ᠰᠤᠨᠤᠷ ᠤᠨ ᠰᠠᠭᠠᠲᠤᠯ ᠲᠠᠢ ᠬᠡᠦᠬᠡᠳ ᠢ ᠠᠩᠬᠢ ᠲᠠᠭᠠᠭᠤᠯᠤᠨ ᠰᠤᠷᠤᠯᠴᠠᠭᠤᠯᠬᠤ ᠳᠤ ᠶᠠᠭᠤ ᠶᠢ ᠠᠩᠬᠠᠷᠬᠤ ᠪᠤᠢ︖
ᠨᠡᠶᠢᠲᠡᠯᠡᠭᠰᠡᠨ ᠴᠠᠭ᠄
2021/10/14
ᠰᠤᠨᠤᠷ ᠤᠨ ᠰᠠᠭᠠᠲᠤᠯ ᠲᠠᠢ ᠬᠡᠦᠬᠡᠳ ᠵᠤᠬᠢᠬᠤ ᠰᠤᠨᠤᠷ ᠤᠨ ᠬᠡᠯᠡᠨ ᠤ ᠬᠢᠷᠢ ᠲᠦᠪᠰᠢᠨ ᠢ ᠪᠦᠷᠢᠯᠳᠦᠬᠦᠯᠦᠭᠰᠡᠨ ᠤ ᠲᠠᠷᠠᠭ᠎ᠠ᠂ ᠡᠩ ᠤᠨ ᠴᠡᠴᠡᠷᠯᠢᠭ᠂ ᠡᠩ ᠤᠨ ᠰᠤᠷᠭᠠᠭᠤᠯᠢ ᠳᠤ ᠤᠷᠤᠵᠤ᠂ ᠠᠩᠬᠢ ᠲᠠᠭᠠᠭᠤᠯᠤᠨ ᠰᠤᠷᠤᠯᠴᠠᠬᠤ ᠶᠢ ᠬᠦᠯᠢᠶᠡᠬᠦ ᠨᠢ ᠨᠡᠶᠢᠭᠡᠮ ᠳᠤ ᠢᠳᠡᠭᠡᠰᠢᠬᠦ ᠳᠤ ᠪᠠᠲᠤ ᠪᠠᠬᠢ ᠰᠠᠭᠤᠷᠢ ᠲᠠᠯᠪᠢᠨ᠎ᠠ᠃ ᠠᠩᠬᠢ ᠲᠠᠭᠠᠭᠤᠯᠤᠨ ᠰᠤᠷᠤᠯᠴᠠᠬᠤ ᠰᠤᠨᠤᠷ ᠤᠨ ᠰᠠᠭᠠᠲᠤᠯ ᠲᠠᠢ ᠬᠡᠦᠬᠡᠳ ᠢ ᠭᠡᠷ ᠤᠨ ᠠᠬᠠᠮᠠᠳ ᠨᠢ ᠲᠤᠤᠷᠠᠬᠢ ᠠᠰᠠᠭᠤᠲᠠᠯ ᠢ ᠠᠩᠬᠠᠷᠬᠤ ᠴᠢᠬᠤᠯᠠᠲᠠᠢ᠃⑴ ᠴᠠᠭ ᠢᠮᠠᠭᠲᠠ ᠰᠤᠨᠤᠷ ᠲᠤᠲᠤᠳᠬᠠᠭᠤᠷ ᠤᠨ ᠲᠦᠬᠦᠭᠡᠷᠦᠮᠵᠢ ᠶᠢᠨ ᠠᠵᠢᠯᠯᠠᠬᠤ ᠪᠠᠶᠢᠲᠠᠯ ᠢ ᠠᠩᠬᠠᠷᠴᠤ᠂ ᠠᠰᠠᠭᠤᠲᠠᠯ ᠢᠯᠡᠷᠡᠪᠡᠯ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠠᠢ᠃⑵ ᠲᠤᠭᠲᠠᠮᠠᠯ ᠬᠤᠭᠤᠴᠠᠭ᠎ᠠ ᠲᠠᠢ ᠪᠠᠷ ᠰᠤᠨᠤᠷ ᠲᠤᠲᠤᠳᠬᠠᠭᠤᠷ ᠤᠨ ᠲᠦᠬᠦᠭᠡᠷᠦᠮᠵᠢ ᠶᠢ ᠲᠤᠬᠢᠷᠠᠭᠤᠯᠵᠤ᠂ ᠰᠤᠨᠤᠷ ᠲᠤᠲᠤᠳᠬᠠᠭᠤᠷ ᠤᠨ ᠦᠷ᠎ᠡ ᠪᠦᠲᠦᠮᠵᠢ ᠳᠤ ᠦᠨᠡᠯᠡᠯᠲᠡ ᠬᠢᠨ᠎ᠡ᠃⑶ ᠡᠳᠦᠷ ᠪᠦᠷᠢ ᠰᠤᠨᠤᠰᠬᠤ ᠰᠡᠷᠡᠯ ᠢ ᠴᠢᠩᠭᠠᠳᠬᠠᠬᠤ ᠪᠤᠯᠪᠠᠰᠤᠷᠠᠯ ᠬᠢᠬᠦ ᠶᠢ ᠪᠠᠷᠢᠮᠲᠠᠯᠠᠨ᠎ᠠ᠃⑷ᠰᠤᠨᠤᠷ ᠤᠨ ᠰᠠᠭᠠᠲᠤᠯ ᠲᠠᠢ ᠬᠡᠦᠬᠡᠳ ᠤᠨ ᠵᠤᠬᠢᠬᠤ ᠴᠢᠲᠠᠪᠤᠷᠢ᠂ ᠶᠠᠪᠤᠯᠴᠠᠬᠤ ᠴᠢᠲᠠᠪᠤᠷᠢ ᠪᠠ ᠰᠤᠷᠤᠯᠴᠬᠠᠤ ᠴᠢᠲᠠᠪᠤᠷᠢ ᠶᠢ ᠬᠦᠮᠦᠵᠢᠬᠦᠯᠦᠨ᠎ᠡ᠃⑸ᠰᠤᠨᠤᠷ ᠤᠨ ᠰᠠᠭᠠᠲᠤᠯ ᠲᠠᠢ ᠬᠡᠦᠬᠡᠳ ᠤᠨ ᠰᠡᠳᠬᠢᠯᠬᠡ ᠶᠢᠨ ᠬᠤᠪᠢᠷᠠᠯᠲᠠ ᠶᠢ ᠠᠩᠬᠠᠷᠴᠤ᠂ ᠦᠪᠡᠷ ᠢ ᠪᠠᠨ ᠢᠳᠡᠭᠡᠭᠦ᠂ ᠡᠷᠡᠬᠦᠯ ᠰᠤᠨᠤᠷ ᠢᠶᠠᠷ ᠤᠯᠠᠨ ᠲᠠᠢ ᠢᠳᠡᠭᠡᠰᠢᠬᠦ ᠶᠢ ᠬᠠᠪᠰᠤᠷᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号