ᠰᠤᠨᠤᠷ ᠤᠨ ᠰᠠᠭᠠᠲᠤᠯ ᠲᠠᠢ ᠬᠡᠦᠬᠡᠳ ᠴᠡᠴᠡᠷᠯᠢᠭ ᠲᠤ ᠤᠷᠤᠬᠤ᠂ ᠪᠠᠭ᠎ᠠ ᠰᠤᠷᠭᠠᠭᠤᠯᠢ ᠳᠤ ᠤᠷᠤᠬᠤ ᠠᠴᠠ ᠡᠮᠦᠨ᠎ᠡ ᠶᠠᠮᠠᠷ ᠪᠡᠯᠡᠳᠬᠡᠯ ᠬᠢᠬᠦ ᠪᠤᠢ︖
ᠨᠡᠶᠢᠲᠡᠯᠡᠭᠰᠡᠨ ᠴᠠᠭ᠄
2021/10/14
ᠬᠡᠦᠬᠡᠳ ᠡᠩ ᠤᠨ ᠴᠡᠴᠡᠷᠯᠢᠭ ᠲᠤ ᠤᠷᠤᠬᠤ᠂ ᠤᠨᠴᠠᠭᠠᠶᠢᠯᠠᠨ ᠡᠩ ᠤᠨ ᠪᠠᠭ᠎ᠠ ᠰᠤᠷᠭᠠᠭᠤᠯᠢ ᠳᠤ ᠤᠷᠤᠬᠤ ᠠᠴᠠ ᠡᠮᠦᠨ᠎ᠡ ᠬᠡᠲᠦᠨ ᠵᠦᠢᠯ ᠤᠨ ᠭᠤᠤᠯᠲᠠᠯᠭ᠎ᠠ ᠲᠠᠢ ᠪᠡᠯᠡᠳᠬᠡᠯ ᠢ ᠤᠷᠢᠳᠴᠢᠯᠠᠨ ᠬᠢᠬᠦ ᠶᠢ ᠠᠩᠬᠠᠷᠬᠤ ᠬᠡᠷᠡᠭᠲᠠᠢ᠃ ᠭᠡᠷ ᠪᠦᠯᠢ ᠬᠢᠬᠡᠳ ᠨᠡᠶᠢᠭᠡᠮ ᠤᠨ ᠲᠤᠮᠲᠠ ᠰᠤᠯᠢᠯᠴᠠᠬᠤ ᠤᠷ᠎ᠠ ᠮᠡᠷᠭᠡᠰᠢᠯ ᠢ ᠰᠤᠷᠤᠯᠴᠠᠬᠤ᠂ ᠤᠩᠰᠢᠯᠭ᠎ᠠ ᠬᠢᠬᠡᠳ ᠮᠡᠳᠡᠯᠭᠡ ᠰᠤᠷᠬᠤ ᠵᠡᠷᠭᠡ ᠬᠦᠮᠦᠵᠢᠯ ᠤᠨ ᠲᠤᠷᠰᠢᠯᠭ᠎ᠠ ᠶᠢᠨ ᠬᠦᠭᠵᠢᠯᠲᠡ ᠶᠢ ᠠᠬᠢᠭᠤᠯᠵᠤ᠂ ᠨᠡᠶᠢᠭᠡᠮ ᠤᠨ ᠠᠵᠢᠯᠯᠠᠭ᠎ᠠ ᠎ ᠳᠤ ᠤᠷᠤᠯᠴᠠᠬᠤ ᠴᠢᠲᠠᠪᠤᠷᠢ ᠪᠠ ᠪᠦᠯᠬᠦᠮ ᠨᠡᠶᠢᠲᠡ ᠪᠠᠷ ᠬᠠᠮᠲᠤᠷᠠᠨ ᠠᠵᠢᠯᠯᠠᠬᠤ ᠶᠢ ᠬᠦᠮᠦᠵᠢᠬᠦᠯᠦᠨ᠎ᠡ᠃ ᠪᠤᠲᠠᠲᠠᠢ ᠎ ᠪᠠᠷ ᠲᠤᠤᠷᠠᠬᠢ ᠪᠡᠯᠡᠳᠬᠡᠯ ᠢ ᠪᠦᠷᠢᠯᠳᠦᠬᠦᠯᠦᠨ᠎ᠡ᠄⑴ ᠵᠤᠬᠢᠰᠲᠠᠢ ᠰᠤᠨᠤᠷ ᠤᠨ ᠲᠤᠲᠤᠳᠬᠠᠭᠤᠷ ᠤᠨ ᠲᠦᠬᠦᠭᠡᠷᠦᠮᠵᠢ ᠬᠠᠩᠭᠠᠵᠤ᠂ ᠰᠤᠨᠤᠰᠬᠤ ᠰᠡᠷᠡᠯ ᠤᠨ ᠪᠤᠯᠪᠠᠰᠤᠷᠠᠯ ᠎ ᠢᠶᠠᠷ ᠲᠠᠮᠵᠢᠭᠤᠯᠤᠨ᠂ ᠰᠤᠨᠤᠷ ᠤᠨ ᠰᠠᠭᠠᠲᠤᠯ ᠲᠠᠢ ᠬᠡᠦᠬᠡᠳ ᠤᠨ ᠤᠬᠢ ᠰᠠᠶᠢᠨ ᠰᠤᠨᠤᠰᠬᠤ ᠰᠡᠷᠡᠯ ᠴᠡᠭᠡᠵᠢᠯᠡᠯ ᠬᠢᠬᠡᠳ ᠬᠡᠯᠡᠨ ᠤ ᠬᠤᠷᠳᠤᠴᠠ ᠶᠢᠨ  ᠵᠤᠬᠢᠴᠠᠬᠤ ᠴᠢᠲᠠᠪᠤᠷᠢ ᠵᠡᠷᠭᠡ ᠶᠢ ᠬᠦᠮᠦᠵᠢᠬᠦᠯᠦᠨ᠎ᠡ᠃⑵ᠰᠤᠨᠤᠷ ᠤᠨ ᠰᠠᠭᠠᠲᠤᠯ ᠲᠠᠢ ᠬᠡᠦᠬᠡᠳ ᠢ ᠬᠦᠲᠦᠯᠦᠨ ᠲᠠᠭᠠᠭᠤᠯᠵᠤ᠂ ᠴᠢᠩᠨᠠᠨ ᠰᠤᠨᠤᠰᠬᠤ ᠪᠠ ᠤᠩᠰᠢᠯᠭ᠎ᠠ ᠪᠠᠷ ᠲᠠᠮᠵᠢᠭᠤᠯᠤᠨ᠂ ᠡᠯᠪᠡᠭ ᠪᠠᠶᠠᠯᠢᠭ ᠬᠡᠯᠡᠨ ᠤ ᠠᠭᠤᠯᠭ᠎ᠠ ᠶᠢ ᠤᠯᠭᠤᠨ᠎ᠠ᠃⑶ ᠪᠤᠯᠪᠠᠰᠤᠷᠠᠯ ᠤᠨ ᠡᠬᠢᠨ ᠤ ᠬᠤᠭᠤᠴᠠᠭ᠎ᠠ ᠠᠴᠠ ᠡᠬᠢᠯᠡᠨ᠂ ᠰᠤᠨᠤᠷ ᠤᠨ ᠰᠠᠭᠠᠲᠤᠯ ᠲᠠᠢ ᠬᠡᠦᠬᠡᠳ ᠤᠨ ᠠᠵᠢᠬᠯᠠᠬᠤ ᠴᠢᠲᠠᠪᠤᠷᠢ᠂ ᠠᠩᠬᠠᠷᠤᠯ ᠤᠨ ᠴᠢᠲᠠᠪᠤᠷᠢ᠂ ᠯᠤᠬᠢᠭ ᠰᠡᠳᠬᠢᠴᠡ ᠶᠢᠨ ᠴᠢᠲᠠᠪᠤᠷᠢ᠂ ᠲᠦᠷᠰᠦᠯᠡᠨ ᠪᠤᠲᠤᠬᠤ ᠴᠢᠲᠠᠪᠤᠷᠢ ᠬᠢᠬᠡᠳ ᠡᠭᠦᠳᠬᠦ ᠴᠢᠲᠠᠪᠤᠷᠢ ᠵᠡᠷᠭᠡ ᠲᠠᠨᠢᠨ ᠮᠡᠳᠡᠬᠦ ᠤᠷ᠎ᠠ ᠮᠡᠷᠭᠡᠰᠢᠯ ᠢ ᠬᠦᠮᠦᠵᠢᠬᠦᠯᠵᠦ᠂ ᠢᠷᠡᠭᠡᠳᠦᠢ ᠳᠤ ᠰᠤᠷᠭᠠᠭᠤᠯᠢ ᠳᠤ ᠤᠷᠤᠭᠰᠠᠨ ᠤ ᠲᠠᠷᠠᠭ᠎ᠠ᠂ ᠮᠡᠳᠡᠯᠭᠡ ᠶᠢᠨ ᠰᠤᠷᠤᠯᠴᠠᠯᠭ᠎ᠠ ᠵᠢᠴᠢ ᠵᠤᠬᠢᠶᠠᠨ ᠪᠢᠴᠢᠬᠦ ᠎ ᠳᠤ ᠤᠬᠢ ᠰᠠᠶᠢᠨ ᠰᠠᠭᠤᠷᠢ ᠶᠢ ᠲᠠᠯᠪᠢᠨ᠎ᠠ᠃⑷ᠰᠤᠨᠤᠷ ᠤᠨ ᠰᠠᠭᠠᠲᠤᠯ ᠲᠠᠢ ᠬᠡᠦᠬᠡᠳ ᠤᠨ ᠨᠡᠪᠲᠡᠷᠡᠯᠴᠡᠬᠦ ᠤᠷ᠎ᠠ ᠮᠡᠷᠭᠡᠰᠢᠯ ᠢ ᠬᠦᠮᠦᠵᠢᠬᠦᠯᠦᠨ᠎ᠡ᠃⑸ᠰᠤᠨᠤᠷ ᠤᠨ ᠰᠠᠭᠠᠲᠤᠯ ᠲᠠᠢ ᠬᠡᠦᠬᠡᠳ ᠬᠡᠷᠬᠢᠨ ᠦᠪᠡᠷ ᠢ ᠪᠠᠨ ᠲᠦᠯᠦᠭᠡᠯᠡᠨ ᠬᠡᠯᠡᠬᠦ᠂ ᠦᠪᠡᠷ ᠤᠨ ᠬᠦᠴᠢᠷᠲᠡᠯ ᠪᠠ ᠬᠡᠷᠡᠭᠴᠡᠭᠡ ᠵᠡᠷᠭᠡ ᠪᠠᠨ ᠢᠯᠡᠳᠬᠡᠬᠦ ᠶᠢ ᠬᠦᠮᠦᠵᠢᠬᠦᠯᠦᠨ᠎ᠡ᠃⑹ᠰᠤᠨᠤᠷ ᠤᠨ ᠰᠠᠭᠠᠲᠤᠯ ᠲᠠᠢ ᠬᠡᠦᠬᠡᠳ ᠢ ᠬᠦᠮᠦᠵᠢᠬᠦᠯᠦᠨ ᠪᠤᠰᠤᠳ ᠢ ᠬᠠᠯᠠᠮᠵᠢᠯᠠᠬᠤ ᠪᠠ ᠬᠠᠪᠰᠤᠷᠬᠤ ᠲᠤᠷᠠᠲᠠᠢ᠂ ᠪᠤᠰᠤᠳ ᠲᠠᠢ ᠰᠤᠯᠢᠯᠴᠠᠬᠤ ᠲᠤᠷᠠᠲᠠᠢ ᠪᠤᠯᠭᠠᠨ᠎ᠠ᠃⑺ᠰᠤᠨᠤᠷ ᠤᠨ ᠰᠠᠭᠠᠲᠤᠯ ᠲᠠᠢ ᠬᠡᠦᠬᠡᠳ ᠤᠨ ᠣᠬᠢ ᠰᠠᠶᠢᠨ ᠠᠵᠢᠯᠯᠠᠬᠤ ᠠᠮᠠᠷᠠᠬᠤ ᠲᠠᠳᠬᠠᠯ ᠢ ᠤᠷᠢᠳᠴᠢᠯᠠᠨ ᠬᠦᠮᠦᠵᠢᠬᠦᠯᠵᠦ᠂ ᠰᠤᠷᠤᠯᠴᠠᠯᠭ᠎ᠠ ᠪᠠ ᠵᠤᠭ᠎ᠠ ᠴᠡᠩᠬᠡᠯ ᠤᠨ ᠴᠠᠭ ᠢ ᠲᠤᠬᠢᠷᠠᠮᠵᠢᠲᠠᠢ ᠪᠠᠶᠢᠷᠢᠯᠠᠭᠤᠯᠤᠨ᠎ᠠ᠃⑻ ᠰᠤᠷᠭᠠᠭᠤᠯᠢ ᠳᠤ ᠤᠷᠤᠬᠤ ᠠᠴᠠ ᠡᠮᠦᠨᠡᠬᠢ ᠬᠡᠦᠬᠡᠳ ᠲᠡᠭᠡᠨ ᠴᠢᠬᠤᠯᠠᠲᠠᠢ ᠦᠬᠡ ᠬᠡᠯᠡᠯᠬᠡ ᠶᠢᠨ ᠠᠭᠤᠯᠭ᠎ᠠ ᠶᠢ ᠰᠤᠷᠭᠠᠨ᠎ᠠ᠄ ᠲᠤᠬᠠᠶᠢᠯᠠᠪᠠᠯ ᠨᠤᠮ ᠤᠨ ᠢᠶᠠᠨ ×× ᠨᠢᠭᠤᠷ ᠢ ᠡᠷᠬᠢᠬᠦᠯᠬᠦ᠂ ᠤᠩᠰᠢᠬᠤ᠂ ᠪᠤᠰᠴᠤ ᠵᠤᠭᠰᠤᠬᠤ᠂ ᠲᠠᠰᠬᠠᠯ ᠬᠢᠬᠦ ᠵᠡᠷᠭᠡ᠃⑼ ᠤᠷᠢᠳᠴᠢᠯᠠᠨ ᠪᠠᠭᠰᠢ ᠲᠠᠢ ᠨᠡᠪᠲᠡᠷᠡᠯᠴᠡᠵᠦ᠂ ᠬᠡᠦᠬᠡᠳ ᠤᠨ ᠢᠶᠠᠨ ᠪᠠᠶᠢᠲᠠᠯ ᠪᠠ ᠱᠠᠭᠠᠷᠳᠠᠯᠭ᠎ᠠ ᠶᠢ ᠲᠠᠨᠢᠯᠴᠠᠭᠤᠯᠤᠨ᠎ᠠ᠃⑽ᠰᠤᠨᠤᠷ ᠤᠨ ᠰᠠᠭᠠᠲᠤᠯ ᠲᠠᠢ ᠬᠡᠦᠬᠡᠳ ᠤᠨ ᠭᠡᠷ ᠤᠨ ᠠᠬᠠᠮᠠᠳ ᠨᠢ ᠠᠩᠬᠢ ᠶᠢᠨ ᠲᠤᠲᠤᠷᠠᠬᠢ ᠬᠠᠮᠲᠤ ᠰᠤᠷᠤᠭᠴᠢ ᠪᠠ ᠭᠡᠷ ᠤᠨ ᠠᠬᠠᠮᠠᠳ ᠲᠠᠢ ᠤᠬᠢ ᠰᠠᠶᠢᠨ ᠬᠠᠷᠢᠴᠠᠭ᠎ᠠ ᠪᠠᠶᠢᠭᠤᠯᠵᠤ᠂ ᠬᠡᠦᠬᠡᠳ ᠢ ᠬᠠᠪᠰᠤᠷᠤᠨ ᠬᠠᠮᠲᠤ ᠶᠢᠨ ᠠᠵᠢᠯᠯᠠᠭ᠎ᠠ ᠳᠤ ᠤᠷᠤᠯᠴᠠᠭᠤᠯᠵᠤ᠂ ᠬᠡᠦᠬᠡᠳ ᠤᠨ ᠡᠷᠡᠬᠦᠯ ᠰᠤᠨᠤᠷ ᠢᠶᠠᠷ ᠤᠯᠠᠨ ᠲᠠᠢ ᠢᠳᠡᠭᠡᠰᠢᠬᠦ ᠶᠢ ᠠᠬᠢᠭᠤᠯᠤᠨ᠎ᠠ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号