︽ ᠰᠢᠯᠢ ᠶᠢᠨ ᠬᠤᠳᠠ ᠶᠢᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠠᠵᠢᠯ ᠤᠨ ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠄ | 2021 ᠣᠨ ᠤ 9 ᠳ᠋ᠤᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠥᠪᠰᠢᠶᠡᠷᠡᠭᠦᠯᠦᠭᠡᠳ᠂ ᠡᠳᠦᠭᠡ ︽ ᠰᠢᠯᠢ ᠶᠢᠨ ᠬᠤᠳᠠ ᠶᠢᠨ ᠬᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 8 ᠰᠠᠷ᠎ᠠ ᠶᠢᠨ 31 ᠤ ᠡᠳᠦᠷ | ᠰᠢᠯᠢ ᠶᠢᠨ ᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ | ︽ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ᠰᠠᠨᠠᠯ︾ ︵ᠤᠯᠤᠰ ᠠᠯᠪᠠᠨ ᠲᠠᠷᠬᠠᠭᠠᠭᠰᠠᠨ ︹ 2019 ︺ 5 ᠳ᠋ᠤᠭᠠᠷ ᠲᠣᠭᠠᠲᠤ︶ ᠪᠠ | ︽ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ︵ᠥᠪᠥᠷ ᠠᠷᠠᠳ ᠤᠨ | ᠵᠠᠰᠠᠭ ᠲᠠᠷᠬᠠᠭᠠᠭᠰᠠᠨ ︹ 2019 ︺ 87 ᠳ᠋ᠤᠭᠠᠷ ᠲᠣᠭᠠᠲᠤ︶ ᠵᠢᠴᠢ ᠪᠥᠬᠦ ᠣᠷᠣᠨ᠂ ᠪᠥᠬᠦ ᠠᠶᠢᠮᠠᠭ ᠤᠨ | ᠭᠤᠤᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠᠷ ᠭᠤᠤᠯ ᠴᠣᠭᠴᠠ ᠪᠣᠯᠭᠠᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠶᠢᠨ ᠬᠠᠮᠲᠤ | ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠳᠦᠭᠡ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠰᠡᠳᠬᠢᠮᠵᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠪᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠱᠠᠭᠠᠷᠳᠠᠯᠭ᠎ᠠ ᠶᠣᠰᠣᠭᠠᠷ᠂ ᠭᠡᠷ ᠪᠦᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠠᠪᠤᠳᠠᠯ ᠢ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠪᠤᠶᠠᠨ ᠬᠡᠰᠢᠭ ᠢ ᠨᠡᠮᠡᠭᠳᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ | ᠬᠥᠲᠥᠯᠦᠨ ᠵᠢᠯᠣᠭᠤᠳᠬᠤ᠂ ᠨᠡᠶᠢᠭᠡᠮ ᠤᠨ ᠬᠦᠴᠦᠨ ᠣᠷᠣᠯᠴᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ | ᠳᠠᠮᠵᠢᠭᠤᠯᠤᠨ᠂ ᠪᠥᠬᠦ ᠬᠤᠲᠠ ᠶᠢᠨ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷ ᠪᠥᠯᠢ | ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠨᠠᠰᠤᠲᠠᠶᠢᠴᠤᠳ ᠤᠨ ᠦᠷᠭᠦᠯᠵᠢᠯᠡᠨ ᠨᠡᠮᠡᠭᠳᠡᠬᠦ ᠣᠯᠠᠨ ᠲᠠᠰ ᠳᠠᠪᠬᠤᠷᠭ᠎ᠠ ᠶᠢᠨ᠂ ᠣᠯᠠᠨ | ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ ᠶᠢ ᠪᠠᠷᠢᠮᠲᠠᠯᠠᠨ᠎ᠠ᠃ | ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠪᠡᠯᠡᠳᠬᠡᠮᠵᠢ ᠶᠢ | ᠲᠡᠭᠦᠯᠳᠡᠷᠵᠢᠭᠦᠯᠬᠦ᠂ ᠲᠠᠪᠴᠠᠩ ᠪᠠᠶᠢᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ | ᠬᠦᠴᠦᠨ ᠤ ᠣᠷᠣᠬᠤ ᠶᠢ ᠳᠡᠮᠵᠢᠨ ᠵᠣᠷᠢᠭᠵᠢᠭᠤᠯᠵᠤ᠂ ᠡᠯ᠎ᠡ ᠲᠥᠷᠥᠯ ᠤᠨ ᠦᠢᠯᠡᠴᠢᠯᠡᠭᠡᠨ ᠤ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠂ ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠷᠢᠰᠥᠯᠳᠦᠭᠡᠨ ᠲᠠᠢ ᠪᠥᠭᠡᠳ | ᠡᠮᠬᠢ ᠵᠢᠷᠤᠮ ᠲᠠᠢ᠂ ᠣᠯᠠᠨ ᠡᠰᠢᠴᠢᠯᠡᠨ ᠣᠷᠣᠯᠴᠠᠭᠰᠠᠨ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠦᠨ᠎ᠡ᠃ | ︵ᠬᠤᠶᠠᠷ︶ ᠨᠡᠶᠢᠭᠡᠮ ᠲᠣᠭᠤᠷᠢᠭ ᠲᠤ ᠲᠦᠰᠢᠭᠯᠡᠬᠦ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ | ᠬᠡᠷ ᠪᠥᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ ᠲᠤ ᠲᠦᠰᠢᠭᠯᠡᠬᠦ ᠶᠢ | ᠴᠢᠩᠭᠠᠷᠠᠭᠤᠯᠵᠤ᠂ ᠡᠯ᠎ᠡ ᠲᠥᠷᠥᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠷ ᠪᠥᠯᠢ᠂ | ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠴᠠᠩᠭᠤᠶ ᠪᠠᠷ | ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠤᠪᠢᠯᠠᠯᠲᠠ᠂ ᠡᠷᠡᠭᠦᠯᠵᠢᠯ᠂ ᠡᠮᠴᠢᠯᠡᠭᠡ᠂ ᠰᠤᠪᠢᠯᠠᠯᠲᠠ᠂ ᠬᠤᠭᠤᠯᠠ | ᠤᠮᠳᠠ᠂ ᠵᠤᠭ᠎ᠠ ᠴᠡᠩᠭᠡᠯ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ ᠡᠬᠢ ᠪᠠᠶᠠᠯᠢᠭ ᠤᠨ ᠪᠦᠲᠦᠮᠵᠢᠲᠡᠶ | ᠤᠶᠠᠯᠳᠤᠬᠤ ᠶᠢ ᠠᠬᠢᠭᠤᠯᠵᠤ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠳᠤᠲᠠᠭᠤᠳᠠᠯ ᠢᠶᠠᠨ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠠᠷᠢᠮᠲᠠᠯᠠᠨ᠎ᠠ᠃ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ | ᠳᠤᠲᠠᠭᠤᠳᠠᠯ ᠢ ᠨᠥᠬᠦᠪᠥᠷᠢᠯᠡᠬᠦ᠂ ᠪᠦᠲᠦᠴᠡ ᠶᠢ ᠲᠣᠬᠢᠷᠠᠭᠤᠯᠬᠤ ᠪᠠᠷ ᠬᠦᠴᠦᠯᠡᠨ ᠴᠢᠷᠮᠠᠶᠢᠵᠤ᠂ ᠪᠠᠭᠤᠷᠠᠶ | ᠭᠤᠭᠴᠤᠭ᠎ᠠ ᠳᠤ ᠴᠢᠭᠯᠡᠭᠦᠯᠦᠨ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ | ᠠᠰᠠᠷᠠᠮᠵᠢ ᠶᠢᠨ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠠᠶᠢᠯᠭᠡᠵᠦ᠂ ᠴᠢᠳᠠᠯ ᠲᠡᠩᠬᠡᠭᠡ ᠦᠭᠡᠢ | ᠪᠤᠯᠤᠬᠰᠠᠨ᠂ ᠶᠠᠳᠠᠭᠤ ᠬᠦᠴᠢᠷᠳᠡᠯᠲᠡᠶ᠂ ᠭᠡᠷ ᠲᠤ ᠪᠠᠨ ᠬᠤᠴᠤᠷᠠᠬᠰᠠᠨ᠂ ᠥᠨᠳᠥᠷ ᠨᠠᠰᠤᠲᠠᠶ᠂ ᠲᠥᠯᠥᠪᠯᠡᠭᠡᠲᠦ | ᠦᠷᠡᠵᠢᠯ ᠤᠨ ᠣᠨᠴᠠᠭᠠᠶ ᠭᠡᠷ ᠪᠦᠯᠢ ᠵᠡᠷᠭᠡ ᠬᠦᠴᠢᠷᠳᠡᠯ ᠲᠠᠢ ᠨᠠᠰᠤᠲᠠᠶᠢᠴᠤᠳ ᠤᠨ ᠰᠦᠷᠦᠭᠵᠢᠯ ᠲᠡᠶᠢᠰᠢ | ᠬᠡᠯᠪᠠᠶᠢᠯᠭᠡᠵᠦ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠳᠥᠷᠪᠡ︶ ᠤᠷᠢᠳᠠᠪᠠᠷ ᠲᠤᠷᠰᠢᠯᠲᠠ ᠬᠢᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ᠃ | ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ᠂ | ᠨᠡᠶᠢᠭᠡᠮ ᠤᠨ ᠬᠦᠴᠦᠨ ᠤ ᠣᠷᠣᠯᠴᠠᠬᠤ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠥᠭᠡᠷᠡᠴᠢᠯᠡᠯᠲᠡ | ᠬᠢᠵᠦ᠂ ᠰᠢᠨ᠎ᠡ ᠶᠢ ᠡᠭᠦᠳᠬᠦ ᠶᠢ ᠭᠤᠤᠯᠳᠠᠯᠭ᠎ᠠ ᠲᠠᠢ ᠤᠶᠠᠯᠳᠤᠭᠤᠯᠤᠨ᠂ ᠪᠣᠳᠠᠲᠠᠶ ᠳᠤ ᠰᠠᠭᠤᠷᠢᠯᠠᠨ᠂ ᠪᠥᠬᠦ | ᠠᠶᠢᠮᠠᠭ ᠲᠤ ᠥᠪᠡᠷᠮᠢᠴᠡ ᠣᠨᠴᠠᠯᠢᠭ ᠢᠶᠠᠷ ᠪᠠᠶᠠᠯᠢᠭ᠂ ᠦᠢᠯᠡᠳᠦᠯ ᠢᠶᠠᠷ ᠢᠯᠡᠷᠬᠡᠶ ᠬᠡᠷ ᠪᠥᠯᠢ ᠶᠢᠨ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠵᠠᠭᠪᠤᠷ ᠢ ᠤᠷᠢᠳᠠᠪᠠᠷ ᠰᠦᠪᠡᠭᠴᠢᠯᠡᠨ ᠪᠤᠶᠢᠵᠢᠭᠤᠯᠵᠤ᠂ ᠪᠥᠬᠦ ᠠᠶᠢᠮᠠᠭ ᠤᠨ | ᠨᠠᠰᠤᠵᠢᠯ ᠤᠨ ᠦᠢᠯᠡᠴᠢᠯᠡᠭᠡᠨ ᠤ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ | ᠭᠤᠷᠪᠠ᠂ ᠠᠵᠢᠯ ᠤᠨ ᠬᠠᠷᠠᠯᠲᠠ | ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ︽1+3+N︾ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ | ᠶᠢᠨ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠯᠳᠦᠭᠦᠯᠵᠦ᠂ ᠪᠥᠬᠦ ᠬᠤᠲᠠ ᠶᠢᠨ ᠭᠡᠷ | ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ ᠵᠢᠷᠭᠤᠭᠠᠵᠢᠭᠤᠯᠬᠤ︾ | ᠬᠠᠮᠢᠶᠠᠷᠤᠯᠲᠠ ᠶᠢ ᠪᠡᠶᠡᠯᠡᠭᠦᠯᠦᠨ᠎ᠡ ︵ᠳᠠᠷᠤᠶ᠄ 1 ᠣᠶᠤᠨᠴᠢ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ︔ ᠬᠤᠲᠠ ᠶᠢᠨ ᠵᠢᠯᠣᠭᠤᠳᠤᠨ ᠳᠣᠭᠢᠷᠠᠭᠤᠯᠬᠤ ᠲᠥᠪ᠂ ᠵᠡᠭᠡᠯᠢ ᠭᠤᠳᠤᠮᠵᠢ ᠶᠢᠨ | ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ 3 ᠱᠠᠲᠤᠨ ᠤ ᠲᠠᠪᠴᠠᠩ ᠢᠶᠠᠷ ᠦᠢᠯᠡᠴᠢᠯᠡᠨ᠎ᠡ | ᠃ ᠤᠯᠠᠨ ᠠᠷᠪᠢᠨ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ︔ ᠠᠵᠢᠯᠳᠠᠨ ᠢ ᠲᠤᠰᠬᠠᠶᠢᠵᠢᠭᠤᠯᠬᠤ᠂ ᠶᠠᠰᠤ ᠴᠢᠨᠠᠷ ᠢ ᠪᠠᠷᠢᠮᠵᠢᠶᠠᠵᠢᠭᠤᠯᠬᠤ᠂ | ᠲᠣᠭᠲᠠᠴᠠ ᠶᠢ ᠪᠠᠶᠢᠩᠭᠤᠵᠢᠭᠤᠯᠬᠤ᠂ ᠬᠢᠨᠠᠯᠲᠠ ᠲᠠᠯᠪᠢᠬᠤ ᠶᠢ ᠴᠠᠭ ᠲᠤᠬᠠᠢ ᠳᠤᠨᠢ ᠶᠠᠪᠤᠭᠤᠯᠬᠤ᠂ ᠡᠵᠡᠩᠨᠡᠯᠲᠡ ᠶᠢ | ᠪᠠᠶᠢᠭᠤᠯᠤᠮᠵᠢᠵᠢᠭᠤᠯᠬᠤ᠂ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ︶᠃ | 2021 ᠣᠨ ᠳᠤ ᠪᠦᠬᠦ ᠬᠤᠳᠠ ᠳᠤ ᠤᠷᠢᠳᠠᠪᠠᠷ ᠪᠦᠬᠦ ᠬᠤᠳᠠ ᠶᠢᠨ ᠤᠶᠤᠨᠲᠤ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ 1 ᠪᠠᠶᠢᠭᠤᠯᠪᠠ︔ 4 ᠵᠡᠭᠡᠯᠢ ᠭᠤᠳᠤᠮᠵᠢ ᠶᠢᠨ ᠬᠡᠷ ᠪᠥᠯᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵︽ ᠨᠠᠰᠤᠳᠠᠨ ᠢ ᠲᠤᠰᠠᠯᠠᠬᠤ ᠬᠤᠭᠤᠯᠠᠨ ᠬᠡᠷ︾ | ᠪᠠᠭᠲᠠᠨ᠎ᠠ︶᠂ 4 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠬᠤ | ᠪᠥᠭᠡᠳ ᠭᠤᠷᠪᠠᠳᠠᠬᠢ ᠡᠲᠡᠭᠡᠳ ᠲᠤ ᠨᠠᠶᠢᠳᠠᠨ ᠡᠵᠡᠩᠨᠡᠭᠦᠯᠦᠨ ᠬᠠᠮᠢᠶᠠᠷᠤᠭᠤᠯᠵᠤ᠂ ᠵᠠᠰᠠᠭ ᠤᠨ ᠣᠷᠳᠣᠨ ᠠᠴᠠ | ᠵᠣᠬᠢᠴᠠᠩᠭᠤᠶ ᠡᠵᠡᠩᠨᠡᠯᠲᠡ ᠶᠢᠨ ᠨᠥᠬᠦᠪᠥᠷᠢ ᠲᠡᠳᠬᠦᠮᠵᠢ ᠣᠯᠭᠤᠨ᠎ᠠ︔ ᠭᠠᠭᠴᠠᠭᠠᠷ ᠰᠠᠭᠤᠭ᠎ᠠ᠂ ᠣᠨᠴᠠ | ᠬᠦᠴᠢᠷᠳᠡᠯᠳᠡᠢ᠂ ᠥᠨᠥᠴᠢᠨ ᠪᠡᠯᠪᠡᠰᠦᠨ᠂ ᠥᠨᠳᠥᠷ ᠨᠠᠰᠤᠲᠠᠶ᠂ ᠭᠠᠭᠴᠠ ᠬᠡᠦᠬᠡᠳ ᠢᠶᠠᠨ ᠠᠯᠳᠠᠭᠰᠠᠨ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠵᠡᠷᠭᠡ ᠣᠨᠴᠠ ᠬᠦᠴᠢᠷᠳᠡᠯ ᠲᠠᠢ ᠬᠥᠮᠦᠰ ᠲᠤ | ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠤᠭᠤᠯᠠ ᠢᠳᠡᠭᠦᠯᠬᠦ ᠵᠢᠴᠢ ᠬᠡᠷ ᠲᠤᠨᠢ ᠣᠴᠢᠵᠤ ᠦᠢᠯᠡᠴᠢᠯᠡᠬᠦ ᠠᠵᠢᠯ ᠢ ᠥᠷᠨᠢᠭᠦᠯᠵᠦ᠂ ᠮᠠᠨ ᠤ | ᠬᠤᠲᠠ ᠶᠢᠨ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠬᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠳᠤ | ᠬᠦᠷᠦᠭᠦᠯᠬᠦ ᠶᠢ ᠪᠡᠶᠡᠯᠡᠭᠦᠯᠵᠦ᠂ ᠵᠣᠬᠢᠬᠤ ᠬᠡᠮᠵᠢᠶᠡᠨ ᠤ ᠨᠡᠶᠢᠳᠡᠮ ᠠᠰᠢᠭ ᠬᠦᠷᠲᠡᠭᠡᠬᠦ᠂ ᠣᠶᠢᠷ᠎ᠠ ᠬᠠᠪᠢ ᠳᠠᠭᠠᠨ | ᠳᠥᠭᠦᠮ ᠳᠥᠲᠡ᠂ ᠦᠢᠯᠡᠴᠢᠯᠡᠭᠡᠨ ᠨᠢ ᠨᠠᠷᠢᠯᠢᠭ ᠣᠨᠣᠴᠠᠲᠠᠶ᠂ ᠣᠯᠠᠨ ᠡᠰᠢᠴᠢᠯᠡᠨ ᠬᠠᠩᠭᠠᠬᠤ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠷᠢᠰᠢᠯ ᠢ | ᠠᠯᠬᠤᠮ ᠠᠯᠬᠤᠮ ᠢᠶᠠᠷ ᠪᠣᠶ ᠪᠣᠯᠭᠠᠨ᠎ᠠ᠃ | ᠳᠥᠷᠪᠡ᠂ ᠭᠤᠤᠯ ᠡᠭᠦᠷᠭᠡ | ︵ᠨᠢᠭᠡ︶ ︽ᠢᠨᠲ᠋ᠤᠷ ᠰᠦᠯᠵᠢᠶ᠎ᠡ +︾ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ | 1. ᠪᠥᠬᠦ ᠬᠤᠲᠠ ᠶᠢᠨ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ᠎ᠠ᠃ ᠢᠨᠲ᠋ᠧᠷ ᠰᠦᠯᠵᠢᠶ᠎ᠡ ᠪᠠᠷ ᠰᠠᠭᠤᠷᠢ ᠪᠣᠯᠭᠠᠵᠤ᠂ ᠨᠠᠰᠤᠵᠢᠯ ᠤᠨ ᠲᠤᠭ᠎ᠠ ᠪᠠᠷᠢᠮᠲᠠ ᠶᠢᠨ | ᠲᠥᠪ ᠢᠶᠠᠷ ᠲᠤᠯᠭᠠᠭᠤᠷᠢᠯᠠᠯ ᠪᠣᠯᠭᠠᠵᠤ᠂ ᠬᠠᠯᠠᠮᠰᠢᠯ ᠤᠲᠠᠰᠤ᠂ ᠠᠯᠪᠠᠨ ᠰᠦᠯᠵᠢᠶ᠎ᠡ᠂ ᠸᠢᠴᠠᠲ ᠪᠣᠯᠤᠨ ᠭᠠᠷ | ᠤᠲᠠᠰᠤᠨ ᠤ APP ᠪᠠᠷ ᠲᠠᠪᠴᠠᠩ ᠪᠣᠯᠭᠠᠵᠤ᠂ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ | ᠦᠢᠯᠡᠴᠢᠯᠡᠭᠡ ᠪᠠᠷ ᠠᠴᠢᠶᠠᠯᠠᠪᠤᠷᠢ ᠪᠣᠯᠭᠠᠵᠤ᠂ ᠭᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ | ᠨᠠᠰᠤᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠪᠦᠲᠦᠮᠵᠢᠲᠡᠶ ᠠᠭᠤᠰᠤᠯᠴᠠᠯ ᠢ ᠬᠠᠮᠤᠷᠤᠭᠰᠠᠨ ᠨᠠᠰᠤᠵᠢᠯ ᠤᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠠᠷᠠᠳ᠂ ᠦᠢᠯᠡᠴᠢᠯᠡᠭᠡᠨ ᠤ | ᠠᠵᠢᠯᠲᠠᠨ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ᠂ ᠬᠠᠮᠢᠶᠠᠷᠤᠯᠲᠠ ᠶᠢᠨ ᠪᠦᠯᠬᠦᠮ ᠨᠡᠶᠢᠲᠡ ᠶᠢ ᠨᠢᠭᠲᠠ ᠬᠤᠯᠪᠣᠵᠤ᠂ | ᠬᠤᠲᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠭᠤᠷᠪᠠᠨ ᠱᠠᠲᠤᠨ ᠤ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ︽ ᠰᠢᠯᠢ ᠶᠢᠨ ᠬᠤᠲᠠ ᠶᠢᠨ ᠬᠡᠶᠢᠰᠪᠦᠷᠢ ᠨᠠᠰᠤᠲᠠᠨ ᠢ | ᠠᠰᠠᠷᠠᠬᠤ ᠬᠦᠷᠢᠶᠡᠯᠡᠩ︾ ᠢ ᠪᠠᠶᠢᠭᠤᠯᠵᠤ᠂ ᠰᠢᠯᠢ ᠶᠢᠨ ᠬᠤᠲᠠ ᠶᠢᠨ ᠣᠶᠤᠨᠴᠢ ᠡᠷᠡᠭᠦᠯ ᠮᠡᠨᠳᠦ ᠨᠠᠰᠤᠵᠢᠯ ᠤᠨ | ᠦᠢᠯᠡᠴᠢᠯᠡᠭᠡᠨ ᠤ ᠠᠮᠢ ᠠᠬᠤᠶ ᠶᠢᠨ ᠲᠣᠭᠤᠷᠢᠭ ᠢ ᠪᠣᠶ ᠪᠣᠯᠭᠠᠨ᠎ᠠ᠃ | 2. ᠬᠤᠲᠠ ᠶᠢᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠵᠢᠯᠣᠭᠤᠳᠤᠨ ᠳᠣᠭᠢᠷᠠᠭᠤᠯᠬᠤ ᠲᠥᠪ ᠢ ᠪᠠᠶᠢᠭᠤᠯᠤᠨ᠎ᠠ | ᠃ ᠬᠤᠲᠠ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠵᠢᠯᠣᠭᠤᠳᠤᠨ ᠲᠣᠬᠢᠷᠠᠭᠤᠯᠬᠤ ᠲᠥᠪ ᠢ ᠪᠥᠬᠦ | ᠬᠤᠲᠠ ᠶᠢᠨ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠳᠤ ᠪᠣᠳᠠᠲᠠᠶ ᠪᠠᠷ | ᠰᠢᠭᠢᠳᠬᠡᠵᠦ᠂ ᠳᠠᠭᠤᠳᠠᠬᠤ᠂ ᠡᠵᠡᠩᠨᠡᠬᠦ᠂ ᠬᠢᠨᠠᠨ ᠬᠠᠮᠢᠶᠠᠷᠬᠤ ᠵᠡᠷᠭᠡ ᠴᠢᠳᠠᠮᠵᠢ ᠶᠢ ᠳᠣᠭᠢᠷᠠᠭᠤᠯᠤᠨ᠂ ᠬᠤᠲᠠ ᠶᠢᠨ | ᠠᠷᠠᠳ ᠲᠤ ᠲᠥᠬᠦᠮ ᠲᠦᠳᠡ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠣᠨᠣᠪᠴᠢᠲᠠᠶ᠂ | ᠬᠢᠨᠠᠯᠲᠠ ᠬᠠᠮᠢᠶᠠᠷᠤᠯᠲᠠ ᠬᠦᠴᠦᠲᠡᠶ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ ᠬᠦᠴᠦᠯᠡᠨ ᠪᠣᠶ ᠪᠣᠯᠭᠠᠨ᠎ᠠ᠃ ᠠᠯᠪᠠᠨ ᠠᠴᠠ ᠪᠠᠶᠢᠭᠤᠯᠵᠤ | ᠠᠷᠠᠳ ᠠᠴᠠ ᠡᠵᠡᠩᠨᠡᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠡᠵᠡᠩᠨᠡᠯᠲᠡ ᠬᠠᠮᠢᠶᠠᠷᠤᠯᠲᠠ ᠶᠢ ᠬᠥᠲᠥᠯᠦᠨ ᠵᠢᠯᠣᠭᠤᠳᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠦᠨ᠎ᠡ᠃ | ︵ᠬᠤᠶᠠᠷ︶ ᠬᠤᠲᠠ ᠪᠠᠯᠭᠠᠰᠤ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ | 3. ᠬᠤᠳᠠ ᠪᠠᠯᠭᠠᠰᠤᠨ ᠤ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ᠬᠤᠲᠠ ᠶᠢᠨ ᠠᠷᠪᠠᠨ ᠲᠠᠪᠤᠨ | ᠮᠢᠨᠦ᠋ᠲ︾ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠤᠨ ᠶᠡᠷᠦᠩᠬᠡᠶ ᠬᠠᠷᠠᠯᠲᠠ ᠶᠣᠰᠣᠭᠠᠷ | ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠥᠭᠡᠷᠡᠴᠢᠯᠡᠨ ᠪᠠᠶᠢᠭᠤᠯᠵᠤ᠂ ᠨᠡᠶᠢᠭᠡᠮ ᠲᠣᠭᠤᠷᠢᠭ ᠲᠤ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ ᠳᠡᠭᠡᠭᠰᠢᠯᠡᠭᠦᠯᠵᠦ᠂ | ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠣᠭᠢᠷᠠᠭᠤᠯᠬᠤ ᠲᠥᠪ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ᠂ ᠦᠢᠯᠡᠴᠢᠯᠡᠭᠡᠨ ᠤ ᠥᠷᠲᠡᠭᠡ ᠵᠡᠷᠭᠡ ᠭᠤᠷᠪᠠᠨ ᠱᠠᠲᠤᠨ ᠤ ᠭᠡᠷ ᠪᠥᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠯᠳᠦᠭᠦᠯᠦᠨ᠎ᠡ᠃ | 4. ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠭᠤᠯᠭ᠎ᠠ ᠶᠢ ᠰᠢᠯᠢᠳᠡᠭᠵᠢᠭᠦᠯᠦᠨ᠎ᠡ᠃ | ︽ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ︾ ᠵᠠᠷᠴᠢᠮ ᠶᠣᠰᠣᠭᠠᠷ᠂ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠭᠤᠯᠠᠨ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ | ᠡᠮᠨᠡᠯᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠠᠶᠠᠯᠠᠯ ᠳᠤ | ᠲᠤᠰᠠᠯᠠᠬᠤ᠂ ᠬᠤᠳᠠᠯᠳᠤᠨ ᠠᠪᠬᠤ ᠳᠤ ᠲᠤᠰᠠᠯᠠᠬᠤ᠂ ᠬᠡᠷᠡᠭᠴᠡᠭᠡ ᠳᠤ ᠲᠤᠰᠠᠯᠠᠬᠤ ᠦᠢᠯᠡᠴᠢᠯᠡᠭᠡ ᠪᠠ | ᠡᠷᠡᠭᠦᠯ ᠲᠡᠩᠬᠡᠯᠡᠭᠦᠨ ᠤ ᠰᠣᠪᠢᠯᠠᠯᠲᠠ᠂ ᠡᠳᠦᠷ ᠲᠤᠲᠤᠮ ᠤᠨ ᠨᠠᠰᠤᠲᠠᠶᠢᠴᠤᠳ ᠢ ᠠᠰᠠᠷᠠᠬᠤ᠂ ᠣᠬᠤᠷ | ᠬᠤᠭᠤᠴᠠᠭᠠᠨ ᠤ ᠠᠰᠠᠷᠠᠨ ᠲᠡᠵᠢᠭᠡᠬᠦ ᠵᠡᠷᠭᠡ ᠬᠡᠪᠴᠢᠶᠡᠵᠢᠭᠰᠡᠨ᠂ ᠲᠤᠰᠬᠠᠶᠢᠵᠢᠭᠰᠠᠨ ᠦᠢᠯᠡᠴᠢᠯᠡᠭᠡᠨ ᠤ ᠲᠥᠷᠥᠯ | ᠵᠦᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ᠃ ᠨᠡᠶᠢᠭᠡᠮ ᠤᠨ ᠬᠦᠴᠦᠨ ᠢ ᠭᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠳᠤ ᠣᠷᠣᠯᠴᠠᠭᠤᠯᠵᠤ᠂ ᠨᠠᠰᠤᠵᠢᠯ ᠤᠨ ᠪᠠᠶᠢᠭᠤᠯᠤᠮᠵᠢ ᠶᠢᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠬᠦᠢᠴᠡᠳ ᠠᠰᠢᠭᠯᠠᠨ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠳᠤ | ᠳᠡᠮᠵᠢᠯᠭᠡ ᠬᠠᠩᠭᠠᠵᠤ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠎ᠠ᠃ | 5. ᠰᠢᠨ᠎ᠡ ᠮᠠᠶ᠋ᠢᠭ ᠤᠨ ᠨᠠᠰᠤᠵᠢᠯ ᠤᠨ ᠦᠢᠯᠡᠴᠢᠯᠡᠭᠡᠨ ᠤ ᠬᠡᠯᠪᠡᠷᠢ ᠪᠠᠶᠢᠳᠠᠯ ᠵᠢᠴᠢ ᠵᠣᠬᠢᠶᠠᠨ ᠪᠠᠶᠢᠭᠤᠯᠤᠯᠲᠠ ᠶᠢ | ᠪᠤᠶᠢᠵᠢᠭᠤᠯᠤᠨ ᠬᠦᠭᠵᠢᠭᠦᠯᠦᠨ᠎ᠡ᠃ ᠵᠠᠰᠠᠭ ᠤᠨ ᠣᠷᠳᠣᠨ ᠠᠴᠠ ᠡᠮᠦᠨᠡᠬᠢ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠳᠤ ᠪᠡᠯᠡ ᠣᠷᠣᠭᠤᠯᠬᠤ᠂ ᠠᠵᠤ ᠠᠬᠤᠶᠢᠯᠠᠯ ᠢ ᠲᠤᠰᠬᠠᠶᠢᠵᠢᠭᠤᠯᠤᠨ ᠡᠵᠡᠩᠨᠡᠬᠦ᠂ ᠵᠠᠬ᠎ᠠ | ᠳᠡᠯᠭᠡᠭᠦᠷᠴᠢᠯᠡᠨ ᠬᠥᠭᠵᠢᠭᠦᠯᠬᠦ ᠠᠷᠭ᠎ᠠ ᠮᠠᠶ᠋ᠢᠭ ᠢ ᠠᠪᠴᠤ᠂ ᠨᠢᠭᠡᠨᠲᠡ ᠪᠠᠶᠢᠭ᠎ᠠ ᠨᠡᠶᠢᠭᠡᠮ ᠲᠣᠭᠤᠷᠢᠭ ᠤᠨ ᠬᠡᠷᠡᠭᠯᠡᠵᠦ | ᠪᠠᠶᠢᠭ᠎ᠠ ᠬᠡᠷ ᠪᠠᠶᠢᠰᠢᠩ᠂ ᠰᠤᠯᠠ ᠪᠠᠶᠢᠭ᠎ᠠ ᠬᠡᠷ ᠪᠠᠶᠢᠰᠢᠩ ᠭᠠᠵᠠᠷ ᠬᠥᠷᠥᠩᠭᠡ ᠵᠡᠷᠭᠡ ᠶᠢ ᠡᠮᠬᠢᠯᠡᠨ ᠨᠡᠶᠢᠯᠡᠭᠦᠯᠵᠦ᠂ | ᠵᠡᠭᠡᠯᠢ ᠭᠤᠳᠤᠮᠵᠢ ᠳᠤ ᠬᠡᠯᠬᠢᠶᠡᠯᠡᠨ ᠡᠵᠡᠩᠨᠡᠬᠦ᠂ ᠨᠢᠭᠡᠳᠦᠯᠲᠡᠶ ᠬᠠᠮᠢᠶᠠᠷᠬᠤ᠂ ᠵᠠᠯᠭᠠᠯᠳᠤᠭᠤᠯᠤᠨ ᠨᠥᠯᠥᠭᠡᠯᠡᠬᠦ ᠶᠢ | ᠬᠠᠷᠢᠯᠴᠠᠨ ᠤᠶᠠᠯᠳᠤᠭᠤᠯᠤᠭᠰᠠᠨ ᠡᠳᠦᠷ ᠲᠤᠲᠤᠮ ᠤᠨ ᠬᠠᠷᠠᠭᠠᠯᠵᠠᠯ᠂ ᠡᠮᠴᠢᠯᠡᠭᠡ ᠡᠷᠡᠭᠦᠯᠵᠢᠯ᠂ ᠡᠷᠡᠭᠦᠯᠵᠢᠯ ᠤᠨ | ᠲᠤᠰᠠᠯᠠᠬᠤ ᠪᠠᠭᠠᠵᠢ ᠶᠢ ᠬᠠᠮᠲᠤᠪᠠᠷ ᠭᠥᠷᠳᠡᠬᠦ᠂ ᠣᠬᠤᠷ ᠬᠤᠭᠤᠴᠠᠭ᠎ᠠ ᠪᠠ ᠲᠦᠷ ᠴᠠᠭ ᠠᠰᠠᠷᠠᠨ ᠲᠡᠵᠢᠭᠡᠬᠦ᠂ | ᠨᠠᠰᠤᠲᠠᠨ ᠢ ᠲᠤᠰᠠᠯᠠᠬᠤ ᠬᠤᠭᠤᠯᠠᠨ ᠬᠡᠷ ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠵᠤ᠂ ︽ | ᠶᠡᠭᠡ ᠪᠠᠷ ᠪᠠᠭ᠎ᠠ ᠶᠢ ᠳᠠᠶᠢᠴᠢᠯᠠᠬᠤ᠂ ᠪᠠᠭ᠎ᠠ ᠠᠴᠠ ᠬᠡᠷ ᠲᠤ ᠬᠥᠷᠬᠦ︾ ᠡᠷᠡᠭᠦᠯᠵᠢᠯ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢ ᠪᠣᠶ ᠪᠣᠯᠭᠠᠨ᠎ᠠ᠃ | 6. ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠤᠶᠤᠲᠤ ᠡᠷᠡᠭᠦᠯ ᠮᠡᠨᠳᠦ ᠨᠠᠰᠤᠵᠢᠯ ᠤᠨ ᠦᠢᠯᠡᠴᠢᠯᠡᠭᠡᠨ ᠤ ᠮᠡᠳᠡᠭᠡ | ᠵᠠᠩᠭᠢ ᠶᠢᠨ ᠲᠠᠪᠴᠠᠩ ᠳᠤ ᠲᠦᠰᠢᠭᠯᠡᠨ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠥᠪ ︵ᠥᠷᠲᠡᠭᠡ︶ ᠤᠨ ᠡᠳᠦᠷ ᠲᠤᠲᠤᠮ ᠤᠨ ᠡᠵᠡᠩᠨᠡᠯᠲᠡ᠂ ᠠᠮᠤᠷ ᠲᠦᠪᠰᠢᠨ ᠤ ᠬᠠᠮᠢᠶᠠᠷᠤᠯᠲᠠ ᠪᠠ | ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠥᠯᠢ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠵᠡᠷᠭᠡ ᠳᠡᠰ ᠢ ᠦᠨᠡᠯᠡᠨ | ᠲᠣᠭᠲᠠᠭᠠᠬᠤ᠂ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ | ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠪᠤᠶᠢᠵᠢᠭᠤᠯᠤᠨ ᠬᠥᠭᠵᠢᠭᠦᠯᠵᠦ᠂ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠪᠠᠷ ᠬᠠᠮᠵᠢᠨ ᠨᠠᠰᠤᠵᠢᠯ ᠤᠨ ᠦᠢᠯᠡᠴᠢᠯᠡᠭᠡᠨ ᠤ | ᠠᠵᠢᠯ ᠲᠥᠷᠥᠯ ᠤᠨ ᠬᠥᠮᠦᠵᠢᠯ ᠪᠣᠯᠪᠠᠰᠤᠷᠠᠭᠤᠯᠤᠯ᠂ ᠪᠠᠷᠢᠮᠵᠢᠶ᠎ᠠ ᠲᠣᠭᠲᠠᠭᠠᠬᠤ᠂ ᠦᠨᠡᠯᠡᠨ ᠵᠢᠱᠢᠵᠦ ᠭᠡᠷᠡᠴᠢᠯᠡᠬᠦ᠂ | ᠶᠠᠰᠤ ᠴᠢᠨᠠᠷ ᠢ ᠬᠢᠨᠠᠨ ᠬᠠᠮᠢᠶᠠᠷᠬᠤ ᠵᠡᠷᠭᠡ ᠠᠵᠢᠯ ᠢ ᠥᠷᠨᠢᠭᠦᠯᠦᠨ᠎ᠡ᠃ | ︵ᠭᠤᠷᠪᠠ︶ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠦᠨᠳᠦᠰᠦᠨ ᠲᠦᠷᠢᠮ ᠢ | ᠪᠦᠷᠢᠨᠰᠢᠬᠦᠯᠦᠨ᠎ᠠ | 7. ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠩᠰᠠ | ᠬᠠᠭᠤᠳᠠᠰᠤ ᠪᠠ ᠦᠢᠯᠡᠴᠢᠯᠡᠭᠡᠨ ᠤ ᠨᠥᠬᠦᠪᠥᠷᠢ ᠶᠢᠨ ᠳᠥᠷᠢᠮ ᠢ ᠲᠡᠭᠦᠯᠳᠡᠷᠵᠢᠭᠦᠯᠦᠨ᠎ᠡ᠃ ︽ᠬᠤᠷᠢᠭ᠎ᠠ ᠱᠤᠭᠤᠮ ᠢ | ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ︾ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠬᠦᠢᠴᠡᠳᠭᠡᠵᠦ᠂ | ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠡᠷᠡᠭᠵᠢᠭᠦᠯᠬᠦ ᠨᠠᠷᠢᠨ ᠲᠦᠷᠢᠮ ᠢ | ᠲᠣᠭᠲᠠᠭᠠᠵᠤ᠂ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠶᠢᠨ ᠲᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠬᠦᠴᠢᠷᠳᠡᠯᠲᠡᠶ ᠪᠠ ᠤᠨᠴᠠᠭᠠᠢ ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠲᠤᠯᠠᠨ᠎ᠠ᠃ | 8. ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠦᠢᠯᠡᠴᠢᠯᠡᠭᠡ ᠶᠢ ᠦᠨᠡᠯᠡᠨ ᠵᠢᠱᠢᠬᠦ ᠲᠦᠷᠢᠮ ᠢ | ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠨᠡᠯᠡᠨ ᠵᠢᠱᠢᠬᠦ ᠠᠵᠢᠯ ᠤᠨ ᠰᠢᠰᠲ᠋ᠧᠮᠵᠢ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ | ᠵᠢᠱᠢᠬᠦ ᠪᠠ ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠨ᠂ ᠠᠵᠢᠯ | ᠲᠥᠷᠥᠯ ᠤᠨ ᠪᠠᠷᠢᠮᠵᠢᠶ᠎ᠠ ᠪᠠ ᠨᠠᠰᠤᠲᠠᠶᠢᠴᠤᠳ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠦᠨᠳᠦᠰᠦᠯᠡᠨ᠂ | ᠨᠠᠰᠤᠲᠠᠶᠢᠴᠤᠳ ᠤᠨ ᠴᠢᠳᠠᠪᠤᠷᠢ ᠪᠠᠨ ᠠᠯᠳᠠᠭᠰᠠᠨ ᠲᠠᠰ ᠵᠢᠴᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ | ᠲᠥᠷᠥᠯ ᠬᠡᠯᠪᠡᠷᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠭᠥᠷᠳᠡᠬᠦ ᠪᠠᠷᠢᠮᠵᠢᠶ᠎ᠠ ᠵᠡᠷᠭᠡ ᠶᠢ | ᠵᠦᠶ ᠵᠣᠬᠢᠰᠲᠠᠶ ᠲᠣᠭᠲᠠᠭᠠᠵᠤ᠂ ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠥᠷᠨᠢᠭᠦᠯᠬᠦ ᠳᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠲᠤᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠥᠯᠡᠯ ᠬᠠᠩᠭᠠᠬᠤ ᠬᠡᠷᠡᠭᠲᠡᠢ᠃ | 9. ᠵᠠᠰᠠᠭ ᠤᠨ ᠣᠷᠳᠣᠨ ᠠᠴᠠ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠬᠤᠳᠠᠯᠳᠤᠨ ᠠᠪᠬᠤ ᠳᠥᠷᠢᠮ ᠢ ᠲᠡᠭᠦᠯᠳᠡᠷᠵᠢᠭᠦᠯᠦᠨ᠎ᠡ᠃ ᠵᠠᠰᠠᠭ ᠤᠨ ᠤᠷᠳᠤᠨ ᠤ ᠬᠤᠳᠠᠯᠳᠤᠨ | ᠠᠪᠬᠤ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠢᠯᠣᠭᠤᠳᠬᠤ ᠴᠢᠨᠠᠷᠲᠠᠶ | ᠭᠠᠷᠴᠠᠭ ᠢ ᠣᠨᠣᠪᠴᠢᠲᠠᠶ ᠲᠣᠭᠲᠠᠭᠠᠵᠤ᠂ ᠭᠦᠴᠢᠷᠳᠡᠯᠳᠡᠢ ᠪᠠ ᠣᠨᠴᠠᠭᠠᠶ ᠨᠠᠰᠤᠲᠠᠶᠢᠴᠤᠳ ᠤᠨ ᠦᠨᠳᠦᠰᠦᠨ ᠭᠡᠷ | ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ | ᠬᠡᠪᠴᠢᠶᠡᠨ ᠳᠤ ᠤᠷᠢᠳ ᠢᠶᠠᠷ ᠣᠷᠣᠭᠤᠯᠵᠤ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ | ᠬᠤᠭᠤᠯᠠᠨ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠠᠷᠢᠭᠤᠨ ᠴᠡᠪᠡᠷ ᠲᠤ | ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠶᠠᠪᠤᠵᠤ ᠰᠠᠭᠤᠬᠤ ᠳᠤ ᠲᠤᠰᠠᠯᠠᠬᠤ᠂ ᠬᠤᠳᠠᠯᠳᠤᠨ ᠠᠪᠬᠤ ᠳᠤ | ᠲᠤᠰᠠᠯᠠᠬᠤ ᠵᠡᠷᠭᠡ ᠠᠮᠢᠳᠤᠷᠠᠯ ᠤᠨ ᠬᠠᠷᠠᠭᠠᠯᠵᠠᠯ ᠤᠨ ᠦᠢᠯᠡᠴᠢᠯᠡᠭᠡ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ | ᠪᠠᠶᠢᠴᠠᠭᠠᠯᠲᠠ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠡᠷᠡᠭᠦᠯ ᠮᠡᠨᠳᠦ ᠶᠢᠨ ᠵᠢᠯᠣᠭᠤᠳᠣᠯᠭ᠎ᠠ᠂ | ᠡᠷᠡᠭᠦᠯᠵᠢᠯ ᠤᠨ ᠰᠤᠪᠢᠯᠠᠯᠲᠠ ᠵᠡᠷᠭᠡ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡ ᠵᠢᠴᠢ ᠨᠠᠰᠤᠲᠠᠶᠢᠴᠤᠳ ᠢ | ᠲᠤᠰᠠᠯᠠᠬᠤ ᠬᠤᠭᠤᠯᠠᠨ ᠬᠡᠷ᠂ ᠨᠠᠰᠤᠵᠢᠯ ᠤᠨ ᠠᠰᠠᠷᠠᠮᠵᠢ ᠶᠢᠨ ᠦᠨᠡᠯᠡᠨ ᠵᠢᠱᠢᠯᠲᠡ ᠵᠡᠷᠭᠡ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠭᠤᠤᠯᠳᠠᠯᠭ᠎ᠠ ᠲᠠᠢ ᠬᠤᠳᠠᠯᠳᠤᠨ ᠠᠪᠤᠨ᠎ᠠ᠃ ᠳᠠᠭᠠᠭᠠᠨ ᠵᠣᠯᠭᠠᠭᠤᠯᠬᠤ ᠲᠠᠯ᠎ᠠ ᠶᠢᠨ | ᠦᠢᠯᠡᠴᠢᠯᠡᠭᠡᠨ ᠤ ᠦᠢᠯᠡ ᠠᠵᠢᠯᠯᠠᠭ᠎ᠠ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠶᠢᠨ ᠪᠥᠬᠦ ᠶᠠᠪᠤᠴᠠ ᠶᠢ | ᠮᠥᠷᠳᠡᠨ ᠦᠨᠡᠯᠡᠬᠦ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠶᠢ | ᠴᠢᠩᠭᠠᠳᠬᠠᠬᠤ ᠬᠡᠷᠡᠭᠲᠡᠶ᠃ | ︵ᠳᠥᠷᠪᠡ︶ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠨᠡᠶᠢᠭᠡᠮᠴᠢᠯᠡᠭᠰᠡᠨ | ᠥᠭᠡᠷᠡᠴᠢᠯᠡᠯᠲᠡ ᠶᠢ ᠠᠬᠢᠭᠤᠯᠤᠨ᠎ᠠ | 10. ᠨᠡᠶᠢᠭᠡᠮ ᠤᠨ ᠬᠦᠴᠦᠨ ᠢ ᠪᠤᠶᠢᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠨᠠᠰᠤᠵᠢᠯ ᠤᠨ | ᠦᠢᠯᠡᠴᠢᠯᠡᠭᠡᠨ ᠤ ᠭᠤᠤᠯ ᠴᠣᠭᠴᠠ ᠪᠣᠯᠭᠠᠨ᠎ᠠ᠃ ᠦᠢᠯᠡᠴᠢᠯᠡᠭᠡ ᠬᠤᠳᠠᠯᠳᠤᠨ ᠠᠪᠬᠤ᠂ ᠠᠯᠪᠠᠨ ᠠᠴᠠ ᠪᠠᠶᠢᠭᠤᠯᠵᠤ | ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ᠂ ᠬᠤᠪᠢᠴᠠᠭᠠᠨ ᠤ ᠡᠷᠬᠡ ᠪᠠᠷ | ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠬᠠᠮᠢᠶᠠᠷᠴᠤ ᠡᠵᠡᠩᠨᠡᠬᠦ ᠶᠢ ᠵᠣᠷᠢᠭᠵᠢᠭᠤᠯᠵᠤ᠂ ᠨᠠᠷᠠᠲᠤ ᠲᠡᠮᠳᠡᠭᠵᠢᠭᠰᠡᠨ᠂ | ᠬᠡᠯᠬᠢᠶᠡᠵᠢᠭᠰᠡᠨ᠂ ᠲᠤᠰᠬᠠᠶᠢᠵᠢᠭᠰᠠᠨ᠂ ᠬᠡᠪᠴᠢᠶᠡᠵᠢᠭᠰᠡᠨ ᠲᠠᠭᠠᠭᠤᠯᠤᠭᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ | ᠪᠤᠶᠤ ᠠᠵᠤ ᠠᠬᠤᠶᠢᠯᠠᠯ ᠢ ᠪᠤᠶᠢᠵᠢᠭᠤᠯᠬᠤ ᠪᠠ ᠪᠣᠶ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ ᠭᠤᠤᠯ ᠴᠣᠭᠴᠠ | ᠪᠣᠯᠭᠠᠨ᠎ᠠ᠃ ᠵᠠᠰᠠᠭ ᠤᠨ ᠣᠷᠳᠣᠨ ᠤ ᠵᠢᠯᠣᠭᠤᠳᠣᠯᠭ᠎ᠠ ᠳᠣᠤᠷᠠᠬᠢ ᠨᠠᠰᠤᠵᠢᠯ ᠤᠨ ᠦᠢᠯᠡᠴᠢᠯᠡᠭᠡᠨ ᠤ ᠵᠠᠬ᠎ᠠ | ᠳᠡᠯᠭᠡᠭᠦᠷ ᠤᠨ ᠦᠨ᠎ᠡ ᠲᠣᠭᠲᠠᠭᠠᠬᠤ ᠲᠣᠭᠲᠠᠴᠠ ᠶᠢ ᠪᠠᠶᠢᠭᠤᠯᠵᠤ᠂ ᠭᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ︽ ᠨᠠᠰᠤᠳᠠᠨ ᠢ ᠲᠤᠰᠠᠯᠠᠬᠤ ᠬᠤᠭᠤᠯᠠᠨ ᠬᠡᠷ︾ | ᠤᠨ ᠡᠯ᠎ᠡ ᠲᠥᠷᠥᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠦᠨ᠎ᠡ ᠬᠠᠩᠰᠢ ᠶᠢ ᠨᠡᠶᠢᠭᠡᠮ ᠳᠤ ᠢᠯᠡ | ᠪᠣᠯᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ | 11. ᠨᠠᠰᠤᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠤᠶᠢᠵᠢᠭᠤᠯᠤᠨ ᠳᠡᠮᠵᠢᠨ᠎ᠡ᠃ | ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ᠂ ᠵᠠᠬ᠎ᠠ | ᠳᠡᠯᠭᠡᠭᠦᠷ ᠤᠨ ᠬᠦᠴᠦᠨ ᠢᠶᠠᠷ ᠳᠠᠮᠵᠢᠭᠤᠯᠤᠨ᠂ ᠲᠥᠷᠥᠯ ᠵᠦᠢᠯ ᠤᠨ ᠠᠵᠢᠯᠯᠠᠭᠠᠨ ᠢ ᠬᠡᠷᠡᠭᠵᠢᠭᠦᠯᠦᠨ᠎ᠡ︔ ᠲᠣᠰ | ᠭᠠᠵᠠᠷ ᠣᠷᠣᠨ ᠤ ᠪᠠᠨ ᠨᠠᠷᠠᠲᠤ ᠲᠡᠮᠳᠡᠭᠴᠢᠯᠡᠭᠰᠡᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠭᠡᠷ ᠪᠥᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ ᠬᠥᠭᠵᠢᠭᠦᠯᠦᠨ᠎ᠡ︔ | ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠭᠤᠤᠯ ᠴᠣᠭᠴᠠ ᠶᠢᠨ ᠣᠯᠠᠨ ᠡᠰᠢᠵᠢᠭᠰᠡᠨ ᠬᠥᠭᠵᠢᠯᠲᠡ ᠶᠢ | ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠯᠭᠠᠨ ᠵᠣᠯᠭᠠᠭᠤᠯᠬᠤ᠂ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ᠂ | ᠨᠠᠰᠤᠳᠠᠨ ᠢ ᠲᠤᠰᠠᠯᠠᠬᠤ ᠬᠤᠭᠤᠯᠠᠨ ᠲᠢᠩᠬᠢᠮ ᠵᠡᠷᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠤᠤᠯ | ᠴᠣᠭᠴᠠ ᠶᠢᠨ ᠤᠰᠤ᠂ ᠴᠠᠬᠢᠯᠭᠠᠨ᠂ ᠳᠤᠯᠠᠭᠠᠯᠠᠮᠵᠢ᠂ ᠨᠡᠭᠦᠷᠡᠰᠦᠨ ᠬᠡᠶ ᠳᠤ ᠰᠠᠭᠤᠭᠠᠯᠢ ᠠᠷᠠᠳ ᠤᠨ ᠲᠥᠷᠥᠯ ᠤᠨ | ᠦᠨ᠎ᠡ ᠬᠠᠩᠰᠢ ᠶᠢ ᠬᠡᠷᠡᠭᠵᠢᠭᠦᠯᠦᠨ᠎ᠡ᠃ ᠣᠲᠣ ᠶᠢᠨ ᠪᠠᠶᠢᠭ᠎ᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ᠂ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠷ ᠨᠠᠰᠤᠵᠢᠯ ᠤᠨ | ᠦᠢᠯᠡᠴᠢᠯᠡᠭᠡᠨ ᠤ ᠭᠤᠤᠯ ᠴᠣᠭᠴᠠ ᠳᠤ ᠰᠦᠢᠳᠭᠡᠯ ᠦᠭᠡᠢ᠂ ᠬᠢᠮᠳᠠ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠳᠦᠷᠶᠡᠰᠦᠯᠡᠨ ᠬᠡᠷᠡᠭᠯᠡᠬᠦ ᠡᠷᠬᠡ ᠥᠭᠭᠦᠨ᠎ᠡ᠃ | ︵ᠲᠠᠪᠤ︶ ᠭᠡᠷ ᠪᠥᠯᠢ ᠪᠠ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ | 12. ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠭᠡᠮ ᠲᠣᠭᠤᠷᠢᠭ ᠲᠤ ᠣᠷᠣᠵᠤ | ᠨᠠᠰᠤᠲᠠᠶᠢᠴᠤᠳ ᠲᠤ ᠦᠢᠯᠡᠴᠢᠯᠡᠬᠦ ᠠᠵᠢᠯ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠥᠪ ︵ᠥᠷᠲᠡᠭᠡ︶ ᠲᠠᠢ ᠭᠡᠷ᠎ᠡ ᠲᠣᠭᠲᠠᠨ ᠦᠢᠯᠡᠴᠢᠯᠡᠬᠦ ᠨᠣᠷᠮ᠎ᠠ ᠶᠢ 100% ᠳᠤ ᠬᠦᠷᠭᠡᠵᠦ᠂ | ᠨᠠᠰᠤᠲᠠᠶᠢᠴᠤᠳ ᠤᠨ ᠤᠷᠢᠳᠴᠢᠯᠠᠨ ᠪᠣᠯᠵᠣᠵᠤ ᠡᠮᠨᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠪᠦᠬᠦᠯᠢ | 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ | ᠨᠠᠰᠤᠲᠠᠶᠢᠴᠤᠳ ᠤᠨ ᠡᠪᠡᠳᠴᠢᠨ ᠢ ᠵᠢᠯᠣᠭᠤᠳᠬᠤ ᠪᠠ ᠬᠠᠮᠢᠶᠠᠷᠬᠤ ᠶᠢ ᠴᠢᠩᠭᠠᠳᠬᠠᠨ᠂ ᠨᠥᠬᠦᠴᠡᠯ ᠳᠤ ᠨᠡᠶᠢᠴᠡᠬᠦ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠢᠭ | ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠨᠠᠰᠤᠵᠢᠯ ᠤᠨ ᠲᠥᠪ ᠤᠨ ᠳᠣᠲᠣᠭᠠᠳᠤ ᠳᠤ ᠡᠮᠴᠢᠯᠡᠭᠡᠨ ᠤ ᠭᠠᠵᠠᠷ᠂ | ᠡᠷᠡᠭᠦᠯ ᠬᠠᠮᠠᠭᠠᠯᠠᠯ ᠤᠨ ᠭᠠᠵᠠᠷ ︵ᠲᠠᠰᠤᠭ︶᠂ ᠡᠮᠨᠡᠯᠭᠡ ᠶᠢᠨ ᠶᠠᠪᠤᠳᠠᠯ ᠤᠨ ᠲᠠᠰᠤᠭ᠂ ᠰᠤᠪᠢᠯᠠᠯᠲᠠ ᠶᠢᠨ | ᠥᠷᠲᠡᠭᠡ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠵᠤ᠂ ᠳᠡᠩᠰᠡᠯᠡᠨ ᠬᠠᠮᠢᠶᠠᠷᠬᠤ ᠶᠢ | ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠵᠢᠴᠢ | ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠨᠠᠰᠤᠵᠢᠯ ᠤᠨ ᠦᠢᠯᠡᠴᠢᠯᠡᠭᠡᠨ ᠳᠤ ᠣᠷᠣᠯᠴᠠᠬᠤ ᠶᠢ ᠤᠷᠮᠠᠰᠢᠭᠤᠯᠬᠤ | ᠪᠠᠶᠢᠭᠤᠯᠤᠮᠵᠢ ᠶᠢ ᠪᠠᠶᠢᠭᠤᠯᠤᠨ᠎ᠠ᠃ | 13. ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠠᠰᠤᠲᠠᠶᠢᠴᠤᠳ ᠤᠨ ᠭᠡᠷ ᠪᠦᠯᠢ ᠳᠤ ᠨᠡᠪᠳᠡᠷᠡᠬᠦ ᠶᠢ | ᠲᠦᠯᠬᠢᠨ ᠠᠬᠢᠭᠤᠯᠤᠨ᠎ᠠ᠃ ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠰᠤᠪᠢᠯᠠᠯᠲᠠ᠂ | ᠡᠷᠡᠭᠦᠯᠵᠢᠯ ᠵᠡᠷᠭᠡ ᠦᠢᠯᠡᠴᠢᠯᠡᠭᠡ ᠶᠢ ᠨᠠᠰᠤᠲᠠᠶᠢᠴᠤᠳ ᠤᠨ ᠬᠡᠷ ᠪᠦᠯᠢ ᠳᠤ ᠬᠦᠷᠲᠡᠯ᠎ᠡ ᠤᠷᠲᠤᠳᠬᠠᠬᠤ ᠶᠢ ᠳᠡᠮᠵᠢᠵᠦ᠂ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ︽ᠬᠡᠷ ᠪᠦᠯᠢ ᠶᠢᠨ ᠡᠪᠡᠳᠴᠢᠲᠡᠨ ᠤ ᠣᠷᠣ︾ ᠪᠠᠶᠢᠭᠤᠯᠵᠤ | ᠥᠭᠬᠦ ᠶᠢ ᠰᠦᠪᠡᠭᠴᠢᠯᠡᠨ᠎ᠡ︔ ︽ᠲᠤᠰᠬᠠᠶ ᠰᠠᠯᠠᠭᠠᠨ ᠤ ᠡᠮᠴᠢ + ᠶᠡᠷᠦᠩᠬᠡᠶ ᠰᠠᠯᠠᠭᠠᠨ ᠤ ᠡᠮᠴᠢ + ᠡᠷᠡᠭᠦᠯ | ᠮᠡᠨᠳᠦ ᠶᠢᠨ ᠬᠠᠮᠢᠶᠠᠷᠤᠭᠴᠢ ︵ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ | ᠵᠡᠷᠭᠡ︶︾ ᠬᠡᠷ ᠪᠦᠯᠢ ᠶᠢᠨ ᠡᠮᠴᠢ ᠶᠢᠨ ᠭᠠᠷ ᠤᠨ ᠥᠰᠥᠭ ᠵᠢᠷᠤᠬᠤ ᠮᠠᠶ᠋ᠢᠭ ᠤᠨ ᠦᠢᠯᠡᠴᠢᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠨᠠᠰᠤᠲᠠᠶᠢᠴᠤᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ | ᠬᠡᠷ ᠲᠤᠨᠢ ᠬᠦᠷᠴᠦ ᠲᠣᠭᠤᠷᠢᠨ ᠡᠮᠴᠢᠯᠡᠬᠦ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠡᠷᠡᠭᠦᠯ | ᠮᠡᠨᠳᠦ ᠶᠢᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ | ︵ᠵᠢᠷᠭᠤᠭ᠎ᠠ︶ ᠨᠠᠰᠤᠲᠠᠶᠢᠴᠤᠳ ᠤᠨ ᠰᠠᠭᠤᠷᠢᠰᠢᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠤ ᠪᠥᠳᠥᠭᠡᠨ | ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ | 14. ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ︵ ᠰᠠᠭᠤᠭᠠᠯᠢ︶ ᠲᠣᠭᠤᠷᠢᠭ ᠪᠦᠬᠦᠨ ᠳᠤ᠂ | ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ | ᠪᠥᠲᠥᠭᠡᠨ ᠪᠠᠶᠢᠭᠤᠯᠬᠤ ᠶᠢᠨ ᠬᠠᠮᠲᠤ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠯᠤᠭ᠎ᠠ ᠵᠡᠷᠭᠡ ᠪᠠᠷ | ᠲᠥᠯᠥᠪᠵᠢᠭᠦᠯᠵᠦ᠂ ᠢᠵᠢᠯ ᠠᠯᠬᠤᠮ ᠢᠶᠠᠷ ᠪᠥᠲᠥᠭᠡᠨ ᠪᠠᠶᠢᠭᠤᠯᠵᠤ᠂ ᠵᠡᠷᠭᠡ ᠪᠠᠷ ᠰᠢᠯᠭᠠᠨ ᠬᠤᠷᠢᠶᠠᠵᠤ᠂ ᠵᠡᠷᠭᠡ ᠪᠠᠷ | ᠲᠤᠰᠢᠶᠠᠨ ᠬᠡᠷᠡᠭᠯᠡᠭᠦᠯᠬᠦ ᠬᠡᠷᠡᠭᠲᠡᠶ︔ ᠬᠠᠭᠤᠴᠢᠨ ᠬᠤᠲᠠ ᠶᠢᠨ ᠲᠣᠭᠤᠷᠢᠭ ᠪᠠ ᠨᠢᠭᠡᠨᠲᠡ ᠪᠠᠶᠢᠭᠤᠯᠤᠭᠰᠠᠨ ᠣᠷᠣᠨ | ᠰᠠᠭᠤᠴᠠ ︵ᠰᠠᠭᠤᠭᠠᠯᠢ︶ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠᠶᠢᠬᠤ ᠥᠬᠡᠶ ᠪᠤᠶᠤ | ᠣᠲᠣ ᠶᠢᠨ ᠪᠠᠶᠢᠭ᠎ᠠ ᠪᠡᠯᠡᠳᠬᠡᠮᠵᠢ ᠨᠢ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠬᠦᠢᠴᠡᠳᠭᠡᠬᠦ | ᠲᠤᠭ᠎ᠠ ᠶᠢᠨ ᠱᠠᠭᠠᠷᠳᠠᠯᠭ᠎ᠠ ᠳᠤ ᠬᠥᠷᠬᠦ ᠥᠬᠡᠶ ᠪᠠᠶᠢᠪᠠᠯ᠂ ᠠᠯᠬᠤᠮ ᠠᠯᠬᠤᠮ ᠢᠶᠠᠷ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠨᠡᠭᠡᠭᠡᠵᠦ᠂ ᠪᠤᠰᠤᠳ ᠵᠦᠢᠯ ᠳᠤ ᠨᠡᠭᠦᠯᠭᠡᠨ | ᠬᠡᠷᠡᠭᠯᠡᠵᠦ ᠪᠣᠯᠬᠤ ᠥᠬᠡᠶ᠃ ᠬᠠᠭᠤᠴᠢᠨ ᠪᠠ ᠬᠠᠭᠤᠴᠢᠷᠬᠠᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ | ᠰᠠᠭᠠᠳ ᠥᠬᠡᠶ ᠨᠡᠪᠳᠡᠷᠡᠬᠦ ᠶᠢ ᠦᠭᠡᠷᠡᠴᠢᠯᠡᠨ ᠪᠠᠶᠢᠭᠤᠯᠬᠤ ᠪᠠ ᠬᠡᠷ ᠪᠦᠯᠢ ᠶᠢᠨ ᠨᠠᠰᠤᠲᠠᠶᠢᠴᠤᠳ ᠲᠤ ᠳᠣᠭᠢᠷᠠᠬᠤ | ᠪᠡᠯᠡᠳᠬᠡᠮᠵᠢ ᠶᠢ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠴᠢᠯᠠᠭᠤᠨ | ᠨᠠᠯᠠᠤ ᠵᠠᠮ᠂ ᠬᠦᠷᠳᠦᠲᠦ ᠰᠠᠨᠳᠠᠯᠢ ᠶᠢᠨ ᠨᠠᠯᠠᠤ ᠵᠠᠮ᠂ ᠣᠯᠠᠨ ᠨᠡᠶᠢᠲᠡ ᠶᠢᠨ ᠣᠷᠣᠵᠤ ᠭᠠᠷᠬᠤ ᠡᠭᠦᠳᠡ᠂ ᠶᠠᠪᠠᠭᠠᠨ | ᠵᠠᠮ᠂ ᠠᠰᠠᠷ ᠤᠨ ᠱᠠᠲᠤ᠂ ᠴᠠᠬᠢᠯᠭᠠᠨ ᠱᠠᠲᠤ ᠶᠢᠨ ᠱᠠᠲᠤ ᠬᠦᠯᠢᠶᠡᠬᠦ ᠲᠢᠩᠬᠢᠮ ᠵᠢᠴᠢ ᠴᠠᠬᠢᠯᠭᠠᠨ ᠱᠠᠲᠤ ᠶᠢᠨ ᠰᠡᠤᠭᠡ | ᠦᠷᠦᠭᠡ ᠵᠡᠷᠭᠡ ᠪᠡᠯᠡᠳᠬᠡᠮᠵᠢ ᠪᠠ ᠣᠷᠣᠨ ᠪᠠᠶᠢᠷᠢ ᠶᠢᠨ ᠰᠠᠭᠠᠳ ᠥᠬᠡᠶ ᠨᠡᠪᠳᠡᠷᠡᠬᠦ ᠶᠢ ᠥᠭᠡᠷᠡᠴᠢᠯᠡᠬᠦ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠵᠦ᠂ ᠨᠠᠰᠤᠲᠠᠶᠢᠴᠤᠳ ᠤᠨ ᠣᠷᠣᠰᠢᠨ ᠰᠠᠭᠤᠬᠤ ᠬᠠᠷᠢᠴᠠᠯ ᠢᠶᠠᠷ ᠥᠨᠳᠥᠷ ᠣᠷᠣᠨ | ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠶᠢ ᠤᠷᠢᠳᠠᠪᠠᠷ ᠳᠡᠮᠵᠢᠨ᠎ᠡ᠃ 2025 ᠣᠨ | ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠪᠡᠯᠡᠳᠬᠡᠮᠵᠢ ᠪᠣᠯᠤᠨ ᠨᠠᠰᠤᠲᠠᠶᠢᠴᠤᠳ ᠲᠤ | ᠬᠤᠯᠪᠣᠭᠳᠠᠬᠤ ᠪᠡᠯᠡᠳᠬᠡᠮᠵᠢ ᠶᠢᠨ ᠰᠠᠭᠠᠳ ᠥᠬᠡᠶ ᠪᠠᠶᠢᠬᠤ ᠨᠣᠷᠮ᠎ᠠ ᠶᠢ 100% ᠳᠤ ᠬᠦᠷᠦᠭᠦᠯᠵᠦ᠂ ᠨᠢᠭᠡᠨᠲᠡ | ᠪᠠᠶᠢᠭᠤᠯᠤᠭᠰᠠᠨ ᠣᠯᠠᠨ ᠨᠡᠶᠢᠲᠡ ᠶᠢᠨ ᠪᠡᠯᠡᠳᠬᠡᠮᠵᠢ ᠪᠣᠯᠤᠨ ᠨᠠᠰᠤᠲᠠᠶᠢᠴᠤᠳ ᠲᠤ ᠬᠤᠯᠪᠣᠭᠳᠠᠬᠤ ᠪᠡᠯᠡᠳᠬᠡᠮᠵᠢ ᠶᠢᠨ | ᠰᠠᠭᠠᠳ ᠥᠬᠡᠶ ᠪᠠᠶᠢᠬᠤ ᠨᠣᠷᠮ᠎ᠠ ᠶᠢ 50% ᠳᠤ ᠬᠦᠷᠦᠭᠦᠯᠦᠨ᠎ᠡ᠃ | 15. ᠡᠷᠡᠭᠦᠯᠵᠢᠯ ᠨᠠᠰᠤᠵᠢᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠰᠢᠨ᠎ᠡ ᠲᠣᠭᠤᠷᠢᠭ ᠤᠨ | ᠨᠠᠰᠤᠲᠠᠶᠢᠴᠤᠳ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ | ᠵᠢᠴᠢ ᠰᠢᠯᠢᠨᠢ ᠾᠧ ᠶᠤᠸᠠᠨ ᠣᠯᠠᠨ ᠤᠯᠤᠰ ᠤᠨ ᠨᠠᠰᠤᠵᠢᠯ ᠤᠨ ᠲᠥᠪ ᠵᠡᠷᠭᠡ ᠨᠠᠰᠤᠵᠢᠯ ᠤᠨ ᠠᠰᠠᠷᠠᠮᠵᠢ ᠶᠢᠨ | ᠲᠥᠷᠥᠯ ᠵᠦᠢᠯ ᠢ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ ᠬᠡᠷ ᠪᠦᠯᠢ᠂ ᠨᠡᠶᠢᠭᠡᠮ ᠲᠣᠭᠤᠷᠢᠭ ᠪᠠ | ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠠᠰᠤᠵᠢᠯ ᠤᠨ | ᠠᠰᠠᠷᠠᠮᠵᠢ ᠶᠢᠨ ᠠᠵᠤ ᠦᠶ᠋ᠯᠡᠰ ᠤᠨ ᠬᠥᠭᠵᠢᠯᠲᠡ ᠶᠢᠨ ᠬᠡᠯᠬᠢᠶ᠎ᠡ ᠶᠢ ᠤᠷᠲᠤᠳᠬᠠᠨ᠂ ᠵᠢᠭᠤᠯᠴᠢᠯᠠᠵᠤ ᠰᠠᠭᠤᠭ᠎ᠠ | ᠨᠠᠰᠤᠵᠢᠯ ᠤᠨ ᠠᠰᠠᠷᠠᠮᠵᠢ᠂ ᠮᠠᠯᠵᠢᠬᠤ ᠣᠷᠣᠨ ᠤ ᠪᠡᠶᠡᠴᠢᠯᠡᠨ ᠣᠶᠢᠯᠠᠭᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ | ᠵᠡᠷᠭᠡ ᠶᠢ ᠶᠡᠬᠡᠪᠡᠷ ᠬᠥᠭᠵᠢᠭᠦᠯᠵᠦ᠂ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ︵ᠲᠤᠯᠤᠭ᠎ᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠶ | 16. ᠲᠤᠰᠬᠠᠶ ᠪᠠ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠶᠢᠨ ᠡᠩᠨᠡᠭᠡ ᠶᠢ ᠲᠣᠬᠢᠷᠠᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢ ᠪᠤᠶᠢᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ | ᠬᠥᠭᠵᠢᠭᠦᠯᠦᠨ᠎ᠡ᠃ ᠠᠵᠢᠯ ᠡᠷᠭᠢᠯᠡᠭᠰᠡᠳ ᠤᠨ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠪᠠ ᠲᠤᠰᠬᠠᠶ ᠮᠡᠷᠭᠡᠵᠢᠯ ᠤᠨ | ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠣᠯᠠᠨ ᠡᠰᠢᠲᠦ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ | ᠬᠥᠭᠵᠢᠬᠦ ᠦᠢᠯᠡᠴᠢᠯᠡᠭᠡᠨ ᠤ ᠡᠩᠨᠡᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ | ᠠᠵᠢᠯ ᠮᠡᠷᠭᠡᠵᠢᠯ ᠤᠨ ᠮᠡᠳᠡᠷᠡᠮᠵᠢ ᠶᠢ ᠳᠡᠭᠡᠭᠰᠢᠯᠡᠭᠦᠯᠦᠨ᠎ᠡ᠃ | ᠲᠠᠪᠤ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ | ︵ᠨᠢᠭᠡ︶ ᠬᠤᠲᠠ ᠶᠢᠨ ᠤᠶᠤᠨᠲᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ︵ᠵᠢᠯᠣᠭᠤᠳᠤᠨ ᠳᠣᠭᠢᠷᠠᠭᠤᠯᠬᠤ | ᠲᠥᠪ ᠲᠤ ᠰᠢᠭᠢᠳᠬᠡᠨ ᠣᠷᠣᠭᠤᠯᠤᠨ᠎ᠠ︶ | ᠰᠢᠨ᠎ᠡ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ | ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠳᠤ ᠲᠦᠰᠢᠭᠯᠡᠨ᠂ ᠪᠦᠬᠦ ᠬᠤᠲᠠ ᠶᠢᠨ ᠤᠶᠤᠨᠲᠤ ᠨᠠᠰᠤᠵᠢᠯ ᠤᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠠᠭᠤᠳᠠᠯᠲᠠ ᠶᠢᠨ ᠦᠢᠯᠡᠴᠢᠯᠡᠭᠡᠨ ᠤ ᠲᠥᠪ᠂ ᠬᠦᠯᠢᠶᠡᠨ ᠠᠪᠬᠤ | ᠯᠠᠪᠯᠠᠭ᠎ᠠ ᠶᠢᠨ ᠲᠥᠪ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠥᠪ᠂ ᠦᠢᠯᠡᠴᠢᠯᠡᠭᠡᠨ ᠤ ᠵᠢᠯᠣᠭᠤᠳᠬᠤ ᠲᠥᠪ | ᠂ ᠶᠠᠰᠤ ᠴᠢᠨᠠᠷ ᠢ ᠬᠢᠨᠠᠨ ᠡᠵᠡᠮᠳᠡᠬᠦ ᠲᠥᠪ ᠵᠡᠷᠭᠡ ᠴᠢᠳᠠᠮᠵᠢ ᠶᠢᠨ ᠲᠠᠰᠤᠭ ᠪᠠᠶᠢᠭᠤᠯᠵᠤ᠂ ᠠᠶᠢᠮᠠᠭ ᠤᠨ ᠲᠠᠰ ᠤᠨ | ᠲᠠᠪᠴᠠᠩ ᠢ ᠬᠤᠯᠪᠣᠵᠤ᠂ ᠨᠠᠰᠤᠲᠠᠶᠢᠴᠤᠳ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠮᠡᠳᠡᠭᠡ | ᠵᠠᠩᠭᠢ ᠶᠢᠨ ᠲᠠᠪᠴᠠᠩ ᠤᠨ ᠠᠵᠢᠯᠯᠠᠭᠠᠨ ᠢ ᠬᠠᠮᠠᠭᠠᠯᠠᠬᠤ᠂ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ᠂ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠴᠠᠭᠤᠯᠤᠨ ᠨᠡᠪᠲᠡᠷᠡᠯᠴᠡᠬᠦ᠂ ᠬᠠᠮᠲᠤᠷᠠᠨ ᠠᠵᠢᠯᠯᠠᠬᠤ | ᠬᠠᠨᠢᠲᠠᠨ ᠲᠠᠢ ᠬᠠᠷᠢᠯᠴᠠᠬᠤ᠂ ᠲᠤᠭ᠎ᠠ ᠪᠠᠷᠢᠮᠲᠠ ᠶᠢ ᠵᠠᠳᠠᠯᠬᠤ ᠪᠠ ᠳᠡᠭᠡᠭᠰᠢ ᠮᠡᠳᠡᠭᠦᠯᠬᠦ᠂ ᠦᠢᠯᠡᠴᠢᠯᠡᠭᠡᠨ ᠤ ᠶᠠᠰᠤ | ᠴᠢᠨᠠᠷ ᠲᠤ ᠬᠢᠨᠠᠯᠲᠠ ᠲᠠᠯᠪᠢᠬᠤ ᠪᠠ ᠰᠢᠯᠭᠠᠨ ᠬᠢᠨᠠᠬᠤ᠂ ᠦᠢᠯᠡᠴᠢᠯᠡᠭᠡᠨ ᠤ ᠶᠠᠰᠤ ᠴᠢᠨᠠᠷ ᠤᠨ ᠵᠠᠭᠠᠯᠳᠤᠯᠭ᠎ᠠ ᠪᠠ | ᠢᠯᠡᠴᠢᠯᠡᠨ ᠮᠡᠳᠡᠭᠦᠯᠬᠦ᠂ ᠬᠠᠭᠤᠴᠢᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠥᠯᠢᠶᠡᠨ ᠠᠪᠴᠤ ᠰᠣᠨᠣᠰᠬᠤ ᠪᠠ | ᠦᠢᠯᠡᠴᠢᠯᠡᠭᠡ ᠶᠢ ᠰᠢᠯᠵᠢᠭᠦᠯᠦᠨ ᠵᠠᠯᠭᠠᠬᠤ᠂ ᠲᠣᠮᠣ ᠳ᠋ᠠᠶᠢᠲ᠋ᠠ ᠪᠠ ᠣᠶᠤᠨᠴᠢ ᠬᠠᠷᠠᠭᠠᠯᠵᠠᠨ ᠬᠠᠷᠠᠭᠠᠯᠵᠠᠵᠤ ᠳᠡᠯᠭᠡᠨ | ᠦᠵᠡᠭᠦᠯᠬᠦ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠨ᠎ᠡ︔ ᠠᠳᠠᠭ ᠲᠠᠭᠠᠨ 4 ᠨᠡᠷᠡᠰ ᠠᠴᠠ ᠳᠡᠭᠡᠭᠰᠢ ᠲᠤᠰᠬᠠᠶ | ᠲᠤᠰᠢᠶᠠᠯᠲᠤ ᠠᠵᠢᠯᠲᠠᠨ ᠢ ᠳᠣᠭᠢᠷᠠᠭᠤᠯᠤᠨ᠎ᠠ᠃ | ︵ᠬᠤᠶᠠᠷ︶ ᠵᠡᠭᠡᠯᠢ ᠭᠤᠳᠤᠮᠵᠢ ᠶᠢᠨ ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ | ᠵᠡᠭᠡᠯᠢ ᠭᠤᠳᠤᠮᠵᠢ ᠶᠢᠨ ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠷᠢᠯᠭ᠎ᠠ ᠶᠢᠨ ᠲᠠᠯᠠᠪᠠᠶ ᠨᠢ | ᠵᠠᠷᠴᠢᠮ ᠳᠡᠭᠡᠷ᠎ᠡ ᠪᠠᠨ 1000 ᠲᠡᠭᠰᠢ ᠳᠥᠷᠪᠡᠯᠵᠢᠨ ᠮᠧᠲᠷ ᠠᠴᠠ ᠲᠡᠭᠡᠭᠰᠢ ᠪᠠᠶᠢᠵᠤ᠂ ᠡᠳᠦᠷ ᠤᠨ | ᠬᠠᠷᠠᠭᠠᠯᠵᠠᠬᠤ ᠣᠷᠣ ᠶᠢ 10 ᠠᠴᠠ ᠳᠡᠭᠡᠭᠰᠢ ᠭᠠᠷᠭᠠᠵᠤ ︵ᠱᠠᠹᠠ ᠣᠷᠣ᠂ ᠬᠡᠪᠲᠡᠭᠡ ᠰᠠᠨᠳᠠᠯᠢ ᠪᠠᠶᠢᠵᠤ ᠪᠣᠯᠤᠨ᠎ᠠ᠂ | ᠵᠣᠬᠢᠬᠤ ᠬᠥᠨᠵᠢᠯᠡ ᠳᠡᠪᠢᠰᠬᠡᠷ ᠵᠡᠷᠭᠡ ᠣᠷᠣ ᠳᠡᠭᠡᠷᠡᠬᠢ ᠬᠡᠷᠡᠭᠰᠡᠯ ᠢ ᠲᠣᠬᠢᠷᠠᠭᠤᠯᠤᠨ᠎ᠠ︶ ᠲᠣᠬᠢᠷᠠᠭᠤᠯᠣᠨ᠎ᠠ᠂ ᠨᠡᠶᠢᠭᠡᠮ | ᠲᠣᠭᠤᠷᠢᠭ ᠢ 3 ᠠᠴᠠ ᠳᠡᠭᠡᠭᠰᠢ ᠬᠠᠮᠤᠷᠴᠤ᠂ ᠨᠠᠰᠤᠲᠠᠶᠢᠴᠤᠳ ᠢ 2000 ᠬᠥᠮᠦᠨ ᠠᠴᠠ ᠳᠡᠭᠡᠭᠰᠢ ᠬᠠᠮᠤᠷᠴᠤ᠂ | ᠭᠥᠯᠢᠶᠡᠨ ᠠᠪᠬᠤ ᠦᠢᠯᠡᠴᠢᠯᠡᠭᠡᠨ ᠤ ᠲᠥᠪ᠂ ᠡᠷᠡᠭᠦᠯ ᠡᠩᠬᠡ ᠵᠤᠭ᠎ᠠ ᠴᠡᠩᠭᠡᠯ ᠤᠨ ᠲᠠᠯᠠᠪᠤᠷ ᠵᠡᠷᠭᠡ ᠶᠢ ᠪᠠᠶᠢᠭᠤᠯᠤᠨ | ᠂ ᠨᠠᠰᠤᠲᠠᠶᠢᠴᠤᠳ ᠲᠤ ᠲᠤᠰᠬᠠᠶ ᠮᠡᠷᠭᠡᠵᠢᠯ ᠤᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠳᠡᠮᠵᠢᠯᠭᠡ ᠶᠢᠨ | ᠴᠢᠨᠠᠷᠲᠠᠶ ᠦᠢᠯᠡᠴᠢᠯᠡᠭᠡ ᠬᠠᠩᠭᠠᠵᠤ᠂ ᠦᠢᠯᠡᠴᠢᠯᠡᠭᠡ ᠬᠢᠭᠡᠳ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ | ᠵᠣᠯᠭᠠᠭᠤᠯᠬᠤ ᠶᠢ ᠠᠬᠢᠭᠤᠯᠬᠤ ᠶᠢᠨ ᠬᠠᠮᠲᠤ ᠬᠠᠷᠢᠶᠠᠲᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠢᠨᠠᠯᠲᠠ | ᠵᠢᠯᠣᠭᠤᠳᠣᠯᠭ᠎ᠠ ᠶᠢ ᠪᠥᠬᠦ ᠶᠠᠪᠤᠴᠠ ᠳᠤ ᠰᠠᠶᠢᠲᠤᠷ ᠬᠢᠨ᠎ᠠ︔ ᠨᠠᠭᠠᠳᠤ ᠵᠠᠬ᠎ᠠ ᠳᠠᠭᠠᠨ 2 ᠠᠴᠠ ᠳᠡᠭᠡᠭᠰᠢ ᠲᠤᠰᠬᠠᠶ | ᠲᠤᠰᠢᠶᠠᠯᠲᠤ ᠠᠵᠢᠯᠲᠠᠨ ᠵᠢᠴᠢ 2 ᠨᠡᠷᠡᠰ ᠲᠤᠰᠢᠶᠠᠯ ᠬᠠᠪᠰᠤᠷᠭᠠᠭᠰᠠᠨ ᠠᠵᠢᠯᠲᠠᠨ ᠵᠢᠴᠢ ᠡᠳᠦᠶ ᠲᠡᠳᠦᠶ ᠬᠠᠷᠢᠮᠠᠬᠠᠶ | ᠴᠢᠨᠠᠷᠲᠠᠶ ᠠᠵᠢᠯ ᠤᠨ ᠲᠦᠷᠢᠮ ᠤᠨ ᠬᠡᠷ ᠲᠤᠨᠢ ᠬᠦᠷᠬᠦ ᠰᠤᠪᠢᠯᠠᠭᠴᠢ ᠶᠢ ᠳᠣᠭᠢᠷᠠᠭᠤᠯᠤᠨ᠎ᠠ᠃ | ︵ᠭᠤᠷᠪᠠ︶ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠨᠢ ᠨᠡᠶᠢᠭᠡᠮ ᠲᠣᠭᠤᠷᠢᠭ ᠤᠨ ᠵᠢᠭᠰᠠᠭᠠᠯ ᠤᠨ | ᠭᠠᠵᠠᠷ ᠲᠤ ᠲᠦᠰᠢᠭᠯᠡᠬᠦ ᠪᠤᠶᠤ ᠲᠤᠰᠠᠭᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠯᠤᠨ᠎ᠠ᠂ ᠵᠠᠷᠴᠢᠮ | ᠳᠡᠭᠡᠷ᠎ᠡ ᠪᠠᠨ ᠪᠠᠷᠢᠯᠭ᠎ᠠ ᠶᠢᠨ ᠲᠠᠯᠠᠪᠠᠶ ᠨᠢ 350 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠡᠳᠦᠷ | ᠲᠤᠲᠤᠮ ᠤᠨ ᠬᠠᠷᠠᠭᠠᠯᠵᠠᠬᠤ ᠣᠷᠣ ᠨᠢ 5 ᠠᠴᠠ ᠳᠡᠭᠡᠭᠰᠢ ᠪᠠᠶᠢᠵᠤ᠂ ᠭᠥᠯᠢᠶᠡᠨ ᠠᠪᠬᠤ ᠡᠭᠦᠳᠡᠨ ᠲᠢᠩᠬᠢᠮ᠂ ᠪᠡᠶ᠎ᠡ | ᠴᠢᠭᠢᠷᠠᠭᠵᠢᠭᠤᠯᠬᠤ ᠵᠤᠭ᠎ᠠ ᠴᠡᠩᠭᠡᠯ ᠵᠡᠷᠭᠡ ᠦᠢᠯᠡᠴᠢᠯᠡᠭᠡᠨ ᠤ ᠲᠠᠯᠠᠪᠤᠷ ᠢ ᠪᠠᠶᠢᠭᠤᠯᠵᠤ᠂ ᠴᠡᠪᠡᠷᠯᠡᠬᠦ ᠳᠤ ᠲᠤᠰᠠᠯᠠᠬᠤ᠂ | ᠵᠤᠭ᠎ᠠ ᠴᠡᠩᠭᠡᠬᠦ ᠳᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ ᠵᠡᠷᠭᠡ ᠵᠣᠬᠢᠴᠠᠩᠭᠤᠶ ᠦᠢᠯᠡᠴᠢᠯᠡᠭᠡᠨ ᠢ | ᠥᠷᠨᠢᠭᠦᠯᠦᠨ᠎ᠡ︔ ᠨᠠᠭᠠᠳᠤ ᠵᠠᠬ᠎ᠠ ᠳᠠᠭᠠᠨ 1 ᠨᠡᠷᠡᠰ ᠠᠴᠠ ᠳᠡᠭᠡᠭᠰᠢ ᠲᠤᠰᠬᠠᠶ ᠲᠤᠰᠢᠶᠠᠯᠲᠤ ᠠᠵᠢᠯᠲᠠᠨ ᠵᠢᠴᠢ 2 | ᠨᠡᠷᠡᠰ ᠲᠤᠰᠢᠶᠠᠯ ᠬᠠᠪᠰᠤᠷᠭᠠᠭᠰᠠᠨ ᠠᠵᠢᠯᠲᠠᠨ ᠵᠢᠴᠢ ᠡᠳᠦᠶ ᠲᠡᠳᠦᠶ ᠬᠠᠷᠢᠮᠠᠬᠠᠶ ᠴᠢᠨᠠᠷᠲᠠᠶ ᠠᠵᠢᠯ ᠤᠨ ᠲᠦᠷᠢᠮ ᠤᠨ | ᠬᠡᠷ ᠲᠤᠨᠢ ᠬᠦᠷᠬᠦ ᠰᠤᠪᠢᠯᠠᠭᠴᠢ ᠶᠢ ᠳᠣᠭᠢᠷᠠᠭᠤᠯᠤᠨ᠎ᠠ᠃ | ︵ᠲᠥᠷᠪᠡ︶ ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ ᠭᠡᠷ ︵ᠨᠡᠶᠢᠭᠡᠮ ᠲᠣᠭᠤᠷᠢᠭ ᠤᠨ | ᠨᠠᠰᠤᠳᠠᠨ ᠢ ᠲᠤᠰᠠᠯᠠᠬᠤ ᠬᠤᠭᠤᠯᠠᠨ ᠴᠡᠭ︶ | ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ ᠭᠡᠷ ︵ᠳᠣᠷᠣᠭᠰᠢ ︽ᠨᠠᠰᠤᠳᠠᠨ ᠢ ᠲᠤᠰᠠᠯᠠᠬᠤ | ᠬᠤᠭᠤᠯᠠᠨ ᠭᠡᠷ︾ ᠭᠡᠵᠦ ᠲᠣᠪᠴᠢᠯᠠᠨ᠎ᠠ︶ ᠪᠣᠯᠤᠨ ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ | ᠴᠡᠭ ︵ᠳᠣᠷᠣᠭᠰᠢ ︽ ᠲᠤᠰᠠᠯᠠᠬᠤ ᠬᠤᠭᠤᠯᠠᠨ ᠴᠡᠭ︾ ᠭᠡᠵᠦ ᠲᠣᠪᠴᠢᠯᠠᠨ᠎ᠠ︶ ᠢ ᠲᠤᠰᠠᠭᠠᠷ ᠲᠣᠬᠢᠷᠠᠭᠤᠯᠵᠤ | ᠪᠣᠯᠤᠨ᠎ᠠ᠃ ᠪᠠᠰᠠ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ | ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠵᠠᠬ᠎ᠠ ᠳᠡᠯᠭᠡᠭᠦᠷ ᠤᠨ ᠢᠳᠡᠭᠡᠨ ᠤᠮᠳᠠᠭᠠᠨ ᠤ ᠠᠵᠤ ᠠᠬᠤᠶᠢᠯᠠᠯ | ᠵᠡᠷᠭᠡ ᠳᠤ ᠲᠦᠰᠢᠭᠯᠡᠨ ᠳᠣᠭᠢᠷᠠᠭᠤᠯᠵᠤ ᠪᠣᠯᠤᠨ᠎ᠠ᠂ ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ | ᠬᠡᠷ ︵ᠪᠤᠶᠤ ᠲᠤᠰᠠᠯᠠᠬᠤ ᠬᠤᠭᠤᠯᠠᠨ ᠴᠡᠭ︶ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ᠂ ᠨᠠᠰᠤᠲᠠᠨ ᠢ ᠲᠤᠰᠠᠯᠠᠬᠤ ᠺᠠᠷᠲ᠂ ᠪᠠᠩᠬᠢ ᠶᠢᠨ | ᠺᠠᠷᠲ ᠤᠨ ᠬᠡᠷᠡᠭᠯᠡᠯᠲᠡ ᠶᠢ ᠬᠢᠨᠠᠨ ᠬᠠᠮᠢᠶᠠᠷᠬᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ | ᠦᠢᠯᠡᠴᠢᠯᠡᠭᠡᠨ ᠤ ᠬᠢᠨᠠᠨ ᠬᠠᠮᠢᠶᠠᠷᠬᠤ ᠪᠡᠯᠡᠳᠬᠡᠮᠵᠢ ᠶᠢ ᠳᠣᠭᠢᠷᠠᠭᠤᠯᠬᠤ ᠬᠡᠷᠡᠭᠲᠡᠶ᠃ ᠨᠠᠰᠤᠳᠠᠨ ᠢ ᠲᠤᠰᠠᠯᠠᠬᠤ | ᠬᠤᠭᠤᠯᠠᠨ ᠭᠡᠷ ᠲᠤ ᠨᠠᠰᠤᠲᠠᠶᠢᠴᠤᠳ ᠤᠨ ᠬᠤᠭᠤᠯᠠᠨ ᠭᠡᠷ ᠤᠨ ᠬᠤᠭᠤᠯᠠ ᠢᠳᠡᠬᠦ ᠶᠢ ᠬᠠᠩᠭᠠᠬᠤ ᠠᠴᠠ ᠭᠠᠳᠠᠨ᠎ᠠ᠂ | ᠤᠷᠢᠳ ᠢᠶᠠᠷ ᠲᠤᠰ ᠵᠡᠭᠡᠯᠢ ᠭᠤᠳᠤᠮᠵᠢ ᠶᠢᠨ ᠲᠤᠰᠠᠯᠠᠬᠤ ᠬᠤᠭᠤᠯᠠᠨ ᠴᠡᠭ ᠲᠤ ᠲᠣᠬᠢᠷᠠᠭᠤᠯᠤᠨ ᠬᠦᠷᠭᠡᠨ᠎ᠡ᠂ ᠪᠠᠰᠠ | ᠣᠶᠢᠷ᠎ᠠ ᠣᠷᠴᠢᠮ ᠤᠨ ᠨᠡᠶᠢᠭᠡᠮ ᠲᠣᠭᠤᠷᠢᠭ ᠤᠨ ᠲᠤᠰᠠᠯᠠᠬᠤ ᠬᠤᠭᠤᠯᠠᠨ ᠴᠡᠭ ᠲᠤ ᠲᠣᠬᠢᠷᠠᠭᠤᠯᠤᠨ ᠬᠦᠷᠭᠡᠵᠦ | ᠪᠣᠯᠤᠨ᠎ᠠ᠃ ᠲᠤᠰᠠᠯᠠᠬᠤ ᠬᠤᠭᠤᠯᠠᠨ ᠴᠡᠭ ᠨᠢ ᠡᠩ ᠲᠡᠷᠢᠭᠦᠨ ᠳᠤ ᠨᠠᠰᠤᠲᠠᠶᠢᠴᠤᠳ ᠲᠤ ᠦᠢᠯᠡᠴᠢᠯᠡᠨ᠎ᠡ᠂ ᠡᠭᠦᠨ ᠤ | ᠰᠠᠭᠤᠷᠢᠨ ᠳᠡᠭᠡᠷ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠵᠤ ᠪᠣᠯᠤᠨ᠎ᠠ᠃ | ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠡᠬᠢᠯᠡᠭᠦᠯᠦᠨ ᠬᠡᠷᠡᠭᠵᠢᠭᠦᠯᠬᠦ ᠱᠠᠲᠤ ᠦᠶ᠎ᠡ ︵2021 ᠣᠨ ᠤ 3 ᠳ᠋ᠤᠭᠠᠷ ᠰᠠᠷ᠎ᠠ — 2022 | ᠣᠨ ᠤ 3 ᠳ᠋ᠤᠭᠠᠷ ᠰᠠᠷ᠎ᠠ︶᠃ ᠪᠥᠬᠦ ᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠤᠰᠬᠠᠶ ᠰᠡᠳᠦᠪᠲᠦ | ᠬᠤᠷᠠᠯ ᠬᠤᠷᠠᠯᠳᠤᠭᠤᠯᠤᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠵᠤ᠂ ᠡᠭᠦᠷᠭᠡ ᠶᠢ ᠬᠤᠪᠢᠶᠠᠷᠢᠯᠠᠨ᠂ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ ᠵᠡᠭᠡᠯᠢ ᠭᠤᠳᠤᠮᠵᠢ ᠶᠢᠨ ᠰᠤᠯᠠ ᠪᠠᠶᠢᠭ᠎ᠠ ᠬᠡᠷ ᠬᠥᠷᠥᠩᠭᠡ ᠶᠢ | ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ︔ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠨᠠᠰᠤᠲᠠᠶᠢᠴᠤᠳ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠭᠠᠬᠤ ᠪᠠᠶᠢᠴᠠᠭᠠᠯᠲᠠ ᠬᠢᠬᠦ ᠶᠢ ᠦᠷᠨᠢᠭᠦᠯᠦᠨ᠎ᠡ᠃ | ᠲᠦᠭᠡᠮᠡᠯᠵᠢᠭᠦᠯᠵᠤ ᠪᠣᠯᠬᠤ᠂ ᠬᠠᠭᠤᠯᠪᠤᠷᠢᠯᠠᠵᠤ ᠪᠣᠯᠬᠤ᠂ ᠦᠷᠭᠦᠯᠵᠢᠯᠡᠭᠦᠯᠵᠦ ᠪᠣᠯᠬᠤ ᠶᠡᠷᠦᠩᠬᠡᠶᠢᠯᠡᠭᠰᠡᠨ᠂ | ᠲᠤᠰᠬᠠᠶᠢᠵᠢᠭᠰᠠᠨ᠂ ᠨᠠᠷᠠᠲᠤ ᠲᠥᠷᠥᠯ ᠲᠡᠮᠳᠡᠭᠴᠢᠯᠡᠭᠰᠡᠨ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠬᠥᠮᠦᠵᠢᠭᠦᠯᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠎ᠠ᠃ | ︵ᠬᠤᠶᠠᠷ︶ ᠪᠥᠬᠦ ᠲᠠᠯ᠎ᠠ ᠪᠠᠷ ᠠᠬᠢᠭᠤᠯᠬᠤ ᠱᠠᠲᠤ ᠦᠶ᠎ᠡ ︵2022 ᠣᠨ ᠤ 3 ᠰᠠᠷ᠎ᠠ — 2022 ᠣᠨ ᠤ | 12 ᠰᠠᠷ᠎ᠠ︶᠃ ᠡᠬᠢ ᠪᠠᠶᠠᠯᠢᠭ ᠤᠨ ᠳᠡᠯᠭᠡᠷᠡᠭᠦᠯᠦᠯᠲᠡ ᠶᠢᠨ ᠠᠮᠵᠢᠯᠲᠠᠲᠠᠶ ᠲᠤᠷᠰᠢᠯᠭ᠎ᠠ ᠠᠷᠭ᠎ᠠ ᠬᠢᠳᠡᠯ ᠢ ᠤᠯᠠᠮ | ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠢᠳᠡᠭᠡᠨ ᠤᠮᠳᠠᠭᠠᠨ᠂ ᠬᠡᠷ ᠤᠨ ᠶᠠᠪᠤᠳᠠᠯ ᠤᠨ ᠦᠢᠯᠡᠴᠢᠯᠡᠭᠡ᠂ ᠡᠮᠴᠢᠯᠡᠭᠡ | ᠡᠷᠡᠭᠦᠯᠵᠢᠯ᠂ ᠵᠢᠭᠤᠯᠴᠢᠯᠠᠯ ᠰᠡᠯᠡᠭᠦᠴᠡᠯ ᠵᠡᠷᠭᠡ ᠦᠢᠯᠡᠴᠢᠯᠡᠭᠡᠨ ᠤ ᠦᠢᠯᠡᠰ ᠯᠦᠭᠡ ᠤᠯᠠᠮ ᠨᠢᠭᠡ ᠠᠯᠬᠤᠮ | ᠠᠭᠤᠰᠤᠯᠴᠠᠭᠤᠯᠤᠨ ᠬᠥᠭᠵᠢᠭᠦᠯᠵᠦ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ 2022 | ᠣᠨ ᠳᠤ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 2 ᠠᠴᠠ ᠳᠤᠲᠠᠭᠤ | ᠦᠭᠡᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ | 6 ᠠᠴᠠ ᠳᠤᠲᠠᠭᠤ ᠦᠭᠡᠢ ᠪᠠᠶᠢᠭᠤᠯᠤᠨ᠎ᠠ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2023 ᠣᠨ — 2025 ᠣᠨ︶᠃ ᠨᠢᠭᠡᠨᠲᠡ | ᠪᠠᠶᠢᠭᠤᠯᠤᠭᠰᠠᠨ ᠪᠤᠶᠤ ᠥᠭᠡᠷᠡᠴᠢᠯᠡᠨ ᠳᠡᠭᠡᠭᠰᠢᠯᠡᠭᠦᠯᠵᠦ ᠪᠠᠶᠢᠭᠠᠳ ᠠᠰᠢᠭᠯᠠᠯᠲᠠ ᠳᠤ ᠣᠷᠣᠭᠤᠯᠤᠭᠰᠠᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠬᠡᠷᠡᠭᠯᠡᠯᠲᠡ ᠶᠢ ᠨᠢ ᠳᠤᠷ᠎ᠠ ᠪᠠᠷ ᠢᠶᠠᠨ ᠬᠤᠪᠢᠷᠠᠭᠤᠯᠬᠤ ᠥᠬᠡᠶ | ᠰᠠᠭᠤᠷᠢᠨ ᠳᠡᠭᠡᠷ᠎ᠡ᠂ ᠠᠵᠢᠯ ᠤᠨ ᠦᠷ᠎ᠡ ᠪᠦᠲᠦᠭᠡᠯ ᠢ ᠨᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ | ᠬᠡᠷᠡᠭᠲᠡᠶ᠃ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠣᠯᠠᠨ ᠠᠷᠭ᠎ᠠ ᠬᠡᠮᠵᠢᠶ᠎ᠡ ᠶᠢ | ᠵᠡᠷᠭᠡ ᠳᠤᠨᠢ ᠬᠡᠷᠡᠭᠯᠡᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠯᠠᠨ ᠡᠰᠢᠲᠦ ᠨᠢᠭᠡ | ᠴᠤᠭᠴᠠᠵᠢᠭᠰᠠᠨ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ᠂ ᠠᠷᠠᠳ ᠣᠯᠠᠨ ᠳᠤ ᠨᠡᠶᠢᠳᠡᠮ | ᠮᠡᠳᠡᠷᠡᠭᠳᠡᠭᠰᠡᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ | ᠲᠤᠭᠳᠠᠮᠵᠢ ᠶᠢ ᠠᠩᠬ᠎ᠠ ᠠᠯᠬᠤᠮ ᠪᠣᠶ ᠪᠣᠯᠭᠠᠬᠤ ᠬᠡᠷᠡᠭᠲᠡᠶ᠃ 2 ᠵᠢᠯ ᠤᠨ ᠳᠣᠲᠣᠷ᠎ᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 6 ᠠᠴᠠ ᠳᠤᠲᠠᠭᠤ ᠥᠬᠡᠶ ᠪᠠᠶᠢᠭᠤᠯᠵᠤ ᠪᠥᠲᠥᠭᠡᠨ | ᠪᠠᠶᠢᠭᠤᠯᠤᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠠᠴᠠ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠠᠬᠢᠭᠤᠯᠵᠤ | ᠪᠠᠶᠢᠭ᠎ᠠ ᠪᠠᠶᠢᠳᠠᠯ ᠢ ᠨᠢᠭᠡᠨᠲᠡ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠠᠶᠢᠮᠠᠭ ᠤᠨ ᠵᠠᠬᠢᠷᠭ᠎ᠠ ᠠᠴᠠ | ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠤᠰᠬᠠᠶ ᠠᠵᠢᠯ ᠤᠨ ᠤᠳᠤᠷᠢᠳᠬᠤ | ᠳᠤᠭᠤᠶᠢᠯᠠᠩ ᠢ ᠭᠤᠤᠯᠯᠠᠨ ᠪᠠᠶᠢᠭᠤᠯᠬᠤ ᠪᠠᠷ ᠪᠣᠶ ︵ᠳᠠᠭᠠᠯᠳᠤᠭᠤᠯᠤᠯ ᠳᠤ ᠦᠵᠡ︶᠃ ᠮᠠᠨ ᠤ ᠬᠤᠲᠠ ᠳᠡᠭᠡᠳᠦ | ᠱᠠᠲᠤᠨ ᠤ ᠱᠠᠭᠠᠷᠳᠠᠯᠭ᠎ᠠ ᠶᠣᠰᠣᠭᠠᠷ ᠲᠡᠭᠦᠨ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ | ᠂ ᠬᠠᠷᠠᠯᠲᠠ ᠪᠠᠨ ᠲᠣᠳᠣᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠮᠠᠨ ᠤ ᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ | ︵ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠡᠷ ᠪᠥᠯᠢ ᠶᠢᠨ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠬᠤ ᠪᠠᠷ ᠪᠠᠷᠠᠬᠤ | ᠥᠬᠡᠶ᠂ ᠪᠠᠰᠠ ᠨᠢᠭᠡ ᠵᠦᠢᠯ ᠤᠨ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠵᠡᠭᠡᠯᠢ ᠭᠤᠳᠤᠮᠵᠢ ᠶᠢᠨ | ᠰᠠᠭᠤᠭᠠᠯᠢ ᠠᠷᠠᠳ ᠤᠨ ᠭᠤᠤᠯ ᠴᠣᠭᠴᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠨᠦᠭᠦᠳ ᠴᠤᠭᠭᠠᠷ | ᠠᠳᠬᠤᠨ ᠬᠠᠮᠲᠤ ᠪᠠᠷ ᠬᠠᠮᠢᠶᠠᠷᠴᠤ᠂ ᠬᠦᠴᠦ ᠪᠠᠨ ᠬᠠᠮᠲᠤᠳᠬᠠᠨ ᠬᠠᠮᠵᠢᠯᠴᠠᠬᠤ ᠬᠡᠷᠡᠭᠲᠡᠶ︔ ᠡᠯ᠎ᠡ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠳᠠᠯᠢ ᠪᠤᠰᠤ ᠲᠥᠷᠥᠯ | ᠬᠡᠯᠪᠡᠷᠢ ᠶᠢᠨ ᠬᠡᠷ ᠪᠥᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ | ᠴᠢᠭᠯᠡᠭᠦᠯᠦᠨ᠂ ᠵᠥᠪᠰᠢᠶᠡᠷᠡᠨ ᠣᠷᠣᠭᠤᠯᠵᠤ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠵᠢ | ᠪᠥᠷᠢᠳᠦᠭᠦᠯᠬᠦ ᠠᠵᠢᠯ ᠤᠨ ᠲᠦᠷᠢᠮ ᠪᠠ ᠦᠢᠯᠡᠴᠢᠯᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ | ᠦᠢᠯᠡᠴᠢᠯᠡᠭᠡᠨ ᠤ ᠬᠢᠨᠠᠯᠲᠠ ᠲᠠᠯᠪᠢᠬᠤ ᠪᠠ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠬᠤ ᠬᠡᠷᠡᠭᠲᠡᠶ᠃ | ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠥᠬᠦ ᠬᠤᠲᠠ ᠶᠢᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ | ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠪᠠ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠨ᠎ᠠ᠃ | ︵ᠭᠤᠷᠪᠠ︶ ᠪᠠᠯᠠ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠱᠠᠲᠤᠨ ᠤ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠶᠢᠨ ᠪᠠᠯᠠ | ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ᠂ ᠲᠡᠭᠦᠨ ᠢ ᠬᠤᠲᠠ ᠶᠢᠨ ᠱᠠᠲᠤᠨ ᠤ ᠣᠨ ᠤ | ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠥᠷᠭᠡᠨ ᠢᠶᠠᠷ | ᠲᠡᠳᠡᠨ ᠠᠪᠴᠢᠷᠠᠵᠤ᠂ ᠣᠯᠠᠨ ᠡᠰᠢᠵᠢᠭᠰᠡᠨ ᠵᠠᠭᠪᠤᠷ ᠢᠶᠠᠷ ᠳᠠᠮᠵᠢᠭᠤᠯᠤᠨ᠂ ᠮᠠᠨ ᠤ ᠬᠤᠲᠠ ᠶᠢᠨ ᠭᠡᠷ ᠪᠥᠯᠢ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠳᠥᠷᠪᠡ︶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ︽ᠵᠠᠰᠠᠭ ᠤᠨ ᠣᠷᠳᠣᠨ ᠭᠤᠤᠯᠯᠠᠨ | ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠤᠨ ᠲᠣᠭᠲᠠᠴᠠ ᠪᠠᠶᠢᠭᠤᠯᠬᠤ᠂ | ᠨᠠᠰᠤᠲᠠᠶᠢᠴᠤᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠨᠠᠰᠤᠲᠠᠨ ᠢᠶᠠᠨ ᠠᠰᠠᠷᠠᠬᠤ᠂ | ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠴᠢᠷᠮᠠᠶᠢᠨ ᠪᠣᠶ ᠪᠣᠯᠭᠠᠬᠤ ᠬᠡᠷᠡᠭᠲᠡᠶ︔ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠨᠢ ᠰᠠᠶᠢᠨ ᠲᠤᠷᠰᠢᠯᠭ᠎ᠠ | ᠠᠷᠭ᠎ᠠ ᠬᠢᠳᠡᠯ ᠢ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠪᠦᠬᠦ ᠬᠤᠳᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠠᠵᠢᠯ ᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ |