︽ᠰᠢᠯᠢ ᠶᠢᠨ ᠬᠤᠲᠠ ᠶᠢᠨ ᠬᠠᠤᠯᠢ ᠪᠤᠰᠤ ᠪᠠᠷ ᠲᠣᠰᠣ ᠨᠡᠮᠡᠬᠦ ᠶᠢ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/15
︽ᠰᠢᠯᠢ ᠶᠢᠨ ᠬᠤᠲᠠ ᠶᠢᠨ ᠬᠠᠤᠯᠢ ᠪᠤᠰᠤ ᠪᠠᠷ ᠲᠣᠰᠣ ᠨᠡᠮᠡᠬᠦ ᠶᠢ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ᠄ ︽ᠰᠢᠯᠢ ᠶᠢᠨ ᠬᠤᠲᠠ ᠶᠢᠨ ᠬᠠᠤᠯᠢ ᠪᠤᠰᠤ ᠪᠠᠷ ᠲᠣᠰᠣ ᠨᠡᠮᠡᠬᠦ ᠶᠢ ᠵᠠᠰᠠᠬᠤ ᠠᠵᠢᠯ ᠤᠨ ᠲᠥᠰᠦᠯ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                                                                        2021 ᠣᠨ ᠤ 7 ᠰᠠᠷ᠎ᠠ ᠶᠢᠨ 27 ᠤ ᠡᠳᠦᠷᠰᠢᠯᠢ ᠶᠢᠨ ᠬᠤᠲᠠ ᠶᠢᠨ ᠬᠠᠤᠯᠢ ᠪᠤᠰᠤ ᠪᠠᠷ ᠲᠣᠰᠣ ᠨᠡᠮᠡᠬᠦ ᠶᠢ ᠵᠠᠰᠠᠬᠤ ᠠᠵᠢᠯ ᠤᠨ ᠲᠥᠰᠦᠯᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠮᠠᠨ ᠤ ᠬᠤᠲᠠ ᠶᠢᠨ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠨᠠᠭᠰᠢᠳᠠ ᠵᠢᠷᠤᠮᠵᠢᠭᠤᠯᠵᠤ᠂ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ ᠬᠠᠳᠠᠭᠠᠯᠠᠵᠤ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶︾ ︽ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ︽ᠵᠠᠮ ᠲᠡᠭᠡᠭᠡᠪᠦᠷᠢ ᠶᠢᠨ ᠪᠠᠷᠠᠭ᠎ᠠ ᠵᠢᠴᠢ ᠥᠷᠲᠡᠭᠡ ᠲᠠᠯᠠᠪᠤᠷ ᠤᠨ ᠬᠠᠮᠢᠶᠠᠷᠤᠯᠲᠠ ᠶᠢᠨ ᠲᠣᠭᠲᠠᠭᠠᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ︽ᠵᠠᠮ ᠲᠡᠭᠡᠭᠡᠪᠦᠷᠢ ᠶᠢᠨ ᠠᠶᠤᠯᠲᠠᠶ ᠪᠠᠷᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠭᠲᠠᠭᠠᠯ︾ ᠪᠠ ︽ᠬᠤᠳᠠᠯᠳᠤᠭᠠᠨ ᠤ ᠶᠠᠪᠤᠳᠠᠯ ᠤᠨ ᠶᠠᠮᠤᠨ ᠤ ᠴᠢᠯᠠᠭᠤᠨ ᠲᠣᠰᠣ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡᠨ ᠤ ᠬᠠᠮᠢᠶᠠᠷᠤᠯᠲᠠ ᠶᠢᠨ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠳᠠᠯᠳᠤᠭ᠎ᠠ ᠲᠡᠭᠡᠭᠡᠪᠦᠷᠢ ᠵᠠᠬᠢᠳᠠᠯ ︹ 2019 ︺ 659 ᠳ᠋ᠦᠭᠡᠷ ᠲᠣᠭᠠᠲᠤ︶ ︽ᠦᠨᠡᠮᠯᠡᠯ ᠥᠬᠡᠶ ᠡᠵᠡᠩᠨᠡᠯᠲᠡ ᠶᠢ ᠪᠠᠶᠢᠴᠠᠭᠠᠨ ᠰᠢᠢᠳᠪᠦᠷᠢᠯᠡᠬᠦ ᠠᠷᠭ᠎ᠠ︾  ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ  ᠢ  ᠦᠨᠳᠦᠰᠦᠯᠡᠵᠦ  ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ᠨᠢᠭᠡ᠂ ᠠᠵᠢᠯ ᠤᠨ ᠬᠠᠷᠠᠯᠲᠠ ᠪᠣᠯᠪᠠᠰᠤᠷᠠᠭᠤᠯᠤᠭᠰᠠᠨ ᠴᠢᠯᠠᠭᠤᠨ ᠲᠣᠰᠣ ᠬᠠᠳᠠᠭᠠᠯᠠᠬᠤ᠂ ᠪᠣᠷᠣᠯᠠᠭᠤᠯᠬᠤ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠲᠣᠰᠣ ᠨᠡᠮᠡᠬᠦ ᠲᠡᠷᠭᠡ ︵ᠲᠣᠰᠣ ᠨᠡᠮᠡᠬᠦ‍ ᠴᠢᠭ︶ ᠶᠢ ᠪᠠᠶᠢᠴᠠᠭᠠᠨ ᠰᠢᠶᠳᠪᠦᠷᠢᠯᠡᠵᠦ ᠴᠣᠬᠢᠯᠲᠠ ᠥᠭᠴᠦ ᠴᠠᠭᠠᠵᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠪᠡᠷᠰᠢᠭᠦᠯᠦᠨ ᠵᠢᠷᠤᠮᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ᠬᠤᠶᠠᠷ᠂ ᠵᠠᠰᠠᠬᠤ ᠬᠦᠷᠢᠶ᠎ᠡ ᠬᠡᠪᠴᠢᠶ᠎ᠡᠪᠥᠬᠦ ᠬᠤᠲᠠ ᠶᠢᠨ ᠬᠡᠪᠴᠢᠶᠡᠨ ᠳᠤ ᠬᠠᠤᠯᠢ ᠪᠤᠰᠤ ᠪᠠᠷ ᠲᠣᠰᠣ ᠨᠡᠮᠡᠬᠦ ᠥᠷᠲᠡᠭᠡ ︵ᠴᠢᠭ︶᠂ ᠨᠡᠭᠦᠳᠡᠯ ᠲᠣᠰᠣ ᠨᠡᠮᠡᠬᠦ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠣᠬᠰᠠᠷᠠᠬᠤ᠃ᠭᠤᠷᠪᠠ᠂ ᠵᠠᠰᠠᠬᠤ ᠭᠤᠣᠯᠳᠠᠯᠭ᠎ᠠ ︵ᠨᠢᠭᠡ︶ ᠬᠠᠤᠯᠢ ᠪᠤᠰᠤ ᠪᠠᠷ ᠲᠣᠰᠣ ᠨᠡᠮᠡᠬᠦ ᠥᠷᠲᠡᠭᠡ ︵ᠴᠢᠭ︶᠃ ᠥᠪᠡᠷ ᠤᠨ ᠪᠠᠶᠢᠭ᠎ᠠ ᠪᠤᠶᠤ ᠲᠦᠷᠢᠶᠡᠰᠦᠯᠡᠭᠰᠡᠨ ᠦᠢᠯᠡᠳᠪᠦᠷᠢ ᠶᠢᠨ ᠭᠡᠷ ᠪᠠᠶᠢᠰᠢᠩ᠂ ᠰᠠᠭᠤᠭᠠᠯᠢ ᠠᠷᠠᠳ ᠤᠨ ᠣᠷᠣᠨ ᠰᠠᠭᠤᠴᠠ ᠵᠡᠷᠭᠡ ᠶᠢ ᠠᠰᠢᠭᠯᠠᠨ᠂ ᠦᠨᠡᠮᠯᠡᠯ ᠦᠭᠡᠶ᠂ ᠦᠨᠡᠮᠯᠡᠯ ᠨᠢ ᠪᠦᠷᠢᠨ ᠪᠤᠰᠤ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠵᠥᠪᠰᠢᠶᠡᠷᠡᠯ ᠤᠨ ᠭᠠᠷᠳᠠᠮ ᠨᠢ ᠪᠦᠷᠢᠨ ᠪᠤᠰᠤ ᠪᠠᠶᠢᠵᠤ᠂ ᠬᠠᠤᠯᠢ ᠪᠤᠰᠤ ᠪᠠᠷ ᠪᠣᠯᠪᠠᠰᠤᠷᠠᠭᠤᠯᠤᠭᠰᠠᠨ ᠲᠣᠰᠣᠨ ᠤ ᠬᠠᠳᠠᠭᠠᠯᠠᠯᠲᠠ ᠡᠵᠡᠩᠨᠡᠯᠲᠡ ᠬᠢᠵᠦ ᠪᠠᠶᠢᠭ᠎ᠠ ᠠᠵᠤ ᠠᠬᠤᠶᠢᠯᠠᠯ᠂ ᠨᠢᠭᠡᠴᠢ᠂ ᠬᠤᠪᠢ ᠬᠥᠮᠦᠨ᠃ ︵ᠬᠤᠶᠠᠷ︶ ᠨᠡᠭᠦᠳᠡᠯ ᠲᠣᠰᠣ ᠨᠡᠮᠡᠬᠦ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠃ ᠲᠣᠰᠣ ᠰᠠᠪᠠᠯᠠᠬᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠪᠤᠶᠤ ᠡᠩ ᠤᠨ ᠲᠡᠷᠭᠡ ᠬᠥᠰᠬᠡ ᠳᠤ ᠲᠣᠰᠣ ᠨᠡᠮᠡᠬᠦ ᠰᠠᠭᠤᠯᠠᠭ᠎ᠠ ᠵᠡᠷᠭᠡ ᠪᠠᠭᠠᠵᠢ ᠬᠡᠷᠡᠭᠰᠡᠯ ᠢᠶᠠᠷ ᠰᠢᠲᠠᠮᠠᠬᠠᠢ ᠬᠡᠶ ᠲᠤᠰᠣ ᠴᠠᠶᠢᠶ᠋ᠢᠦ  ᠠᠴᠢᠶᠠᠯᠠᠬᠤ ᠪᠠᠷ ᠳᠠᠮᠵᠢᠭᠤᠯᠤᠨ᠂ ᠪᠠᠷᠢᠯᠭ᠎ᠠ ᠶᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ᠂ ᠤᠯᠤᠰ ᠮᠤᠵᠢ ᠶᠢᠨ ᠵᠠᠮ ᠵᠡᠷᠭᠡ ᠣᠷᠣᠨ ᠪᠦᠰᠡ ᠳᠤ ᠲᠡᠷᠭᠡ ᠬᠥᠰᠬᠡ᠂ ᠲᠥᠬᠦᠭᠡᠷᠦᠮᠵᠢ ᠵᠡᠷᠭᠡ ᠳᠤ ᠲᠣᠰᠣ ᠨᠡᠮᠡᠬᠦ ᠦᠢᠯᠡ ᠠᠵᠢᠯᠯᠠᠭ᠎ᠠ᠃ᠲᠦᠷᠪᠡ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ︵ᠨᠢᠭᠡ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠲᠣᠰᠣ ᠨᠡᠮᠡᠬᠦ ᠲᠡᠷᠭᠡ ᠬᠥᠰᠬᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠵᠡᠷᠭᠡ ᠶᠢ ᠪᠠᠶᠢᠴᠠᠭᠠᠨ ᠦᠯᠡᠳᠡᠭᠡᠵᠦ ᠰᠢᠳᠬᠡᠨ ᠲᠣᠷᠭᠠᠬᠤ ᠶᠢ ᠬᠠᠷᠢᠭᠤᠴᠠᠨ᠎ᠠ︔︵ᠬᠤᠶᠠᠷ︶ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠨᠢ ᠠᠶᠤᠯᠲᠠᠢ ᠪᠣᠳᠠᠰ ᠢ ᠦᠢᠯᠡᠳᠦᠭᠰᠡᠨ᠂ ᠬᠤᠳᠠᠯᠳᠤᠭᠠᠯᠠᠭᠰᠠᠨ᠂ ᠬᠠᠳᠠᠭᠠᠯᠠᠭᠰᠠᠨ ᠂ ᠵᠥᠭᠡᠭᠡᠪᠦᠷᠢᠯᠡᠭᠰᠡᠨ ᠵᠡᠷᠭᠡ ᠬᠠᠤᠯᠢ ᠶᠢ ᠵᠥᠷᠢᠴᠡᠨ ᠪᠣᠷᠣᠯᠠᠭᠤᠯᠵᠤ ᠡᠵᠡᠩᠨᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠦᠯᠡᠳᠡᠭᠡᠵᠦ ᠰᠢᠳᠬᠡᠬᠦ ᠠᠵᠢᠯ ᠢ ᠬᠠᠷᠢᠭᠤᠴᠠᠨ᠎ᠠ︔ ︵ᠭᠤᠷᠪᠠ︶ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠶᠢᠨ ᠲᠤᠷᠰᠢᠨ ᠪᠠᠶᠢᠴᠠᠭᠠᠬᠤ ᠶᠡᠭᠡ ᠠᠩᠭᠢ ᠠᠴᠠ ︽ᠪᠣᠯᠪᠠᠰᠤᠷᠠᠭᠤᠯᠤᠭᠰᠠᠨ ᠲᠤᠰᠤ ᠶᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠦᠭᠡᠢ ᠪᠠᠷ ᠪᠣᠯᠪᠠᠰᠤᠷᠠᠭᠤᠯᠤᠭᠰᠠᠨ ᠲᠤᠰᠤ ᠶᠢ ᠡᠵᠡᠩᠨᠡᠭᠰᠡᠨ᠂ ︽ᠠᠶᠤᠯᠲᠠᠶ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠣᠯᠤᠭᠰᠠᠨ ᠦᠭᠡᠢ ᠪᠠᠷ ᠠᠶᠤᠯᠲᠠᠶ ᠬᠢᠮᠢ ᠶᠢᠨ ᠵᠦᠢᠯ ᠢ ᠡᠵᠡᠩᠨᠡᠭᠰᠡᠨ ᠦᠢᠯᠡ ᠠᠵᠢᠯᠯᠠᠭ᠎ᠠ ᠶᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠤᠯᠪᠣᠭᠳᠠᠯ ᠪᠥᠬᠦᠶ ᠭᠡᠷᠡᠴᠢ ᠪᠠᠷᠢᠮᠲᠠ ᠶᠢ ᠰᠢᠯᠵᠢᠭᠦᠯᠦᠨ ᠲᠤᠰᠢᠶᠠᠬᠤ ᠶᠢ ᠬᠠᠷᠢᠭᠤᠴᠠᠨ᠎ᠠ︔︵ᠲᠥᠷᠪᠡ︶ ᠵᠠᠮ ᠬᠠᠷᠢᠯᠴᠠᠭᠠᠨ ᠤ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠨᠢ ᠵᠠᠮ ᠳᠡᠭᠡᠷᠡᠬᠢ ᠲᠣᠭᠤᠷᠢᠨ ᠪᠠᠶᠢᠴᠠᠭᠠᠬᠤ ᠲᠣᠭᠤᠷᠢᠨ  ᠴᠠᠬᠳᠠᠬᠤ ᠡᠷᠴᠢᠮ ᠢᠶᠠᠨ ᠨᠡᠮᠡᠭᠳᠡᠭᠦᠯᠬᠦ ᠶᠢ ᠬᠠᠷᠢᠭᠤᠴᠠᠵᠤ᠂ ᠵᠠᠮ  ᠳᠤ ᠠᠶᠤᠯ ᠲᠠᠢ ᠪᠠᠷᠠᠭ᠎ᠠ ᠲᠡᠭᠡᠭᠡᠪᠦᠷᠢᠯᠡᠬᠦ ᠵᠥᠪᠰᠢᠶᠡᠷᠡᠯ ᠣᠯᠤᠭᠰᠠᠨ ᠥᠭᠡᠢ ᠪᠠᠷ ᠵᠠᠮ  ᠳᠤ ᠠᠶᠤᠯ ᠲᠠᠢ ᠪᠠᠷᠠᠭ᠎ᠠ ᠲᠡᠭᠡᠭᠡᠪᠦᠷᠢᠯᠡᠬᠦ ᠠᠵᠢᠯ  ᠢ ᠳᠤᠷ᠎ᠠ ᠪᠠᠷ ᠢᠶᠠᠨ ᠬᠢᠭᠰᠡᠨ ᠥᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠲᠡᠷᠭᠡ ᠬᠥᠰᠬᠡ ᠶᠢ ᠴᠠᠭ ᠲᠤᠬᠠᠶ ᠲᠤᠨᠢ  ᠬᠤᠷᠢᠶᠠᠵᠦ ᠳᠠᠷᠤᠵᠤ ᠠᠪᠬᠤ ᠶᠢᠨ ᠬᠠᠮᠲᠤ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ ᠠᠶᠤᠯᠲᠠᠶ ᠬᠢᠮᠢ ᠶᠢᠨ ᠪᠣᠳᠠᠰ ᠤᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠵᠢᠯᠣᠭᠤᠴᠢ᠂ ᠠᠴᠢᠶᠠᠯᠠᠵᠤ ᠪᠠᠭᠤᠯᠭᠠᠬᠤ ᠬᠠᠮᠢᠶᠠᠷᠤᠯᠲᠠ ᠶᠢᠨ ᠠᠵᠢᠯᠲᠠᠨ᠂ ᠬᠠᠷᠠᠵᠤ ᠲᠡᠭᠡᠭᠡᠪᠦᠷᠢᠯᠡᠬᠦ ᠠᠵᠢᠯᠲᠠᠨ᠂ ᠮᠡᠳᠡᠭᠦᠯᠦᠭᠴᠢ ᠶᠢᠨ ᠬᠢᠷᠢ ᠴᠢᠳᠠᠮᠵᠢ ᠬᠢᠷᠢ ᠬᠡᠮ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠮᠠᠰᠢᠨ ᠲᠡᠷᠭᠡ ᠰᠡᠯᠪᠢᠨ ᠵᠠᠰᠠᠵᠤ ᠡᠵᠡᠩᠨᠡᠭᠴᠢ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠨᠡᠭᠦᠳᠡᠯ ᠪᠣᠷᠣᠯᠠᠭᠤᠯᠭ᠎ᠠ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔︵ᠲᠠᠪᠤ︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ︽ᠰᠢᠯᠢ ᠶᠢᠨ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ᠶᠣᠰᠣᠭᠠᠷ᠂ ᠪᠣᠯᠪᠠᠰᠤᠷᠠᠭᠤᠯᠤᠭᠰᠠᠨ ᠲᠣᠰᠣᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠷᠢᠶᠠᠵᠦ ᠳᠠᠷᠤᠵᠤ ᠠᠪᠤᠭᠰᠠᠨ ᠡᠳ᠋ ᠪᠣᠳᠠᠰ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠬᠠᠮᠵᠢᠨ ᠪᠣᠯᠪᠠᠰᠤᠷᠠᠭᠤᠯᠤᠭᠰᠠᠨ ᠲᠣᠰᠣᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠲᠠᠢ ᠨᠡᠪᠲᠡᠷᠡᠯᠴᠡᠵᠦ᠂ ᠬᠤᠷᠢᠶᠠᠵᠦ ᠳᠠᠷᠤᠵᠤ ᠠᠪᠤᠭᠰᠠᠨ ᠲᠣᠰᠣᠨ ᠤ  ᠵᠦᠢᠯ ᠢ ᠬᠠᠪᠰᠤᠷᠤᠨ ᠰᠢᠢᠳᠪᠦᠷᠢᠯᠡᠵᠦ ᠥᠭᠭᠦᠨ᠎ᠡ︔ ᠬᠤᠷᠢᠶᠠᠵᠤ ᠠᠪᠤᠭᠰᠠᠨ ᠲᠣᠰᠣᠨ ᠰᠠᠪᠠ᠂ ᠲᠣᠰᠣ ᠨᠡᠮᠡᠬᠦ ᠲᠡᠷᠭᠡ ᠶᠢ ᠵᠠᠳᠠᠯᠬᠤ ᠶᠢ ᠬᠠᠷᠢᠭᠤᠴᠠᠨ᠎ᠠ︔︵ᠵᠢᠷᠭᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠵᠡᠩᠨᠡᠯᠲᠡ ᠶᠢᠨ ᠦᠨᠡᠮᠯᠡᠯ  ᠢ ᠬᠠᠤᠯᠢ ᠶᠣᠰᠣᠭᠠᠷ ᠣᠯᠤᠭᠰᠠᠨ ᠥᠭᠡᠢ᠂ ᠪᠣᠯᠪᠠᠰᠤᠷᠠᠭᠤᠯᠤᠭᠰᠠᠨ ᠲᠤᠰᠤᠨ ᠟  ᠤ ᠡᠵᠡᠩᠨᠡᠯᠲᠡ ᠶᠢᠨ ᠠᠵᠢᠯᠯᠠᠭ᠎ᠠ ᠬᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠠᠵᠤ ᠦᠢᠯᠡᠳᠪᠦᠷᠢ ᠶᠢᠨ ᠦᠢᠯᠡᠳᠬᠦᠨ ᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠦᠭᠡᠢ ᠪᠠᠷ ᠠᠶᠤᠯᠲᠠᠶ ᠬᠢᠮᠢ ᠶᠢᠨ ᠵᠦᠢᠯ ᠵᠢᠴᠢ ᠲᠡᠭᠦᠨ ᠤ ᠪᠣᠭᠤᠳᠠᠯᠯᠠᠬᠤ ᠪᠣᠳᠠᠰ᠂ ᠰᠠᠪᠠ ᠶᠢ ᠦᠢᠯᠡᠳᠪᠦᠷᠢᠯᠡᠭᠰᠡᠨ ᠪᠠᠶᠢᠪᠠᠯ ᠰᠢᠳᠬᠡᠨ᠎ᠡ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠪᠣᠯᠪᠠᠴᠤ ᠵᠠᠯᠠᠷᠠᠭᠤᠯᠬᠤ ᠶᠢ ᠲᠡᠪᠴᠢᠭᠰᠡᠨ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠭᠰᠡᠨ᠂ ᠠᠶᠤᠯᠲᠠᠶ ᠬᠢᠮᠢ ᠶᠢᠨ ᠵᠦᠢᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠵᠢᠴᠢ ᠠᠶᠤᠯᠲᠠᠶ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠭᠰᠠᠨ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ ᠡᠵᠡᠩᠨᠡᠯᠲᠡ ᠶᠢᠨ ᠬᠡᠪᠴᠢᠶ᠎ᠡ ᠶᠢ ᠨᠢ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︔ ᠬᠢᠷᠢ ᠬᠡᠮ ᠲᠠᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠲᠣᠰᠣᠨ ᠤ ᠵᠦᠢᠯ ᠤᠨ ᠶᠠᠰᠤ ᠴᠢᠨᠠᠷ᠂ ᠭᠢᠯᠪᠠᠭᠠᠨ  ᠴᠢᠭ ᠵᠡᠷᠭᠡ ᠰᠢᠯᠭᠠᠨ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠶ︔︵ᠳᠣᠯᠤᠭ᠎ᠠ︶ ᠵᠠᠰᠠᠬᠤ ᠠᠵᠢᠯ ᠤᠨ ᠠᠯᠪᠠᠨ ᠬᠡᠷ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠢᠯᠪᠠᠭᠠᠨ ᠴᠢᠭ  ᠨᠢ 60℃ ᠠᠴᠠ ᠪᠠᠭ᠎ᠠ᠂ ᠠᠶᠤᠯᠲᠠᠶ ᠬᠢᠮᠢ ᠶᠢᠨ ᠪᠣᠳᠠᠰ ᠲᠤ ᠬᠠᠷᠢᠶᠠᠯᠠᠭᠳᠠᠬᠤ ᠴᠠᠶᠢᠶ᠋ᠢᠦ ᠲᠣᠰᠣᠨ ᠤ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠵᠠᠰᠠᠬᠤ ᠠᠵᠢᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠳᠣᠭᠢᠷᠠᠭᠤᠯᠬᠤ᠂ ᠡᠮᠬᠢᠯᠡᠨ ᠬᠤᠷᠢᠶᠠᠩᠭᠤᠶᠢᠯᠠᠬᠤ ᠵᠡᠷᠭᠡ ᠠᠵᠢᠯ ᠢ ᠬᠢᠨ᠎ᠠ︔ ︵ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠠᠴᠠ ᠬᠠᠤᠯᠢ ᠪᠤᠰᠤ ᠪᠠᠷ ᠲᠤᠰᠤ ᠨᠡᠮᠡᠬᠦ ᠲᠡᠷᠭᠡ᠂ ᠲᠤᠰᠤ ᠨᠡᠮᠡᠬᠦ‍ ᠴᠢᠭ ᠤᠨ ᠭᠠᠯ ᠤᠨᠲᠠᠷᠠᠭᠠᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠨ᠎ᠡ︔  ︵ᠶᠢᠰᠦ︶ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠯᠢ ᠶᠢᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠨᠢ ᠬᠠᠤᠯᠢ ᠪᠤᠰᠤ ᠪᠠᠷ ᠲᠣᠰᠣ ᠨᠡᠮᠡᠬᠦ ᠥᠷᠲᠡᠭᠡ ︵ᠴᠢᠭ︶᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠨᠡᠭᠦᠳᠡᠯ ᠲᠣᠰᠣ ᠨᠡᠮᠡᠬᠦ ᠲᠡᠷᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔︵ᠠᠷᠪᠠ︶ ᠡᠯ᠎ᠡ ᠰᠤᠮᠤ ᠪᠠᠯᠭᠠᠰᠦ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ ᠪᠠᠨ ᠬᠠᠤᠯᠢ ᠪᠤᠰᠤ ᠪᠠᠷ ᠲᠣᠰᠣ ᠨᠡᠮᠡᠬᠦ‍ ᠴᠢᠭ᠂ ᠬᠠᠤᠯᠢ ᠪᠤᠰᠤ ᠪᠠᠷ ᠲᠣᠰᠣ ᠨᠡᠮᠡᠬᠦ ᠲᠡᠷᠭᠡ ᠶᠢ ᠪᠠᠶᠢᠩᠭᠤᠵᠢᠭᠤᠯᠤᠨ ᠮᠥᠷᠳᠡᠨ ᠪᠠᠶᠢᠴᠠᠭᠠᠬᠤ ᠡᠷᠴᠢᠮ ᠢᠶᠠᠨ ᠴᠢᠩᠭᠠᠳᠬᠠᠬᠤ ᠶᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠬᠠᠤᠯᠢ ᠪᠤᠰᠤ ᠪᠠᠷ ᠲᠣᠰᠣ ᠨᠡᠮᠡᠬᠦ  ᠴᠢᠭ᠂ ᠬᠠᠤᠯᠢ ᠪᠤᠰᠤ ᠪᠠᠷ ᠲᠣᠰᠣ ᠨᠡᠮᠡᠬᠦ ᠲᠡᠷᠭᠡ ᠶᠢᠨ ᠬᠥᠳᠡᠯᠦᠯ ᠪᠠᠶᠢᠳᠠᠯ ᠢ ᠡᠵᠡᠮᠰᠢᠵᠦ᠂ ᠣᠯᠵᠤ ᠮᠡᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠠᠭ ᠲᠤᠬᠠᠶ ᠳᠤᠨᠢ ᠭᠡᠷᠡᠴᠢ ᠪᠠᠷᠢᠮᠲᠠ ᠶᠢ ᠬᠠᠳᠠᠭᠠᠯᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠳᠡᠬᠦ ᠶᠢᠨ ᠬᠠᠮᠲᠤ ᠭᠡᠷᠡᠴᠢ ᠪᠠᠷᠢᠮᠲᠠ ᠶᠢ ᠬᠠᠮᠠᠭᠠᠯᠠᠨ ᠬᠠᠳᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠢᠳᠡᠪᠬᠢᠲᠡᠶ ᠳᠣᠭᠢᠷᠠᠭᠤᠯᠤᠨ ᠰᠠᠶᠢᠲᠤᠷ ᠬᠢᠬᠦ ᠬᠡᠷᠡᠭᠲᠡᠶ᠃ ᠲᠠᠪᠤ᠂ ᠠᠵᠢᠯ ᠤᠨ ᠠᠷᠭ᠎ᠠ ᠬᠡᠮᠵᠢᠶ᠎ᠡ ᠬᠢᠭᠡᠳ ᠱᠠᠭᠠᠷᠳᠠᠯᠭ᠎ᠠ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠤᠯᠢ ᠪᠤᠰᠤ ᠪᠠᠷ ᠡᠵᠡᠩᠨᠡᠬᠦ ᠳᠤ ᠴᠣᠬᠢᠯᠲᠠ ᠥᠭᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠯᠲᠠ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠴᠣᠬᠢᠯᠲᠠ ᠥᠭᠬᠦ ᠭᠤᠤᠯᠳᠠᠯᠭ᠎ᠠ ᠪᠠᠨ ᠲᠣᠳᠣᠷᠬᠠᠶᠢᠯᠠᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠤᠭᠤᠳ ᠬᠠᠷᠢᠶ᠎ᠠ ᠭᠠᠵᠠᠷ ᠤᠨ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠶ ᠲᠥᠰᠦᠯ ᠲᠣᠭᠲᠠᠭᠠᠨ᠂ ᠬᠠᠮᠢᠶ᠎ᠠ ᠪᠥᠬᠦᠶ ᠬᠠᠷᠢᠭᠤᠴᠠᠯᠭᠠᠲᠠᠨ ᠢ ᠵᠢᠭᠠᠨ ᠲᠣᠭᠲᠠᠭᠠᠵᠤ ᠲᠦᠷᠦᠭᠦᠯᠡᠨ᠂ ᠬᠠᠤᠯᠢ ᠪᠤᠰᠤ ᠪᠠᠷ ᠲᠣᠰᠣ ᠨᠡᠮᠡᠬᠦ ᠶᠢ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃︵ᠬᠤᠶᠠᠷ︶ ᠬᠠᠤᠯᠢ ᠬᠡᠷᠡᠭᠵᠢᠭᠦᠯᠬᠦ ᠶᠢ ᠭᠦᠨᠵᠡᠭᠡᠶ ᠥᠷᠨᠢᠭᠦᠯᠵᠦ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠰᠤᠳᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃  ᠣᠶᠢᠯᠠᠭᠠᠯᠴᠠᠨ ᠬᠠᠮᠲᠤᠷᠠᠯᠴᠠᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠣᠤᠷ ᠲᠠᠲᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠵᠡᠷᠭᠡ ᠬᠡᠯᠪᠡᠷᠢ ᠶᠢ ᠠᠪᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠢᠯ ᠤᠨ ᠪᠠᠶᠢᠩᠭᠤᠵᠢᠯᠲᠠ᠂ ᠵᠢᠷᠤᠮᠵᠢᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯᠲᠠᠳ ᠤᠨ ᠬᠠᠤᠯᠢ ᠬᠡᠷᠡᠭᠵᠢᠭᠦᠯᠬᠦ ᠶᠢ ᠬᠠᠷᠰᠢᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠴᠠᠭ ᠲᠤᠬᠠᠶ  ᠲᠤᠨᠢ ᠰᠢᠢᠳᠪᠦᠷᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠯᠳᠤᠭᠤᠯᠬᠤ ᠶᠢ ᠴᠢᠩᠭᠠᠳᠬᠠᠵᠤ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠴᠠᠭ ᠲᠤᠬᠠᠶ ᠳᠤᠨᠢ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠨᠢᠭᠡᠳᠦᠯᠲᠡᠶ ᠲᠥᠯᠥᠪᠯᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠰᠢᠯᠢ ᠶᠢᠨ ᠬᠤᠲᠠ ᠶᠢᠨ ᠪᠣᠯᠪᠠᠰᠤᠷᠠᠭᠤᠯᠤᠭᠰᠠᠨ ᠲᠣᠰᠣᠨ ᠤ ᠬᠠᠤᠯᠢ ᠪᠤᠰᠤ ᠪᠠᠷ ᠡᠵᠡᠩᠨᠡᠭᠰᠡᠨ ᠬᠡᠷᠡᠭ ᠢ ᠰᠢᠢᠳᠪᠦᠷᠢᠯᠡᠬᠦ ᠲᠠᠰ ᠳᠠᠷᠠᠭᠠᠯᠠᠯ︾ ︵ᠳᠠᠭᠠᠯᠳᠤᠭᠤᠯᠤᠯ 1︶ ᠢ ᠴᠢᠩᠭ᠎ᠠ ᠬᠡᠷᠡᠭᠵᠢᠭᠦᠯᠵᠦ᠂  ᠰᠢᠯᠲᠠᠵᠦ ᠬᠤᠶᠢᠰᠢᠯᠠᠬᠤ᠂ ᠬᠠᠷᠢᠯᠴᠠᠨ ᠲᠦᠯᠬᠢᠯᠴᠡᠬᠦ ᠵᠡᠷᠭᠡ ᠦᠵᠡᠭᠳᠡᠯ ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠵᠤ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠤᠯᠤᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠶᠠᠷᠢᠶ᠎ᠠ ᠬᠡᠯᠡᠯᠴᠡᠭᠡᠨ ᠤ ᠳᠠᠷᠤᠯᠲᠠ ᠶᠢ ᠪᠣᠶ ᠪᠣᠯᠭᠠᠵᠤ᠂ ᠬᠠᠤᠯᠢ ᠠᠴᠠ ᠵᠥᠷᠢᠴᠡᠬᠦ ᠵᠣᠷᠢᠭ ᠥᠬᠡᠶ᠂ ᠬᠠᠤᠯᠢ ᠠᠴᠠ ᠵᠥᠷᠢᠴᠡᠬᠦ ᠶᠢ ᠪᠤᠳᠤᠬᠤ ᠥᠬᠡᠶ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃︵ᠳᠥᠷᠪᠡ︶ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠶ᠃ ᠵᠠᠰᠠᠬᠤ ᠠᠵᠢᠯ ᠳᠤ ᠰᠠᠷ᠎ᠠ ᠪᠠᠷ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠪᠣᠯᠪᠠᠰᠤᠷᠠᠭᠤᠯᠤᠭᠰᠠᠨ ᠲᠣᠰᠣᠨ ᠤ ᠬᠠᠤᠯᠢ ᠪᠤᠰᠤ ᠪᠠᠷ ᠡᠵᠡᠩᠨᠡᠬᠦ ᠳᠤ ᠴᠣᠬᠢᠯᠲᠠ ᠥᠭᠬᠦ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠳ᠋ᠦᠩᠨᠡᠵᠦ ᠦᠨᠡᠯᠡᠨ ᠵᠢᠱᠢᠵᠦ ᠬᠠᠮᠲᠤᠪᠠᠷ ᠭᠥᠷᠳᠡᠬᠦ ᠶᠢ ᠥᠷᠨᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠮᠡᠳᠡᠭᠡ ᠵᠠᠩᠭᠢ ᠵᠢᠴᠢ ᠭᠤᠤᠯ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ᠂ ᠠᠷᠭᠠᠴᠠᠬᠤ ᠠᠷᠭ᠎ᠠ ᠬᠡᠮᠵᠢᠶ᠎ᠡ ᠵᠡᠷᠭᠡ ᠶᠢ ᠬᠤᠲᠠ ᠶᠢᠨ ᠵᠠᠰᠠᠬᠤ ᠠᠵᠢᠯ ᠤᠨ ᠠᠯᠪᠠᠨ ᠬᠡᠷ ᠲᠤ ᠬᠦᠷᠭᠡᠬᠦ ᠬᠡᠷᠡᠭᠲᠡᠶ᠃                                                                        ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                                                        2021 ᠣᠨ ᠤ 7 ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号