ᠶᠠᠭᠤᠨ ᠳᠤ ᠭᠡᠷ ᠪᠦᠯᠢ ᠶᠢᠨ ᠡᠷᠡᠬᠦᠯᠵᠢᠯ ᠤᠨ ᠬᠦᠮᠦᠵᠢᠯ ᠢ ᠴᠢᠬᠤᠯᠠᠴᠢᠯᠠᠳᠠᠭ ᠪᠤᠢ︖
ᠨᠡᠶᠢᠲᠡᠯᠡᠭᠰᠡᠨ ᠴᠠᠭ᠄
2021/10/14
   ᠡᠴᠢᠬᠡ ᠡᠬᠡ ᠪᠤᠯ ᠬᠡᠦᠬᠡᠳ ᠤᠨ ᠨᠢᠭᠡᠳᠦᠭᠡᠷ ᠪᠠᠭᠰᠢ ᠪᠠ ᠨᠠᠰᠤᠨ ᠲᠤᠷᠰᠢᠬᠢ ᠪᠠᠭᠰᠢ ᠪᠤᠯᠬᠤᠷ᠂ ᠬᠡᠦᠬᠡᠳ ᠤᠨ ᠡᠷᠡᠬᠦᠯᠵᠢᠯ ᠲᠤᠮᠲᠠ ᠤᠷᠤᠯᠠᠭᠤᠯᠵᠤ ᠪᠤᠯᠤᠰᠢ ᠦᠭᠡᠢ ᠪᠠᠶᠢᠷᠢᠰᠢᠯ ᠢ ᠦᠵᠡᠬᠦᠯᠵᠦ ᠪᠠᠶᠢᠳᠠᠭ᠃ ᠬᠡᠦᠬᠡᠳ ᠨᠢ ᠶᠡᠬᠡᠩᠬᠢ ᠴᠠᠭ ᠢᠶᠠᠨ ᠴᠦᠮ ᠭᠡᠷ ᠪᠦᠯᠢ ᠳᠡᠭᠡᠨ ᠦᠩᠭᠡᠷᠡᠭᠡᠳᠡᠭ᠃ ᠭᠡᠷ ᠤᠨ ᠠᠬᠠᠮᠠᠳ ᠦᠪᠡᠷ ᠤᠨ ᠢᠶᠠᠨ ᠬᠡᠯᠡ ᠪᠠᠷ ᠤᠯᠠᠮᠵᠢᠯᠠᠨ᠂ ᠪᠡᠶ᠎ᠡ ᠪᠠᠷ ᠢᠶᠠᠨ ᠰᠤᠷᠭᠠᠬᠤ ᠪᠠ ᠭᠡᠷ ᠪᠦᠯᠢ ᠶᠢᠨ ᠠᠮᠢᠳᠤᠷᠠᠯ ᠤᠨ ᠦᠢᠯᠡᠳᠦᠯᠬᠡ ᠪᠠᠷ ᠢᠶᠠᠨ ᠲᠠᠮᠵᠢᠭᠤᠯᠤᠨ᠂ ᠬᠡᠦᠬᠡᠳ ᠤᠨ ᠰᠡᠳᠬᠢᠯᠭᠡ ᠬᠠᠶᠢᠷᠠᠯᠠᠯ᠂ ᠨᠡᠶᠢᠭᠡᠮ ᠤᠨ ᠶᠠᠪᠤᠯᠴᠠᠭ᠎ᠠ᠂ ᠪᠡᠶ᠎ᠡ ᠶᠢᠨ ᠬᠠᠮᠢᠶᠠᠷᠤᠯᠲᠠ᠂ ᠶᠤᠰᠤ ᠮᠤᠷᠠᠯ ᠵᠢᠴᠢ ᠬᠡᠯᠡᠨ ᠤ ᠲᠠᠨᠢᠨ ᠮᠡᠳᠡᠬᠦ ᠡᠯ᠎ᠡ ᠲᠠᠯ᠎ᠠ ᠶᠢᠨ ᠴᠢᠲᠠᠪᠤᠷᠢ ᠶᠢ ᠪᠤᠢ ᠪᠤᠯᠭᠠᠬᠤ ᠪᠠ ᠬᠦᠮᠦᠵᠢᠬᠦᠯᠦᠨ᠎ᠡ ᠃ ᠰᠤᠨᠤᠷ ᠤᠨ ᠰᠠᠭᠠᠲᠤᠯ ᠲᠠᠢ ᠬᠡᠦᠬᠡᠳ ᠢᠶᠠᠷ ᠠᠪᠴᠤ ᠭᠡᠯᠡᠪᠡᠯ᠂ ᠡᠩ ᠤᠨ ᠭᠡᠷ ᠪᠦᠯᠢ ᠶᠢᠨ ᠬᠦᠮᠦᠵᠢᠯ ᠠᠴᠠ ᠭᠠᠲᠠᠨ᠎ᠠ᠂ ᠡᠳᠦᠷ ᠲᠤᠲᠤᠮ ᠤᠨ ᠠᠮᠢᠳᠤᠷᠠᠯ ᠨᠢ ᠪᠠᠰᠠ ᠡᠯᠪᠡᠭ ᠪᠠᠶᠠᠯᠢᠭ᠂ ᠦᠷᠬᠦᠯᠵᠢᠯᠡᠭᠰᠡᠨ ᠰᠤᠨᠤᠰᠬᠤ᠂ ᠶᠠᠷᠢᠬᠤ ᠲᠤᠬᠢᠶᠠᠯ ᠲᠠᠪᠲᠠᠭᠤᠯᠤᠨ᠎ᠠ᠃ ᠡᠳᠦᠷ ᠪᠦᠷᠢ ᠲᠠᠪᠲᠠᠨ ᠬᠢᠬᠦ ᠳᠤ ᠤᠷᠤᠨ ᠠᠴᠠ ᠪᠤᠰᠬᠤ᠂ ᠬᠤᠪᠴᠠᠰᠦ ᠡᠮᠦᠰᠬᠦ᠂ ᠰᠢᠲᠦ ᠠᠮᠠ ᠪᠠᠨ ᠤᠬᠢᠶᠠᠬᠤ᠂ ᠬᠤᠭᠤᠯᠠ ᠢᠳᠡᠬᠦ᠂ ᠨᠠᠭᠠᠳᠬᠤ ᠵᠡᠷᠭᠡ ᠠᠷᠭ᠎ᠠ ᠪᠠᠷᠢᠯ ᠢ ᠡᠵᠡᠮᠰᠢᠪᠡᠯ᠂ ᠰᠤᠨᠤᠰᠬᠤ᠂ ᠶᠠᠷᠢᠬᠤ ᠴᠢᠲᠠᠪᠤᠷᠢ ᠶᠢᠨ ᠬᠦᠮᠦᠵᠢᠯ ᠨᠢ ᠲᠡᠭᠡᠷᠡᠬᠢ ᠡᠳᠡᠭᠡᠷ ᠠᠵᠢᠯᠯᠠᠭ᠎ᠠ ᠳᠤ ᠨᠡᠶᠢᠳᠴᠤ᠂ ᠬᠡᠦᠬᠡᠳ ᠤᠨ ᠡᠷᠡᠬᠦᠯᠵᠢᠯ  ᠳᠤ ᠬᠠᠮᠤᠭ ᠰᠠᠶᠢᠨ ᠲᠦᠯᠬᠢᠴᠡ ᠪᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号