⑴ ᠪᠦᠬᠦ ᠲᠠᠯ᠎ᠠ ᠪᠠᠷ ᠬᠦᠭᠵᠢᠬᠦᠯᠦᠨ᠎ᠡ᠃ ᠭᠡᠷ ᠤᠨ ᠠᠬᠠᠮᠠᠳ ᠨᠢ ᠰᠤᠨᠤᠷ ᠤᠨ ᠰᠠᠭᠠᠲᠤᠯ ᠲᠠᠢ ᠬᠡᠦᠬᠡᠳ ᠤᠨ | ᠢᠶᠠᠨ ᠠᠯᠤᠰ ᠤᠨ ᠬᠦᠭᠵᠢᠯᠲᠡ ᠪᠠᠷ ᠭᠠᠷᠳᠠᠴᠠ ᠪᠤᠯᠭᠠᠵᠤ᠂ ᠬᠡᠦᠬᠡᠳ ᠢᠶᠠᠷ ᠭᠤᠤᠯ ᠴᠤᠭᠴᠠ ᠪᠤᠯᠭᠠᠨ᠂ ᠵᠡᠪᠰᠢᠶᠠᠨ | ᠡᠭᠦᠳᠴᠦ᠂ ᠬᠡᠦᠬᠡᠳ ᠢ ᠲᠠᠷᠤᠭᠠᠰᠦ ᠦᠭᠡᠢ᠂ ᠠᠶᠠᠨᠳᠠᠭᠠᠨ᠂ ᠪᠠᠶᠠᠷ ᠬᠦᠷ ᠲᠠᠢ᠂ ᠤᠷᠮ᠎ᠠ ᠲᠠᠢ ᠤᠷᠴᠢᠨ ᠲᠤᠭᠤᠷᠢᠨ | ᠤ ᠲᠤᠮᠲᠠ ᠪᠦᠬᠦ ᠲᠠᠯ᠎ᠠ ᠶᠢᠨ ᠡᠶ᠎ᠡ ᠵᠤᠬᠢᠴᠠᠯᠲᠠᠢ ᠬᠦᠭᠵᠢᠯᠲᠡ ᠶᠢ ᠤᠯᠭᠤᠨ᠎ᠠ᠃ | ⑵ ᠪᠠᠶᠢᠲᠠᠯ ᠢᠶᠠᠨ ᠦᠨᠳᠦᠰᠦᠯᠡᠨ ᠬᠦᠮᠦᠵᠢᠯ ᠬᠢᠨ᠎ᠡ᠃ ᠭᠡᠷ ᠤᠨ ᠠᠬᠠᠮᠠᠳ ᠨᠢ ᠬᠡᠦᠬᠡᠳ ᠤᠨ ᠢᠶᠠᠨ ᠨᠠᠰᠤ ᠵᠢᠯ᠂ | ᠲᠤᠷᠠᠰᠢᠯ᠂ ᠴᠢᠲᠠᠪᠤᠷᠢ ᠵᠡᠷᠭᠡ ᠪᠠᠶᠢᠲᠠᠯ ᠤᠨ ᠵᠦᠷᠢᠶ᠎ᠡ ᠠᠴᠠ ᠡᠭᠦᠰᠦᠨ᠂ ᠬᠠᠷᠠᠯᠲᠠ ᠲᠠᠢ ᠪᠠᠷ ᠬᠦᠲᠦᠯᠦᠨ ᠬᠦᠮᠦᠵᠢᠯ | ᠬᠢᠵᠦ᠂ ᠰᠤᠬᠤᠷ ᠪᠠᠯᠠᠢ ᠪᠠᠷ ᠠᠲᠠᠯᠢᠳᠬᠠᠬᠤ ᠶᠢ ᠴᠡᠭᠡᠷᠯᠡᠨ᠎ᠡ᠃ | ⑶ ᠭᠡᠷ ᠤᠨ ᠠᠬᠠᠮᠠᠳ ᠭᠤᠤᠯᠯᠠᠨ ᠵᠢᠯᠤᠭᠤᠳᠤᠨ᠎ᠠ᠃ ᠭᠡᠷ ᠤᠨ ᠠᠬᠠᠮᠠᠳ ᠨᠢ ᠦᠪᠡᠷ ᠤᠨ ᠢᠶᠠᠨ ᠡᠷᠡᠬᠦᠯᠵᠢᠯ ᠤᠨ | ᠬᠦᠮᠦᠵᠢᠯ ᠤᠨ ᠲᠤᠮᠳᠠᠬᠢ ᠴᠢᠬᠤᠯᠠ ᠦᠢᠯᠡᠳᠦᠯ ᠢ ᠬᠦᠢᠴᠡᠳ ᠲᠠᠨᠢᠵᠤ᠂ ᠪᠠᠭᠰᠢ ᠶᠢᠨ ᠵᠢᠭᠠᠨ ᠵᠢᠯᠤᠭᠤᠳᠤᠯᠭ᠎ᠠ | ᠬᠠᠪᠰᠤᠷᠤᠯᠭ᠎ᠠ ᠲᠤᠤᠷ᠎ᠠ᠂ ᠵᠦᠪ ᠤᠨᠤᠪᠴᠢᠲᠠᠢ ᠡᠷᠡᠬᠦᠯᠵᠢᠯ ᠤᠨ ᠬᠦᠮᠦᠵᠢᠯ ᠤᠨ ᠠᠷᠭ᠎ᠠ ᠪᠠᠷᠢᠯ ᠪᠠ ᠡᠷᠡᠬᠦᠯᠵᠢᠬᠦᠯᠬᠦ | ᠤᠷ᠎ᠠ ᠮᠡᠷᠭᠡᠰᠢᠯ ᠢ ᠴᠢᠷᠮᠠᠶᠢᠨ ᠰᠤᠷᠤᠯᠴᠠᠵᠤ᠂ ᠦᠪᠡᠷ ᠤᠨ ᠢᠶᠠᠨ ᠰᠠᠶᠢᠨ ᠪᠤᠰᠤ ᠰᠡᠳᠬᠢᠯᠬᠡ ᠪᠠᠨ ᠬᠢᠵᠠᠭᠠᠷᠯᠠᠬᠤ ᠶᠢ | ᠰᠤᠷᠴᠤ᠂ ᠦᠪᠡᠷ ᠤᠨ ᠠᠵᠢᠯᠯᠠᠭ᠎ᠠ ᠪᠠᠨ ᠬᠠᠮᠢᠶᠠᠷᠤᠨ᠂ ᠡᠷᠡᠬᠦᠯᠵᠢᠯ ᠤᠨ ᠬᠦᠮᠦᠵᠢᠯ ᠤᠨ ᠭᠤᠤᠯ ᠡᠭᠦᠷᠬᠡ | ᠬᠠᠷᠢᠭᠤᠴᠠᠯᠭ᠎ᠠ ᠶᠢ ᠡᠭᠦᠷᠭᠡᠯᠡᠨ᠎ᠡ᠃ | ⑷ ᠬᠡᠵᠢᠶᠡᠳᠡ ᠪᠠᠷᠢᠮᠲᠠᠯᠠᠨ᠎ᠠ᠃ ᠰᠤᠨᠤᠷ ᠤᠨ ᠰᠠᠭᠠᠲᠤᠯ ᠲᠠᠢ ᠬᠡᠦᠬᠡᠳ ᠤᠨ ᠡᠷᠡᠬᠦᠯᠵᠢᠯ ᠪᠠ ᠬᠦᠮᠦᠵᠢᠯ᠂ | ᠤᠨᠴᠠᠭᠠᠶᠢᠯᠠᠨ ᠰᠤᠨᠤᠰᠬᠤ ᠰᠡᠷᠡᠯ᠂ ᠬᠡᠯᠡᠬᠦᠢ ᠶᠢᠨ ᠪᠤᠯᠪᠠᠰᠤᠷᠠᠯ ᠪᠤᠯ ᠨᠢᠭᠡ ᠲᠦᠷᠦᠯ ᠤᠨ ᠰᠢᠷᠭᠠᠭᠤ ᠬᠠᠲᠠᠭᠤᠵᠢᠯᠲᠠᠢ | ᠡᠬᠦᠷᠬᠡ ᠪᠤᠯᠬᠤᠷ ᠬᠡᠷ ᠤᠨ ᠠᠬᠠᠮᠠᠳ ᠨᠢ ᠡᠷᠬᠡᠪᠰᠢ ᠬᠠᠷᠠᠯᠲᠠᠢ ᠲᠠᠢ᠂ ᠲᠦᠯᠦᠪᠯᠡᠭᠡ ᠲᠠᠢ ᠪᠠᠷ ᠤᠷᠲᠤ ᠬᠤᠭᠤᠴᠠᠭ᠎ᠠ | ᠪᠠᠷ ᠪᠠᠷᠢᠮᠲᠠᠯᠠᠬᠤ ᠬᠡᠷᠡᠭᠲᠠᠢ᠃ ᠭᠡᠷ ᠤᠨ ᠠᠬᠠᠮᠠᠳ ᠤᠨ ᠢᠳᠡᠭᠡᠯ ᠬᠢᠬᠡᠳ ᠪᠠᠷᠢᠮᠲᠠᠯᠠᠬᠤ ᠰᠡᠳᠬᠢᠯ ᠪᠤᠯ ᠬᠡᠦᠬᠡᠳ ᠤᠨ | ᠡᠷᠡᠬᠦᠯᠵᠢᠯ ᠤᠨ ᠠᠮᠵᠢᠯᠲᠠ ᠤᠯᠬᠤ ᠦᠨᠳᠦᠰᠦᠨ ᠤᠷᠢᠲᠠᠯ ᠪᠤᠯᠤᠨ᠎ᠠ᠃ |