︽ᠰᠢᠯᠢ  ᠶᠢᠨ  ᠬᠤᠲᠠ ᠶᠢᠨ  ᠪᠥᠬᠦ  ᠠᠷᠠᠳ ᠤᠨ ᠪᠡᠶ᠎ᠡ  ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ  ᠮᠡᠨᠳᠦ  ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/15
 ︽ᠰᠢᠯᠢ   ᠶᠢᠨ  ᠬᠤᠲᠠ ᠶᠢᠨ  ᠪᠥᠬᠦ  ᠠᠷᠠᠳ ᠤᠨ ᠪᠡᠶ᠎ᠡ  ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ  ᠮᠡᠨᠳᠦ  ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠰᠤᠮᠤ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠤᠳᠤᠯᠤᠯᠲᠠ ᠪᠠᠷ ᠳᠡᠮᠵᠢᠨ᠂ ᠡᠳᠦᠭᠡ ︽ ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                                                                                      ᠰᠢᠯᠢ  ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                                                                           2021 ᠣᠨ ᠤ 8 ᠰᠠᠷ᠎ᠠ ᠶᠢᠨ 24 ᠤ ᠡᠳᠦᠷᠰᠢᠯᠢ   ᠶᠢᠨ  ᠬᠤᠲᠠ ᠶᠢᠨ  ᠪᠥᠬᠦ  ᠠᠷᠠᠳ ᠤᠨ ᠪᠡᠶ᠎ᠡ  ᠴᠢᠭᠢᠷᠠᠭᠵᠢᠭᠤᠯᠤᠯᠲᠠ ᠶᠢ ᠪᠥᠬᠦ ᠠᠷᠠᠳ ᠤᠨᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯᠨᠢᠭᠡ᠂ ᠵᠢᠯᠣᠭᠤᠳᠬᠤ ᠦᠵᠡᠯ ᠰᠠᠨᠠᠭ᠎ᠠᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠬᠤ ᠴᠢᠭᠯᠡᠯ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠶᠡᠬᠡᠪᠡᠷ ᠠᠬᠢᠭᠤᠯᠵᠤ᠂ ︽ᠪᠡᠶ᠎ᠡ ᠶᠢᠨ ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ︾ ᠣᠨᠣᠯᠵᠢᠬᠤᠨ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠭᠤᠤᠯ ᠴᠣᠭᠴᠠ ᠪᠣᠯᠭᠠᠨ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ᠂ ᠠᠭᠤᠯᠭ᠎ᠠ ᠪᠠᠷ ᠡᠯᠪᠡᠭ ᠪᠠᠶᠠᠯᠢᠭ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠡᠷᠡᠭᠦᠯ ᠡᠩᠬᠡ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ᠬᠤᠶᠠᠷ᠂ ᠭᠤᠣᠯ ᠬᠠᠷᠠᠯᠲᠠ2030 ᠣᠨ ᠪᠣᠯᠬᠤ ᠳᠤ᠂ ᠪᠥᠬᠦ ᠬᠤᠲᠠ ᠳᠤ ᠪᠥᠬᠦ ᠭᠠᠵᠠᠷ ᠣᠷᠣᠨ ᠢ ᠬᠠᠮᠤᠷᠤᠭᠰᠠᠨ᠂ ᠪᠥᠬᠦ ᠦᠶᠡᠯᠡᠯ ᠤᠨ ᠬᠤᠭᠤᠴᠠᠭᠠᠨ ᠳᠤ ᠦᠢᠯᠡᠴᠢᠯᠡᠬᠦ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠬᠥᠮᠦᠰ ᠢᠶᠠᠷ ᠢᠶᠠᠨ ᠬᠠᠮᠲᠤ  ᠪᠠᠷ ᠡᠳ᠋ᠯᠡᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ︽ᠶᠡᠭᠡ ᠡᠷᠡᠭᠦᠯ ᠮᠡᠨᠳᠦ︾ ᠶᠢᠨ ᠳᠤᠮᠳᠠᠬᠢ ᠦᠢᠯᠡᠳᠦᠯ ᠢ ᠨᠠᠩ ᠲᠣᠪᠤᠶᠢᠮ᠎ᠠ ᠪᠣᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠵᠥᠪᠬᠡᠨ ᠡᠮᠴᠢᠯᠡᠭᠡ ᠡᠷᠡᠭᠦᠯ ᠬᠠᠮᠠᠭᠠᠯᠠᠯ ᠤᠨ ︽ᠰᠠᠨᠠᠭᠠᠴᠢᠯᠠᠭᠠᠲᠤ ᠪᠤᠰᠤ᠂ ᠡᠮᠴᠢᠯᠡᠭᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠳᠤ ᠲᠦᠰᠢᠭᠯᠡᠵᠦ︾ ᠪᠠᠶᠢᠭᠰᠠᠨ ᠠᠴᠠ ᠪᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠶᠢᠨ ︽ᠰᠠᠨᠠᠭᠠᠴᠢᠯᠠᠭ᠎ᠠ ᠲᠠᠢ᠂  ᠥᠪᠡᠰᠦᠪᠡᠨ ᠪᠡᠶ᠎ᠡ ᠶᠢᠨ ᠲᠠᠮᠢᠷ ᠤᠨ ᠴᠢᠭᠢᠷᠠᠭᠵᠢᠭᠤᠯᠤᠯᠲᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠲᠦᠰᠢᠭᠯᠡᠬᠦ︾ ᠬᠥᠭᠵᠢᠯᠲᠡ ᠶᠢ ᠪᠡᠶᠡᠯᠡᠭᠦᠯᠦᠨ᠎ᠡ᠃—ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠳᠡᠩᠰᠡᠯᠡᠨ ᠲᠡᠮᠳᠡᠭᠯᠡᠬᠦ ᠶᠢ ᠢᠳᠡᠪᠬᠢᠲᠡᠶ ᠳᠡᠮᠵᠢᠵᠦ᠂ ᠬᠤᠲᠠ ᠬᠥᠳᠡᠭᠡ ᠳᠤ ᠨᠡᠶᠢᠳᠡᠮ ᠲᠠᠷᠬᠠᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠦᠷᠢᠯᠳᠦᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠥᠷᠲᠡᠭᠡ ᠴᠢᠬ ᠤᠨ ᠬᠥᠮᠦᠨ ᠤ ᠲᠤᠭ᠎ᠠ ᠶᠢᠨ ᠬᠠᠷᠢᠴᠠᠯ ᠢ ᠲᠦᠮᠡᠨ ᠬᠤᠪᠢ ᠶᠢᠨ ᠭᠤᠷᠪᠠ ᠠᠴᠠ ᠳᠡᠭᠡᠭᠰᠢ ᠬᠦᠷᠦᠭᠦᠯᠦᠨ᠎ᠡ᠃—ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠬᠥᠮᠦᠨ ᠤ ᠲᠤᠭ᠎ᠠ ᠮᠡᠳᠡᠭᠳᠡᠬᠦ᠋ᠢᠴᠡ  ᠨᠡᠮᠡᠭᠳᠡᠪᠡ᠃ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45 ᠠᠴᠠ ᠳᠡᠭᠡᠭᠰᠢ ᠳᠤ ᠬᠦᠷᠦᠭᠦᠯᠵᠦ᠂ ᠭᠠᠷᠠᠭ ᠪᠦᠷᠢ 1 ᠤᠳᠠᠭ᠎ᠠ ᠪᠤᠶᠤ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 55 ᠠᠴᠠ ᠳᠡᠭᠡᠭᠰᠢ ᠳᠤ ᠬᠦᠷᠦᠭᠦᠯᠦᠨ᠎ᠡ᠃ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠬᠤ ᠬᠡᠷᠡᠭᠲᠡᠶ᠃ — ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠲᠡᠩᠴᠡᠭᠦᠷᠢᠲᠡᠶ ᠬᠥᠭᠵᠢᠭᠦᠯᠦᠨ᠎ᠡ᠃ ᠬᠤᠲᠠ᠂ ᠰᠤᠮᠤ ᠪᠠᠯᠭᠠᠰᠤ᠂ ᠲᠠᠯᠠᠪᠠᠶ᠂ ᠭᠠᠴᠠᠭ᠎ᠠ ᠶᠢᠨ ᠬᠤᠪᠢᠶᠠᠷᠢ ᠲᠠᠯᠠᠪᠠᠶ ᠶᠢᠨ ᠭᠤᠷᠪᠠᠳᠤᠭᠠᠷ ᠳᠡᠰ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠶᠢ 5 ᠲᠡᠭᠰᠢ ᠳᠥᠷᠪᠡᠯᠵᠢᠨ ᠮᠧᠲᠷ  ᠠᠴᠠ ᠳᠡᠭᠡᠭᠰᠢ ᠳᠤ ᠬᠦᠷᠦᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠣᠯᠠᠨ ᠴᠢᠳᠠᠮᠵᠢᠳᠣ ᠪᠡᠶ᠎ᠡ ᠴᠢᠭᠢᠷᠠᠭᠵᠢᠭᠤᠯᠬᠤ ᠣᠷᠳᠣᠨ᠂ ᠭᠠᠴᠠᠭ᠎ᠠ ᠲᠣᠰᠬᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠲᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠢ ᠪᠣᠶ ᠪᠣᠯᠭᠠᠪᠠ᠃ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠤᠷᠲᠤ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃—ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃  ᠰᠢᠯᠢ ᠶᠢᠨ ᠬᠤᠲᠠ ᠶᠢᠨ ᠭᠠᠵᠠᠷ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠬᠤᠶᠠᠷ ᠵᠢᠯ ᠪᠦᠷᠢ ᠳᠤ ᠥᠷᠨᠢᠭᠦᠯᠵᠦ᠂ ᠵᠢᠯ ᠪᠦᠷᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 12 ᠤᠳᠠᠭ᠎ᠠ ᠠᠴᠠ ᠳᠤᠲᠠᠭᠤ ᠥᠬᠡᠶ ᠥᠷᠨᠢᠭᠦᠯᠵᠦ᠂ ᠺᠠᠳ᠋ᠷ ᠣᠯᠠᠨ ᠲᠦᠮᠡᠨ ᠣᠶᠢᠷ᠎ᠠ ᠬᠠᠪᠢ ᠳᠠᠭᠠᠨ ᠲᠠᠷᠤᠢ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠪᠡᠶᠡᠯᠡᠭᠦᠯᠦᠨ᠎ᠡ᠃—ᠵᠢᠯᠣᠭᠤᠳᠬᠤ ᠪᠠ ᠦᠢᠯᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠥᠷᠲᠡᠭᠡ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠶᠢᠨ ᠲᠠᠮᠢᠷ ᠡᠮᠴᠢᠯᠡᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ︵ᠥᠷᠲᠡᠭᠡ︶ ᠢ ᠪᠠᠶᠢᠭᠤᠯᠤᠨ᠎ᠠ᠃ ᠨᠡᠶᠢᠭᠡᠮ  ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠮᠦᠨ ᠤ ᠲᠤᠭ᠎ᠠ ᠶᠢᠨ ᠬᠠᠷᠢᠴᠠᠯ ᠢ ᠮᠢᠩᠭᠠᠨ ᠤ ᠳᠥᠷᠪᠡ ᠠᠴᠠ ᠳᠡᠭᠡᠭᠰᠢ ᠳᠤ ᠬᠦᠷᠦᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠳᠡᠯᠭᠡᠭᠡᠨ ᠢ ᠥᠷᠨᠢᠭᠦᠯᠦᠨ᠎ᠡ᠃—ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠨᠡᠶᠢᠳᠡᠮ ᠳᠡᠭᠡᠨ  ᠰᠠᠶᠢᠵᠢᠷᠠᠪᠠ᠃ ︽ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠠᠴᠠ ᠳᠡᠭᠡᠭᠰᠢᠬᠢ ᠬᠤᠲᠠ ᠬᠥᠳᠡᠭᠡ ᠶᠢᠨ ᠬᠥᠮᠦᠨ ᠤ ᠲᠤᠭ᠎ᠠ ᠶᠢᠨ ᠬᠠᠷᠢᠴᠠᠯ ᠢ 95% ᠳᠤ ᠬᠦᠷᠦᠭᠦᠯᠦᠨ᠎ᠡ᠃ ᠬᠤᠳᠠ ᠬᠥᠳᠡᠭᠡ ᠶᠢᠨ ᠤᠳᠠᠭᠠᠨ ᠴᠢᠨᠠᠷᠲᠠᠶ ᠡᠪᠡᠳᠴᠢᠨ ᠡᠭᠦᠰᠬᠦ ᠨᠤᠷᠮ᠎ᠠ ᠶᠢ ᠮᠡᠳᠡᠭᠳᠡᠬᠦ᠋ᠢᠴᠡ ᠪᠠᠭᠤᠷᠠᠭᠤᠯᠵᠤ᠂ ᠡᠮ ᠡᠮᠨᠡᠯᠭᠡ ᠶᠢᠨ ᠵᠠᠷᠤᠯᠭ᠎ᠠ ᠶᠢᠨ ᠵᠠᠷᠤᠳᠠᠯ ᠢ ᠮᠡᠳᠡᠭᠳᠡᠬᠦ᠋ᠢᠴᠡ ᠪᠠᠭᠤᠷᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠨᠢ ᠡᠷᠡᠭᠦᠯ ᠮᠡᠨᠳᠦ ᠶᠢ ᠠᠬᠢᠭᠤᠯᠬᠤ ᠳᠤᠮᠳᠠᠬᠢ ᠦᠢᠯᠡᠳᠦᠯ ᠨᠢ ᠨᠠᠩ ᠲᠣᠪᠤᠶᠢᠮ᠎ᠠ ᠪᠣᠯᠵᠣ᠂ ᠡᠷᠡᠭᠦᠯ ᠮᠡᠨᠳᠦ ᠶᠢ ᠰᠠᠶᠢᠵᠢᠷᠠᠭᠤᠯᠬᠤ ᠴᠢᠬᠤᠯᠠ ᠠᠷᠭ᠎ᠠ ᠪᠠᠷᠢᠯ ᠪᠣᠯᠤᠭᠰᠠᠨ ᠪᠠᠶᠢᠨ᠎ᠠ᠃—ᠡᠯ᠎ᠡ ᠲᠦᠷᠦᠯ ᠤᠨ ᠬᠥᠮᠦᠰ ᠤᠨ ᠪᠡᠶ᠎ᠡ ᠮᠠᠬᠠᠪᠣᠳ ᠤᠨ ᠬᠡᠪ ᠴᠢᠨᠠᠷ ᠢᠯᠡᠳᠲᠡ ᠰᠠᠶᠢᠵᠢᠷᠠᠪᠠ᠃  ᠶᠡᠷᠦᠩᠭᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ ᠶᠠᠪᠤᠬᠳᠠᠭᠤᠯᠬᠤ᠂ ᠠᠭᠤᠰᠤᠯᠴᠠᠭᠤᠯᠤᠨ ᠠᠬᠢᠭᠤᠯᠬᠤ ᠪᠠᠷ ᠳᠡᠮᠵᠢᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠨᠢᠳᠦᠨ ᠰᠢᠯ︾ ︽ ᠮᠠᠷᠢᠶᠠᠯᠢᠭ︾ ᠢᠳᠡᠭ ᠢᠳᠡᠭ ᠢᠶᠠᠷ ᠪᠠᠭᠠᠰᠴᠤ᠂ ︽ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠤᠯᠤᠰ ᠤᠨ ᠪᠠᠷᠢᠮᠵᠢᠶ᠎ᠠ︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠳᠡᠮ ᠳᠡᠭᠡᠨ ᠭᠦᠷᠦᠭᠰᠡᠨ ᠪᠠᠶᠢᠨ᠎ᠠ︔ ᠵᠠᠯᠠᠭᠤ ᠪᠠᠭᠠᠴᠤᠳ ᠤᠨ ᠪᠡᠶ᠎ᠡ ᠮᠠᠬᠠᠪᠣᠳ ᠮᠡᠳᠡᠭᠳᠡᠬᠦ᠋ᠢᠴᠡ ᠰᠠᠶᠢᠵᠢᠷᠠᠵᠠᠶ︔ ᠠᠵᠢᠯ ᠮᠡᠷᠭᠡᠵᠢᠯ ᠤᠨ ᠬᠠᠮᠲᠤᠯᠢᠭ ᠤᠨ ︽ᠡᠷᠡᠭᠦᠯ ᠮᠡᠨᠳᠦ ᠪᠤᠰᠤ︾ ︽ᠤᠳᠠᠭᠠᠨ ᠴᠢᠨᠠᠷᠲᠠᠶ ᠡᠪᠡᠳᠴᠢᠨ︾ ᠤ ᠪᠠᠶᠢᠳᠠᠯ ᠢᠯᠡᠳᠲᠡ ᠰᠠᠶᠢᠵᠢᠷᠠᠵᠤ᠂ ᠠᠵᠢᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ︔ ᠨᠠᠰᠤᠲᠠᠶᠢᠴᠤᠳ ᠪᠠ ᠵᠡᠮᠳᠡᠭᠴᠦᠳ ᠤᠨ ᠠᠮᠢ ᠨᠠᠰᠤᠨ ᠤ ᠴᠢᠨᠠᠷ ᠴᠢᠨᠰᠠᠭ᠎ᠠ ᠪᠠ ᠪᠡᠶ᠎ᠡ ᠪᠠᠨ ᠳᠠᠭᠠᠭᠠᠬᠤ ᠴᠢᠳᠠᠪᠤᠷᠢ ᠢᠯᠡᠳᠲᠡ  ᠨᠡᠮᠡᠭᠳᠡᠪᠡ᠃ᠭᠤᠷᠪᠠ᠂ ᠭᠤᠣᠯᠳᠠᠯᠭ᠎ᠠ ᠲᠠᠢ ᠡᠭᠦᠷᠭᠡ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠣᠨᠣᠯᠵᠢᠬᠤᠨ ᠤ ᠠᠭᠤᠰᠤᠯᠴᠠᠯ ᠢ ᠴᠢᠩᠭᠠᠳᠬᠠᠨ᠎ᠠ᠃ ︽ᠪᠡᠶ᠎ᠡ ᠶᠢᠨ ᠲᠠᠮᠢᠷ ᠢᠶᠠᠷ ︿ᠡᠪᠡᠳᠴᠢᠯᠡᠭᠡᠳᠦᠶ ᠪᠠᠷ ᠵᠠᠰᠠᠬᠤ﹀︾ ︽ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯ ᠰᠠᠶᠢᠨ ᠡᠮᠴᠢ ᠮᠥᠨ︾ ᠭᠡᠬᠦ ᠵᠡᠷᠭᠡ ᠣᠶᠢᠯᠠᠭᠠᠭᠳᠠᠬᠤᠨ ᠢ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ ᠰᠠᠶᠢᠵᠢᠷᠠᠭᠤᠯᠵᠤ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ︽ ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠵᠡᠷᠭᠡ ᠪᠡᠶ᠎ᠡ ᠴᠢᠭᠢᠷᠠᠭᠵᠢᠭᠤᠯᠬᠤ ᠭᠤᠣᠯ ᠰᠡᠳᠦᠪᠲᠦ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠤᠰᠬᠠᠶ ᠪᠤᠯᠤᠩ ᠭᠠᠷᠭᠠᠵᠤ᠂ ᠪᠠᠶᠢᠩᠭᠤᠵᠢᠭᠤᠯᠤᠭᠰᠠᠨ ᠤᠬᠠᠭᠤᠯᠭ᠎ᠠ ᠶᠢ ᠥᠷᠨᠢᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ ᠫᠷᠤᠭ᠍ᠷᠠᠮ ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠹᠢᠯᠢᠮ ᠵᠡᠷᠭᠡ ᠠᠷᠭ᠎ᠠ ᠮᠠᠶ᠋ᠢᠭ ᠢ ᠰᠢᠩᠭᠡᠭᠡᠨ ᠦᠢᠯᠡᠳᠴᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠷᠭ᠎ᠠ ᠶᠢ ᠳᠡᠯᠭᠡᠷᠡᠭᠦᠯᠦᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠥᠯᠢᠭᠡᠷ ᠢ ᠰᠠᠶᠢᠲᠤᠷ ᠶᠠᠷᠢᠵᠤ᠂ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠵᠢᠯ ᠪᠦᠷᠢ 1 — 2 ᠤᠳᠠᠭ᠎ᠠ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠴᠢᠶᠡᠯ ᠤᠨ ᠲᠠᠩᠬᠢᠮ︾᠂ ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ ᠵᠡᠷᠭᠡ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠯᠭ᠎ᠠ ᠶᠢᠨ ᠡᠷᠡᠭᠦᠯ ᠮᠡᠨᠳᠦ ᠶᠢᠨ ᠬᠥᠮᠦᠵᠢᠯ ᠤᠨ ᠨᠣᠮ ᠪᠢᠴᠢᠭ᠂ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠪᠠᠶᠢᠭᠤᠯᠤᠯᠭ᠎ᠠ᠂ ᠠᠵᠤ ᠠᠬᠤᠶᠢᠯᠠᠯ᠂ ᠬᠢᠴᠢᠶᠡᠯ ᠤᠨ ᠲᠠᠩᠬᠢᠮ᠂ ᠬᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ ᠪᠥᠬᠦ ᠠᠷᠠᠳ ᠤᠨ ᠡᠷᠡᠭᠦᠯ ᠮᠡᠨᠳᠦ ᠶᠢᠨ ᠬᠠᠮᠤᠭ ᠤᠨ ᠢᠳᠡᠪᠬᠢᠲᠡᠶ᠂ ᠬᠠᠮᠤᠭ ᠤᠨ ᠪᠦᠲᠦᠮᠵᠢᠲᠡᠶ᠂ ᠬᠠᠮᠤᠭ ᠤᠨ ᠠᠷᠪᠢᠲᠠᠶ ᠠᠷᠭ᠎ᠠ ᠪᠠᠷᠢᠯ ᠤᠨ ᠬᠠᠮᠲᠤ ᠶᠢᠨ ᠲᠠᠨᠢᠯᠲᠠ ᠶᠢ ᠪᠡᠶᠡᠯᠡᠭᠦᠯᠵᠦ᠂ ᠪᠡᠶ᠎ᠡ ᠶᠢᠨ ᠲᠠᠮᠢᠷ ᠤᠨ ᠠᠮᠢᠳᠤᠷᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠡᠯ᠎ᠡ ᠰᠤᠮᠤ ᠪᠠᠯᠭᠠᠰᠤ ᠲᠠᠯᠠᠪᠤᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠵᠣᠬᠢᠶᠠᠨ ᠪᠠᠶᠢᠭᠤᠯᠤᠯᠲᠠ ᠶᠢᠨ ᠠᠭᠤᠰᠤᠯᠴᠠᠯ ᠢ ᠴᠢᠩᠭᠠᠳᠬᠠᠨ᠎ᠠ᠃ ︽ᠲᠣᠮᠣ ᠪᠡᠶ᠎ᠡ ᠶᠢᠨ ᠲᠠᠮᠢᠷ︾ ︽ᠲᠣᠮᠣ ᠡᠷᠡᠭᠦᠯ ᠮᠡᠨᠳᠦ︾ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠦᠢᠯᠡᠴᠢᠯᠡᠭᠡᠨ ᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠢᠭᠡᠳ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠯᠦᠭᠡ ᠬᠠᠮᠲᠤᠷᠠᠯᠴᠠᠬᠤ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠵᠠᠭᠪᠤᠷ ᠢ ᠬᠠᠶᠢᠨ ᠰᠦᠪᠡᠭᠴᠢᠯᠡᠨ᠎ᠡ᠃ ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠪᠡᠶ᠎ᠡ ᠮᠠᠬᠠᠪᠣᠳ ᠤᠨ ᠪᠠᠶᠢᠴᠠᠭᠠᠨ ᠬᠡᠮᠵᠢᠯᠲᠡ ᠶᠢ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠣᠷᠣᠭᠤᠯᠤᠨ᠂ ᠠᠷᠠᠳ ᠢᠷᠭᠡᠳ ᠤᠨ ᠪᠡᠶ᠎ᠡ ᠮᠠᠬᠠᠪᠣᠳ ᠢ  ᠪᠠᠶᠢᠴᠠᠭᠠᠨ ᠲᠣᠳᠣᠯᠠᠬᠤ ᠲᠥᠪ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠬᠡᠪ ᠴᠢᠨᠠᠷ ᠢ ᠦᠨᠡᠯᠡᠨ ᠵᠢᠱᠢᠬᠦ ᠶᠢ ᠥᠷᠨᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ᠂ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠬᠠᠩᠭᠠᠨ᠎ᠠ᠃ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠵᠤ᠂ ᠡᠮᠴᠢᠯᠡᠭᠡᠨ ᠤ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ︽ᠲᠣᠮᠣ ᠡᠮᠨᠡᠯᠭᠡ ᠶᠢᠨ ᠬᠤᠷᠢᠶ᠎ᠠ︾  ᠳᠤ ᠡᠮᠨᠡᠭᠦᠯᠬᠦ ᠠᠴᠠ ᠭᠠᠷᠭᠠᠬᠤ ᠶᠢ ᠰᠦᠪᠡᠭᠴᠢᠯᠡᠨ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ︽ᠲᠠᠯ᠎ᠠ ᠨᠤᠲᠤᠭ ᠤᠨ ᠡᠷᠡᠭᠦᠯ ᠮᠡᠨᠳᠦ ᠶᠢᠨ ᠵᠢᠵᠢᠭ ᠥᠷᠥᠭᠡ︾ ᠶᠢ ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠡᠷᠡᠭᠦᠯ ᠮᠡᠨᠳᠦ ᠶᠢᠨ ᠬᠥᠮᠦᠵᠢᠯ ᠤᠨ ᠴᠢᠨᠠᠷ ᠰᠠᠶᠢᠲᠠᠶ ᠯᠠᠪᠯᠠᠭ᠎ᠠ᠂ ᠡᠷᠡᠭᠦᠯ ᠮᠡᠨᠳᠦ  ᠶᠢ ᠰᠠᠶᠢᠵᠢᠷᠠᠭᠤᠯᠬᠤ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠨᠡᠶᠢᠭᠡᠮ ᠤᠨ ᠬᠦᠴᠦᠨ ᠤ ᠣᠨᠴᠠ ᠵᠥᠪᠰᠢᠶᠡᠷᠡᠯ ᠢᠶᠠᠷ ᠡᠵᠡᠩᠨᠡᠬᠦ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ ᠵᠡᠷᠭᠡ ᠵᠠᠭᠪᠤᠷ ᠢ ᠠᠪᠴᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢ ᠬᠡᠮᠵᠢᠨ ᠲᠣᠭᠲᠠᠭᠠᠬᠤ ᠪᠠ ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠬᠦ ᠶᠢ ᠳᠡᠮᠵᠢᠨ᠎ᠡ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶︵ᠭᠤᠷᠪᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠠᠭᠤᠰᠤᠯᠴᠠᠯ ᠢ ᠴᠢᠩᠭᠠᠳᠬᠠᠨ᠎ᠠ᠃ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠲᠠᠯᠠᠪᠤᠷ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠲᠦᠴᠡ ᠨᠢ ᠵᠦᠶ ᠵᠣᠬᠢᠰᠲᠠᠶ᠂ ᠲᠥᠷᠥᠯ ᠵᠦᠢᠯ ᠨᠢ ᠪᠦᠷᠢᠨ ᠭᠦᠢᠴᠡᠳ᠂ ᠴᠢᠳᠠᠮᠵᠢ ᠨᠢ ᠪᠦᠷᠢᠨ ᠲᠡᠭᠦᠯᠳᠡᠷ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠪᠡᠶ᠎ᠡ ᠶᠢᠨ ᠲᠠᠮᠢᠷ ᠤᠨ ᠴᠡᠴᠡᠷᠯᠢᠭ᠂ ᠬᠡᠷ ᠳᠣᠲᠣᠷᠠᠬᠢ ᠣᠯᠠᠨ ᠴᠢᠳᠠᠮᠵᠢᠳᠣ ᠪᠡᠶ᠎ᠡ ᠴᠢᠭᠢᠷᠠᠭᠵᠢᠭᠤᠯᠬᠤ ᠣᠷᠳᠣᠨ᠂ ᠬᠤᠲᠠ ᠶᠢᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠡᠯ᠎ᠡ ᠭᠠᠵᠠᠷ ᠣᠷᠣᠨ ᠤ ᠬᠤᠲᠠ ᠶᠢᠨ ᠨᠡᠶᠢᠭᠡᠮ ᠲᠣᠭᠤᠷᠢᠭ᠂ ᠰᠣᠶᠣᠯ ᠤᠨ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠶᠢᠨ ᠲᠠᠮᠢᠷ ᠤᠨ ᠲᠠᠯᠠᠪᠠᠶ᠂ ᠤᠮᠪᠠᠯᠲᠠ ᠶᠢᠨ ᠣᠷᠳᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠭᠠᠵᠠᠷ ᠲᠤ ᠬᠥᠮᠦᠨ ᠠᠮᠠ ᠶᠢᠨ ᠬᠡᠪᠴᠢᠶ᠎ᠡ ᠪᠠ ᠦᠢᠯᠡᠴᠢᠯᠡᠭᠡᠨ ᠤ ᠬᠡᠭᠡᠰᠦ ᠶᠣᠰᠣᠭᠠᠷ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠰᠠᠨ᠂ ᠣᠶᠤᠨᠴᠢᠯᠠᠭᠰᠠᠨ᠂ ᠴᠢᠨᠠᠷ ᠰᠠᠶᠢᠲᠠᠶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢ ᠨᠡᠮᠡᠵᠦ ᠪᠠᠶᠢᠭᠤᠯᠬᠤ ᠶᠢ ᠵᠣᠷᠢᠭᠵᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠤᠨ᠂ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ᠂ ᠪᠡᠶ᠎ᠡ ᠴᠢᠭᠢᠷᠠᠭᠵᠢᠭᠤᠯᠬᠤ ᠲᠥᠪ ᠵᠡᠷᠭᠡ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠰᠦᠢᠳᠬᠡᠯ ᠬᠤᠷᠢᠶᠠᠬᠤ ᠥᠬᠡᠶ ᠪᠠᠷ ᠪᠤᠶᠤ ᠳᠣᠤᠷ᠎ᠠ ᠰᠦᠢᠳᠬᠡᠯ ᠢᠶᠠᠷ ᠨᠡᠭᠡᠭᠡᠬᠦ ᠶᠢ ᠵᠣᠷᠢᠭᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠨᠡᠬᠡᠭᠡᠨ ᠬᠡᠷᠡᠭᠯᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠠᠭᠤᠴᠢᠨ ᠵᠢᠵᠢᠭ ᠲᠣᠭᠤᠷᠢᠭ ᠲᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠥᠬᠦ ᠬᠤᠲᠠ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ ᠥᠬᠡᠶ ᠪᠤᠶᠤ ᠳᠣᠤᠷ᠎ᠠ ᠰᠦᠢᠳᠬᠡᠯ ᠬᠤᠷᠢᠶᠠᠵᠤ ᠨᠡᠶᠢᠭᠡᠮ ᠨᠡᠶᠢᠲᠡ ᠳᠤ ᠨᠡᠬᠡᠭᠡᠨ ᠬᠡᠷᠡᠭᠯᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠨ᠎ᠠ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ  ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶︵ᠳᠥᠷᠪᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠯᠠᠭ᠎ᠠ ᠶᠢᠨ ᠠᠭᠤᠰᠤᠯᠴᠠᠯ ᠢ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ ᠪᠠ ᠰᠠᠯᠠᠭ᠎ᠠ ᠮᠥᠴᠢᠷ ᠠᠵᠢᠯ ᠲᠥᠷᠥᠯ ᠤᠨ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠡᠶᠢᠭᠡᠮ ᠲᠣᠭᠤᠷᠢᠭ ᠪᠠ ᠡᠯ᠎ᠡ ᠨᠢᠭᠡᠴᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠡᠳᠦᠷ ᠲᠤᠲᠤᠮ ᠤᠨ ᠠᠵᠢᠯ ᠵᠢᠴᠢ ᠰᠣᠶᠣᠯ᠂ ᠵᠢᠭᠤᠯᠴᠢᠯᠠᠯ᠂ ᠦᠨᠳᠦᠰᠦᠲᠡᠨ ᠤ ᠪᠠᠶᠠᠷ ᠳᠤᠷᠠᠰᠬᠠᠯ ᠤᠨ ᠡᠳᠦᠷ᠂ ᠶᠠᠳᠠᠭᠤ ᠶᠢ ᠲᠡᠳᠬᠦᠬᠦ ᠵᠡᠷᠭᠡ ᠠᠵᠢᠯᠯᠠᠭ᠎ᠠ ᠳᠤ ᠠᠭᠤᠰᠬᠠᠨ ᠣᠷᠣᠭᠤᠯᠤᠨ᠎ᠠ᠃ ᠨᠢᠭᠡ ᠳ᠋ᠤ᠋‌‍ᠪᠥ᠋ᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢ ᠪᠡᠯᠭᠡᠯᠡᠬᠦ ᠠᠵᠢᠯᠯᠠᠭ᠎ᠠ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠭᠤᠯᠠᠨ ᠳᠤ ᠠᠪᠠᠷᠢᠬᠤ᠂ ᠪᠤᠤᠬᠢᠶ᠎ᠠ ᠶᠠᠪᠠᠭᠠᠨ ᠠᠯᠬᠤᠬᠤ᠂ ᠨᠠᠭᠠᠳᠤᠮ ᠵᠡᠷᠭᠡ ᠣᠯᠠᠨ ᠲᠦᠮᠡᠨ ᠤ ᠲᠦᠭᠡᠮᠡᠯᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ︔ ᠬᠤᠶᠠᠷ ᠲᠤ  ᠰᠢᠯᠢ ᠶᠢᠨ ᠬᠤᠲᠠ ᠶᠢᠨ ᠪᠡᠶ᠎ᠡ ᠶᠢᠨ ᠲᠠᠮᠢᠷ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠳᠤᠮᠳᠠᠳᠤ ᠤᠯᠤᠰ ᠤᠨ ᠠᠳᠣᠭᠤᠨ ᠰᠣᠶᠣᠯ ᠤᠨ ᠲᠥᠪ ᠤᠨ ᠮᠣᠷᠢᠨ ᠤᠷᠤᠯᠳᠤᠭᠠᠨ᠂  ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠣᠷᠣᠯᠳᠣᠭᠠᠨ ︵6 ᠶᠡᠭᠡ ᠲᠥᠷᠥᠯ ᠵᠦᠢᠯ ᠤᠨ 40 ᠤᠷᠤᠯᠳᠤᠭᠠᠨ︶᠂  ᠰᠢᠯᠢ ᠶᠢᠨ ᠬᠤᠲᠠ ᠶᠢᠨ ᠵᠠᠯᠠᠭᠤᠴᠤᠳ ᠪᠠᠭᠠᠴᠤᠳ ᠤᠨ U ᠰᠢᠷᠢᠰ ᠪᠡᠶ᠎ᠡ ᠶᠢᠨ ᠲᠠᠮᠢᠷ ᠤᠨ ᠤᠷᠤᠯᠳᠤᠭᠠᠨ ︵ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠥᠲᠥᠨ ᠪᠥᠮᠪᠦᠭᠡ︶ ᠵᠡᠷᠭᠡ ᠪᠡᠶ᠎ᠡ ᠶᠢᠨ ᠲᠠᠮᠢᠷ ᠤᠨ ᠤᠨᠴᠠᠯᠢᠭᠳᠤ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠥᠷᠨᠢᠭᠦᠯᠦᠨ᠎ᠡ᠃ ᠭᠤᠷᠪᠠ ᠳᠤ  ᠳᠤᠮᠳᠠᠳᠤ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠦᠯ ᠪᠥᠮᠪᠦᠭᠡ ᠶᠢᠨ ᠵᠤᠰᠠᠯᠠᠩ ᠵᠡᠷᠭᠡ ᠬᠤᠶᠠᠷ ᠶᠡᠭᠡ ᠰᠣᠳᠣᠨ ᠪᠦᠲᠦᠭᠡᠯ           ︽ᠪᠡᠶ᠎ᠡ ᠶᠢᠨ ᠲᠠᠮᠢᠷ + ᠵᠤᠭᠠᠴᠠᠯ︾ ᠤᠨ ᠤᠷᠤᠯᠳᠤᠭᠠᠨ ᠤ ᠠᠵᠢᠯᠯᠠᠭ᠎ᠠ ᠶᠢ ᠭᠤᠣᠯᠳᠠᠯᠭ᠎ᠠ ᠲᠠᠢ ᠶᠠᠪᠤᠭᠳᠠᠭᠤᠯᠤᠨ᠎ᠠ᠃ ᠳᠥᠷᠪᠡ ᠳᠤ ᠣᠷᠣᠰ ᠮᠣᠩᠭᠤᠯ ᠵᠢᠴᠢ ᠡᠷᠬᠢᠨ ᠲᠣᠭᠤᠷᠢᠨ ᠤ ᠮᠤᠵᠢ ︵ᠬᠤᠲᠠ︶᠂ ᠠᠶᠢᠮᠠᠭ ᠬᠤᠲᠠ ᠯᠤᠭ᠎ᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠡᠯᠧᠮᠧᠨ᠋ᠲ ᠢ ᠨᠡᠮᠡᠨ ᠪᠠᠶᠢᠭᠤᠯᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠦ᠂ ᠨᠡᠶᠢᠭᠡᠮ ᠤᠨ ᠬᠠᠷᠢᠯᠴᠠᠭᠠᠨ ᠤ ᠰᠠᠶᠢᠨ ᠰᠠᠶᠢᠬᠠᠨ ᠳᠤ ᠠᠰᠢᠭᠲᠠᠶ ᠰᠢᠨ᠎ᠡ ᠬᠡᠯᠪᠡᠷᠢ ᠶᠢᠨ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠤᠶᠢᠵᠢᠭᠤᠯᠤᠨ᠎ᠠ᠃ ᠤᠯᠠᠮᠵᠢᠯᠠᠯᠲᠤ ᠲᠥᠷᠥᠯ ᠵᠦᠢᠯ   ︵ᠬᠦᠨᠳᠦ ᠬᠥᠩᠭᠡᠨ ᠪᠡᠶ᠎ᠡ ᠶᠢᠨ ᠲᠠᠮᠢᠷ᠂ ᠪᠥᠮᠪᠦᠭᠡ ᠶᠢᠨ ᠲᠥᠷᠥᠯ︶ ᠪᠣᠯᠤᠨ ᠦᠨᠳᠦᠰᠦᠲᠡᠨ ᠤ ᠤᠯᠠᠮᠵᠢᠯᠠᠯᠲᠤ ᠲᠥᠷᠥᠯ ᠵᠦᠢᠯ ︵ᠪᠥᠬᠡ ᠪᠠᠷᠢᠯᠳᠤᠬᠤ᠂ ᠰᠤᠷ ᠬᠠᠷᠪᠤᠬᠤ᠂ ᠱᠠᠭ᠎ᠠ᠂ ᠰᠢᠳᠠᠷ᠎ᠠ︶᠂ ᠮᠥᠰᠥ ᠴᠠᠰᠤᠨ ᠤ ᠲᠥᠷᠥᠯ ᠵᠦᠢᠯ ᠤᠨ ᠣᠷᠣᠯᠳᠣᠭᠠᠨ ᠬᠦᠳᠡᠯᠭᠡᠭᠡᠨ ᠤ ᠲᠣᠭᠤᠷᠢᠨ ᠳᠤ᠂ ᠵᠠᠯᠠᠭᠤᠴᠤᠳ ᠪᠠᠭᠠᠴᠤᠳ ᠤᠨ  ᠬᠢᠴᠢᠶᠡᠯ ᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠵᠠᠯᠠᠭᠤᠴᠤᠳ ᠪᠠᠭᠠᠴᠤᠳ ᠤᠨ ᠡᠪᠦᠯ ᠵᠤᠨ ᠤ ᠵᠤᠰᠠᠯᠠᠩ᠂  ᠦᠷᠭᠡᠨ ᠤᠯᠠᠨ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠣᠷᠣᠯᠳᠣᠭᠠᠨ ᠬᠥᠳᠡᠯᠭᠡᠭᠡᠨ ᠵᠡᠷᠭᠡ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠳᠤ ᠲᠠᠪᠴᠠᠩ ᠪᠠᠶᠢᠭᠤᠯᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠡᠮᠡᠭᠲᠡᠶᠢᠴᠦᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠮᠠᠯᠴᠢᠨ ᠲᠠᠷᠢᠶᠠᠴᠢᠨ᠂ ᠵᠡᠮᠳᠡᠭᠴᠦᠳ ᠵᠡᠷᠭᠡ ᠬᠠᠮᠲᠤᠯᠢᠭ ᠤᠨ ᠪᠡᠶ᠎ᠡ ᠴᠢᠭᠢᠷᠠᠭᠵᠢᠭᠤᠯᠬᠤ ᠡᠷᠬᠡ ᠶᠢ ᠪᠠᠲᠤᠯᠠᠵᠤ᠂ ᠰᠤᠷᠬᠤ ᠳᠤ ᠲᠥᠬᠦᠮ᠂ ᠠᠳᠠᠯᠢ ᠪᠤᠰᠤ ᠬᠠᠮᠲᠤᠯᠢᠭ ᠤᠨ  ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠤ ᠨᠡᠶᠢᠴᠡᠬᠦ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠴᠢᠭᠯᠡᠭᠦᠯᠬᠦ ᠴᠢᠨᠠᠷᠲᠠᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠢ ᠦᠷᠭᠦᠯᠵᠢᠯᠡᠨ ᠠᠬᠢᠭᠤᠯᠵᠤ᠂ ︽ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ︾ ︽ᠫᠢᠩᠫᠠᠩ ᠪᠥᠮᠪᠦᠭᠡ ᠂ ᠦᠳᠦᠨ ᠪᠦᠮᠪᠦᠭᠡ᠂ ᠲᠣᠣᠷ ᠪᠦᠮᠪᠦᠭᠡ︾᠂ ᠷᠠᠳᠢᠣ᠋ ᠲᠠᠮᠢᠷ ᠵᠡᠷᠭᠡ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠵᠦᠪᠯᠡᠯ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ ᠰᠤᠮᠤ ᠪᠠᠯᠭᠠᠰᠤ  ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶︵ᠲᠠᠪᠤ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢᠲᠠᠨ ᠤ ᠠᠭᠤᠰᠤᠯᠴᠠᠯ ᠢ ᠴᠢᠩᠭᠠᠳᠬᠠᠨ᠎ᠠ᠃ ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠴᠢᠳᠠᠪᠤᠷᠢᠲᠠᠨ ᠢ ᠠᠭᠤᠰᠤᠯᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠣᠯᠠᠨ ᠬᠡᠯᠪᠡᠷᠢ ᠮᠠᠶ᠋ᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠨᠣᠯ ᠤᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠲᠠᠨ ᠤ ᠠᠭᠤᠰᠤᠯᠴᠠᠬᠤ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠤᠭᠰᠠᠨ︾ ᠣᠨᠴᠠᠯᠢᠭ ᠲᠠᠢ ᠲᠤᠰᠬᠠᠶ ᠮᠡᠷᠭᠡᠵᠢᠯ ᠤᠨ ᠬᠢᠴᠢᠶᠡᠯ ᠨᠡᠭᠡᠭᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠤᠬᠠᠭᠠᠨ ᠪᠠ ᠠᠨᠠᠭᠠᠬᠤ ᠤᠬᠠᠭᠠᠨ ᠬᠤᠶᠠᠷ ᠲᠠᠯ᠎ᠠ ᠶᠢᠨ ᠮᠡᠳᠡᠯᠭᠡ ᠶᠢ ᠡᠵᠡᠮᠰᠢᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠬᠥᠳᠡᠯᠭᠡᠭᠡᠨ ᠤ ᠵᠢᠯᠤᠭᠤᠳᠤᠯᠭ᠎ᠠ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠲᠤ ᠣᠷᠣᠭᠤᠯᠬᠤ ᠶᠢ ᠰᠦᠪᠡᠭᠴᠢᠯᠡᠵᠦ᠂  ᠪᠡᠶ᠎ᠡ ᠲᠠᠮᠢᠷ ᠤᠨ ᠬᠥᠳᠡᠯᠭᠡᠭᠡᠨ ᠤᠨ ᠬᠥᠮᠦᠨ ᠤ ᠪᠡᠶ᠎ᠡ ᠶᠢᠨ ᠰᠢᠨᠵᠢᠯᠡᠬᠦ ᠤᠬᠠᠭᠠᠨ ᠵᠢᠴᠢ ᠪᠠᠶ᠎ᠡ  ᠶᠢᠨ ᠲᠠᠮᠢᠷ ᠤᠨ ᠬᠥᠳᠡᠯᠭᠡᠭᠡᠨ ᠤ ᠡᠷᠡᠭᠦᠯᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠠᠵᠢᠯᠯᠠᠬᠤ ᠶᠢ ᠵᠣᠷᠢᠭᠵᠢᠭᠤᠯᠤᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠪᠠ ᠡᠯ᠎ᠡ ᠲᠦᠷᠦᠯ ᠤᠨ ᠬᠥᠳᠡᠯᠭᠡᠭᠡᠨ ᠤ ᠴᠢᠳᠠᠪᠤᠷᠢᠲᠠᠨ  ᠤ ᠪᠤᠯᠪᠠᠰᠣᠷᠠᠯ ᠶᠢ ᠵᠣᠬᠢᠶᠠᠨ ᠪᠠᠶᠢᠭᠤᠯᠬᠤ ᠶᠢ ᠴᠢᠩᠭᠠᠳᠬᠠᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠳᠤ ᠲᠤᠰᠬᠠᠶ ᠮᠡᠷᠭᠡᠵᠢᠯ ᠤᠨ᠂ ᠵᠢᠷᠤᠮᠵᠢᠭᠰᠠᠨ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ ᠶᠢ ᠠᠬᠢᠭᠤᠯᠤᠨ᠂ ᠵᠠᠯᠠᠭᠤᠴᠤᠳ ᠪᠠᠭᠠᠴᠤᠳ ᠤᠨ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠰᠠᠭᠤᠷᠢ ᠪᠣᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠢᠯ ᠪᠦᠷᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ᠂ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠵᠡᠷᠭᠡ ᠶᠢ ᠵᠣᠬᠢᠶᠠᠨ ᠪᠠᠶᠢᠭᠤᠯᠤᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠵᠢᠯᠣᠭᠤᠳᠬᠤ ᠠᠵᠢᠯ ᠢ ᠬᠢᠵᠦ᠂ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ᠃︶︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠪᠠ ᠨᠡᠶᠢᠲᠡ ᠶᠢᠨ ᠪᠤᠰᠤ ᠡᠮᠴᠢᠯᠡᠭᠡᠨ ᠤ ᠦᠢᠯᠡᠰ ᠠᠳᠠᠯᠢ ᠲᠡᠭᠰᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠨᠡᠶᠢᠭᠡᠮ ᠤᠨ ᠬᠦᠴᠦᠨ ᠤ ᠡᠮᠴᠢᠯᠡᠭᠡᠨ ᠤ ᠡᠬᠢ ᠪᠠᠶᠠᠯᠢᠭ ᠢᠶᠠᠷ ᠪᠠᠭᠤᠷᠠᠶ ᠣᠷᠣᠨ ᠪᠦᠰᠡ ᠪᠠ ᠳᠤᠲᠠᠭᠳᠠᠵᠤ ᠪᠠᠶᠢᠭ᠎ᠠ ᠲᠤᠰᠬᠠᠶ ᠰᠠᠯᠠᠭ᠎ᠠ ᠶᠢᠨ ᠬᠦᠷᠢᠶᠡᠨ ᠳᠤ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠡᠷᠭᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠷᠡᠭᠦᠯ ᠮᠡᠨᠳᠦ ᠶᠢᠨ ᠡᠬᠢ ᠪᠠᠶᠠᠯᠢᠭ ᠢ ᠳᠣᠭᠢᠷᠠᠭᠤᠯᠬᠤ ᠵᠠᠬ᠎ᠠ ᠳᠡᠯᠭᠡᠭᠦᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠣᠮᠣ ᠡᠷᠡᠭᠦᠯ ᠮᠡᠨᠳᠦ︾ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ᠂ ᠡᠷᠡᠭᠦᠯ ᠮᠡᠨᠳᠦ ᠶᠢᠨ ᠢᠳᠡᠭᠡᠨ᠂ ᠡᠷᠡᠭᠦᠯ ᠮᠡᠨᠳᠦ ᠶᠢᠨ ᠡᠮ ᠡᠮᠨᠡᠯᠭᠡ ᠵᠡᠷᠭᠡ ᠶᠢ ᠰᠤᠳᠤᠯᠤᠨ ᠨᠡᠭᠡᠭᠡᠨ᠎ᠡ᠃ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠢ ᠬᠥᠭᠵᠢᠭᠦᠯᠵᠦ᠂ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ ᠂ ᠪᠡᠶ᠎ᠡ ᠶᠢᠨ ᠲᠠᠮᠢᠷ ᠰᠣᠶᠣᠯ ᠤᠨ ᠦᠢᠯᠡᠰ᠂ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠦᠢᠯᠡᠰ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠨᠥᠬᠦᠴᠡᠯ ᠲᠠᠢ ᠡᠷᠬᠢᠨ ᠲᠤᠭᠤᠷᠢᠨ ᠤ ᠬᠤᠲᠠ ᠪᠠᠯᠭᠠᠰᠤ ᠳᠤ ᠨᠢᠭᠡ ᠪᠦᠯᠦᠭ ᠵᠢᠭᠤᠯᠴᠢᠯᠠᠯ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ ᠶᠢ ᠨᠢᠭᠡ ᠴᠣᠠᠠᠴᠠᠵᠢᠭᠤᠯᠥᠠᠠᠰᠠᠨ ᠭᠤᠤᠯᠳᠠᠯᠭ᠎ᠠ ᠲᠠᠢ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠣᠯᠠᠨ ᠡᠰᠢᠵᠢᠭᠰᠡᠨ᠂ ᠥᠪᠡᠷᠮᠢᠴᠡᠵᠢᠭᠰᠡᠨ ᠡᠷᠡᠭᠦᠯ ᠮᠡᠨᠳᠦ ᠶᠢᠨ ᠦᠢᠯᠡᠳᠬᠦᠨ ᠢ ᠬᠠᠩᠭᠠᠨ᠎ᠠ᠃ ᠢᠯᠡ ᠲᠣᠳᠣ ᠣᠨᠴᠠᠯᠢᠭ ᠲᠠᠢ ᠡᠷᠡᠭᠦᠯ ᠮᠡᠨᠳᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠢᠲᠠᠳ ᠮᠣᠩᠭᠤᠯ ᠡᠮ ᠡᠮᠨᠡᠯᠭᠡ ᠶᠢᠨ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢᠨ ᠠᠷᠭ᠎ᠠ ᠶᠢ ᠠᠭᠤᠳᠠᠯᠤᠨ ᠵᠦᠶ ᠵᠣᠬᠢᠰᠲᠠᠶ ᠠᠰᠢᠭᠯᠠᠵᠤ᠂ ᠲᠣᠮᠣ ᠬᠡᠯᠪᠡᠷᠢ  ᠶᠢᠨ ᠡᠮ ᠡᠮᠨᠡᠯᠭᠡ ᠶᠢᠨ ᠠᠵᠤ ᠠᠬᠤᠶᠢᠯᠠᠯ ᠢᠶᠠᠷ ᠲᠦᠰᠢᠭ ᠪᠣᠯᠭᠠᠨ᠂ ᠲᠥᠪᠯᠡᠷᠡᠭᠦᠯᠦᠨ ᠮᠣᠩᠭᠤᠯ ᠡᠮᠴᠢᠯᠡᠭᠡ ᠪᠠᠷ ᠡᠮᠨᠡᠬᠦ᠂ ᠪᠡᠶ᠎ᠡ ᠰᠤᠪᠢᠯᠠᠵᠤ ᠡᠷᠡᠭᠦᠯᠵᠢᠭᠦᠯᠬᠦ ᠶᠢ ᠨᠢᠭᠡ ᠴᠣᠠᠠᠴᠠᠵᠢᠭᠤᠯᠥᠠᠠᠰᠠᠨ ᠬᠢᠲᠠᠳ ᠮᠣᠩᠭᠤᠯ ᠡᠮ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠣᠳᠣᠨ ᠣᠨᠴᠠᠯᠢᠭ ᠲᠠᠢ ᠦᠢᠯᠡᠴᠢᠯᠡᠭᠡᠨ ᠢ ᠬᠠᠩᠭᠠᠵᠤ᠂ ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠪᠠ ᠬᠢᠲᠠᠳ ᠮᠣᠩᠭᠤᠯ ᠡᠮ ᠡᠮᠨᠡᠯᠭᠡ ᠶᠢᠨ ᠡᠷᠡᠭᠦᠯ ᠮᠡᠨᠳᠦ ᠶᠢᠨ ᠵᠢᠭᠤᠯᠴᠢᠯᠠᠯ ᠤᠨ ᠠᠵᠤ ᠦᠢᠯᠡᠰ ᠢ ᠬᠦᠴᠦᠯᠡᠨ ᠪᠣᠶ ᠪᠣᠯᠭᠠᠨ᠎ᠠ᠃ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠶ ᠵᠦᠢᠯ ᠤᠨ ᠪᠠᠯᠠ ᠮᠥᠩᠭᠦ ᠪᠠᠷ ᠲᠡᠳᠬᠦᠬᠦ᠂ ᠡᠷᠬᠡ ᠣᠯᠭᠤᠨ ᠨᠠᠶᠢᠳᠠᠬᠤ᠂ ᠦᠢᠯᠡᠴᠢᠯᠡᠭᠡ ᠬᠤᠳᠠᠯᠳᠤᠨ ᠠᠪᠬᠤ᠂ ᠲᠥᠬᠦᠭᠡᠷᠦᠮᠵᠢ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠭᠠᠭᠴᠠ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠪᠤᠶᠢᠵᠢᠭᠤᠯᠬᠤ ᠪᠠ ᠲᠡᠳᠬᠦᠵᠦ᠂ ᠲᠡᠳᠡᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠭᠥᠯᠢᠶᠡᠨ ᠠᠪᠬᠤ ᠴᠢᠳᠠᠪᠤᠷᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠰᠢᠯᠢ ᠶᠢᠨ ᠬᠤᠲᠠ ᠶᠢᠨ ᠨᠡᠶᠢᠭᠡᠮ ᠨᠡᠶᠢᠲᠡ ᠳᠤ ᠬᠠᠨᠳᠤᠭᠤᠯᠤᠨ ᠠᠷᠠᠳ ᠢᠷᠭᠡᠳ ᠤᠨ ᠪᠡᠶ᠎ᠡ ᠮᠠᠬᠠᠪᠣᠳ ᠢ ᠶᠡᠷᠦᠩᠬᠡᠶᠢᠯᠡᠨ ᠪᠠᠶᠢᠴᠠᠭᠠᠨ ᠲᠤᠳᠤᠯᠠᠬᠤ᠂ ᠪᠡᠶ᠎ᠡ ᠶᠢᠨ ᠲᠠᠮᠢᠷ   ᠢᠶᠠᠷ ᠪᠡᠶ᠎ᠡ ᠴᠢᠭᠢᠷᠠᠭᠵᠢᠭᠤᠯᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯᠵᠢᠯ ᠰᠤᠪᠢᠯᠠᠯᠲᠠ᠂ ᠰᠣᠶᠣᠯ ᠤᠨ ᠠᠵᠢᠯᠯᠠᠭ᠎ᠠ ᠵᠡᠷᠭᠡ ᠡᠷᠡᠭᠦᠯ ᠮᠡᠨᠳᠦ ᠶᠢᠨ ᠠᠵᠢᠯᠯᠠᠭ᠎ᠠ ᠥᠷᠨᠢᠭᠦᠯᠬᠦ ᠶᠢ ᠰᠦᠪᠡᠭᠴᠢᠯᠡᠵᠦ᠂ ︽ᠦᠷᠲᠡᠭᠡᠵᠢᠯᠡᠭᠰᠡᠨ︾ ᠡᠷᠡᠭᠦᠯ ᠮᠡᠨᠳᠦ ᠶᠢᠨ ᠦᠢᠯᠡᠴᠢᠯᠡᠭᠡᠨ ᠤ ᠵᠠᠭᠪᠤᠷ ᠢ ᠬᠦᠴᠦᠯᠡᠨ ᠪᠠᠶᠢᠭᠤᠯᠤᠨ᠎ᠠ᠃︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ ︽ᠪᠡᠶ᠎ᠡ ᠶᠢᠨ ᠲᠠᠮᠢᠷ ᠡᠮᠴᠢᠯᠡᠭᠡ ᠶᠢ ᠤᠶᠠᠯᠳᠤᠭᠤᠯᠬᠤ︾ ᠳᠠᠪᠠᠭᠤᠯᠢᠭ ᠢ ᠪᠠᠳᠠᠷᠠᠭᠤᠯᠤᠨ᠂ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠲᠦᠰᠢᠭ ᠪᠣᠯᠭᠠᠨ᠂ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠲᠥᠪ ᠪᠠᠶᠢᠭᠤᠯᠬᠤ ᠶᠢ ᠰᠦᠪᠡᠭᠴᠢᠯᠡᠵᠦ᠂ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠤᠳᠤᠯᠠᠬᠤ ᠪᠠ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠵᠢᠯᠲᠠ ᠶᠢᠨ ᠠᠬᠢᠴᠠ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ   ︵PPP︶ ᠶᠢᠨ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠵᠦ᠂ ᠨᠡᠶᠢᠭᠡᠮ ᠤᠨ ᠬᠦᠴᠦᠨ ᠤ ᠵᠢᠵᠢᠭ ᠬᠡᠯᠪᠡᠷᠢ ᠶᠢᠨ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠪᠦᠷᠢᠳᠦᠭᠦᠯᠦᠭᠰᠡᠨ ᠦᠵᠡᠮᠵᠢ ᠶᠢᠨ ᠣᠷᠣᠨ ᠳᠤ ᠪᠡᠶ᠎ᠡ ᠶᠢᠨ ᠲᠠᠮᠢᠷ ᠤᠨ ᠲᠥᠷᠥᠯ ᠵᠦᠢᠯ  ᠢ ᠠᠭᠤᠰᠬᠠᠨ ᠣᠷᠣᠭᠤᠯᠵᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠤᠨᠴᠠᠯᠢᠭᠳᠤ ᠵᠢᠵᠢᠭ ᠪᠠᠯᠭᠠᠰᠤᠨ ᠳᠤ ᠤᠯᠠᠨ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠳᠤ ᠠᠭᠤᠰᠤᠯᠴᠠᠭᠤᠯᠤᠨ᠎ᠠ᠃ ᠪᠠᠶᠢᠭᠠᠯᠢ ᠬᠥᠮᠦᠨ ᠨᠡᠶᠢᠭᠡᠮ ᠤᠨ ᠡᠬᠢ ᠪᠠᠶᠠᠯᠢᠭ ᠢ ᠶᠡᠷᠦᠩᠬᠡᠶᠢᠯᠡᠵᠦ᠂  ᠬᠠᠷᠰᠢᠯ ᠦᠭᠡᠢ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠳᠤᠭᠤᠶ ᠲᠡᠷᠭᠡᠨ ᠤ ᠵᠠᠮ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠪᠡᠶ᠎ᠡ  ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠤᠨ᠎ᠠ᠃︵ᠭᠤᠷᠪᠠ︶ ᠡᠯ᠎ᠡ ᠲᠥᠷᠥᠯ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠢᠶᠠᠷᠠᠬᠤ ᠶᠢ ᠴᠢᠩᠭᠠᠷᠠᠭᠤᠯᠤᠨ᠎ᠠ᠃ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠠᠵᠢᠯ ᠮᠡᠷᠭᠡᠵᠢᠯ ᠤᠨ ᠬᠥᠮᠦᠰ᠂ ᠵᠡᠮᠳᠡᠭᠴᠦᠳ ᠵᠡᠷᠭᠡ ᠬᠠᠮᠲᠤᠯᠢᠭ ᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠢᠶᠠᠷᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠬᠥᠮᠦᠵᠢᠯ ᠪᠠ ᠬᠡᠪ ᠴᠢᠨᠠᠷ ᠤᠨ ᠬᠥᠮᠦᠵᠢᠯ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ ︽ᠨᠠᠰᠤᠨ ᠲᠤᠷᠰᠢᠳᠠ ᠶᠢᠨ ᠪᠡᠶ᠎ᠡ ᠶᠢᠨ ᠲᠠᠮᠢᠷ︾  ᠤᠨ ᠣᠬᠠᠮᠰᠠᠷ ᠢ ᠬᠦᠮᠦᠵᠢᠭᠦᠯᠦᠨ᠎ᠡ᠃ ᠠᠵᠢᠯ ᠮᠡᠷᠭᠡᠵᠢᠯ ᠤᠨ ᠬᠥᠮᠦᠰ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠮᠦᠰ ᠤᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨᠬᠦ ᠨᠠᠶᠢᠳᠠᠪᠤᠷᠢᠵᠢᠭᠤᠯᠤᠨ᠂ ᠠᠵᠢᠯ ᠤᠨ ᠳᠤᠮᠳᠠᠬᠢ ᠪᠡᠶ᠎ᠡ ᠴᠢᠭᠢᠷᠠᠭᠵᠢᠭᠤᠯᠬᠤ ᠲᠦᠷᠢᠮ ᠢ ᠬᠡᠷᠡᠭᠵᠢᠭᠦᠯᠵᠦ᠂ ᠠᠮᠢᠳᠤᠯᠢᠭ ᠪᠥᠭᠡᠳ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠦᠢᠯᠡᠴᠢᠯᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ︽ᠠᠵᠢᠯᠯᠠᠵᠤ ᠪᠠᠶᠢᠭ᠎ᠠ ᠬᠥᠮᠦᠰ︾ ᠤᠨ ᠣᠶᠢᠷ᠎ᠠ ᠬᠠᠪᠢ ᠳᠠᠭᠠᠨ ᠳᠠᠷᠤᠶ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ ᠶᠢᠨ ︽ᠵᠡᠮᠳᠡᠭᠴᠦᠳ ᠢ ᠲᠤᠰᠠᠯᠠᠵᠤ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠣᠯᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃︵ᠳᠥᠷᠪᠡ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠤᠷᠮᠠᠰᠢᠭᠤᠯᠬᠤ ᠲᠣᠭᠲᠠᠴᠠ ᠳᠤ ᠰᠢᠨ᠎ᠡ ᠶᠢ ᠡᠭᠦᠳᠦᠨ᠎ᠡ᠃ ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠤᠨ ᠤᠷᠮᠠᠰᠢᠭᠤᠯᠬᠤ ᠠᠷᠭ᠎ᠠ ᠶᠢ ᠲᠣᠭᠲᠠᠭᠠᠵᠤ᠂ ᠲᠡᠷᠢᠭᠦᠨ ᠤ ᠭᠠᠵᠠᠷ ᠣᠷᠣᠨ ᠤ ᠣᠲᠣ ᠶᠢᠨ ᠪᠠᠶᠢᠭ᠎ᠠ ᠲᠥᠷᠥᠯ ᠵᠦᠢᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠳᠤ ᠳᠡᠮᠵᠢᠯᠭᠡ ᠦᠵᠡᠭᠦᠯᠵᠦ᠂ ᠢᠯᠡᠳᠲᠡ ᠠᠮᠵᠢᠯᠲᠠ ᠪᠦᠲᠦᠮᠵᠢ ᠲᠠᠢ  ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ ᠬᠥᠮᠦᠨ ᠪᠠᠷ ᠬᠥᠬᠢᠭᠦᠯᠦᠨ ᠰᠠᠶᠢᠰᠢᠶᠠᠨ᠎ᠠ᠃︵ᠲᠠᠪᠤ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠪᠠᠶᠢᠴᠠᠭᠠᠨ ᠲᠣᠳᠣᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠲᠠ ︵ᠲᠣᠭᠤᠷᠢᠭ︶᠂ ᠰᠤᠮᠤ ᠰᠢᠶᠠᠩ ᠪᠠᠯᠭᠠᠰᠤ ᠳᠤ ᠠᠷᠠᠳ  ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ ᠲᠥᠪ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ  ᠶᠢ ᠵᠢᠯᠣᠭᠤᠳᠬᠤ ᠥᠷᠲᠡᠭᠡ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠬᠡᠪ ᠴᠢᠨᠠᠷ ᠢ ᠦᠨᠡᠯᠡᠨ ᠵᠢᠱᠢᠬᠦ ᠶᠢ ᠥᠷᠨᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ᠂    ︽ᠬᠥᠳᠡᠯᠭᠡᠭᠡᠨ ᠤ ᠵᠣᠷ︾ ᠭᠠᠷᠭᠠᠵᠤ᠂ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠬᠠᠩᠭᠠᠨ᠎ᠠ᠃ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ ᠭᠤᠤᠯᠯᠠᠭᠴᠢ ᠬᠦᠴᠦᠨ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ ᠶᠡᠬᠡᠪᠡᠷ ᠪᠣᠯᠪᠠᠰᠤᠷᠠᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠣᠷᠢᠯᠲᠠ ᠶᠢᠨ ᠡᠩᠨᠡᠭᠡ ᠶᠢ ᠪᠠᠶᠢᠭᠤᠯᠤᠨ᠂ ︽ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾ ᠶᠢᠨ ᠪᠠᠷᠢᠮᠵᠢᠶ᠎ᠠ ᠳᠤ ᠬᠦᠷᠦᠭᠦᠯᠦᠨ ᠰᠣᠷᠢᠯᠲᠠ ᠶᠢ ᠥᠷᠨᠢᠭᠦᠯᠬᠦ ᠶᠢᠨ ᠬᠠᠮᠲᠤ ᠪᠠᠷᠢᠮᠵᠢᠶ᠎ᠠ ᠳᠤ ᠬᠦᠷᠦᠭᠦᠯᠦᠭᠰᠡᠨ ᠦᠨᠡᠮᠯᠡᠯ᠂ ᠲᠡᠮᠳᠡᠭ ᠣᠯᠭᠤᠵᠤ᠂ ᠨᠠᠩ ᠣᠯᠠᠨ ᠣᠯᠠᠨ ᠲᠦᠮᠡᠨ ᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠭᠤᠯᠬᠤ ᠶᠢ ᠬᠥᠲᠥᠯᠦᠨ ᠵᠢᠯᠤᠭᠤᠳᠤᠨ᠎ᠠ᠃ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ ᠪᠠ ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠡᠷᠭᠢᠯᠡᠬᠦ ᠶᠢ ᠵᠣᠷᠢᠭᠵᠢᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠣᠳ ᠢ ᠪᠠᠶᠢᠴᠠᠭᠠᠨ ᠲᠣᠳᠣᠯᠠᠬᠤ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠴᠢᠭᠢᠷᠠᠭ ᠪᠣᠯᠪᠠᠰᠤᠨ ᠰᠢᠨ᠎ᠡ ᠰᠤᠷᠲᠠᠯ ᠢ ᠬᠥᠲᠥᠯᠦᠨ ᠵᠢᠯᠣᠭᠤᠳᠤᠨ᠎ᠠ᠃ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ ᠮᠠᠨ ᠤ ᠬᠤᠲᠠ ᠶᠢᠨ ᠬᠢᠲᠠᠳ ᠮᠣᠩᠭᠤᠯ ᠡᠮ ᠡᠮᠨᠡᠯᠭᠡ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠪᠠᠳᠠᠷᠠᠭᠤᠯᠬᠤ ᠵᠢᠴᠢ ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ᠂ ᠪᠡᠶ᠎ᠡ ᠮᠠᠬᠠᠪᠣᠳ ᠤᠨ ᠪᠣᠯᠪᠠᠰᠤᠷᠠᠯ᠂ ᠪᠡᠶ᠎ᠡ ᠰᠤᠪᠢᠯᠠᠯᠲᠠ ᠡᠷᠡᠭᠦᠯᠵᠢᠯ᠂ ᠪᠡᠶ᠎ᠡ ᠮᠠᠬᠠᠪᠣᠳ ᠤᠨ ᠪᠠᠶᠢᠴᠠᠭᠠᠨ ᠲᠣᠳᠣᠯᠠᠬᠤ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠨ ᠤᠯᠬᠤ ᠥᠬᠡᠶ᠂ ᠡᠪᠡᠳᠴᠢᠨ ᠴᠥᠭᠡᠨ ᠤᠯᠬᠤ᠂ ᠣᠷᠣᠶ ᠡᠪᠡᠳᠴᠢᠨ ᠤᠯᠬᠤ ᠴᠢᠭᠯᠡᠯ ᠢᠶᠠᠷ ᠴᠢᠷᠮᠠᠶᠢᠨ᠎ᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠰᠠᠭᠤᠷᠢ ᠰᠤᠳᠤᠯᠭᠠᠨ ᠤ ᠠᠵᠢᠯ ᠢ ᠴᠢᠩᠭᠠᠳᠬᠠᠨ᠂ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠠᠭᠤᠰᠤᠯᠴᠠᠯ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠪᠣᠯᠪᠠᠰᠤᠨ ᠬᠤᠲᠠ ᠪᠠᠯᠭᠠᠰᠤ ᠪᠠ ᠡᠷᠡᠭᠦᠯ ᠬᠠᠮᠠᠭᠠᠯᠠᠯ ︵ᠡᠷᠡᠭᠦᠯ ᠮᠡᠨᠳᠦ︶ ᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠵᠢᠴᠢ ᠤᠳᠠᠭᠠᠨ ᠴᠢᠨᠠᠷᠲᠠᠶ ᠡᠪᠡᠳᠴᠢᠨ ᠤ ᠵᠢᠱᠢᠶ᠎ᠡ ᠦᠵᠡᠭᠦᠯᠬᠦ ᠣᠷᠣᠨ᠂ ᠡᠷᠡᠭᠦᠯ ᠮᠡᠨᠳᠦ ᠶᠢ ᠠᠬᠢᠭᠤᠯᠬᠤ ᠵᠢᠱᠢᠶ᠎ᠡ ᠦᠵᠡᠭᠦᠯᠬᠦ ᠣᠷᠣᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠣᠷᠣᠨ᠂ ᠬᠥᠳᠡᠯᠭᠡᠭᠡᠨ ᠰᠡᠯᠡᠭᠦᠴᠡᠯ ᠤᠨ ᠤᠨᠴᠠᠯᠢᠭᠳᠤ ᠵᠢᠵᠢᠭ ᠪᠠᠯᠭᠠᠰᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠯᠤᠭ᠎ᠠ ᠬᠠᠷᠢᠯᠴᠠᠨ ᠤᠶᠠᠯᠳᠤᠭᠤᠯᠤᠨ᠎ᠠ᠃ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠲᠣᠰ ᠲᠣᠰ ᠤᠨ ᠣᠨᠴᠠᠯᠢᠭ ᠲᠠᠢ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ ᠡᠷᠡᠭᠦᠯ ᠴᠢᠭᠢᠷᠠᠭ ᠠᠮᠢᠳᠤᠷᠠᠯ ᠢ ᠬᠥᠭᠡᠭᠡᠴᠡᠯᠳᠦᠬᠦ ᠨᠡᠶᠢᠭᠡᠮ ᠤᠨ ᠰᠢᠨ᠎ᠡ ᠬᠡᠪ ᠰᠤᠷᠲᠠᠯ ᠢ ᠬᠥᠲᠥᠯᠦᠨ ᠳᠠᠭᠠᠭᠤᠯᠵᠤ ᠪᠣᠶ ᠪᠣᠯᠭᠠᠨ᠎ᠠ᠃ᠲᠠᠪᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠭᠤᠰᠤᠯᠴᠠᠭᠤᠯᠬᠤ ᠠᠵᠢᠯ ᠤᠨ ︽ᠭᠤᠷᠪᠠ ᠶᠢ ᠣᠷᠣᠭᠤᠯᠬᠤ︾ ᠲᠦᠷᠢᠮ ᠢ ᠬᠡᠷᠡᠭᠵᠢᠭᠦᠯᠬᠦ ᠬᠡᠷᠡᠭᠲᠡᠶ ︵ᠡᠯ᠎ᠡ ᠱᠠᠲᠤᠨ ᠤ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠬᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠣᠷᠣᠭᠤᠯᠬᠤ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠬᠤ︶᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠷᠣᠯᠴᠠᠭᠰᠠᠨ ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠴᠤ ᠳᠣᠭᠢᠷᠠᠭᠤᠯᠤᠨ᠎ᠠ᠃︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠠᠯᠠᠭ᠎ᠠ ᠮᠥᠴᠢᠷ᠂ ᠲᠣᠰ ᠭᠠᠵᠠᠷ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠪᠣᠳᠠᠲᠠᠶ ᠠᠵᠢᠯ ᠤᠨ ᠲᠥᠰᠦᠯ ᠢ ᠲᠣᠭᠲᠠᠭᠠᠵᠤ᠂ ᠬᠠᠷᠠᠯᠲᠠ ᠶᠢᠨ ᠡᠭᠦᠷᠭᠡ ᠶᠢ ᠵᠠᠳᠠᠯᠤᠨ ᠨᠠᠷᠢᠯᠢᠬᠵᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠠᠵᠢᠯᠲᠠᠨ ᠢ ᠨᠠᠶᠢᠳᠠᠪᠤᠷᠢᠵᠢᠭᠤᠯᠤᠨ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠠᠶᠢᠲᠤᠷ  ᠰᠢᠢᠳᠪᠦᠷᠢᠯᠡᠬᠦ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠡᠷᠡᠭᠯᠡᠬᠦ ᠭᠠᠵᠠᠷ  ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠣᠨ ᠤ ᠬᠡᠷᠡᠭᠯᠡᠬᠦ ᠭᠠᠵᠠᠷ ᠤᠨ ᠲᠥᠯᠥᠪᠯᠡᠭᠡ ᠳᠤ ᠣᠷᠣᠭᠤᠯᠵᠤ᠂ ᠭᠠᠵᠠᠷ ᠰᠢᠷᠣᠶ ᠶᠢᠨ ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠦᠶ ᠵᠣᠬᠢᠰᠲᠠᠶ ᠳᠣᠭᠢᠷᠠᠭᠤᠯᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠲᠥᠷᠥᠯ ᠵᠦᠢᠯ ᠢ ᠣᠳᠣ ᠶᠢᠨ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠳᠤ ᠠᠭᠤᠰᠬᠠᠨ ᠣᠷᠣᠭᠤᠯᠵᠤ᠂ ᠪᠦᠷᠢᠨ ᠲᠡᠭᠦᠯᠳᠡᠷ ᠴᠢᠳᠠᠮᠵᠢ ᠲᠠᠢ ᠶᠡᠷᠦᠩᠬᠡᠶᠢᠯᠡᠭᠰᠡᠨ ᠴᠢᠨᠠᠷᠲᠠᠶ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠢᠭᠤᠯᠵᠤ᠂ ᠡᠷᠡᠭᠦᠯ ᠮᠡᠨᠳᠦ ᠶᠢ ᠠᠬᠢᠭᠤᠯᠬᠤ᠂ ᠨᠠᠰᠤᠵᠢᠯ ᠤᠨ ᠦᠢᠯᠡᠴᠢᠯᠡᠭᠡᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠦᠢᠯᠡᠳᠦᠯ ᠢ  ᠭᠦᠢᠴᠡᠳ ᠪᠠᠳᠠᠷᠠᠭᠤᠯᠤᠨ ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ ᠠᠬᠢᠭᠤᠯᠵᠤ ᠠᠭᠤᠰᠤᠯᠴᠠᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠳᠠᠯᠠᠨ᠎ᠠ᠃ ᠬᠤᠳᠠ ᠶᠢᠨ ᠵᠠᠰᠠᠭ ᠤᠨ ᠣᠷᠳᠣᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠴᠢᠩᠭᠠᠳᠬᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠤ  ᠶᠢᠨ ᠭᠦᠨᠵᠡᠭᠡᠢ ᠠᠭᠤᠰᠤᠯᠴᠠᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠶᠠᠪᠤᠭᠳᠠᠭᠤᠯᠤᠨ᠎ᠠ᠃ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠪᠠ ᠳᠣᠣᠷᠠᠳᠤ ᠱᠠᠲᠤᠨ ᠤ ᠠᠵᠢᠯ ᠤᠨ ᠠᠬᠢᠴᠠ ᠶᠢᠨ ᠪᠠᠶᠢᠳᠠᠯ ᠳᠤ ᠬᠢᠨᠠᠨ ᠬᠡᠮᠵᠢᠯᠲᠡ ᠵᠠᠳᠠᠯᠤᠯᠲᠠ ᠬᠢᠵᠦ᠂ ᠲᠣᠮᠣ ᠳ᠋ᠠᠶᠢᠲ᠋ᠠ ᠶᠢ ᠬᠠᠮᠲᠤᠪᠠᠷ ᠭᠥᠷᠳᠡᠬᠦ ᠮᠡᠳᠡᠭᠡ ᠵᠠᠩᠭᠢ ᠶᠢ ᠠᠰᠢᠭᠯᠠᠨ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠵᠠᠳᠠᠯᠵᠤ ᠰᠢᠢᠳᠪᠦᠷᠢᠯᠡᠨ᠂ ᠰᠠᠶᠢᠨ ᠠᠷᠭ᠎ᠠ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢᠨ ᠬᠠᠮᠲᠤ᠂ ᠲᠣᠰ ᠲᠣᠰ 2025 ᠣᠨ ᠪᠠ 2030 ᠣᠨ ᠳᠤ ᠲᠣᠰ ᠭᠠᠵᠠᠷ ᠣᠷᠣᠨ ᠤ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ ᠳᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ᠃ᠳᠠᠭᠠᠯᠳᠤᠭᠤᠯᠤᠯ᠄ ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩᠳᠠᠭᠠᠯᠳᠤᠭᠤᠯᠤᠯ ᠰᠢᠯᠢ   ᠶᠢᠨ  ᠬᠤᠲᠠ  ᠶᠢᠨ  ᠪᠥᠬᠦ  ᠠᠷᠠᠳ  ᠤᠨ  ᠪᠡᠶ᠎ᠡ   ᠴᠢᠭᠢᠷᠠᠭᠵᠢᠭᠤᠯᠬᠤ  ᠶᠢ  ᠪᠥᠬᠦ   ᠠᠷᠠᠳ  ᠤᠨᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ  ᠮᠠᠨ ᠤ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠦᠨᠵᠡᠭᠡᠶ ᠠᠭᠤᠰᠤᠯᠴᠠᠯ ᠤᠨ ᠠᠵᠢᠯ ᠢ ᠯᠠᠪᠳᠠᠭᠤᠨ ᠪᠥᠭᠡᠳ ᠪᠦᠲᠦᠮᠵᠢᠲᠡᠶ ᠠᠬᠢᠭᠤᠯᠬᠤ ᠶᠢᠨ ᠲᠤᠰᠠᠳᠠ᠂  ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄ᠨᠢᠭᠡ᠂ ᠵᠦᠪᠯᠡᠯ ᠤᠨ ᠪᠦᠷᠢᠯᠳᠦᠬᠦᠨ ᠡᠷᠬᠢᠯᠡᠭᠴᠢ᠄ ᠨᠠᠪᠴᠢᠮ᠎ᠠ            ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠᠳᠡᠳ᠋ ᠡᠷᠬᠢᠯᠡᠭᠴᠢ᠄ ᠪᠠᠶ ᠪᠦᠦ ᠱᠠᠨ        ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠴᠢ ᠶᠢᠨ ᠯᠢᠶᠠᠩ      ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠶᠠᠨ ᠹᠠᠩ            ᠪᠤᠯᠠᠭᠠᠨ ᠰᠤᠮᠣ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂  ᠰᠤᠮᠤᠨ ᠳᠠᠷᠤᠭ᠎ᠠ ᠶᠢᠨ ᠴᠠᠩ           ᠴᠣᠬᠠᠭᠤᠯᠠ ᠰᠤᠮᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂  ᠰᠤᠮᠤᠨ ᠳᠠᠷᠤᠭ᠎ᠠᠴᠠᠩ ᠪᠦᠦ ᠶᠦᠩ      ᠷᠠᠰᠢᠶᠠᠨ ᠪᠤᠯᠠᠭ ᠪᠠᠯᠭᠠᠰᠣ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠣ  ᠶᠢᠨ ᠳᠠᠷᠤᠭ᠎ᠠ ᠦᠷᠭᠡᠨ             ᠪᠠᠶᠠᠨᠪᠣᠯᠠᠭ ᠰᠤᠮᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠮᠣ ᠶᠢᠨ ᠳᠠᠷᠤᠭ᠎ᠠ ᠶᠢᠨ ᠵᠢᠱᠢᠭᠳᠡᠭᠴᠢ ᠶᠠᠩ ᠬᠠᠶ            ᠮᠣᠳᠣᠨ ᠮᠠᠯᠵᠢᠯ ᠤᠨ ᠲᠠᠯᠠᠪᠠᠶ ᠶᠢᠨ ᠨᠠᠮ ᠤᠨ ᠬᠤᠷᠢᠶ᠎ᠠ ᠶᠢᠨ ᠱᠦᠵᠢ᠂ ᠲᠠᠯᠠᠪᠠᠶ ᠶᠢᠨ ᠳᠠᠷᠤᠭ᠎ᠠ ᠦᠷᠭᠡᠨ             ᠪᠢᠯᠢᠭ ᠮᠠᠯᠵᠢᠯ ᠤᠨ ᠲᠠᠯᠠᠪᠠᠶ ᠶᠢᠨ ᠲᠠᠯᠠᠪᠠᠶ ᠶᠢᠨ ᠳᠠᠷᠤᠭ᠎ᠠ ᠷᠧᠨ ᠳ᠋ᠢᠶᠠᠨ ᠢᠦᠶ     ᠸᠧ ᠶᠤᠸᠠᠨ ᠰᠠᠭᠠᠯᠢ ᠶᠢᠨ ᠦᠨᠢᠶ᠎ᠡ ᠶᠢᠨ ᠲᠠᠯᠠᠪᠠᠶ ᠶᠢᠨ ᠲᠠᠯᠠᠪᠠᠶ ᠶᠢᠨ ᠳᠠᠷᠤᠭ᠎ᠠ ᠢᠦᠶ ᠯᠢ ᠴᠢᠶᠠᠩ      ᠪᠤᠯᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠱᠦᠵᠢᠪᠦᠦ ᠡᠦ ᠱᠠᠨ         ᠬᠠᠩᠭᠠᠶ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠦᠨ ᠶᠠᠨ           ᠴᠣᠬᠯᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠫᠢᠩ           ᠰᠢᠷᠠᠲᠠᠯ᠎ᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠰᠢᠤᠸᠠᠢ ᠵᠢᠩ    ᠡᠷᠳᠡᠨᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠽᠢ ᠮᠢᠩ       ᠡᠮᠦᠨ᠎ᠡ ᠲᠡᠭᠦᠷᠭᠡ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠢᠷᠦᠬᠡ              ᠪᠠᠶᠠᠨᠴᠠᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠠᠶ ᠶᠠ ᠵᠢᠶᠦ᠋ᠨ      ᠪᠠᠶᠠᠨᠰᠢᠯᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠴᠤᠭᠯᠠ              ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠬᠤᠷᠴᠠ              ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠯᠢᠦ ᠰᠢᠶᠤᠤ ᠮᠢᠩ     ᠵᠢᠭᠤᠯᠴᠢᠯᠠᠯ ᠤᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢᠦ ᠶᠦᠩ ᠴᠢᠩ      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢᠰᠡᠴᠡᠨᠳᠡᠯᠭᠡᠷ          ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠᠬᠤᠶᠠᠷ᠂ ᠪᠤᠰᠤᠳ ᠵᠦᠢᠯ︵ᠨᠢᠭᠡ︶ ᠠᠬᠢᠭᠤᠯᠬᠤ ᠵᠥᠪᠯᠡᠯ ᠤᠨ ᠭᠤᠤᠯ ᠡᠭᠦᠷᠭᠡ ᠬᠠᠷᠢᠭᠤᠴᠠᠯᠭ᠎ᠠ᠄ ︽ᠰᠢᠯᠢ ᠶᠢᠨ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠰᠢᠨᠵᠢᠬᠦ ᠪᠠ ᠬᠢᠨᠠᠨ ᠰᠢᠯᠭᠠᠬᠤ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠨ ᠢᠶᠠᠷ ᠠᠵᠢᠯᠯᠠᠭ᠎ᠠ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃︵ᠬᠤᠶᠠᠷ︶ ᠠᠬᠢᠭᠤᠯᠬᠤ ᠵᠥᠪᠯᠡᠯ ᠤᠨ ᠠᠯᠪᠠᠨ ᠬᠡᠷ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠬᠢᠭᠤᠯᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠭᠦᠷᠭᠡᠯᠡᠵᠦ᠂ ᠬᠤᠯᠪᠣᠭᠳᠠᠯ ᠪᠥᠬᠦᠶ ᠠᠵᠢᠯ ᠤᠨ ᠵᠣᠯᠭᠠᠭᠤᠯᠤᠯᠲᠠ ᠶᠢ ᠰᠠᠶᠢᠲᠤᠷ ᠬᠢᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ  ᠲᠤᠪᠴᠢᠶᠠᠨ ᠳᠠᠷᠤᠭ᠎ᠠ ᠪᠠᠶ ᠪᠦᠦ ᠱᠠᠨ ᠬᠠᠪᠰᠤᠷᠭᠠᠨ ᠬᠠᠷᠢᠭᠤᠴᠠᠨ᠎ᠠ᠃︵ᠭᠤᠷᠪᠠ︶ ᠠᠬᠢᠭᠤᠯᠬᠤ ᠵᠥᠪᠯᠡᠯ ᠤᠨ ᠪᠦᠷᠢᠯᠳᠦᠬᠦᠨ ᠢ ᠨᠡᠮᠡᠬᠦ ᠪᠤᠶᠤ ᠳᠣᠭᠢᠷᠠᠭᠤᠯᠬᠤ ᠴᠢᠬᠤᠯᠠ ᠲᠠᠢ ᠪᠣᠯ᠂ ᠠᠬᠢᠭᠤᠯᠬᠤ ᠵᠥᠪᠯᠡᠯ ᠤᠨ ᠠᠯᠪᠠᠨ ᠬᠡᠷ ᠤᠨ ᠲᠠᠰ ᠳᠠᠷᠠᠭᠠᠯᠠᠯ ᠢᠶᠠᠷ ᠠᠬᠢᠭᠤᠯᠬᠤ ᠵᠥᠪᠯᠡᠯ ᠳᠤ ᠮᠡᠳᠡᠭᠦᠯᠵᠦ ᠳᠣᠭᠢᠷᠠᠭᠤᠯᠤᠨ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠳᠠᠭᠢᠵᠤ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃                                                               ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                                               2021 ᠣᠨ ᠤ 8 ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号