︽ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ | ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠄ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ᠂ | ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠶᠢᠨ ᠰᠤᠳᠤᠯᠤᠯᠲᠠ ᠪᠠᠷ ᠳᠡᠮᠵᠢᠨ᠂ ᠡᠳᠦᠭᠡ ︽ ᠰᠢᠯᠢ ᠶᠢᠨ ᠬᠤᠲᠠ ᠶᠢᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | ᠰᠢᠯᠢ | ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | | 2021 ᠣᠨ ᠤ 8 ᠰᠠᠷ᠎ᠠ ᠶᠢᠨ 24 ᠤ ᠡᠳᠦᠷ | ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ ᠠᠷᠠᠳ ᠤᠨ | ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ | ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ | ᠴᠢᠷᠮᠠᠶᠢᠬᠤ ᠴᠢᠭᠯᠡᠯ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠪᠦᠬᠦ ᠠᠷᠠᠳ ᠤᠨ ᠡᠷᠡᠭᠦᠯ ᠮᠡᠨᠳᠦ | ᠪᠠᠶᠢᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ | ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠶᠡᠬᠡᠪᠡᠷ ᠠᠬᠢᠭᠤᠯᠵᠤ᠂ ︽ᠪᠡᠶ᠎ᠡ ᠶᠢᠨ | ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ︾ ᠣᠨᠣᠯᠵᠢᠬᠤᠨ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠᠷ ᠭᠤᠤᠯ ᠴᠣᠭᠴᠠ ᠪᠣᠯᠭᠠᠨ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ᠂ ᠠᠭᠤᠯᠭ᠎ᠠ ᠪᠠᠷ | ᠡᠯᠪᠡᠭ ᠪᠠᠶᠠᠯᠢᠭ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ | ᠥᠬᠡᠶ ᠨᠡᠮᠡᠭᠳᠡᠭᠦᠯᠦᠨ᠂ ᠡᠷᠡᠭᠦᠯ ᠡᠩᠬᠡ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠬᠤᠪᠢ | ᠨᠡᠮᠡᠷᠢ ᠦᠵᠡᠭᠦᠯᠦᠨ᠎ᠡ᠃ | ᠬᠤᠶᠠᠷ᠂ ᠭᠤᠣᠯ ᠬᠠᠷᠠᠯᠲᠠ | 2030 ᠣᠨ ᠪᠣᠯᠬᠤ ᠳᠤ᠂ ᠪᠥᠬᠦ ᠬᠤᠲᠠ ᠳᠤ ᠪᠥᠬᠦ ᠭᠠᠵᠠᠷ ᠣᠷᠣᠨ ᠢ ᠬᠠᠮᠤᠷᠤᠭᠰᠠᠨ᠂ ᠪᠥᠬᠦ ᠦᠶᠡᠯᠡᠯ ᠤᠨ | ᠬᠤᠭᠤᠴᠠᠭᠠᠨ ᠳᠤ ᠦᠢᠯᠡᠴᠢᠯᠡᠬᠦ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠬᠥᠮᠦᠰ ᠢᠶᠠᠷ ᠢᠶᠠᠨ ᠬᠠᠮᠲᠤ | ᠪᠠᠷ ᠡᠳ᠋ᠯᠡᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ | ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠣᠶ | ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ︽ᠶᠡᠭᠡ ᠡᠷᠡᠭᠦᠯ ᠮᠡᠨᠳᠦ︾ ᠶᠢᠨ ᠳᠤᠮᠳᠠᠬᠢ | ᠦᠢᠯᠡᠳᠦᠯ ᠢ ᠨᠠᠩ ᠲᠣᠪᠤᠶᠢᠮ᠎ᠠ ᠪᠣᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠦᠢᠯᠡᠴᠢᠯᠡᠭᠡ ᠶᠢ ᠵᠥᠪᠬᠡᠨ ᠡᠮᠴᠢᠯᠡᠭᠡ ᠡᠷᠡᠭᠦᠯ ᠬᠠᠮᠠᠭᠠᠯᠠᠯ ᠤᠨ ︽ᠰᠠᠨᠠᠭᠠᠴᠢᠯᠠᠭᠠᠲᠤ ᠪᠤᠰᠤ᠂ ᠡᠮᠴᠢᠯᠡᠭᠡᠨ ᠤ ᠡᠷᠡᠭᠦᠯ | ᠮᠡᠨᠳᠦ ᠶᠢᠨ ᠬᠠᠮᠢᠶᠠᠷᠤᠯᠲᠠ ᠳᠤ ᠲᠦᠰᠢᠭᠯᠡᠵᠦ︾ ᠪᠠᠶᠢᠭᠰᠠᠨ ᠠᠴᠠ ᠪᠠᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠤᠯᠲᠠ ᠶᠢᠨ ︽ᠰᠠᠨᠠᠭᠠᠴᠢᠯᠠᠭ᠎ᠠ ᠲᠠᠢ᠂ ᠥᠪᠡᠰᠦᠪᠡᠨ ᠪᠡᠶ᠎ᠡ ᠶᠢᠨ ᠲᠠᠮᠢᠷ ᠤᠨ | ᠴᠢᠭᠢᠷᠠᠭᠵᠢᠭᠤᠯᠤᠯᠲᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠲᠦᠰᠢᠭᠯᠡᠬᠦ︾ ᠬᠥᠭᠵᠢᠯᠲᠡ ᠶᠢ ᠪᠡᠶᠡᠯᠡᠭᠦᠯᠦᠨ᠎ᠡ᠃ | | —ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠦᠨ᠎ᠡ᠃ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠳᠡᠩᠰᠡᠯᠡᠨ ᠲᠡᠮᠳᠡᠭᠯᠡᠬᠦ ᠶᠢ | ᠢᠳᠡᠪᠬᠢᠲᠡᠶ ᠳᠡᠮᠵᠢᠵᠦ᠂ ᠬᠤᠲᠠ ᠬᠥᠳᠡᠭᠡ ᠳᠤ ᠨᠡᠶᠢᠳᠡᠮ ᠲᠠᠷᠬᠠᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠪᠦᠷᠢᠯᠳᠦᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠨᠡᠶᠢᠭᠡᠮᠯᠢᠭ ᠤᠨ | ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠥᠷᠲᠡᠭᠡ ᠴᠢᠬ ᠤᠨ ᠬᠥᠮᠦᠨ ᠤ ᠲᠤᠭ᠎ᠠ ᠶᠢᠨ ᠬᠠᠷᠢᠴᠠᠯ ᠢ | ᠲᠦᠮᠡᠨ ᠬᠤᠪᠢ ᠶᠢᠨ ᠭᠤᠷᠪᠠ ᠠᠴᠠ ᠳᠡᠭᠡᠭᠰᠢ ᠬᠦᠷᠦᠭᠦᠯᠦᠨ᠎ᠡ᠃ | —ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠬᠥᠮᠦᠨ ᠤ ᠲᠤᠭ᠎ᠠ ᠮᠡᠳᠡᠭᠳᠡᠬᠦ᠋ᠢᠴᠡ ᠨᠡᠮᠡᠭᠳᠡᠪᠡ᠃ ᠪᠡᠶ᠎ᠡ ᠶᠢᠨ | ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45 ᠠᠴᠠ ᠳᠡᠭᠡᠭᠰᠢ ᠳᠤ | ᠬᠦᠷᠦᠭᠦᠯᠵᠦ᠂ ᠭᠠᠷᠠᠭ ᠪᠦᠷᠢ 1 ᠤᠳᠠᠭ᠎ᠠ ᠪᠤᠶᠤ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ | ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 55 ᠠᠴᠠ ᠳᠡᠭᠡᠭᠰᠢ ᠳᠤ ᠬᠦᠷᠦᠭᠦᠯᠦᠨ᠎ᠡ᠃ ᠰᠤᠷᠤᠭᠴᠢᠳ | ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠬᠤ ᠬᠡᠷᠡᠭᠲᠡᠶ᠃ | — ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠲᠡᠩᠴᠡᠭᠦᠷᠢᠲᠡᠶ ᠬᠥᠭᠵᠢᠭᠦᠯᠦᠨ᠎ᠡ᠃ ᠬᠤᠲᠠ᠂ ᠰᠤᠮᠤ | ᠪᠠᠯᠭᠠᠰᠤ᠂ ᠲᠠᠯᠠᠪᠠᠶ᠂ ᠭᠠᠴᠠᠭ᠎ᠠ ᠶᠢᠨ ᠬᠤᠪᠢᠶᠠᠷᠢ ᠲᠠᠯᠠᠪᠠᠶ ᠶᠢᠨ ᠭᠤᠷᠪᠠᠳᠤᠭᠠᠷ ᠳᠡᠰ ᠤᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ | ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠶᠢ 5 ᠲᠡᠭᠰᠢ ᠳᠥᠷᠪᠡᠯᠵᠢᠨ ᠮᠧᠲᠷ | ᠠᠴᠠ ᠳᠡᠭᠡᠭᠰᠢ ᠳᠤ ᠬᠦᠷᠦᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠣᠯᠠᠨ ᠴᠢᠳᠠᠮᠵᠢᠳᠣ ᠪᠡᠶ᠎ᠡ ᠴᠢᠭᠢᠷᠠᠭᠵᠢᠭᠤᠯᠬᠤ | ᠣᠷᠳᠣᠨ᠂ ᠭᠠᠴᠠᠭ᠎ᠠ ᠲᠣᠰᠬᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ᠂ | ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ | ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠬᠤᠲᠠ ᠶᠢᠨ ᠲᠣᠭᠤᠷᠢᠭ ᠲᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠢ ᠪᠣᠶ ᠪᠣᠯᠭᠠᠪᠠ᠃ ᠪᠡᠶ᠎ᠡ | ᠴᠢᠭᠢᠷᠠᠭᠵᠢᠭᠤᠯᠬᠤ ᠶᠠᠪᠠᠭᠠᠨ ᠵᠠᠮ ᠤᠨ ᠤᠷᠲᠤ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ | —ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | ᠰᠢᠯᠢ ᠶᠢᠨ ᠬᠤᠲᠠ ᠶᠢᠨ ᠭᠠᠵᠠᠷ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ | ᠴᠤᠭᠯᠠᠭᠠᠨ ᠢ ᠬᠤᠶᠠᠷ ᠵᠢᠯ ᠪᠦᠷᠢ ᠳᠤ ᠥᠷᠨᠢᠭᠦᠯᠵᠦ᠂ ᠵᠢᠯ ᠪᠦᠷᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠢ 12 ᠤᠳᠠᠭ᠎ᠠ ᠠᠴᠠ ᠳᠤᠲᠠᠭᠤ ᠥᠬᠡᠶ ᠥᠷᠨᠢᠭᠦᠯᠵᠦ᠂ ᠺᠠᠳ᠋ᠷ ᠣᠯᠠᠨ ᠲᠦᠮᠡᠨ ᠣᠶᠢᠷ᠎ᠠ | ᠬᠠᠪᠢ ᠳᠠᠭᠠᠨ ᠲᠠᠷᠤᠢ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠪᠡᠶᠡᠯᠡᠭᠦᠯᠦᠨ᠎ᠡ᠃ | —ᠵᠢᠯᠣᠭᠤᠳᠬᠤ ᠪᠠ ᠦᠢᠯᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠠᠷᠠᠳ ᠢᠷᠭᠡᠳ ᠤᠨ ᠪᠡᠶ᠎ᠡ | ᠮᠠᠬᠠᠪᠣᠳ ᠢ ᠪᠠᠶᠢᠴᠠᠭᠠᠨ ᠲᠤᠳᠤᠯᠠᠬᠤ ᠥᠷᠲᠡᠭᠡ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ | ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠶᠢᠨ ᠲᠠᠮᠢᠷ ᠡᠮᠴᠢᠯᠡᠭᠡ ᠶᠢ | ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ︵ᠥᠷᠲᠡᠭᠡ︶ ᠢ ᠪᠠᠶᠢᠭᠤᠯᠤᠨ᠎ᠠ᠃ ᠨᠡᠶᠢᠭᠡᠮ | ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠬᠥᠮᠦᠨ ᠤ ᠲᠤᠭ᠎ᠠ ᠶᠢᠨ ᠬᠠᠷᠢᠴᠠᠯ ᠢ ᠮᠢᠩᠭᠠᠨ ᠤ ᠳᠥᠷᠪᠡ ᠠᠴᠠ ᠳᠡᠭᠡᠭᠰᠢ ᠳᠤ ᠬᠦᠷᠦᠭᠦᠯᠵᠦ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠳᠡᠯᠭᠡᠭᠡᠨ ᠢ ᠥᠷᠨᠢᠭᠦᠯᠦᠨ᠎ᠡ᠃ | | —ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠨᠡᠶᠢᠳᠡᠮ ᠳᠡᠭᠡᠨ ᠰᠠᠶᠢᠵᠢᠷᠠᠪᠠ᠃ ︽ᠠᠷᠠᠳ | ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠠᠴᠠ ᠳᠡᠭᠡᠭᠰᠢᠬᠢ | ᠬᠤᠲᠠ ᠬᠥᠳᠡᠭᠡ ᠶᠢᠨ ᠬᠥᠮᠦᠨ ᠤ ᠲᠤᠭ᠎ᠠ ᠶᠢᠨ ᠬᠠᠷᠢᠴᠠᠯ ᠢ 95% ᠳᠤ ᠬᠦᠷᠦᠭᠦᠯᠦᠨ᠎ᠡ᠃ ᠬᠤᠳᠠ ᠬᠥᠳᠡᠭᠡ ᠶᠢᠨ | ᠤᠳᠠᠭᠠᠨ ᠴᠢᠨᠠᠷᠲᠠᠶ ᠡᠪᠡᠳᠴᠢᠨ ᠡᠭᠦᠰᠬᠦ ᠨᠤᠷᠮ᠎ᠠ ᠶᠢ ᠮᠡᠳᠡᠭᠳᠡᠬᠦ᠋ᠢᠴᠡ ᠪᠠᠭᠤᠷᠠᠭᠤᠯᠵᠤ᠂ ᠡᠮ ᠡᠮᠨᠡᠯᠭᠡ ᠶᠢᠨ | ᠵᠠᠷᠤᠯᠭ᠎ᠠ ᠶᠢᠨ ᠵᠠᠷᠤᠳᠠᠯ ᠢ ᠮᠡᠳᠡᠭᠳᠡᠬᠦ᠋ᠢᠴᠡ ᠪᠠᠭᠤᠷᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠨᠢ | ᠡᠷᠡᠭᠦᠯ ᠮᠡᠨᠳᠦ ᠶᠢ ᠠᠬᠢᠭᠤᠯᠬᠤ ᠳᠤᠮᠳᠠᠬᠢ ᠦᠢᠯᠡᠳᠦᠯ ᠨᠢ ᠨᠠᠩ ᠲᠣᠪᠤᠶᠢᠮ᠎ᠠ ᠪᠣᠯᠵᠣ᠂ ᠡᠷᠡᠭᠦᠯ ᠮᠡᠨᠳᠦ ᠶᠢ | ᠰᠠᠶᠢᠵᠢᠷᠠᠭᠤᠯᠬᠤ ᠴᠢᠬᠤᠯᠠ ᠠᠷᠭ᠎ᠠ ᠪᠠᠷᠢᠯ ᠪᠣᠯᠤᠭᠰᠠᠨ ᠪᠠᠶᠢᠨ᠎ᠠ᠃ | —ᠡᠯ᠎ᠡ ᠲᠦᠷᠦᠯ ᠤᠨ ᠬᠥᠮᠦᠰ ᠤᠨ ᠪᠡᠶ᠎ᠡ ᠮᠠᠬᠠᠪᠣᠳ ᠤᠨ ᠬᠡᠪ ᠴᠢᠨᠠᠷ ᠢᠯᠡᠳᠲᠡ ᠰᠠᠶᠢᠵᠢᠷᠠᠪᠠ᠃ | ᠶᠡᠷᠦᠩᠭᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ ᠶᠠᠪᠤᠬᠳᠠᠭᠤᠯᠬᠤ᠂ ᠠᠭᠤᠰᠤᠯᠴᠠᠭᠤᠯᠤᠨ | ᠠᠬᠢᠭᠤᠯᠬᠤ ᠪᠠᠷ ᠳᠡᠮᠵᠢᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠨᠢᠳᠦᠨ ᠰᠢᠯ︾ ︽ ᠮᠠᠷᠢᠶᠠᠯᠢᠭ︾ | ᠢᠳᠡᠭ ᠢᠳᠡᠭ ᠢᠶᠠᠷ ᠪᠠᠭᠠᠰᠴᠤ᠂ ︽ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠤᠯᠤᠰ ᠤᠨ | ᠪᠠᠷᠢᠮᠵᠢᠶ᠎ᠠ︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠳᠡᠮ ᠳᠡᠭᠡᠨ ᠭᠦᠷᠦᠭᠰᠡᠨ ᠪᠠᠶᠢᠨ᠎ᠠ︔ ᠵᠠᠯᠠᠭᠤ | ᠪᠠᠭᠠᠴᠤᠳ ᠤᠨ ᠪᠡᠶ᠎ᠡ ᠮᠠᠬᠠᠪᠣᠳ ᠮᠡᠳᠡᠭᠳᠡᠬᠦ᠋ᠢᠴᠡ ᠰᠠᠶᠢᠵᠢᠷᠠᠵᠠᠶ︔ ᠠᠵᠢᠯ ᠮᠡᠷᠭᠡᠵᠢᠯ ᠤᠨ ᠬᠠᠮᠲᠤᠯᠢᠭ ᠤᠨ ︽ | ᠡᠷᠡᠭᠦᠯ ᠮᠡᠨᠳᠦ ᠪᠤᠰᠤ︾ ︽ᠤᠳᠠᠭᠠᠨ ᠴᠢᠨᠠᠷᠲᠠᠶ ᠡᠪᠡᠳᠴᠢᠨ︾ ᠤ ᠪᠠᠶᠢᠳᠠᠯ ᠢᠯᠡᠳᠲᠡ ᠰᠠᠶᠢᠵᠢᠷᠠᠵᠤ᠂ ᠠᠵᠢᠯ ᠤᠨ | ᠦᠷ᠎ᠡ ᠪᠦᠲᠦᠮᠵᠢ ᠢᠯᠡᠳᠲᠡ ᠳᠡᠭᠡᠭᠰᠢᠯᠡᠪᠡ︔ ᠨᠠᠰᠤᠲᠠᠶᠢᠴᠤᠳ ᠪᠠ ᠵᠡᠮᠳᠡᠭᠴᠦᠳ ᠤᠨ ᠠᠮᠢ ᠨᠠᠰᠤᠨ ᠤ ᠴᠢᠨᠠᠷ | ᠴᠢᠨᠰᠠᠭ᠎ᠠ ᠪᠠ ᠪᠡᠶ᠎ᠡ ᠪᠠᠨ ᠳᠠᠭᠠᠭᠠᠬᠤ ᠴᠢᠳᠠᠪᠤᠷᠢ ᠢᠯᠡᠳᠲᠡ ᠨᠡᠮᠡᠭᠳᠡᠪᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠣᠨᠣᠯᠵᠢᠬᠤᠨ ᠤ ᠠᠭᠤᠰᠤᠯᠴᠠᠯ ᠢ ᠴᠢᠩᠭᠠᠳᠬᠠᠨ᠎ᠠ᠃ ︽ | ᠪᠡᠶ᠎ᠡ ᠶᠢᠨ ᠲᠠᠮᠢᠷ ᠢᠶᠠᠷ ︿ᠡᠪᠡᠳᠴᠢᠯᠡᠭᠡᠳᠦᠶ ᠪᠠᠷ ᠵᠠᠰᠠᠬᠤ﹀︾ ︽ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯ ᠰᠠᠶᠢᠨ | ᠡᠮᠴᠢ ᠮᠥᠨ︾ ᠭᠡᠬᠦ ᠵᠡᠷᠭᠡ ᠣᠶᠢᠯᠠᠭᠠᠭᠳᠠᠬᠤᠨ ᠢ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠠᠭᠤᠰᠬᠠᠨ | ᠣᠷᠣᠭᠤᠯᠵᠤ᠂ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠷᠡᠭᠦᠯ ᠮᠡᠨᠳᠦ ᠶᠢᠨ | ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ | ᠰᠠᠶᠢᠵᠢᠷᠠᠭᠤᠯᠵᠤ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ | ᠭᠦᠢᠴᠡᠳ ᠠᠰᠢᠭᠯᠠᠵᠤ᠂ ︽ ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠡᠳᠦᠷ︾ ᠵᠡᠷᠭᠡ ᠪᠡᠶ᠎ᠡ ᠴᠢᠭᠢᠷᠠᠭᠵᠢᠭᠤᠯᠬᠤ ᠭᠤᠣᠯ ᠰᠡᠳᠦᠪᠲᠦ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠤᠰᠬᠠᠶ ᠪᠤᠯᠤᠩ ᠭᠠᠷᠭᠠᠵᠤ᠂ ᠪᠠᠶᠢᠩᠭᠤᠵᠢᠭᠤᠯᠤᠭᠰᠠᠨ | ᠤᠬᠠᠭᠤᠯᠭ᠎ᠠ ᠶᠢ ᠥᠷᠨᠢᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ ᠫᠷᠤᠭ᠍ᠷᠠᠮ | ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠹᠢᠯᠢᠮ ᠵᠡᠷᠭᠡ ᠠᠷᠭ᠎ᠠ ᠮᠠᠶ᠋ᠢᠭ ᠢ ᠰᠢᠩᠭᠡᠭᠡᠨ | ᠦᠢᠯᠡᠳᠴᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠪᠡᠶ᠎ᠡ | ᠴᠢᠭᠢᠷᠠᠭᠵᠢᠭᠤᠯᠬᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠡᠶ᠎ᠡ ᠴᠢᠭᠢᠷᠠᠭᠵᠢᠭᠤᠯᠬᠤ ᠡᠷᠡᠭᠦᠯ | ᠮᠡᠨᠳᠦ ᠶᠢᠨ ᠠᠷᠭ᠎ᠠ ᠶᠢ ᠳᠡᠯᠭᠡᠷᠡᠭᠦᠯᠦᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠥᠯᠢᠭᠡᠷ ᠳᠠᠭᠤᠷᠢᠶᠠᠯ ᠢ ᠪᠣᠶ | ᠪᠣᠯᠭᠠᠵᠤ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠥᠯᠢᠭᠡᠷ ᠢ ᠰᠠᠶᠢᠲᠤᠷ ᠶᠠᠷᠢᠵᠤ᠂ ᠣᠯᠠᠨ ᠨᠡᠶᠢᠲᠡ ᠶᠢᠨ | ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠵᠢᠯ ᠪᠦᠷᠢ 1 — 2 ᠤᠳᠠᠭ᠎ᠠ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠢᠴᠢᠶᠡᠯ ᠤᠨ ᠲᠠᠩᠬᠢᠮ︾᠂ ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ | ᠵᠡᠷᠭᠡ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠯᠭ᠎ᠠ ᠶᠢᠨ ᠡᠷᠡᠭᠦᠯ ᠮᠡᠨᠳᠦ ᠶᠢᠨ ᠬᠥᠮᠦᠵᠢᠯ ᠤᠨ | ᠨᠣᠮ ᠪᠢᠴᠢᠭ᠂ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠮᠡᠳᠡᠯᠭᠡ ᠶᠢ ᠪᠠᠶᠢᠭᠤᠯᠤᠯᠭ᠎ᠠ᠂ ᠠᠵᠤ ᠠᠬᠤᠶᠢᠯᠠᠯ᠂ ᠬᠢᠴᠢᠶᠡᠯ ᠤᠨ ᠲᠠᠩᠬᠢᠮ᠂ ᠬᠡᠷ ᠪᠦᠯᠢ ᠳᠤ | ᠣᠷᠣᠭᠤᠯᠬᠤ ᠶᠢ ᠠᠬᠢᠭᠤᠯᠤᠨ᠎ᠠ᠃ ᠪᠥᠬᠦ ᠠᠷᠠᠳ ᠤᠨ ᠡᠷᠡᠭᠦᠯ ᠮᠡᠨᠳᠦ ᠶᠢᠨ ᠬᠠᠮᠤᠭ ᠤᠨ ᠢᠳᠡᠪᠬᠢᠲᠡᠶ᠂ ᠬᠠᠮᠤᠭ ᠤᠨ | ᠪᠦᠲᠦᠮᠵᠢᠲᠡᠶ᠂ ᠬᠠᠮᠤᠭ ᠤᠨ ᠠᠷᠪᠢᠲᠠᠶ ᠠᠷᠭ᠎ᠠ ᠪᠠᠷᠢᠯ ᠤᠨ ᠬᠠᠮᠲᠤ ᠶᠢᠨ ᠲᠠᠨᠢᠯᠲᠠ ᠶᠢ ᠪᠡᠶᠡᠯᠡᠭᠦᠯᠵᠦ᠂ ᠪᠡᠶ᠎ᠡ ᠶᠢᠨ | ᠲᠠᠮᠢᠷ ᠤᠨ ᠠᠮᠢᠳᠤᠷᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠤᠳᠠ ᠶᠢᠨ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠡᠯ᠎ᠡ ᠰᠤᠮᠤ ᠪᠠᠯᠭᠠᠰᠤ ᠲᠠᠯᠠᠪᠤᠷ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ | ᠬᠠᠷᠢᠭᠤᠴᠠᠨ᠎ᠠ︶ | ︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠵᠣᠬᠢᠶᠠᠨ ᠪᠠᠶᠢᠭᠤᠯᠤᠯᠲᠠ ᠶᠢᠨ ᠠᠭᠤᠰᠤᠯᠴᠠᠯ ᠢ | ᠴᠢᠩᠭᠠᠳᠬᠠᠨ᠎ᠠ᠃ ︽ᠲᠣᠮᠣ ᠪᠡᠶ᠎ᠡ ᠶᠢᠨ ᠲᠠᠮᠢᠷ︾ ︽ᠲᠣᠮᠣ ᠡᠷᠡᠭᠦᠯ ᠮᠡᠨᠳᠦ︾ ᠶᠢᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠪᠥᠬᠦ ᠬᠤᠲᠠ ᠶᠢᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ | ᠠᠭᠤᠰᠤᠯᠴᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠲᠥᠷᠥᠯ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ᠂ ᠰᠣᠶᠣᠯ᠂ ᠰᠤᠷᠭᠠᠨ ᠬᠥᠮᠦᠵᠢᠯ᠂ | ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ | ᠢᠳᠡᠪᠬᠢᠲᠡᠶ ᠪᠠᠷ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠦᠢᠯᠡᠴᠢᠯᠡᠭᠡᠨ ᠢ ᠨᠢᠭᠡ | ᠴᠣᠠᠠᠴᠠᠵᠢᠭᠤᠯᠥᠨ ᠬᠥᠭᠵᠢᠭᠦᠯᠬᠦ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ | ᠬᠢᠭᠡᠳ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ | ᠵᠡᠷᠭᠡ ᠯᠦᠭᠡ ᠬᠠᠮᠲᠤᠷᠠᠯᠴᠠᠬᠤ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠠᠭᠤᠰᠤᠯᠴᠠᠨ | ᠬᠥᠭᠵᠢᠬᠦ ᠵᠠᠭᠪᠤᠷ ᠢ ᠬᠠᠶᠢᠨ ᠰᠦᠪᠡᠭᠴᠢᠯᠡᠨ᠎ᠡ᠃ ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠤᠭᠰᠠᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠪᠡᠶ᠎ᠡ ᠮᠠᠬᠠᠪᠣᠳ ᠤᠨ | ᠪᠠᠶᠢᠴᠠᠭᠠᠨ ᠬᠡᠮᠵᠢᠯᠲᠡ ᠶᠢ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ | ᠲᠥᠷᠥᠯ ᠵᠦᠢᠯ ᠳᠤ ᠣᠷᠣᠭᠤᠯᠤᠨ᠂ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ ᠲᠥᠪ ᠲᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ᠂ | ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠬᠡᠪ ᠴᠢᠨᠠᠷ ᠢ ᠦᠨᠡᠯᠡᠨ ᠵᠢᠱᠢᠬᠦ ᠶᠢ | ᠥᠷᠨᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ᠂ ᠬᠥᠳᠡᠯᠭᠡᠭᠡᠨ ᠬᠢᠵᠦ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠬᠠᠩᠭᠠᠨ᠎ᠠ᠃ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ | ᠱᠠᠲᠤᠨ ᠳᠤ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠵᠤ᠂ ᠡᠮᠴᠢᠯᠡᠭᠡᠨ ᠤ ᠲᠤᠰᠬᠠᠶ ᠮᠡᠷᠭᠡᠵᠢᠯᠲᠡᠳ ᠢ | ᠵᠣᠬᠢᠶᠠᠨ ᠪᠠᠶᠢᠭᠤᠯᠤᠨ ︽ᠲᠣᠮᠣ ᠡᠮᠨᠡᠯᠭᠡ ᠶᠢᠨ ᠬᠤᠷᠢᠶ᠎ᠠ︾ ᠳᠤ ᠡᠮᠨᠡᠭᠦᠯᠬᠦ ᠠᠴᠠ ᠭᠠᠷᠭᠠᠬᠤ ᠶᠢ ᠰᠦᠪᠡᠭᠴᠢᠯᠡᠨ | ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ︽ᠲᠠᠯ᠎ᠠ | ᠨᠤᠲᠤᠭ ᠤᠨ ᠡᠷᠡᠭᠦᠯ ᠮᠡᠨᠳᠦ ᠶᠢᠨ ᠵᠢᠵᠢᠭ ᠥᠷᠥᠭᠡ︾ ᠶᠢ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠣᠯᠠᠨ | ᠲᠦᠮᠡᠨ ᠳᠤ ᠡᠷᠡᠭᠦᠯ ᠮᠡᠨᠳᠦ ᠶᠢᠨ ᠬᠥᠮᠦᠵᠢᠯ ᠤᠨ ᠴᠢᠨᠠᠷ ᠰᠠᠶᠢᠲᠠᠶ ᠯᠠᠪᠯᠠᠭ᠎ᠠ᠂ ᠡᠷᠡᠭᠦᠯ ᠮᠡᠨᠳᠦ ᠶᠢ ᠰᠠᠶᠢᠵᠢᠷᠠᠭᠤᠯᠬᠤ | ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ ᠨᠢᠭᠡ ᠪᠦᠯᠦᠭ | ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ | ᠪᠤᠶᠢᠵᠢᠭᠤᠯᠵᠤ᠂ ᠨᠡᠶᠢᠭᠡᠮ ᠤᠨ ᠬᠦᠴᠦᠨ ᠤ ᠣᠨᠴᠠ ᠵᠥᠪᠰᠢᠶᠡᠷᠡᠯ ᠢᠶᠠᠷ ᠡᠵᠡᠩᠨᠡᠬᠦ᠂ ᠠᠯᠪᠠᠨ ᠠᠴᠠ ᠪᠠᠶᠢᠭᠤᠯᠵᠤ | ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ ᠵᠡᠷᠭᠡ ᠵᠠᠭᠪᠤᠷ ᠢ ᠠᠪᠴᠤ᠂ ᠠᠰᠢᠭ | ᠬᠤᠨᠵᠢᠪᠣᠷᠢ ᠶᠢᠨ ᠪᠤᠰᠤ ᠴᠢᠨᠠᠷᠲᠠᠶ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢ ᠬᠡᠮᠵᠢᠨ ᠲᠣᠭᠲᠠᠭᠠᠬᠤ ᠪᠠ | ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠨᠡᠭᠡᠭᠡᠨ ᠡᠷᠭᠢᠯᠡᠬᠦ ᠶᠢ ᠳᠡᠮᠵᠢᠨ᠎ᠡ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠰᠤᠮᠤ | ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ | ᠲᠣᠰ ᠲᠣᠰ ᠬᠠᠷᠢᠭᠤᠴᠠᠨ᠎ᠠ︶ | ︵ᠭᠤᠷᠪᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠠᠭᠤᠰᠤᠯᠴᠠᠯ ᠢ ᠴᠢᠩᠭᠠᠳᠬᠠᠨ᠎ᠠ᠃ | ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠲᠠᠯᠠᠪᠤᠷ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠪᠦᠲᠦᠴᠡ ᠨᠢ ᠵᠦᠶ ᠵᠣᠬᠢᠰᠲᠠᠶ᠂ ᠲᠥᠷᠥᠯ ᠵᠦᠢᠯ ᠨᠢ ᠪᠦᠷᠢᠨ ᠭᠦᠢᠴᠡᠳ᠂ | ᠴᠢᠳᠠᠮᠵᠢ ᠨᠢ ᠪᠦᠷᠢᠨ ᠲᠡᠭᠦᠯᠳᠡᠷ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠬᠠᠩᠭᠠᠯᠭ᠎ᠠ ᠶᠢᠨ | ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ | ᠪᠡᠶ᠎ᠡ ᠶᠢᠨ ᠲᠠᠮᠢᠷ ᠤᠨ ᠴᠡᠴᠡᠷᠯᠢᠭ᠂ ᠬᠡᠷ ᠳᠣᠲᠣᠷᠠᠬᠢ ᠣᠯᠠᠨ ᠴᠢᠳᠠᠮᠵᠢᠳᠣ ᠪᠡᠶ᠎ᠡ ᠴᠢᠭᠢᠷᠠᠭᠵᠢᠭᠤᠯᠬᠤ ᠣᠷᠳᠣᠨ᠂ | ᠬᠤᠲᠠ ᠶᠢᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ | ᠣᠯᠠᠨ ᠨᠡᠶᠢᠲᠡ ᠶᠢᠨ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠡᠯ᠎ᠡ ᠭᠠᠵᠠᠷ ᠣᠷᠣᠨ ᠤ ᠬᠤᠲᠠ ᠶᠢᠨ ᠨᠡᠶᠢᠭᠡᠮ | ᠲᠣᠭᠤᠷᠢᠭ᠂ ᠰᠣᠶᠣᠯ ᠤᠨ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠶ᠂ | ᠤᠮᠪᠠᠯᠲᠠ ᠶᠢᠨ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠺᠯᠦ᠋ᠪ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠭᠠᠵᠠᠷ ᠲᠤ | ᠬᠥᠮᠦᠨ ᠠᠮᠠ ᠶᠢᠨ ᠬᠡᠪᠴᠢᠶ᠎ᠡ ᠪᠠ ᠦᠢᠯᠡᠴᠢᠯᠡᠭᠡᠨ ᠤ ᠬᠡᠭᠡᠰᠦ ᠶᠣᠰᠣᠭᠠᠷ ᠠᠷᠠᠳ ᠣᠯᠠᠨ ᠤ ᠬᠡᠷᠡᠭᠴᠡᠭᠡ | ᠱᠠᠭᠠᠷᠳᠠᠯᠭ᠎ᠠ ᠳᠤ ᠣᠶᠢᠷᠠᠲᠤᠭᠰᠠᠨ᠂ ᠣᠶᠤᠨᠴᠢᠯᠠᠭᠰᠠᠨ᠂ ᠴᠢᠨᠠᠷ ᠰᠠᠶᠢᠲᠠᠶ ᠪᠡᠶ᠎ᠡ ᠴᠢᠭᠢᠷᠠᠭᠵᠢᠭᠤᠯᠬᠤ ᠡᠷᠡᠭᠦᠯ | ᠮᠡᠨᠳᠦ ᠶᠢᠨ ᠪᠡᠯᠡᠳᠬᠡᠮᠵᠢ ᠶᠢ ᠨᠡᠮᠡᠵᠦ ᠪᠠᠶᠢᠭᠤᠯᠬᠤ ᠶᠢ ᠵᠣᠷᠢᠭᠵᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠢ | ᠠᠮᠢᠳᠤᠯᠢᠭᠵᠢᠭᠤᠯᠤᠨ᠂ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ᠂ ᠪᠡᠶ᠎ᠡ | ᠴᠢᠭᠢᠷᠠᠭᠵᠢᠭᠤᠯᠬᠤ ᠲᠥᠪ ᠵᠡᠷᠭᠡ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠠᠰᠢᠭᠯᠠᠯᠲᠠ ᠶᠢᠨ ᠨᠣᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠰᠦᠢᠳᠬᠡᠯ ᠬᠤᠷᠢᠶᠠᠬᠤ | ᠥᠬᠡᠶ ᠪᠠᠷ ᠪᠤᠶᠤ ᠳᠣᠤᠷ᠎ᠠ ᠰᠦᠢᠳᠬᠡᠯ ᠢᠶᠠᠷ ᠨᠡᠭᠡᠭᠡᠬᠦ ᠶᠢ ᠵᠣᠷᠢᠭᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠨᠡᠬᠡᠭᠡᠨ ᠬᠡᠷᠡᠭᠯᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠠᠭᠤᠴᠢᠨ ᠵᠢᠵᠢᠭ ᠲᠣᠭᠤᠷᠢᠭ ᠲᠤ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠥᠬᠦ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠠᠯᠠᠪᠤᠷ ᠣᠷᠳᠣᠨ ᠢ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠬᠡᠯ ᠬᠤᠷᠢᠶᠠᠵᠤ | ᠨᠡᠶᠢᠭᠡᠮ ᠨᠡᠶᠢᠲᠡ ᠳᠤ ᠨᠡᠬᠡᠭᠡᠨ ᠬᠡᠷᠡᠭᠯᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠡᠷᠡᠭᠦᠯ | ᠮᠡᠨᠳᠦ ᠶᠢᠨ ᠪᠡᠯᠡᠳᠬᠡᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠨ᠎ᠠ ︵ᠬᠤᠲᠠ ᠶᠢᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ | ᠬᠠᠷᠢᠭᠤᠴᠠᠨ᠎ᠠ︶ | ︵ᠳᠥᠷᠪᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠯᠠᠭ᠎ᠠ ᠶᠢᠨ ᠠᠭᠤᠰᠤᠯᠴᠠᠯ ᠢ ᠴᠢᠩᠭᠠᠳᠬᠠᠨ᠎ᠠ᠃ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ ᠪᠠ | ᠰᠠᠯᠠᠭ᠎ᠠ ᠮᠥᠴᠢᠷ ᠠᠵᠢᠯ ᠲᠥᠷᠥᠯ ᠤᠨ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠡᠶᠢᠭᠡᠮ ᠲᠣᠭᠤᠷᠢᠭ ᠪᠠ ᠡᠯ᠎ᠡ ᠨᠢᠭᠡᠴᠢ ᠶᠢᠨ ᠣᠶᠤᠨ ᠤ ᠪᠣᠯᠪᠠᠰᠤᠨ ᠤ | ᠪᠠᠶᠢᠭᠤᠯᠤᠯᠲᠠ᠂ ᠡᠳᠦᠷ ᠲᠤᠲᠤᠮ ᠤᠨ ᠠᠵᠢᠯ ᠵᠢᠴᠢ ᠰᠣᠶᠣᠯ᠂ ᠵᠢᠭᠤᠯᠴᠢᠯᠠᠯ᠂ ᠦᠨᠳᠦᠰᠦᠲᠡᠨ ᠤ ᠪᠠᠶᠠᠷ | ᠳᠤᠷᠠᠰᠬᠠᠯ ᠤᠨ ᠡᠳᠦᠷ᠂ ᠶᠠᠳᠠᠭᠤ ᠶᠢ ᠲᠡᠳᠬᠦᠬᠦ ᠵᠡᠷᠭᠡ ᠠᠵᠢᠯᠯᠠᠭ᠎ᠠ ᠳᠤ ᠠᠭᠤᠰᠬᠠᠨ ᠣᠷᠣᠭᠤᠯᠤᠨ᠎ᠠ᠃ | ᠨᠢᠭᠡ ᠳ᠋ᠤ᠋ᠪᠥ᠋ᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢ | ᠪᠡᠯᠭᠡᠯᠡᠬᠦ ᠠᠵᠢᠯᠯᠠᠭ᠎ᠠ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠤᠨ ᠠᠭᠤᠯᠠᠨ ᠳᠤ ᠠᠪᠠᠷᠢᠬᠤ᠂ ᠪᠤᠤᠬᠢᠶ᠎ᠠ ᠶᠠᠪᠠᠭᠠᠨ ᠠᠯᠬᠤᠬᠤ᠂ ᠨᠠᠭᠠᠳᠤᠮ ᠵᠡᠷᠭᠡ | ᠣᠯᠠᠨ ᠲᠦᠮᠡᠨ ᠤ ᠲᠦᠭᠡᠮᠡᠯᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠷᠤᠯᠳᠤᠭᠠᠨ ᠤ ᠠᠵᠢᠯᠯᠠᠭ᠎ᠠ ᠶᠢ | ᠥᠷᠨᠢᠭᠦᠯᠦᠨ᠎ᠡ︔ ᠬᠤᠶᠠᠷ ᠲᠤ ᠰᠢᠯᠢ ᠶᠢᠨ ᠬᠤᠲᠠ ᠶᠢᠨ ᠪᠡᠶ᠎ᠡ ᠶᠢᠨ ᠲᠠᠮᠢᠷ ᠤᠨ ᠨᠠᠷᠠᠲᠤ ᠲᠡᠮᠳᠡᠭᠲᠦ ᠶᠢ ᠪᠣᠶ | ᠪᠣᠯᠭᠠᠵᠤ᠂ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ ᠤᠨ ᠮᠣᠷᠢᠨ ᠤᠷᠤᠯᠳᠤᠭᠠᠨ᠂ ᠰᠢᠯᠢ ᠶᠢᠨ | ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠣᠷᠣᠯᠳᠣᠭᠠᠨ ︵6 ᠶᠡᠭᠡ ᠲᠥᠷᠥᠯ | ᠵᠦᠢᠯ ᠤᠨ 40 ᠤᠷᠤᠯᠳᠤᠭᠠᠨ︶᠂ ᠰᠢᠯᠢ ᠶᠢᠨ ᠬᠤᠲᠠ ᠶᠢᠨ ᠵᠠᠯᠠᠭᠤᠴᠤᠳ ᠪᠠᠭᠠᠴᠤᠳ ᠤᠨ U ᠰᠢᠷᠢᠰ | ᠪᠡᠶ᠎ᠡ ᠶᠢᠨ ᠲᠠᠮᠢᠷ ᠤᠨ ᠤᠷᠤᠯᠳᠤᠭᠠᠨ ︵ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ | ᠪᠥᠮᠪᠦᠭᠡ᠂ ᠥᠲᠥᠨ ᠪᠥᠮᠪᠦᠭᠡ︶ ᠵᠡᠷᠭᠡ ᠪᠡᠶ᠎ᠡ ᠶᠢᠨ ᠲᠠᠮᠢᠷ ᠤᠨ ᠤᠨᠴᠠᠯᠢᠭᠳᠤ ᠨᠠᠷᠠᠲᠤ ᠲᠡᠮᠳᠡᠭᠲᠦ ᠶᠢᠨ | ᠠᠵᠢᠯᠯᠠᠭ᠎ᠠ ᠶᠢ ᠥᠷᠨᠢᠭᠦᠯᠦᠨ᠎ᠡ᠃ ᠭᠤᠷᠪᠠ ᠳᠤ ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ | ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠦᠯ ᠪᠥᠮᠪᠦᠭᠡ ᠶᠢᠨ ᠵᠤᠰᠠᠯᠠᠩ ᠵᠡᠷᠭᠡ ᠬᠤᠶᠠᠷ ᠶᠡᠭᠡ ᠰᠣᠳᠣᠨ | ᠪᠦᠲᠦᠭᠡᠯ ︽ᠪᠡᠶ᠎ᠡ ᠶᠢᠨ ᠲᠠᠮᠢᠷ + ᠵᠤᠭᠠᠴᠠᠯ︾ ᠤᠨ ᠤᠷᠤᠯᠳᠤᠭᠠᠨ ᠤ ᠠᠵᠢᠯᠯᠠᠭ᠎ᠠ ᠶᠢ | ᠭᠤᠣᠯᠳᠠᠯᠭ᠎ᠠ ᠲᠠᠢ ᠶᠠᠪᠤᠭᠳᠠᠭᠤᠯᠤᠨ᠎ᠠ᠃ ᠳᠥᠷᠪᠡ ᠳᠤ ᠣᠷᠣᠰ ᠮᠣᠩᠭᠤᠯ ᠵᠢᠴᠢ ᠡᠷᠬᠢᠨ ᠲᠣᠭᠤᠷᠢᠨ ᠤ ᠮᠤᠵᠢ ︵ | ᠬᠤᠲᠠ︶᠂ ᠠᠶᠢᠮᠠᠭ ᠬᠤᠲᠠ ᠯᠤᠭ᠎ᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠡᠯᠧᠮᠧᠨ᠋ᠲ ᠢ ᠨᠡᠮᠡᠨ ᠪᠠᠶᠢᠭᠤᠯᠵᠤ᠂ ᠪᠡᠶ᠎ᠡ ᠮᠠᠬᠠᠪᠣᠳ ᠤᠨ | ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠦ᠂ ᠨᠡᠶᠢᠭᠡᠮ ᠤᠨ ᠬᠠᠷᠢᠯᠴᠠᠭᠠᠨ ᠤ ᠰᠠᠶᠢᠨ ᠰᠠᠶᠢᠬᠠᠨ ᠳᠤ ᠠᠰᠢᠭᠲᠠᠶ | ᠰᠢᠨ᠎ᠡ ᠬᠡᠯᠪᠡᠷᠢ ᠶᠢᠨ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ | ᠪᠤᠶᠢᠵᠢᠭᠤᠯᠤᠨ᠎ᠠ᠃ ᠤᠯᠠᠮᠵᠢᠯᠠᠯᠲᠤ ᠲᠥᠷᠥᠯ ᠵᠦᠢᠯ ︵ᠬᠦᠨᠳᠦ ᠬᠥᠩᠭᠡᠨ ᠪᠡᠶ᠎ᠡ ᠶᠢᠨ ᠲᠠᠮᠢᠷ᠂ ᠪᠥᠮᠪᠦᠭᠡ ᠶᠢᠨ | ᠲᠥᠷᠥᠯ︶ ᠪᠣᠯᠤᠨ ᠦᠨᠳᠦᠰᠦᠲᠡᠨ ᠤ ᠤᠯᠠᠮᠵᠢᠯᠠᠯᠲᠤ ᠲᠥᠷᠥᠯ ᠵᠦᠢᠯ ︵ᠪᠥᠬᠡ ᠪᠠᠷᠢᠯᠳᠤᠬᠤ᠂ ᠰᠤᠷ ᠬᠠᠷᠪᠤᠬᠤ᠂ | ᠱᠠᠭ᠎ᠠ᠂ ᠰᠢᠳᠠᠷ᠎ᠠ︶᠂ ᠮᠥᠰᠥ ᠴᠠᠰᠤᠨ ᠤ ᠲᠥᠷᠥᠯ ᠵᠦᠢᠯ ᠤᠨ ᠣᠷᠣᠯᠳᠣᠭᠠᠨ ᠬᠦᠳᠡᠯᠭᠡᠭᠡᠨ ᠤ ᠲᠣᠭᠤᠷᠢᠨ ᠳᠤ᠂ | ᠵᠠᠯᠠᠭᠤᠴᠤᠳ ᠪᠠᠭᠠᠴᠤᠳ ᠤᠨ ᠬᠢᠴᠢᠶᠡᠯ ᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ | ᠵᠠᠯᠠᠭᠤᠴᠤᠳ ᠪᠠᠭᠠᠴᠤᠳ ᠤᠨ ᠡᠪᠦᠯ ᠵᠤᠨ ᠤ ᠵᠤᠰᠠᠯᠠᠩ᠂ ᠦᠷᠭᠡᠨ ᠤᠯᠠᠨ ᠵᠠᠯᠠᠭᠤᠴᠤᠳ ᠪᠠᠭᠠᠴᠤᠳ ᠤᠨ ᠮᠥᠰᠥ | ᠴᠠᠰᠤᠨ ᠤ ᠣᠷᠣᠯᠳᠣᠭᠠᠨ ᠬᠥᠳᠡᠯᠭᠡᠭᠡᠨ ᠵᠡᠷᠭᠡ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠠᠵᠢᠯᠯᠠᠭ᠎ᠠ ᠪᠠᠷ | ᠠᠴᠢᠶᠠᠯᠠᠪᠤᠷᠢ ᠪᠣᠯᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠳᠤ | ᠲᠠᠪᠴᠠᠩ ᠪᠠᠶᠢᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ | ᠡᠷᠡᠭᠦᠯ ᠮᠡᠨᠳᠦ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠡᠮᠡᠭᠲᠡᠶᠢᠴᠦᠳ᠂ ᠵᠠᠯᠠᠭᠤᠴᠤᠳ | ᠪᠠᠭᠠᠴᠤᠳ᠂ ᠨᠠᠰᠤᠲᠠᠶᠢᠴᠤᠳ᠂ ᠮᠠᠯᠴᠢᠨ ᠲᠠᠷᠢᠶᠠᠴᠢᠨ᠂ ᠵᠡᠮᠳᠡᠭᠴᠦᠳ ᠵᠡᠷᠭᠡ ᠬᠠᠮᠲᠤᠯᠢᠭ ᠤᠨ ᠪᠡᠶ᠎ᠡ | ᠴᠢᠭᠢᠷᠠᠭᠵᠢᠭᠤᠯᠬᠤ ᠡᠷᠬᠡ ᠶᠢ ᠪᠠᠲᠤᠯᠠᠵᠤ᠂ ᠰᠤᠷᠬᠤ ᠳᠤ ᠲᠥᠬᠦᠮ᠂ ᠠᠳᠠᠯᠢ ᠪᠤᠰᠤ ᠬᠠᠮᠲᠤᠯᠢᠭ ᠤᠨ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠤ ᠨᠡᠶᠢᠴᠡᠬᠦ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠲᠥᠷᠥᠯ ᠵᠦᠢᠯ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠴᠢᠭᠯᠡᠭᠦᠯᠬᠦ ᠴᠢᠨᠠᠷᠲᠠᠶ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠠᠵᠢᠯᠲᠠᠨ ᠠᠵᠢᠯᠴᠢᠨ ᠤ | ᠪᠡᠶ᠎ᠡ ᠶᠢᠨ ᠲᠠᠮᠢᠷ ᠢ ᠦᠷᠭᠦᠯᠵᠢᠯᠡᠨ ᠠᠬᠢᠭᠤᠯᠵᠤ᠂ ︽ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ | ᠪᠥᠮᠪᠦᠭᠡ︾ ︽ᠫᠢᠩᠫᠠᠩ ᠪᠥᠮᠪᠦᠭᠡ ᠂ ᠦᠳᠦᠨ ᠪᠦᠮᠪᠦᠭᠡ᠂ ᠲᠣᠣᠷ ᠪᠦᠮᠪᠦᠭᠡ︾᠂ ᠷᠠᠳᠢᠣ᠋ ᠲᠠᠮᠢᠷ ᠵᠡᠷᠭᠡ | ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠵᠦᠪᠯᠡᠯ᠂ ᠠᠵᠢᠯᠴᠢᠨ ᠤ ᠡᠪᠯᠡᠯ᠂ | ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ | ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ | ᠶᠣᠰᠣᠭᠠᠷ ᠲᠣᠰ ᠲᠣᠰ ᠬᠠᠷᠢᠭᠤᠴᠠᠨ᠎ᠠ︶ | ︵ᠲᠠᠪᠤ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢᠲᠠᠨ ᠤ ᠠᠭᠤᠰᠤᠯᠴᠠᠯ ᠢ ᠴᠢᠩᠭᠠᠳᠬᠠᠨ᠎ᠠ᠃ | ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠳᠠᠪᠤᠷᠢᠲᠠᠨ ᠤ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠬᠠᠮᠠᠭᠠᠯᠠᠯ ᠡᠷᠡᠭᠦᠯ | ᠮᠡᠨᠳᠦ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠴᠢᠳᠠᠪᠤᠷᠢᠲᠠᠨ ᠢ ᠠᠭᠤᠰᠤᠯᠴᠠᠭᠤᠯᠬᠤ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠣᠯᠠᠨ | ᠬᠡᠯᠪᠡᠷᠢ ᠮᠠᠶ᠋ᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠭᠤᠯᠤᠯ ᠤᠨ | ᠠᠩᠭᠢ ᠶᠢ ᠡᠷᠭᠢᠯᠡᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠨᠣᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠮᠡᠷᠭᠡᠵᠢᠯ | ᠴᠢᠳᠠᠪᠤᠷᠢ ᠶᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠲᠠᠨ ᠤ ᠠᠭᠤᠰᠤᠯᠴᠠᠬᠤ ᠶᠢ | ᠠᠬᠢᠭᠤᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠡᠶ᠎ᠡ ᠶᠢᠨ ᠲᠠᠮᠢᠷ ᠪᠠ | ᠡᠮᠴᠢᠯᠡᠭᠡ ᠶᠢ ᠤᠶᠠᠯᠳᠤᠭᠤᠯᠤᠭᠰᠠᠨ︾ ᠣᠨᠴᠠᠯᠢᠭ ᠲᠠᠢ ᠲᠤᠰᠬᠠᠶ ᠮᠡᠷᠭᠡᠵᠢᠯ ᠤᠨ ᠬᠢᠴᠢᠶᠡᠯ ᠨᠡᠭᠡᠭᠡᠬᠦ ᠶᠢ | ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠤᠬᠠᠭᠠᠨ ᠪᠠ ᠠᠨᠠᠭᠠᠬᠤ ᠤᠬᠠᠭᠠᠨ ᠬᠤᠶᠠᠷ ᠲᠠᠯ᠎ᠠ ᠶᠢᠨ ᠮᠡᠳᠡᠯᠭᠡ ᠶᠢ | ᠡᠵᠡᠮᠰᠢᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠬᠥᠳᠡᠯᠭᠡᠭᠡᠨ ᠤ ᠵᠢᠯᠤᠭᠤᠳᠤᠯᠭ᠎ᠠ ᠶᠢ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠲᠤ ᠣᠷᠣᠭᠤᠯᠬᠤ ᠶᠢ | ᠰᠦᠪᠡᠭᠴᠢᠯᠡᠵᠦ᠂ ᠪᠡᠶ᠎ᠡ ᠲᠠᠮᠢᠷ ᠤᠨ ᠬᠥᠳᠡᠯᠭᠡᠭᠡᠨ ᠤᠨ ᠬᠥᠮᠦᠨ ᠤ ᠪᠡᠶ᠎ᠡ ᠶᠢᠨ ᠰᠢᠨᠵᠢᠯᠡᠬᠦ ᠤᠬᠠᠭᠠᠨ ᠵᠢᠴᠢ ᠪᠠᠶ᠎ᠡ | ᠶᠢᠨ ᠲᠠᠮᠢᠷ ᠤᠨ ᠬᠥᠳᠡᠯᠭᠡᠭᠡᠨ ᠤ ᠡᠷᠡᠭᠦᠯᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠠᠵᠢᠯᠯᠠᠬᠤ ᠶᠢ | ᠵᠣᠷᠢᠭᠵᠢᠭᠤᠯᠤᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠪᠠ ᠡᠯ᠎ᠡ ᠲᠦᠷᠦᠯ ᠤᠨ | ᠬᠥᠳᠡᠯᠭᠡᠭᠡᠨ ᠤ ᠴᠢᠳᠠᠪᠤᠷᠢᠲᠠᠨ ᠤ ᠪᠤᠯᠪᠠᠰᠣᠷᠠᠯ ᠶᠢ ᠵᠣᠬᠢᠶᠠᠨ ᠪᠠᠶᠢᠭᠤᠯᠬᠤ ᠶᠢ ᠴᠢᠩᠭᠠᠳᠬᠠᠨ᠎ᠠ᠃ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠳᠤ ᠲᠤᠰᠬᠠᠶ ᠮᠡᠷᠭᠡᠵᠢᠯ ᠤᠨ᠂ | ᠵᠢᠷᠤᠮᠵᠢᠭᠰᠠᠨ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ ᠶᠢ ᠠᠬᠢᠭᠤᠯᠤᠨ᠂ ᠵᠠᠯᠠᠭᠤᠴᠤᠳ | ᠪᠠᠭᠠᠴᠤᠳ ᠤᠨ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ | ᠪᠥᠬᠦ ᠠᠷᠠᠳ ᠤᠨ ᠡᠷᠡᠭᠦᠯ ᠮᠡᠨᠳᠦ ᠶᠢᠨ ᠰᠠᠭᠤᠷᠢ ᠪᠣᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠢᠯ ᠪᠦᠷᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ᠂ ᠪᠡᠶ᠎ᠡ | ᠴᠢᠭᠢᠷᠠᠭᠵᠢᠭᠤᠯᠬᠤ ᠴᠢᠳᠠᠪᠤᠷᠢᠲᠠᠨ ᠵᠡᠷᠭᠡ ᠶᠢ ᠵᠣᠬᠢᠶᠠᠨ ᠪᠠᠶᠢᠭᠤᠯᠤᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ | ᠡᠷᠡᠭᠦᠯ ᠮᠡᠨᠳᠦ ᠶᠢᠨ ᠵᠢᠯᠣᠭᠤᠳᠬᠤ ᠠᠵᠢᠯ ᠢ ᠬᠢᠵᠦ᠂ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ | ᠡᠩᠨᠡᠭᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ᠃︶ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠨ᠎ᠠ᠃ | ᠠᠯᠪᠠᠨ ᠠᠴᠠ ᠪᠠᠶᠢᠭᠤᠯᠤᠭᠰᠠᠨ ᠪᠠ ᠨᠡᠶᠢᠲᠡ ᠶᠢᠨ ᠪᠤᠰᠤ ᠡᠮᠴᠢᠯᠡᠭᠡᠨ ᠤ ᠦᠢᠯᠡᠰ ᠠᠳᠠᠯᠢ ᠲᠡᠭᠰᠢ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠭᠥᠷᠳᠡᠵᠦ᠂ ᠨᠡᠶᠢᠭᠡᠮ ᠤᠨ ᠬᠦᠴᠦᠨ ᠤ ᠡᠮᠴᠢᠯᠡᠭᠡᠨ ᠤ ᠡᠬᠢ ᠪᠠᠶᠠᠯᠢᠭ ᠢᠶᠠᠷ ᠪᠠᠭᠤᠷᠠᠶ | ᠣᠷᠣᠨ ᠪᠦᠰᠡ ᠪᠠ ᠳᠤᠲᠠᠭᠳᠠᠵᠤ ᠪᠠᠶᠢᠭ᠎ᠠ ᠲᠤᠰᠬᠠᠶ ᠰᠠᠯᠠᠭ᠎ᠠ ᠶᠢᠨ ᠬᠦᠷᠢᠶᠡᠨ ᠳᠤ ᠠᠰᠢᠭ ᠬᠤᠨᠵᠢᠪᠣᠷᠢ ᠶᠢᠨ ᠪᠤᠰᠤ | ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠡᠷᠭᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ | ᠡᠷᠡᠭᠦᠯ ᠮᠡᠨᠳᠦ ᠶᠢᠨ ᠡᠬᠢ ᠪᠠᠶᠠᠯᠢᠭ ᠢ ᠳᠣᠭᠢᠷᠠᠭᠤᠯᠬᠤ ᠵᠠᠬ᠎ᠠ ᠳᠡᠯᠭᠡᠭᠦᠷ ᠤᠨ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠵᠤ᠂ ︽ᠲᠣᠮᠣ ᠡᠷᠡᠭᠦᠯ ᠮᠡᠨᠳᠦ︾ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠡᠷᠡᠭᠦᠯ | ᠮᠡᠨᠳᠦ ᠶᠢᠨ ᠢᠳᠡᠭᠡᠨ᠂ ᠡᠷᠡᠭᠦᠯ ᠮᠡᠨᠳᠦ ᠶᠢᠨ ᠡᠮ ᠡᠮᠨᠡᠯᠭᠡ ᠵᠡᠷᠭᠡ ᠶᠢ ᠰᠤᠳᠤᠯᠤᠨ ᠨᠡᠭᠡᠭᠡᠨ᠎ᠡ᠃ ᠪᠡᠶ᠎ᠡ | ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠢ ᠬᠥᠭᠵᠢᠭᠦᠯᠵᠦ᠂ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ | ᠂ ᠪᠡᠶ᠎ᠡ ᠶᠢᠨ ᠲᠠᠮᠢᠷ ᠰᠣᠶᠣᠯ ᠤᠨ ᠦᠢᠯᠡᠰ᠂ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠦᠢᠯᠡᠰ ᠵᠡᠷᠭᠡ ᠠᠵᠤ | ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠨᠥᠬᠦᠴᠡᠯ ᠲᠠᠢ ᠡᠷᠬᠢᠨ ᠲᠤᠭᠤᠷᠢᠨ ᠤ ᠬᠤᠲᠠ | ᠪᠠᠯᠭᠠᠰᠤ ᠳᠤ ᠨᠢᠭᠡ ᠪᠦᠯᠦᠭ ᠵᠢᠭᠤᠯᠴᠢᠯᠠᠯ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ ᠶᠢ ᠨᠢᠭᠡ | ᠴᠣᠠᠠᠴᠠᠵᠢᠭᠤᠯᠥᠠᠠᠰᠠᠨ ᠭᠤᠤᠯᠳᠠᠯᠭ᠎ᠠ ᠲᠠᠢ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠣᠯᠠᠨ | ᠡᠰᠢᠵᠢᠭᠰᠡᠨ᠂ ᠥᠪᠡᠷᠮᠢᠴᠡᠵᠢᠭᠰᠡᠨ ᠡᠷᠡᠭᠦᠯ ᠮᠡᠨᠳᠦ ᠶᠢᠨ ᠦᠢᠯᠡᠳᠬᠦᠨ ᠢ ᠬᠠᠩᠭᠠᠨ᠎ᠠ᠃ ᠢᠯᠡ ᠲᠣᠳᠣ ᠣᠨᠴᠠᠯᠢᠭ ᠲᠠᠢ | ᠡᠷᠡᠭᠦᠯ ᠮᠡᠨᠳᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠢᠲᠠᠳ ᠮᠣᠩᠭᠤᠯ ᠡᠮ ᠡᠮᠨᠡᠯᠭᠡ ᠶᠢᠨ ᠪᠡᠶ᠎ᠡ | ᠴᠢᠭᠢᠷᠠᠭᠵᠢᠭᠤᠯᠬᠤ᠂ ᠡᠷᠡᠭᠦᠯ ᠮᠡᠨᠳᠦ ᠶᠢᠨ ᠠᠷᠭ᠎ᠠ ᠶᠢ ᠠᠭᠤᠳᠠᠯᠤᠨ ᠵᠦᠶ ᠵᠣᠬᠢᠰᠲᠠᠶ ᠠᠰᠢᠭᠯᠠᠵᠤ᠂ ᠲᠣᠮᠣ ᠬᠡᠯᠪᠡᠷᠢ | ᠶᠢᠨ ᠡᠮ ᠡᠮᠨᠡᠯᠭᠡ ᠶᠢᠨ ᠠᠵᠤ ᠠᠬᠤᠶᠢᠯᠠᠯ ᠢᠶᠠᠷ ᠲᠦᠰᠢᠭ ᠪᠣᠯᠭᠠᠨ᠂ ᠲᠥᠪᠯᠡᠷᠡᠭᠦᠯᠦᠨ ᠮᠣᠩᠭᠤᠯ ᠡᠮᠴᠢᠯᠡᠭᠡ ᠪᠠᠷ | ᠡᠮᠨᠡᠬᠦ᠂ ᠪᠡᠶ᠎ᠡ ᠰᠤᠪᠢᠯᠠᠵᠤ ᠡᠷᠡᠭᠦᠯᠵᠢᠭᠦᠯᠬᠦ ᠶᠢ ᠨᠢᠭᠡ ᠴᠣᠠᠠᠴᠠᠵᠢᠭᠤᠯᠥᠠᠠᠰᠠᠨ ᠬᠢᠲᠠᠳ ᠮᠣᠩᠭᠤᠯ ᠡᠮ ᠡᠮᠨᠡᠯᠭᠡ ᠶᠢᠨ | ᠪᠡᠶ᠎ᠡ ᠰᠤᠪᠢᠯᠠᠯᠲᠠ ᠡᠷᠡᠭᠦᠯᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠣᠳᠣᠨ ᠣᠨᠴᠠᠯᠢᠭ ᠲᠠᠢ ᠦᠢᠯᠡᠴᠢᠯᠡᠭᠡᠨ ᠢ | ᠬᠠᠩᠭᠠᠵᠤ᠂ ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠪᠠ ᠬᠢᠲᠠᠳ ᠮᠣᠩᠭᠤᠯ ᠡᠮ ᠡᠮᠨᠡᠯᠭᠡ ᠶᠢᠨ ᠡᠷᠡᠭᠦᠯ | ᠮᠡᠨᠳᠦ ᠶᠢᠨ ᠵᠢᠭᠤᠯᠴᠢᠯᠠᠯ ᠤᠨ ᠠᠵᠤ ᠦᠢᠯᠡᠰ ᠢ ᠬᠦᠴᠦᠯᠡᠨ ᠪᠣᠶ ᠪᠣᠯᠭᠠᠨ᠎ᠠ᠃ ︵ᠬᠤᠲᠠ ᠶᠢᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠤᠰᠬᠠᠶ ᠵᠦᠢᠯ ᠤᠨ ᠪᠠᠯᠠ ᠮᠥᠩᠭᠦ ᠪᠠᠷ ᠲᠡᠳᠬᠦᠬᠦ᠂ ᠡᠷᠬᠡ ᠣᠯᠭᠤᠨ ᠨᠠᠶᠢᠳᠠᠬᠤ᠂ ᠦᠢᠯᠡᠴᠢᠯᠡᠭᠡ ᠬᠤᠳᠠᠯᠳᠤᠨ | ᠠᠪᠬᠤ᠂ ᠲᠥᠬᠦᠭᠡᠷᠦᠮᠵᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠭᠠᠭᠴᠠ ᠵᠦᠢᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠤᠯᠠᠨ ᠲᠦᠮᠡᠨ ᠤ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢ ᠪᠤᠶᠢᠵᠢᠭᠤᠯᠬᠤ ᠪᠠ ᠲᠡᠳᠬᠦᠵᠦ᠂ ᠲᠡᠳᠡᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠭᠥᠯᠢᠶᠡᠨ ᠠᠪᠬᠤ ᠴᠢᠳᠠᠪᠤᠷᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠡᠶ᠎ᠡ | ᠴᠢᠭᠢᠷᠠᠭᠵᠢᠭᠤᠯᠬᠤ ᠣᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | ᠰᠢᠯᠢ ᠶᠢᠨ ᠬᠤᠲᠠ ᠶᠢᠨ ᠨᠡᠶᠢᠭᠡᠮ ᠨᠡᠶᠢᠲᠡ ᠳᠤ ᠬᠠᠨᠳᠤᠭᠤᠯᠤᠨ ᠠᠷᠠᠳ ᠢᠷᠭᠡᠳ ᠤᠨ ᠪᠡᠶ᠎ᠡ ᠮᠠᠬᠠᠪᠣᠳ ᠢ | ᠶᠡᠷᠦᠩᠬᠡᠶᠢᠯᠡᠨ ᠪᠠᠶᠢᠴᠠᠭᠠᠨ ᠲᠤᠳᠤᠯᠠᠬᠤ᠂ ᠪᠡᠶ᠎ᠡ ᠶᠢᠨ ᠲᠠᠮᠢᠷ ᠢᠶᠠᠷ ᠪᠡᠶ᠎ᠡ ᠴᠢᠭᠢᠷᠠᠭᠵᠢᠭᠤᠯᠬᠤ᠂ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯᠵᠢᠯ ᠰᠤᠪᠢᠯᠠᠯᠲᠠ᠂ ᠰᠣᠶᠣᠯ ᠤᠨ ᠠᠵᠢᠯᠯᠠᠭ᠎ᠠ | ᠵᠡᠷᠭᠡ ᠡᠷᠡᠭᠦᠯ ᠮᠡᠨᠳᠦ ᠶᠢᠨ ᠠᠵᠢᠯᠯᠠᠭ᠎ᠠ ᠥᠷᠨᠢᠭᠦᠯᠬᠦ ᠶᠢ ᠰᠦᠪᠡᠭᠴᠢᠯᠡᠵᠦ᠂ ︽ᠦᠷᠲᠡᠭᠡᠵᠢᠯᠡᠭᠰᠡᠨ︾ ᠡᠷᠡᠭᠦᠯ | ᠮᠡᠨᠳᠦ ᠶᠢᠨ ᠦᠢᠯᠡᠴᠢᠯᠡᠭᠡᠨ ᠤ ᠵᠠᠭᠪᠤᠷ ᠢ ᠬᠦᠴᠦᠯᠡᠨ ᠪᠠᠶᠢᠭᠤᠯᠤᠨ᠎ᠠ᠃ | ︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ ︽ | ᠪᠡᠶ᠎ᠡ ᠶᠢᠨ ᠲᠠᠮᠢᠷ ᠡᠮᠴᠢᠯᠡᠭᠡ ᠶᠢ ᠤᠶᠠᠯᠳᠤᠭᠤᠯᠬᠤ︾ ᠳᠠᠪᠠᠭᠤᠯᠢᠭ ᠢ ᠪᠠᠳᠠᠷᠠᠭᠤᠯᠤᠨ᠂ ᠡᠯ᠎ᠡ ᠱᠠᠲᠤᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠲᠠ ᠪᠠᠯᠭᠠᠰᠤ ᠶᠢᠨ ᠨᠡᠶᠢᠭᠡᠮ | ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ | ᠲᠦᠰᠢᠭ ᠪᠣᠯᠭᠠᠨ᠂ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ | ᠴᠢᠭᠢᠷᠠᠭᠵᠢᠭᠤᠯᠬᠤ ᠶᠢ ᠵᠢᠯᠣᠭᠤᠳᠬᠤ ᠲᠥᠪ ᠪᠠᠶᠢᠭᠤᠯᠬᠤ ᠶᠢ ᠰᠦᠪᠡᠭᠴᠢᠯᠡᠵᠦ᠂ ᠠᠷᠠᠳ ᠢᠷᠭᠡᠳ ᠤᠨ ᠪᠡᠶ᠎ᠡ | ᠮᠠᠬᠠᠪᠣᠳ ᠢ ᠪᠠᠶᠢᠴᠠᠭᠠᠨ ᠲᠤᠳᠤᠯᠠᠬᠤ ᠪᠠ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠨᠡᠶᠢᠭᠡᠮ ᠲᠣᠭᠤᠷᠢᠭ᠂ | ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠤ | ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠵᠢᠯᠲᠠ ᠶᠢᠨ ᠠᠬᠢᠴᠠ ᠪᠠ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ︵ | PPP︶ ᠶᠢᠨ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠵᠦ᠂ ᠨᠡᠶᠢᠭᠡᠮ ᠤᠨ ᠬᠦᠴᠦᠨ ᠤ ᠵᠢᠵᠢᠭ ᠬᠡᠯᠪᠡᠷᠢ ᠶᠢᠨ | ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠪᠠᠶᠢᠭᠤᠯᠬᠤ ᠶᠢ | ᠵᠣᠷᠢᠭᠵᠢᠭᠤᠯᠤᠨ᠎ᠠ᠃ ᠨᠥᠬᠦᠴᠡᠯ ᠪᠦᠷᠢᠳᠦᠭᠦᠯᠦᠭᠰᠡᠨ ᠦᠵᠡᠮᠵᠢ ᠶᠢᠨ ᠣᠷᠣᠨ ᠳᠤ ᠪᠡᠶ᠎ᠡ ᠶᠢᠨ ᠲᠠᠮᠢᠷ ᠤᠨ ᠲᠥᠷᠥᠯ | ᠵᠦᠢᠯ ᠢ ᠠᠭᠤᠰᠬᠠᠨ ᠣᠷᠣᠭᠤᠯᠵᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ | ᠪᠥᠲᠥᠭᠡᠨ ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠤᠨᠴᠠᠯᠢᠭᠳᠤ ᠵᠢᠵᠢᠭ ᠪᠠᠯᠭᠠᠰᠤᠨ ᠳᠤ ᠤᠯᠠᠨ | ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠳᠤ ᠠᠭᠤᠰᠤᠯᠴᠠᠭᠤᠯᠤᠨ᠎ᠠ᠃ ᠪᠠᠶᠢᠭᠠᠯᠢ ᠬᠥᠮᠦᠨ | ᠨᠡᠶᠢᠭᠡᠮ ᠤᠨ ᠡᠬᠢ ᠪᠠᠶᠠᠯᠢᠭ ᠢ ᠶᠡᠷᠦᠩᠬᠡᠶᠢᠯᠡᠵᠦ᠂ ᠬᠠᠷᠰᠢᠯ ᠦᠭᠡᠢ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ | ᠳᠤᠭᠤᠶ ᠲᠡᠷᠭᠡᠨ ᠤ ᠵᠠᠮ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠪᠡᠶ᠎ᠡ | ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠤᠨ᠎ᠠ᠃ | ︵ᠭᠤᠷᠪᠠ︶ ᠡᠯ᠎ᠡ ᠲᠥᠷᠥᠯ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠢᠶᠠᠷᠠᠬᠤ ᠶᠢ | ᠴᠢᠩᠭᠠᠷᠠᠭᠤᠯᠤᠨ᠎ᠠ᠃ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠠᠵᠢᠯ ᠮᠡᠷᠭᠡᠵᠢᠯ ᠤᠨ ᠬᠥᠮᠦᠰ᠂ ᠵᠡᠮᠳᠡᠭᠴᠦᠳ | ᠵᠡᠷᠭᠡ ᠬᠠᠮᠲᠤᠯᠢᠭ ᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠢᠶᠠᠷᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠠᠯᠠᠭᠤᠴᠤᠳ ᠪᠠᠭᠠᠴᠤᠳ ᠤᠨ | ᠡᠷᠡᠭᠦᠯ ᠮᠡᠨᠳᠦ ᠶᠢᠨ ᠬᠥᠮᠦᠵᠢᠯ ᠪᠠ ᠬᠡᠪ ᠴᠢᠨᠠᠷ ᠤᠨ ᠬᠥᠮᠦᠵᠢᠯ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ | ︽ᠨᠠᠰᠤᠨ ᠲᠤᠷᠰᠢᠳᠠ ᠶᠢᠨ ᠪᠡᠶ᠎ᠡ ᠶᠢᠨ ᠲᠠᠮᠢᠷ︾ ᠤᠨ ᠣᠬᠠᠮᠰᠠᠷ ᠢ ᠬᠦᠮᠦᠵᠢᠭᠦᠯᠦᠨ᠎ᠡ᠃ ᠠᠵᠢᠯ ᠮᠡᠷᠭᠡᠵᠢᠯ ᠤᠨ | ᠬᠥᠮᠦᠰ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠠᠵᠢᠯ | ᠮᠡᠷᠭᠡᠵᠢᠯ ᠤᠨ ᠬᠥᠮᠦᠰ ᠤᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨᠬᠦ ᠨᠠᠶᠢᠳᠠᠪᠤᠷᠢᠵᠢᠭᠤᠯᠤᠨ᠂ ᠠᠵᠢᠯ ᠤᠨ | ᠳᠤᠮᠳᠠᠬᠢ ᠪᠡᠶ᠎ᠡ ᠴᠢᠭᠢᠷᠠᠭᠵᠢᠭᠤᠯᠬᠤ ᠲᠦᠷᠢᠮ ᠢ ᠬᠡᠷᠡᠭᠵᠢᠭᠦᠯᠵᠦ᠂ ᠠᠮᠢᠳᠤᠯᠢᠭ ᠪᠥᠭᠡᠳ ᠣᠯᠠᠨ ᠶᠠᠩᠵᠤ ᠶᠢᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠪᠠ ᠦᠢᠯᠡᠴᠢᠯᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ︽ᠠᠵᠢᠯᠯᠠᠵᠤ ᠪᠠᠶᠢᠭ᠎ᠠ | ᠬᠥᠮᠦᠰ︾ ᠤᠨ ᠣᠶᠢᠷ᠎ᠠ ᠬᠠᠪᠢ ᠳᠠᠭᠠᠨ ᠳᠠᠷᠤᠶ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ | ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠪᠠᠲᠤᠯᠠᠭ᠎ᠠ ᠶᠢᠨ ︽ᠵᠡᠮᠳᠡᠭᠴᠦᠳ ᠢ ᠲᠤᠰᠠᠯᠠᠵᠤ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠢ | ᠢᠳᠡᠪᠬᠢᠲᠡᠶ ᠪᠠᠷ ᠲᠥᠯᠬᠢᠨ ᠠᠬᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠣᠯᠤᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ | ︵ᠳᠥᠷᠪᠡ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠤᠷᠮᠠᠰᠢᠭᠤᠯᠬᠤ ᠲᠣᠭᠲᠠᠴᠠ ᠳᠤ ᠰᠢᠨ᠎ᠡ ᠶᠢ | ᠡᠭᠦᠳᠦᠨ᠎ᠡ᠃ ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ | ᠮᠡᠨᠳᠦ ᠶᠢ ᠭᠦᠨᠵᠡᠭᠡᠶ ᠠᠭᠤᠰᠤᠯᠴᠠᠭᠤᠯᠤᠨ ᠤᠷᠮᠠᠰᠢᠭᠤᠯᠬᠤ ᠠᠷᠭ᠎ᠠ ᠶᠢ ᠲᠣᠭᠲᠠᠭᠠᠵᠤ᠂ ᠲᠡᠷᠢᠭᠦᠨ ᠤ ᠭᠠᠵᠠᠷ | ᠣᠷᠣᠨ ᠤ ᠣᠲᠣ ᠶᠢᠨ ᠪᠠᠶᠢᠭ᠎ᠠ ᠲᠥᠷᠥᠯ ᠵᠦᠢᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠳᠤ ᠳᠡᠮᠵᠢᠯᠭᠡ | ᠦᠵᠡᠭᠦᠯᠵᠦ᠂ ᠢᠯᠡᠳᠲᠡ ᠠᠮᠵᠢᠯᠲᠠ ᠪᠦᠲᠦᠮᠵᠢ ᠲᠠᠢ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠣᠯᠠᠨ | ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ ᠬᠥᠮᠦᠨ ᠪᠠᠷ ᠬᠥᠬᠢᠭᠦᠯᠦᠨ | ᠰᠠᠶᠢᠰᠢᠶᠠᠨ᠎ᠠ᠃ | ︵ᠲᠠᠪᠤ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠪᠠᠶᠢᠴᠠᠭᠠᠨ ᠲᠣᠳᠣᠯᠠᠬᠤ ᠰᠢᠰᠲ᠋ᠧᠮᠵᠢ ᠶᠢ | ᠪᠦᠷᠢᠨᠰᠢᠭᠦᠯᠦᠨ᠎ᠡ᠃ ᠬᠤᠲᠠ ︵ᠲᠣᠭᠤᠷᠢᠭ︶᠂ ᠰᠤᠮᠤ ᠰᠢᠶᠠᠩ ᠪᠠᠯᠭᠠᠰᠤ ᠳᠤ ᠠᠷᠠᠳ ᠢᠷᠭᠡᠳ ᠤᠨ ᠪᠡᠶ᠎ᠡ | ᠮᠠᠬᠠᠪᠣᠳ ᠢ ᠪᠠᠶᠢᠴᠠᠭᠠᠨ ᠲᠣᠳᠣᠯᠠᠬᠤ ᠲᠥᠪ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ | ᠵᠢᠯᠣᠭᠤᠳᠬᠤ ᠥᠷᠲᠡᠭᠡ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ | ᠮᠠᠬᠠᠪᠣᠳ ᠢ ᠪᠠᠶᠢᠴᠠᠭᠠᠨ ᠲᠣᠳᠣᠯᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ | ᠮᠠᠬᠠᠪᠣᠳ ᠤᠨ ᠬᠡᠪ ᠴᠢᠨᠠᠷ ᠢ ᠦᠨᠡᠯᠡᠨ ᠵᠢᠱᠢᠬᠦ ᠶᠢ ᠥᠷᠨᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ | ᠪᠠᠶᠢᠭᠤᠯᠤᠨ᠂ ︽ᠬᠥᠳᠡᠯᠭᠡᠭᠡᠨ ᠤ ᠵᠣᠷ︾ ᠭᠠᠷᠭᠠᠵᠤ᠂ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ | ᠵᠢᠯᠣᠭᠤᠳᠣᠯᠭ᠎ᠠ ᠬᠠᠩᠭᠠᠨ᠎ᠠ᠃ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ | ᠭᠤᠤᠯᠯᠠᠭᠴᠢ ᠬᠦᠴᠦᠨ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ ᠶᠡᠬᠡᠪᠡᠷ | ᠪᠣᠯᠪᠠᠰᠤᠷᠠᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠣᠷᠢᠯᠲᠠ ᠶᠢᠨ ᠡᠩᠨᠡᠭᠡ ᠶᠢ ᠪᠠᠶᠢᠭᠤᠯᠤᠨ᠂ ︽ | ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾ ᠶᠢᠨ ᠪᠠᠷᠢᠮᠵᠢᠶ᠎ᠠ ᠳᠤ ᠬᠦᠷᠦᠭᠦᠯᠦᠨ | ᠰᠣᠷᠢᠯᠲᠠ ᠶᠢ ᠥᠷᠨᠢᠭᠦᠯᠬᠦ ᠶᠢᠨ ᠬᠠᠮᠲᠤ ᠪᠠᠷᠢᠮᠵᠢᠶ᠎ᠠ ᠳᠤ ᠬᠦᠷᠦᠭᠦᠯᠦᠭᠰᠡᠨ ᠦᠨᠡᠮᠯᠡᠯ᠂ ᠲᠡᠮᠳᠡᠭ ᠣᠯᠭᠤᠵᠤ᠂ ᠨᠠᠩ | ᠣᠯᠠᠨ ᠣᠯᠠᠨ ᠲᠦᠮᠡᠨ ᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠭᠤᠯᠬᠤ ᠶᠢ ᠬᠥᠲᠥᠯᠦᠨ | ᠵᠢᠯᠤᠭᠤᠳᠤᠨ᠎ᠠ᠃ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠪᠡᠶ᠎ᠡ ᠮᠠᠬᠠᠪᠣᠳ ᠢ ᠪᠠᠶᠢᠴᠠᠭᠠᠨ | ᠲᠣᠳᠣᠯᠠᠬᠤ ᠪᠠ ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠡᠷᠭᠢᠯᠡᠬᠦ ᠶᠢ | ᠵᠣᠷᠢᠭᠵᠢᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ᠂ ᠪᠡᠶ᠎ᠡ ᠴᠢᠭᠢᠷᠠᠭᠵᠢᠭᠤᠯᠬᠤ | ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠴᠢᠭᠢᠷᠠᠭ ᠪᠣᠯᠪᠠᠰᠤᠨ ᠰᠢᠨ᠎ᠡ ᠰᠤᠷᠲᠠᠯ ᠢ ᠬᠥᠲᠥᠯᠦᠨ | ᠵᠢᠯᠣᠭᠤᠳᠤᠨ᠎ᠠ᠃ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ ᠮᠠᠨ ᠤ ᠬᠤᠲᠠ ᠶᠢᠨ ᠬᠢᠲᠠᠳ ᠮᠣᠩᠭᠤᠯ | ᠡᠮ ᠡᠮᠨᠡᠯᠭᠡ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠣᠶᠣᠯ᠂ ᠠᠷᠠᠳ ᠤᠨ ᠵᠠᠩ | ᠦᠢᠯᠡ ᠶᠢᠨ ᠰᠣᠶᠣᠯ ᠤᠨ ᠠᠵᠢᠯᠯᠠᠭ᠎ᠠ ᠶᠢ ᠪᠠᠳᠠᠷᠠᠭᠤᠯᠬᠤ ᠵᠢᠴᠢ ᠬᠤᠲᠠ ᠬᠥᠳᠡᠭᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ᠂ ᠪᠡᠶ᠎ᠡ | ᠮᠠᠬᠠᠪᠣᠳ ᠤᠨ ᠪᠣᠯᠪᠠᠰᠤᠷᠠᠯ᠂ ᠪᠡᠶ᠎ᠡ ᠰᠤᠪᠢᠯᠠᠯᠲᠠ ᠡᠷᠡᠭᠦᠯᠵᠢᠯ᠂ ᠪᠡᠶ᠎ᠡ ᠮᠠᠬᠠᠪᠣᠳ ᠤᠨ ᠪᠠᠶᠢᠴᠠᠭᠠᠨ ᠲᠣᠳᠣᠯᠠᠬᠤ | ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ | ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠨ ᠤᠯᠬᠤ ᠥᠬᠡᠶ᠂ ᠡᠪᠡᠳᠴᠢᠨ ᠴᠥᠭᠡᠨ ᠤᠯᠬᠤ᠂ | ᠣᠷᠣᠶ ᠡᠪᠡᠳᠴᠢᠨ ᠤᠯᠬᠤ ᠴᠢᠭᠯᠡᠯ ᠢᠶᠠᠷ ᠴᠢᠷᠮᠠᠶᠢᠨ᠎ᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ | ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠰᠠᠭᠤᠷᠢ ᠰᠤᠳᠤᠯᠭᠠᠨ ᠤ ᠠᠵᠢᠯ ᠢ ᠴᠢᠩᠭᠠᠳᠬᠠᠨ᠂ ᠪᠡᠶ᠎ᠡ | ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠠᠭᠤᠰᠤᠯᠴᠠᠯ ᠢ ᠠᠬᠢᠭᠤᠯᠬᠤ ᠳᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠬᠠᠩᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ | ᠮᠡᠨᠳᠦ ᠶᠢᠨ ᠭᠦᠨᠵᠡᠭᠡᠶ ᠠᠭᠤᠰᠤᠯᠴᠠᠯ ᠢ ᠪᠣᠯᠪᠠᠰᠤᠨ ᠬᠤᠲᠠ ᠪᠠᠯᠭᠠᠰᠤ ᠪᠠ ᠡᠷᠡᠭᠦᠯ ᠬᠠᠮᠠᠭᠠᠯᠠᠯ ︵ᠡᠷᠡᠭᠦᠯ ᠮᠡᠨᠳᠦ︶ | ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠵᠢᠴᠢ ᠤᠳᠠᠭᠠᠨ ᠴᠢᠨᠠᠷᠲᠠᠶ ᠡᠪᠡᠳᠴᠢᠨ ᠤ ᠵᠢᠱᠢᠶ᠎ᠡ ᠦᠵᠡᠭᠦᠯᠬᠦ | ᠣᠷᠣᠨ᠂ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠣᠷᠣᠨ᠂ ᠬᠥᠳᠡᠯᠭᠡᠭᠡᠨ ᠰᠡᠯᠡᠭᠦᠴᠡᠯ ᠤᠨ ᠤᠨᠴᠠᠯᠢᠭᠳᠤ ᠵᠢᠵᠢᠭ ᠪᠠᠯᠭᠠᠰᠤ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ | ᠪᠠᠶᠢᠭᠤᠯᠬᠤ ᠯᠤᠭ᠎ᠠ ᠬᠠᠷᠢᠯᠴᠠᠨ ᠤᠶᠠᠯᠳᠤᠭᠤᠯᠤᠨ᠎ᠠ᠃ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢᠨ | ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠲᠣᠰ ᠲᠣᠰ ᠤᠨ ᠣᠨᠴᠠᠯᠢᠭ ᠲᠠᠢ ᠠᠭᠤᠰᠤᠯᠴᠠᠨ ᠬᠥᠭᠵᠢᠬᠦ | ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ | ᠡᠷᠡᠭᠦᠯ ᠴᠢᠭᠢᠷᠠᠭ ᠠᠮᠢᠳᠤᠷᠠᠯ ᠢ ᠬᠥᠭᠡᠭᠡᠴᠡᠯᠳᠦᠬᠦ ᠨᠡᠶᠢᠭᠡᠮ ᠤᠨ ᠰᠢᠨ᠎ᠡ ᠬᠡᠪ ᠰᠤᠷᠲᠠᠯ ᠢ ᠬᠥᠲᠥᠯᠦᠨ ᠳᠠᠭᠠᠭᠤᠯᠵᠤ | ᠪᠣᠶ ᠪᠣᠯᠭᠠᠨ᠎ᠠ᠃ | ᠲᠠᠪᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ | ᠠᠭᠤᠰᠤᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠠᠭᠤᠰᠤᠯᠴᠠᠭᠤᠯᠬᠤ ᠠᠵᠢᠯ ᠤᠨ ︽ᠭᠤᠷᠪᠠ ᠶᠢ ᠣᠷᠣᠭᠤᠯᠬᠤ︾ ᠲᠦᠷᠢᠮ ᠢ ᠬᠡᠷᠡᠭᠵᠢᠭᠦᠯᠬᠦ ᠬᠡᠷᠡᠭᠲᠡᠶ ︵ᠡᠯ᠎ᠡ | ᠱᠠᠲᠤᠨ ᠤ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠬᠤ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠣᠷᠣᠭᠤᠯᠬᠤ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠬᠤ︶᠃ ᠬᠤᠲᠠ ᠶᠢᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠲᠦᠷᠦᠭᠦᠯᠡᠭᠦᠯᠦᠭᠰᠡᠨ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠷᠣᠯᠴᠠᠭᠰᠠᠨ | ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ ᠬᠤᠲᠠ ᠶᠢᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ | ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ ᠳᠣᠭᠢᠷᠠᠭᠤᠯᠤᠨ᠎ᠠ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠠᠯᠠᠭ᠎ᠠ ᠮᠥᠴᠢᠷ᠂ ᠲᠣᠰ ᠭᠠᠵᠠᠷ ᠣᠷᠣᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠬᠤ ᠪᠣᠳᠠᠲᠠᠶ ᠠᠵᠢᠯ ᠤᠨ ᠲᠥᠰᠦᠯ ᠢ ᠲᠣᠭᠲᠠᠭᠠᠵᠤ᠂ ᠬᠠᠷᠠᠯᠲᠠ ᠶᠢᠨ ᠡᠭᠦᠷᠭᠡ ᠶᠢ | ᠵᠠᠳᠠᠯᠤᠨ ᠨᠠᠷᠢᠯᠢᠬᠵᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠠᠵᠢᠯᠲᠠᠨ ᠢ ᠨᠠᠶᠢᠳᠠᠪᠤᠷᠢᠵᠢᠭᠤᠯᠤᠨ᠂ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ | ᠠᠬᠢᠭᠤᠯᠬᠤ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠡᠷᠡᠭᠯᠡᠬᠦ ᠭᠠᠵᠠᠷ | ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠣᠨ ᠤ ᠬᠡᠷᠡᠭᠯᠡᠬᠦ ᠭᠠᠵᠠᠷ ᠤᠨ | ᠲᠥᠯᠥᠪᠯᠡᠭᠡ ᠳᠤ ᠣᠷᠣᠭᠤᠯᠵᠤ᠂ ᠭᠠᠵᠠᠷ ᠰᠢᠷᠣᠶ ᠶᠢᠨ ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠦᠶ ᠵᠣᠬᠢᠰᠲᠠᠶ | ᠳᠣᠭᠢᠷᠠᠭᠤᠯᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ | ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ | ᠡᠷᠡᠭᠦᠯ ᠮᠡᠨᠳᠦ ᠶᠢᠨ ᠲᠥᠷᠥᠯ ᠵᠦᠢᠯ ᠢ ᠣᠳᠣ ᠶᠢᠨ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠳᠤ ᠠᠭᠤᠰᠬᠠᠨ | ᠣᠷᠣᠭᠤᠯᠵᠤ᠂ ᠪᠦᠷᠢᠨ ᠲᠡᠭᠦᠯᠳᠡᠷ ᠴᠢᠳᠠᠮᠵᠢ ᠲᠠᠢ ᠶᠡᠷᠦᠩᠬᠡᠶᠢᠯᠡᠭᠰᠡᠨ ᠴᠢᠨᠠᠷᠲᠠᠶ ᠦᠨᠳᠦᠰᠦᠨ ᠱᠠᠲᠤᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠢᠭᠤᠯᠵᠤ᠂ ᠡᠷᠡᠭᠦᠯ ᠮᠡᠨᠳᠦ ᠶᠢ ᠠᠬᠢᠭᠤᠯᠬᠤ᠂ ᠨᠠᠰᠤᠵᠢᠯ ᠤᠨ | ᠦᠢᠯᠡᠴᠢᠯᠡᠭᠡᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ | ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ ᠠᠬᠢᠭᠤᠯᠵᠤ ᠠᠭᠤᠰᠤᠯᠴᠠᠭᠤᠯᠬᠤ ᠠᠵᠢᠯ ᠤᠨ | ᠪᠠᠶᠢᠷᠢᠰᠢᠯ ᠢ ᠪᠣᠶ ᠪᠣᠯᠭᠠᠨ᠎ᠠ᠃ | ︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠳᠠᠯᠠᠨ᠎ᠠ᠃ ᠬᠤᠳᠠ ᠶᠢᠨ ᠵᠠᠰᠠᠭ ᠤᠨ ᠣᠷᠳᠣᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ | ᠡᠷᠡᠭᠦᠯ ᠮᠡᠨᠳᠤ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠴᠢᠳᠠᠪᠤᠷᠢ ᠶᠢ ᠬᠠᠤᠯᠢ | ᠶᠣᠰᠣᠭᠠᠷ ᠴᠢᠩᠭᠠᠳᠬᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠤ | ᠶᠢᠨ ᠭᠦᠨᠵᠡᠭᠡᠢ ᠠᠭᠤᠰᠤᠯᠴᠠᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃ ᠭᠤᠷᠪᠠᠳᠠᠬᠢ | ᠡᠲᠡᠭᠡᠳ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠ | ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠶᠠᠪᠤᠭᠳᠠᠭᠤᠯᠤᠨ᠎ᠠ᠃ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ | ᠬᠠᠮᠲᠤᠷᠠᠨ ᠲᠤᠰ ᠱᠠᠲᠤᠨ ᠤ ᠪᠠ ᠳᠣᠣᠷᠠᠳᠤ ᠱᠠᠲᠤᠨ ᠤ ᠠᠵᠢᠯ ᠤᠨ ᠠᠬᠢᠴᠠ ᠶᠢᠨ ᠪᠠᠶᠢᠳᠠᠯ ᠳᠤ ᠬᠢᠨᠠᠨ ᠬᠡᠮᠵᠢᠯᠲᠡ | ᠵᠠᠳᠠᠯᠤᠯᠲᠠ ᠬᠢᠵᠦ᠂ ᠲᠣᠮᠣ ᠳ᠋ᠠᠶᠢᠲ᠋ᠠ ᠶᠢ ᠬᠠᠮᠲᠤᠪᠠᠷ ᠭᠥᠷᠳᠡᠬᠦ ᠮᠡᠳᠡᠭᠡ ᠵᠠᠩᠭᠢ ᠶᠢ ᠠᠰᠢᠭᠯᠠᠨ᠂ ᠠᠵᠢᠯ ᠤᠨ | ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠵᠠᠳᠠᠯᠵᠤ ᠰᠢᠢᠳᠪᠦᠷᠢᠯᠡᠨ᠂ ᠰᠠᠶᠢᠨ | ᠠᠷᠭ᠎ᠠ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢᠨ ᠬᠠᠮᠲᠤ᠂ ᠲᠣᠰ ᠲᠣᠰ 2025 ᠣᠨ ᠪᠠ 2030 | ᠣᠨ ᠳᠤ ᠲᠣᠰ ᠭᠠᠵᠠᠷ ᠣᠷᠣᠨ ᠤ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠳᠤᠮᠳᠠ ᠬᠤᠭᠤᠴᠠᠭᠠᠨ ᠤ ᠦᠨᠡᠯᠡᠨ | ᠵᠢᠱᠢᠯᠲᠡ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ | ᠬᠤᠷᠢᠶᠠᠩᠭᠤᠶᠢᠯᠠᠭᠰᠠᠨ ᠤ ᠳᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ᠃ | ᠳᠠᠭᠠᠯᠳᠤᠭᠤᠯᠤᠯ᠄ ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ | ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ | | | | | ᠳᠠᠭᠠᠯᠳᠤᠭᠤᠯᠤᠯ | ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ | ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ | | ᠮᠠᠨ ᠤ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠦᠨᠵᠡᠭᠡᠶ | ᠠᠭᠤᠰᠤᠯᠴᠠᠯ ᠤᠨ ᠠᠵᠢᠯ ᠢ ᠯᠠᠪᠳᠠᠭᠤᠨ ᠪᠥᠭᠡᠳ ᠪᠦᠲᠦᠮᠵᠢᠲᠡᠶ ᠠᠬᠢᠭᠤᠯᠬᠤ ᠶᠢᠨ ᠲᠤᠰᠠᠳᠠ᠂ ᠰᠢᠯᠢ ᠶᠢᠨ | ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ | ᠠᠭᠤᠰᠤᠯᠴᠠᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ | ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠪᠦᠷᠢᠯᠳᠦᠬᠦᠨ | ᠨᠢᠭᠡᠴᠢ ᠶᠢᠨ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄ | ᠨᠢᠭᠡ᠂ ᠵᠦᠪᠯᠡᠯ ᠤᠨ ᠪᠦᠷᠢᠯᠳᠦᠬᠦᠨ | ᠡᠷᠬᠢᠯᠡᠭᠴᠢ᠄ | ᠨᠠᠪᠴᠢᠮ᠎ᠠ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ | ᠳᠡᠳ᠋ ᠡᠷᠬᠢᠯᠡᠭᠴᠢ᠄ | ᠪᠠᠶ ᠪᠦᠦ ᠱᠠᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ | ᠴᠢ ᠶᠢᠨ ᠯᠢᠶᠠᠩ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠶᠠᠨ ᠹᠠᠩ ᠪᠤᠯᠠᠭᠠᠨ ᠰᠤᠮᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠ | ᠶᠢᠨ ᠴᠠᠩ ᠴᠣᠬᠠᠭᠤᠯᠠ ᠰᠤᠮᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠤᠨ ᠳᠠᠷᠤᠭ᠎ᠠ | ᠴᠠᠩ ᠪᠦᠦ ᠶᠦᠩ ᠷᠠᠰᠢᠶᠠᠨ ᠪᠤᠯᠠᠭ ᠪᠠᠯᠭᠠᠰᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠣ | ᠶᠢᠨ ᠳᠠᠷᠤᠭ᠎ᠠ | ᠦᠷᠭᠡᠨ ᠪᠠᠶᠠᠨᠪᠣᠯᠠᠭ ᠰᠤᠮᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠣ ᠶᠢᠨ | ᠳᠠᠷᠤᠭ᠎ᠠ ᠶᠢᠨ ᠵᠢᠱᠢᠭᠳᠡᠭᠴᠢ | ᠶᠠᠩ ᠬᠠᠶ ᠮᠣᠳᠣᠨ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶ᠎ᠠ ᠶᠢᠨ ᠱᠦᠵᠢ᠂ ᠲᠠᠯᠠᠪᠠᠶ ᠶᠢᠨ | ᠳᠠᠷᠤᠭ᠎ᠠ | ᠦᠷᠭᠡᠨ ᠪᠢᠯᠢᠭ ᠮᠠᠯᠵᠢᠯ ᠤᠨ ᠲᠠᠯᠠᠪᠠᠶ ᠶᠢᠨ ᠲᠠᠯᠠᠪᠠᠶ ᠶᠢᠨ ᠳᠠᠷᠤᠭ᠎ᠠ | ᠷᠧᠨ ᠳ᠋ᠢᠶᠠᠨ ᠢᠦᠶ ᠸᠧ ᠶᠤᠸᠠᠨ ᠰᠠᠭᠠᠯᠢ ᠶᠢᠨ ᠦᠨᠢᠶ᠎ᠡ ᠶᠢᠨ ᠲᠠᠯᠠᠪᠠᠶ ᠶᠢᠨ ᠲᠠᠯᠠᠪᠠᠶ ᠶᠢᠨ ᠳᠠᠷᠤᠭ᠎ᠠ | ᠢᠦᠶ ᠯᠢ ᠴᠢᠶᠠᠩ ᠪᠤᠯᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠱᠦᠵᠢ | ᠪᠦᠦ ᠡᠦ ᠱᠠᠨ ᠬᠠᠩᠭᠠᠶ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦᠨ ᠶᠠᠨ ᠴᠣᠬᠯᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠫᠢᠩ ᠰᠢᠷᠠᠲᠠᠯ᠎ᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠰᠢᠤᠸᠠᠢ ᠵᠢᠩ ᠡᠷᠳᠡᠨᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠽᠢ ᠮᠢᠩ ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ | ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠢᠷᠦᠬᠡ ᠪᠠᠶᠠᠨᠴᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠭᠠᠶ ᠶᠠ ᠵᠢᠶᠦ᠋ᠨ ᠪᠠᠶᠠᠨᠰᠢᠯᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ | ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠴᠤᠭᠯᠠ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠲᠤᠪᠴᠢᠶᠠᠨ | ᠳᠠᠷᠤᠭ᠎ᠠ | ᠬᠤᠷᠴᠠ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠲᠤᠪᠴᠢᠶᠠᠨ | ᠳᠠᠷᠤᠭ᠎ᠠ | ᠯᠢᠦ ᠰᠢᠶᠤᠤ ᠮᠢᠩ ᠵᠢᠭᠤᠯᠴᠢᠯᠠᠯ ᠤᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠯᠢᠦ ᠶᠦᠩ ᠴᠢᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠰᠡᠴᠡᠨᠳᠡᠯᠭᠡᠷ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ | ᠬᠤᠶᠠᠷ᠂ ᠪᠤᠰᠤᠳ ᠵᠦᠢᠯ | ︵ᠨᠢᠭᠡ︶ ᠠᠬᠢᠭᠤᠯᠬᠤ ᠵᠥᠪᠯᠡᠯ ᠤᠨ ᠭᠤᠤᠯ ᠡᠭᠦᠷᠭᠡ ᠬᠠᠷᠢᠭᠤᠴᠠᠯᠭ᠎ᠠ᠄ ︽ᠰᠢᠯᠢ ᠶᠢᠨ ᠬᠤᠲᠠ ᠶᠢᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠬᠢᠨᠠᠨ ᠰᠢᠨᠵᠢᠬᠦ ᠪᠠ ᠬᠢᠨᠠᠨ ᠰᠢᠯᠭᠠᠬᠤ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠣᠨ ᠢᠶᠠᠷ ᠠᠵᠢᠯᠯᠠᠭ᠎ᠠ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | ︵ᠬᠤᠶᠠᠷ︶ ᠠᠬᠢᠭᠤᠯᠬᠤ ᠵᠥᠪᠯᠡᠯ ᠤᠨ ᠠᠯᠪᠠᠨ ᠬᠡᠷ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠬᠢᠭᠤᠯᠬᠤ ᠵᠥᠪᠯᠡᠯ ᠤᠨ ᠡᠳᠦᠷ ᠲᠤᠲᠤᠮ ᠤᠨ ᠠᠵᠢᠯ ᠢ | ᠳᠠᠭᠠᠭᠠᠨ ᠡᠭᠦᠷᠭᠡᠯᠡᠵᠦ᠂ ᠬᠤᠯᠪᠣᠭᠳᠠᠯ ᠪᠥᠬᠦᠶ ᠠᠵᠢᠯ ᠤᠨ ᠵᠣᠯᠭᠠᠭᠤᠯᠤᠯᠲᠠ ᠶᠢ ᠰᠠᠶᠢᠲᠤᠷ ᠬᠢᠨ᠎ᠠ᠃ ᠠᠯᠪᠠᠨ | ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠲᠤᠪᠴᠢᠶᠠᠨ ᠳᠠᠷᠤᠭ᠎ᠠ ᠪᠠᠶ ᠪᠦᠦ ᠱᠠᠨ ᠬᠠᠪᠰᠤᠷᠭᠠᠨ ᠬᠠᠷᠢᠭᠤᠴᠠᠨ᠎ᠠ᠃ | ︵ᠭᠤᠷᠪᠠ︶ ᠠᠬᠢᠭᠤᠯᠬᠤ ᠵᠥᠪᠯᠡᠯ ᠤᠨ ᠪᠦᠷᠢᠯᠳᠦᠬᠦᠨ ᠢ ᠨᠡᠮᠡᠬᠦ ᠪᠤᠶᠤ ᠳᠣᠭᠢᠷᠠᠭᠤᠯᠬᠤ ᠴᠢᠬᠤᠯᠠ ᠲᠠᠢ ᠪᠣᠯ᠂ | ᠠᠬᠢᠭᠤᠯᠬᠤ ᠵᠥᠪᠯᠡᠯ ᠤᠨ ᠠᠯᠪᠠᠨ ᠬᠡᠷ ᠤᠨ ᠲᠠᠰ ᠳᠠᠷᠠᠭᠠᠯᠠᠯ ᠢᠶᠠᠷ ᠠᠬᠢᠭᠤᠯᠬᠤ ᠵᠥᠪᠯᠡᠯ ᠳᠤ ᠮᠡᠳᠡᠭᠦᠯᠵᠦ | ᠳᠣᠭᠢᠷᠠᠭᠤᠯᠤᠨ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠳᠠᠭᠢᠵᠤ ᠠᠰ ᠲᠤᠨᠢ ᠪᠢᠴᠢᠭ | ᠮᠠᠲ᠋ᠧᠷᠢᠶᠠᠯ ᠶᠠᠪᠤᠭᠤᠯᠬᠤ ᠥᠬᠡᠶ᠃ | | | ᠰᠢᠯᠢ ᠶᠢᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 8 ᠰᠠᠷ᠎ᠠ ᠶᠢᠨ | 24 ᠤ ᠡᠳᠦᠷ ᠳᠠᠷᠤᠮᠠᠯᠯᠠᠨ ᠲᠠᠷᠬᠠᠭᠠᠪᠠ |