ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠶᠢᠽᠢ ᠬᠤᠲᠠ ᠠᠴᠠ ᠰᠢᠯᠢ | ᠶᠢᠨ ᠬᠤᠲᠠ ᠬᠦᠷᠬᠦ ᠲᠡᠮᠦᠷ ᠵᠠᠮ ︵ᠰᠢᠯᠢ ᠶᠢᠨ ᠬᠤᠲᠠ ᠶᠢᠨ ᠬᠡᠰᠡᠭ︶ ᠤᠨ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ ᠠᠵᠢᠯ ᠤᠨ ᠲᠤᠰᠬᠠᠶ ᠠᠩᠭᠢ ᠪᠠᠶᠢᠭᠤᠯᠬᠤ ᠲᠤᠬᠠᠶ ᠮᠡᠳᠡᠭᠳᠡᠯ | | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠠᠶᠢᠭᠤᠯᠭ᠎ᠠ᠄ | ᠲᠠᠶᠢᠽᠢ ᠬᠤᠲᠠ ᠠᠴᠠ ᠰᠢᠯᠢ ᠶᠢᠨ ᠬᠤᠲᠠ ᠬᠥᠷᠬᠦ ᠲᠡᠮᠦᠷ ᠵᠠᠮ ︵ᠰᠢᠯᠢ ᠶᠢᠨ ᠬᠤᠲᠠ ᠶᠢᠨ ᠬᠡᠰᠡᠭ︶ ᠤᠨ ᠭᠠᠵᠠᠷ | ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠠᠢ ᠰᠢ ᠲᠡᠮᠦᠷ ᠵᠠᠮ ᠤᠨ ᠲᠥᠷᠥᠯ ᠵᠦᠢᠯ ᠤᠨ | ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠᠶᠢᠽᠢ ᠬᠤᠲᠠ ᠠᠴᠠ ᠰᠢᠯᠢ ᠶᠢᠨ ᠬᠤᠲᠠ ᠬᠥᠷᠬᠦ ᠲᠡᠮᠦᠷ ᠵᠠᠮ ︵ᠰᠢᠯᠢ ᠶᠢᠨ ᠬᠤᠲᠠ ᠶᠢᠨ | ᠬᠡᠰᠡᠭ︶ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠲᠤᠰᠬᠠᠶ ᠠᠩᠭᠢ ᠪᠠᠶᠢᠭᠤᠯᠬᠤ ᠪᠠᠷ ᠲᠣᠭᠲᠠᠪᠠ | ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠠᠵᠢᠯ ᠤᠨ ᠬᠠᠷᠠᠯᠲᠠ | ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠨᠢᠭᠲᠠ ᠬᠠᠮᠵᠢᠯᠴᠠᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠯᠠᠪᠳᠠᠭᠤᠨ | ᠪᠠᠲᠤᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ 2020 ᠣᠨ ᠤ 12 ᠳ᠋ᠤᠭᠠᠷ ᠰᠠᠷ᠎ᠠ ᠶᠢᠨ 20 ᠤ | ᠡᠳᠦᠷ ᠠᠴᠠ ᠡᠮᠦᠨ᠎ᠡ ᠭᠠᠵᠠᠷ ᠰᠢᠷᠣᠶ᠂ ᠣᠶ ᠰᠢᠭᠤᠶ ᠡᠪᠡᠰᠦ ᠪᠡᠯᠴᠢᠭᠡᠷ ᠤᠨ ᠵᠠᠭᠠᠭ ᠱᠤᠭᠤᠮ ᠢ ᠬᠠᠶᠢᠨ ᠰᠢᠨᠵᠢᠬᠦ | ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ 2021 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ | ᠡᠮᠦᠨ᠎ᠡ ᠭᠠᠵᠠᠷ ᠲᠠᠲᠠᠪᠤᠷᠢᠯᠠᠬᠤ ᠳᠤ ᠨᠥᠬᠦᠪᠥᠷᠢ ᠥᠭᠬᠦ ᠠᠵᠢᠯ ᠢ ᠪᠡᠶᠡᠯᠡᠭᠦᠯᠵᠦ᠂ 2021 ᠣᠨ ᠤ 5 ᠳ᠋ᠤᠭᠠᠷ | ᠰᠠᠷ᠎ᠠ ᠶᠢᠨ 20 ᠤ ᠡᠳᠦᠷ ᠠᠴᠠ ᠡᠮᠦᠨ᠎ᠡ ︽ᠭᠤᠷᠪᠠᠨ ᠴᠠᠬᠢᠯᠭᠠᠨ︾ ᠵᠢᠴᠢ ᠭᠠᠵᠠᠷ ᠳᠣᠤᠷᠠᠬᠢ ᠬᠤᠭᠤᠯᠠᠶ | ᠱᠤᠭᠤᠮ ᠢ ᠨᠡᠭᠦᠯᠭᠡᠨ ᠥᠭᠡᠷᠡᠴᠢᠯᠡᠬᠦ ᠠᠵᠢᠯ ᠢ ᠪᠡᠶᠡᠯᠡᠭᠦᠯᠦᠨ᠂ ᠲᠠᠢ ᠰᠢ ᠲᠡᠮᠦᠷ ᠵᠠᠮ ︵ᠰᠢᠯᠢ ᠶᠢᠨ ᠬᠤᠲᠠ ᠶᠢᠨ | ᠬᠡᠰᠡᠭ︶ ᠤᠨ ᠲᠥᠷᠥᠯ ᠵᠦᠢᠯ ᠤᠨ ᠤᠷᠤᠭᠰᠢᠲᠠᠶ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠶ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︵ᠨᠢᠭᠡ︶ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠵᠣᠣ ᠹᠸᠢ ᠫᠧᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢᠦ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ | ᠮᠥᠩᠭᠦᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠯᠢ ᠬᠠᠶ ᠵᠢᠶᠦ᠋ᠨ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ ᠳᠠᠷᠤᠭ᠎ᠠ | ᠪᠦᠷᠢᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠭᠤᠤ ᠸᠧᠨ ᠯᠢᠶᠠᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠭᠡᠷᠡᠯᠴᠣᠭᠲᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠡᠦ ᠸᠧᠶ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠴᠢᠣᠸᠠᠨ ᠵᠢᠶᠠᠨ ᠬᠤᠸᠠ ᠬᠤᠲᠠ ᠶᠢᠨ ᠨᠠᠮ ᠵᠠᠰᠠᠭ ᠤᠨ ᠣᠷᠴᠢᠭᠤᠯᠭ᠎ᠠ ᠶᠢᠨ ᠲᠥᠪ ᠤᠨ ᠡᠷᠬᠢᠯᠡᠭᠴᠢ | ᠭᠦᠸᠧ ᠶᠢᠩ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠯᠢᠦ ᠭᠤᠸᠠᠩ ᠨᠢᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠯᠢᠦ ᠴᠢᠤᠸᠠᠨ ᠵᠢᠶᠧ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠵᠠᠩ ᠸᠧᠶ ᠳ᠋ᠦᠩ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠴᠧᠨ ᠲᠤᠤ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ | ᠱᠠᠩ ᠬᠤᠸᠠᠢ ᠭᠦᠸᠧ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠬᠤᠩ ᠯᠢ ᠭᠦᠸᠧ ᠬᠤᠲᠠ ᠶᠢᠨ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠰᠦᠬᠡ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠪᠠᠶ ᠪᠦᠦ ᠱᠠᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ | ᠳᠠᠷᠤᠭ᠎ᠠ | ᠾᠧᠦ ᠸᠧᠶ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ | ᠸᠠᠩ ᠵᠢᠩ ᠺᠧ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠲᠠᠷᠤᠭ᠎ᠠ | ᠭᠦᠸᠧ ᠹᠸᠢ ᠹᠸᠢ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠬᠤᠲᠠ ᠶᠢᠨ | ᠬᠤᠪᠢᠶᠠᠷᠢ ᠲᠣᠪᠴᠢᠶ᠎ᠠ ᠶᠢᠨ ᠳᠠᠷᠤᠭ᠎ᠠ | ᠲᠤᠤ ᠸᠧᠶ ᠵᠢᠶᠠᠩ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ | ᠦ᠋ ᠰᠢᠶᠤᠤ ᠳ᠋ᠦᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠶᠠᠩ ᠵᠢᠩ ᠹᠧᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠯᠢᠦ ᠢᠦᠢ ᠸᠧᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠶᠠᠨ ᠹᠠᠩ ᠪᠣᠯᠠᠭᠠᠨ ᠰᠤᠮᠤ ᠶᠢᠨ ᠳᠠᠷᠤᠭ᠎ᠠ | ᠦᠷᠭᠡᠨ ᠪᠢᠯᠢᠭ ᠮᠠᠯᠵᠢᠯ ᠤᠨ ᠲᠠᠯᠠᠪᠠᠢ ᠶᠢᠨ ᠳᠠᠷᠤᠭ᠎ᠠ | ᠯᠦ ᠸᠧᠶ ᠥᠪᠥᠷ ᠮᠣᠩᠭᠤᠯ ᠤᠨ ᠵᠢᠶ ᠲᠦᠩ ᠲᠡᠮᠦᠷ ᠵᠠᠮ ᠤᠨ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ | ᠳ᠋ᠢᠩ ᠫᠧᠩ ᡁᠢ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ | ᠵᠢᠶᠠᠩ ᠭᠦᠸᠧ ᠬᠤᠸᠠ ᠬᠤᠲᠠ ᠶᠢᠨ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠰᠢᠶᠧ ᠵᠢᠶᠦ᠋ᠨ ᠬᠤᠲᠠ ᠶᠢᠨ ᠰᠢᠯᠵᠢᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠵᠧᠦ ᠶᠦᠩ ᠰᠢ ᠬᠤᠲᠠ ᠶᠢᠨ ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠠᠨ ᠵᠢᠶᠦ᠋ᠨ ᠵᠢᠶᠧ ᠲᠡᠮᠦᠷ ᠰᠤᠪᠤᠷᠭ᠎ᠠ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ | ︵ᠬᠤᠶᠠᠷ︶ ᠪᠤᠰᠤᠳ ᠵᠦᠢᠯ ᠤᠳ | 1. ᠠᠵᠢᠯ ᠤᠨ ᠲᠤᠰᠬᠠᠶ ᠠᠩᠭᠢ ᠳᠤ ᠠᠯᠪᠠᠨ ᠬᠡᠷ ᠭᠠᠷᠭᠠᠵᠤ᠂ ᠠᠯᠪᠠᠨ ᠬᠡᠷ ᠢ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠬᠤᠩ ᠯᠢ ᠭᠦᠸᠧ ᠨᠥᠬᠦᠷ ᠡᠭᠦᠷᠭᠡᠯᠡᠵᠦ᠂ ᠠᠵᠢᠯᠳᠠᠨ ᠢ ᠡᠯ᠎ᠡ | ᠪᠦᠷᠢᠯᠳᠦᠬᠦᠨ ᠪᠠᠶᠢᠭᠤᠯᠭ᠎ᠠ ᠶᠢᠨ ᠳᠣᠲᠣᠷ᠎ᠠ ᠠᠴᠠ ᠰᠣᠩᠭᠤᠨ ᠭᠠᠷᠭᠠᠨ᠎ᠠ᠃ | 2. ᠠᠵᠢᠯ ᠤᠨ ᠲᠤᠰᠬᠠᠶ ᠠᠩᠭᠢ ᠶᠢᠨ ᠪᠦᠷᠢᠯᠳᠦᠬᠦᠨ ᠨᠢ ᠠᠵᠢᠯ ᠤᠨ ᠬᠤᠪᠢᠷᠠᠯᠲᠠ ᠠᠴᠠ ᠪᠣᠯᠵᠣ ᠲᠣᠬᠢᠷᠠᠭᠤᠯᠤᠯᠲᠠ | ᠬᠢᠬᠦ ᠴᠢᠬᠤᠯᠠᠲᠠᠶ ᠪᠠᠶᠢᠪᠠᠯ᠂ ᠪᠠᠶᠢᠭ᠎ᠠ ᠪᠠᠶᠢᠭᠤᠯᠭ᠎ᠠ ᠨᠢ ᠲᠤᠰᠬᠠᠶ ᠠᠩᠭᠢ ᠶᠢᠨ ᠠᠯᠪᠠᠨ ᠬᠡᠷ ᠲᠤ ᠭᠤᠶᠤᠴᠢᠯᠠᠯ | ᠭᠠᠷᠭᠠᠨ᠎ᠠ᠃ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠳᠠᠭᠤᠰᠤᠭᠰᠠᠨ ᠤ ᠲᠠᠷᠠᠭ᠎ᠠ᠂ ᠠᠵᠢᠯ ᠤᠨ ᠲᠤᠰᠬᠠᠶ | ᠠᠩᠬᠢ ᠬᠦᠴᠦᠨ ᠦᠭᠡᠢ ᠪᠣᠯᠣᠨ᠎ᠠ᠃ | ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ | ︵ᠨᠢᠭᠡ︶ ᠠᠵᠢᠯ ᠤᠨ ᠲᠤᠰᠬᠠᠶ ᠠᠩᠬᠢ ᠬᠢᠭᠡᠳ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ | 1. ᠲᠠᠢ ᠰᠢ ᠲᠡᠮᠥᠷ ᠵᠠᠮ ᠤᠨ ︵ᠰᠢᠯᠢ ᠶᠢᠨ ᠬᠤᠳᠠ ᠶᠢᠨ ᠬᠡᠰᠡᠭ︶ ᠤᠨ ᠵᠠᠮ ᠳᠠᠭᠠᠤ ᠶᠢᠨ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠤᠨ ᠱᠠᠳᠤ᠂ ᠬᠤᠳᠠ ᠶᠢᠨ ᠱᠠᠲᠤᠨ ᠤ ᠰᠢᠢᠳᠪᠦᠷᠢᠳᠦ ᠪᠤᠳᠤᠯᠭ᠎ᠠ ᠶᠢᠨ ᠰᠠᠨᠠᠭᠤᠯᠭ᠎ᠠ ᠶᠢᠨ ᠲᠥᠰᠦᠯ ᠢ ᠰᠤᠳᠤᠯᠤᠨ | ᠳᠤᠷᠠᠳᠴᠤ᠂ ᠬᠤᠯᠪᠣᠭᠳᠠᠯ ᠪᠥᠬᠦᠢ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠲᠠᠲᠠᠪᠤᠷᠢᠯᠠᠨ ᠨᠤᠷᠠᠭᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠳᠤᠮᠳᠠ | ᠲᠤᠯᠭᠠᠷᠠᠭᠰᠠᠨ ᠬᠦᠴᠢᠷᠳᠡᠯ ᠪᠣᠯᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | | 2. ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠨ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠪᠣᠯᠤᠨ ᠮᠠᠨ ᠤ ᠬᠤᠳᠠ ᠶᠢᠨ | ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠭᠠᠷᠠᠭ ᠪᠦᠷᠢ ᠠᠶᠢᠮᠠᠭ | ᠤᠨ ᠲᠠᠢ ᠰᠢ ᠲᠡᠮᠥᠷ ᠵᠠᠮ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠲᠤᠰᠬᠠᠶ ᠠᠩᠬᠢ ᠶᠢᠨ | ᠠᠯᠪᠠᠨ ᠭᠡᠷ ᠲᠤ ᠠᠵᠢᠯ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭ᠎ᠠ ᠠᠯᠬᠤᠮ ᠤᠨ | ᠠᠵᠢᠯ ᠤᠨ ᠠᠷᠭ᠎ᠠ ᠬᠡᠮᠵᠢᠶ᠎ᠡ ᠪᠠᠨ ᠮᠡᠳᠡᠭᠦᠯᠦᠨ᠎ᠡ᠃ | 3. ᠭᠠᠷᠠᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ | ᠰᠤᠳᠤᠯᠤᠨ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠬᠠᠮᠢᠶ᠎ᠠ ᠪᠥᠬᠦᠶ ᠠᠵᠢᠯ᠂ ᠴᠢᠬᠤᠯᠠ ᠠᠵᠢᠯ᠂ ᠴᠢᠬᠤᠯᠠ | ᠵᠠᠩᠭᠢᠯᠠᠭ᠎ᠠ ᠶᠢᠨ ᠴᠡᠭ ᠢ ᠳᠣᠭᠢᠷᠠᠭᠤᠯᠤᠨ ᠪᠠᠶᠢᠷᠢᠯᠠᠭᠤᠯᠵᠤ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ | ᠰᠤᠳᠤᠯᠤᠨ᠎ᠠ᠃ | ︵ᠬᠤᠶᠠᠷ︶ ᠬᠤᠲᠠ ᠶᠢᠨ ᠰᠢᠭᠤᠳ ᠬᠠᠷᠢᠶ᠎ᠠ ᠪᠦᠷᠢᠯᠳᠦᠬᠦᠨ ᠪᠠᠶᠢᠭᠤᠯᠭ᠎ᠠ ᠶᠢᠨ ᠠᠵᠢᠯ ᠤᠨ ᠡᠭᠦᠷᠭᠡ | ᠬᠠᠷᠢᠭᠤᠴᠠᠯᠭ᠎ᠠ | ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠥᠷᠥᠯ ᠵᠦᠢᠯ ᠤᠨ | ᠪᠥᠲᠥᠭᠡᠨ ᠪᠠᠶᠢᠭᠤᠯᠬᠤ ᠪᠠᠶᠢᠭᠤᠯᠭ᠎ᠠ᠂ ᠵᠢᠷᠤᠭᠯᠠᠨ ᠲᠥᠯᠥᠪᠯᠡᠬᠦ ᠪᠠᠶᠢᠭᠤᠯᠭ᠎ᠠ ᠵᠢᠴᠢ ᠨᠠᠶᠢᠳᠠᠭᠰᠠᠨ ᠪᠠᠶᠢᠭᠤᠯᠤᠮᠵᠢ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠵᠢᠯᠣᠭᠤᠳᠴᠤ᠂ ᠭᠠᠵᠠᠷ ᠰᠢᠷᠣᠶ ᠶᠢᠨ ᠬᠠᠶᠢᠨ ᠪᠠᠶᠢᠴᠠᠭᠠᠯᠲᠠ᠂ ᠣᠷᠴᠢᠨ | ᠲᠣᠭᠤᠷᠢᠨ ᠤ ᠦᠨᠡᠯᠡᠯᠲᠡ᠂ ᠣᠶ ᠰᠢᠭᠤᠶ ᠶᠢᠨ ᠬᠠᠶᠢᠨ ᠪᠠᠶᠢᠴᠠᠭᠠᠯᠲᠠ᠂ ᠤᠰᠤᠨ ᠤ ᠬᠠᠮᠠᠭᠠᠯᠠᠯᠲᠠ᠂ ᠨᠡᠭᠦᠯᠭᠡᠨ | ᠥᠭᠡᠷᠡᠴᠢᠯᠡᠬᠦ᠂ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠠᠶᠤᠯ ᠥᠬᠡᠶ ᠦᠢᠯᠡᠳᠪᠦᠷᠢᠯᠡᠯ ᠵᠡᠷᠭᠡ | ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠵᠠᠮ ᠳᠠᠭᠠᠤ ᠰᠤᠮᠤ ᠪᠠᠯᠭᠠᠰᠤ ᠲᠠᠯᠠᠪᠠᠶ ᠶᠢᠨ ᠠᠵᠢᠯ ᠤᠨ ᠡᠭᠦᠷᠭᠡ ᠬᠠᠷᠢᠭᠤᠴᠠᠯᠭ᠎ᠠ | ᠵᠠᠮ ᠳᠠᠭᠠᠤ ᠰᠤᠮᠤ ᠪᠠᠯᠭᠠᠰᠤ ᠲᠠᠯᠠᠪᠠᠶ ᠨᠤᠭᠤᠳ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠣᠰ ᠭᠠᠵᠠᠷ ᠣᠷᠣᠨ ᠤ ᠲᠥᠷᠥᠯ ᠵᠦᠢᠯ ᠤᠨ ᠭᠠᠵᠠᠷ | ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠶᠠᠪᠤᠴᠠ ᠳᠠᠬᠢ ᠵᠣᠬᠢᠴᠠᠭᠤᠯᠤᠨ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠬᠠᠷᠢᠭᠤᠴᠠᠬᠤ | ᠬᠡᠷᠡᠭᠲᠡᠶ᠃ | 1. ᠵᠣᠬᠢᠴᠠᠩᠭᠤᠶ ᠠᠵᠢᠯ ᠤᠨ ᠪᠠᠶᠢᠭᠤᠯᠤᠮᠵᠢ ᠪᠠᠶᠢᠭᠤᠯᠤᠨ᠂ ᠡᠮᠦᠨᠡᠬᠢ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠᠷᠢᠮᠵᠢᠶ᠎ᠠ ᠶᠢ | ᠲᠥᠰᠦᠭᠡᠯᠡᠨ ᠪᠤᠳᠤᠵᠤ᠂ ᠲᠥᠪᠬᠢᠨᠡᠭᠦᠯᠬᠦ ᠳᠤ ᠲᠥᠯᠥᠪᠦᠷᠢ ᠥᠭᠬᠦ ᠠᠷᠭ᠎ᠠ᠂ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ | ᠠᠯᠪᠠᠨ ᠵᠠᠷ ᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 2. ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠲᠠᠪᠤᠷᠢᠯᠠᠵᠤ ᠨᠤᠷᠠᠭᠠᠬᠤ ᠪᠡᠯᠡ | ᠮᠥᠩᠭᠦ ᠶᠢᠨ ᠲᠤᠰᠬᠠᠶ ᠳᠠᠩᠰᠠ ᠪᠠᠶᠢᠭᠤᠯᠵᠤ᠂ ᠪᠡᠯᠡ ᠮᠥᠩᠭᠦ ᠶᠢ ᠪᠢᠲᠡᠭᠦᠮᠵᠢᠯᠡᠨ ᠠᠵᠢᠯᠯᠠᠭᠤᠯᠬᠤ᠂ ᠲᠤᠰᠬᠠᠶ | ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ᠂ ᠠᠶᠤᠯ ᠥᠭᠡᠢ ᠪᠠᠷ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠭᠠᠵᠠᠷ | ᠲᠠᠲᠠᠪᠤᠷᠢᠯᠠᠨ ᠨᠤᠷᠠᠭᠠᠵᠤ ᠨᠡᠭᠦᠯᠭᠡᠬᠦ ᠮᠠᠲ᠋ᠧᠷᠢᠶᠠᠯ ᠴᠤᠭᠯᠠᠭᠤᠯᠤᠨ ᠡᠮᠬᠢᠯᠡᠬᠦ ︵ᠤᠤᠯ ᠤᠨ ᠳᠦᠷᠰᠦ ᠰᠢᠩᠭᠡᠭᠡᠯᠲᠡ ᠶᠢᠨ | ᠮᠠᠲ᠋ᠧᠷᠢᠶᠠᠯ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠦᠪᠳᠡᠯᠴᠡᠭᠡᠷ᠂ ᠬᠤᠷᠠᠯ ᠤᠨ ᠲᠣᠪᠴᠢ ᠲᠡᠮᠳᠡᠭᠯᠡᠯ᠂ | ᠦᠨᠡᠯᠡᠨ ᠵᠢᠱᠢᠭᠰᠡᠨ ᠮᠠᠲ᠋ᠧᠷᠢᠶᠠᠯ ᠵᠡᠷᠭᠡ ᠶᠢ ᠪᠠᠭᠲᠠᠭᠠᠨ᠎ᠠ︶ ᠶᠢ ᠬᠠᠷᠢᠭᠤᠴᠠᠵᠤ᠂ ᠨᠢᠭᠡᠨᠲᠡ ᠭᠠᠷᠤᠭᠰᠠᠨ ᠵᠠᠷᠤᠳᠠᠯ ᠢ | ᠴᠠᠭ ᠲᠤᠬᠠᠶ ᠳᠤᠨᠢ ᠠᠵᠢᠯ ᠰᠢᠯᠭᠠᠵᠤ ᠦᠨ᠎ᠡ ᠪᠤᠳᠤᠬᠤ ᠶᠢᠨ ᠬᠠᠮᠲᠤ ᠬᠡᠮᠵᠢᠨ ᠵᠢᠷᠤᠬᠤ ᠺᠣᠮᠫᠠᠨᠢ᠂ ᠦᠨᠡᠯᠡᠨ ᠵᠢᠱᠢᠬᠦ | ᠺᠣᠮᠫᠠᠨᠢ ᠶᠢᠨ ᠠᠵᠢᠯ ᠤᠨ ᠬᠡᠮᠵᠢᠶ᠎ᠡ ᠶᠢ ᠨᠤᠲᠠᠯᠠᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠠᠷᠤᠳᠠᠯ ᠤᠨ | ᠭᠤᠶᠤᠴᠢᠯᠠᠯ ᠢ ᠦᠨᠡᠨ ᠪᠣᠳᠠᠲᠠᠶ ᠪᠠᠷ ᠲᠤᠰᠢᠶᠠᠨ᠎ᠠ᠃ | 3. ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠡᠪᠡᠰᠦ | ᠪᠡᠯᠴᠢᠭᠡᠷ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠡᠤᠬᠡ ᠶᠢᠨ | ᠳᠤᠷᠠᠰᠬᠠᠯᠲᠤ ᠵᠦᠢᠯᠡᠰ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠡᠯ᠎ᠡ ᠲᠥᠷᠥᠯ ᠤᠨ ᠴᠢᠬᠤᠯᠠ ᠠᠵᠢᠯ ᠢ ᠭᠦᠢᠴᠡᠳᠬᠡᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠨᠤᠭᠤᠳ ᠲᠠᠢ ᠰᠢ ᠲᠡᠮᠥᠷ ᠵᠠᠮ ︵ | ᠰᠢᠯᠢ ᠶᠢᠨ ᠬᠤᠳᠠ ᠶᠢᠨ ᠬᠡᠰᠡᠭ︶ ᠤᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠲᠤᠰᠬᠠᠶ | ᠠᠩᠬᠢ ᠶᠢᠨ ᠤᠳᠤᠷᠢᠳᠤᠯᠭ᠎ᠠ ᠶᠢᠨ ᠳᠣᠣᠷ᠎ᠠ᠂ ᠶᠡᠭᠡ ᠲᠠᠯ᠎ᠠ ᠶᠢ ᠡᠷᠡᠰ ᠲᠠᠭᠠᠵᠤ᠂ ᠨᠢᠭᠲᠠ ᠬᠠᠮᠵᠢᠯᠴᠠᠨ᠂ ᠲᠤᠰ ᠲᠤᠰ | ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠡᠯ᠎ᠡ ᠬᠤᠯᠪᠣᠭᠳᠠᠯ ᠪᠥᠬᠦᠶ ᠰᠤᠮᠤ ᠪᠠᠯᠭᠠᠰᠤ ᠲᠠᠯᠠᠪᠠᠶ ᠶᠢᠨ ᠭᠤᠤᠯ ᠤᠳᠤᠷᠢᠳᠤᠯᠭ᠎ᠠ ᠨᠠᠷ | ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠬᠠᠤᠯᠢ | ᠲᠣᠭᠲᠠᠭᠠᠯ ᠶᠣᠰᠣᠭᠠᠷ ᠰᠠᠶᠢᠲᠤᠷ ᠬᠢᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠠᠪᠤᠴᠠ ᠳᠤ | ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠳᠤᠮᠳᠠ ᠬᠠᠮᠲᠤᠯᠢᠭ ᠤᠨ ᠴᠢᠨᠠᠷᠲᠠᠶ ᠶᠡᠭᠡ ᠬᠡᠷᠡᠭ ᠪᠠ ᠨᠡᠶᠢᠭᠡᠮ ᠤᠨ ᠲᠣᠭᠲᠠᠭᠤᠨ | ᠪᠤᠰᠤ ᠬᠦᠴᠦᠨ ᠵᠦᠢᠯ ᠭᠠᠷᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ | ᠶᠣᠰᠣᠭᠠᠷ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ | ︵ᠭᠤᠷᠪᠠ︶ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠨᠤᠭᠤᠳ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ ᠠᠵᠢᠯ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠪᠠ ᠵᠥᠪ ᠲᠠᠯ᠎ᠠ ᠶᠢᠨ | ᠤᠬᠠᠭᠤᠯᠭ᠎ᠠ ᠶᠢᠨ ᠠᠵᠢᠯ ᠢ ᠴᠢᠩᠭᠠᠷᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠪᠣᠯᠤᠨ | ᠭᠠᠳᠠᠭᠠᠳᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠠᠵᠢᠯ ᠤᠨ ᠲᠤᠰᠬᠠᠶ ᠠᠩᠭᠢ ᠵᠢᠴᠢ ᠠᠯᠪᠠᠨ ᠭᠡᠷ ᠤᠨ ᠠᠵᠢᠯ ᠤᠨ ᠵᠠᠷᠤᠳᠠᠯ ᠢ ᠠᠰ ᠲᠤᠨᠢ ᠵᠢᠭᠰᠠᠭᠠᠵᠤ | ᠂ ᠠᠵᠢᠯ ᠤᠨ ᠬᠡᠪ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ ᠶᠢᠨ ᠰᠠᠯᠠᠭ᠎ᠠ ᠮᠥᠴᠢᠷ ᠤᠯᠤᠰ ᠤᠨ ᠴᠢᠬᠤᠯᠠ ᠶᠡᠭᠡ ᠪᠠᠷᠢᠯᠭ᠎ᠠ ᠶᠢ ᠪᠠᠲᠤᠯᠠᠬᠤ ᠬᠤᠯᠪᠣᠭᠳᠠᠯ ᠪᠥᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠳᠥᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ | ᠬᠠᠷᠰᠢᠯᠠᠬᠤ ᠪᠠ ᠡᠪᠳᠡᠬᠦ ᠵᠢᠴᠢ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠬᠠᠷᠰᠢᠯᠠᠬᠤ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠰᠢᠢᠳᠪᠦᠷᠢᠯᠡᠬᠦ ᠬᠡᠷᠡᠭᠲᠠᠢ᠃ | | | 2021 ᠣᠨ ᠤ 1 ᠰᠠᠷ᠎ᠠ ᠶᠢᠨ 8 ᠤ ᠡᠳᠦᠷ | |