ᠰᠢᠯᠢ ᠶᠢᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ ᠤᠨ ᠵᠠᠷᠯᠠᠯ
ᠨᠡᠶᠢᠲᠡᠯᠡᠭᠰᠡᠨ ᠴᠠᠭ᠄
2021/11/9
     11 ᠰᠠᠷ᠎ᠠ ᠶᠢᠨ 7᠎ ᠤ ᠡᠳᠦᠷ ᠰᠢᠯᠢ ᠶᠢᠨ ᠬᠤᠲᠠ ᠶᠢᠨ ᠸᠧᠢ ᠳ᠋ᠦᠸᠧ ᠯᠢ ᠶᠠᠪᠠᠭᠠᠨ ᠵᠡᠭᠡᠯᠢ ᠶᠢᠨ ᠵᠠᠬᠢᠶ᠎ᠠ ᠦᠨᠳᠦᠰᠦᠲᠡᠨ ᠤ ᠬᠤᠪᠴᠠᠰᠤᠨ ᠤ ᠳᠡᠯᠭᠡᠭᠦᠷ ᠤᠨ ᠡᠵᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠢᠶᠠᠷ᠂ 10 ᠰᠠᠷ᠎ᠠ ᠶᠢᠨ 6᠎ ᠤ ᠡᠳᠦᠷ ᠠᠴᠠ ᠨᠠᠰᠢ ᠮᠣᠩᠭᠤᠯ ᠤᠯᠤᠰ ᠠᠴᠠ 4 ᠪᠦᠯᠦᠭ ᠪᠠᠷᠠᠭ᠎ᠠ ᠬᠤᠳᠠᠯᠳᠤᠨ ᠤᠷᠤᠭᠤᠯᠵᠤ᠂ ᠰᠢᠯᠢ ᠶᠢᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠬᠤ ᠪᠠᠷ ᠲᠠᠮᠵᠢᠨ᠂ ᠰᠢᠭᠤᠳ ᠬᠦᠷᠦᠯᠴᠡᠭᠰᠡᠨ ᠬᠥᠮᠦᠰ ᠤᠨ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠶ ᠪᠠᠶᠢᠵᠤ᠂ ᠬᠡᠰᠡᠭ ᠪᠠᠷᠠᠭᠠᠨ ᠤ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠨᠢ ᠠᠷᠭ᠎ᠠ ᠴᠢᠨᠠᠷᠲᠠᠶ  ᠪᠤᠯᠪᠠ᠃ 2021 ᠣᠨ ᠤ 10 ᠰᠠᠷ᠎ᠠ ᠶᠢᠨ 6᠎ ᠤ ᠡᠳᠦᠷ ᠠᠴᠠ ᠨᠠᠰᠢ᠂ ᠰᠢᠯᠢ ᠶᠢᠨ ᠬᠤᠲᠠ ᠶᠢᠨ ᠸᠧᠢ ᠳ᠋ᠦᠸᠧ ᠯᠢ ᠶᠠᠪᠠᠭᠠᠨ ᠵᠡᠭᠡᠯᠢ ᠶᠢᠨ ᠵᠠᠬᠢᠶ᠎ᠠ ᠦᠨᠳᠦᠰᠦᠲᠡᠨ ᠤ ᠬᠤᠪᠴᠠᠰᠤᠨ ᠤ ᠳᠡᠯᠭᠡᠭᠦᠷ ᠠᠴᠠ ᠡᠳ᠋ ᠪᠠᠷᠠᠭ᠎ᠠ ᠬᠤᠳᠠᠯᠳᠤᠨ ᠠᠪᠤᠭᠰᠠᠨ ᠪᠤᠶᠤ ᠰᠢᠤᠳᠠᠨ ᠢᠶᠠᠷ ᠢᠯᠡᠭᠡᠬᠦ ᠬᠡᠯᠪᠡᠷᠢ ᠪᠠᠷ ᠲᠣᠰ ᠳᠡᠯᠭᠡᠭᠦᠷ ᠤᠨ ᠡᠳ᠋ ᠪᠠᠷᠠᠭ᠎ᠠ ᠶᠢ ᠭᠥᠯᠢᠶᠡᠨ ᠠᠪᠤᠭᠰᠠᠨ ᠣᠯᠠᠨ ᠲᠦᠮᠡᠨ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠤᠶᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠲᠤ ᠳᠠᠷᠦ᠋ᠢᠬᠠᠨ ᠮᠡᠳᠡᠭᠦᠯᠦᠭᠡᠷᠡᠶ᠃    ᠰᠢᠯᠢ ᠶᠢᠨ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0479 — 8223393    ᠰᠢᠯᠢ ᠶᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ᠄ 0479 — 6850208       ᠰᠢᠯᠢ ᠶᠢᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ       ᠠᠭᠤᠰᠬᠢᠨ  ᠦᠷᠪᠢᠰᠦᠯ ᠎ ᠢ  ᠰᠡᠷᠭᠡᠶᠢᠯᠡᠨ  ᠡᠵᠡᠮᠳᠡᠬᠦ  ᠠᠵᠢᠯ ᠤᠨ  ᠵᠢᠯᠣᠭᠤᠳᠬᠤ  ᠭᠡᠯᠳᠡᠰ                              2021 ᠣᠨ ᠤ 11 ᠰᠠᠷ᠎ᠠ ᠶᠢᠨ 8᠎ ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号