ᠪᠦᠬᠦ ᠬᠤᠳᠠ ᠶᠢᠨ ᠦᠶᠡᠷ ᠢ ᠰᠡᠷᠭᠡᠶᠢᠯᠡᠨ ᠭᠠᠩ  ᠲᠠᠢ  ᠲᠡᠮᠡᠴᠡᠬᠦ  ᠠᠵᠢᠯ  ᠤᠨ  ᠵᠢᠯᠣᠭᠤᠳᠬᠤ  ᠭᠠᠵᠠᠷ  ᠤᠨ  ᠪᠦᠷᠢᠯᠳᠦᠬᠦᠨ  ᠢ  ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/15
ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠪᠦᠬᠦ ᠬᠤᠳᠠ ᠶᠢᠨ ᠦᠶᠡᠷ ᠢ ᠰᠡᠷᠭᠡᠶᠢᠯᠡᠨ ᠭᠠᠩ   ᠲᠠᠢ  ᠲᠡᠮᠡᠴᠡᠬᠦ  ᠠᠵᠢᠯ   ᠤᠨ  ᠵᠢᠯᠣᠭᠤᠳᠬᠤ  ᠭᠠᠵᠠᠷ   ᠤᠨ  ᠪᠦᠷᠢᠯᠳᠦᠬᠦᠨ   ᠢ  ᠲᠣᠬᠢᠷᠠᠭᠤᠯᠬᠤ ᠲᠤᠬᠠᠶ ᠮᠡᠳᠡᠭᠳᠡᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ᠄ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠬᠤᠪᠢᠷᠠᠯᠲᠠ ᠶᠢᠨ ᠪᠠᠶᠢᠳᠠᠯ ᠵᠢᠴᠢ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ︵ᠳᠣᠷᠣᠭᠰᠢ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠪᠣᠯᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠠᠵᠢᠯᠲᠠᠨ ᠳᠤ ᠵᠣᠬᠢᠴᠠᠩᠭᠤᠶ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠢ ᠤᠴᠢᠷ  ᠢ ᠳᠣᠣᠷᠠᠬᠢ ᠮᠡᠲᠦ ᠮᠡᠳᠡᠭᠳᠡᠶ᠎ᠡ᠄ ᠨᠢᠭᠡ᠂ ᠵᠢᠯᠣᠭᠤᠳᠬᠤ ᠭᠠᠵᠠᠷ ᠤᠨ ᠪᠦᠷᠢᠯᠳᠦᠬᠦᠨ ᠶᠡᠷᠦᠩᠬᠡᠶ ᠵᠢᠯᠣᠭᠤᠳᠣᠭᠴᠢ᠄ ᠪᠦᠷᠢᠨᠵᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠢᠨ ᠵᠢᠱᠢᠭᠳᠡᠭᠴᠢ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ᠄ ᠯᠢᠦ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠮᠥᠩᠭᠦᠨ ᠵᠠᠰᠠᠭ ᠤᠨ ᠣᠷᠳᠣᠨ ᠤ ᠳᠡᠳ᠋ ᠳᠠᠷᠤᠭ᠎ᠠ ᠳᠡᠳ᠋ ᠶᠡᠷᠦᠩᠬᠡᠶ ᠵᠢᠯᠣᠭᠤᠳᠣᠭᠴᠢ᠄ ᠸᠠᠩ ᠵᠢᠩ ᠺᠧ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠱᠠᠩ ᠬᠤᠸᠠᠢ ᠭᠦᠸᠧ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠯᠢᠦ ᡁᠢ ᠴᠢᠶᠠᠩ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠪᠦᠷᠢᠯᠳᠦᠬᠦᠨ᠄ ᠶᠠᠩ ᠵᠢᠶᠠᠨ ᠵᠢᠶᠦ᠋ᠨ ᠪᠠᠶᠠᠨᠰᠢᠯᠢ ᠮᠠᠯᠵᠢᠯ ᠤᠨ ᠲᠠᠯᠠᠪᠠᠶ ᠶᠢᠨ ᠳᠠᠷᠤᠭ᠎ᠠ ᠯᠢ ᠬᠠᠶ ᠵᠢᠶᠦ᠋ᠨ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ ᠳᠠᠷᠤᠭ᠎ᠠ ᠪᠦᠷᠢᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠪᠠᠶ᠋ᠬᠠᠥ᠋ᠯᠵᠡᠢ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠤᠤ ᠸᠧᠨ ᠯᠢᠶᠠᠩ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠡᠦ ᠸᠧᠶ ᠵᠠᠰᠠᠭ ᠤᠨ ᠣᠷᠳᠣᠨ ᠤ ᠠᠯᠪᠠᠨ ᠭᠡᠷ  ᠤᠨ ᠲᠡᠳ᠋ ᠡᠷᠬᠢᠯᠡᠭᠴᠢ ᠭᠡᠷᠡᠯᠴᠣᠭᠲᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠢᠷᠠᠭᠤᠬᠠᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠣᠣ ᠯᠢᠶᠠᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠠᠩ ᠸᠧᠶ ᠳ᠋ᠦᠩ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠱᠢ ᠴᠢᠶᠠᠨ ᠰᠤᠷᠭᠠᠨ ᠬᠥᠮᠦᠵᠢᠯ ᠤᠨ ᠲᠣᠪᠴᠢᠶᠠᠨ ᠤ ᠲᠠᠷᠤᠭ᠎ᠠ ᠲᠣᠶᠠᠭ᠎ᠠ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠭᠤᠸᠠᠩ ᠨᠢᠩ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠭᠦᠸᠧ ᠶᠢᠩ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠯᠢᠦ ᠴᠢᠤᠸᠠᠨ ᠵᠢᠶᠧ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠴᠧᠨ ᠲᠤᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ ᠰᠦᠬᠡ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ ᠢᠦᠢ ᠬᠤᠸᠠ ᠡᠷᠡᠭᠦᠯ ᠬᠠᠮᠠᠭᠠᠯᠠᠯ ᠤᠨ ᠵᠦᠪᠯᠡᠯ ᠤᠨ ᠡᠷᠬᠢᠯᠡᠭᠴᠢ ᠸᠠᠩ ᠬᠤᠩ ᠬᠤᠳᠠᠯᠳᠤᠭᠠᠨ ᠤ ᠲᠣᠪᠴᠢᠶᠠᠨ ᠤ ᠳᠠᠷᠤᠭ᠎ᠠ ᠪᠠᠶ ᠪᠦᠦ ᠱᠠᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠭᠦᠸᠧ ᠹᠸᠢ ᠹᠸᠢ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠬᠤᠲᠠ  ᠶᠢᠨ ᠬᠤᠪᠢᠶᠠᠷᠢ ᠲᠣᠪᠴᠢᠶᠠᠨ  ᠤ ᠲᠠᠷᠤᠭ᠎ᠠ ᠽᠦᠩ ᠸᠧᠨ ᠭᠤᠸᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠴᠧᠨ ᡁᠢ ᠵᠢᠶᠧ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠣ᠋ ᠴᠧᠨ ᠯᠦᠩ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠯᠢ ᠬᠤᠸᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠠᠯᠲᠠᠨᠪᠠᠭᠠᠨ᠎ᠠ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠪᠠᠶ ᠰᠢᠶᠤᠤ ᠮᠢᠩ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠭᠤᠸᠠᠨ ᠸᠧᠶ ᠬᠤᠸᠠ ᠲᠥᠪᠯᠡᠷᠡᠭᠦᠯᠦᠨ ᠢᠯᠴᠢ ᠬᠠᠩᠭᠠᠬᠤ ᠰᠢᠲᠠᠮᠠᠬᠠᠶ ᠬᠡᠶ ᠶᠢᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠾᠧᠦ ᠱᠦ ᠵᠢᠶᠦ᠋ᠨ ᠴᠡᠴᠡᠷᠯᠢᠭᠵᠢᠭᠦᠯᠦᠨ ᠨᠣᠭᠤᠭᠠᠷᠠᠭᠤᠯᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠰᠡᠴᠡᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠴᠧᠨ ᠪᠠᠲᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠯᠢ ᠵᠧ ᠤᠢ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠳᠠᠷᠤᠭ᠎ᠠ ᠵᠠᠩ ᠶᠢᠨ ᠴᠧᠩ ᠴᠠᠬᠢᠯᠭᠠᠨ ᠬᠠᠩᠭᠠᠬᠤ ᠲᠣᠪᠴᠢᠶᠠᠨ ᠤ ᠳᠠᠷᠤᠭ᠎ᠠ ᠢᠦᠢ ᠭᠠᠩ ᠴᠠᠭ ᠠᠭᠤᠷ ᠤᠨ ᠲᠣᠪᠴᠢᠶᠠᠨ ᠤ ᠳᠠᠷᠤᠭ᠎ᠠ ᠦᠨᠡᠨᠴᠢ ᠤᠰᠤ ᠬᠠᠩᠭᠠᠬᠤ ᠤᠰᠤ ᠭᠠᠳᠠᠭᠰᠢᠯᠠᠭᠤᠯᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠨ ᠹᠠᠩ ᠪᠣᠯᠠᠭᠠᠨ ᠰᠤᠮᠤ ᠶᠢᠨ ᠳᠠᠷᠤᠭ᠎ᠠ ᠰᠠᠶᠢᠰᠢᠶᠠᠯᠳᠣ ᠴᠣᠬᠠᠠᠭᠤᠯᠠ ᠰᠤᠮᠤ ᠶᠢᠨ ᠳᠠᠷᠤᠭ᠎ᠠ ᠶᠢᠨ ᠵᠢᠱᠢᠭᠳᠡᠭᠴᠢ ᠸᠠᠩ ᠷᠦᠢ ᠪᠠᠶᠠᠨᠪᠤᠯᠠᠭ ᠰᠤᠮᠤ ᠶᠢᠨ ᠳᠠᠷᠤᠭ᠎ᠠ ᠶᠢᠨ ᠵᠢᠱᠢᠭᠳᠡᠭᠴᠢ ᠡᠷᠳᠡᠨᠢ ᠷᠠᠰᠢᠶᠠᠨᠪᠣᠯᠠᠭ ᠪᠠᠯᠭᠠᠰᠤᠨ ᠤ ᠳᠠᠷᠤᠭ᠎ᠠ ᠶᠢᠨ ᠵᠢᠱᠢᠭᠳᠡᠭᠴᠢ ᠶᠠᠩ ᠬᠠᠶ ᠮᠣᠳᠣᠨ ᠮᠠᠯᠵᠢᠯ ᠤᠨ ᠲᠠᠯᠠᠪᠠᠢ ᠶᠢᠨ ᠳᠠᠷᠤᠭ᠎ᠠ ᠦᠷᠭᠡᠨ ᠪᠢᠯᠢᠭ ᠮᠠᠯᠵᠢᠯ ᠤᠨ ᠲᠠᠯᠠᠪᠠᠢ ᠶᠢᠨ ᠳᠠᠷᠤᠭ᠎ᠠ ᠷᠧᠨ ᠳ᠋ᠢᠶᠠᠨ ᠢᠦᠢ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠳᠠᠷᠤᠭ᠎ᠠ ᠹᠦ᠋ ᠴᠠᠩ ᠵᠢᠶᠠᠩ ᠢᠳᠡᠰᠢᠨ ᠨᠣᠭᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠷᠧᠨ ᠬᠤᠤ ᠪᠤᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠣᠣ ᠡᠣ ᠱᠠᠨ ᠬᠠᠩᠭᠠᠢ ᠵᠡᠭᠡᠯᠢ ᠭᠤᠳᠣᠮᠵᠢ  ᠶᠢᠨ ᠬᠡᠷᠡᠭ ᠡᠷᠬᠢᠯᠡᠬᠦ ᠭᠠᠵᠠᠷ  ᠤᠨ ᠡᠷᠬᠢᠯᠡᠭᠴᠢ ᠰᠦᠨ ᠶᠠᠨ ᠴᠣᠭᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠫᠢᠩ ᠰᠢᠷᠠᠳᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠰᠢᠤᠸᠠᠢ ᠵᠢᠩ ᠡᠷᠳᠡᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠽᠢ ᠮᠢᠩ ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠢᠷᠦᠬᠡ ᠪᠠᠶᠠᠨᠴᠠᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠠᠶ ᠶᠠ ᠵᠢᠶᠦ᠋ᠨ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠠᠶᠢᠨᠵᠠᠶᠠᠭ᠎ᠠ ᠤᠰᠤᠨ ᠴᠥᠭᠦᠷᠥᠮ  ᠢ ᠬᠠᠮᠢᠶᠠᠷᠣᠨ ᠬᠠᠮᠠᠭᠠᠯᠠᠬᠤ ᠲᠥᠪ ᠤᠨ ᠡᠷᠬᠢᠯᠡᠭᠴᠢ ᠯᠢ ᠴᠧᠩ ᠳ᠋ᠦᠩ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠵᠧᠤ ᠶᠦᠩ ᠰᠢ ᠰᠢᠯᠢ ᠶᠢᠨ ᠭᠤᠤᠯ ᠠᠶᠢᠮᠠᠭ ᠤᠨ ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠢᠶᠧ ᠵᠢᠶᠦ᠋ᠨ ᠰᠢᠯᠢ  ᠶᠢᠨ ᠬᠤᠲᠠ ᠶᠢᠨ ᠰᠢᠯᠵᠢᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠢᠶᠠᠩ ᠭᠦᠸᠧ ᠬᠤᠸᠠ ᠰᠢᠯᠢ ᠶᠢᠨ ᠭᠤᠣᠯ ᠠᠶᠢᠮᠠᠭ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠦᠸᠧ ᡁᠢ ᠴᠢᠶᠠᠩ ᠳᠤᠮᠳᠠᠳᠤ ᠤᠯᠤᠰ ᠤᠨ ᠴᠢᠯᠠᠭᠤᠨ ᠳᠤᠰᠤᠨ ᠤ ᠤᠮᠠᠷᠠᠲᠤ ᠶᠢᠨ ᠴᠢᠯᠠᠭᠤᠨ ᠳᠤᠰᠤᠨ ᠤ ᠡᠷᠢᠶᠡᠨ  ᠤ ᠬᠤᠪᠢᠶᠠᠷᠢ ᠺᠣᠮᠫᠠᠨᠢ ᠶᠢᠨ ᠳᠠᠭᠠᠭᠠᠮᠠᠯ ᠶᠠᠩ ᠴᠧᠩ ᠯᠦᠩ ᠱᠧᠨ ᠬᠤᠸᠠ ᠤᠮᠠᠷᠠᠲᠤ ᠶᠢᠨ ᠴᠠᠬᠢᠯᠭᠠᠨ ᠤ ᠱᠧᠩ ᠯᠢ ᠡᠨᠧᠷᠭᠢ ᠶᠢᠨ ᠬᠢᠵᠠᠭᠠᠷᠲᠤ ᠺᠣᠮᠫᠠᠨᠢ  ᠶᠢᠨ ᠶᠡᠷᠦᠩᠬᠡᠶ ᠳᠠᠭᠠᠭᠠᠮᠠᠯ ᠯᠢᠶᠠᠩ ᠵᠢᠤᠢ ᠠᠶᠢᠮᠠᠭ ᠤᠨ ᠴᠢᠯᠠᠭᠤᠨ ᠳᠤᠰᠤᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠬᠣ᠋ ᡁᠢ ᠵᠢᠶᠠᠨ ᠰᠢᠯᠢ  ᠶᠢᠨ ᠬᠤᠲᠠ  ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠧᠩ ᡁᠢ ᠭᠠᠩ ᠰᠢᠯᠢ  ᠶᠢᠨ ᠬᠤᠲᠠ  ᠶᠢᠨ ᠭᠠᠯᠲᠤ ᠲᠡᠷᠭᠡᠨ ᠥᠷᠲᠡᠭᠡᠨ ᠤ ᠳᠠᠷᠤᠭ᠎ᠠ ᠰᠦᠨ ᠵᠥᠩ ᠰᠢᠯᠢ ᠶᠢᠨ ᠭᠤᠣᠯ ᠠᠶᠢᠮᠠᠭ  ᠤᠨ ᠠᠨᠱᠦ᠋ᠨ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠶᠢᠩ ᠵᠢᠶᠦ᠋ᠨ ᠳ᠋ᠡ ᠲᠠᠩ ᠣᠯᠠᠨ ᠤᠯᠤᠰ ᠤᠨ ᠰᠢᠯᠢ  ᠶᠢᠨ ᠬᠤᠲᠠ ᠶᠢᠨ ᠠᠭᠤᠷᠬᠠᠶ ᠶᠢᠨ ᠦᠢᠯᠡᠰ  ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠢᠦᠢ ᠭᠦᠸᠧ ᠡᠾᠦ᠋ᠢ ᠣᠯᠠᠭᠠᠨᠲᠤᠭ ᠨᠡᠭᠦᠷᠡᠰᠦᠨ ᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠵᠢᠩ ᠴᠧᠩ ᠮᠧᠩ ᠳ᠋ᠦᠩ ᠡᠨᠧᠷᠭᠢ ᠶᠢᠨ ᠰᠤᠷᠪᠤᠯᠵᠢ ᠶᠢᠨ ᠬᠤᠪᠢ ᠣᠷᠣᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠫᠸᠢ ᠭᠦᠸᠧ ᠴᠢᠩ ᠮᠧᠩ ᠨᠧᠩ ᠪᠦᠯᠦᠭᠯᠡᠯ ᠤᠨ ᠰᠢᠯᠢ ᠶᠢᠨ ᠭᠤᠤᠯ ᠤᠨ ᠱᠧᠩ ᠯᠢ ᠡᠨᠧᠷᠭᠢ ᠶᠢᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ︵ᠨᠢᠭᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠄ ᠪᠥᠬᠦ ᠬᠤᠲᠠ ᠶᠢᠨ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠢ ᠵᠣᠬᠢᠴᠠᠭᠤᠯᠵᠤ ᠦᠶᠡᠷ ᠤᠨ ᠤᠰᠤ ᠶᠢ ᠰᠡᠷᠭᠡᠶᠢᠯᠡᠨ ᠭᠠᠩ ᠤᠨ ᠭᠠᠮᠰᠢᠭ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠳᠤᠬᠢᠷᠠᠭᠤᠯᠤᠯᠳᠠ ᠶᠢᠨ ᠠᠵᠢᠯ ᠢ ᠬᠢᠨ᠎ᠠ︔ ᠡᠯ᠎ᠡ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠪᠤᠰᠤᠳ ᠴᠢᠬᠤᠯᠠ ᠶᠡᠭᠡ ᠵᠦᠢᠯᠡᠰ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠪᠥᠬᠦ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠥᠯᠥᠪᠵᠢᠭᠦᠯᠭᠡ ᠵᠢᠴᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠶᠡᠷᠦᠩᠬᠡᠶᠢᠯᠡᠨ ᠵᠢᠯᠣᠭᠤᠳᠴᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ ᠶᠢ ᠵᠣᠬᠢᠴᠠᠭᠤᠯᠤᠨ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ︔ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠴᠠᠭᠤᠯᠤᠨ᠎ᠠ︔ ᠪᠥᠬᠦ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠪᠠ ᠪᠦᠷᠢᠯᠳᠦᠬᠦᠨ ᠨᠢᠭᠡᠴᠡ ᠶᠢᠨ ᠳᠤᠷᠠᠳᠤᠭᠰᠠᠨ ᠴᠢᠬᠤᠯᠠ ᠵᠦᠢᠯᠡᠰ ᠢ ᠵᠣᠬᠢᠴᠠᠭᠤᠯᠤᠨ᠎ᠠ︔ ᠶᠡᠷᠦᠩᠬᠡᠢ ᠵᠢᠯᠤᠭᠤᠳᠤᠬᠴᠢ᠂ ᠳᠡᠳ᠋ ᠶᠡᠷᠦᠩᠬᠡᠢ ᠵᠢᠯᠤᠭᠤᠳᠤᠬᠴᠢ ᠶᠢᠨ ᠱᠠᠭᠠᠷᠳᠠᠯᠭ᠎ᠠ ᠶᠣᠰᠣᠭᠠᠷ᠂ ᠪᠡᠯᠡᠳᠬᠡᠯ ᠲᠥᠰᠦᠯ ᠢ ᠡᠬᠢᠯᠡᠭᠦᠯᠬᠦ ᠵᠢᠴᠢ ᠵᠢᠯᠣᠭᠤᠳᠬᠤ ᠭᠠᠵᠠᠷ ᠤᠨ ᠰᠢᠢᠳᠪᠦᠷᠢᠯᠡᠬᠦ ᠴᠢᠬᠤᠯᠠᠲᠠᠢ ᠪᠤᠰᠤᠳ ᠬᠤᠯᠪᠣᠭᠳᠠᠯ ᠪᠦᠬᠦᠢ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠴᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ︔ ᠬᠤᠳᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠪᠠ ᠬᠠᠮᠢᠶᠠᠷᠤᠯᠲᠠ ᠶᠢᠨ ᠳᠣᠣᠷ᠎ᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠥᠷᠨᠢᠭᠦᠯᠦᠨ᠎ᠡ︔ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠨ᠎ᠡ᠃ ︵ᠬᠤᠶᠠᠷ︶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠄ ᠶᠡᠷᠦᠩᠬᠡᠶᠢᠯᠡᠭᠰᠡᠨ ᠭᠠᠮᠰᠢᠭ  ᠢ ᠰᠡᠷᠭᠡᠶᠢᠯᠡᠨ ᠭᠠᠮᠰᠢᠭ  ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠡᠷ  ᠤᠨ ᠭᠠᠮᠰᠢᠭ  ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠦᠶᠡᠷ  ᠤᠨ ᠭᠠᠮᠰᠢᠭ  ᠢ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠤᠰᠤᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠪᠠ ᠲᠣᠬᠢᠷᠠᠭᠤᠯᠬᠤ ᠶᠢ ᠨᠠᠶᠢᠳᠠᠪᠤᠷᠢᠵᠢᠭᠤᠯᠤᠨ᠎ᠠ︔ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ  ᠤ ᠪᠠᠷᠢᠯᠭ᠎ᠠ ᠶᠢᠨ ᠦᠶᠡᠷ  ᠤᠨ ᠤᠰᠤ ᠶᠢ ᠰᠡᠷᠭᠡᠶᠢᠯᠡᠨ ᠭᠠᠩ ᠭᠠᠮᠰᠢᠭ ᠲᠠᠢ ᠲᠡᠮᠡᠴᠡᠬᠦ ᠲᠤᠬᠢᠷᠠᠭᠤᠯᠤᠯᠳᠠ ᠪᠣᠯᠤᠨ ᠪᠠᠴᠢᠮ ᠪᠠᠶᠢᠳᠠᠯ  ᠢ ᠠᠷᠭᠠᠴᠠᠬᠤ ᠤᠰᠤᠨ  ᠤ ᠬᠡᠮᠵᠢᠶ᠎ᠡ ᠶᠢ ᠲᠣᠬᠢᠷᠠᠭᠤᠯᠬᠤ ᠲᠥᠰᠦᠯ  ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ ᠶᠡᠭᠡ ᠤᠰᠤᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠠᠩᠬᠠᠨ ᠤ ᠬᠤᠭᠤᠴᠠᠭᠠᠨ ᠤ ᠰᠢᠢᠳᠪᠦᠷᠢᠯᠡᠬᠦ ᠲᠥᠰᠦᠯ ᠢ ᠲᠣᠭᠲᠠᠭᠠᠨ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ︔ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠵᠢᠯᠤᠭᠤᠳᠤᠯᠭ᠎ᠠ ᠪᠠ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ︔ ᠡᠭᠦᠷᠭᠡ ᠴᠢᠳᠠᠪᠤᠷᠢ ᠶᠢᠨ ᠶᠣᠰᠣᠭᠠᠷ ᠵᠢᠯᠣᠭᠤᠳᠬᠤ ᠭᠠᠵᠠᠷ ᠤᠨ ᠠᠯᠪᠠᠨ ᠭᠡᠷ ᠤᠨ ᠬᠤᠯᠪᠣᠭᠳᠠᠯ ᠪᠦᠬᠦᠢ ᠡᠳᠦᠷ ᠲᠤᠲᠤᠮ ᠤᠨ ᠠᠵᠢᠯ ᠢ ᠭᠦᠢᠴᠡᠳᠬᠡᠨ᠎ᠡ᠃ ᠪᠦᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠥᠬᠦ ᠬᠤᠲᠠ ᠶᠢᠨ ᠤᠰᠤ ᠭᠠᠩ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠥᠬᠦᠶ ᠠᠵᠢᠯ ᠢ ᠪᠣᠳᠠᠲᠠᠶ ᠬᠠᠷᠢᠭᠤᠴᠠᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠬᠦ ᠵᠢᠴᠢ ᠠᠭᠤᠯᠠᠨ ᠦᠶᠡᠷ ᠤᠨ ᠭᠠᠮᠰᠢᠭ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠷᠠᠳ ᠣᠯᠠᠨ ᠤ ᠰᠢᠷᠦᠭᠦᠨ ᠪᠣᠷᠣᠭᠠᠨ᠂ ᠠᠭᠤᠯᠠᠨ ᠦᠶᠡᠷ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠢ ᠠᠷᠭᠠᠴᠠᠬᠤ ᠮᠡᠳᠡᠯᠭᠡ ᠪᠠ ᠠᠮᠢ ᠵᠢᠭᠤᠲᠠᠵᠤ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠴᠢᠬᠤᠯᠠᠲᠠᠶ ᠦᠶ᠎ᠡ ᠳᠤ᠂ ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠪᠣᠳᠠᠲᠠᠶ ᠲᠥᠰᠦᠯ ᠳᠤᠷᠠᠳᠤᠨ ᠵᠢᠯᠣᠭᠤᠳᠬᠤ ᠭᠠᠵᠠᠷ ᠲᠤ ᠮᠡᠳᠡᠭᠦᠯᠦᠨ ᠬᠤᠳᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠨᠡᠷ᠎ᠡ ᠪᠠᠷ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠤ ᠪᠣᠯᠤᠨ᠎ᠠ᠃ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢᠨ ᠴᠢᠬᠤᠯᠠ ᠠᠷᠭ᠎ᠠ ᠬᠡᠮᠵᠢᠶ᠎ᠡ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠪᠥᠬᠦ ᠬᠤᠲᠠ ᠶᠢᠨ ᠦᠶᠡᠷ ᠤᠨ ᠬᠤᠭᠤᠴᠠᠭᠠᠨ ᠳᠠᠬᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠭᠰᠡᠨ ᠪᠠᠶᠢᠳᠠᠯ ᠢ ᠵᠠᠳᠠᠯᠤᠨ ᠰᠢᠨᠵᠢᠯᠡᠵᠦ᠂ ᠮᠠᠨ ᠤ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠭᠰᠡᠨ ᠮᠡᠳᠡᠭᠡ ᠵᠠᠩᠭᠢ ᠪᠠ ᠬᠢᠨᠠᠨ ᠬᠡᠮᠵᠢᠭᠰᠡᠨ ᠮᠡᠳᠡᠭᠡ ᠵᠠᠩᠭᠢ ᠶᠢ ᠰᠤᠳᠤᠯᠤᠨ ᠮᠠᠭᠠᠳᠯᠠᠵᠤ ᠨᠡᠶᠢᠲᠡᠯᠡᠨ᠎ᠡ︔ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠭᠤᠤᠯ ᠨᠠᠭᠤᠷ ᠤᠨ ᠦᠶᠡᠷ ᠢ ᠰᠡᠷᠭᠡᠶᠢᠯᠡᠨ ᠦᠶᠡᠷ ᠢ ᠥᠩᠭᠡᠷᠡᠭᠦᠯᠬᠦ ᠵᠢᠴᠢ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠨ᠎ᠠ︔ ᠤᠰᠤᠨ ᠴᠥᠭᠦᠷᠥᠮ᠂ ᠬᠠᠰᠢᠯᠭ᠎ᠠ᠂ ᠦᠶᠡᠷ ᠵᠠᠯᠠᠬᠤ ᠰᠤᠪᠠᠭ ᠵᠡᠷᠭᠡ ᠶᠢ ᠬᠠᠮᠠᠭᠠᠯᠠᠨ ᠠᠷᠠᠴᠢᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠤᠬᠠᠭᠤᠯᠤᠨ ᠬᠥᠮᠦᠵᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠵᠦ᠂ ᠰᠢᠯᠢ ᠶᠢᠨ ᠭᠤᠣᠯ ᠤᠨ ᠤᠰᠤᠨ ᠴᠥᠭᠦᠷᠥᠮ ᠪᠣᠯᠤᠨ ᠰᠢᠶᠤᠤ ᠬᠦ᠋ ᠱᠠᠨ ᠤᠰᠤᠨ ᠴᠥᠭᠦᠷᠥᠮ ᠢ ᠱᠠᠯᠠᠪᠳᠠᠭᠤᠯᠤᠨ ᠪᠠᠶᠢᠴᠠᠭᠠᠵᠤ ᠤᠰᠤᠨ ᠴᠥᠭᠦᠷᠥᠮ ᠤᠨ ᠠᠮᠤᠷ ᠲᠦᠪᠰᠢᠨ ᠤ ᠠᠵᠢᠯᠯᠠᠭᠠᠨ ᠢ ᠪᠠᠶᠢᠴᠠᠭᠠᠬᠤ᠂ ᠰᠡᠯᠪᠢᠨ ᠵᠠᠰᠠᠬᠤ᠂ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ ᠳᠡᠭᠡᠭᠰᠢ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ ᠦᠶᠡᠷ ᠤᠨ ᠬᠤᠭᠤᠴᠠᠭᠠᠨ ᠤ ᠲᠣᠭᠤᠷᠢᠨ ᠬᠠᠮᠠᠭᠠᠯᠠᠬᠤ᠂ ᠡᠬᠢ ᠡᠭᠦᠰᠦᠯ ᠠᠴᠠ ᠨᠢ ᠬᠠᠮᠢᠶᠠᠷᠬᠤ᠂ ᠦᠶᠡᠷ ᠢ ᠰᠡᠷᠭᠡᠶᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠬᠤᠲᠠ ᠶᠢᠨ ᠡᠷᠬᠢᠨ ᠲᠣᠭᠤᠷᠢᠨ ᠤ ᠠᠭᠤᠯᠠᠨ ᠦᠶᠡᠷ ᠤᠨ ᠰᠡᠷᠭᠡᠶᠢᠯᠡᠯᠲᠡ ᠶᠢᠨ ᠣᠷᠣᠨ᠂ ᠡᠯ᠎ᠡ ᠤᠰᠤᠨ ᠣᠷᠣᠨ ᠭᠤᠤᠯ ᠮᠥᠷᠡᠨ ᠳᠤ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠂ ᠦᠶᠡᠷ ᠤᠨ ᠪᠠᠶᠢᠳᠠᠯ ᠡᠭᠦᠰᠬᠦ ᠦᠶ᠎ᠡ ᠳᠤ ᠡᠯ᠎ᠡ ᠦᠶᠡᠷ ᠵᠠᠯᠠᠬᠤ ᠰᠤᠪᠠᠭ ᠤᠨ ᠦᠶᠡᠷ ᠢ ᠢᠯᠭᠤᠮ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ︔ ᠪᠥᠬᠦ ᠬᠤᠲᠠ ᠶᠢᠨ ᠦᠶᠡᠷ ᠢ ᠰᠡᠷᠭᠡᠶᠢᠯᠡᠬᠦ ᠶᠡᠷᠦᠩᠬᠡᠶᠢᠯᠡᠭᠰᠡᠨ ᠰᠣᠷᠢᠯᠲᠠ ᠶᠢ ᠳᠠᠭᠠᠭᠠᠨ ᠡᠷᠭᠢᠯᠡᠨ᠎ᠡ︔ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃ ᠭᠤᠷᠪᠠ᠂ ᠪᠤᠰᠤᠳ ᠵᠦᠢᠯ ︵ᠨᠢᠭᠡ︶ ᠵᠢᠯᠣᠭᠤᠳᠬᠤ ᠭᠠᠵᠠᠷ ᠤᠨ ᠠᠯᠪᠠᠨ ᠬᠡᠷ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠸᠠᠩ ᠵᠢᠩ ᠬᠠᠪᠰᠤᠷᠭᠠᠨ ᠬᠠᠷᠢᠭᠤᠴᠠᠨ᠎ᠠ᠃ ᠪᠠᠶᠢᠩᠭᠤ ᠶᠢᠨ ᠳᠡᠳ᠋ ᠡᠷᠬᠢᠯᠡᠭᠴᠢ ᠱᠠᠩ ᠬᠤᠸᠠᠢ ᠭᠦᠸᠧ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠵᠦ ᠴᠧᠨ ᠯᠦᠩ᠂ ᠪᠠᠶ ᠰᠢᠶᠤᠤ ᠮᠢᠩ ᠬᠠᠪᠰᠤᠷᠭᠠᠨ ᠬᠠᠷᠢᠭᠤᠴᠠᠨ᠎ᠠ᠃ ᠦᠶᠡᠷ ᠢ ᠰᠡᠷᠭᠡᠶᠢᠯᠡᠬᠦ ᠵᠢᠵᠢᠭᠦᠷ ᠤᠨ ᠤᠲᠠᠰᠤ᠄ 8250021︔ 8213478︔ 8112804᠃ ︵ᠬᠤᠶᠠᠷ︶ ᠬᠤᠶᠢᠰᠢᠳᠠ ᠬᠤᠳᠠ ᠶᠢᠨ ᠤᠳᠤᠷᠢᠳᠤᠯᠭ᠎ᠠ ᠠᠴᠠ ᠪᠤᠰᠤᠳ ᠬᠥᠮᠦᠰ ᠲᠤ ᠬᠤᠪᠢᠷᠠᠯᠲᠠ ᠭᠠᠷᠬᠤ ᠳᠤ ᠬᠦᠷᠪᠡᠯ ᠵᠢᠯᠣᠭᠤᠳᠬᠤ ᠭᠠᠵᠠᠷ ᠠᠴᠠ ᠥᠪᠡᠷᠰᠡᠳ ᠢᠶᠠᠨ ᠲᠤᠬᠢᠷᠠᠭᠤᠯᠤᠨ᠎ᠠ᠂ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠠᠯᠪᠠᠨ ᠪᠢᠴᠢᠭ ᠪᠠᠭᠤᠯᠭᠠᠬᠤ ᠦᠭᠡᠢ᠃    2021 ᠣᠨ ᠤ 6 ᠰᠠᠷ᠎ᠠ ᠶᠢᠨ 14
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号