ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | ᠰᠢᠯᠢ ᠶᠢᠨ ᠬᠤᠲᠠ ᠶᠢᠨ ᠵᠠᠰᠠᠭ ᠠᠯᠪᠠᠨ ᠲᠠᠷᠬᠠᠭᠠᠭᠰᠠᠨ ︹ 2021 ︺ 3 ᠳ᠋ᠤᠭᠠᠷ ᠲᠣᠭᠠᠲᠤ | | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠡᠮᠬᠢᠯᠡᠨ | ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ᠄ | ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺53 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠤᠲᠠᠰᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠰᠢᠯᠢ | ᠶᠢᠨ ᠬᠤᠲᠠ ᠶᠢᠨ ᠵᠠᠰᠠᠭ ᠠᠯᠪᠠᠨ ᠲᠠᠷᠬᠠᠭᠠᠭᠰᠠᠨ ︹2020︺83 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠲᠠᠢ ᠤᠶᠠᠯᠳᠤᠭᠤᠯᠤᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠣᠷᠳᠣᠨ ᠬᠢᠭᠡᠳ ᠠᠵᠤ | ᠠᠬᠤᠶᠢᠯᠠᠯ ᠪᠠ ᠣᠯᠠᠨ ᠲᠦᠮᠡᠨ ᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠵᠠᠰᠠᠭ ᠤᠨ ᠣᠷᠳᠣᠨ ᠤ ᠠᠵᠤ ᠠᠬᠤᠶᠢᠯᠠᠯ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ | 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ 110᠂ 119᠂ 120᠂ 122 ᠵᠡᠷᠭᠡ ᠪᠠᠴᠢᠮ | ᠤᠲᠠᠰᠤ ᠠᠴᠠ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ | ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠣᠭᠢᠷᠠᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠬᠠᠷᠢᠭᠤᠴᠠᠨ ᠭᠥᠯᠢᠶᠡᠨ ᠠᠪᠴᠤ ᠨᠢᠭᠡ | ᠨᠣᠮᠧᠷ ᠢᠶᠠᠷ ᠦᠢᠯᠡᠴᠢᠯᠡᠬᠦ ᠶᠢ ᠪᠡᠶᠡᠯᠡᠭᠦᠯᠵᠦ᠂ ᠨᠡᠶᠢᠯᠡᠭᠦᠯᠦᠭᠰᠡᠨ ᠤ ᠳᠠᠷᠠᠭᠠᠬᠢ ᠤᠲᠠᠰᠤ ᠶᠢ ︽12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ︾ ︵12345 ᠤᠲᠠᠰᠤ ᠭᠡᠵᠦ | ᠲᠣᠪᠴᠢᠯᠠᠨ᠎ᠠ︶ ᠪᠣᠯᠭᠠᠨ ᠨᠢᠭᠡᠳᠬᠡᠵᠦ᠂ ᠠᠪᠢᠶ᠎ᠠ ᠪᠠᠷ ᠳᠠᠭᠤᠳᠠᠬᠤ ᠨᠣᠮᠧᠷ ᠨᠢ ︽12345︾ ᠪᠠᠶᠢᠵᠤ᠂ ︽7 | × 24 ᠴᠠᠭ︾ ᠤᠨ ᠪᠥᠬᠦ ᠡᠳᠦᠷ ᠤᠨ ᠬᠥᠮᠦᠨ ᠤ ᠬᠦᠴᠦᠨ ᠤ ᠦᠢᠯᠡᠴᠢᠯᠡᠭᠡ ᠬᠠᠩᠭᠠᠨ᠎ᠠ᠃ | ᠬᠤᠶᠠᠷ ᠂ ᠠᠵᠢᠯ ᠤᠨ ᠵᠠᠷᠴᠢᠮ | 12345 ᠳ᠋ᠤᠭᠠᠷ ᠤᠲᠠᠰᠤ ᠨᠢ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ | ᠠᠪᠴᠤ ᠰᠢᠢᠳᠪᠦᠷᠢᠯᠡᠬᠦ᠂ ᠡᠩ ᠤᠨ ᠴᠢᠨᠠᠷᠲᠠᠶ ᠯᠠᠪᠯᠠᠭ᠎ᠠ ᠳᠤ ᠬᠠᠷᠢᠭᠤᠯᠲᠠ ᠥᠭᠬᠦ᠂ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠶᠢ ᠣᠷᠣᠯᠠᠬᠤ ᠥᠬᠡᠶ᠂ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠡᠷᠡᠭ ᠪᠠ ᠵᠠᠭᠠᠯᠳᠤᠵᠤ ᠢᠯᠡᠴᠢᠯᠡᠨ ᠮᠡᠳᠡᠭᠦᠯᠬᠦ ᠳᠤ ᠬᠤᠯᠪᠣᠭᠳᠠᠭᠰᠠᠨ 12345 ᠳ᠋ᠤᠭᠠᠷ | ᠤᠲᠠᠰᠤ ᠶᠢ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠦᠨ᠎ᠡ | ᠃ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠵᠦ᠂ ᠮᠡᠳᠡᠯᠭᠡ ᠶᠢᠨ ᠬᠥᠮᠥᠷᠭᠡ ᠶᠢ ᠬᠠᠮᠲᠤ ᠪᠠᠷ | ᠡᠳ᠋ᠯᠡᠬᠦ ᠂ ᠲᠤᠰᠬᠠᠶ ᠮᠡᠷᠭᠡᠵᠢᠯᠲᠡᠨ ᠢᠶᠠᠷ ᠳᠡᠮᠵᠢᠭᠦᠯᠬᠦ᠂ ᠲᠥᠪ ᠬᠤᠪᠢᠶᠠᠨ ᠬᠠᠮᠲᠤᠷᠠᠨ ᠬᠥᠳᠡᠯᠦᠯᠴᠡᠬᠦ ᠵᠡᠷᠭᠡ | ᠲᠣᠭᠲᠠᠴᠠ ᠶᠢ ᠡᠮᠬᠢ ᠵᠢᠷᠤᠮ ᠲᠠᠢ ᠪᠠᠷ ᠲᠡᠭᠦᠯᠳᠡᠷᠵᠢᠭᠦᠯᠵᠦ᠂ ᠤᠲᠠᠰᠤᠨ ᠤ ᠲᠤᠰᠬᠠᠶᠢᠵᠢᠭᠰᠠᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 12345 ᠤᠲᠠᠰᠤ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ | ᠠᠵᠢᠯ ᠤᠨ ᠰᠢᠰᠲ᠋ᠧᠮ᠂ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠤ ᠦᠷᠲᠡᠭᠡ ᠶᠢᠨ ᠬᠤᠯᠪᠣᠯᠳᠤᠨ | ᠨᠡᠶᠢᠯᠡᠯᠴᠡᠬᠦ ᠶᠢ ᠲᠦᠯᠬᠢᠨ ᠠᠬᠢᠭᠤᠯᠵᠤ᠂ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠭᠤᠷᠪᠠ᠂ ᠨᠡᠶᠢᠯᠡᠭᠦᠯᠬᠦ ᠠᠷᠭ᠎ᠠ ᠮᠠᠶ᠋ᠢᠭ | ᠨᠢᠭᠡ ᠳᠤ ᠪᠦᠬᠦᠯᠢ ᠴᠣᠭᠴᠠ ᠪᠠᠷ ᠨᠢ ᠨᠡᠶᠢᠯᠡᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠨᠡᠯᠢᠶᠡᠳ ᠳᠣᠤᠷ᠎ᠠ | ᠳᠠᠪᠲᠠᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ | ᠤᠲᠠᠰᠤᠳᠠᠵᠤ᠂ ᠨᠣᠮᠧᠷ ᠢ ᠨᠢ ᠬᠦᠴᠦᠨ ᠥᠬᠡᠶ ᠪᠣᠯᠭᠠᠵᠤ᠂ ᠣᠳᠠᠰᠦ ᠵᠠᠯᠭᠠᠯᠲᠠ ᠶᠢᠨ ᠰᠠᠭᠤᠳᠠᠯ ᠢ 12345 | ᠤᠲᠠᠰᠤ ᠲᠠᠢ ᠨᠢᠭᠡᠳᠦᠯᠲᠡᠶ ᠨᠡᠶᠢᠯᠡᠭᠦᠯᠪᠡ᠃ ᠬᠤᠶᠠᠷ ᠲᠤ ᠬᠤᠣᠰ ᠨᠣᠮᠧᠷ ᠢ ᠵᠡᠷᠭᠡ ᠪᠠᠷ ᠬᠡᠷᠡᠭᠯᠡᠨ᠎ᠡ᠃ ᠣᠳᠠᠰᠦ | ᠵᠠᠯᠭᠠᠯᠲᠠ ᠶᠢᠨ ᠬᠡᠮᠵᠢᠶ᠎ᠡ ᠪᠠᠷ ᠶᠡᠭᠡ᠂ ᠨᠡᠶᠢᠭᠡᠮ ᠨᠡᠶᠢᠲᠡ ᠶᠢᠨ ᠮᠡᠳᠡᠬᠦ ᠬᠡᠮᠵᠢᠶ᠎ᠡ ᠪᠠᠷ ᠥᠨᠳᠥᠷ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠨᠣᠮᠧᠷ ᠢᠶᠠᠷ ᠨᠢ ᠦᠯᠡᠳᠡᠭᠡᠵᠦ᠂ | ᠣᠳᠠᠰᠦ ᠵᠠᠯᠭᠠᠯᠲᠠ ᠶᠢᠨ ᠰᠠᠭᠤᠳᠠᠯ ᠢ 12345 ᠤᠲᠠᠰᠤ ᠲᠠᠢ ᠨᠡᠶᠢᠯᠡᠭᠦᠯᠦᠨ ᠨᠢᠭᠡᠳᠦᠯᠲᠡᠶ ᠬᠠᠮᠢᠶᠠᠷᠤᠨ᠎ᠠ᠃ | ᠨᠡᠶᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠥᠬᠡᠶ ᠤᠲᠠᠰᠤᠨ ᠳᠤ ᠣᠳᠠᠰᠦ ᠵᠠᠯᠭᠠᠯᠲᠠ ᠶᠢᠨ ᠰᠠᠭᠤᠳᠠᠯ ᠢ | ᠦᠯᠡᠳᠡᠭᠡᠵᠦ᠂ 12345 ᠤᠲᠠᠰᠤ ᠲᠠᠢ ᠣᠳᠠᠰᠦ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ | 12345 ᠤᠲᠠᠰᠤᠨ ᠤ ᠪᠠᠷᠢᠮᠵᠢᠶ᠎ᠠ ᠪᠠᠷ ᠨᠢᠭᠡᠳᠦᠯᠲᠡᠶ ᠦᠢᠯᠡᠴᠢᠯᠡᠭᠡ ᠬᠠᠩᠭᠠᠨ᠎ᠠ᠃ ᠭᠤᠷᠪᠠ ᠳᠤ ᠬᠤᠪᠢᠶᠠᠷᠢ | ᠲᠥᠪ ᠪᠠᠶᠢᠭᠤᠯᠤᠨ᠎ᠠ᠃ ᠰᠢᠭᠤᠳ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤ ᠶᠢ ᠬᠤᠪᠢᠶᠠᠷᠢ ᠲᠥᠪ ᠤᠨ ᠬᠡᠯᠪᠡᠷᠢ ᠪᠠᠷ ᠪᠠᠶᠢᠭ᠎ᠠ ᠭᠠᠵᠠᠷ ᠤᠨ ᠢᠶᠠᠨ 12345 ᠤᠲᠠᠰᠤᠨ ᠳᠤ | ᠨᠡᠶᠢᠯᠡᠭᠦᠯᠦᠨ᠂ ᠨᠣᠮᠧᠷ ᠪᠠ ᠣᠳᠠᠰᠦ ᠵᠠᠯᠭᠠᠯᠲᠠ ᠶᠢᠨ ᠰᠠᠭᠤᠳᠠᠯ ᠢ ᠦᠯᠡᠳᠡᠭᠡᠵᠦ᠂ 12345 ᠤᠲᠠᠰᠤ ᠲᠠᠢ | ᠣᠳᠠᠰᠦ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ ︽7 × 24 ᠴᠠᠭ︾ ᠤᠨ ᠪᠦᠬᠦᠯᠢ ᠡᠳᠦᠷ ᠤᠨ | ᠬᠥᠮᠦᠨ ᠤ ᠬᠦᠴᠦᠨ ᠤ ᠦᠢᠯᠡᠴᠢᠯᠡᠭᠡ ᠶᠢ ᠬᠠᠩᠭᠠᠨ᠎ᠠ᠃ 12345 ᠤᠲᠠᠰᠤ ᠨᠢ ᠮᠡᠳᠡᠯᠭᠡ ᠶᠢᠨ ᠬᠥᠮᠥᠷᠭᠡ ᠶᠢᠨ | ᠶᠣᠰᠣᠭᠠᠷ ᠡᠩ ᠤᠨ ᠴᠢᠨᠠᠷᠲᠠᠶ ᠯᠠᠪᠯᠠᠯᠲᠠ ᠳᠤ ᠬᠠᠷᠢᠭᠤᠯᠲᠠ ᠥᠭᠴᠦ ᠪᠣᠯᠤᠨ᠎ᠠ᠂ ᠬᠠᠷᠢᠴᠠᠩᠭᠤᠶ ᠲᠤᠰᠬᠠᠶ | ᠮᠡᠷᠭᠡᠵᠢᠯ ᠤᠨ ᠠᠰᠠᠭᠤᠳᠠᠯ ᠪᠠ ᠰᠠᠯᠠᠭ᠎ᠠ ᠮᠥᠴᠢᠷ ᠠᠴᠠ ᠰᠢᠢᠳᠪᠦᠷᠢᠯᠡᠬᠦ ᠴᠢᠬᠤᠯᠠᠲᠠᠶ ᠵᠦᠢᠯᠡᠰ ᠢ ᠳ᠋ᠢᠩ ᠳ᠋ᠢᠩ | ᠰᠢᠰᠲ᠋ᠧᠮ ᠤᠨ ᠬᠤᠲᠠ ᠶᠢᠨ ᠤᠶᠤᠨᠴᠢ ᠲᠥᠪ ᠠᠴᠠ ᠠᠵᠢᠯ ᠤᠨ ᠬᠠᠭᠤᠳᠠᠰᠤ ᠲᠠᠷᠬᠠᠭᠠᠨ ᠬᠤᠪᠢᠶᠠᠷᠢ ᠲᠥᠪ ᠲᠤ | ᠰᠢᠯᠵᠢᠭᠦᠯᠦᠨ ᠰᠢᠢᠳᠪᠦᠷᠢᠯᠡᠭᠦᠯᠦᠨ᠎ᠡ᠃ | ᠳᠥᠷᠪᠡ᠂ ᠨᠡᠶᠢᠯᠡᠭᠦᠯᠬᠦ ᠱᠠᠭᠠᠷᠳᠠᠯᠭ᠎ᠠ | ᠡᠯ᠎ᠡ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤ ᠶᠢᠨ ᠨᠣᠮᠧᠷ ᠢ ᠪᠦᠬᠦᠨ ᠢ ᠬᠦᠴᠦᠨ ᠥᠬᠡᠶ ᠪᠣᠯᠭᠠᠵᠤ᠂ ᠪᠦᠬᠦᠯᠢ 12345 ᠤᠲᠠᠰᠤ ᠶᠢ | ᠨᠡᠶᠢᠯᠡᠭᠦᠯᠦᠨ ᠣᠷᠣᠭᠤᠯᠤᠨ᠎ᠠ᠃ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠳᠡᠭᠡᠷᠡᠬᠢ ᠭᠤᠷᠪᠠᠨ | ᠵᠦᠢᠯ ᠤᠨ ᠠᠷᠭ᠎ᠠ ᠮᠠᠶ᠋ᠢᠭ ᠢᠶᠠᠷ 12345 ᠤᠲᠠᠰᠤᠨ ᠳᠤ ᠨᠡᠶᠢᠯᠡᠭᠦᠯᠦᠨ ᠣᠷᠣᠭᠤᠯᠤᠨ᠎ᠠ᠃ ᠡᠯ᠎ᠡ ᠰᠠᠯᠠᠭ᠎ᠠ | ᠮᠥᠴᠢᠷ ᠤᠨ ᠬᠢᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ | ᠤᠲᠠᠰᠤᠨ ᠤ ᠲᠥᠬᠦᠭᠡᠷᠦᠮᠵᠢ᠂ ᠠᠵᠢᠯ ᠤᠨ ᠶᠠᠪᠤᠴᠠ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠤᠭ᠎ᠠ᠂ | ᠮᠡᠳᠡᠯᠭᠡ ᠶᠢᠨ ᠬᠥᠮᠥᠷᠭᠡ᠂ ᠦᠢᠯᠡᠴᠢᠯᠡᠭᠡᠨ ᠤ ᠴᠢᠳᠠᠪᠤᠷᠢ ᠵᠡᠷᠭᠡ ᠪᠠᠶᠢᠳᠠᠯ ᠢ ᠨᠢᠭᠡᠳᠦᠯᠲᠡᠶ ᠲᠥᠯᠥᠪᠯᠡᠵᠦ᠂ ᠤᠲᠠᠰᠤ | ᠵᠠᠯᠭᠠᠯᠲᠠ ᠶᠢᠨ ᠠᠵᠢᠯᠲᠠᠨ ᠢ ᠵᠣᠯᠭᠠᠭᠤᠯᠬᠤ᠂ ᠲᠠᠯᠠᠪᠤᠷ ᠭᠠᠵᠠᠷ᠂ ᠰᠢᠰᠲ᠋ᠧᠮ᠂ ᠵᠠᠷᠤᠳᠠᠯ ᠵᠡᠷᠭᠡ ᠡᠯ᠎ᠡ ᠵᠦᠢᠯ ᠤᠨ | ᠪᠠᠲᠤᠯᠠᠭ᠎ᠠ ᠶᠢ ᠰᠠᠶᠢᠲᠤᠷ ᠬᠢᠵᠦ᠂ ᠰᠢᠯᠵᠢᠯᠲᠡ ᠶᠢᠨ ᠬᠤᠭᠤᠴᠠᠭᠠᠨ ᠳᠠᠬᠢ ᠣᠳᠠᠰᠣᠨ ᠠᠪᠢᠶᠠᠨ ᠤ ᠰᠠᠨᠠᠭᠤᠯᠤᠮᠵᠢ ᠶᠢ | ᠳᠣᠭᠢᠷᠠᠭᠤᠯᠤᠨ᠂ 12345 ᠤᠲᠠᠰᠤ ᠶᠢᠨ ᠲᠠᠪᠴᠠᠩ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ | ᠰᠢᠰᠲ᠋ᠧᠮ ᠢ ᠵᠣᠯᠭᠠᠭᠤᠯᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠤᠲᠠᠰᠤ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠪᠠᠭᠤᠷᠠᠭᠤᠯᠬᠤ ᠥᠬᠡᠶ᠂ ᠲᠤᠬᠠᠶᠢᠯᠠᠭᠰᠠᠨ ᠠᠵᠢᠯ ᠢ ᠡᠮᠬᠢ ᠵᠢᠷᠤᠮ ᠲᠠᠢ ᠭᠦᠢᠴᠡᠳᠬᠡᠬᠦ ᠶᠢ ᠪᠠᠲᠤᠯᠠᠨ᠎ᠠ᠃ | ᠲᠠᠪᠤ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ | ᠠᠵᠤ ᠠᠬᠤᠶ ᠶᠢᠨ ᠵᠣᠬᠢᠴᠠᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ | ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ | ᠬᠦᠷᠢᠶᠡᠨ ᠳᠠᠬᠢ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ | ᠰᠠᠨᠠᠭᠤᠯᠭ᠎ᠠ ᠵᠡᠷᠭᠡ ᠶᠢ ᠪᠠᠭᠲᠠᠭᠠᠭᠰᠠᠨ ᠠᠵᠤ ᠠᠬᠤᠶᠢᠯᠠᠯ ᠪᠠ ᠤᠯᠠᠨ ᠲᠦᠮᠡᠨ ᠤ ᠡᠯ᠎ᠡ ᠲᠦᠷᠦᠯ ᠤᠨ ᠪᠠᠴᠢᠮ ᠪᠤᠰᠤ | ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ | ᠰᠠᠬᠢᠯᠭ᠎ᠠ ᠪᠠᠲᠤ ᠶᠢ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠪᠠ ᠨᠢᠭᠡᠨᠲᠡ | ᠵᠠᠬᠢᠳᠠᠯ ᠰᠤᠷᠪᠤᠯᠵᠢᠯᠠᠭ᠎ᠠ ᠶᠢᠨ ᠵᠠᠮ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ | ᠵᠠᠩᠰᠢᠯ ᠢ ᠵᠥᠷᠢᠴᠡᠭᠰᠡᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ | ᠵᠢᠷᠭᠤᠭ᠎ᠠ᠂ ᠠᠮᠤᠷ ᠲᠦᠪᠰᠢᠨ ᠤ ᠪᠠᠲᠤᠯᠠᠭ᠎ᠠ | ᠬᠤᠲᠠ ᠶᠢᠨ ᠵᠢᠯᠣᠭᠤᠳᠬᠤ ᠲᠥᠪ ᠨᠢ 12345 ᠤᠲᠠᠰᠤ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ ᠶᠣᠰᠣᠭᠠᠷ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠵᠤ᠂ ︽ᠬᠡᠨ ᠬᠠᠮᠢᠶᠠᠷᠪᠠᠯ ᠬᠡᠨ | ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠰᠤᠷᠪᠤᠯᠵᠢᠯᠠᠨ | ᠯᠠᠪᠯᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠥᠬᠦ ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠨ᠎ᠠ᠃ | ᠳᠣᠯᠤᠭ᠎ᠠ᠂ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ | ᠬᠤᠲᠠ ᠶᠢᠨ ᠵᠢᠯᠣᠭᠤᠳᠬᠤ ᠲᠥᠪ ᠨᠢ 12345 ᠤᠲᠠᠰᠤ ᠶᠢ ᠰᠢᠮᠳᠠᠭᠤᠯᠤᠨ ᠭᠦᠢᠴᠡᠳᠬᠡᠬᠦ᠂ ᠰᠢᠯᠭᠠᠨ ᠬᠢᠨᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠨ᠎ᠠ᠃ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ | ᠨᠢᠭᠡᠴᠢ ᠶᠢᠨ ᠠᠰᠠᠭᠤᠳᠠᠯ ᠢ ᠰᠢᠢᠳᠪᠦᠷᠢᠯᠡᠬᠦ ᠨᠤᠷᠮ᠎ᠠ᠂ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ | ᠨᠤᠷᠮ᠎ᠠ ᠵᠡᠷᠭᠡ ᠭᠦᠢᠴᠡᠳᠬᠡᠬᠦ ᠲᠤᠭ᠎ᠠ ᠶᠢ ᠶᠡᠷᠦᠩᠬᠡᠶᠢᠯᠡᠨ ᠦᠨᠡᠯᠡᠬᠦ ᠠᠷᠭ᠎ᠠ ᠶᠢ ᠲᠣᠭᠲᠠᠭᠠᠵᠤ᠂ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠵᠢᠯ ᠢ ᠲᠡᠭᠦᠯᠳᠡᠷᠵᠢᠭᠦᠯᠵᠦ᠂ ᠤᠲᠠᠰᠤ ᠶᠢ ᠨᠡᠶᠢᠯᠡᠭᠦᠯᠦᠭᠰᠡᠨ ᠤ ᠳᠠᠷᠠᠭᠠᠬᠢ | ᠦᠢᠯᠡᠴᠢᠯᠡᠭᠡᠨ ᠤ ᠶᠠᠰᠤ ᠴᠢᠨᠠᠷ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | 12345 ᠤᠲᠠᠰᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠮᠳᠠᠭᠤᠯᠤᠨ ᠰᠢᠢᠳᠪᠦᠷᠢᠯᠡᠭᠦᠯᠬᠦ ᠬᠠᠭᠤᠳᠠᠰᠤ᠂ | ᠲᠤᠰᠬᠠᠶ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢ ᠬᠡᠷᠡᠭᠯᠡᠨ᠂ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠬᠦ ᠨᠢᠭᠡᠴᠢ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠬᠤ ᠬᠡᠷᠡᠭᠲᠡᠶ᠃ ᠵᠠᠰᠠᠭ ᠵᠠᠬᠢᠷᠭᠠᠨ | ᠤ ᠡᠶᠡᠳᠡᠭᠦᠯᠭᠡ ᠶᠢᠨ ᠲᠦᠷᠦᠯ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠷᠦᠯ ᠤᠨ ᠵᠦᠢᠯᠡᠰ ᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠂ ᠬᠠᠨᠤᠮᠵᠢ ᠶᠢᠨ ᠨᠤᠷᠮ᠎ᠠ ᠶᠢ ᠥᠷᠥᠭᠡᠰᠦᠯ ᠢᠶᠠᠷ ᠬᠥᠭᠡᠭᠡᠴᠡᠯᠳᠦᠵᠦ | ᠪᠣᠯᠬᠤ ᠦᠭᠡᠢ᠃ ᠡᠯ᠎ᠡ ᠪᠦᠷᠢᠯᠳᠦᠬᠦᠨ ᠨᠢᠭᠡᠴᠢ ᠨᠦᠭᠦᠳ ᠵᠢᠯᠣᠭᠤᠳᠬᠤ ᠲᠥᠪ ᠲᠤ 1 ᠴᠠᠭ ᠤᠨ ᠳᠣᠲᠣᠷ᠎ᠠ | ᠡᠷᠬᠡᠪᠰᠢ ᠬᠠᠭᠤᠳᠠᠰᠤ ᠭᠥᠯᠢᠶᠡᠨ ᠠᠪᠴᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠦᠢᠴᠡᠳᠬᠡᠵᠦ | ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠭᠦᠢᠴᠡᠳᠬᠡᠭᠰᠡᠨ ᠶᠠᠰᠤ ᠴᠢᠨᠠᠷ ᠢᠶᠠᠷ ᠠᠨᠠᠶ᠂ ᠰᠢᠯᠲᠠᠭᠯᠠᠨ ᠲᠦᠯᠬᠢᠯᠴᠡᠬᠦ ᠪᠤᠶᠤ ᠬᠤᠳᠠᠯ ᠢᠶᠠᠷ | ᠮᠡᠳᠡᠭᠦᠯᠦᠭᠡᠳ ᠮᠡᠳᠡᠭᠦᠯᠬᠦ ᠥᠬᠡᠶ ᠨᠢᠭᠤᠭᠰᠠᠨ᠂ 1 ᠴᠠᠭ ᠤᠨ ᠳᠣᠲᠣᠷ᠎ᠠ ᠬᠠᠭᠤᠳᠠᠰᠤ ᠭᠥᠯᠢᠶᠡᠨ ᠠᠪᠤᠭᠰᠠᠨ ᠥᠬᠡᠶ᠂ | ᠴᠠᠭ ᠠᠴᠠ ᠬᠡᠲᠦᠷᠡᠭᠦᠯᠦᠨ ᠭᠦᠢᠴᠡᠳᠬᠡᠭᠰᠡᠨ᠂ ᠵᠣᠬᠢᠰ ᠥᠬᠡᠶ ᠪᠠᠷ ᠬᠠᠭᠤᠳᠠᠰᠤ ᠪᠤᠴᠠᠭᠠᠭᠰᠠᠨ᠂ ᠬᠠᠭᠤᠳᠠᠰᠤ | ᠪᠤᠴᠠᠭᠠᠭᠰᠠᠨ ᠨᠢ ᠴᠠᠭ ᠲᠤᠬᠠᠶ ᠳᠤᠨᠢ ᠭᠦᠢᠴᠡᠳᠬᠡᠭᠰᠡᠨ ᠥᠬᠡᠶ ᠠᠴᠠ ᠪᠣᠯᠵᠣ ᠦᠷᠭᠦᠯᠵᠢᠯᠡᠨ ᠭᠦᠢᠴᠡᠳᠬᠡᠭᠰᠡᠨ | ᠨᠢᠭᠡᠴᠢ ᠴᠠᠭ ᠠᠴᠠ ᠬᠡᠲᠦᠷᠡᠭᠰᠡᠨ ᠵᠡᠷᠭᠡ ᠪᠠᠶᠢᠳᠠᠯ ᠢ ᠰᠢᠯᠭᠠᠨ ᠬᠢᠨᠠᠬᠤ ᠲᠣᠭᠲᠠᠴᠠ ᠲᠠᠢ ᠰᠢᠭᠤᠳ ᠬᠤᠯᠪᠣᠭᠳᠠᠭᠤᠯᠵᠤ | ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠪᠠ ᠵᠠᠷᠯᠠᠨ ᠮᠡᠳᠡᠭᠳᠡᠨ᠎ᠡ᠃ ᠢᠯᠠᠩᠭᠤᠶ᠎ᠠ | ᠬᠠᠭᠤᠳᠠᠰᠤ ᠶᠢ ᠴᠠᠭ ᠲᠤᠬᠠᠶ ᠳᠤᠨᠢ ᠪᠤᠴᠠᠭᠠᠭᠰᠠᠨ ᠥᠬᠡᠶ ᠠᠴᠠ ᠪᠣᠯᠵᠣ ᠦᠷᠭᠦᠯᠵᠢᠯᠡᠨ ᠭᠦᠢᠴᠡᠳᠬᠡᠬᠦ ᠨᠢᠭᠡᠴᠢ | ᠴᠠᠭ ᠠᠴᠠ ᠬᠡᠲᠦᠷᠡᠭᠰᠡᠨ ᠪᠠᠶᠢᠳᠠᠯ ᠳᠤ ᠴᠢᠭᠯᠡᠭᠦᠯᠦᠨ᠂ ᠦᠷᠭᠦᠯᠵᠢᠯᠡᠨ ᠭᠦᠢᠴᠡᠳᠬᠡᠬᠦ ᠨᠢᠭᠡᠴᠢ ᠲᠠᠢ ᠠᠳᠠᠯᠢᠬᠠᠨ ᠢᠶᠠᠷ | ᠬᠠᠷᠢᠭᠤᠴᠠᠯᠭ᠎ᠠ ᠨᠡᠬᠡᠮᠵᠢᠯᠡᠵᠦ ᠵᠠᠷᠯᠠᠨ ᠮᠡᠳᠡᠭᠳᠡᠭᠰᠡᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ | ᠨᠠᠢᠮᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠪᠦᠷᠢᠯᠳᠦᠬᠦᠨ ᠨᠢᠭᠡᠴᠢ ᠶᠢᠨ ᠬᠢᠨ ᠳ᠋ᠢᠩ ᠳ᠋ᠢᠩ | ᠰᠢᠰᠲ᠋ᠧᠮ ᠵᠢᠴᠢ ᠰᠢᠰᠲ᠋ᠧᠮ ᠳᠠᠬᠢ ᠣᠶᠤᠨᠴᠢ ᠶᠡᠷᠦᠩᠬᠡᠶᠢᠯᠡᠭᠰᠡᠨ ᠳᠤᠬᠢᠷᠠᠭᠤᠯᠭ᠎ᠠ ᠶᠢᠨ ᠲᠠᠪᠴᠠᠩ ᠤᠨ ᠡᠯ᠎ᠡ | ᠵᠦᠢᠯ ᠤᠨ ᠢᠵᠢ ᠪᠦᠷᠢᠳᠦᠭᠰᠡᠨ ᠴᠢᠳᠠᠪᠬᠢ ᠶᠢᠨ ᠬᠡᠷᠡᠭᠯᠡᠯᠲᠡ ᠳᠡᠯᠭᠡᠷᠡᠭᠦᠯᠦᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠡᠯ᠎ᠡ ᠰᠠᠯᠠᠭ᠎ᠠ ᠮᠥᠴᠢᠷ ᠨᠢ ᠲᠤᠰᠬᠠᠶ ᠲᠤᠰᠢᠶᠠᠯᠲᠤ ᠬᠠᠮᠢᠶᠠᠷᠤᠭᠴᠢ ᠲᠠᠢ ᠪᠠᠶᠢᠵᠤ᠂ ᠬᠠᠮᠢᠶᠠᠷᠤᠭᠴᠢ | ᠨᠢ ᠲᠣᠰ ᠰᠠᠯᠠᠭ᠎ᠠ ᠮᠥᠴᠢᠷ ᠤᠨ ᠢᠶᠠᠨ ᠳ᠋ᠢᠩ ᠳ᠋ᠢᠩ ᠰᠢᠰᠲ᠋ᠧᠮ ᠳᠠᠬᠢ ︽ᠰᠢᠯᠢ ᠶᠢᠨ ᠬᠤᠲᠠ ᠶᠢᠨ ᠨᠠᠮ ᠵᠠᠰᠠᠭ ᠤᠨ | ᠠᠵᠢᠯ ᠤᠨ ᠲᠠᠪᠴᠠᠩ︾ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷᠠᠬᠢ ᠠᠵᠢᠯᠲᠠᠨ ᠳᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠬᠦ ᠶᠢ ᠬᠠᠷᠢᠭᠤᠴᠠᠵᠤ᠂ ᠣᠶᠤᠨᠴᠢ ᠶᠡᠷᠦᠩᠬᠡᠶᠢᠯᠡᠨ ᠳᠣᠭᠢᠷᠠᠭᠤᠯᠬᠤ | ᠲᠠᠪᠴᠠᠩ ᠯᠤᠭ᠎ᠠ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠵᠤ᠂ ᠬᠠᠭᠤᠳᠠᠰᠤ ᠲᠣᠮᠢᠯᠠᠬᠤ ᠡᠭᠦᠷᠭᠡ ᠶᠢ ᠴᠠᠭ | ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠤ | ᠰᠦᠯᠵᠢᠶᠡᠨ ᠤ ᠠᠵᠢᠯᠲᠠᠨ ᠰᠢᠢᠳᠪᠦᠷᠢᠯᠡᠵᠦ ᠳᠠᠭᠤᠰᠤᠭᠰᠠᠨ ᠬᠡᠷᠡᠭ ᠢ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ᠂ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ᠳᠡᠭᠡᠭᠰᠢ | ᠮᠡᠳᠡᠭᠦᠯᠦᠭᠰᠡᠨ ᠤ ᠳᠠᠷᠠᠭ᠎ᠠ᠂ ᠡᠷᠬᠡᠪᠰᠢ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤᠨᠢ ᠬᠢᠨᠠᠨ ᠬᠠᠷᠭᠤᠭᠤᠯᠵᠤ᠂ | ᠴᠠᠭ ᠠᠴᠠ ᠬᠡᠲᠦᠷᠡᠭᠦᠯᠦᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠥᠬᠡᠶ ᠪᠠᠶᠢᠪᠠᠯ᠂ ᠰᠦᠯᠵᠢᠶᠡᠨ ᠤ | ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠳᠤ ᠣᠷᠣᠭᠤᠯᠬᠤ ᠬᠡᠷᠡᠭᠲᠡᠶ᠃ ᠡᠭᠦᠨ ᠤ | ᠬᠠᠮᠲᠤ᠂ ᠡᠮᠬᠢᠯᠡᠨ ᠨᠡᠶᠢᠯᠡᠭᠦᠯᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠮᠠᠨ ᠤ | ᠬᠤᠲᠠ ᠶᠢᠨ ᠵᠢᠯᠣᠭᠤᠳᠬᠤ ᠲᠥᠪ ᠤᠨ ᠪᠣᠳᠠᠲᠠᠶ ᠵᠠᠭᠠᠯᠳᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ | ᠵᠠᠭᠠᠯᠳᠤᠯᠭ᠎ᠠ ᠶᠢᠨ ᠠᠰᠠᠭᠤᠳᠠᠯ ᠣᠯᠠᠨ᠂ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠶᠡᠭᠡ ᠪᠠᠶᠢᠵᠤ᠂ ᠡᠮᠦᠨ᠎ᠡ | ᠡᠩᠨᠡᠭᠡᠨ ᠳᠤ ᠵᠢᠭᠰᠠᠭᠠᠭᠳᠠᠭᠰᠠᠨ ᠰᠠᠯᠠᠭ᠎ᠠ ᠮᠥᠴᠢᠷ ᠪᠠ ᠨᠢᠭᠡᠴᠢ ᠠᠴᠠ ᠲᠣᠰ ᠲᠣᠰ 1—2 ᠠᠵᠢᠯᠲᠠᠨ ᠢ | ᠵᠢᠯᠣᠭᠤᠳᠬᠤ ᠲᠥᠪ ᠲᠤ ᠲᠣᠮᠢᠯᠠᠨ ᠣᠴᠢᠭᠤᠯᠵᠤ ᠤᠲᠠᠰᠤ ᠪᠠᠷ ᠲᠤᠰᠴᠤ ᠰᠣᠨᠣᠰᠬᠤ᠂ ᠰᠢᠯᠵᠢᠭᠦᠯᠦᠨ | ᠰᠢᠢᠳᠪᠦᠷᠢᠯᠡᠭᠦᠯᠬᠦ ᠵᠢᠴᠢ ᠰᠢᠪᠠᠳᠠᠨ ᠰᠢᠢᠳᠪᠦᠷᠢᠯᠡᠭᠦᠯᠬᠦ ᠶᠢ ᠳᠠᠭᠠᠵᠤ ᠬᠢᠬᠦ ᠵᠡᠷᠭᠡ ᠠᠵᠢᠯ ᠢ ᠬᠠᠷᠢᠭᠤᠴᠠᠭᠤᠯᠵᠤ᠂ | ᠡᠮᠬᠢᠯᠡᠨ ᠨᠡᠶᠢᠯᠡᠭᠦᠯᠬᠦ ᠰᠢᠯᠵᠢᠯᠲᠡ ᠶᠢᠨ ᠬᠤᠭᠤᠴᠠᠭ᠎ᠠ ᠶᠢ ᠤᠷᠤᠭᠰᠢᠲᠠᠶ ᠵᠣᠯᠭᠠᠭᠤᠯᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠨ᠎ᠡ᠃ ᠢᠨᠲ᠋ᠧᠷ ᠰᠦᠯᠵᠢᠶᠡᠨ ᠤ ᠠᠷᠭ᠎ᠠ | ᠵᠠᠮ ᠢ ᠥᠷᠭᠡᠳᠬᠡᠵᠦ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠠᠵᠤ ᠠᠬᠤᠶᠢᠯᠠᠯ | ᠪᠠ ᠤᠯᠠᠨ ᠲᠦᠮᠡᠨ ᠤ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠎ᠠ᠃ | ᠥᠪᠡᠰᠦᠪᠡᠨ ᠵᠠᠬᠢᠶᠠᠯᠠᠬᠤ᠂ ᠣᠶᠤᠨᠯᠢᠭ ᠲᠤᠺᠰᠲ ᠵᠣᠴᠢᠳ ᠲᠤ ᠦᠢᠯᠡᠴᠢᠯᠡᠬᠦ᠂ ᠣᠶᠤᠨᠯᠢᠭ ᠠᠪᠢᠶ᠎ᠠ ᠵᠡᠷᠭᠡ | ᠤᠶᠤᠨᠴᠢᠯᠠᠭᠰᠠᠨ ᠬᠡᠷᠡᠭᠯᠡᠯᠲᠡ ᠶᠢ ᠰᠦᠪᠡᠭᠴᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢᠨ ᠰᠠᠨᠠᠭᠤᠯᠭ᠎ᠠ ᠶᠢ ᠲᠤᠰᠬᠠᠬᠤ ᠳᠤ ᠲᠥᠬᠦᠮ ᠦᠵᠡᠭᠦᠯᠦᠨ᠎ᠡ᠃ | ︵ᠭᠤᠷᠪᠠ︶ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ︽ᠡᠷᠬᠡ | ᠰᠦᠷ ᠨᠢ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ︾ 12345 ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠤᠨ ᠬᠠᠮᠠᠭᠠᠯᠠᠵᠤ᠂ ᠤᠯᠠᠨ | ᠲᠠᠯ᠎ᠠ ᠪᠠᠷ ᠬᠠᠷᠭᠤᠭᠤᠯᠤᠨ ᠬᠠᠷᠭᠤᠭᠤᠯᠬᠤ᠂ ᠭᠤᠭᠤᠵᠢᠭᠳᠠᠭᠰᠠᠨ ᠢ ᠪᠠᠶᠢᠴᠠᠭᠠᠵᠤ ᠪᠤᠷᠤᠭᠤ ᠶᠢ ᠵᠠᠯᠠᠷᠠᠭᠤᠯᠬᠤ ᠵᠡᠷᠭᠡ | ᠲᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠠᠳᠠᠯᠢ ᠱᠠᠲᠤᠨ ᠤ 12345 ᠤᠲᠠᠰᠤᠨ ᠤ | ᠲᠠᠪᠴᠠᠩ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ | ᠲᠤᠰᠬᠠᠶ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠴᠠᠭ ᠲᠤᠬᠠᠶ ᠳᠤᠨᠢ ᠰᠢᠨᠡᠳᠬᠡᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠯᠭᠡ ᠶᠢᠨ ᠬᠥᠮᠥᠷᠭᠡ ᠶᠢ | ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ ᠪᠠ ᠵᠡᠷᠭᠡᠪᠡᠷ ᠰᠢᠨᠡᠳᠬᠡᠵᠦ᠂ ᠤᠲᠠᠰᠤ ᠶᠢᠨ ᠮᠡᠳᠡᠯᠭᠡ ᠶᠢᠨ | ᠬᠥᠮᠥᠷᠭᠡ ᠶᠢ ᠨᠡᠶᠢᠭᠡᠮ ᠳᠤ ᠴᠢᠯᠥᠭᠡᠲᠡᠶ ᠨᠡᠭᠡᠭᠡᠵᠦ᠂ ᠥᠪᠡᠰᠦᠪᠡᠨ ᠪᠠᠶᠢᠴᠠᠭᠠᠨ ᠯᠠᠪᠯᠠᠬᠤ ᠦᠢᠯᠡᠴᠢᠯᠡᠭᠡ ᠶᠢ | ᠥᠷᠭᠡᠳᠬᠡᠨ᠎ᠡ᠃ | ︵ᠳᠥᠷᠪᠡ︶ ᠲᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠵᠢᠯᠣᠭᠤᠳᠬᠤ ᠲᠥᠪ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠥᠬᠦᠶ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠵᠦ᠂ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠤᠲᠠᠰᠤ ᠶᠢ ᠵᠢᠷᠤᠮᠵᠢᠭᠤᠯᠤᠨ ᠠᠵᠢᠯᠯᠠᠭᠤᠯᠬᠤ ᠳᠤ ᠲᠦᠷᠢᠮ ᠤᠨ ᠪᠠᠲᠤᠯᠠᠭ᠎ᠠ | ᠬᠠᠩᠭᠠᠬᠤ ᠶᠢ ᠬᠠᠷᠢᠭᠤᠴᠠᠨ᠎ᠠ᠃ | ︵ᠲᠠᠪᠤ︶ ᠨᠡᠶᠢᠭᠡᠮ ᠤᠨ ᠬᠢᠨ ᠤ ᠣᠷᠣᠯᠴᠠᠬᠤ ᠶᠢ ᠴᠢᠩᠭᠠᠳᠬᠠᠨ᠎ᠠ᠃ 12345 ᠤᠲᠠᠰᠤᠨ ᠤ ᠨᠡᠶᠢᠭᠡᠮ ᠤᠨ | ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠤ᠂ 12345 ᠤᠲᠠᠰᠤᠨ ᠤ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢᠨ ︽ᠰᠠᠶᠢᠨ ᠮᠠᠭᠤ ᠶᠢ ᠦᠨᠡᠯᠡᠬᠦ︾ ᠠᠵᠢᠯ ᠢ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ 12345 | ᠤᠲᠠᠰᠤ ᠶᠢᠨ ᠴᠢᠳᠠᠮᠵᠢ ᠦᠢᠯᠡᠳᠦᠯ ᠢ ᠥᠷᠭᠡᠨ ᠢᠶᠠᠷ ᠤᠬᠠᠭᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ | ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠴᠡᠭᠡᠵᠢᠯᠡᠬᠦ ᠪᠠ | ᠬᠡᠷᠡᠭᠯᠡᠬᠦ ᠳᠤ ᠨᠠᠩ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠎ᠡ᠃ | ᠳᠠᠭᠠᠯᠳᠤᠭᠤᠯᠤᠯ᠄ 12345 ᠤᠲᠠᠰᠤ ᠶᠢ ᠨᠡᠶᠢᠯᠡᠭᠦᠯᠬᠦ ᠲᠣᠳᠣᠷᠬᠠᠶ ᠬᠠᠭᠤᠳᠠᠰᠤ | | 2021 ᠣᠨ ᠤ 1 ᠰᠠᠷ᠎ᠠ ᠶᠢᠨ 26 ᠤ ᠡᠳᠦᠷ |