢᠭᠤᠯᠬᠤ ᠲᠡᠬᠦᠯᠳᠡᠷᠵᠢᠬᠦᠯᠬᠦ ᠬᠥᠭᠵᠢᠬᠦᠯᠬᠦ ᠦᠢᠯᠡᠳᠦᠯ ᠢ ᠪᠠᠳᠠᠷᠠᠭᠤᠯᠵᠤ᠂ | ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠰᠤᠭᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ | ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | | ᠲᠥᠯᠥᠭᠡᠯᠡᠭᠴᠢᠳ ᠡ᠂ ᠨᠥᠬᠦᠳ ᠡ᠄ | ᠤᠳᠤ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠦᠯᠦᠭᠡᠯᠡᠵᠦ᠂ ᠶᠡᠭᠡ ᠬᠤᠷᠠᠯ ᠳᠤ ᠢᠯᠡᠳᠬᠡᠯ ᠬᠢᠶ᠎ᠡ᠂ | ᠬᠢᠨᠠᠨ ᠵᠦᠪᠯᠡᠬᠦ ᠪᠤᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠲᠤᠬᠠᠶ ᠡᠷᠭᠢᠴᠡᠭᠦᠯᠦᠯ | ᠲᠠᠪᠤᠨ ᠵᠢᠯ ᠤᠨ ᠲᠤᠷᠰᠢ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠶᠢᠨ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ | ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠲᠠ ᠤᠷᠤᠭᠰᠢᠯᠠᠭᠤᠯᠬᠤ ᠪᠠᠷ | ᠴᠢᠷᠮᠠᠶᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠲᠦᠷᠢᠮ ᠪᠣᠯᠤᠨ ᠦᠨᠳᠦᠰᠦᠨ ᠬᠠᠤᠯᠢ | ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠢᠨᠠᠬᠤ ᠪᠠᠳᠤᠯᠠᠬᠤ | ᠬᠥᠢᠴᠡᠳᠭᠡᠬᠦ᠂ ᠠᠬᠢᠭᠤᠯᠬᠤ ᠲᠡᠬᠦᠯᠳᠡᠷᠵᠢᠬᠦᠯᠬᠦ ᠬᠥᠭᠵᠢᠬᠦᠯᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠢᠯᠵᠠᠷᠠᠬᠤ | ᠠᠴᠠ ᠵᠢᠷᠦᠬᠡᠰᠢᠶᠡᠬᠦ᠂ ᠢᠯᠵᠠᠷᠠᠵᠤ ᠲᠡᠶᠢᠯᠬᠦ ᠦᠬᠡᠢ᠂ ᠢᠯᠵᠠᠷᠠᠬᠤ ᠶᠢ ᠪᠤᠳᠤᠬᠤ ᠦᠬᠡᠢ ᠪᠠᠶᠢᠬᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠴᠢᠨᠠᠷ ᠰᠠᠶᠢᠲᠠᠢ ᠬᠥᠭᠵᠢᠯᠲᠡ ᠲᠡᠰᠢ ᠯᠠᠪᠳᠠᠭᠤᠨ ᠢᠶᠠᠷ ᠤᠷᠤᠭᠰᠢᠯᠠᠪᠠ᠃ | ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠤᠭᠤᠰᠢᠯᠠᠭᠤᠯᠤᠨ᠂ ︽ | ᠬᠤᠶᠠᠷ ᠢ ᠬᠠᠮᠠᠭᠠᠯᠠᠬᠤ︾ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠬᠦᠯᠪᠡ | ᠰᠤᠷᠤᠯᠴᠠᠬᠤ ᠰᠡᠳᠬᠢᠬᠦ ᠦᠢᠯᠡᠳᠤᠯᠭᠡᠵᠢᠬᠦᠯᠬᠦ ᠤᠬᠠᠮᠰᠠᠷᠠᠬᠤ ᠳᠤᠮᠳᠠ ᠵᠥᠪ ᠤᠯᠤᠰ ᠲᠦᠷᠦ ᠶᠢᠨ ᠴᠢᠭᠯᠡᠯ ᠢ | ᠢᠮᠠᠭᠲᠠ ᠪᠠᠷᠢᠮᠲᠠᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠲᠡᠷᠢᠭᠦᠨ ᠴᠢᠬᠤᠯᠠ ᠤᠯᠤᠰ ᠲᠦᠷᠦ | ᠶᠢᠨ ᠡᠭᠦᠷᠭᠡ ᠪᠣᠯᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ | ᠠᠷᠭ᠎ᠠ ᠶᠢ ᠭᠦᠨᠵᠡᠭᠡᠢ ᠣᠶᠢᠯᠠᠭᠠᠵᠤ᠂ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ | ᠂ ᠠᠵᠢᠯ ᠢᠶᠠᠨ ᠠᠬᠢᠭᠤᠯᠬᠤ ᠳᠤ ᠤᠬᠠᠮᠰᠠᠷ ᠠᠴᠠ ᠪᠠᠨ ᠬᠡᠷᠡᠭᠯᠡᠵᠦ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠪᠠ᠃ ᠨᠠᠮ ᠤᠨ ᠤᠳᠤᠷᠢᠳᠤᠯᠭ᠎ᠠ ᠪᠤᠯᠤᠨ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ | ᠬᠦᠰᠡᠯ ᠢ ᠶᠡᠷᠦᠩᠬᠡᠶᠢᠯᠡᠨ ᠵᠢᠯᠣᠭᠤᠳᠬᠤ ᠶᠠᠪᠤᠴᠠ ᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠨᠵᠡᠭᠡᠢ | ᠣᠶᠢᠯᠠᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠤᠯᠵᠤ᠂ | ᠢᠯᠵᠠᠷᠠᠯ ᠢ ᠡᠰᠡᠷᠭᠦᠴᠡᠬᠦ ᠲᠡᠮᠡᠴᠡᠯ ᠲᠠᠪᠠᠭᠤ ᠢᠯᠠᠯᠲᠠ ᠤᠯᠤᠭᠰᠠᠨ ᠤ ᠬᠠᠮᠲᠤ ᠪᠦᠬᠦ ᠲᠠᠯ᠎ᠠ ᠪᠠᠷ ᠪᠠᠬᠢᠵᠢᠭ᠍ᠰᠡᠨ ᠰᠠᠶᠢᠨ | ᠰᠠᠶᠢᠬᠠᠨ ᠪᠠᠶᠢᠳᠠᠯ ᠤᠨ ᠳᠤᠮᠳᠠ ᠢᠲᠡᠭᠡᠯ ᠵᠣᠷᠢᠭ ᠢᠶᠠᠨ ᠪᠠᠳᠤᠳᠬᠠᠪᠠ᠃ | ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠬᠦᠯᠪᠡ᠃ ᠤᠯᠤᠰ ᠲᠦᠷᠦ ᠶᠢᠨ ᠪᠠᠶᠢᠭᠤᠯᠭ᠎ᠠ ᠶᠢᠨ ᠦᠵᠡᠯ | ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠳᠤᠳᠬᠠᠪᠠ᠃ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ | ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠳᠣᠲᠣᠭᠠᠳᠤ ᠤᠬᠠᠮᠰᠠᠷ ᠪᠣᠯᠭᠠᠨ ᠬᠤᠪᠢᠷᠠᠭᠤᠯᠵᠤ᠂ ᠡᠳᠦᠷ ᠳᠤᠳᠤᠮ | ᠤᠨ ᠠᠮᠢᠳᠤᠷᠠᠯ ᠳᠤ ᠠᠭᠤᠰᠬᠠᠨ ᠪᠠᠶᠢᠩᠭᠤᠵᠢᠭᠤᠯᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ | ᠴᠢᠳᠠᠪᠤᠷᠢ ᠶᠢ ᠨᠢ ᠲᠡᠭᠡᠭᠰᠢᠯᠡᠬᠦᠯᠪᠡ᠃ ᠤᠯᠤᠰ ᠲᠥᠷᠥ ᠶᠢᠨ ᠬᠥᠮᠦᠵᠢᠯ ᠢ ᠳᠣᠪᠤᠶᠢᠯᠭᠠᠵᠤ᠂ ᠨᠠᠮ ᠤᠨ ᠭᠡᠰᠢᠭᠦᠨ | ᠺᠠᠳ᠋ᠷᠴᠤᠳ ᠢ ᠬᠥᠲᠥᠯᠥᠨ ᠵᠢᠯᠣᠭᠤᠳᠴᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠩ ᠲᠡᠷᠢᠭᠦᠨ | ᠳᠤ ᠤᠯᠤᠰ ᠲᠦᠷᠦ ᠶᠢᠨ ᠲᠠᠯ᠎ᠠ ᠠᠴᠠ ᠦᠵᠡᠬᠦ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠬᠡᠷᠬᠢᠨ ᠡᠵᠡᠮᠳᠡᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ | ᠨᠠᠷᠢᠨ ᠣᠨᠣᠪᠴᠢᠲᠠᠶ ᠱᠠᠭᠠᠷᠳᠠᠯᠭ᠎ᠠ ᠪᠠ ᠪᠣᠳᠠᠲᠠᠶ ᠥᠭᠦᠯᠡᠯᠲᠡ ᠶᠢ ᠭᠦᠨᠵᠡᠭᠡᠶ ᠣᠶᠢᠯᠠᠭᠠᠭᠤᠯᠵᠤ᠂ ᠨᠠᠮ ᠤᠨ ᠭᠡᠰᠢᠭᠦᠨ | ᠺᠠᠳ᠋ᠷᠴᠤᠳ ᠢ ︽ᠶᠡᠭᠡ ᠪᠠᠶᠢᠳᠠᠯ︾ ᠢ ᠲᠣᠳᠣᠷᠬᠠᠶ ᠲᠠᠨᠢᠭᠤᠯᠵᠤ᠂ ︽ᠶᠡᠭᠡ ᠤᠯᠤᠰ ᠲᠦᠷᠦ︾ ᠶᠢ ᠲᠤᠭᠤᠷᠠᠳᠠᠯ᠎ᠠ | ᠶᠠᠷᠢᠭᠤᠯᠵᠤ᠂ ᠰᠡᠳᠭᠢᠯ ᠳᠡᠭᠡᠨ ᠤᠯᠤᠰ ᠤᠨ ᠶᠡᠭᠡ ᠶᠠᠪᠤᠳᠠᠯ ᠢ ᠡᠪᠦᠷᠯᠡᠨ ᠰᠡᠳᠬᠢᠬᠦᠯᠬᠦ ᠪᠠᠷ ᠬᠦᠮᠦᠵᠢᠬᠦᠯᠪᠡ᠃ | ᠲᠥᠪ ᠴᠢᠩᠭ᠎ᠠ ᠤᠯᠤᠰ ᠲᠦᠷᠦ ᠶᠢᠨ ᠬᠢᠨᠠᠯᠲᠠ ᠪᠠᠷ ᠵᠠᠰᠠᠭ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ | ᠬᠠᠮᠠᠭᠠᠯᠠᠪᠠ᠃ ᠤᠯᠤᠰ ᠲᠥᠷᠥ ᠶᠢᠨ ᠬᠢᠨᠠᠯᠲᠠ ᠲᠠᠯᠪᠢᠬᠤ ᠡᠬᠡ ᠳᠠᠩᠰᠠ ᠶᠢ ᠲᠡᠭᠦᠯᠳᠡᠷᠵᠢᠭᠦᠯᠵᠦ᠂ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠶᠢᠨ | ᠫᠢᠩ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠢᠯᠠᠩᠭᠤᠶ᠎ᠠ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠪᠦᠬᠦ ᠶᠠᠪᠤᠴᠠ ᠳᠤ ᠰᠠᠶᠢᠲᠤᠷ ᠬᠢᠵᠦ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠪᠠᠷ ᠬᠢ ᠨᠠᠮ ᠤᠨ ᠲᠥᠪ ᠬᠤᠷᠢᠶᠠᠨ ᠤ ᠰᠢᠶᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠤ ᠲᠠᠯᠪᠢᠬᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ ᠤᠯᠤᠰ | ᠲᠦᠷᠦ ᠶᠢᠨ ᠬᠢᠨᠠᠯᠲᠠ ᠶᠢ ᠲᠡᠨᠳᠡ ᠬᠦᠷᠲᠡᠯ᠎ᠡ ᠲᠠᠯᠪᠢᠬᠤ ᠶᠢ ᠡᠷᠡᠰ ᠪᠡᠶᠡᠯᠡᠬᠦᠯᠪᠡ᠃ | ︵ᠬᠤᠶᠠᠷ︶ ᠤᠯᠤᠰ ᠲᠥᠷᠥ ᠶᠢᠨ ᠬᠢᠨᠠᠯᠲᠠ ᠶᠢ ᠢᠮᠠᠭᠲᠠ ᠲᠤᠭᠤᠰᠢᠯᠠᠭᠤᠯᠤᠨ ᠥᠷᠨᠢᠭᠦᠯᠵᠦ᠂ ᠬᠢᠨᠠᠨ ᠬᠠᠮᠢᠶᠠᠷᠴᠤ | ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠳᠬᠠᠪᠠ | ︽ᠨᠢᠭᠡᠳᠦᠭᠡᠷ ᠤᠲᠤᠷᠢᠳᠤᠯᠭ᠎ᠠ︾ ᠪᠠ ᠤᠳᠤᠷᠢᠳᠬᠤ ᠪᠠᠭ ᠲᠤ ᠲᠤᠰᠬᠠᠶ ᠬᠠᠷᠢᠭᠤᠴᠠᠯᠭᠠᠲᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ︽ᠬᠤᠳᠠ ᠶᠢᠨ ᠨᠠᠮ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ ᠪᠦᠷᠢᠯᠳᠦᠬᠦᠨ ᠪᠠ ᠦᠷᠭᠡᠳᠭᠡᠭᠰᠡᠨ ᠬᠢᠨᠠᠯᠲᠠ ᠲᠠᠯᠪᠢᠭᠲᠠᠬᠤ ᠡᠲᠡᠭᠡᠳ ᠲᠤ ᠬᠢᠨᠠᠯᠲᠠᠲ᠋ᠠᠯᠪᠢᠬᠤ ᠶᠢ | ᠴᠢᠩᠭᠠᠳᠬᠠᠬᠤ ᠲᠤᠬᠠᠢ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠳᠠᠯᠢ ᠱᠠᠲᠤᠨ ᠤ ᠬᠢᠨᠠᠯᠲᠠ | ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠢᠨᠠᠯᠲᠠ ᠲᠠᠯᠪᠢᠬᠤ ᠳᠠᠩᠰᠠ ᠡᠪᠬᠡᠮᠡᠯ ᠢ | ᠵᠡᠷᠭᠡ ᠠᠯᠬᠤᠮ ᠢᠶᠠᠷ ᠪᠠᠶᠢᠭᠤᠯᠵᠤ᠂ ᠬᠢᠨᠠᠯᠲᠠ ᠲᠠᠯᠪᠢᠭᠲᠠᠬᠤ ᠡᠲᠡᠭᠡᠳ ᠨᠢ ᠬᠤᠳᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ | ᠢ 10 ᠪᠦᠯᠦᠭ 200 ᠭᠠᠷᠤᠶ ᠬᠥᠮᠦᠨ ᠤᠳᠠᠭ᠎ᠠ ᠮᠡᠳᠡᠭᠦᠯᠦᠨ ᠲᠠᠩᠰᠠᠯᠠᠭᠤᠯᠪᠠ᠃ ᠬᠤᠲᠠ ᠶᠢᠨ ᠨᠠᠮ ᠤᠨ ᠬᠤᠷᠢᠶ᠎ᠠ | ᠳᠤ ᠢᠳᠡᠪᠬᠢᠲᠡᠶ ᠪᠠᠷ ᠬᠠᠮᠵᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ | ᠴᠢᠬᠡᠴᠢ ᠶᠢᠨ ᠮᠡᠳᠡᠭᠦᠯᠦᠯᠲᠡ ᠬᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠤᠮᠤ ᠪᠠᠯᠭᠠᠰᠤ | ᠲᠠᠯᠠᠪᠠᠶ᠂ ᠵᠡᠭᠡᠯᠢ ᠭᠤᠳᠤᠮᠵᠢ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ | ᠶᠢᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠳᠤ ᠬᠠᠷᠢᠭᠤᠴᠠᠯᠭ᠎ᠠ | ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ ᠶᠢᠨ ᠬᠠᠮᠲᠤ ᠲᠤᠯᠭᠠᠨ ᠠᠰᠠᠭᠤᠵᠤ ᠦᠨᠡᠯᠡᠬᠦ | ᠶᠢ ᠬᠦᠯᠢᠶᠡᠬᠦ ᠠᠵᠢᠯ ᠤᠨ ᠲᠦᠷᠢᠮ︾ ᠢ ᠲᠣᠭᠲᠠᠭᠠᠵᠤ᠂ ᠦᠨᠳᠦᠰᠦᠨ ᠱᠠᠲᠤᠨ ᠤ ᠨᠠᠮ ᠵᠠᠰᠠᠭ ᠤᠨ ᠭᠤᠤᠯ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢ 50 | ᠭᠠᠷᠤᠶ ᠬᠥᠮᠦᠨ ᠤᠳᠠᠭ᠎ᠠ ᠬᠢᠭᠰᠡᠨ ᠪᠥᠭᠡᠳ ᠲᠤᠬᠠᠶ ᠶᠢᠨ ᠲᠠᠯᠠᠪᠤᠷ ᠲᠤ ᠲᠤᠯᠭᠠᠨ ᠠᠰᠠᠭᠤᠬᠤ ᠪᠠ ᠠᠷᠠᠳᠴᠢᠯᠠᠯ ᠢᠶᠠᠷ | ᠦᠨᠡᠯᠡᠬᠦ ᠶᠢ ᠬᠦᠯᠢᠶᠡᠪᠡ᠃ | ᠪᠠᠶᠢᠩᠭᠤᠵᠢᠭᠤᠯᠤᠨ ᠬᠢᠨᠠᠨ ᠵᠢᠯᠣᠭᠤᠳᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢᠨ ᠬᠢᠨᠠᠨ ᠵᠢᠯᠣᠭᠤᠳᠬᠤ ᠠᠵᠢᠯ ᠢ ᠭᠦᠨᠵᠡᠭᠡᠶ | ᠥᠷᠨᠢᠭᠦᠯᠵᠦ᠂ ᠣᠯᠵᠤ ᠢᠯᠡᠷᠡᠬᠦᠯᠦᠭᠰᠡᠨ ᠠᠰᠠᠭᠤᠳᠠᠯ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ ᠡᠯ᠎ᠡ | ᠦᠨᠳᠦᠰᠦᠨ ᠱᠠᠳᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ | ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ | ᠪᠠᠷ ᠰᠢᠪᠠᠳᠠᠨ ᠪᠠᠶᠢᠴᠠᠭᠠᠵᠤ᠂ ᠬᠢᠨᠠᠯᠲᠠ ᠲᠠᠯᠪᠢᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠪᠠ᠃ ᠨᠠᠮ | ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠪᠦᠬᠦ ᠬᠤᠳᠠ ᠶᠢᠨ ᠨᠠᠮ | ᠤᠨ ᠲᠤᠲᠤᠭᠠᠲᠤ ᠶᠢᠨ ᠠᠷᠠᠳᠴᠢᠯᠠᠯᠲᠤ ᠠᠮᠢᠳᠤᠷᠠᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠳᠠᠯ ᠳᠤ ᠪᠦᠬᠦ | ᠶᠠᠪᠤᠴᠠ ᠶᠢᠨ ᠬᠢᠨᠠᠯᠲᠠ ᠲᠠᠯᠪᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠡᠭᠡᠯ | ᠪᠦᠳᠦᠬᠦᠯᠢᠭ ᠪᠤᠯᠭᠠᠬᠤ᠂ ᠲᠤᠷ᠎ᠠ ᠲᠠᠪᠠ ᠶᠢᠨ ᠪᠤᠯᠭᠠᠬᠤ᠂ ᠰᠤᠯᠠ ᠶᠡᠷᠦᠮᠳᠡᠭ ᠪᠤᠯᠭᠠᠬᠤ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠢᠨᠠᠨ | ᠰᠢᠯᠭᠠᠯᠲᠠ ᠶᠢᠨ ᠨᠡᠷᠡᠰ ᠤᠨ ᠵᠢᠭᠰᠠᠭᠠᠯᠲᠠ ᠶᠢᠨ ᠰᠡᠬᠦᠯ ᠳᠤ ᠤᠷᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ ︽ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠭ᠎ᠠ ᠶᠢᠨ ᠺᠠᠷᠲ︾ ᠲᠠᠷᠬᠠᠭᠠᠵᠤ᠂ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠨᠢ ᠲᠦᠢᠯᠪᠤᠷᠢᠲᠠᠶ ᠪᠢᠰᠢ᠂ ᠦᠷ᠎ᠡ ᠪᠦᠲᠦᠮᠵᠢ | ᠪᠠᠷ ᠢᠯᠡᠷᠬᠡᠶ ᠪᠢᠰᠢ 34 ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ | ᠬᠠᠷᠢᠭᠤᠴᠠᠯᠭ᠎ᠠ ᠨᠡᠬᠡᠮᠵᠢᠯᠡᠬᠦ ᠳᠠᠷᠤᠯᠲᠠ ᠪᠠᠷ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠭᠡᠳᠡᠷᠬᠦ ᠰᠢᠬᠠᠮᠳᠠᠭᠤᠯᠪᠠ᠃ | ︵ᠭᠤᠷᠪᠠ︶ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠬᠥᠨᠵᠡᠭᠡᠶᠢᠷᠡᠬᠦᠯᠤᠨ᠂ ᠨᠠᠮ | ᠤᠨ ᠰᠤᠷᠲᠠᠯ ᠵᠠᠰᠠᠭ ᠤᠨ ᠰᠤᠷᠲᠠᠯ ᠢ ᠨᠡᠩ ᠭᠡᠭᠡᠨ ᠰᠠᠷᠠᠭᠤᠯ ᠪᠣᠯᠭᠠᠪᠠ | ︽ᠣᠭᠲᠣ ᠠᠭᠤᠴᠢᠯᠠᠬᠤ ᠥᠬᠡᠶ︾ ᠣᠪᠣᠷ ᠢᠶᠠᠷ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠬᠦ ᠶᠢ ᠪᠠᠷᠢᠮᠲᠠᠯᠠᠵᠤ᠂ ᠨᠡᠶᠢᠲᠡ | 21 ᠬᠥᠮᠦᠨ ᠳᠤ ᠨᠠᠮ ᠤᠨ ᠰᠠᠬᠢᠯᠭ᠎ᠠ ᠪᠠᠲᠤ ᠪᠠ ᠵᠠᠰᠠᠭ ᠤᠨ ᠶᠠᠪᠤᠳᠠᠯ ᠤᠨ ᠰᠢᠢᠳᠭᠡᠯ ᠥᠭᠴᠦ᠂ 32 ᠬᠥᠮᠦᠨ ᠢ | ᠵᠣᠬᠢᠶᠠᠨ ᠪᠠᠶᠢᠭᠤᠯᠤᠯᠲᠠ ᠠᠴᠠ ᠰᠢᠢᠳᠪᠤᠷᠢᠯᠡᠵᠤ᠂ 13 ᠪᠦᠯᠦᠭ 22 ᠬᠥᠮᠦᠨ ᠢ ᠵᠠᠷᠯᠠᠨ ᠢᠯᠡᠴᠢᠯᠡᠪᠡ᠃ | ᠲᠣᠭᠲᠠᠭᠠᠯ ᠠᠴᠠ ᠵᠥᠷᠢᠴᠡᠨ ᠬᠤᠷᠢᠮ ᠴᠠᠭ᠎ᠠ ᠪᠠᠶᠠᠷ ᠨᠠᠶᠢᠷ ᠬᠢᠬᠦ᠂ ᠲᠣᠭᠲᠠᠭᠠᠯ ᠠᠴᠠ ᠵᠥᠷᠢᠴᠡᠨ ︽ᠰᠤᠷᠭᠠᠭᠤᠯᠢ | ᠲᠡᠪᠰᠢᠭᠰᠡᠨ ᠨᠠᠶᠢᠷ︾ ︽ᠪᠠᠭᠰᠢ ᠳᠠᠭᠠᠨ ᠲᠠᠯᠠᠷᠬᠠᠬᠤ ᠨᠠᠶᠢᠷ︾ ᠬᠢᠬᠦ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ | ᠥᠷᠨᠢᠭᠦᠯᠵᠦ᠂ ᠬᠤᠷᠢᠮ ᠴᠠᠭ᠎ᠠ ᠪᠠᠶᠠᠷ ᠨᠠᠶᠢᠷ ᠢ ᠶᠡᠭᠡ ᠪᠠᠷ ᠬᠢᠬᠦ᠂ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ | ᠤᠯᠬᠤ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠪᠦᠲᠦᠮᠵᠢᠲᠡᠶ ᠬᠤᠷᠢᠭᠯᠠᠪᠠ᠃ ︽ᠪᠠᠶᠢᠭᠤᠯᠭ᠎ᠠ ᠶᠢᠨ | ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ︿ᠳᠤᠯᠤᠭ᠎ᠠ ᠶᠢ ᠴᠢᠩᠭ᠎ᠠ ᠴᠠᠭᠠᠵᠠᠯᠠᠬᠤ﹀︾ ᠶᠢ | ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠪᠠ᠃ | ᠬᠡᠯᠪᠡᠷᠢᠴᠢ ᠦᠵᠡᠯ᠂ ᠨᠣᠶᠠᠨᠴᠢ ᠦᠵᠡᠯ ᠤᠨ ︽ᠠᠷᠪᠠᠨ ᠵᠦᠢᠯ ᠤᠨ ᠢᠯᠡᠷᠡᠯ︾ ᠢ ᠲᠥᠪᠯᠡᠷᠡᠭᠦᠯᠦᠨ ᠴᠡᠭᠴᠡᠯᠡᠨ | ᠵᠠᠰᠠᠬᠤ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠺᠠᠳ᠋ᠷ ᠠᠵᠢᠯ ᠬᠢᠬᠦ ᠦᠭᠡᠢ᠂ ᠳᠤᠷ᠎ᠠ ᠪᠠᠷ ᠢᠶᠠᠨ | ᠦᠢᠯᠡᠳᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ 14 ᠬᠥᠮᠦᠨ ᠳᠤ ᠨᠠᠮ ᠤᠨ | ᠰᠠᠬᠢᠯᠭ᠎ᠠ ᠪᠠ ᠵᠠᠰᠠᠭ ᠤᠨ ᠶᠠᠪᠤᠳᠠᠯ ᠤᠨ ᠰᠢᠢᠳᠭᠡᠯ ᠥᠭᠴᠦ᠂ 12 ᠬᠥᠮᠦᠨ ᠢ ᠵᠣᠬᠢᠶᠠᠨ ᠪᠠᠶᠢᠭᠤᠯᠤᠯᠲᠠ ᠠᠴᠠ | ᠰᠢᠢᠳᠪᠤᠷᠢᠯᠡᠵᠤ᠂ 1 ᠬᠥᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ 42.98 | ᠲᠦᠮᠡᠨ ᠲᠥᠭᠦᠷᠢᠭ ᠤᠨ ᠰᠠᠬᠢᠯᠭ᠎ᠠ ᠪᠠᠲᠤ ᠵᠥᠷᠢᠴᠡᠭᠰᠡᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠪᠠ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡᠨ | ᠨᠣᠶᠠᠨ︾ ᠢ ᠭᠦᠨᠵᠡᠭᠡᠶ ᠴᠡᠭᠴᠡᠯᠡᠨ ᠵᠠᠰᠠᠵᠤ᠂ ᠪᠠᠶᠢᠭᠤᠯᠭ᠎ᠠ ᠶᠢᠨ ᠤᠯᠤᠰ ᠲᠥᠷᠥ ᠶᠢᠨ ᠠᠮᠢ ᠠᠬᠤᠶ ᠶᠢ ᠬᠦᠴᠦᠯᠡᠨ | ᠴᠡᠪᠡᠷᠰᠢᠬᠦᠯᠪᠡ᠃ ᠳᠠᠷᠦ᠋ᠢᠬᠠᠨ ᠰᠢᠢᠳᠪᠤᠷᠢᠯᠡᠬᠦ ᠨᠠᠷᠢᠨ ᠲᠠᠩᠰᠠ ᠶᠢ 646 ᠵᠦᠢᠯ ᠡᠮᠬᠢᠯᠡᠨ ᠳᠢᠭᠯᠡᠵᠦ᠂ 1378 | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠪᠥᠬᠦ ᠬᠤᠲᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭᠠᠨ ᠤ ᠲᠥᠷᠥᠯ ᠵᠦᠢᠯ ᠢ 903 ᠵᠦᠢᠯ ᠲᠠᠷᠠᠭᠠᠯᠠᠨ ᠪᠠᠶᠢᠴᠠᠭᠠᠵᠤ᠂ ᠰᠣᠯᠢᠯᠴᠠᠭᠠᠨ | ᠳᠤ ᠬᠤᠯᠪᠣᠭᠳᠠᠭᠰᠠᠨ ᠵᠣᠭᠤᠰ ᠤᠨ ᠲᠤᠭ᠎ᠠ ᠨᠢ 27.9 ᠳ᠋ᠦᠩᠰᠢᠭᠤᠷ ᠲᠥᠭᠦᠷᠢᠭ ᠲᠤ ᠬᠦᠷᠪᠡ᠃ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠠᠰᠠᠯᠲᠠ ᠶᠢᠨ ᠠᠵᠢᠯ ᠢ ᠴᠢᠩᠭ᠎ᠠ ᠠᠩᠬᠠᠷᠴᠤ᠂ 24 ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠤᠨ 320 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ | ᠢ ᠶᠡᠭᠡ ᠲᠢᠩᠬᠢᠮ ᠳᠤ ᠣᠷᠣᠭᠤᠯᠵᠤ᠂ 160 ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ | ᠨᠡᠶᠢᠭᠡᠮ ᠲᠣᠭᠤᠷᠢᠭ ᠲᠤ ᠪᠠᠭᠤᠯᠭᠠᠨ ᠬᠦᠢᠴᠡᠳᠭᠡᠬᠦ ᠪᠤᠯᠭᠠᠪᠠ᠃ | ︽ᠭᠤᠷᠪᠠᠨ ᠠᠵᠢᠯ︾ ᠢ ᠢᠯᠡ ᠪᠣᠯᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ︽ | ᠭᠤᠷᠪᠠᠨ ᠠᠵᠢᠯ︾ ᠢ ᠢᠯᠡ ᠪᠣᠯᠭᠠᠬᠤ ᠰᠦᠯᠵᠢᠶᠡᠨ ᠤ ᠲᠠᠪᠴᠠᠩ ᠢ ᠪᠠᠶᠢᠭᠤᠯᠤᠨ᠂ 75 ᠰᠠᠯᠠᠭ᠎ᠠ ᠮᠥᠴᠢᠷ ᠨᠢᠭᠡᠴᠢ | ᠵᠢᠴᠢ 103 ᠭᠠᠴᠠᠭ᠎ᠠ ︵ᠨᠡᠶᠢᠭᠡᠮ ᠲᠣᠭᠤᠷᠢᠭ︶ ᠶᠢ ᠪᠦᠬᠦᠨ ᠢ ᠣᠷᠣᠭᠤᠯᠵᠤ᠂ ︽ᠭᠤᠷᠪᠠᠨ ᠠᠵᠢᠯ︾ ᠢ ᠢᠯᠡ | ᠪᠣᠯᠭᠠᠬᠤ ᠮᠡᠳᠡᠭᠡ ᠵᠠᠩᠭᠢ ᠶᠢ ᠨᠡᠶᠢᠲᠡ 7 ᠲᠦᠮᠡ ᠰᠢᠬᠠᠮ ᠨᠡᠶᠢᠲᠡᠯᠡᠵᠦ᠂ ︽ᠰᠠᠮᠪᠠᠷ᠎ᠠ ᠳᠤ ᠭᠠᠷᠭᠠᠬᠤ︾ ᠠᠴᠠ ︽ | ᠰᠦᠯᠵᠢᠶᠡᠨ ᠳᠤ ᠭᠠᠷᠭᠠᠬᠤ︾ ᠬᠦᠷᠲᠡᠯᠡᠬᠢ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠪᠡ᠃ ︽ | ᠴᠢᠬᠡᠴᠢ ᠰᠤᠷᠲᠠᠯ ᠲᠠᠢ ᠺᠠᠳ᠋ᠷ︾᠂ ︽ᠴᠢᠬᠡᠴᠢ ᠰᠤᠷᠲᠠᠯ ᠲᠠᠢ ᠺᠠᠳ᠋ᠷ ᠤᠨ ᠵᠢᠱᠢᠶᠡᠴᠢ︾ ᠶᠢ ᠬᠢᠨᠠᠨ ᠲᠣᠭᠲᠠᠭᠠᠬᠤ | ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠵᠦ᠂ ᠠᠷᠢᠭᠤᠨ ᠴᠢᠬᠡᠴᠢ᠂ ᠠᠵᠢᠯ ᠬᠢᠵᠦ ᠦᠢᠯᠡᠰ ᠴᠤᠭᠴᠠᠯᠠᠭᠰᠠᠨ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠢ ᠰᠢᠯᠭᠠᠷᠠᠭᠤᠯᠤᠨ ᠭᠠᠷᠭᠠᠬᠤ ᠶᠢ ᠦᠨᠡᠨ ᠬᠦ ᠪᠠᠲᠤᠯᠠᠵᠤ᠂ ︽ | ᠴᠢᠬᠡᠴᠢ ᠰᠤᠷᠲᠠᠯ ᠲᠠᠢ ᠺᠠᠳ᠋ᠷ︾ ᠢ ᠨᠡᠶᠢᠳᠡ 6463 ᠨᠡᠷᠡᠰ᠂ ︽ᠴᠢᠬᠡᠴᠢ ᠰᠤᠷᠲᠠᠯ ᠲᠠᠢ ᠺᠠᠳ᠋ᠷ ᠤᠨ ᠵᠢᠱᠢᠶᠡᠴᠢ︾ | ᠶᠢ ᠨᠡᠶᠢᠲᠡ 192 ᠨᠡᠷᠡᠰ᠂ ᠴᠢᠬᠡᠴᠢ ᠰᠤᠷᠲᠠᠯ ᠲᠠᠢ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠶᠢ ᠨᠡᠶᠢᠲᠡ 138 | ᠰᠢᠯᠭᠠᠷᠠᠭᠤᠯᠪᠠ᠃ | ︵ᠲᠦᠷᠪᠡ︶ ︽ᠢᠯᠵᠠᠷᠠᠬᠤ ᠠᠴᠠ ᠵᠢᠷᠤᠭᠡᠰᠢᠶᠡᠬᠦ᠂ ᠢᠯᠵᠠᠷᠠᠵᠤ ᠲᠠᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ | ︾ ᠪᠠᠶᠢᠬᠤ ᠶᠢ ᠨᠢᠭᠡ ᠴᠤᠭᠴᠠᠵᠢᠭᠤᠯᠬᠤ ᠪᠠᠶᠢᠭᠤᠯᠤᠯᠳᠡ ᠶᠢ ᠲᠤᠭᠤᠰᠢᠳᠠᠢ ᠠᠬᠢᠭᠤᠯᠵᠤ᠂ ᠢᠯᠵᠠᠷᠠᠯ ᠢ ᠵᠠᠯᠬᠠᠭᠠᠨ | ᠰᠢᠢᠳᠭᠡᠬᠦ ᠥᠨᠳᠥᠷ ᠲᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠪᠠ | ᠢᠯᠵᠠᠷᠠᠯ ᠢ ᠡᠰᠡᠷᠭᠦᠴᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠲᠠᠪᠤᠨ ᠵᠢᠯ ᠤᠨ ᠲᠤᠷᠰᠢ᠂ ᠵᠠᠬᠢᠳᠠᠯ | ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠨᠡᠶᠢᠳᠡ 790 ᠬᠤᠪᠢ ᠤᠳᠠᠭ᠎ᠠ ᠬᠦᠯᠢᠶᠡᠨ ᠠᠪᠴᠤ | ᠰᠢᠢᠳᠪᠤᠷᠢᠯᠡᠨ᠂ ᠠᠰᠠᠭᠤᠳᠠᠯ ᠤᠨ ᠰᠦᠪᠡᠭᠴᠢ ᠶᠢ 1307 ᠬᠤᠪᠢ ᠰᠢᠢᠳᠪᠤᠷᠢᠯᠡᠵᠤ᠂ 377 ᠬᠤᠪᠢ 431 | ᠬᠥᠮᠦᠨ ᠢ ᠬᠡᠷᠡᠭ ᠪᠣᠯᠭᠠᠨ ᠳᠠᠩᠰᠠᠯᠠᠪᠠ᠃ 389 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ | ᠰᠢᠢᠳᠭᠡᠯ ᠦᠭᠪᠡ᠂ ᠡᠭᠦᠨ ᠤ ᠳᠣᠲᠣᠷ᠎ᠠ ᠰᠠᠯᠠᠭᠠᠨ ᠲᠡᠰ ᠤᠨ ᠤᠳᠤᠷᠢᠳᠬᠤ ᠺᠠᠳ᠋ᠷ 132 ᠬᠥᠮᠦᠨ᠂ ᠡᠩ ᠤᠨ | ᠺᠠᠳ᠋ᠷ 57 ᠬᠥᠮᠦᠨ᠂ ᠪᠤᠰᠤᠳ ᠠᠵᠢᠯᠲᠠᠨ 200 ᠬᠥᠮᠦᠨ ᠪᠠᠶᠢᠵᠤ᠂ ᠵᠣᠬᠢᠶᠠᠨ ᠪᠠᠶᠢᠭᠤᠯᠤᠯᠲᠠ ᠠᠴᠠ 362 | ᠬᠥᠮᠦᠨ ᠢ ᠰᠢᠢᠳᠪᠤᠷᠢᠯᠡᠨ᠂ 17 ᠬᠥᠮᠦᠨ ᠢ ᠪᠠᠶᠢᠴᠠᠭᠠᠬᠤ ᠪᠠᠶᠢᠭᠤᠯᠭ᠎ᠠ ᠳᠤ ᠰᠢᠯᠵᠢᠬᠦᠯᠦᠨ ᠬᠢᠨᠠᠨ ᠪᠠᠶᠢᠴᠠᠭᠠᠵᠤ | ᠵᠠᠭᠠᠯᠳᠤᠨ᠂ 3.5 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ | ᠰᠠᠬᠢᠯᠭ᠎ᠠ ᠪᠠᠲᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ᠂ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ 276 | ᠬᠤᠪᠢ ᠪᠠᠭᠤᠯᠭᠠᠪᠠ᠃ ︽12+3︾ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ 7403 ᠤᠳᠠᠭ᠎ᠠ ᠬᠡᠷᠡᠭᠯᠡᠵᠦ᠂ | 18 ᠬᠥᠮᠦᠨ ᠳᠤ ᠬᠤᠴᠤᠷᠭᠠᠨ ᠠᠪᠬᠤ ᠠᠷᠭ᠎ᠠ ᠬᠡᠮᠵᠢᠶ᠎ᠠ ᠠᠪᠤᠪᠠ᠃ | ᠬᠡᠷᠡᠭ ᠰᠢᠢᠳᠪᠤᠷᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ 2018 ᠣᠨ ᠳᠤ ᠰᠢᠯᠢ ᠶᠢᠨ ᠬᠤᠳᠠ ᠶᠢᠨ ᠬᠢᠨᠠᠨ | ᠪᠠᠶᠢᠴᠠᠭᠠᠬᠤ ᠵᠥᠪᠯᠡᠯ ᠪᠠᠶᠢᠭᠤᠯᠤᠭᠳᠠᠭᠰᠠᠨ ᠤ ᠳᠠᠷᠠᠭ᠎ᠠ ᠠᠩᠬᠠᠳᠠᠭᠴᠢ ᠡᠷᠬᠡ ᠲᠤᠰᠢᠶᠠᠯ ᠤᠨ ᠶᠠᠯᠠᠲᠤ ᠬᠡᠷᠡᠭ ᠢ | ᠪᠠᠶᠢᠴᠠᠭᠠᠨ ᠰᠢᠢᠳᠪᠤᠷᠢᠯᠡᠵᠤ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠬᠦᠯᠬᠦ ᠲᠣᠭᠤᠷᠢᠭ | ᠤᠨ ᠤᠤᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠵᠢᠶᠠᠨ ᠫᠢᠩ ᠤᠨ ᠰᠠᠬᠢᠯᠭ᠎ᠠ ᠪᠠᠲᠤ ᠬᠠᠤᠯᠢ | ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠬᠢᠨᠠᠨ ᠪᠠᠶᠢᠴᠠᠭᠠᠬᠤ ᠪᠠ ᠪᠠᠶᠢᠴᠠᠭᠠᠯᠲᠠ ᠬᠢᠬᠦ ᠠᠵᠢᠯ ᠳᠤ | ᠤᠷᠤᠯᠴᠠᠨ ᠰᠢᠢᠳᠪᠤᠷᠢᠯᠡᠪᠡ︔ 2020 ᠣᠨ ᠳᠤ ᠰᠢᠯᠢ ᠶᠢᠨ ᠬᠤᠳᠠ ᠶᠢᠨ ᠤᠤᠯ ᠤᠨ ᠤᠯᠤᠰ ᠤᠨ ᠭᠠᠵᠠᠷ | ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠬᠠᠶ ᠲᠤᠤ ᠶᠢ ᠬᠢᠨᠠᠨ ᠪᠠᠶᠢᠴᠠᠭᠠᠬᠤ ᠪᠠ ᠪᠠᠶᠢᠴᠠᠭᠠᠯᠲᠠ | ᠬᠢᠬᠦ ᠶᠢᠨ ᠬᠠᠮᠲᠤ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠠᠯᠪᠠᠨ ᠵᠠᠭᠠᠯᠳᠤᠯᠭ᠎ᠠ ᠬᠢᠭᠰᠡᠨ ᠬᠡᠷᠡᠭ | ᠲᠤ᠂ ᠡᠷᠬᠡ ᠲᠤᠰᠢᠶᠠᠯ ᠤᠨ ᠶᠠᠯᠠᠲᠤ ᠬᠡᠷᠡᠭ ᠢ ᠥᠪᠡᠰᠦᠪᠡᠨ ᠰᠢᠢᠳᠪᠤᠷᠢᠯᠡᠬᠦ ᠳᠤ ᠬᠤᠴᠤᠷᠭᠠᠨ ᠠᠪᠬᠤ ᠠᠷᠭ᠎ᠠ | ᠬᠡᠮᠵᠢᠶ᠎ᠡ ᠶᠢ ᠬᠡᠷᠡᠭᠯᠡᠭᠰᠡᠨ ᠰᠢᠪᠲᠤᠯᠤᠯᠲᠠ ᠶᠢ ᠭᠠᠷᠭᠠᠪᠠ᠃ | ᠲᠤᠰᠬᠠᠶ ᠴᠡᠭᠴᠡᠯᠡᠨ ᠵᠠᠰᠠᠯᠲᠠ ᠶᠢ ᠲᠠᠰᠤᠷᠠᠯᠲᠠ ᠦᠭᠡᠢ ᠬᠥᠨᠵᠡᠭᠡᠶᠢᠷᠡᠬᠦᠯᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠯᠠᠯᠲᠠ ᠲᠠᠢ ᠪᠠᠷ ᠲᠠᠭᠤᠰᠴᠤ᠂ ᠠᠰᠠᠭᠤᠳᠠᠯ ᠤᠨ ᠰᠦᠪᠡᠭᠴᠢ ᠶᠢ 59 | ᠬᠤᠪᠢ ᠰᠢᠢᠳᠪᠤᠷᠢᠯᠡᠵᠤ᠂ 25 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ | ᠥᠭᠴᠦ᠂ 20 ᠬᠥᠮᠦᠨ ᠢ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠰᠢᠢᠳᠪᠤᠷᠢᠯᠡᠵᠤ᠂ ᠰᠠᠬᠢᠯᠭ᠎ᠠ ᠪᠠᠲᠤ | ᠪᠠᠶᠢᠴᠠᠭᠠᠬᠤ ᠰᠠᠨᠠᠭᠤᠯᠭ᠎ᠠ ᠶᠢᠨ ᠪᠢᠴᠢᠭ᠂ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ 10 ᠬᠤᠪᠢ | ᠲᠣᠭᠲᠠᠭᠠᠨ ᠲᠠᠷᠬᠠᠭᠠᠪᠠ᠃ ᠨᠡᠭᠦᠷᠡᠰᠦᠨ ᠤ ᠬᠦᠷᠢᠶᠡᠨ ᠳᠠᠬᠢ ᠬᠠᠤᠯᠢ ᠴᠠᠭᠠᠵᠠ ᠲᠦᠷᠢᠮ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠩᠭᠤ ᠶᠢᠨ ᠴᠢᠨᠠᠷᠳᠠᠢ ᠥᠷᠨᠢᠭᠦᠯᠵᠦ᠂ | ᠠᠰᠠᠭᠤᠳᠠᠯ ᠤᠨ ᠰᠦᠪᠡᠭᠴᠢ ᠶᠢ 53 ᠰᠢᠢᠳᠪᠤᠷᠢᠯᠡᠵᠤ᠂ 16 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠰᠢᠢᠳᠭᠡᠯ ᠥᠭᠴᠦ᠂ 38 ᠬᠥᠮᠦᠨ ᠢ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠰᠢᠢᠳᠪᠤᠷᠢᠯᠡᠵᠤ᠂ | ᠬᠢᠨᠠᠨ ᠪᠠᠶᠢᠴᠠᠭᠠᠬᠤ ᠰᠠᠨᠠᠭᠤᠯᠭ᠎ᠠ 15 ᠬᠤᠪᠢ ᠲᠣᠭᠲᠠᠭᠠᠨ ᠲᠠᠷᠬᠠᠭᠠᠵᠤ᠂ 2 ᠬᠥᠮᠦᠨ ᠢ ᠪᠠᠶᠢᠴᠠᠭᠠᠬᠤ ᠪᠠᠶᠢᠭᠤᠯᠭ᠎ᠠ | ᠳᠤ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ 3.18 ᠳ᠋ᠦᠩᠰᠢᠭᠤᠷ ᠲᠥᠭᠦᠷᠢᠭ ᠤᠨ | ᠬᠤᠬᠢᠷᠠᠯ ᠢ ᠨᠡᠭᠡᠮᠵᠢᠯᠡᠨ ᠡᠭᠡᠬᠦᠯᠤᠨ ᠠᠪᠴᠢᠷᠠᠪᠠ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠬᠠᠮᠵᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠤᠨ ᠰᠦᠪᠡᠭᠴᠢ ᠶᠢ 56 | ᠬᠤᠪᠢ ᠰᠢᠢᠳᠪᠦᠷᠢᠯᠡᠵᠦ᠂ 14 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ | ᠥᠭᠴᠦ᠂ 14 ᠬᠥᠮᠦᠨ ᠢ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠰᠢᠢᠳᠪᠦᠷᠢᠯᠡᠵᠦ᠂ ᠰᠠᠬᠢᠯᠭ᠎ᠠ ᠪᠠᠲᠤ | ᠪᠠᠶᠢᠴᠠᠭᠠᠬᠤ ᠰᠠᠨᠠᠭᠤᠯᠭ᠎ᠠ ᠶᠢᠨ ᠪᠢᠴᠢᠭ᠂ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ 6 ᠬᠤᠪᠢ ᠲᠤᠬᠳᠠᠭᠠᠨ | ᠲᠠᠷᠬᠠᠭᠠᠪᠠ᠃ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠠᠷᠠᠯ ᠪᠠ ᠰᠤᠷᠲᠠᠯ ᠤᠨ ᠠᠰᠠᠭᠤᠳᠠᠯ ᠢ | ᠭᠦᠨᠵᠡᠭᠡᠢ ᠵᠠᠰᠠᠵᠤ᠂ ᠠᠰᠠᠭᠤᠳᠠᠯ ᠤᠨ ᠰᠦᠪᠡᠭᠴᠢ ᠶᠢ 13 ᠬᠤᠪᠢ ᠰᠢᠢᠳᠪᠦᠷᠢᠯᠡᠨ᠂ 3 ᠬᠥᠮᠦᠨ ᠳᠤ ᠨᠠᠮ ᠤᠨ | ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠴᠦ᠂ 1 ᠬᠥᠮᠦᠨ ᠢ ᠪᠠᠶᠢᠴᠠᠭᠠᠬᠤ ᠪᠠᠶᠢᠭᠤᠯᠭ᠎ᠠ ᠳᠤ | ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠵᠦ᠂ ᠬᠡᠷᠡᠭ ᠲᠤ ᠬᠤᠯᠪᠣᠭᠳᠠᠭᠰᠠᠨ ᠪᠡᠯᠡ | ᠮᠥᠩᠭᠦ ᠶᠢ 47.85 ᠲᠦᠮᠡᠨ ᠲᠥᠭᠦᠷᠢᠭ ᠬᠤᠷᠢᠶᠠᠮᠵᠢᠯᠠᠨ ᠠᠪᠤᠪᠠ᠃ ᠠᠷᠠᠳ ᠤᠨ ᠠᠮᠢᠳᠤᠷᠠᠯ ᠤᠨ ᠬᠦᠷᠢᠶᠡᠨ | ᠳᠠᠬᠢ ︽ᠪᠢᠴᠢᠯ ᠢᠯᠵᠠᠷᠠᠯ︾ ᠤᠨ ᠠᠰᠠᠭᠤᠳᠠᠯ ᠢ ᠭᠦᠨᠵᠡᠭᠡᠢ ᠪᠠᠶᠢᠴᠠᠭᠠᠨ ᠴᠢᠩᠭ᠎ᠠ ᠰᠢᠢᠳᠪᠦᠷᠢᠯᠡᠵᠦ᠂ 41 ᠬᠥᠮᠦᠨ | ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ ᠥᠭᠴᠦ᠂ 58 ᠬᠥᠮᠦᠨ ᠢ ᠵᠣᠬᠢᠶᠠᠨ | ᠪᠠᠶᠢᠭᠤᠯᠤᠯᠲᠠ ᠶᠢᠨ ᠲᠠᠯ᠎ᠠ ᠠᠴᠠ ᠰᠢᠢᠳᠪᠦᠷᠢᠯᠡᠵᠦ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ | ᠵᠤᠭᠤᠰ ᠢ 499.87 ᠲᠦᠮᠡᠨ ᠲᠥᠭᠦᠷᠢᠭ ᠨᠡᠬᠡᠮᠵᠢᠯᠡᠨ ᠲᠤᠰᠢᠶᠠᠯᠭᠠᠭᠰᠠᠨ ᠪᠠ ᠪᠤᠴᠠᠭᠠᠯᠭᠠᠪᠠ᠃ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ᠂ ᠮᠠᠯᠵᠢᠬᠤ ᠲᠠᠷᠢᠶᠠᠯᠠᠬᠤ | ᠣᠷᠣᠨ ᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠲᠤᠰᠬᠠᠶ | ᠵᠦᠶᠯᠡᠰ ᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ | ᠬᠡᠷᠡᠭ ᠢᠶᠠᠷ ᠦᠬᠡᠷᠡᠴᠢᠯᠡᠯᠲᠡ ᠶᠢ ᠠᠬᠢᠭᠤᠯᠬᠤ ᠶᠢ ᠪᠠᠶᠢᠩᠭᠤᠵᠢᠭᠤᠯᠪᠠ᠃ ︽ᠲᠦᠷᠪᠡᠨ ᠵᠦᠢᠯ ᠤᠨ ᠬᠡᠯᠪᠡᠷᠢ | ᠪᠠᠶᠢᠳᠠᠯ︾ ᠢᠶᠠᠷ 1498 ᠬᠥᠮᠦᠨ ᠤᠳᠠᠭ᠎ᠠ ᠶᠢ ᠰᠢᠢᠳᠪᠦᠷᠢᠯᠡᠪᠡ᠂ ᠡᠭᠦᠨ ᠳᠤ᠄ ᠨᠢᠭᠡᠳᠦᠭᠡᠷ ᠵᠦᠢᠯ ᠤᠨ ᠬᠡᠯᠪᠡᠷᠢ | ᠪᠠᠶᠢᠳᠠᠯ ᠢ ᠬᠡᠷᠡᠭᠯᠡᠵᠦ ᠪᠠᠶᠢᠭᠠᠳ ᠶᠠᠷᠢᠯᠴᠠᠭᠰᠠᠨ ᠪᠠ ᠵᠠᠬᠢᠳᠠᠯ ᠢᠶᠠᠷ ᠠᠰᠠᠭᠤᠭᠰᠠᠨ᠂ ᠰᠠᠨᠠᠭᠤᠯᠵᠤ ᠰᠢᠭᠦᠮᠵᠢᠯᠡᠭᠰᠡᠨ ᠨᠢ | 1097 ᠬᠥᠮᠦᠨ ᠤᠳᠠᠭ᠎ᠠ ᠪᠠᠶᠢᠵᠤ᠂ 73.39% ᠢ ᠡᠵᠡᠯᠡᠪᠡ︔ ᠬᠤᠶᠠᠳᠤᠭᠠᠷ ᠵᠦᠢᠯ ᠤᠨ ᠬᠡᠯᠪᠡᠷᠢ ᠪᠠᠶᠢᠳᠠᠯ ᠢ | ᠬᠡᠷᠡᠭᠯᠡᠨ ᠬᠥᠩᠭᠡᠨ ᠰᠢᠢᠳᠭᠡᠯ ᠥᠭᠴᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠲᠣᠬᠢᠷᠠᠭᠤᠯᠤᠯᠲᠠ ᠬᠢᠭᠰᠡᠨ ᠨᠢ | 310 ᠬᠥᠮᠦᠨ ᠤᠳᠠᠭ᠎ᠠ ᠪᠠᠶᠢᠵᠤ᠂ 20.7% ᠶᠢ ᠡᠵᠡᠯᠡᠪᠡ︔ ᠭᠤᠷᠪᠠᠳᠤᠭᠠᠷ ᠵᠦᠢᠯ ᠤᠨ ᠬᠡᠯᠪᠡᠷᠢ ᠪᠠᠶᠢᠳᠠᠯ ᠢ | ᠬᠡᠷᠡᠭᠯᠡᠨ ᠬᠦᠨᠳᠦ ᠰᠢᠢᠳᠭᠡᠯ ᠥᠭᠴᠦ᠂ ᠲᠤᠰᠢᠶᠠᠯ ᠳᠤ ᠲᠣᠬᠢᠷᠠᠭᠤᠯᠤᠯᠲᠠ ᠬᠢᠭᠰᠡᠨ ᠨᠢ 50 ᠬᠥᠮᠦᠨ ᠤᠳᠠᠭ᠎ᠠ | ᠪᠠᠶᠢᠵᠤ᠂ 3.3% ᠶᠢ ᠡᠵᠡᠯᠡᠪᠡ︔ ᠳᠥᠷᠪᠡᠳᠦᠭᠡᠷ ᠵᠦᠢᠯ ᠤᠨ ᠬᠡᠯᠪᠡᠷᠢ ᠪᠠᠶᠢᠳᠠᠯ ᠢ ᠬᠡᠷᠡᠭᠯᠡᠨ ᠰᠠᠬᠢᠯᠭ᠎ᠠ ᠪᠠᠲᠤ | ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ᠂ ᠡᠷᠡᠭᠦᠦ ᠶᠢᠨ ᠬᠠᠤᠯᠢ ᠳᠤ ᠬᠠᠯᠳᠠᠭᠰᠠᠨ ᠬᠡᠷᠡᠭ ᠢ | ᠰᠢᠢᠳᠪᠤᠷᠢᠯᠡᠭᠰᠡᠨ ᠨᠢ 41 ᠬᠥᠮᠦᠨ ᠤᠳᠠᠭ᠎ᠠ ᠪᠠᠶᠢᠵᠤ᠂ 2.7% ᠶᠢ ᠡᠵᠡᠯᠡᠪᠡ᠂ ᠡᠭᠦᠨ ᠳᠤ ᠶᠠᠯ᠎ᠠ ᠬᠢᠭᠰᠡᠨ ᠢᠶᠠᠷ | ᠰᠡᠵᠢᠭᠯᠡᠭᠳᠡᠵᠤ᠂ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠥᠷᠭᠡᠭᠰᠡᠨ ᠨᠢ 7 ᠬᠥᠮᠦᠨ ᠪᠠᠶᠢᠵᠤ᠂ ᠡᠷᠡᠭᠦᠦ ᠶᠢᠨ | ᠬᠡᠷᠡᠭ ᠢᠶᠠᠷ ᠰᠢᠢᠳᠪᠤᠷᠢᠯᠡᠭᠰᠡᠨ ᠤ ᠳᠠᠷᠠᠭ᠎ᠠ ᠠᠵᠢᠯ ᠠᠴᠠ ᠨᠢ ᠬᠥᠭᠡᠭᠡᠬᠦ ᠰᠢᠢᠳᠭᠡᠯ ᠦᠭᠬᠦᠭᠰᠡᠨ ᠨᠢ 24 ᠬᠥᠮᠦᠨ | ᠤᠳᠠᠭ᠎ᠠ ᠪᠠᠶᠢᠨ᠎ᠠ᠃ ᠸᠢᠴᠠᠲ ᠤᠨ ᠲᠠᠪᠴᠠᠩ᠂ ᠴᠢᠬᠡᠴᠢ ᠵᠠᠰᠠᠭ ᠤᠨ ᠲᠠᠶᠢᠯᠤᠮᠵᠢ ᠵᠢᠴᠢ ︽ᠨᠢᠭᠡ ᠬᠡᠷᠡᠭ ᠢᠶᠠᠷ ᠨᠢᠭᠡ | ᠰᠡᠷᠡᠮᠵᠢ ᠥᠭᠬᠦ︾ ᠵᠡᠷᠭᠡ ᠠᠷᠭ᠎ᠠ ᠬᠡᠯᠪᠡᠷᠢ ᠳᠤ ᠲᠦᠰᠢᠭᠯᠡᠨ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤ ᠶᠢᠨ | ᠴᠢᠨᠠᠷᠳᠠᠢ ᠪᠤᠯᠭᠠᠬᠤ ᠶᠢ ᠠᠬᠢᠭᠤᠯᠪᠠ᠃ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ | ᠬᠥᠮᠦᠵᠢᠯ ᠤᠨ ᠲᠠᠶᠢᠯᠤᠮᠵᠢ ᠶᠢ 3 ᠪᠦᠯᠦᠭ 500 ᠭᠠᠷᠤᠢ ᠬᠥᠮᠦᠨ ᠤᠳᠠᠭ᠎ᠠ ᠥᠷᠨᠢᠭᠦᠯᠵᠦ᠂ ᠬᠡᠷᠡᠭ ᠤᠨ ᠵᠢᠱᠢᠶ᠎ᠡ | ᠶᠢᠨ ᠵᠠᠳᠠᠯᠤᠯᠳᠡ ᠶᠢ ᠸᠢᠴᠠᠲ ᠤᠨ ᠲᠠᠪᠴᠠᠩ ᠢᠶᠠᠷ 60 ᠭᠠᠷᠤᠢ ᠬᠤᠭᠤᠴᠠᠭ᠎ᠠ ᠵᠠᠷᠯᠠᠨ ᠨᠡᠶᠢᠳᠡᠯᠡᠵᠤ᠂ ᠬᠤᠲᠠ ᠶᠢᠨ | ᠨᠠᠮ ᠤᠨ ᠬᠤᠷᠢᠶ᠎ᠠ ᠳᠤ ᠬᠠᠮᠵᠢᠨ ᠪᠦᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠢ 5 ᠤᠳᠠᠭ᠎ᠠ ᠬᠤᠷᠠᠯᠳᠤᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ 40 ᠭᠠᠷᠤᠢ | ᠤᠳᠠᠭ᠎ᠠ ᠵᠠᠷᠯᠠᠨ ᠮᠡᠳᠡᠭᠳᠡᠵᠦ ᠵᠠᠳᠠᠯᠤᠨ ᠰᠢᠨᠵᠢᠯᠡᠵᠦ᠂ 200 ᠭᠠᠷᠤᠢ ᠨᠡᠷᠡᠰ ᠰᠢᠨ᠎ᠠ ᠪᠠᠷ ᠲᠡᠪᠰᠢᠬᠦᠯᠬᠦ ᠵᠢᠴᠢ | ᠲᠤᠬᠢᠷᠠᠭᠤᠯᠤᠯᠳᠡ ᠬᠢᠵᠤ ᠲᠤᠮᠢᠯᠠᠨ ᠬᠡᠷᠡᠭᠯᠡᠬᠦ ᠰᠠᠯᠠᠭᠠᠨ ᠳᠡᠰ ᠤᠨ ᠤᠳᠤᠷᠢᠳᠬᠤ ᠺᠠᠳ᠋ᠷ ᠲᠠᠢ ᠲᠤᠰᠢᠶᠠᠯ ᠳᠤ | ᠲᠣᠮᠢᠯᠠᠬᠤ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠭ᠎ᠠ ᠬᠢᠵᠦ᠂ ᠬᠡᠷᠡᠭ | ᠡᠬᠦᠰᠦᠭᠰᠡᠨ ᠨᠢᠭᠡᠴᠢ ᠶᠢ ᠰᠢᠪᠠᠳᠠᠨ ︽ᠨᠢᠭᠡ ᠬᠡᠷᠡᠭ ᠢᠶᠠᠷ ᠨᠢᠭᠡ ᠰᠡᠷᠡᠮᠵᠢ ᠦᠭᠬᠦ︾ ᠠᠵᠢᠯᠯᠠᠭ᠎ᠠ ᠵᠢᠴᠢ ᠡᠯ᠎ᠡ | ᠲᠥᠷᠥᠯ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ 90 ᠭᠠᠷᠤᠢ ᠤᠳᠠᠭ᠎ᠠ ᠥᠷᠨᠢᠭᠦᠯᠪᠡ᠃ ᠡᠭᠦᠨ ᠤ | ᠬᠠᠮᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠤᠬᠠᠭᠤᠯᠭ᠎ᠠ ᠬᠥᠮᠦᠵᠢᠯ ᠢ ᠴᠢᠬᠤᠯᠠᠴᠢᠯᠠᠵᠤ᠂ | ᠠᠷᠢᠭᠤᠨ ᠴᠢᠭᠡᠴᠢ ᠪᠠᠷ ᠵᠠᠰᠠᠭ ᠪᠠᠷᠢᠬᠤ ᠲᠤᠬᠠᠢ ᠤᠯᠠᠨ ᠠᠷᠪᠢᠨ ᠪᠦᠳᠤᠭᠡᠯ ᠨᠢ ᠥᠪᠡᠷᠲᠡᠭᠡᠨ ᠵᠠᠰᠠᠬᠤ ᠣᠷᠣᠨ ᠤ | ᠲᠠᠰ ᠪᠠ ᠠᠶᠢᠮᠠᠭ ᠤᠨ ᠲᠠᠰ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠰᠦᠯᠵᠢᠶᠡᠨ ᠲᠡᠭᠡᠷ᠎ᠡ | ᠰᠤᠩᠭᠤᠭᠲᠠᠨ ᠬᠡᠷᠡᠭᠯᠡᠭᠳᠡᠭᠰᠡᠨ ᠪᠠᠶᠢᠨ᠎ᠠ᠃ | ︵ᠲᠠᠪᠤ︶ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠢᠮᠠᠭᠲᠠ ᠭᠦᠨᠵᠡᠭᠡᠶᠢᠷᠡᠭᠦᠯᠵᠦ᠂ ᠴᠠᠭᠳᠠᠨ | ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ | ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ | ᠣᠨᠣᠪᠴᠢᠲᠠᠢ ᠡᠵᠡᠮᠳᠡᠵᠦ᠂ ᠴᠠᠭᠳᠠᠨ ᠪᠠᠶᠢᠴᠠᠭᠠᠯᠲᠠ ᠶᠢᠨ ᠤᠯᠤᠰ ᠲᠦᠷᠦ ᠶᠢᠨ ᠬᠢᠨᠠᠯᠲᠠ ᠲᠠᠯᠪᠢᠬᠤ ᠪᠠ ᠤᠯᠤᠰ | ᠲᠦᠷᠦ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠪᠠ᠃ ᠠᠷᠪᠠᠨ ᠬᠤᠶᠠᠳᠤᠭᠠᠷ ᠬᠤᠭᠤᠴᠠᠭᠠᠨ ᠤ ᠬᠤᠲᠠ | ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠯᠳᠠ ᠶᠢ ᠨᠡᠶᠢᠳᠡᠮ ᠪᠦᠷᠬᠦᠭᠦᠯᠬᠦ ᠡᠭᠦᠷᠭᠡ ᠶᠢ ᠪᠡᠶᠡᠯᠡᠭᠦᠯᠵᠦ᠂ 73 | ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠬᠡᠪ ᠤᠨ ᠴᠠᠭᠳᠠᠨ ᠪᠠᠶᠢᠴᠠᠭᠠᠯᠳᠠ ᠬᠢᠵᠤ᠂ 22 | ᠭᠠᠴᠠᠭ᠎ᠠ ᠪᠠ 67 ᠨᠡᠶᠢᠭᠡᠮ ᠲᠣᠭᠤᠷᠢᠭ ᠲᠤ ᠦᠷᠭᠡᠳᠭᠡᠭᠰᠡᠨ ᠴᠠᠭᠳᠠᠨ ᠪᠠᠶᠢᠴᠠᠭᠠᠯᠳᠠ ᠬᠢᠵᠤ᠂ 4 ᠪᠠᠶᠢᠭᠤᠯᠭ᠎ᠠ ᠳᠤ | ︽ᠡᠷᠬᠢᠵᠤ ᠦᠵᠡᠬᠦ︾ ᠴᠠᠭᠳᠠᠨ ᠪᠠᠶᠢᠴᠠᠭᠠᠯᠳᠠ ᠬᠢᠵᠤ᠂ ᠰᠣᠯᠪᠢᠴᠠᠭᠤᠯᠤᠨ ᠴᠠᠭᠳᠠᠨ ᠪᠠᠶᠢᠴᠠᠭᠠᠬᠤ᠂ ᠲᠤᠰᠬᠠᠢ | ᠴᠠᠭᠳᠠᠨ ᠪᠠᠶᠢᠴᠠᠭᠠᠬᠤ᠂ ᠬᠥᠳᠡᠯᠦᠩᠭᠦᠢ ᠪᠠᠷ ᠴᠠᠭᠳᠠᠨ ᠪᠠᠶᠢᠴᠠᠭᠠᠬᠤ ᠶᠢ ᠡᠮᠬᠢ ᠵᠢᠷᠤᠮ ᠲᠠᠢ ᠥᠷᠨᠢᠭᠦᠯᠪᠡ᠃ ᠨᠡᠶᠢᠲᠡ | 1176 ᠠᠰᠠᠭᠤᠲᠠᠯ ᠢ ᠢᠯᠡᠷᠡᠭᠦᠯᠵᠦ᠂ ᠠᠰᠠᠭᠤᠳᠠᠯ ᠤᠨ ᠰᠦᠪᠡᠭᠴᠢ ᠶᠢ 178 ᠬᠤᠪᠢ ᠰᠢᠯᠵᠢᠬᠦᠯᠤᠨ | ᠲᠤᠰᠢᠶᠠᠪᠠ᠃ ᠲᠠᠪᠤᠨ ᠵᠢᠯ ᠤᠨ ᠲᠤᠷᠰᠢ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠠᠯ᠎ᠠ ᠪᠠᠷ ᠬᠢ ᠠᠰᠠᠭᠤᠳᠠᠯ ᠢ 51᠂ ᠨᠠᠮ ᠤᠨ | ᠪᠠᠶᠢᠭᠤᠯᠤᠯᠲᠠ ᠶᠢᠨ ᠲᠠᠯ᠎ᠠ ᠪᠠᠷ ᠬᠢ ᠠᠰᠠᠭᠤᠳᠠᠯ ᠢ 137᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠠᠰᠠᠭᠤᠳᠠᠯ ᠢ 65᠂ ᠡᠳ᠋ ᠤᠨ ᠶᠠᠪᠤᠳᠠᠯ ᠤᠨ ᠲᠠᠯ᠎ᠠ ᠪᠠᠷ ᠬᠢ ᠠᠰᠠᠭᠤᠳᠠᠯ ᠢ 64᠂ ᠱᠠᠰᠢᠨ ᠰᠤᠷᠲᠠᠬᠤᠨ ᠤ ᠲᠠᠯ᠎ᠠ | ᠪᠠᠷ ᠬᠢ ᠠᠰᠠᠭᠤᠳᠠᠯ ᠢ 2 ᠬᠠᠷᠢᠭᠤ ᠲᠤᠰᠬᠠᠪᠠ᠃ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠦᠵᠡᠯ ᠤᠬᠠᠮᠰᠠᠷ ᠤᠨ | ᠬᠡᠯᠪᠡᠷᠢ᠂ ᠨᠠᠮ ᠤᠨ ᠪᠠᠶᠢᠭᠤᠯᠤᠯᠲᠠ ᠶᠢᠨ ᠠᠵᠢᠯ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠬᠦᠯᠤᠨ 7 ᠤᠳᠠᠭ᠎ᠠ ᠪᠣᠯᠵᠣᠨ ᠶᠠᠷᠢᠯᠴᠠᠵᠤ᠂ ᠨᠠᠮ ᠤᠨ ᠪᠠᠶᠢᠭᠤᠯᠤᠯᠲᠠ ᠶᠢᠨ | ᠮᠠᠲ᠋ᠧᠷᠢᠶᠠᠯ ᠢ ᠬᠠᠭᠤᠯᠵᠤ ᠬᠠᠭᠤᠷᠮᠠᠭᠯᠠᠨ ᠵᠤᠬᠢᠶᠠᠭᠰᠠᠨ᠂ ︽ᠭᠤᠷᠪᠠᠨ ᠴᠢᠬᠤᠯᠠ ᠨᠢᠭᠡ ᠶᠡᠭᠡ︾ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠤᠨ 2 ᠤᠳᠠᠭ᠎ᠠ ᠲᠥᠪᠯᠡᠷᠡᠭᠦᠯᠦᠨ ᠵᠠᠷᠯᠠᠨ ᠮᠡᠳᠡᠭᠳᠡᠪᠡ᠃ ᠴᠠᠭᠳᠠᠨ | ᠪᠠᠶᠢᠴᠠᠭᠠᠬᠤ ᠠᠯᠪᠠᠨ ᠬᠡᠷ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠢᠨᠠᠯᠲᠠ ᠲᠠᠯᠪᠢᠵᠤ ᠪᠠᠶᠢᠴᠠᠭᠠᠬᠤ ᠲᠠᠰᠤᠭ ᠤᠨ ᠵᠣᠬᠢᠴᠠᠯᠳᠤᠨ ᠬᠠᠮᠵᠢᠯᠴᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠵᠣᠬᠢᠶᠠᠨ ᠪᠠᠶᠢᠭᠤᠯᠬᠤ᠂ ᠬᠢᠨᠠᠨ ᠪᠤᠳᠤᠬᠤ ᠨᠢᠭᠡᠴᠡ ᠯᠦᠭᠡ ᠶᠢᠨ ᠬᠠᠮᠵᠢᠯᠴᠠᠬᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠨᠠᠩ ᠨᠠᠷᠢᠯᠢᠭ | ᠤᠨᠤᠪᠴᠢᠲᠠᠢ᠂ ᠵᠢᠷᠤᠮᠵᠢᠯ ᠲᠠᠢ᠂ ᠪᠦᠲᠦᠮᠵᠢᠲᠡᠶ ᠪᠣᠯᠭᠠᠪᠠ᠃ | ︵ᠵᠢᠷᠭᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠶᠢ ᠢᠮᠠᠭᠳᠠ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ ᠬᠠᠤᠯᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ | ᠃ | ︽ᠲᠡᠮᠦᠷ ᠳᠠᠪᠲᠠᠬᠤ ᠳᠤ ᠥᠪᠡᠷ ᠢᠶᠠᠨ ᠡᠷᠭᠡᠪᠰᠢ ᠬᠠᠲᠠᠭᠤ ᠪᠠᠶᠢᠬᠤ︾ ᠱᠠᠭᠠᠷᠳᠠᠯᠭ᠎ᠠ ᠶᠣᠰᠣᠭᠠᠷ᠂ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠶᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠢᠨᠠᠯᠲᠠ ᠲᠠᠯᠪᠢᠵᠤ ᠰᠠᠬᠢᠯᠭ᠎ᠠ | ᠪᠠᠲᠤ ᠶᠢ ᠬᠡᠷᠡᠭᠵᠢᠭᠦᠯᠬᠦ ︽ᠲᠡᠮᠦᠷ ᠴᠡᠷᠢᠭ︾ ᠢ ᠪᠦᠬᠦ ᠬᠦᠴᠦ ᠪᠠᠷ ᠢᠶᠠᠨ ᠪᠠᠶᠢᠭᠤᠯᠪᠠ᠃ ︽ᠰᠢᠯᠢ ᠶᠢᠨ ᠬᠤᠲᠠ | ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠺᠠᠳ᠋ᠷ ᠤᠨ ︿ | ᠠᠷᠪᠠᠨ ᠪᠤᠯᠬᠤ ᠦᠭᠡᠢ﹀︾ ᠶᠢ ᠲᠣᠭᠲᠠᠭᠠᠨ ᠨᠡᠶᠢᠲᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠠᠪᠴᠤ ᠶᠠᠪᠤᠬᠤ ᠳᠤ ᠲᠦᠬᠦᠮ ︽ᠨᠠᠢᠮᠠᠨ ᠵᠤᠷᠪᠤᠰ ᠴᠠᠭᠠᠵᠠᠯᠠᠬᠤ ᠵᠠᠷᠯᠢᠭ︾ ᠤᠨ ᠰᠠᠨᠠᠭᠤᠯᠭ᠎ᠠ ᠶᠢᠨ | ᠺᠠᠷᠲ ᠢ ᠲᠠᠷᠬᠠᠭᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ | ᠡᠭᠦᠷᠭᠡ ᠲᠤᠰᠢᠶᠠᠯ ᠢᠶᠠᠨ ᠬᠥᠢᠴᠡᠳᠭᠡᠭᠰᠡᠨ ᠵᠠᠮ ᠮᠦᠷ ᠤᠨ ᠬᠥᠰᠦᠨᠦᠭᠳᠤ ᠶᠢ ᠨᠡᠶᠢᠳᠡ 660 ᠭᠠᠷᠤᠶ ᠬᠤᠪᠢ | ᠳᠡᠭᠡᠭᠰᠢ ᠮᠡᠳᠡᠭᠦᠯᠵᠦ᠂ 8 ᠬᠥᠮᠦᠨ ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ | ᠤᠨ ︽ᠵᠠᠭᠤᠨ ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ︾ ᠤᠨ ᠰᠠᠬᠢᠯᠭ᠎ᠠ ᠪᠠᠲᠤ ᠬᠡᠷᠡᠭᠵᠢᠭᠦᠯᠬᠦ ᠬᠢᠨᠠᠨ | ᠪᠠᠶᠢᠴᠠᠭᠠᠬᠤ ᠬᠤᠰᠢᠭᠤᠴᠢ ᠴᠡᠷᠢᠭ ᠢᠶᠠᠷ ᠰᠣᠩᠭᠤᠭᠳᠠᠪᠠ᠃ 2018 ᠣᠨ ᠳᠤ ᠰᠢᠯᠢ ᠶᠢᠨ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠪᠥᠬᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠰᠢᠰᠲ᠋ᠧᠮ ᠤᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ | ᠨᠢᠭᠡ ᠺᠠᠳ᠋ᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠤᠨ ᠰᠠᠶᠢᠰᠢᠶᠠᠯ ᠬᠦᠬᠢᠬᠦᠯᠦᠯ ᠢ ᠭᠥᠷᠳᠡᠪᠡ᠃ ᠬᠥᠮᠦᠨ ᠬᠡᠷᠡᠭᠯᠡᠬᠦ ᠳᠡᠭᠡᠨ ᠵᠥᠪ ᠴᠢᠭᠯᠡᠯ ᠢᠶᠠᠷ ᠤᠷᠮᠠᠰᠢᠭᠤᠯᠬᠤ ᠶᠢ | ᠴᠢᠬᠤᠯᠠᠴᠢᠯᠠᠵᠤ᠂ ᠠᠵᠢᠯᠲᠠᠨ ᠢ ᠵᠦᠪ ᠤᠨᠤᠪᠴᠢᠲᠠᠢ ᠰᠤᠩᠭᠤᠨ ᠬᠡᠷᠡᠭᠯᠡᠬᠦ ᠵᠢᠯᠤᠭᠤᠳᠤᠮᠵᠢ ᠶᠢ ᠪᠤᠢ ᠪᠤᠯᠭᠠᠵᠤ᠂ | ᠺᠠᠳ᠋ᠷ ᠤᠨ ᠪᠦᠲᠦᠴᠡ ᠶᠢᠨ ᠵᠠᠯᠠᠭᠤᠵᠢᠬᠤ᠂ ᠲᠤᠰᠬᠠᠶᠢᠵᠢᠬᠤ ᠶᠢ ᠪᠠᠲᠤᠯᠠᠵᠤ᠂ ᠬᠤᠲᠠ ᠶᠢᠨ ᠨᠠᠮ ᠤᠨ ᠬᠤᠷᠢᠶᠠᠨ ᠤ | ᠬᠦᠴᠦᠲᠡᠢ ᠳᠡᠮᠵᠢᠯᠭᠡ ᠳᠣᠣᠷ᠎ᠠ᠂ ᠰᠢᠰᠲ᠋ᠧᠮ ᠤᠨ ᠳᠣᠲᠣᠷ᠎ᠠ ᠪᠠᠨ 15 ᠺᠠᠳ᠋ᠷ ᠢ ᠳᠡᠪᠰᠢᠭᠦᠯᠦᠨ ᠰᠣᠯᠢᠯᠴᠠᠭᠤᠯᠵᠤ᠂ | ᠰᠢᠯᠵᠢᠭᠦᠯᠦᠨ ᠣᠷᠣᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠬᠡᠯᠪᠡᠷᠢ ᠪᠠᠷ ᠡᠯ᠎ᠠ | ᠲᠦᠷᠤᠯ ᠤᠨ ᠴᠢᠳᠠᠪᠤᠷᠢᠲᠠᠨ ᠢ 27 ᠣᠷᠣᠭᠤᠯᠤᠨ ᠠᠪᠴᠢᠷᠠᠵᠠᠢ᠃ ᠬᠢᠲᠤᠭᠠᠨ ᠢᠷ ᠢ ᠳᠣᠲᠣᠭᠰᠢ ᠬᠠᠨᠳᠤᠭᠤᠯᠬᠤ | ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠬᠢᠨᠠᠵᠤ ᠬᠠᠮᠢᠶᠠᠷᠬᠤ ᠪᠠᠨ | ᠴᠢᠩᠭᠠᠳᠬᠠᠵᠤ᠂ 6 ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠲᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ | ᠰᠢᠢᠳᠭᠡᠯ ᠥᠭᠪᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠯᠢᠳᠡᠭ ᠺᠠᠳ᠋ᠷᠴᠤᠳ ᠠᠴᠠ ᠰᠤᠷᠤᠯᠴᠠᠬᠤ | ᠠᠵᠢᠯᠯᠠᠭ᠎ᠠ ᠶᠢ ᠥᠷᠨᠢᠭᠦᠯᠵᠦ᠂ ᠪᠦᠬᠦ ᠰᠢᠰᠲ᠋ᠧᠮ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠬᠦ ᠪᠠᠷ ᠨᠠᠮ ᠪᠠ ᠠᠷᠠᠳ | ᠲᠦᠮᠡᠨ ᠳᠤ ᠦᠨᠡᠨᠴᠢ ᠰᠢᠳᠤᠷᠭᠤ ᠪᠠᠶᠢᠬᠤ ᠪᠠᠨ ᠢᠯᠡᠳᠬᠡᠬᠦ ᠶᠢ ᠬᠦᠳᠦᠯᠦᠨ ᠵᠢᠯᠤᠭᠤᠳᠪᠠ᠃ | ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠪᠠ ᠠᠷᠠᠳ ᠣᠯᠠᠨ ᠤ ᠬᠦᠰᠡᠯ | ᠡᠷᠡᠮᠡᠯᠵᠡᠯ ᠲᠠᠢ ᠬᠠᠷᠢᠴᠠᠭᠤᠯᠪᠠᠯ᠂ ᠪᠠᠰᠠ ᠡᠳᠤᠢ ᠲᠡᠳᠤᠢ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ | ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠭᠰᠠᠨ ᠪᠠᠶᠢᠨ᠎ᠠ᠄ ᠵᠢᠱᠢᠶᠡᠯᠡᠪᠡᠯ᠂ ᠤᠯᠤᠰ ᠲᠥᠷᠥ ᠶᠢᠨ | ᠬᠢᠨᠠᠯᠲᠠ ᠶᠢᠨ ᠠᠭᠤᠯᠤᠭᠳᠠᠬᠤᠨ ᠬᠡᠪᠴᠢᠶ᠎ᠡ᠂ ᠠᠷᠭ᠎ᠠ ᠬᠡᠮᠵᠢᠶ᠎ᠠ ᠠᠷᠭ᠎ᠠ ᠵᠠᠮ ᠢ ᠣᠨᠣᠪᠴᠢᠲᠠᠶ ᠡᠵᠡᠮᠳᠡᠵᠤ ᠴᠢᠳᠠᠭᠰᠠᠨ | ᠥᠬᠡᠶ᠂ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠪᠠᠰᠠ ᠲᠡᠭᠡᠭᠰᠢᠯᠡᠬᠦᠯᠬᠦ ᠴᠢᠬᠤᠯᠠᠲᠠᠢ ᠪᠠᠶᠢᠵᠤ᠂ ᠡᠳᠦᠷ ᠲᠤᠲᠤᠮ | ᠤᠨ ᠬᠢᠨᠠᠯᠲᠠ᠂ ᠳᠣᠷᠣᠭᠰᠢ ᠪᠠᠭᠤᠵᠤ ᠬᠢᠨᠠᠯᠲᠠ ᠲᠠᠯᠪᠢᠬᠤ ᠲᠠᠯ᠎ᠠ ᠪᠠᠷ ᠪᠣᠳᠠᠲᠠᠶ ᠭᠦᠨᠵᠡᠭᠡᠶ ᠪᠢᠰᠢ︔ ᠰᠠᠬᠢᠯᠭ᠎ᠠ ᠪᠠᠲᠤ | ᠶᠢ ᠵᠤᠷᠢᠭᠤᠲᠠ ᠵᠥᠷᠢᠴᠡᠬᠦ ᠠᠰᠠᠭᠤᠳᠠᠯ ᠦᠩᠭᠡᠨ ᠳᠡᠭᠡᠷ᠎ᠡ ᠪᠠᠨ ᠨᠠᠮᠳᠠᠭᠰᠠᠨ ᠪᠣᠯᠪᠠᠴᠤ ᠳᠠᠯᠳᠠᠭᠤᠷ ᠬᠤᠪᠢᠷᠠᠭᠤᠯᠤᠨ | ᠦᠢᠯᠡᠳᠬᠦ᠂ ᠳᠤᠲᠠᠭᠤ ᠲᠤᠷᠭᠤᠨ ᠬᠢᠬᠦ᠂ ︽ᠤᠯᠵᠤ ᠦᠵᠡᠭᠳᠡᠬᠦ ᠦᠭᠡᠢ︾ ᠪᠠᠷ ᠲᠣᠭᠲᠠᠭᠠᠯ ᠠᠴᠠ ᠵᠥᠷᠢᠴᠡᠬᠦ | ᠵᠡᠷᠭᠡ ᠦᠵᠡᠭᠳᠡᠯ ᠮᠥᠨ ᠯᠡ ᠣᠷᠣᠰᠢᠭᠰᠠᠭᠠᠷ ᠪᠠᠶᠢᠨ᠎ᠠ᠂ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠦᠵᠡᠯ ᠢ | ᠪᠠᠶᠢᠴᠠᠭᠠᠨ ᠵᠠᠯᠠᠷᠠᠭᠤᠯᠬᠤ ᠡᠷᠴᠢᠮ ᠬᠦᠷᠦᠯᠴᠡᠬᠦ ᠦᠭᠡᠢ ᠪᠠᠶᠢᠨ᠎ᠠ︔ ︽ᠢᠯᠵᠠᠷᠠᠬᠤ ᠠᠴᠠ ᠵᠢᠷᠦᠭᠡᠰᠢᠶᠡᠬᠦ᠂ | ᠢᠯᠵᠠᠷᠠᠵᠤ ᠲᠠᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ︾ ᠪᠠᠶᠢᠳᠠᠯ ᠢ ᠨᠢᠭᠡ ᠴᠤᠭᠴᠠᠵᠢᠭᠤᠯᠤᠨ ᠠᠬᠢᠭᠤᠯᠬᠤ | ᠲᠠᠯ᠎ᠠ ᠪᠠᠷ ᠪᠠᠰᠠ ᠲᠡᠩᠴᠡᠭᠦᠷᠢ ᠦᠭᠡᠢ ᠪᠠᠶᠢᠵᠤ᠂ ᠴᠢᠨᠠᠷ ᠲᠠᠢ᠂ ᠨᠥᠯᠥᠭᠡ ᠲᠠᠢ ᠬᠡᠷᠡᠭ ᠢ ᠢᠯᠡᠷᠡᠭᠦᠯᠦᠭᠰᠡᠨ ᠨᠢ | ᠪᠠᠰᠠ ᠠᠷᠪᠢᠨ ᠪᠢᠰᠢ᠂ ᠳᠦᠷᠢᠮ ᠲᠣᠭᠲᠠᠭᠠᠯ ᠲᠣᠭᠲᠠᠭᠠᠬᠤ᠂ ᠬᠡᠷᠡᠭ ᠢᠶᠠᠷ ᠦᠭᠡᠷᠡᠴᠢᠯᠡᠯᠲᠡ ᠶᠢ ᠠᠬᠢᠭᠤᠯᠬᠤ ᠠᠵᠢᠯ | ᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ︔ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠳᠤᠮᠳᠠ ᠪᠠᠰᠠ ᠴᠥᠭᠡᠨ | ᠲᠣᠭᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠨᠢ ᠠᠵᠢᠯ ᠤᠨ ᠰᠢᠨ᠎ᠡ ᠪᠠᠶᠢᠳᠠᠯ ᠳᠤ | ᠵᠣᠬᠢᠴᠠᠵᠤ ᠴᠢᠳᠠᠬᠤ ᠦᠭᠡᠢ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠠᠮᠲᠤ ᠳᠤᠨᠢ ᠡᠵᠡᠮᠰᠢᠬᠦ ᠴᠢᠳᠠᠪᠤᠷᠢ | ᠬᠦᠷᠦᠯᠴᠡᠬᠦ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠂ ᠢᠯᠠᠩᠭᠤᠶ᠎ᠠ ᠦᠨᠳᠦᠰᠦᠨ ᠱᠠᠲᠤᠨ ᠤ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠨᠢ ︽ᠬᠢᠨᠠᠯᠲᠠ ᠲᠠᠯᠪᠢᠵᠤ ᠴᠢᠳᠠᠬᠤ ᠦᠭᠡᠢ︾᠂ ︽ | ᠬᠢᠨᠠᠯᠲᠠ ᠲᠠᠯᠪᠢᠬᠤ ᠳᠤᠷ᠎ᠠ ᠦᠭᠡᠢ︾᠂ ᠬᠢᠨᠠᠨ ᠪᠠᠶᠢᠴᠠᠭᠠᠬᠤ ᠪᠠ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠢᠷᠢ | ᠭᠡᠮᠵᠢᠶ᠎ᠠ ᠵᠢᠭᠲᠡ ᠪᠤᠰᠤ ᠪᠠᠶᠢᠬᠤ ᠵᠡᠷᠭᠡ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ ᠵᠠᠰᠠᠵᠤ ᠴᠢᠳᠠᠭᠠᠳᠤᠢ | ᠪᠠᠶᠢᠨ᠎ᠠ ᠭᠡᠬᠦ ᠮᠡᠳᠤ᠃ ᠡᠳᠡᠭᠡᠷ ᠠᠰᠠᠭᠤᠳᠠᠯ ᠢ ᠡᠷᠬᠡᠪᠰᠢ ᠳᠡᠭᠡᠳᠦ ᠭᠡᠮᠵᠢᠶ᠎ᠠ ᠪᠠᠷ ᠴᠢᠬᠤᠯᠠᠴᠢᠯᠡᠵᠤ᠂ ᠬᠢᠨᠠᠮᠠᠭᠠᠢ | ᠰᠢᠢᠳᠪᠦᠷᠢᠯᠡᠬᠦ ᠬᠡᠷᠡᠭᠲᠡᠢ᠃ | ᠬᠤᠶᠠᠷ᠂ ᠲᠠᠪᠤᠨ ᠵᠢᠯ ᠤᠨ ᠲᠤᠷᠰᠢᠬᠢ ᠠᠵᠢᠯ ᠤᠨ ᠲᠤᠬᠠᠢ ᠣᠶᠢᠯᠠᠭᠠᠯᠲᠠ | ᠲᠠᠪᠤᠨ ᠵᠢᠯ ᠤᠨ ᠲᠤᠷᠰᠢ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠡᠭᠡᠳᠤ | ᠬᠡᠮᠵᠢᠶᠡᠨ ᠤ ᠤᠯᠤᠰ ᠲᠥᠷᠦ ᠶᠢᠨ ᠤᠬᠠᠮᠰᠠᠷ ᠢᠶᠠᠷ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠬᠤ | ᠴᠢᠬᠤᠯᠠ ᠶᠡᠭᠡ ᠬᠠᠷᠢᠭᠤᠴᠠᠯᠭ᠎ᠠ ᠶᠢ ᠡᠬᠦᠷᠭᠡᠯᠡᠨ ᠠᠪᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠦᠷ᠎ᠡ ᠪᠦᠲᠦᠭᠡᠯ | ᠢ ᠪᠠᠬᠢᠵᠢᠭᠦᠯᠦᠨ ᠬᠥᠭᠵᠢᠭᠦᠯᠬᠦ ᠳᠤᠮᠳᠠ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠬᠦ | ᠬᠤᠲᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ | ᠣᠯᠬᠤ ᠶᠢ ᠪᠦᠬᠦ ᠬᠦᠴᠦᠨ ᠢᠶᠠᠷ ᠠᠬᠢᠭᠤᠯᠪᠠ᠃ | ︵ᠨᠢᠭᠡ︶ ᠡᠷᠬᠡᠪᠰᠢ ᠨᠠᠮ ᠤᠨ ᠲᠦᠷᠢᠮ ᠨᠠᠮ ᠤᠨ ᠲᠣᠭᠲᠠᠭᠠᠯ ᠢ ᠡᠷᠬᠢᠮᠯᠡᠨ ᠬᠥᠨᠳᠤᠳᠭᠡᠵᠤ᠂ ᠤᠯᠤᠰ ᠲᠦᠷᠦ ᠶᠢᠨ | ᠰᠤᠨᠤᠷ ᠰᠡᠷᠡᠮᠵᠢ ᠪᠠᠨ ᠢᠮᠠᠭᠲᠠ ᠪᠠᠷᠢᠮᠲᠠᠯᠠᠬᠤ ᠬᠡᠷᠡᠭᠲᠡᠢ᠂ ᠡᠨᠡ ᠪᠣᠯ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠶᠢᠨ ᠴᠢᠭᠯᠡᠯ ᠮᠥᠨ᠃ | ᠨᠠᠮ ᠤᠨ ᠲᠦᠷᠢᠮ ᠳᠤ ᠨᠠᠮ ᠤᠨ ᠬᠦᠰᠡᠯᠡᠩ ᠢᠲᠡᠭᠡᠯ ᠵᠣᠷᠢᠭ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ | ᠦᠢᠯᠡ ᠠᠵᠢᠯᠯᠠᠭᠠᠨ ᠤ ᠲᠦᠷᠢᠮ ᠪᠠ ᠰᠠᠬᠢᠯᠭ᠎ᠠ ᠪᠠᠲᠤ ᠶᠢᠨ ᠬᠢᠵᠠᠭᠠᠷᠯᠠᠯ ᠢ ᠲᠣᠭᠲᠠᠭᠠᠭᠰᠠᠨ ᠶᠤᠮ᠂ ᠡᠨᠡ ᠪᠣᠯ ᠪᠦᠬᠦ | ᠨᠠᠮ ᠢᠶᠠᠷ ᠢᠶᠠᠨ ᠡᠷᠬᠡᠪᠰᠢ ᠵᠢᠷᠤᠮᠯᠠᠬᠤ ᠬᠡᠷᠡᠭᠲᠡᠢ ᠦᠢᠯᠡ ᠠᠵᠢᠯᠯᠠᠭᠠᠨ ᠤ ᠦᠨᠳᠦᠰᠦᠨ ᠵᠢᠷᠤᠮᠵᠢᠯ ᠮᠥᠨ᠃ ᠭᠠᠭᠴᠠ | ᠬᠦ ᠨᠠᠮ ᠤᠨ ᠲᠦᠷᠢᠮ ᠨᠠᠮ ᠤᠨ ᠲᠣᠭᠲᠠᠭᠠᠯ ᠢ ᠡᠷᠬᠢᠮᠯᠡᠨ ᠬᠦᠨᠳᠦᠳᠬᠡᠵᠦ᠂ ᠨᠠᠮ ᠳᠠᠭᠠᠨ ᠦᠨᠡᠨᠴᠢ ᠰᠢᠳᠤᠷᠭᠤ | ᠪᠠᠶᠢᠪᠠᠯ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠰᠠᠶ᠋ᠢ ᠵᠥᠪ ᠴᠢᠭᠯᠡᠯ | ᠢᠶᠠᠨ ᠪᠠᠷᠢᠮᠲᠠᠯᠠᠵᠤ ᠴᠢᠳᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠳᠤ᠂ ᠡᠷᠬᠡᠪᠰᠢ ᠨᠠᠮ | ᠤᠨ ᠲᠦᠷᠢᠮ ᠨᠠᠮ ᠤᠨ ᠲᠣᠭᠲᠠᠭᠠᠯ ᠢ ᠰᠤᠷᠤᠯᠴᠠᠬᠤ᠂ ᠨᠠᠮ ᠤᠨ ᠲᠦᠷᠢᠮ ᠨᠠᠮ ᠤᠨ ᠲᠣᠭᠲᠠᠭᠠᠯ ᠢ ᠵᠢᠷᠤᠮᠯᠠᠬᠤ ᠶᠢ | ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ | ᠬᠥᠮᠦᠵᠢᠯ ᠢ ᠴᠢᠩᠭᠠᠳᠬᠠᠵᠤ᠂ ᠦᠪᠡᠷ ᠢ ᠪᠠᠨ ᠱᠠᠭᠠᠷᠳᠠᠬᠤ ᠪᠠ ᠪᠤᠰᠤᠳ ᠢᠶᠠᠷ ᠱᠠᠭᠠᠷᠳᠠᠭᠤᠯᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠣᠯᠤᠨ ᠶᠣᠰᠣ ᠰᠤᠷᠲᠠᠬᠤᠨ ᠤ | ᠥᠨᠳᠥᠷ ᠱᠤᠭᠤᠮ ᠢ ᠪᠠᠲᠤ ᠰᠠᠬᠢᠵᠤ᠂ ᠨᠠᠮ ᠤᠨ ᠭᠡᠰᠢᠭᠦᠨ ᠺᠠᠳ᠋ᠷ ᠢ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠬᠦᠨᠳᠦᠳᠬᠡᠨ ᠵᠢᠷᠦᠬᠡᠰᠢᠶᠡᠬᠦ ᠰᠡᠳᠬᠢᠯᠭᠡ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠬᠢᠵᠠᠭᠠᠷ | ᠲᠠᠢ ᠪᠠᠶᠢᠯᠭᠠᠵᠤ᠂ ᠢᠮᠠᠭᠲᠠ ᠨᠠᠮ ᠪᠣᠯᠤᠨ ᠠᠷᠠᠳ ᠲᠦᠮᠡᠨ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ | ᠪᠠᠶᠢᠯᠭᠠᠬᠤ ᠬᠡᠷᠡᠭᠲᠡᠢ᠃ | ︵ᠬᠤᠶᠠᠷ︶ ᠡᠷᠬᠡᠪᠰᠢ ᠭᠤᠣᠯ ᠠᠵᠢᠯ ᠤᠨ ᠲᠤᠭᠤᠷᠢᠨ ᠳᠤ᠂ ᠢᠮᠠᠭᠲᠠ ᠶᠡᠭᠡ ᠲᠠᠯ᠎ᠠ ᠶᠢ ᠲᠠᠭᠠᠵᠤ ᠶᠡᠭᠡ ᠲᠠᠯ᠎ᠠ ᠳᠤ | ᠦᠢᠯᠡᠴᠢᠯᠡᠬᠦ ᠬᠡᠷᠡᠭᠲᠡᠢ᠂ ᠡᠨᠡ ᠪᠣᠯ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠶᠢᠨ ᠬᠠᠷᠠᠯᠲᠠ ᠮᠥᠨ᠃ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠣᠯ ᠪᠦᠬᠦ ᠨᠠᠮ ᠤᠨ ᠭᠤᠣᠯ ᠠᠵᠢᠯ ᠮᠥᠨ᠂ ᠬᠦᠭᠵᠢᠯᠲᠡ ᠪᠣᠯ ᠨᠠᠮ ᠤᠨ ᠲᠦᠷᠦ ᠪᠠᠷᠢᠵᠤ ᠤᠯᠤᠰ | ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠤᠬᠠᠮᠰᠠᠷ ᠠᠴᠠ ᠪᠠᠨ ᠭᠤᠣᠯᠳᠠᠯᠭ᠎ᠠ ᠲᠠᠢ ᠤᠶᠠᠯᠳᠤᠭᠤᠯᠤᠨ᠂ | ᠶᠡᠭᠡ ᠲᠠᠯ᠎ᠠ ᠳᠤ ᠦᠢᠯᠡᠴᠢᠯᠡᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠪᠠᠷ ᠠᠵᠢᠯ ᠤᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠬᠥᠭᠵᠢᠯᠲᠡ ᠶᠢ ᠨᠥᠯᠥᠭᠡᠯᠡᠵᠦ ᠪᠠᠶᠢᠭ᠎ᠠ ᠲᠤᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢ ᠬᠥᠨᠵᠡᠭᠡᠶᠢᠷᠡᠬᠦᠯᠬᠦ ᠶᠢ ᠨᠦᠯᠤᠭᠡᠯᠡᠵᠤ ᠪᠠᠶᠢᠭ᠎ᠠ | ᠠᠰᠢᠭ ᠦᠭᠡᠢ ᠬᠥᠴᠤᠨ ᠵᠦᠢᠯ ᠢ ᠠᠷᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ | ᠡᠪᠳᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ | ᠨᠥᠬᠦᠴᠡᠯᠳᠦᠯ ᠢ ᠪᠡᠶᠡᠯᠡᠭᠦᠯᠦᠨ᠎ᠡ᠃ | ︵ᠭᠤᠷᠪᠠ︶ ᠡᠷᠬᠡᠪᠰᠢ ᠬᠦᠴᠦᠨ ᠢᠶᠠᠨ ᠨᠢᠭᠲᠠᠷᠠᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠶᠢ | ᠢᠮᠠᠭᠲᠠ ᠴᠢᠬᠤᠯᠠᠴᠢᠯᠠᠬᠤ ᠬᠡᠷᠡᠭᠲᠡᠢ᠂ ᠡᠨᠡ ᠪᠣᠯ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠶᠢᠨ ᠦᠨᠳᠦᠰᠦ ᠮᠥᠨ᠃ ᠢᠯᠵᠠᠷᠠᠯ ᠢ | ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠣᠯ ᠪᠦᠬᠦ ᠨᠠᠮ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠮᠥᠨ᠃ ᠭᠠᠭᠴᠠ ᠬᠦ ᠬᠤᠲᠠ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ | ᠤᠳᠤᠷᠢᠳᠤᠯᠭ᠎ᠠ ᠨᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠬᠥᠢᠴᠡᠳᠭᠡᠵᠤ᠂ | ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠶᠢ | ᠴᠢᠩᠭ᠎ᠠ ᠬᠥᠢᠴᠡᠳᠭᠡᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠵᠣᠭᠰᠣᠯᠲᠠ ᠪᠠᠨ ᠪᠠᠲᠤᠳᠬᠠᠵᠤ᠂ ᠴᠢᠭᠯᠡᠯ ᠢᠶᠠᠨ ᠣᠨᠣᠪᠴᠢᠲᠠᠢ | ᠡᠵᠡᠮᠳᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠡᠬᠦᠷᠭᠡᠯᠡᠨ ᠠᠪᠴᠤ᠂ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠪᠠᠯ ᠰᠠᠶ᠋ᠢ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ | ᠵᠠᠰᠠᠭ ᠵᠡᠷᠭᠡ ᠪᠠᠷ ᠠᠳᠬᠤᠵᠤ ᠬᠠᠮᠳᠤ ᠪᠠᠷ ᠬᠠᠮᠢᠶᠠᠷᠬᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠣᠬᠢᠶᠠᠨ | ᠪᠠᠶᠢᠭᠤᠯᠵᠤ ᠵᠣᠬᠢᠴᠠᠭᠤᠯᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠡᠬᠦᠷᠭᠡᠯᠡᠬᠦ᠂ ᠤᠯᠠᠨ | ᠲᠦᠮᠡᠨ ᠤ ᠳᠡᠮᠵᠢᠯᠭᠡ ᠪᠣᠯᠤᠨ ᠤᠷᠤᠯᠴᠠᠯᠭ᠎ᠠ ᠳᠤ ᠲᠦᠰᠢᠭᠯᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠵᠦ ᠴᠢᠳᠠᠨ᠎ᠠ᠃ | | ︵ᠲᠦᠷᠪᠡ︶ ᠡᠷᠬᠡᠪᠰᠢ ᠭᠤᠣᠯ ᠠᠵᠢᠯ ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠬᠤᠪᠢᠷᠠᠰᠢ | ᠦᠭᠡᠢ ᠪᠠᠳᠤ ᠬᠦᠴᠦᠨ ᠢᠶᠠᠨ ᠢᠮᠠᠭᠲᠠ ᠪᠠᠲᠤᠯᠠᠬᠤ ᠬᠡᠷᠡᠭᠲᠡᠢ᠂ ᠡᠨᠡ ᠪᠣᠯ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠶᠢᠨ | ᠵᠠᠩᠭᠢᠯᠠᠭ᠎ᠠ ᠮᠦᠨ᠃ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠪᠣᠯ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠣᠯ ᠠᠵᠢᠯ ᠬᠠᠷᠢᠭᠤᠴᠠᠯᠭ᠎ᠠ ᠮᠥᠨ᠃ ᠰᠢᠨ᠎ᠡ ᠪᠠᠶᠢᠳᠠᠯ ᠰᠢᠨ᠎ᠡ | ᠡᠭᠦᠷᠭᠡ ᠶᠢᠨ ᠡᠮᠦᠨ᠎ᠡ᠂ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠡᠷᠬᠡᠪᠰᠢ ᠠᠯᠬᠤᠮ ᠢᠶᠠᠨ ᠤᠳᠠᠭᠠᠰᠢᠷᠠᠭᠤᠯᠬᠤ ᠦᠬᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠬᠡᠢ᠂ | ᠡᠷᠴᠢᠮ ᠢᠶᠠᠨ ᠰᠤᠯᠠᠷᠠᠭᠤᠯᠬᠤ ᠦᠬᠡᠢ ᠪᠠᠶᠢᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ︽ᠳᠦᠷᠪᠡᠨ | ᠰᠤᠷᠲᠠᠯ︾ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠬᠤ ᠪᠠᠷ ᠲᠡᠮᠵᠢᠭᠤᠯᠤᠨ᠂ ᠢᠯᠵᠠᠷᠠᠯ ᠢ | ᠡᠰᠡᠷᠬᠦᠴᠡᠭᠰᠡᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ︽ᠠᠰᠢᠭ︾ ᠢᠶᠠᠷ ᠠᠷᠠᠳ ᠤᠨ ᠰᠡᠳᠬᠢᠯ ᠢ | ᠳᠤᠯᠠᠭᠠᠴᠠᠭᠤᠯᠬᠤ ᠬᠡᠷᠡᠭᠲᠡᠢ᠃ ᠡᠷᠬᠡᠪᠰᠢ ︽ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ | ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ︾ ᠵᠠᠷᠴᠢᠮ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ | ᠶᠢᠨ ᠠᠵᠢᠯ ᠢ ᠢᠮᠠᠭᠲᠠ ᠲᠤᠭᠤᠰᠢᠯᠠᠭᠤᠯᠵᠤ᠂ ᠴᠢᠩᠭ᠎ᠠ ᠬᠢᠨᠠᠯᠲᠠ ᠪᠠᠷ ᠳᠠᠷᠤᠯᠲᠠ ᠦᠵᠡᠬᠦᠯᠬᠦ ᠮᠥᠷᠲᠡᠭᠡᠨ ᠪᠠᠰᠠ | ᠭᠦᠢᠴᠡᠳ ᠢᠲᠡᠭᠡᠯ ᠢᠶᠠᠷ ᠬᠥᠴᠤ ᠨᠡᠮᠡᠵᠤ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ | ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠨᠢᠭᠡᠳᠦᠯ ᠢ ᠴᠢᠷᠮᠠᠶᠢᠨ ᠪᠡᠶᠡᠯᠡᠭᠦᠯᠬᠦ | ᠬᠡᠷᠡᠭᠲᠡᠢ᠃ | ︵ᠲᠠᠪᠤ︶ ᠡᠷᠬᠡᠪᠰᠢ ᠥᠪᠡᠷ ᠢ ᠪᠠᠨ ᠴᠢᠩᠲᠠᠯᠠᠬᠤ ᠶᠢ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ ᠶᠢ ᠢᠮᠠᠭᠲᠠ | ᠴᠢᠩᠭᠠᠳᠬᠠᠬᠤ ᠬᠡᠷᠡᠭᠲᠡᠢ᠂ ᠡᠨᠡ ᠪᠣᠯ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠶᠢᠨ ᠪᠠᠲᠤᠯᠠᠭ᠎ᠠ ᠮᠥᠨ᠃ ︽ᠢᠲᠡᠭᠡᠯ | ᠢᠶᠠᠷ ᠬᠢᠨᠠᠯᠲᠠ ᠶᠢ ᠣᠷᠣᠯᠠᠭᠤᠯᠵᠤ ᠪᠣᠯᠬᠤ ᠦᠭᠡᠢ︾᠂ ︽ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ | ᠬᠥᠮᠦᠨ ᠰᠠᠬᠢᠯᠭ᠎ᠠ ᠪᠠᠲᠤ ᠶᠢ ᠨᠡᠩ ᠢᠯᠡᠭᠦᠦ ᠰᠠᠬᠢᠬᠤ ᠬᠡᠷᠡᠭᠳᠠᠢ︾ ᠭᠡᠬᠦ ᠣᠶᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠤᠬᠠᠮᠰᠠᠷ ᠠᠴᠠ ᠪᠠᠨ ᠴᠢᠬᠤᠯᠠ ᠠᠵᠢᠯ ᠤᠨ ᠪᠠᠶᠢᠷᠢ ᠪᠠ ᠵᠠᠩᠭᠢᠯᠠᠭ᠎ᠠ ᠶᠢᠨ ᠭᠤᠭᠴᠤᠭ᠎ᠠ ᠳᠤ | ᠬᠢᠨᠠᠯᠲᠠ ᠲᠠᠯᠪᠢᠬᠤ ᠶᠢ ᠡᠷᠡᠰ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠲᠤᠰ ᠪᠡᠶ᠎ᠡ ᠪᠠᠨ ᠬᠢᠨᠠᠯᠲᠠ ᠶᠢᠨ | ᠳᠤᠤᠷ᠎ᠠ ᠪᠠᠶᠢᠯᠭᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠬᠡᠪ ᠳᠠᠭᠤᠷᠢᠶᠠᠯ ᠪᠤᠯᠵᠤ᠂ | ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠨᠡᠩ ᠢᠳᠡᠭᠡᠯ ᠬᠥᠴᠤᠨ | ᠲᠠᠢ᠂ ᠨᠡᠩ ᠤᠮᠤᠭ ᠵᠤᠷᠢᠭ ᠲᠠᠢ᠂ ᠨᠡᠩ ᠡᠷᠬᠡ ᠰᠦᠷ ᠲᠠᠢ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠡᠩᠨᠡᠭᠡ ᠶᠢᠨ ᠰᠢᠨ᠎ᠡ ᠪᠠᠶᠢᠳᠠᠯ ᠰᠢᠨ᠎ᠡ ᠴᠠᠭ ᠦᠶ᠎ᠡ ᠶᠢᠨ ᠠᠵᠢᠯ ᠤᠨ ᠬᠡᠷᠡᠭᠴᠡᠭᠡ ᠳᠤ ᠵᠣᠬᠢᠴᠠᠬᠤ ᠶᠢ | ᠦᠨᠡᠨ ᠬᠦ ᠪᠠᠳᠤᠯᠠᠨ᠎ᠠ᠃ | ᠭᠤᠷᠪᠠ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠤᠬᠠᠢ ᠰᠠᠨᠠᠭᠤᠯᠭ᠎ᠠ | ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠲᠠ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠬᠦᠯᠵᠦ ᠨᠡᠶᠢᠭᠡᠮ ᠵᠢᠷᠤᠮ ᠤᠨ ᠤᠳᠤᠬᠢᠴᠢᠯᠠᠯᠳᠠ ᠶᠢ | ᠦᠨᠳᠤᠰᠤᠨ ᠳᠡᠭᠡᠨ ᠪᠡᠶᠡᠯᠡᠬᠦᠯᠬᠦ ᠬᠠᠷᠠᠯᠳᠠ ᠲᠡᠰᠢ ᠤᠷᠤᠭᠰᠢᠯᠠᠬᠤ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ | ᠤᠬᠳᠤᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠨᠠᠮ ᠤᠨ ᠬᠤᠷᠢᠶ᠎ᠠ ᠳᠤ ᠬᠠᠮᠵᠢᠨ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠨᠠᠩ ᠶᠡᠭᠡ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠦᠷ᠎ᠡ ᠪᠦᠲᠦᠭᠡᠯ ᠢ ᠲᠠᠰᠤᠷᠠᠯᠲᠠ ᠦᠭᠡᠢ ᠣᠯᠬᠤ ᠪᠣᠯ ᠮᠠᠨ ᠤ ᠲᠡᠦᠬᠡᠲᠦ ᠬᠠᠷᠢᠭᠤᠴᠠᠯᠭ᠎ᠠ | ᠪᠠ ᠬᠠᠷᠢᠭᠤᠴᠠᠯᠭ᠎ᠠ ᠡᠬᠦᠷᠭᠡᠯᠡᠯ ᠪᠣᠯᠤᠨ᠎ᠠ᠃ | ︵ᠨᠢᠭᠡ︶ ︽ᠬᠤᠶᠠᠷ ᠢ ᠬᠠᠮᠠᠭᠠᠯᠠᠬᠤ︾ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠬᠥᠲᠥᠯᠪᠦᠷᠢ ᠪᠠ ᠰᠦᠨᠡᠰᠦ ᠪᠣᠯᠭᠠᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠬᠢᠨᠠᠯᠲᠠ᠂ ᠤᠷᠳᠤ ᠬᠤᠭᠤᠴᠠᠭᠠᠨ ᠤ | ᠬᠢᠨᠠᠯᠲᠠ ᠶᠢᠨ ᠦᠢᠯᠡᠳᠦᠯ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠤᠨ᠎ᠠ᠃ ᠤᠯᠤᠰ ᠲᠦᠷᠦ ᠶᠢᠨ ᠬᠢᠨᠠᠯᠲᠠ | ᠲᠠᠯᠪᠢᠯᠲᠠ ᠶᠢ ᠴᠢᠩᠭᠠᠳᠬᠠᠵᠤ᠂ ᠣᠨᠴᠠᠭᠠᠶᠢᠯᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠶᠢᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠷᠢᠨ ᠨᠢᠮᠪᠠᠢ ᠲᠠᠩᠰᠠ | ᠪᠠᠶᠢᠭᠤᠯᠵᠤ᠂ ᠨᠠᠷᠢᠨ ᠣᠨᠣᠪᠴᠢᠲᠠᠢ ᠪᠠᠷ ᠲᠠᠩᠰᠠ ᠪᠠᠶᠢᠴᠠᠭᠠᠵᠤ᠂ ᠨᠠᠷᠢᠨ ᠨᠢᠮᠪᠠᠢ ᠪᠠᠷ ᠲᠠᠩᠰᠠ ᠲᠤᠰᠢᠶᠠᠨ᠎ᠠ᠃ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠵᠣᠷᠢᠭᠲᠠᠢ ᠪᠠᠷ ᠬᠢᠨᠠᠯᠲᠠ ᠲᠠᠯᠪᠢᠵᠤ᠂ ᠴᠢᠳᠠᠮᠠᠭᠠᠢ ᠪᠠᠷ | ᠬᠢᠨᠠᠯᠲᠠ ᠲᠠᠯᠪᠢᠵᠤ᠂ ᠵᠢᠷᠤᠮᠵᠢᠯ ᠲᠠᠢ ᠪᠠᠷ ᠬᠢᠨᠠᠯᠲᠠ ᠲᠠᠯᠪᠢᠵᠤ᠂ ᠬᠢᠨᠠᠯᠲᠠ ᠶᠢ ᠦᠨᠡᠨ ᠬᠦ ︽ᠰᠢᠳᠤ ᠤᠷᠭᠤᠭᠤᠯᠵᠤ︾ | ︽ᠴᠠᠬᠢᠯᠭᠠᠨ ᠨᠡᠪᠳᠡᠷᠡᠬᠦᠯᠤᠨ᠎ᠠ︾᠃ ᠡᠷᠲᠡ ᠠᠴᠠ ᠠᠳᠬᠤᠨ ᠪᠠᠭ᠎ᠠ ᠳᠤᠨᠢ ᠠᠳᠬᠤᠬᠤ᠂ ᠢᠳᠡᠭ ᠢᠳᠡᠭ ᠢᠶᠠᠷ | ᠨᠡᠪᠴᠢᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ ᠶᠢ ᠤᠶᠠᠯᠳᠤᠭᠤᠯᠬᠤ ᠶᠢ | ᠴᠢᠬᠤᠯᠠᠴᠢᠯᠠᠵᠤ᠂ ᠬᠢᠨᠠᠯᠲᠠ ᠶᠢ ᠨᠡᠩ ᠲᠦᠪᠯᠡᠷᠡᠩᠬᠦᠢ᠂ ᠨᠠᠷᠢᠯᠢᠭ ᠤᠨᠤᠴᠠᠳᠠᠢ᠂ ᠬᠦᠴᠦᠲᠡᠢ ᠪᠣᠯᠭᠠᠨ᠎ᠠ᠃ ︽ | ᠳᠥᠷᠪᠡᠨ ᠤᠬᠠᠮᠰᠠᠷ︾ ᠢ ᠦᠢᠯᠡᠳᠤᠯᠭᠡᠵᠢᠬᠦᠯᠬᠦ᠂ ᠨᠠᠮ ᠤᠨ ᠲᠦᠷᠢᠮ ᠪᠠ ᠨᠠᠮ ᠤᠨ ᠳᠣᠲᠣᠭᠠᠳᠤ ᠶᠢᠨ ᠪᠤᠰᠤᠳ | ᠬᠠᠤᠯᠢ ᠲᠣᠭᠲᠠᠭᠠᠯ ᠢ ᠲᠤᠭᠤᠰᠢᠯᠠᠭᠤᠯᠬᠤ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠳᠤᠷᠠᠯ ᠤᠨ | ᠪᠠᠷᠢᠮᠵᠢᠶ᠎ᠠ ᠨᠤᠭᠤᠳ ᠢ ᠬᠡᠷᠡᠭᠵᠢᠭᠦᠯᠬᠦ ᠵᠡᠷᠭᠡ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠᠨ | ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ︽ᠬᠤᠶᠠᠷ ᠢ ᠬᠠᠮᠠᠭᠠᠯᠠᠬᠤ︾ ᠶᠢ ᠪᠣᠳᠠᠲᠤ ᠠᠵᠢᠯᠯᠠᠭ᠎ᠠ ᠳᠡᠭᠡᠷ᠎ᠡ | ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠵᠡᠷᠭᠡ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠱᠠᠯᠠᠪᠳᠠᠭᠤᠯᠤᠨ ᠨᠠᠶᠢᠳᠠᠪᠤᠷᠢᠵᠢᠭᠤᠯᠤᠨ᠎ᠠ᠃ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠢᠪᠠᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠪᠦᠷᠢᠨᠰᠢᠬᠦᠯᠦᠨ ᠲᠤᠤᠱᠯᠠᠭᠤᠯᠵᠤ᠂ ᠭᠤᠣᠯᠳᠠᠯᠭ᠎ᠠ ᠶᠢ ᠡᠵᠡᠮᠳᠡᠨ᠂ ᠬᠦᠴᠢᠷ ᠠᠰᠠᠭᠤᠳᠠᠯ ᠢ ᠠᠩᠬᠠᠷᠴᠤ᠂ ᠲᠦᠭᠵᠢᠮᠡᠯ | ᠴᠡᠭ ᠢ ᠰᠢᠯᠤᠭᠤᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠬᠠᠮᠰᠠᠷ ᠠᠴᠠ ᠪᠠᠨ ᠨᠠᠮ ᠤᠨ | ᠲᠥᠪ ᠬᠤᠷᠢᠶᠠᠨ ᠤ ᠵᠣᠷᠢᠭ ᠰᠠᠨᠠᠭ᠎ᠠ ᠲᠠᠢ ᠡᠭᠦᠷᠭᠡ ᠪᠠᠷᠢᠮᠵᠢᠶ᠎ᠠ ᠪᠠᠨ ᠬᠠᠷᠭᠤᠭᠤᠯᠬᠤ ᠶᠢ ᠲᠦᠯᠬᠢᠨ ᠠᠬᠢᠭᠤᠯᠵᠤ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠤᠪᠢᠷᠠᠯᠲᠠ ᠶᠢᠨ ᠪᠠᠶᠢᠳᠠᠯ ᠢ ᠠᠷᠭᠠᠴᠠᠬᠤ᠂ | ᠲᠣᠬᠢᠶᠠᠯ ᠢ ᠪᠤᠢ ᠪᠣᠯᠭᠠᠬᠤ᠂ ᠰᠢᠨ᠎ᠡ ᠪᠠᠶᠢᠳᠠᠯ ᠢ ᠨᠡᠭᠡᠭᠡᠬᠦ᠂ ᠰᠡᠷᠭᠦᠨ ᠮᠠᠨᠳᠤᠯᠲᠠ ᠶᠢ ᠰᠦᠪᠡᠭᠴᠢᠯᠡᠬᠦ ᠡᠯ᠎ᠡ ᠵᠦᠢᠯ ᠤᠨ | ᠠᠵᠢᠯ ᠢ ᠰᠠᠶᠢᠲᠤᠷ ᠬᠢᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠣᠶᠢᠯᠠᠭᠠᠭᠳᠠᠬᠤᠨ᠂ | ᠰᠡᠳᠬᠢᠴᠡ᠂ ᠳᠦᠷᠢᠮ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠦᠢᠯᠡᠴᠢᠯᠡᠵᠦ ᠲᠡᠭᠦᠨ ᠢ ᠪᠠᠲᠤᠯᠠᠬᠤ ᠪᠦᠲᠦᠮᠵᠢᠲᠡᠶ ᠠᠷᠭ᠎ᠠ ᠬᠡᠮᠵᠢᠶ᠎ᠡ ᠶᠢ ᠭᠦᠨᠵᠡᠭᠡᠶ | ᠦᠢᠯᠡᠳᠦᠯᠭᠡᠵᠢᠭᠦᠯᠦᠨ ᠰᠦᠪᠡᠭᠴᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ | ᠪᠦᠲᠦᠭᠡᠬᠦ ᠳᠡᠭᠡᠨ ᠴᠢᠳᠠᠮᠠᠭᠠᠢ ᠺᠠᠳ᠋ᠷᠴᠤᠳ ᠢ ᠬᠠᠮᠠᠭᠠᠯᠠᠨ ᠵᠤᠷᠢᠭᠵᠢᠭᠤᠯᠬᠤ ᠶᠢ ᠴᠢᠩᠭᠠᠳᠬᠠᠵᠤ᠂ ᠠᠷᠢᠭᠤᠨ | ᠴᠢᠬᠡᠴᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠡᠪ ᠰᠤᠷᠲᠠᠯ ᠴᠢᠩᠭ᠎ᠠ ᠪᠣᠳᠠᠲᠠᠢ᠂ ᠰᠠᠬᠢᠯᠭ᠎ᠠ ᠪᠠᠲᠤ | ᠴᠢᠩᠭ᠎ᠠ ᠲᠤᠲᠤᠷᠬᠠᠢ᠂ ᠺᠠᠳ᠋ᠷ ᠨᠢ ᠠᠷᠢᠭᠤᠨ ᠴᠢᠬᠡᠴᠢ᠂ ᠪᠠᠭ ᠨᠢ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ | ᠴᠢᠷᠮᠠᠶᠢᠨ ᠪᠡᠶᠡᠯᠡᠭᠦᠯᠵᠦ᠂ ᠳᠣᠲᠣᠨᠣ ᠪᠥᠭᠡᠳ ᠬᠡᠮᠵᠢᠶ᠎ᠡ ᠲᠠᠢ᠂ ᠴᠢᠬᠡᠴᠢ ᠪᠥᠭᠡᠳ ᠪᠦᠲᠦᠮᠵᠢᠲᠠᠢ ᠠᠷᠢᠭᠤᠨ | ᠳᠣᠲᠣᠨᠣ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠠᠮᠢ ᠠᠬᠤᠢ ᠪᠠ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ᠃ | ︵ᠬᠤᠶᠠᠷ︶ ︽ᠲᠦᠷᠪᠡᠨ ᠰᠤᠷᠲᠠᠯ︾ ᠤᠨ ᠠᠷᠬᠠᠭ ᠭᠡᠮ ᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠰᠢᠨ᠎ᠡ ᠲᠥᠪ ᠰᠤᠷᠲᠠᠯ ᠢ ᠪᠤᠢ | ᠪᠣᠯᠭᠠᠨ᠎ᠠ᠃ | ︽ᠲᠦᠷᠪᠡᠨ ᠰᠤᠷᠲᠠᠯ︾ ᠤᠨ ᠠᠰᠠᠭᠤᠳᠠᠯ ᠤᠨ ᠲᠠᠯᠳᠠ ᠬᠤᠪᠢᠷᠠᠯᠲᠠ ᠶᠢᠨ ᠵᠦᠢᠯ ᠵᠦᠢᠯ ᠤᠨ ᠢᠯᠡᠷᠡᠯ ᠢ ᠭᠦᠨ | ᠠᠭᠤᠳᠠᠯᠤᠨ ᠨᠠᠷᠢᠨ ᠪᠠᠶᠢᠴᠠᠭᠠᠵᠤ᠂ ᠰᠠᠬᠢᠯᠭ᠎ᠠ ᠪᠠᠲᠤ ᠶᠢ ᠵᠤᠷᠢᠭᠤᠲᠠ ᠵᠥᠷᠢᠴᠡᠭᠰᠡᠨ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠢᠯᠡᠴᠢᠯᠡᠨ᠎ᠡ᠃ ᠲᠥᠪ ᠬᠤᠷᠢᠶᠠᠨ ᠤ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠬᠦ ᠪᠠ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠢᠶᠠᠨ | ᠴᠢᠩᠭᠠᠷᠠᠭᠤᠯᠵᠤ᠂ ᠲᠠᠬᠢᠨ ᠢᠯᠡᠷᠡᠬᠦ᠂ ᠲᠠᠯᠳᠠ ᠬᠡᠯᠪᠡᠷᠢ ᠪᠠᠷ ᠣᠨᠳᠣᠣᠰᠢᠬᠤ᠂ ᠠᠵᠢᠯ ᠬᠢᠬᠦ ᠠᠴᠠ ᠬᠠᠯᠠᠰᠢᠷᠠᠬᠤ ᠵᠡᠷᠭᠡ | ᠶᠢ ᠡᠷᠡᠰ ᠰᠡᠷᠭᠡᠶᠢᠯᠡᠨ᠎ᠡ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠪᠠᠶᠢᠴᠠᠭᠠᠵᠤ᠂ ᠠᠮᠤ | ᠪᠤᠳᠠᠭ᠎ᠠ ᠶᠢ ᠠᠷᠪᠢᠯᠠᠨ ᠭᠠᠮᠨᠠᠬᠤ ᠳᠤ ᠬᠢᠨᠠᠯᠲᠠ ᠲᠠᠯᠪᠢᠬᠤ᠂ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ | ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠶᠢ ᠴᠢᠬᠤᠯᠠ ᠡᠭᠦᠷᠭᠡ ᠪᠠᠨ ᠪᠣᠯᠭᠠᠵᠤ᠂ ᠠᠯᠪᠠᠨ ᠤ ᠵᠣᠭᠤᠰ ᠤᠨ | ᠬᠡᠷᠡᠭᠯᠡᠭᠡ ᠶᠢᠨ ᠳᠤᠮᠳᠠᠬᠢ ᠲᠣᠭᠲᠠᠭᠠᠯ ᠰᠠᠬᠢᠯᠭ᠎ᠠ ᠪᠠᠲᠤ ᠪᠠ ᠬᠠᠤᠯᠢ ᠶᠢ ᠵᠥᠷᠢᠴᠡᠭᠰᠡᠨ ᠦᠵᠡᠭᠳᠡᠯ ᠢ ᠡᠷᠡᠰ | ᠬᠤᠷᠢᠭᠯᠠᠨ᠎ᠠ᠃ ᠲᠣᠭᠲᠠᠭᠠᠯ ᠢ ᠵᠥᠷᠢᠴᠡᠨ ᠬᠤᠪᠣᠷ ᠴᠤᠬᠠᠭ ᠣᠨᠴᠠ ᠭᠠᠷᠤᠯᠲᠠ᠂ ᠪᠡᠯᠡᠭ ᠰᠡᠯᠲᠡ ᠪᠡᠯᠡᠭ ᠤᠨ | ᠵᠣᠭᠤᠰ ᠢ ᠬᠤᠷᠢᠶᠠᠨ ᠠᠪᠬᠤ ᠪᠠ ᠬᠦᠷᠭᠡᠭᠰᠡᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠤᠳᠤᠷᠢᠳᠬᠤ | ᠺᠠᠳ᠋ᠷ ᠤᠨ ᠭᠡᠷᠬᠡᠢ ᠪᠤᠶᠤ ᠡᠷ᠎ᠡ ᠨᠦᠬᠦᠷ᠂ ᠦᠷ᠎ᠡ ᠬᠡᠤᠬᠡᠳ ᠵᠢᠴᠢ ᠲᠡᠳᠡᠨ ᠤ ᠭᠡᠷᠭᠡᠢ ᠪᠤᠶᠤ ᠡᠷ᠎ᠡ ᠨᠦᠬᠦᠷ ᠤᠨ ᠬᠢᠨᠢ | ᠬᠤᠳᠠᠯᠳᠤᠭ᠎ᠠ ᠠᠵᠤ ᠠᠬᠤᠶᠢᠯᠠᠯ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠣᠭᠲᠠᠭᠠᠯ ᠢ ᠰᠢᠪᠠᠳᠠᠨ | ᠨᠠᠶᠢᠳᠠᠪᠤᠷᠢᠵᠢᠭᠤᠯᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠳᠥᠯᠭᠢᠨ ᠠᠬᠢᠭᠤᠯᠵᠤ᠂ | ᠴᠢᠩᠭ᠎ᠠ ᠬᠡᠷᠡᠭᠵᠢᠭᠦᠯᠦᠨ᠎ᠡ᠃ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ ᠠᠵᠢᠯᠯᠠᠭ᠎ᠠ ᠶᠢ | ᠡᠷᠡᠰ ᠡᠰᠡᠷᠭᠦᠴᠡᠵᠦ᠂ ︽ᠨᠣᠶᠠᠨ ᠵᠡᠷᠭᠡ ᠶᠢ ᠡᠷᠬᠢᠮᠯᠡᠬᠦ︾ ᠶᠠᠪᠤᠳᠠᠯ ᠢ ᠡᠪᠳᠡᠵᠦ᠂ ᠣᠨᠴᠠᠭᠠᠶᠢᠷᠠᠬᠤ ᠦᠭᠡᠢ ᠪᠠᠶᠢᠵᠤ᠂ | ᠭᠡᠷ ᠪᠦᠯᠢ ᠦᠷ᠎ᠡ ᠬᠡᠦᠬᠡᠳ ᠢᠶᠠᠨ ᠴᠢᠩᠭ᠎ᠠ ᠬᠠᠮᠢᠶᠠᠷᠴᠤ᠂ ᠭᠡᠷ ᠤᠨ ᠰᠤᠷᠭᠠᠯ ᠰᠤᠷᠲᠠᠯ ᠢ ᠴᠢᠩᠳᠠᠯᠠᠨ᠎ᠠ᠃ ᠬᠡᠯᠪᠡᠷᠢᠴᠢ | ᠦᠵᠡᠯ᠂ ᠨᠣᠶᠠᠨᠴᠢ ᠦᠵᠡᠯ ᠢ ᠡᠷᠡᠰ ᠢᠶᠠᠷ ᠵᠠᠯᠠᠷᠠᠭᠤᠯᠤᠨ ᠵᠠᠰᠠᠵᠤ᠂ ︽ᠲᠦᠷᠪᠡᠨ ᠨᠣᠶᠠᠨ︾ ᠤ ᠠᠰᠠᠭᠤᠳᠠᠯ ᠢ | ᠶᠡᠷᠦᠩᠬᠡᠶᠢᠯᠡᠨ ᠵᠠᠰᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠬᠤ ᠳᠤ ᠰᠣᠩᠭᠤᠯᠲᠠ ᠬᠢᠬᠦ᠂ ᠬᠤᠪᠢᠷᠠᠭᠤᠯᠤᠨ ᠵᠣᠬᠢᠴᠠᠭᠤᠯᠬᠤ᠂ ᠳᠤᠲᠠᠭᠤ ᠲᠤᠷᠭᠤᠨ ᠬᠡᠷᠡᠭᠵᠢᠭᠦᠯᠬᠦ᠂ | ᠬᠥᠩᠭᠡᠪᠴᠢᠯᠡᠵᠦ ᠣᠮᠲᠣᠭᠠᠶᠢᠯᠠᠬᠤ᠂ ᠲᠡᠮᠡᠢ ᠠᠷᠭᠠᠴᠠᠬᠤ ᠵᠡᠷᠭᠡ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠤᠨ | ᠰᠠᠶᠢᠲᠤᠷ ᠠᠳᠬᠤᠵᠤ᠂ ᠨᠠᠷᠢᠯᠢᠭ ᠣᠨᠣᠴᠠᠲᠠᠶ ᠪᠠᠷ ᠵᠠᠰᠠᠨ᠎ᠠ᠃ | ︵ᠭᠤᠷᠪᠠ︶ ᠢᠯᠵᠠᠷᠠᠬᠤ ᠠᠴᠠ ᠵᠢᠷᠤᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ | ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠦᠨ᠎ᠡ᠃ | ᠥᠨᠳᠥᠷ ᠳᠠᠷᠤᠯᠲᠠ ᠪᠠᠷ ᠢᠯᠵᠠᠷᠠᠯ ᠢ ᠵᠠᠯᠬᠠᠭᠠᠨ ᠰᠢᠢᠳᠭᠡᠬᠦ ᠪᠠᠶᠢᠳᠠᠯ ᠢ ᠪᠠᠲᠤᠯᠠᠵᠤ᠂ ᠢᠯᠵᠠᠷᠠᠬᠤ ᠠᠴᠠ | ᠵᠢᠷᠤᠬᠡᠰᠢᠶᠡᠬᠦ ᠪᠣᠯᠭᠠᠬᠤ ᠰᠦᠷᠳᠡᠭᠦᠯᠦᠯ ᠢ ᠴᠢᠩᠭᠠᠳᠬᠠᠨ᠎ᠠ᠃ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠷᠤᠰᠢᠵᠤ ᠪᠠᠶᠢᠬᠤ ᠭᠡᠮᠵᠢᠶ᠎ᠠ ᠶᠢ ᠬᠦᠴᠦᠲᠡᠢ | ᠪᠠᠭᠠᠰᠬᠠᠨ᠂ ᠨᠡᠮᠡᠭᠳᠡᠯ ᠭᠡᠮᠵᠢᠶ᠎ᠠ ᠶᠢ ᠪᠦᠲᠦᠮᠵᠢᠲᠡᠢ ᠬᠤᠷᠢᠭᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠠᠪᠠᠭᠤ | ᠢᠯᠠᠯᠲᠠ ᠶᠢ ᠪᠠᠬᠢᠵᠢᠭᠦᠯᠦᠨ ᠬᠥᠭᠵᠢᠭᠦᠯᠦᠨ᠎ᠡ᠃ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠬᠦᠷᠢᠶ᠎ᠡ᠂ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠨᠢᠬᠳᠠ ᠠᠩᠬᠠᠷᠴᠤ᠂ ᠡᠷᠬᠡ ᠲᠥᠪᠯᠡᠷᠡᠭᠰᠡᠨ᠂ ᠪᠡᠯᠡ ᠮᠥᠩᠭᠦ ᠬᠤᠷᠠᠭᠰᠠᠨ᠂ | ᠡᠬᠢ ᠪᠠᠶᠠᠯᠢᠭ ᠡᠯᠪᠡᠭ ᠬᠤᠷᠠᠮᠳᠤᠭᠰᠠᠨ ᠰᠠᠯᠠᠭ᠎ᠠ ᠮᠥᠴᠢᠷ ᠪᠠ ᠠᠵᠢᠯ ᠲᠦᠷᠦᠯ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠱᠠᠮᠰᠢᠵᠤ ᠬᠡᠭᠡᠯᠢ ᠢᠳᠡᠵᠦ ᠬᠠᠭ᠋ᠤᠤᠯᠢ ᠲᠦᠯᠬᠢᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠴᠠᠯᠠᠭᠠᠶᠢᠲᠠᠨ ᠣᠮᠲᠣᠭᠠᠶᠢᠯᠠᠭᠰᠠᠨ᠂ ᠭᠤᠶᠠᠴᠢᠯᠠᠨ ᠬᠠᠤᠯᠢ ᠶᠣᠰᠣ ᠶᠢ | ᠵᠥᠷᠢᠴᠡᠭᠰᠡᠨ᠂ ᠬᠦᠨᠳᠦ ᠶᠡᠭᠡ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠵᠡᠷᠭᠡ ᠡᠷᠬᠡ ᠲᠤᠰᠢᠶᠠᠯ ᠢᠶᠠᠨ ᠠᠰᠢᠭᠯᠠᠨ | ᠬᠠᠤᠯᠢ ᠶᠢ ᠵᠥᠷᠢᠴᠡᠭᠰᠡᠨ ᠪᠠ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ ᠳᠦᠷᠢᠮ ᠲᠣᠭᠲᠠᠭᠠᠯ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠢᠯᠵᠠᠷᠠᠵᠤ ᠲᠠᠶᠢᠯᠬᠦ ᠦᠭᠡᠢ | ᠲᠤᠤᠷ ᠰᠢᠩᠭᠡᠯᠢᠭ ᠢ ᠪᠠᠬᠢᠯᠡᠨᠠ᠃ ᠬᠡᠷᠡᠭ ᠠᠴᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠡᠷᠬᠡ ᠣᠯᠭᠤᠬᠤ᠂ | ᠡᠷᠬᠡ ᠬᠡᠷᠡᠭᠯᠡᠬᠦ᠂ ᠡᠷᠬᠡ ᠲᠣᠭᠲᠠᠭᠠᠬᠤ ᠵᠡᠷᠭᠡ ᠭᠤᠭᠴᠤᠭ᠎ᠠ ᠲᠠᠢ ᠤᠶᠠᠯᠳᠤᠭᠤᠯᠵᠤ᠂ ᠬᠠᠷᠢᠭᠤᠴᠠᠯᠭ᠎ᠠ ᠶᠢ | ᠲᠣᠳᠣᠷᠬᠠᠶᠢᠯᠠᠬᠤ᠂ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠲᠠᠢ | ᠤᠶᠠᠯᠳᠤᠭᠤᠯᠵᠤ᠂ ᠬᠡᠷᠡᠭ ᠢᠶᠠᠷ ᠦᠭᠡᠷᠡᠴᠢᠯᠡᠯᠲᠡ ᠶᠢ ᠠᠬᠢᠭᠤᠯᠵᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠲᠦᠷᠢᠮ ᠤᠨ ᠳᠤᠲᠠᠭᠤᠳᠠᠯ ᠢ ᠨᠦᠬᠦᠪᠤᠷᠢᠯᠡᠬᠦ ᠶᠢ ᠭᠡᠳᠡᠷᠬᠦ ᠰᠢᠬᠠᠮᠳᠠᠭᠤᠯᠵᠤ᠂ ᠡᠷᠬᠡ ᠶᠢ ᠢᠯᠡ ᠲᠣᠳᠣ ᠬᠡᠷᠡᠭᠯᠡᠬᠦ ᠶᠢ | ᠠᠬᠢᠭᠤᠯᠵᠤ᠂ ᠨᠡᠶᠢᠲᠡ ᠶᠢᠨ ᠡᠷᠬᠡ ᠶᠢᠨ ᠠᠵᠢᠯᠯᠠᠭᠠᠨ ᠢ ᠬᠠᠤᠯᠢ ᠪᠠᠷ ᠵᠠᠰᠠᠬᠤ ᠪᠤᠯᠭᠠᠬᠤ ᠶᠢ ᠠᠬᠢᠭᠤᠯᠵᠤ᠂ ᠡᠷᠬᠡ ᠳᠤ | ᠬᠢᠨᠠᠯᠲᠠ ᠲᠠᠯᠪᠢᠬᠤ ᠬᠤᠭᠤᠰᠣᠨ ᠭᠠᠵᠠᠷ ᠢ ᠠᠷᠢᠯᠭᠠᠵᠤ᠂ ᠡᠷᠬᠡ ᠶᠢ ᠲᠤᠷ᠎ᠠ ᠵᠤᠷᠢᠭ ᠢᠶᠠᠷ ᠢᠶᠠᠨ ᠬᠡᠷᠡᠭᠵᠢᠬᠦᠯᠬᠦ | ᠣᠷᠣᠨ ᠵᠠᠢ ᠶᠢ ᠪᠠᠭᠠᠰᠬᠠᠵᠤ᠂ ᠬᠢᠨᠠᠯᠲᠠ ᠬᠠᠮᠢᠶᠠᠷᠤᠯᠲᠠ ᠶᠢᠨ ᠪᠦᠷᠢᠨ ᠲᠡᠭᠦᠯᠳᠡᠷ ᠲᠣᠭᠲᠠᠴᠠ᠂ ᠡᠷᠬᠡ ᠶᠢ | ᠬᠢᠵᠠᠭᠠᠷᠯᠠᠬᠤ ᠪᠦᠲᠦᠮᠵᠢᠲᠡᠢ ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ ᠲᠥᠪ ᠴᠢᠩᠭ᠎ᠠ ᠲᠣᠭᠲᠠᠴᠠ ᠶᠢ | ᠪᠠᠶᠢᠭᠤᠯᠵᠤ᠂ ᠲᠦᠷᠢᠮ ᠢᠶᠠᠷ ᠡᠷᠬᠡ ᠶᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠦᠨ᠎ᠡ᠃ ᠬᠡᠷᠡᠭ ᠢᠶᠠᠷ ᠰᠡᠷᠡᠮᠵᠢᠬᠦᠯᠬᠦ ᠶᠢ | ᠭᠦᠨᠵᠡᠭᠡᠶᠢᠷᠡᠭᠦᠯᠵᠦ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠤᠬᠠᠮᠰᠠᠷ ᠢ ᠴᠢᠩᠭᠠᠳᠬᠠᠨ᠎ᠠ᠃ ᠨᠢᠭᠡ ᠬᠡᠷᠡᠭ ᠢᠶᠠᠷ | ᠨᠢᠭᠡ ᠳ᠋ᠦᠩᠨᠡᠯᠳᠡ ᠬᠢᠵᠤ᠂ ᠨᠢᠭᠡ ᠬᠡᠷᠡᠭ ᠢᠶᠠᠷ ᠨᠢᠭᠡ ᠰᠡᠷᠡᠮᠵᠢ ᠦᠭᠴᠤ᠂ ᠨᠢᠭᠡ ᠬᠡᠷᠡᠭ ᠢᠶᠠᠷ ᠨᠢᠭᠡ ᠴᠡᠭᠴᠡᠯᠡᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠬᠢᠨᠠᠬᠤ ᠪᠠ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠪᠠᠶᠢᠴᠠᠭᠠᠬᠤ᠂ ᠰᠤᠷᠭᠠᠨ | ᠬᠥᠮᠤᠵᠢᠬᠦᠯᠬᠦ ᠪᠠ ᠴᠡᠭᠴᠡᠯᠡᠨ ᠰᠠᠶᠢᠵᠢᠷᠠᠭᠤᠯᠬᠤ ᠵᠡᠷᠭᠡ ᠭᠤᠭᠴᠤᠭ᠎ᠠ ᠶᠢ ᠨᠡᠪᠲᠡᠷᠡᠭᠦᠯᠵᠦ᠂ ᠬᠡᠷᠡᠭ ᠢᠶᠠᠷ | ᠦᠭᠡᠷᠡᠴᠢᠯᠯᠡᠲᠡ ᠶᠢ ᠠᠬᠢᠭᠤᠯᠬᠤ ᠪᠠᠶᠢᠩᠭᠤ ᠶᠢᠨ ᠤᠷᠳᠤ ᠬᠤᠭᠤᠴᠠᠭᠠᠨ ᠤ ᠪᠦᠳᠤᠮᠵᠢᠳᠠᠢ ᠪᠠᠶᠢᠲᠠᠯ ᠢ ᠠᠬᠢᠭᠤᠯᠬᠤ᠂ | ᠪᠦᠬᠦᠨ ᠢ ᠬᠠᠮᠤᠷᠬᠤ ᠶᠢ ᠪᠡᠶᠡᠯᠡᠬᠦᠯᠬᠦ ᠲᠡᠭᠡᠷ᠎ᠡ ᠦᠷᠭᠦᠯᠵᠢᠯᠡᠨ ᠬᠥᠴᠤᠯᠡᠨᠠ᠃ ᠬᠦᠰᠡᠯᠡᠩ ᠢᠲᠡᠭᠡᠯ ᠵᠤᠷᠢᠭ ᠪᠠ | ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠳᠡᠷᠭᠡᠳᠡᠬᠢ ᠨᠡᠶᠢᠲᠡᠯᠢᠭ ᠬᠡᠷᠡᠭ ᠪᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠠᠮ ᠤᠨ | ᠭᠡᠰᠢᠭᠦᠨ ᠺᠠᠳ᠋ᠷ ᠤᠨ ᠭᠡᠮᠰᠢᠯ ᠤᠨ ᠲᠡᠮᠳᠡᠭᠯᠡᠯ ᠤᠨ ᠡᠰᠡᠷᠭᠦ ᠲᠠᠯ᠎ᠠ ᠶᠢᠨ ᠵᠢᠭᠠᠬᠤ ᠮᠠᠲ᠋ᠧᠷᠢᠶᠠᠯ ᠤᠨ ᠦᠢᠯᠡᠳᠤᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠰᠠᠬᠢᠯᠭ᠎ᠠ ᠪᠠᠲᠤ ᠶᠢ ᠬᠡᠷᠡᠭᠵᠢᠬᠦᠯᠵᠤ ᠬᠢᠨᠠᠨ ᠪᠠᠶᠢᠴᠠᠭᠠᠭᠰᠠᠨ | ᠦᠷ᠎ᠡ ᠪᠦᠲᠦᠭᠡᠯ ᠢ ᠰᠡᠷᠡᠮᠵᠢᠬᠦᠯᠦᠨ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ︵ᠲᠦᠷᠪᠡ︶ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ | ᠵᠠᠰᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠨ᠂ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠣᠯ ᠤᠯᠤᠰ ᠲᠦᠷᠦ ᠶᠢᠨ ᠠᠵᠢᠯ᠂ ᠰᠡᠳᠬᠢᠯ ᠰᠠᠨᠠᠭᠠᠨ ᠤ | ᠠᠵᠢᠯ ᠪᠠᠶᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠬᠦ | ᠪᠣᠯ ᠦᠨᠳᠦᠰᠦᠨ ᠠᠵᠢᠯ ᠤᠨ ᠤᠳᠤᠷᠢᠳᠤᠮᠵᠢ ᠮᠥᠨ᠃ ᠠᠷᠠᠳ ᠲᠤ ᠠᠰᠢᠭ ᠬᠦᠷᠲᠡᠭᠡᠵᠦ ᠠᠷᠠᠳ ᠢ | ᠴᠢᠨᠡᠭᠡᠯᠢᠭᠵᠢᠬᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠠᠯᠪᠢᠬᠤ ᠬᠢᠨᠠᠯᠲᠠ ᠪᠠᠶᠢᠴᠠᠭᠠᠯᠲᠠ ᠪᠠᠨ ᠦᠷᠭᠦᠯᠵᠢᠯᠡᠨ | ᠴᠢᠩᠭᠠᠳᠬᠠᠵᠤ᠂ ᠤᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠴᠢᠩᠭᠠᠳᠬᠠᠬᠤ ᠬᠡᠷᠡᠭᠲᠡᠶ᠃ ᠰᠢᠯᠵᠢᠯᠲᠡ ᠶᠢᠨ ᠬᠤᠭᠤᠴᠠᠭᠠᠨ ᠳᠠᠬᠢ ᠲᠤᠰᠬᠠᠢ ᠬᠢᠨᠠᠯᠲᠠ ᠲᠠᠯᠪᠢᠯᠲᠠ ᠶᠢ ᠥᠷᠨᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠤᠯᠠᠨ | ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ | ᠲᠥᠰᠦᠯ ᠢ ᠲᠣᠭᠲᠠᠭᠠᠵᠤ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠨᠡᠶᠢᠭᠡᠮ ᠤᠨ ᠪᠠᠲᠤᠯᠠᠭ᠎ᠠ | ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ ᠢᠳᠡᠭᠡᠨ ᠡᠮ ᠤᠨ | ᠵᠦᠢᠯ ᠤᠨ ᠠᠮᠤᠷ ᠲᠦᠪᠰᠢᠨ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠡᠷᠭᠡ ᠬᠦᠷᠢᠶᠡᠨ ᠳᠠᠬᠢ ᠢᠯᠵᠠᠷᠠᠯ ᠪᠠ | ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠱᠠᠮᠰᠢᠨ ᠡᠵᠡᠯᠡᠬᠦ᠂ ᠢᠳᠡᠬᠦ ᠠᠪᠬᠤ ᠭᠠᠴᠢᠬᠤ | ᠨᠡᠬᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠭᠰᠠᠨ ︽ᠦᠮᠦᠭᠯᠡᠭᠴᠢ︾ ᠶᠢ ᠡᠷᠡᠰ ᠵᠠᠯᠬᠠᠭᠠᠨ ᠰᠢᠳᠬᠡᠨ᠎ᠡ᠃ ᠠᠷᠠᠳ ᠤᠯᠠᠨ ᠤ ᠬᠢᠨᠠᠯᠲᠠ | ᠲᠠᠯᠪᠢᠬᠤ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ | ᠬᠦᠴᠦᠨ ᠢ ᠨᠡᠶᠢᠳᠬᠡᠵᠦ᠂ ᠦᠨᠳᠦᠰᠦᠨ ᠱᠠᠲᠤᠨ ᠤ ᠺᠠᠳ᠋ᠷ ᠪᠠ ᠠᠯᠪᠠᠨ ᠲᠤᠰᠢᠶᠠᠯᠲᠠᠨ ᠤ ᠡᠷᠬᠡ ᠪᠠᠨ ᠬᠡᠷᠡᠭᠯᠡᠬᠦ ᠳᠤ | ᠬᠢᠨᠠᠯᠲᠠ ᠲᠠᠯᠪᠢᠵᠤ ᠬᠢᠵᠠᠭᠠᠷᠯᠠᠬᠤ ᠬᠦᠴᠦᠯᠡᠴᠡ ᠶᠢ ᠨᠡᠮᠡᠭᠳᠡᠭᠦᠯᠵᠦ᠂ ᠲᠡᠳᠡᠨ ᠢ ᠬᠢᠨᠠᠯᠲᠠ ᠶᠢᠨ ᠳᠤᠮᠳᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠳᠤ ᠵᠣᠬᠢᠴᠠᠭᠤᠯᠤᠨ᠎ᠠ᠃ | ︵ᠲᠠᠪᠤ︶ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠠᠭᠤᠰᠤᠯᠴᠠᠬᠤ ᠶᠢ ᠠᠬᠢᠭᠤᠯᠵᠤ᠂ | ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ | ᠡᠳᠦᠷ ᠲᠤᠲᠤᠮ ᠤᠨ ᠬᠢᠨᠠᠯᠲᠠ ᠶᠢ ᠨᠠᠷᠢᠯᠢᠭ ᠪᠥᠭᠡᠳ ᠪᠣᠳᠠᠲᠠᠶᠢᠵᠢᠭᠤᠯᠤᠨ᠎ᠠ᠃ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠬᠢᠨᠠᠯᠲᠠ ᠲᠠᠯᠪᠢᠬᠤ ᠠᠵᠢᠯ ᠳᠤ ᠲᠤᠤᠱᠯᠠᠭᠤᠯᠬᠤ ᠶᠢ | ᠪᠠᠷᠢᠮᠲᠠᠯᠠᠵᠤ᠂ ︽ᠲᠣᠭᠲᠠᠭᠤᠨ︾ ᠤ ᠰᠠᠭᠤᠷᠢ ᠶᠢ ᠪᠠᠲᠤᠳᠬᠠᠵᠤ᠂ ︽ᠤᠷᠤᠭᠰᠢᠯᠠᠨ ᠲᠠᠪᠰᠢᠬᠤ︾ ᠴᠢᠭᠯᠡᠯ ᠢ | ᠣᠨᠣᠪᠴᠢᠲᠠᠢ ᠡᠷᠢᠵᠦ᠂ ᠬᠢᠨᠠᠯᠲᠠ ᠲᠠᠯᠪᠢᠬᠤ ᠶᠢ ᠣᠷᠣᠨ ᠪᠦᠰᠡ ᠶᠢᠨ ᠵᠠᠰᠠᠯᠲᠠ᠂ ᠰᠠᠯᠠᠭ᠎ᠠ ᠮᠥᠴᠢᠷ ᠤᠨ ᠵᠠᠰᠠᠯᠲᠠ᠂ | ᠠᠵᠢᠯ ᠲᠦᠷᠦᠯ ᠤᠨ ᠵᠠᠰᠠᠯᠲᠠ᠂ ᠦᠨᠳᠦᠰᠦᠨ ᠱᠠᠲᠤᠨ ᠤ ᠵᠠᠰᠠᠯᠲᠠ᠂ ᠨᠢᠭᠡᠴᠢ ᠶᠢᠨ ᠵᠠᠰᠠᠯᠲᠠ ᠳᠤ ᠦᠨᠡᠨᠬᠦ | ᠠᠭᠤᠰᠤᠯᠴᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠣᠯᠤᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠤᠨ᠎ᠠ᠃ ᠠᠳᠠᠯᠢ ᠱᠠᠲᠤᠨ ᠤ ᠬᠢᠨᠠᠯᠲᠠ ᠶᠢ ᠬᠦᠴᠦᠯᠡᠨ ᠰᠠᠶᠢᠲᠤᠷ ᠠᠳᠬᠤᠨ᠎ᠠ᠃ ᠡᠯ᠎ᠡ | ᠱᠠᠲᠤᠨ ᠤ ᠭᠤᠣᠯ ᠤᠳᠤᠷᠢᠳᠬᠤ ᠺᠠᠳ᠋ᠷᠴᠤᠳ ᠲᠤ ᠬᠢᠨᠠᠯᠲᠠ ᠲᠠᠯᠪᠢᠬᠤ ᠵᠢᠴᠢ ᠤᠳᠤᠷᠢᠳᠬᠤ ᠪᠠᠭ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠨᠢᠭᠡᠳᠦᠭᠡᠷ | ᠤᠲᠤᠷᠢᠳᠤᠯᠭ᠎ᠠ︾ ᠶᠢᠨ ᠬᠢᠨᠠᠯᠲᠠ ᠲᠠᠯᠪᠢᠬᠤ ᠪᠠ ᠠᠳᠠᠯᠢ ᠱᠠᠲᠤᠨ ᠤ ᠬᠢᠨᠠᠯᠲᠠ ᠲᠠᠯᠪᠢᠬᠤ ᠪᠡᠷᠬᠡ ᠰᠡᠳᠦᠪ ᠢ | ᠬᠦᠴᠦᠯᠡᠨ ᠰᠢᠢᠳᠪᠦᠷᠢᠯᠡᠵᠦ᠂ ᠠᠳᠠᠯᠢ ᠱᠠᠲᠤᠨ ᠤ ᠨᠠᠮ ᠤᠨ ᠬᠤᠷᠢᠶ᠎ᠠ ᠪᠠ ᠲᠤᠤᠷᠠᠳᠤ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠲᠠᠯᠪᠢᠬᠤ ᠬᠢᠨᠠᠯᠲᠠ ᠬᠢᠵᠠᠭᠠᠷᠯᠠᠯ ᠢ ᠴᠢᠩᠭᠠᠳᠬᠠᠨ᠎ᠠ᠃ ᠤᠯᠤᠰ ᠲᠦᠷᠦ ᠶᠢᠨ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ᠵᠢᠴᠢ ᠲᠡᠭᠦᠨ ᠤ ᠤᠳᠤᠷᠢᠳᠬᠤ | ᠪᠠᠭ ᠤᠨ ᠪᠦᠷᠢᠯᠳᠦᠬᠦᠨ ᠤ ᠡᠷᠬᠡ ᠪᠠᠨ ᠬᠡᠷᠡᠭᠵᠢᠬᠦᠯᠬᠦ ᠶᠢ ᠲᠦᠷᠢᠮᠵᠢᠬᠦᠯᠦᠨ᠎ᠡ᠃ ᠲᠣᠮᠢᠯᠠᠨ ᠰᠠᠭᠤᠯᠭᠠᠵᠤ ᠬᠢᠨᠠᠯᠲᠠ | ᠲᠠᠯᠪᠢᠬᠤ ᠶᠢ ᠯᠠᠪᠳᠠᠭᠤᠨ ᠢᠶᠠᠷ ᠠᠭᠢᠭᠤᠯᠤᠨ᠎ᠠ᠃ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠭᠳᠠᠵᠤ ᠪᠠᠶᠢᠭ᠎ᠠ ᠰᠠᠯᠠᠭ᠎ᠠ ᠮᠥᠴᠢᠷ ᠢ ᠰᠢᠪᠠᠳᠠᠵᠤ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠪᠠᠶᠢᠩᠭᠤ ᠶᠢᠨ ᠴᠢᠨᠠᠷᠲᠠᠶ ᠠᠵᠢᠯ ᠤᠨ ᠪᠣᠯᠵᠣᠨ ᠶᠠᠷᠢᠯᠴᠠᠬᠤ | ᠂ ᠬᠠᠷᠢᠭᠤᠴᠠᠯᠭ᠎ᠠ ᠬᠢᠬᠡᠳ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ ᠪᠠ ᠬᠢᠨᠠᠯᠲᠠ ᠲᠠᠯᠪᠢᠵᠤ ᠪᠠᠶᠢᠴᠠᠭᠠᠬᠤ | ᠲᠣᠭᠲᠠᠴᠠ ᠶᠢ ᠪᠦᠷᠢᠨᠰᠢᠬᠦᠯᠵᠤ᠂ ᠬᠢᠨᠠᠯᠲᠠ ᠲᠠᠯᠪᠢᠭᠳᠠᠵᠤ ᠪᠠᠶᠢᠭ᠎ᠠ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠪᠠᠲᠤᠳᠬᠠᠬᠤ ᠶᠢ ᠲᠦᠯᠬᠢᠨ ᠠᠬᠢᠭᠤᠯᠤᠨ᠎ᠠ᠃ | ︽ᠲᠠᠰᠤᠭ᠂ ᠲᠤᠭᠤᠶᠢᠯᠠᠩ᠂ ᠪᠠᠶᠢᠭᠤᠯᠤᠮᠵᠢ︾ ᠬᠠᠮᠲᠤᠷᠠᠨ ᠬᠡᠷᠡᠭ ᠬᠦᠢᠴᠡᠳᠭᠡᠬᠦ ᠲᠤᠭᠲᠠᠮᠵᠢ ᠶᠢ ᠠᠬᠢᠭᠤᠯᠵᠤ᠂ | ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠬᠢᠨᠠᠯᠲᠠ ᠲᠠᠯᠪᠢᠵᠤ᠂ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠬᠡᠷᠡᠭ ᠪᠣᠯᠭᠠᠨ | ᠳᠠᠩᠰᠠᠯᠠᠭᠰᠠᠨ ᠬᠡᠮᠵᠢᠶ᠎ᠡ ᠴᠥᠭᠡᠨ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠤᠶᠤᠨᠴᠢ︾ | ᠬᠢᠨᠠᠯᠲᠠ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ︽ᠰᠦᠯᠵᠢᠶᠡᠨ ᠭᠠᠳᠠᠨ᠎ᠠ ᠬᠢᠨᠠᠯᠲᠠ ᠲᠠᠯᠪᠢᠬᠤ︾ + | ︽ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ︾ ᠶᠢ ᠨᠡᠪᠲᠡᠷᠡᠭᠦᠯᠦᠨ ᠬᠡᠷᠡᠭᠯᠡᠵᠦ᠂ ︽ᠭᠤᠷᠪᠠᠨ ᠶᠠᠪᠤᠳᠠᠯ ᠢ ᠢᠯᠡ | ᠪᠣᠯᠭᠠᠬᠤ +︾ ᠲᠠᠬᠢᠨ ᠬᠢᠨᠠᠯᠲᠠ ᠲᠠᠯᠪᠢᠬᠤ ᠲᠠᠪᠴᠠᠩ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ | ᠬᠠᠷᠠᠭ᠎ᠠ ᠪᠠᠨ ᠥᠷᠭᠡᠳᠬᠡᠨ᠂ ᠡᠷᠬᠡ ᠶᠢᠨ ᠠᠵᠢᠯᠯᠠᠭᠠᠨ ᠤ ︽ᠬᠥᠮᠦᠨ ᠤ ᠬᠦᠴᠦ ᠪᠠᠷ ᠬᠢᠨᠠᠯᠲᠠ ᠲᠠᠯᠪᠢᠬᠤ︾ ᠶᠢ ︽ | ᠲᠤᠭ᠎ᠠ ᠪᠠᠷᠢᠮᠲᠠ ᠪᠠᠷ ᠬᠢᠨᠠᠯᠲᠠ ᠲᠠᠯᠪᠢᠬᠤ︾᠂ ︽ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ︾ ᠶᠢ ︽ᠪᠦᠬᠦ | ᠶᠠᠪᠤᠴᠠ ᠳᠤ ᠬᠢᠨᠠᠯᠲᠠ ᠲᠠᠯᠪᠢᠬᠤ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠠᠷᠢᠭᠤᠴᠠᠯᠭ᠎ᠠ ᠨᠡᠬᠡᠮᠵᠢᠯᠡᠬᠦ | ᠬᠤᠷᠴᠠ ᠵᠡᠪᠰᠡᠭ ᠢ ᠵᠢᠷᠤᠮᠵᠢᠭᠤᠯᠤᠨ ᠰᠠᠶᠢᠲᠤᠷ ᠬᠡᠷᠡᠭᠯᠡᠨ᠎ᠡ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ | ᠴᠢᠩᠳᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠢ ᠲᠦᠪ ᠴᠢᠩᠭ᠎ᠠ ᠪᠤᠯᠭᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠵᠠᠪᠠᠯ ᠰᠣᠨᠣᠰᠬᠤ᠂ ᠲᠤᠰᠬᠠᠭᠰᠠᠨ ᠰᠦᠪᠡᠭᠴᠢ ᠨᠢ ᠪᠣᠳᠠᠲᠠᠢ | ᠮᠥᠷᠲᠡᠭᠡᠨ ᠪᠠᠶᠢᠴᠠᠭᠠᠵᠤ ᠪᠣᠯᠬᠤᠶᠢᠴᠠ ᠴᠢᠨᠠᠷᠲᠠᠢ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ | ᠵᠠᠪᠠᠯ ᠪᠠᠶᠢᠴᠠᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ | ᠰᠣᠩᠭᠤᠭᠤᠯᠢ ᠬᠢᠬᠦ᠂ ᠨᠣᠶᠠᠨ ᠵᠡᠷᠭᠡ ᠠᠷᠠᠯᠵᠢᠶᠠᠯᠠᠬᠤ᠂ ᠨᠣᠶᠠᠨ ᠵᠡᠷᠭᠡ ᠬᠥᠭᠡᠭᠡᠴᠡᠯᠳᠦᠬᠦ ᠵᠡᠷᠭᠡ ᠦᠢᠯᠡ | ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠬᠡᠷᠡᠭᠯᠡᠬᠦ ᠶᠢ | ᠭᠦᠨᠵᠡᠭᠡᠶᠢᠷᠡᠭᠦᠯᠵᠦ᠂ ︽ᠭᠤᠷᠪᠠ ᠶᠢ ᠢᠯᠭᠠᠬᠤ︾ ᠶᠢ ᠪᠠᠷᠢᠮᠲᠠᠯᠠᠨ᠂ ᠡᠷᠲᠡ ᠠᠴᠠ ᠢᠯᠡᠷᠡᠭᠦᠯᠦᠨ ᠡᠷᠲᠡ ᠠᠴᠠ | ᠰᠠᠨᠠᠭᠤᠯᠵᠤ᠂ ᠪᠤᠷᠤᠭᠤ ᠶᠢ ᠦᠨᠡᠨ ᠬᠦ ᠠᠭᠤᠴᠢᠯᠠᠨ ᠪᠠᠭᠲᠠᠭᠠᠵᠤ ᠵᠣᠷᠢᠭᠲᠠᠶ ᠪᠠᠷ ᠵᠠᠯᠠᠷᠠᠭᠤᠯᠵᠤ᠂ ᠲᠦᠷᠦ ᠶᠢᠨ | ᠪᠤᠳᠤᠯᠭ᠎ᠠ ᠶᠢ ᠡᠷᠬᠢᠮᠯᠡᠵᠦ ᠭᠠᠷᠬᠤ ᠵᠠᠮ ᠤᠯᠭᠤᠨ᠎ᠠ᠃ ᠨᠠᠮ ᠤᠨ ᠭᠡᠰᠢᠭᠦᠨ ᠤ ᠡᠷᠬᠡ ᠶᠢᠨ ᠪᠠᠲᠤᠯᠠᠭ᠎ᠠ ᠶᠢᠨ ᠲᠦᠷᠢᠮ ᠢ | ᠴᠢᠩᠭ᠎ᠠ ᠬᠡᠷᠡᠭᠵᠢᠭᠦᠯᠵᠦ᠂ ᠨᠠᠮ ᠤᠨ ᠭᠡᠰᠢᠭᠦᠨ ᠤ ᠡᠷᠬᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠢᠪᠠᠳᠠᠨ | ᠨᠠᠶᠢᠳᠠᠪᠤᠷᠢᠵᠢᠭᠤᠯᠵᠤ᠂ ᠪᠤᠲᠠᠲᠠᠢ ᠲᠠᠢ ᠦᠯᠦ ᠨᠡᠶᠢᠴᠡᠬᠦ ᠢᠯᠡᠴᠢᠯᠡᠨ ᠮᠡᠳᠡᠭᠦᠯᠦᠯᠲᠡ ᠳᠤ ᠤᠴᠠᠷᠠᠭᠰᠠᠨ | ᠺᠠᠳ᠋ᠷᠴᠤᠳ ᠤᠨ ᠨᠡᠷ᠎ᠡ ᠲᠦᠷᠦ ᠶᠢ ᠴᠠᠭᠠᠳᠬᠠᠵᠤ᠂ ᠭᠦᠵᠢᠷᠯᠡᠨ ᠵᠠᠭᠠᠯᠳᠤᠵᠤ ᠬᠦᠳᠭᠡᠨ ᠬᠤᠤᠷᠯᠠᠭᠰᠠᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠠᠵᠢᠯ ᠬᠢᠵᠦ | ᠦᠢᠯᠡᠰ ᠴᠣᠭᠴᠠᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠨ᠎ᠡ᠃ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ | ᠬᠥᠳᠡᠯᠦᠯᠴᠡᠬᠦ ᠶᠢ ᠲᠦᠯᠬᠢᠨ ᠠᠬᠢᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠬᠤᠷᠴᠠ ᠰᠡᠯᠡᠮ᠎ᠡ ᠪᠠ | ᠤᠯᠠᠨ ᠲᠦᠮᠡᠨ ᠲᠠᠢ ᠨᠢᠭᠲᠠ ᠬᠠᠷᠢᠯᠴᠠᠬᠤ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠠᠲᠤ ᠡᠵᠡᠮᠳᠡᠵᠦ᠂ ᠡᠩ ᠤᠨ ᠲᠣᠭᠤᠷᠢᠨ ᠪᠠᠶᠢᠴᠠᠭᠠᠬᠤ ᠳᠤ | ᠰᠠᠭᠤᠷᠢᠯᠠᠨ᠂ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠬᠤ᠂ ᠬᠥᠳᠡᠯᠦᠩᠭᠦᠢ ᠮᠠᠶ᠋ᠢᠭ ᠤᠨ ᠲᠣᠭᠤᠷᠢᠨ | ᠪᠠᠶᠢᠴᠠᠭᠠᠬᠤ ᠪᠠ ᠲᠤᠭᠤᠷᠢᠨ ᠪᠠᠶᠢᠴᠠᠭᠠᠯᠲᠠ ᠶᠢᠨ ︽ᠡᠷᠭᠢᠵᠦ ᠪᠠᠶᠢᠴᠠᠭᠠᠬᠤ︾ ᠠᠵᠢᠯᠯᠠᠭ᠎ᠠ ᠶᠢ ᠴᠢᠭᠯᠡᠭᠦᠯᠬᠦ | ᠴᠢᠨᠠᠷᠲᠠᠢ ᠪᠠᠷ ᠥᠷᠨᠢᠭᠦᠯᠵᠦ᠂ ᠪᠦᠬᠦᠨ ᠢ ᠪᠦᠷᠬᠦᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠣᠭᠤᠷᠢᠨ | ᠪᠠᠶᠢᠴᠠᠭᠠᠬᠤ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ ᠰᠠᠨᠠᠯ ᠪᠠ | ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠨᠡᠶᠢᠳᠡᠮ ᠠᠩᠬᠠᠷᠴᠤ | ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠬᠡᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ | ᠬᠡᠷᠡᠭᠯᠡᠯᠲᠡ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠣᠭᠲᠠᠴᠠ᠂ ᠦᠨᠡᠯᠡᠨ ᠵᠢᠱᠢᠬᠦ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠲᠤᠭᠤᠷᠢᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠬᠢᠨᠠᠯᠲᠠ ᠲᠠᠯᠪᠢᠯᠲᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠲᠦᠯᠬᠢᠨ ᠠᠬᠢᠭᠤᠯᠵᠤ᠂ | ᠵᠣᠬᠢᠶᠠᠨ ᠪᠠᠶᠢᠭᠤᠯᠤᠯᠲᠠ᠂ ᠤᠯᠤᠰ ᠲᠦᠷᠦ ᠬᠠᠤᠯᠢ ᠴᠠᠭᠠᠵᠠ᠂ ᠬᠢᠨᠠᠨ ᠪᠤᠳᠤᠯᠳᠠ᠂ ᠡᠳ᠋ ᠤᠨ ᠶᠠᠪᠤᠳᠠᠯ ᠨᠢᠭᠲᠠᠯᠠᠨ | ᠪᠤᠳᠤᠬᠤ᠂ ᠲᠤᠭ᠎ᠠ ᠪᠦᠷᠢᠳᠬᠡᠯ᠂ ᠤᠯᠠᠨ ᠲᠦᠮᠡᠨ ᠵᠡᠷᠭᠡ ᠶᠢᠨ ᠬᠢᠨᠠᠯᠲᠠ ᠲᠠᠯᠪᠢᠯᠲᠠ ᠲᠠᠢ ᠬᠠᠮᠲᠤᠷᠠᠨ ᠬᠠᠮᠵᠢᠯᠴᠠᠵᠤ᠂ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠳᠣᠯᠤᠭ᠎ᠠ︶ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ | ᠴᠢᠳᠠᠪᠤᠷᠢ ᠪᠠᠷ ᠤᠬᠢ ᠰᠠᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠬᠦᠴᠦᠯᠡᠨ | ᠪᠠᠶᠢᠭᠤᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠨᠢ ᠨᠠᠮ ᠤᠨ ᠦᠨᠡᠨᠴᠢ ᠰᠢᠳᠤᠷᠭᠤ ᠬᠠᠮᠠᠭᠠᠯᠠᠭᠴᠢ | ᠪᠣᠯᠤᠭᠰᠠᠨ ᠤ ᠬᠤᠪᠢ ᠳᠤ᠂ ᠡᠷᠬᠡᠪᠰᠢ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠲᠡᠷᠢᠭᠦᠨ | ᠴᠢᠬᠤᠯᠠ ᠤᠯᠤᠰ ᠲᠦᠷᠦ ᠶᠢᠨ ᠬᠡᠪ ᠰᠤᠷᠲᠠᠯ ᠢᠶᠠᠨ ᠪᠣᠯᠭᠠᠵᠤ᠂ ᠲᠤᠰᠬᠠᠢ ᠬᠠᠷᠢᠭᠤᠴᠠᠨ ᠬᠢᠨᠠᠯᠲᠠ ᠲᠠᠯᠪᠢᠬᠤ | ᠤᠬᠠᠮᠰᠠᠷ ᠢᠶᠠᠨ ᠴᠢᠩᠭᠠᠳᠬᠠᠵᠤ᠂ ᠨᠠᠵᠠᠭᠠᠢ ᠢᠯᠵᠢᠷᠡᠯ ᠤᠨ ᠦᠵᠡᠭᠳᠡᠯ ᠳᠤ ᠵᠣᠷᠢᠭᠲᠠᠢ ᠪᠠᠷ ᠬᠠᠲᠠᠭᠤ ᠦᠭᠡ ᠬᠡᠯᠡᠵᠦ᠂ | ᠴᠢᠷᠠᠢ ᠪᠠᠭᠤᠯᠭᠠᠨ᠂ ᠦᠨᠡᠨ ᠪᠣᠳᠠᠲᠠᠢ ᠠᠵᠢᠯᠯᠠᠭ᠎ᠠ ᠠᠪᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ | ᠬᠡᠷᠡᠭᠵᠢᠭᠦᠯᠬᠦ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠳᠣᠲᠣᠭᠠᠳᠤ ᠡᠵᠡᠮᠳᠡᠯ ᠤᠨ ᠲᠣᠭᠲᠠᠴᠠ ᠶᠢ | ᠪᠦᠷᠢᠨᠰᠢᠭᠦᠯᠦᠨ᠂ ᠬᠡᠷᠡᠭ ᠰᠢᠢᠳᠪᠦᠷᠢᠯᠡᠵᠦ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠴᠢᠩᠳᠠᠯᠠᠵᠤ᠂ | ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠤᠨ᠎ᠠ | ᠃ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠣᠷᠢᠭᠲᠠᠢ ᠪᠠᠷ ᠬᠢᠲᠤᠭ᠎ᠠ ᠶᠢᠨ ᠢᠷ ᠢ | ᠳᠣᠲᠣᠭᠰᠢ ᠪᠠᠨ ᠬᠠᠨᠳᠤᠭᠤᠯᠵᠤ᠂ ᠶᠣᠰᠣ ᠲᠦᠷᠢᠮ ᠢ ᠰᠠᠬᠢᠬᠤ ᠦᠭᠡᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠢ ᠡᠷᠡᠰ ᠢᠶᠠᠷ ᠴᠡᠪᠡᠷᠯᠡᠨ ᠭᠠᠷᠭᠠᠵᠤ᠂ ᠲᠡᠮᠤᠷ ᠮᠡᠲᠦ ᠰᠠᠬᠢᠯᠭ᠎ᠠ ᠪᠠᠲᠤ ᠪᠠᠷ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠴᠡᠪᠡᠷ ᠴᠢᠨᠠᠷ ᠢ ᠬᠠᠮᠠᠭᠠᠯᠠᠬᠤ ᠬᠡᠷᠡᠭᠲᠡᠢ᠃ ᠮᠡᠳᠡᠭᠡ | ᠵᠠᠩᠭᠢᠵᠢᠯᠲᠠ᠂ ᠲᠤᠮᠤ ᠳ᠋ᠠᠶᠢᠲ᠋ᠠ ᠬᠢᠭᠡᠳ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠯᠲᠠ ᠪᠠᠶᠢᠴᠠᠭᠠᠯᠲᠠ ᠶᠢᠨ | ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠤᠭ᠎ᠠ ᠪᠠᠷᠢᠮᠲᠠ ᠠᠴᠠ ᠦᠢᠯᠡᠳᠪᠦᠷᠢᠯᠡᠯ ᠤᠨ ᠬᠦᠴᠦᠨ | ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠠᠴᠠ ᠲᠠᠶᠢᠴᠢᠨ ᠬᠦᠴᠦᠨ ᠣᠯᠵᠤ᠂ ᠲᠤᠭ᠎ᠠ ᠪᠠᠷᠢᠮᠲᠠ ᠳᠤ ᠬᠢᠨᠠᠯᠲᠠ | ᠲᠠᠯᠪᠢᠬᠤ ︽ᠲᠡᠮᠦᠷ ᠰᠢᠩᠭᠡᠯᠢᠭ︾ ᠢ ᠪᠠᠬᠢᠵᠢᠭᠦᠯᠦᠨ᠎ᠡ᠃ | ᠨᠥᠬᠦᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠤᠪᠵᠢᠬᠦᠯᠭᠡ ᠶᠢᠨ ᠬᠤᠭᠤᠴᠠᠭ᠎ᠠ ᠪᠣᠯ ᠨᠡᠶᠢᠭᠡᠮ | ᠵᠢᠷᠤᠮᠲᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ | ᠠᠩᠬᠠᠳᠤᠭᠠᠷ ᠲᠠᠪᠤᠨ ᠵᠢᠯ ᠪᠣᠯᠤᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ | ᠂ ᠡᠭᠦᠷᠢᠳᠡ ᠵᠤᠭᠰᠤᠯᠲᠠ ᠦᠭᠡᠢ ᠬᠢᠬᠦ ᠬᠠᠳᠠᠨ ᠵᠤᠷᠢᠭ ᠪᠠ ᠡᠷᠡᠰ ᠪᠠᠷᠢᠮᠲᠠᠯᠠᠯ ᠢᠶᠠᠷ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠢᠯᠠᠯᠲᠠ ᠶᠢ ᠲᠡᠰᠦᠷᠡᠯᠳᠠ ᠤᠢᠭᠡᠢ ᠲᠡᠮᠡᠴᠡᠨ ᠤᠯᠵᠤ᠂ ᠨᠠᠮ | ᠪᠠ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠶ᠎ᠠ︕ | | | | | | | | | | |