︽  ᠰᠢᠯᠢ  ᠶᠢᠨ  ᠬᠤᠳᠠ  ᠶᠢᠨ  ᠲᠠᠸᠠᠷ  ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠵᠢᠨ‌‍ᠬᠢᠨᠠᠯᠲᠠ  ᠬᠠᠮᠢᠶᠠᠷᠤᠯᠲᠠ  ᠶᠢ  ᠬᠡᠷᠡᠭᠵᠢᠭᠦᠯᠬᠦ  ᠨᠠᠷᠢᠨ  ᠲᠦᠷᠢᠮ ︵ᠲᠤᠷᠰᠢᠨ ᠬᠡᠷᠡᠭᠵᠢᠭᠦᠯᠬᠦ︶︾  ᠢ ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
︽ ᠰᠢᠯᠢ  ᠶᠢᠨ  ᠬᠤᠳᠠ  ᠶᠢᠨ  ᠲᠠᠸᠠᠷ  ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠵᠢᠨ‌‍ᠬᠢᠨᠠᠯᠲᠠ  ᠬᠠᠮᠢᠶᠠᠷᠤᠯᠲᠠ  ᠶᠢ  ᠬᠡᠷᠡᠭᠵᠢᠭᠦᠯᠬᠦ  ᠨᠠᠷᠢᠨ  ᠲᠦᠷᠢᠮ ︵ᠲᠤᠷᠰᠢᠨ ᠬᠡᠷᠡᠭᠵᠢᠭᠦᠯᠬᠦ︶︾  ᠢ ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ᠄ ︽ ᠰᠢᠯᠢ ᠶᠢᠨ ᠬᠤᠳᠠ ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠤᠲᠠ ᠶᠢᠨ ᠵᠠᠰᠠᠭ ᠤᠨ ᠣᠷᠳᠣᠨ ᠤ 2021 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ  ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ 2021 ᠣᠨ ᠤ 8 ᠰᠠᠷ᠎ᠠ ᠶᠢᠨ 6 ᠤ ᠡᠳᠦᠷ                         ᠰᠢᠯᠢ ᠶᠢᠨ ᠬᠤᠲᠠ ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ  ᠬᠠᠮᠢᠶᠠᠷᠤᠯᠲᠠ   ᠶᠢ   ᠬᠡᠷᠡᠭᠵᠢᠭᠦᠯᠬᠦ  ᠨᠠᠷᠢᠨ  ᠲᠦᠷᠢᠮ       ︵ᠲᠤᠷᠰᠢᠨ  ᠬᠡᠷᠡᠭᠵᠢᠭᠦᠯᠬᠦ︶ ᠨᠢᠭᠡᠳᠦᠭᠡᠷ ᠪᠦᠯᠦᠭ     ᠶᠡᠷᠦᠩᠭᠡᠢ ᠲᠦᠷᠢᠮᠨᠢᠭᠡᠳᠦᠭᠡᠷ ᠵᠦᠢᠯ  ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠷᠠᠯᠵᠢᠶᠠᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠪᠠ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾ ︽ᠬᠤᠲᠠ ᠶᠢᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ᠪᠠ ︽︿ᠰᠢᠯᠢ ᠶᠢᠨ ᠭᠤᠤᠯ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠨᠠᠷᠢᠨ ᠲᠦᠷᠢᠮ ᠢ ᠲᠣᠭᠲᠠᠭᠠᠪᠠ᠃ ᠬᠤᠶᠠᠳᠤᠭᠠᠷ ᠵᠦᠢᠯ  ︽ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠰᠢᠯᠢ ᠶᠢᠨ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦ ᠲᠥᠷᠥᠯ  ᠵᠦᠢᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠴᠤᠭᠯᠠᠭᠤᠯᠬᠤ᠂ ᠬᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠲᠣᠰ ᠨᠠᠷᠢᠨ ᠲᠦᠷᠢᠮ ᠢ ᠬᠡᠷᠡᠭᠯᠡᠨ᠎ᠡ᠄ ︵ᠨᠢᠭᠡ︶ ᠭᠠᠵᠠᠷ ᠰᠢᠷᠣᠶ ᠬᠡᠷᠡᠭᠯᠡᠬᠦ ᠡᠷᠬᠡ ᠶᠢ ᠭᠠᠷᠭᠠᠵᠤ ᠥᠭᠬᠦ ᠪᠥᠬᠦ ᠮᠥᠩᠭᠦ ᠶᠢ ᠨᠢᠭᠡᠨᠲᠡ ᠲᠤᠰᠢᠶᠠᠵᠤ᠂ ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠢ ᠣᠯᠤᠭᠰᠠᠨ︔ ︵ᠬᠤᠶᠠᠷ︶ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠲᠠᠢ ᠪᠠᠶᠢᠬᠤ︔ ︵ᠭᠤᠷᠪᠠ︶ ᠤᠷᠢᠳᠴᠢᠯᠠᠨ ᠬᠤᠳᠠᠯᠳᠤᠬᠤ ᠪᠠᠷ ᠬᠠᠩᠭᠠᠭᠰᠠᠨ ᠲᠠᠸᠠᠷ ᠤᠨ ᠭᠡᠷ ᠪᠠᠶᠢᠰᠢᠩ ᠢᠶᠠᠷ ᠪᠤᠳᠤᠵᠤ᠂ ᠨᠡᠭᠡᠭᠡᠨ ᠠᠰᠢᠭᠯᠠᠬᠤ ᠪᠦᠳᠦᠭᠡᠠ ᠪᠠᠶᠢᠭᠤᠯᠤᠯᠲᠠ ᠳᠤ ᠣᠷᠣᠭᠤᠯᠤᠭᠰᠠᠨ ᠪᠡᠯᠠ ᠮᠥᠩᠭᠦ ᠨᠢ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠪᠦᠬᠦ ᠪᠡᠯᠠ ᠣᠷᠣᠭᠤᠯᠤᠯᠲᠠ ᠶᠢᠨ 25% ᠠᠴᠠ ᠳᠡᠭᠡᠭᠰᠢ ᠳᠤ ᠬᠦᠷᠦᠭᠰᠡᠠ ᠪᠥᠭᠡᠳ ᠪᠠᠷᠢᠯᠭ᠎ᠠ ᠶᠢᠨ ᠠᠬᠢᠴᠠ ᠪᠠ ᠪᠠᠷᠢᠯᠭ᠎ᠠ ᠶᠢᠨ ᠠᠵᠢᠯ ᠳᠠᠭᠤᠰᠴᠤ ᠲᠤᠰᠢᠶᠠᠨ ᠥᠭᠬᠦ ᠡᠳᠦᠷ ᠬᠤᠭᠤᠴᠠᠭ᠎ᠠ ᠶᠢ ᠨᠢᠭᠡᠨᠲᠡ ᠲᠣᠭᠲᠠᠭᠠᠭᠰᠠᠨ᠃ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠭᠰᠡᠨ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠳᠠᠯᠳᠤᠭ᠎ᠠ ᠪᠣᠯᠤᠨ ᠣᠷᠣᠨ ᠰᠠᠭᠤᠴᠠ ᠶᠢᠨ ᠨᠢᠭᠡᠳᠦᠮᠡᠯ ᠴᠣᠭᠴᠠ ︵ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ ᠪᠣᠯᠤᠨ ᠣᠷᠣᠨ ᠰᠠᠭᠤᠴᠠ ᠶᠢᠨ ᠪᠤᠰᠤ ᠲᠥᠷᠥᠯ ᠵᠦᠢᠯ ᠪᠠᠭᠲᠠᠬᠤ ᠥᠭᠡᠢ︶᠃ ᠭᠤᠷᠪᠠᠳᠤᠭᠠᠷ ᠵᠦᠢᠯ  ᠲᠤᠰ ᠨᠠᠷᠢᠨ ᠲᠥᠷᠢᠮ ᠲᠤ ᠬᠡᠯᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠭᠡᠳᠡᠭ ᠨᠢ ᠭᠡᠷ ᠬᠤᠳᠠᠯᠳᠤᠨ ᠠᠪᠤᠭᠴᠢ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠪᠣᠯᠵᠣᠯ ᠶᠣᠰᠣᠭᠠᠷ ᠲᠥᠯᠥᠭᠰᠡᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠨ ᠠᠪᠬᠤ ᠵᠣᠭᠤᠰ ︵ᠠᠩᠬ᠎ᠠ ᠤᠳᠠᠭ᠎ᠠ ᠲᠥᠯᠥᠬᠦ᠂ ᠬᠤᠭᠤᠴᠠᠭ᠎ᠠ ᠬᠤᠪᠢᠶᠠᠨ ᠲᠥᠯᠥᠬᠦ᠂ ᠨᠢᠭᠡ ᠤᠳᠠᠭ᠎ᠠ ᠶᠢᠨ ᠴᠢᠨᠠᠷᠲᠠᠶ ᠪᠠᠷ ᠲᠥᠯᠥᠬᠦ ᠪᠠ ᠪᠠᠩᠬᠢ ᠶᠢᠨ ᠪᠠᠷᠢᠴᠠᠭᠠᠳᠦ ᠵᠢᠭᠡᠯᠡᠯᠭᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠵᠡᠷᠭᠡ ᠡᠯ᠎ᠡ ᠵᠦᠢᠯ ᠤᠨ ᠭᠡᠷ ᠪᠠᠶᠢᠰᠢᠩ ᠬᠤᠳᠠᠯᠳᠤᠨ ᠠᠪᠬᠤ ᠵᠣᠭᠤᠰ ᠪᠠᠭᠲᠠᠨ᠎ᠠ︶ ᠢ ᠵᠢᠭᠠᠵᠤ ᠪᠤᠢ᠃ ᠳᠥᠷᠪᠡᠳᠦᠭᠡᠷ ᠵᠦᠢᠯ  ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠳᠤ ︽ᠵᠠᠰᠠᠭ ᠤᠨ ᠣᠷᠳᠣᠨ ᠠᠴᠠ ᠵᠢᠯᠣᠭᠤᠳᠬᠤ᠂ ᠪᠠᠩᠬᠢ ᠠᠴᠠ ᠬᠢᠨᠠᠨ ᠬᠠᠮᠢᠶᠠᠷᠬᠤ᠂ ᠲᠤᠰᠬᠠᠶ ᠲᠠᠩᠰᠠᠨ ᠡᠷᠦᠭᠡ ᠳᠤ ᠲᠤᠰᠬᠠᠶ ᠬᠠᠳᠠᠭᠠᠯᠠᠬᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ᠂ ᠵᠠᠩᠭᠢᠯᠠᠭ᠎ᠠ ᠶᠢᠨ ᠴᠡᠭ ᠲᠤ ᠬᠢᠵᠠᠭᠠᠷᠯᠠᠬᠤ︾ ᠵᠠᠷᠴᠢᠮ ᠢ ᠵᠢᠷᠤᠮᠯᠠᠨ᠎ᠠ᠃ ᠲᠠᠪᠤᠳᠤᠭᠠᠷ ᠵᠦᠢᠯ  ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠬᠤᠭᠤᠴᠠᠭ᠎ᠠ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠠᠴᠠ ᠡᠬᠢᠯᠡᠨ᠂  ᠲᠦᠷᠦᠯ ᠵᠦᠢᠯ ᠢ ᠠᠩᠬ᠎ᠠ ᠤᠳᠠᠭ᠎ᠠ ᠳᠠᠩᠰᠠᠯᠠᠭᠤᠯᠤᠭᠰᠠᠨ ᠤ ᠲᠠᠷᠠᠭ᠎ᠠ ᠳᠠᠭᠤᠰᠤᠨ᠎ᠠ᠃ ᠵᠢᠷᠭᠤᠳᠤᠭᠠᠷ ᠵᠦᠢᠯ  ᠬᠢᠨᠠᠨ ᠬᠠᠮᠢᠶᠠᠷᠬᠤ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠪᠣᠯᠤᠨ ᠭᠤᠷᠪᠠᠳᠠᠬᠢ ᠡᠲᠡᠭᠡᠳ ᠤᠨ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠬᠤᠲᠠ ᠶᠢᠨ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠤᠨ᠎ᠠ᠃ ᠳᠣᠯᠣᠳᠤᠭᠠᠷ ᠵᠦᠢᠯ  ᠬᠤᠲᠠ ᠶᠢᠨ ᠬᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ ᠬᠤᠲᠠ ᠶᠢᠨ ᠲᠠᠸᠠᠷ ᠤᠨ ᠬᠡᠷ ᠪᠠᠶᠢᠰᠢᠩ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠬᠤ ᠶᠢ ᠬᠠᠷᠢᠭᠤᠴᠠᠵᠤ᠂ ᠲᠠᠸᠠᠷ ᠤᠨ ᠬᠡᠷ ᠪᠠᠶᠢᠰᠢᠩ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠵᠡᠷᠭᠡ ᠠᠵᠢᠯ ᠢ ᠰᠢᠢᠳᠪᠦᠷᠢᠯᠡᠨ᠎ᠡ᠃ ᠨᠠᠢᠮᠠᠳᠤᠭᠠᠷ ᠵᠦᠢᠯ  ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠤᠯ ᠠᠶᠢᠮᠠᠭ ᠤᠨ ᠲᠥᠪ ᠰᠠᠯᠪᠤᠷᠢ ᠪᠠᠩᠬᠢ ᠨᠢ ᠬᠤᠳᠠᠯᠳᠤᠭᠠᠨ ᠤ ᠪᠠᠩᠬᠢ ︵ᠳᠣᠷᠣᠭᠰᠢ ︽ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠤᠭᠰᠠᠨ ᠪᠠᠩᠬᠢ︾ ᠭᠡᠵᠦ ᠲᠣᠪᠴᠢᠯᠠᠨ᠎ᠠ︶ ᠶᠢᠨ ᠲᠠᠩᠰᠠᠨ ᠡᠷᠦᠬᠡ ᠶᠢᠨ ᠬᠠᠮᠢᠶᠠᠷᠤᠯᠲᠠ᠂ ᠳ᠋ᠦᠩᠨᠡᠨ ᠪᠤᠳᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ︔ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠭᠠᠨ ᠤ ᠲᠦᠭᠰᠢᠭᠦᠷᠢ ᠪᠠ ᠲᠣᠭᠲᠠᠭᠠᠯ ᠳᠤ ᠨᠡᠶᠢᠴᠡᠬᠦ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠬᠤᠲᠠ ᠶᠢᠨ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠲᠥᠪ ᠰᠠᠯᠪᠤᠷᠢ ᠪᠠᠩᠬᠢ ᠪᠠ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠸᠠᠷ ᠤᠨ ᠭᠡᠷ ᠪᠠᠶᠢᠰᠢᠩ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠢ ᠬᠡᠷᠡᠭᠯᠡᠨ᠂ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠂ ᠤᠷᠢᠳᠴᠢᠯᠠᠨ ᠬᠤᠳᠠᠯᠳᠤᠬᠤ ᠭᠡᠷ᠎ᠡ ᠶᠢ ᠬᠡᠷᠡᠭᠯᠡᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠪᠦᠷᠢᠳᠬᠡᠨ ᠳᠡᠩᠰᠡᠯᠡᠵᠦ᠂ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠴᠠᠭ ᠤᠨ ᠬᠢᠵᠠᠭᠠᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠳᠠᠯᠢ ᠠᠯᠬᠤᠮ ᠲᠠᠢ ᠪᠠᠶᠢᠯᠭᠠᠨ᠎ᠠ᠃ ᠬᠤᠶᠠᠳᠤᠭᠠᠷ ᠪᠦᠯᠦᠭ     ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠶᠢᠰᠦᠳᠦᠭᠡᠷ ᠵᠦᠢᠯ  ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ᠨᠡᠭᠡᠭᠡᠨ ᠠᠰᠢᠭᠯᠠᠬᠤ ᠵᠦᠢᠯᠡᠰ ︵ᠳᠣᠷᠣᠭᠰᠢ ︽ᠬᠢᠨᠠᠨ ᠬᠠᠮᠢᠶᠠᠷᠬᠤ ᠲᠦᠷᠦᠯ ᠵᠦᠢᠯ︾ ᠭᠡᠵᠦ ᠨᠡᠷᠡᠶᠢᠳᠦᠨ᠎ᠡ᠂ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢᠶᠠᠷ ᠨᠢᠭᠡᠴᠢ ᠪᠣᠯᠭᠠᠨ᠎ᠠ︶ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠬᠤᠳᠠ ᠶᠢᠨ ᠪᠠᠩᠬᠢ ᠶᠢᠨ ᠳᠣᠲᠣᠷ᠎ᠠ ᠠᠴᠠ ᠪᠠᠩᠬᠢ ᠶᠢ ᠰᠣᠩᠭᠤᠵᠤ ᠬᠢᠨᠠᠨ ᠬᠠᠮᠢᠶᠠᠷᠬᠤ ᠲᠠᠩᠰᠠᠨ ᠡᠷᠤᠭᠡ ᠪᠠᠶᠢᠭᠤᠯᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠲᠤᠰᠬᠠᠶ ᠬᠠᠳᠠᠭᠠᠯᠠᠮᠵᠢ ᠶᠢᠨ ᠲᠠᠩᠰᠠᠨ ᠡᠷᠤᠭᠡ ︵ᠳᠣᠷᠣᠭᠰᠢ ︽ᠬᠢᠨᠠᠨ ᠬᠠᠮᠢᠶᠠᠷᠬᠤ ᠲᠠᠩᠰᠠᠨ ᠡᠷᠤᠭᠡ︾ ᠭᠡᠵᠦ ᠨᠡᠷᠡᠶᠢᠳᠦᠨ᠎ᠡ︶ ᠶᠢ ᠪᠠᠶᠢᠭᠤᠯᠵᠤ ᠪᠣᠯᠤᠨ᠎ᠠ᠃ ᠨᠢᠭᠡ ᠬᠢᠨᠠᠨ ᠬᠠᠮᠢᠶᠠᠷᠬᠤ ᠲᠥᠷᠥᠯ ᠵᠦᠢᠯ ᠳᠤ ᠵᠥᠪᠬᠡᠨ ᠨᠢᠭᠡ ᠯᠡ ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠵᠤ ᠪᠣᠯᠤᠨ᠎ᠠ᠃ ᠬᠢᠨᠠᠨ ᠬᠠᠮᠢᠶᠠᠷᠬᠤ ᠲᠥᠷᠥᠯ ᠵᠦᠢᠯ ᠢ ᠤᠷᠢᠳᠴᠢᠯᠠᠨ ᠬᠤᠳᠠᠯᠳᠤᠬᠤ ᠶᠠᠪᠤᠴᠠ ᠳᠤ᠂ ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ᠵᠠᠷᠴᠢᠮ ᠳᠡᠭᠡᠷ᠎ᠡ ᠪᠠᠨ ᠬᠤᠪᠢᠷᠠᠭᠤᠯᠵᠤ ᠪᠣᠯᠬᠤ ᠥᠬᠡᠶ᠃ ᠠᠷᠪᠠᠳᠤᠭᠠᠷ ᠵᠦᠢᠯ  ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠬᠦ ᠠᠴᠠ ᠡᠮᠦᠨ᠎ᠡ᠂ ᠬᠢᠨᠠᠨ ᠬᠠᠮᠢᠶᠠᠷᠬᠤ ᠵᠦᠢᠯᠡᠰ ᠤᠨ ᠦᠨᠳᠦᠰᠦᠨ ᠪᠠᠶᠢᠳᠠᠯ᠂ ᠬᠢᠨᠠᠨ ᠬᠠᠮᠢᠶᠠᠷᠬᠤ ᠠᠭᠤᠯᠭ᠎ᠠ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠬᠤᠳᠠ ᠶᠢᠨ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠪᠠᠶᠢᠭᠤᠯᠤᠮᠵᠢ ᠲᠠᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ ᠢ ᠲᠣᠭᠲᠠᠭᠠᠬᠤ ᠬᠡᠷᠡᠭᠲᠡᠶ᠃ᠠᠷᠪᠠᠨ ᠨᠢᠭᠡᠳᠦᠭᠡᠷ ᠵᠦᠢᠯ  ᠬᠢᠨᠠᠨ ᠬᠠᠮᠢᠶᠠᠷᠬᠤ ᠳᠠᠩᠰᠠ ᠪᠠᠶᠢᠭᠤᠯᠤᠭᠰᠠᠨ ᠪᠠᠩᠬᠢ  ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠬᠤ ᠵᠥᠪᠯᠡᠯᠴᠡᠭᠡᠷ︾ ᠲᠤ ᠪᠣᠯᠵᠣᠨ ᠲᠣᠭᠲᠠᠭᠰᠠᠨ ᠶᠣᠰᠣᠭᠠᠷ᠂  ᠲᠡᠷᠡᠴᠢᠯᠡᠨ ᠬᠤᠲᠠ ᠶᠢᠨ ᠭᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠤᠳᠠ ᠶᠢᠨ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠭᠤᠣᠯ ᠰᠠᠯᠪᠤᠷᠢ ᠪᠠᠩᠬᠢ ᠪᠣᠯᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠭᠤᠷᠪᠠᠳᠤᠭᠠᠷ ᠪᠦᠯᠦᠭ     ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠠᠷᠪᠠᠨ ᠬᠤᠶᠠᠳᠤᠭᠠᠷ ᠵᠦᠢᠯ  ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠨᠠᠶᠢᠳᠠᠯᠭ᠎ᠠ ᠪᠠᠷ ᠬᠠᠮᠢᠶᠠᠷᠬᠤ ᠺᠣᠮᠫᠠᠨᠢ ᠪᠠᠶᠢᠭᠤᠯᠵᠤ᠂ ᠬᠤᠳᠠ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠵᠢᠯᠤᠭᠤᠳᠤᠯᠭ᠎ᠠ ᠶᠢᠨ ᠳᠣᠣᠷ᠎ᠠ᠂ ᠭᠤᠷᠪᠠᠳᠠᠬᠢ ᠡᠲᠡᠭᠡᠳ ᠤᠨ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠭᠴᠢ᠂ ᠬᠢᠨᠠᠨ ᠬᠠᠮᠢᠶᠠᠷᠬᠤ ᠪᠠᠩᠬᠢ ᠲᠠᠢ ᠲᠤᠰ ᠲᠤᠰ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠭᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠨᠠᠶᠢᠳᠠᠵᠤ᠂ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠠᠵᠢᠯ ᠢ ᠬᠠᠮᠵᠢᠯᠴᠠᠨ ᠬᠡᠷᠡᠭᠵᠢᠭᠦᠯᠦᠨ᠎ᠡ᠃ ᠪᠠᠶᠢᠭᠤᠯᠤᠮᠵᠢ ᠨᠢ ᠲᠤᠰᠬᠠᠶ ᠵᠦᠢᠯ ᠤᠨ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠪᠠᠶᠢᠭᠤᠯᠵᠤ᠂ ᠬᠡᠷ ᠪᠠᠶᠢᠰᠢᠩ ᠬᠤᠳᠠᠯᠳᠤᠨ ᠠᠪᠤᠭᠴᠢ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠨᠠᠶᠢᠳᠠᠯᠭ᠎ᠠ ᠶᠢ ᠭᠥᠯᠢᠶᠡᠨ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠨ᠎ᠡ᠄ ︵ᠨᠢᠭᠡ︶ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠴᠤᠭᠯᠠᠭᠤᠯᠬᠤ︔ ︵ᠬᠤᠶᠠᠷ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠠᠳᠠᠭᠠᠯᠠᠵᠤ ᠬᠠᠮᠢᠶᠠᠷᠬᠤ ︵ᠭᠤᠷᠪᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠥᠭᠬᠦ︔ ︵ᠳᠥᠷᠪᠡ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠲᠥᠷᠥᠯ ᠵᠦᠢᠯ ᠢ  ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠠ᠃ ᠠᠷᠪᠠᠨ ᠭᠤᠷᠪᠠᠳᠤᠭᠠᠷ ᠵᠦᠢᠯ  ᠬᠢᠨᠠᠨ ᠬᠠᠮᠢᠶᠠᠷᠬᠤ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠪᠦᠬᠦᠨ ᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠪᠠᠶᠢᠭᠤᠯᠤᠭᠰᠠᠨ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠳᠤ ᠬᠠᠳᠠᠭᠠᠯᠠᠬᠤ ᠬᠡᠷᠡᠭᠲᠡᠶ᠃ ᠭᠡᠷ ᠬᠤᠳᠠᠯᠳᠤᠨ ᠠᠪᠤᠭᠴᠢ ᠪᠠᠷᠢᠴᠠᠭᠠᠳᠦ ᠵᠢᠭᠡᠯᠡᠯᠭᠡ ᠪᠠᠷ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ᠂ ᠲᠡᠭᠦᠨ ᠤ ᠪᠠᠷᠢᠴᠠᠭᠠᠳᠦ ᠵᠢᠭᠡᠯᠡᠯᠭᠡ ᠶᠢ ᠵᠢᠭᠡᠯᠡᠯᠭᠡ ᠶᠢᠨ ᠪᠠᠩᠬᠢ ᠠᠴᠠ ᠨᠠᠶᠢᠳᠠᠯᠭ᠎ᠠ ᠪᠠᠷ ᠬᠠᠮᠢᠶᠠᠷᠬᠤ ᠲᠠᠩᠰᠠᠨ ᠡᠷᠦᠭᠡ ᠳᠤ ᠰᠢᠭᠤᠳ ᠰᠢᠯᠵᠢᠭᠦᠯᠦᠨ ᠣᠷᠣᠭᠤᠯᠤᠨ᠎ᠠ᠃ᠠᠷᠪᠠᠨ ᠳᠥᠷᠪᠡᠳᠦᠭᠡᠷ ᠵᠦᠢᠯ  ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠥᠪᠯᠡᠯᠴᠡᠭᠡᠷ︾ ᠢ ᠲᠣᠭᠲᠠᠭᠠᠭᠰᠠᠨ ᠤ ᠲᠠᠷᠠᠭ᠎ᠠ᠂ ᠪᠠᠰᠠ ᠲᠦᠷᠦᠯ ᠵᠦᠢᠯ ᠤᠨ ᠦᠨᠳᠦᠰᠦᠨ ᠪᠠᠶᠢᠳᠠᠯ᠂ ᠨᠠᠶᠢᠳᠠᠯᠭ᠎ᠠ ᠪᠠᠷ ᠬᠠᠮᠢᠶᠠᠷᠬᠤ ᠠᠭᠤᠯᠭ᠎ᠠ᠂ ᠨᠠᠶᠢᠳᠠᠯᠭ᠎ᠠ ᠪᠠᠷ ᠬᠠᠮᠢᠶᠠᠷᠬᠤ ᠴᠠᠭ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠭᠤᠷᠪᠠᠳᠠᠬᠢ ᠡᠲᠡᠭᠡᠳ ᠤᠨ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠲᠠᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠬᠠᠮᠲᠤᠷᠠᠯᠴᠠᠭᠠᠨ ᠤ ᠵᠥᠪᠯᠡᠯᠴᠡᠭᠡᠷ︾ ᠢ ᠲᠣᠭᠲᠠᠭᠠᠬᠤ ᠬᠡᠷᠡᠭᠲᠡᠶ᠃ ᠠᠷᠪᠠᠨ ᠲᠠᠪᠤᠳᠤᠭᠠᠷ ᠵᠦᠢᠯ  ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠬᠢᠨᠠᠨ ᠬᠠᠮᠢᠶᠠᠷᠬᠤ ᠵᠦᠢᠯᠡᠰ ᠤᠨ ᠪᠠᠷᠢᠯᠭ᠎ᠠ ᠶᠢᠨ ᠲᠠᠯᠠᠪᠠᠢ ᠶᠢ ᠦᠨᠳᠦᠰᠦᠯᠡᠨ᠂ ᠬᠢᠨᠠᠨ ᠬᠠᠮᠢᠶᠠᠷᠬᠤ   ᠲᠥᠷᠥᠯ ᠵᠦᠢᠯ ᠤᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢ ᠪᠤᠳᠤᠬᠤ ᠶᠢᠨ ᠬᠠᠮᠲᠤ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠲᠣᠳᠣᠷᠬᠠᠶ ᠲᠡᠮᠳᠡᠭᠯᠡᠬᠦ ᠬᠡᠷᠡᠭᠲᠡᠶ᠃ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠭᠡᠳᠡᠭ ᠨᠢ ᠬᠢᠨᠠᠨ ᠬᠠᠮᠢᠶᠠᠷᠬᠤ ᠲᠦᠷᠦᠯ ᠵᠦᠢᠯ ᠤᠨ ᠪᠠᠷᠢᠯᠭ᠎ᠠ ᠶᠢᠨ ᠤᠭᠰᠠᠷᠠᠭᠤᠯᠬᠤ ᠥᠪᠡᠷ ᠤᠨ ᠦᠷᠳᠡᠭ ᠪᠣᠯᠤᠨ  ᠲᠥᠷᠥᠯ ᠵᠦᠢᠯ ᠤᠨ ᠢᠵᠢ ᠪᠦᠷᠢᠳᠦᠭᠦᠯᠬᠦ ᠪᠠᠷᠢᠯᠭ᠎ᠠ ᠳᠤ ᠬᠡᠷᠡᠭᠰᠡᠬᠦ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠤᠨ ᠨᠡᠶᠢᠯᠡᠪᠦᠷᠢ ᠶᠢ ᠵᠢᠭᠠᠵᠤ ᠪᠠᠶᠢᠨ᠎ᠠ᠂ ᠪᠦᠬᠦ ᠵᠠᠰᠠᠯ ᠴᠢᠮᠡᠭᠯᠡᠯ ᠤᠨ ᠲᠦᠷᠦᠯ ᠵᠦᠢᠯ ᠳᠤ ᠵᠠᠰᠠᠯ ᠴᠢᠮᠡᠭᠯᠡᠯ ᠤᠨ ᠵᠠᠷᠤᠳᠠᠯ ᠢ ᠪᠤᠳᠤᠵᠤ ᠣᠷᠣᠭᠤᠯᠬᠤ ᠬᠡᠷᠡᠭᠲᠡᠶ᠃ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢ ᠰᠠᠤᠷᠢ ᠬᠤᠪᠢᠶᠠᠨ ᠪᠤᠳᠤᠨ᠎ᠠ᠂ ᠲᠤᠬᠠᠶᠢᠯᠠᠪᠠᠯ ᠬᠢᠨᠠᠨ ᠬᠠᠮᠢᠶᠠᠷᠬᠤ ᠲᠥᠷᠥᠯ ᠵᠦᠢᠯ ᠤᠨ ᠰᠠᠭᠤᠷᠢ ᠪᠦᠷᠢ ᠶᠢᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ = ᠲᠣᠰ ᠰᠠᠤᠷᠢ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ × ᠲᠡᠭᠰᠢ ᠳᠥᠷᠪᠡᠯᠵᠢᠨ ᠮᠧᠲᠷ ᠪᠦᠷᠢ ᠶᠢᠨ ᠬᠢᠨᠠᠨ ᠬᠠᠮᠢᠶᠠᠷᠬᠤ ᠪᠠᠷᠢᠮᠵᠢᠶ᠎ᠠ ᠪᠣᠯᠤᠨ᠎ᠠ᠃ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢ ᠬᠤᠲᠠ ᠶᠢᠨ ᠬᠡᠷ ᠪᠠᠶᠢᠰᠢᠩ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠷᠣᠨ ᠪᠦᠰᠡ ᠶᠢᠨ ᠪᠠᠷᠢᠯᠭ᠎ᠠ ᠶᠢᠨ ᠪᠦᠲᠦᠴᠡ᠂ ᠶᠡᠷᠦᠩᠬᠡᠶ ᠳᠠᠪᠬᠤᠷᠭ᠎ᠠ ᠶᠢᠨ ᠲᠤᠭ᠎ᠠ᠂ ᠬᠡᠷᠡᠭᠴᠡᠭᠡ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ ᠬᠡᠮᠵᠢᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠨᠡᠶᠢᠲᠡᠯᠡᠨ᠎ᠡ᠃ ᠠᠷᠪᠠᠨ ᠵᠢᠷᠭᠤᠳᠤᠭᠠᠷ ᠵᠦᠢᠯ  ᠭᠡᠷ ᠪᠠᠶᠢᠰᠢᠩ ᠬᠤᠳᠠᠯᠳᠤᠨ ᠠᠪᠤᠭᠴᠢ ᠨᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠯᠤᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠲᠣᠭᠲᠠᠭᠠᠬᠤ ᠶᠢᠨ ᠬᠠᠮᠲᠤ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠭᠴᠢ ᠨᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠯᠤᠭ᠎ᠠ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠭᠤᠷᠪᠠᠨ ᠲᠠᠯ᠎ᠠ ᠶᠢᠨ ᠬᠡᠯᠡᠯᠴᠡᠭᠡᠷ︾ ᠢ ᠲᠣᠭᠲᠠᠭᠠᠨ᠎ᠠ᠂ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠵᠢᠴᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠨᠠᠶᠢᠳᠠᠯᠭ᠎ᠠ ᠪᠠᠷ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠠᠵᠢᠯ ᠢ ᠵᠢᠩᠬᠢᠨᠢ ᠪᠠᠷ ᠥᠷᠨᠢᠭᠦᠯᠦᠨ᠎ᠡ ᠠᠷᠪᠠᠨ ᠳᠣᠯᠣᠳᠤᠭᠠᠷ ᠵᠦᠢᠯ  ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠭᠤᠷᠪᠠᠳᠠᠬᠢ ᠡᠲᠡᠭᠡᠳ ᠤᠨ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠭᠤᠷᠪᠠᠳᠠᠬᠢ ᠡᠲᠡᠭᠡᠳ ᠤᠨ ᠨᠠᠶᠢᠳᠠᠯᠭ᠎ᠠ ᠪᠠᠷ ᠬᠠᠮᠢᠶᠠᠷᠬᠤ ᠵᠥᠪᠳᠡᠯᠴᠡᠬᠡᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠ  ᠲᠤᠰᠢᠶᠠᠬᠤ ᠵᠡᠷᠭᠡ ᠡᠭᠦᠷᠭᠡ ᠶᠢ ᠦᠨᠡᠨᠬᠦ ᠭᠦᠢᠴᠡᠳᠬᠡᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠪᠤᠳᠤᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠨᠠᠶᠢᠳᠠᠯᠭ᠎ᠠ ᠬᠦᠯᠢᠶᠡᠭᠰᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠱᠠᠭᠠᠷᠳᠠᠯᠭ᠎ᠠ ᠶᠣᠰᠣᠭᠠᠷ᠂ ᠵᠣᠬᠢᠬᠤ ᠨᠠᠶᠢᠳᠠᠨ ᠬᠠᠮᠢᠶᠠᠷᠤᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠯᠤᠭ᠎ᠠ ᠬᠠᠮᠲᠤᠪᠠᠷ ᠬᠡᠷ ᠪᠠᠶᠢᠰᠢᠩ ᠤᠨ ᠪᠠᠷᠢᠴᠠᠭᠠᠳᠦ ᠵᠢᠭᠡᠯᠡᠯᠭᠡ ᠶᠢᠨ ᠵᠢᠭᠡᠯᠡᠯᠭᠡ ᠲᠠᠯᠪᠢᠬᠤ ᠪᠠ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢ ᠬᠠᠳᠠᠭᠠᠯᠠᠵᠤ ᠭᠠᠷᠭᠠᠬᠤ ᠠᠵᠢᠯ ᠢ ᠰᠠᠶᠢᠲᠤᠷ ᠬᠢᠵᠦ᠂ ᠨᠠᠶᠢᠳᠠᠨ ᠬᠠᠮᠢᠶᠠᠷᠤᠭᠤᠯᠬᠤ ᠲᠥᠷᠥᠯ ᠵᠦᠢᠯ ᠤᠨ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢ ᠪᠦᠬᠦᠨ ᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠣᠯᠭᠤᠬᠤ ᠬᠡᠷᠡᠭᠲᠡᠶ᠃ ᠭᠤᠷᠪᠠᠳᠠᠬᠢ ᠡᠲᠡᠭᠡᠳ ᠢᠶᠠᠷ ᠨᠠᠶᠢᠳᠠᠨ ᠬᠠᠮᠢᠶᠠᠷᠤᠭᠤᠯᠵᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠰᠣᠩᠭᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠭᠤᠷᠪᠠᠳᠠᠬᠢ ᠡᠲᠡᠭᠡᠳ ᠢᠶᠠᠷ ᠨᠠᠶᠢᠳᠠᠨ ᠬᠠᠮᠢᠶᠠᠷᠤᠭᠤᠯᠬᠤ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠᠨ ᠦᠨᠡᠨ ᠬᠦ ᠭᠦᠢᠴᠡᠳᠬᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠭᠤᠷᠪᠠᠳᠠᠬᠢ ᠡᠲᠡᠭᠡᠳ ᠠᠴᠠ ᠨᠠᠶᠢᠳᠠᠨ ᠬᠠᠮᠢᠶᠠᠷᠤᠭᠤᠯᠬᠤ ᠱᠠᠭᠠᠷᠳᠠᠯᠭ᠎ᠠ ᠶᠢ ᠵᠥᠷᠢᠴᠡᠨ ᠤᠷᠢᠳᠴᠢᠯᠠᠨ ᠬᠤᠳᠠᠯᠳᠤᠭᠰᠠᠨ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠦᠢᠯᠡ ᠪᠠᠶᠢᠳᠠᠯ ᠢ ᠨᠢ ᠦᠨᠳᠦᠰᠦᠯᠡᠨ ᠰᠡᠷᠡᠮᠵᠢ ᠥᠭᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠶᠢ ᠲᠦᠷ ᠵᠣᠭᠰᠣᠭᠠᠬᠤ᠂ ᠵᠠᠷᠯᠢᠭᠳᠠᠵᠤ ᠪᠠᠶᠢᠭᠠᠳ ᠤᠷᠢᠳᠴᠢᠯᠠᠨ ᠬᠤᠳᠠᠯᠳᠤᠬᠤ ᠶᠢ ᠨᠢ ᠵᠣᠭᠰᠣᠭᠠᠬᠤ᠂ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠨᠢ ᠬᠦᠴᠦᠨ ᠥᠬᠡᠶ ᠪᠣᠯᠭᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ᠃ᠳᠥᠷᠪᠡᠳᠦᠭᠡᠷ ᠪᠦᠯᠦᠭ    ᠤᠷᠢᠳᠴᠢᠯᠠᠨ ᠬᠤᠳᠠᠯᠳᠤᠬᠤ ᠪᠡᠯᠡ ᠮᠥᠩᠭᠦ  ᠶᠢᠨ ᠬᠡᠷᠡᠭᠯᠡᠯᠲᠡ  ᠶᠢᠨ ᠰᠠᠯᠭᠠᠨ  ᠦᠭᠭᠦᠯᠲᠡᠠᠷᠪᠠᠨ ᠨᠠᠢᠮᠠᠳᠤᠭᠠᠷ ᠵᠦᠢᠯ  ᠬᠢᠨᠠᠨ ᠬᠠᠮᠢᠶᠠᠷᠬᠤ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠳᠤ ᠬᠠᠳᠠᠭᠠᠯᠠᠭᠰᠠᠨ ᠤ ᠳᠠᠷᠠᠭ᠎ᠠ᠂ ᠪᠡᠯᠡ ᠮᠥᠩᠭᠦ ᠶᠢᠨ ᠶᠡᠷᠦᠩᠬᠡᠶ ᠲᠤᠭ᠎ᠠ ᠨᠢ ᠲᠣᠭᠲᠠᠭᠠᠭᠰᠠᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠳᠤ ᠬᠥᠷᠥᠭᠰᠡᠨ ᠤ ᠲᠠᠷᠠᠭ᠎ᠠ᠂ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠠᠴᠠ ᠳᠠᠪᠠᠭᠰᠠᠨ ᠬᠡᠰᠡᠭ ᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠠᠵᠤ ᠠᠬᠤᠶᠢᠯᠠᠯ ᠨᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠳᠤ ᠬᠡᠷᠡᠭᠯᠡᠬᠦ ᠭᠤᠶᠤᠴᠢᠯᠠᠯ ᠭᠠᠷᠭᠠᠵᠤ ᠪᠣᠯᠤᠨ᠎ᠠ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠬᠢᠨᠠᠨ ᠬᠠᠷᠭᠤᠭᠤᠯᠤᠭᠰᠠᠨ ᠤ ᠲᠠᠷᠠᠭ᠎ᠠ ᠪᠡᠯᠡ ᠮᠥᠩᠭᠦ ᠪᠠᠨ ᠪᠠᠩᠬᠢ ᠶᠢᠨ ᠬᠢᠨᠠᠨ ᠬᠠᠮᠢᠶᠠᠷᠬᠤ ᠲᠠᠩᠰᠠᠨ ᠡᠷᠥᠭᠡ ᠳᠤ ᠰᠢᠯᠵᠢᠭᠦᠯᠦᠨ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠳᠡ ᠶᠢᠨ ᠠᠵᠤ ᠠᠬᠤᠶᠢᠯᠠᠯ ᠨᠢ ᠭᠠᠷᠭᠠᠨ ᠠᠪᠴᠤ ᠬᠡᠷᠡᠭᠯᠡᠬᠦ ᠶᠢᠨ ᠬᠠᠮᠲᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠳᠤ ᠡᠩ ᠲᠡᠷᠢᠭᠦᠨ ᠳᠤ ᠬᠡᠷᠡᠭᠯᠡᠵᠦ ᠪᠣᠯᠤᠨ᠎ᠠ᠃ ᠠᠷᠪᠠ ᠶᠢᠰᠦᠳᠦᠭᠡᠷ ᠵᠦᠢᠯ  ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠬᠢᠨᠠᠨ ᠬᠠᠮᠢᠶᠠᠷᠬᠤ ᠲᠥᠷᠥᠯ ᠵᠦᠢᠯ ᠤᠨ ᠬᠢᠨᠠᠨ ᠬᠠᠮᠢᠶᠠᠷᠬᠤ ᠲᠤᠭ᠎ᠠ ᠬᠡᠮᠵᠢᠶᠡᠨ ᠤ ᠳᠣᠲᠣᠷᠠᠬᠢ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠬᠤ ᠦᠶ᠎ᠡ ᠳᠤ᠂ ᠪᠢᠴᠢᠭ ᠤᠨ ᠭᠤᠶᠤᠴᠢᠯᠠᠯ ᠭᠠᠷᠭᠠᠬᠤ ᠶᠢᠨ ᠬᠠᠮᠲᠤ᠂ ᠬᠢᠨᠠᠨ ᠬᠠᠮᠢᠶᠠᠷᠬᠤ ᠲᠥᠷᠥᠯ ᠵᠦᠢᠯ ᠤᠨ ᠪᠠᠷᠢᠯᠭ᠎ᠠ ᠶᠢᠨ ᠳᠦᠷᠢ ᠲᠥᠷᠬᠦ ᠶᠢᠨ ᠠᠬᠢᠴᠠ ᠶᠢᠨ ᠭᠡᠷᠡᠴᠢ ᠵᠡᠷᠭᠡ ᠮᠠᠲ᠋ᠧᠷᠢᠶᠠᠯ ᠢ ᠲᠤᠰᠢᠶᠠᠵᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠬᠡᠷᠡᠭᠯᠡᠯᠲᠡ ᠶᠢ ᠪᠣᠳᠠᠲᠠᠶ ᠬᠢᠨᠠᠨ ᠬᠠᠷᠭᠤᠭᠤᠯᠬᠤ ᠪᠠ ᠰᠠᠯᠭᠠᠨ ᠥᠭᠬᠦ ᠶᠢ ᠬᠤᠲᠠ ᠶᠢᠨ ᠬᠡᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠪᠠᠩᠬᠢ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠲᠠᠢ ᠬᠠᠮᠲᠤᠷᠠᠨ ᠲᠣᠭᠲᠠᠭᠠᠭᠰᠠᠨ ᠠᠵᠢᠯᠯᠠᠭᠠᠨ ᠤ ᠴᠤᠪᠤᠷᠠᠯ ᠤᠨ ᠶᠣᠰᠣᠭᠠᠷ ᠬᠦᠢᠴᠡᠳᠭᠡᠨ᠎ᠡ᠃ ᠬᠤᠷᠢᠳᠤᠭᠠᠷ ᠵᠦᠢᠯ  ᠬᠢᠨᠠᠨ ᠬᠠᠮᠢᠶᠠᠷᠬᠤ ᠪᠡᠯᠡ ᠮᠥᠩᠭᠦ ᠶᠢ ᠦᠯᠡᠳᠡᠭᠡᠨ ᠬᠠᠳᠠᠭᠠᠯᠠᠬᠤ ᠬᠠᠷᠢᠴᠠᠯ ᠭᠡᠳᠡᠭ ᠨᠢ ᠬᠢᠨᠠᠨ ᠬᠠᠮᠢᠶᠠᠷᠬᠤ ᠲᠠᠩᠰᠠᠨ ᠡᠷᠦᠭᠡ ᠳᠠᠬᠢ ᠪᠡᠯᠡ ᠮᠥᠩᠭᠦ ᠶᠢᠨ ᠦᠯᠡᠳᠡᠪᠦᠷᠢ ᠲᠤᠭ᠎ᠠ ᠶᠢᠨ ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠳᠠᠬᠢ ᠡᠵᠡᠯᠡᠬᠦ ᠵᠠᠭᠤᠨ ᠤ ᠬᠠᠷᠢᠴᠠᠯ ᠢ ᠵᠢᠭᠠᠵᠤ ᠪᠠᠶᠢᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠢᠨᠠᠨ ᠬᠠᠮᠢᠶᠠᠷᠬᠤ ᠲᠥᠷᠥᠯ ᠵᠦᠢᠯ ᠤᠨ ᠬᠢᠨᠠᠨ ᠬᠠᠮᠢᠶᠠᠷᠬᠤ ᠲᠤᠭ᠎ᠠ ᠬᠡᠮᠵᠢᠶ᠎ᠡ ᠶᠢᠨ ᠳᠣᠲᠣᠷᠠᠬᠢ ᠪᠠᠯᠠ ᠮᠥᠩᠭᠦ ᠶᠢ ᠬᠡᠷᠡᠭᠯᠡᠬᠦ ᠪᠠᠷ ᠭᠤᠶᠤᠴᠢᠯᠠᠪᠠᠯ᠂ ᠳᠣᠤᠷᠠᠬᠢ ᠱᠠᠭᠠᠷᠳᠠᠯᠭ᠎ᠠ ᠶᠣᠰᠣᠭᠠᠷ ᠵᠠᠩᠭᠢᠶᠠᠰᠤ ᠶᠢᠨ ᠬᠤᠭᠤᠴᠠᠭ᠎ᠠ ᠬᠤᠪᠢᠶᠠᠨ ᠥᠭᠴᠦ ᠪᠣᠯᠤᠨ᠎ᠠ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠨ ᠬᠠᠮᠢᠶᠠᠷᠤᠯᠲᠠ ᠶᠢ ᠡᠩ ᠤᠨ ᠪᠠᠶᠢᠳᠠᠯ ᠳᠤ ᠨᠠᠭᠠᠳᠤ ᠵᠠᠬ᠎ᠠ ᠳᠠᠭᠠᠨ 7 ᠬᠢᠵᠠᠭᠠᠷᠯᠠᠬᠤ ᠵᠠᠩᠭᠢᠶᠠᠰᠤ ᠬᠤᠪᠢᠶᠠᠨ᠎ᠠ᠄ ︵ᠨᠢᠭᠡ︶ ᠪᠠᠷᠢᠯᠭ᠎ᠠ ᠶᠢᠨ ᠠᠵᠢᠯ ᠢ ᠠᠩᠬᠠᠨ ᠤ ᠳᠠᠪᠬᠤᠷᠭ᠎ᠠ ᠶᠢᠨ ᠬᠡᠷ ᠳᠣᠲᠣᠷᠠᠬᠢ ᠭᠠᠵᠠᠷ ᠤᠨ ᠲᠦᠪᠰᠢᠨ ᠤ ᠥᠨᠳᠥᠷ ᠤᠨ ᠪᠠᠷᠢᠮᠵᠢᠶ᠎ᠠ ᠳᠤ ᠬᠦᠷᠲᠡᠯ᠎ᠡ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 80% ᠣᠷᠴᠢᠮ ᠳᠤ ᠬᠢᠵᠠᠭᠠᠷᠯᠠᠨ᠎ᠠ︔ ︵ᠬᠤᠶᠠᠷ︶ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠭᠤᠷᠪᠠᠨ ᠤ ᠨᠢᠭᠡ ᠶᠢ ᠪᠡᠶᠡᠯᠡᠭᠦᠯᠬᠦ ᠦᠶ᠎ᠡ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 65% ᠣᠷᠴᠢᠮ ᠳᠤ ᠬᠢᠵᠠᠭᠠᠷᠯᠠᠨ᠎ᠠ︔ ︵ᠭᠤᠷᠪᠠ︶ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠭᠤᠷᠪᠠᠨ ᠤ ᠬᠤᠶᠠᠷ ᠬᠤᠪᠢ ᠶᠢ ᠪᠡᠶᠡᠯᠡᠭᠦᠯᠬᠦ ᠦᠶ᠎ᠡ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 50% ᠣᠷᠴᠢᠮ ᠳᠤ ᠬᠢᠵᠠᠭᠠᠷᠯᠠᠨ᠎ᠠ︔ ︵ᠳᠥᠷᠪᠡ︶ ᠪᠠᠷᠢᠯᠭ᠎ᠠ ᠶᠢᠨ ᠭᠤᠤᠯ ᠴᠣᠭᠴᠠ ᠶᠢᠨ ᠪᠦᠲᠦᠴᠡ ᠶᠢᠨ ᠳᠡᠭᠡᠳᠦ ᠬᠢᠵᠠᠭᠠᠷ ᠢ ᠪᠡᠶᠡᠯᠡᠭᠦᠯᠬᠦ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 35% ᠣᠷᠴᠢᠮ ᠳᠤ ᠬᠢᠵᠠᠭᠠᠷᠯᠠᠨ᠎ᠠ︔ ︵ᠲᠠᠪᠤ︶ ᠪᠠᠷᠢᠯᠭ᠎ᠠ ᠶᠢᠨ ᠭᠠᠳᠠᠷ ᠨᠢᠭᠤᠷ ᠤᠨ ᠵᠠᠰᠠᠯ ᠴᠢᠮᠡᠭᠯᠡᠯ ᠢ ᠪᠡᠶᠡᠯᠡᠭᠦᠯᠬᠦ ᠦᠶ᠎ᠡ ᠳᠤ᠂ ᠬᠢᠨᠠᠨ ᠬᠠᠮᠢᠶᠠᠷᠬᠤ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 20% ᠣᠷᠴᠢᠮ ᠳᠤ ᠬᠢᠵᠠᠭᠠᠷᠯᠠᠨ᠎ᠠ︔ ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢᠨ ᠲᠥᠷᠥᠯ ᠵᠦᠢᠯ ᠨᠢ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠶᠢ ᠳᠠᠩᠰᠠᠯᠠᠬᠤ ᠬᠦᠰᠦᠨᠦᠭᠲᠦ︾ ᠵᠢᠴᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢ ᠳᠠᠩᠰᠠᠯᠠᠭᠰᠠᠨ ᠭᠡᠷᠡᠴᠢ ᠪᠢᠴᠢᠭ ᠮᠠᠲ᠋ᠧᠷᠢᠶᠠᠯ ᠢ ᠣᠯᠤᠭᠰᠠᠨ ᠦᠶ᠎ᠡ ᠳᠤ᠂ ᠬᠢᠨᠠᠯᠲᠠ ᠬᠠᠮᠢᠶᠠᠷᠤᠯᠲᠠ ᠶᠢᠨ ᠪᠠᠯᠠ ᠮᠥᠩᠭᠦ ᠶᠢᠨ ᠦᠯᠡᠳᠡᠭᠡᠨ ᠬᠠᠳᠠᠭᠠᠯᠠᠬᠤ ᠬᠠᠷᠢᠴᠠᠯ ᠢ 10% ᠣᠷᠴᠢᠮ ᠢᠶᠠᠷ ᠬᠢᠵᠠᠭᠠᠷᠯᠠᠨ᠎ᠠ︔︵ᠳᠣᠯᠤᠭ᠎ᠠ︶ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠲᠥᠷᠥᠯ ᠵᠦᠢᠯ ᠤᠨ ᠦᠯᠡᠳᠡᠭᠰᠡᠨ ᠬᠢᠨᠠᠨ ᠬᠠᠮᠢᠶᠠᠷᠬᠤ ᠪᠠᠯᠠ ᠮᠥᠩᠭᠦ ᠶᠢ ᠪᠥᠬᠦ ᠲᠤᠭ᠎ᠠ ᠪᠠᠷ ᠰᠠᠯᠭᠠᠨ ᠥᠭᠴᠦ᠂ ᠬᠢᠨᠠᠨ ᠬᠠᠮᠢᠶᠠᠷᠬᠤ ᠶᠢ ᠵᠣᠭᠰᠣᠭᠠᠨ᠎ᠠ᠃ ᠬᠤᠷᠢᠨ ᠨᠢᠭᠡᠳᠦᠭᠡᠷ ᠵᠦᠢᠯ  ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠨᠠᠶᠢᠳᠠᠯᠭ᠎ᠠ ᠪᠠᠷ ᠬᠠᠮᠢᠶᠠᠷᠬᠤ ᠲᠠᠩᠰᠠᠨ ᠡᠷᠦᠭᠡ ᠶᠢᠨ ᠳᠣᠲᠣᠷᠠᠬᠢ ᠪᠡᠯᠡ ᠮᠥᠩᠭᠦ ᠶᠢ ᠬᠢᠨᠠᠨ ᠬᠠᠮᠢᠶᠠᠷᠬᠤ ᠲᠠᠩᠰᠠᠨ ᠡᠷᠦᠭᠡ ᠳᠤ ᠰᠢᠯᠵᠢᠭᠦᠯᠦᠨ ᠣᠷᠣᠭᠤᠯᠤᠭᠰᠠᠨ ᠤ ᠲᠠᠷᠠᠭ᠎ᠠ᠂ ᠬᠢᠨᠠᠨ ᠬᠠᠮᠢᠶᠠᠷᠬᠤ ᠲᠠᠩᠰᠠᠨ ᠡᠷᠦᠭᠡ ᠪᠠᠶᠢᠭᠤᠯᠤᠭᠰᠠᠨ ᠪᠠᠩᠬᠢ ᠨᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠪᠡᠯᠡ ᠮᠥᠩᠭᠦ ᠶᠢ ᠲᠥᠷᠥᠯ ᠵᠦᠢᠯ ᠤᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠲᠠ ᠳᠤ ᠲᠤᠰᠬᠠᠶ ᠬᠡᠷᠡᠭᠯᠡᠬᠦ ᠶᠠᠪᠤᠳᠠᠯ ᠳᠤ ᠬᠢᠨᠠᠯᠲᠠ ᠲᠠᠯᠪᠢᠬᠤ ᠬᠡᠷᠡᠭᠲᠡᠶ᠃ ᠬᠤᠷᠢᠨ ᠬᠤᠶᠠᠳᠤᠭᠠᠷ ᠵᠦᠢᠯ  ᠭᠡᠷ  ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠢᠯᠠᠯ ᠨᠢ ᠭᠡᠷ ᠬᠤᠳᠠᠯᠳᠤᠨ ᠠᠪᠤᠭᠴᠢ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠪᠤᠶᠤ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠪᠠᠷᠢᠮᠲᠠ ᠶᠢᠨ ᠶᠣᠰᠣᠭᠠᠷ ᠲᠠᠸᠠᠷ ᠤᠨ ᠭᠡᠷ ᠪᠠᠢᠰᠢᠩ ᠢ ᠬᠤᠳᠠᠯᠳᠤᠭᠠᠯᠠᠬᠤ ᠭᠡᠷ᠎ᠡ ᠶᠢ ᠬᠦᠴᠦᠨ ᠦᠭᠡᠢ ᠪᠣᠯᠭᠠᠬᠤ ᠲᠠᠰᠤᠯᠤᠯᠲᠠ ᠭᠠᠷᠭᠠᠭᠰᠠᠨ ᠪᠠᠶᠢᠪᠠᠯ᠂ ᠬᠤᠲᠠ ᠶᠢᠨ ᠭᠡᠷ ᠪᠠᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠲᠠᠸᠠᠷ ᠤᠨ ᠭᠡᠷ ᠪᠠᠢᠰᠢᠩ ᠤᠨ ᠭᠡᠷ᠎ᠡ ᠶᠢ ᠬᠦᠴᠦᠨ ᠦᠭᠡᠢ ᠪᠣᠯᠭᠠᠬᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠬᠡᠷᠡᠭᠲᠡᠶ ᠬᠡᠷ ᠪᠠᠶᠢᠰᠢᠩ ᠬᠤᠳᠠᠯᠳᠤᠨ ᠠᠪᠤᠭᠴᠢ ᠪᠠ ᠵᠢᠭᠡᠯᠡᠯᠭᠡ ᠶᠢᠨ ᠪᠠᠩᠬᠢ ᠨᠢ ᠭᠡᠷ ᠪᠠᠢᠰᠢᠩ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠩᠭᠠᠭᠰᠠᠨ ᠭᠡᠷ᠎ᠡ ᠶᠢ ᠳᠡᠩᠰᠡᠯᠡᠵᠦ ᠬᠦᠴᠦᠨ ᠥᠬᠡᠶ ᠪᠣᠯᠭᠠᠬᠤ ᠭᠠᠷᠳᠠᠮ ᠢ ᠦᠨᠳᠦᠰᠦᠯᠡᠨ᠂ ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠳᠤ ᠬᠢᠨᠠᠨ ᠬᠠᠮᠢᠶᠠᠷᠬᠤ ᠪᠠᠯᠠ ᠮᠥᠩᠭᠦ ᠶᠢ ᠬᠡᠷ ᠪᠠᠶᠢᠰᠢᠩ ᠬᠤᠳᠠᠯᠳᠤᠨ ᠠᠪᠤᠭᠴᠢ ᠶᠢᠨ ᠵᠢᠭᠠᠨ ᠲᠣᠭᠲᠠᠭᠠᠭᠰᠠᠨ ᠠᠷᠠᠯᠵᠢᠶᠠᠨ ᠤ ᠪᠠᠯᠠ ᠮᠥᠩᠭᠦ ᠪᠠᠷ ᠳ᠋ᠦᠩᠨᠡᠨ ᠪᠤᠳᠤᠬᠤ ᠬᠤᠪᠢ ᠬᠥᠮᠦᠨ ᠤ ᠲᠠᠩᠰᠠᠨ ᠡᠷᠦᠬᠡ ᠪᠠ ᠵᠢᠭᠡᠯᠡᠯᠭᠡ ᠶᠢᠨ ᠪᠠᠩᠬᠢ ᠶᠢᠨ ᠲᠠᠩᠰᠠᠨ ᠡᠷᠦᠬᠡ ᠳᠤ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠃ᠲᠠᠪᠤᠳᠤᠭᠠᠷ ᠪᠦᠯᠦᠭ     ᠬᠢᠨᠠᠯᠲᠠ ᠬᠠᠮᠢᠶᠠᠷᠤᠯᠲᠠ ᠶᠢ ᠳᠠᠭᠤᠰᠬᠠᠬᠤ ᠪᠠ ᠬᠦᠴᠦᠨ ᠥᠬᠡᠶ ᠪᠣᠯᠭᠠᠬᠤ ᠬᠤᠷᠢᠨ ᠭᠤᠷᠪᠠᠳᠤᠭᠠᠷ ᠵᠦᠢᠯ  ᠬᠢᠨᠠᠯᠲᠠ ᠬᠠᠮᠢᠶᠠᠷᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠤᠭᠰᠠᠨ ᠤ ᠳᠠᠷᠠᠭ᠎ᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠷ ᠢᠶᠠᠨ ᠬᠢᠨᠠᠯᠲᠠ ᠬᠠᠮᠢᠶᠠᠷᠤᠯᠲᠠ ᠶᠢᠨ ᠪᠠᠩᠬᠢ ᠳᠤ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠵᠤ᠂ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠪᠠᠶᠢᠭᠤᠯᠤᠭᠰᠠᠨ ᠪᠠᠩᠬᠢ ᠨᠢ ︽ᠠᠷᠠᠳ ᠤᠨ ᠵᠣᠭᠤᠰ ᠤᠨ ᠪᠠᠩᠬᠢ ᠶᠢᠨ ᠳ᠋ᠦᠩᠨᠡᠨ ᠪᠤᠳᠤᠬᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠭᠠᠷᠳᠠᠮ ᠢ ᠬᠦᠢᠴᠡᠳᠭᠡᠬᠦ ᠬᠡᠷᠡᠭᠲᠡᠶ᠃ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠪᠠᠩᠬᠢ ᠶᠢᠨ ᠲᠠᠩᠰᠠᠨ ᠡᠷᠦᠬᠡ ᠪᠠᠨ ᠬᠦᠴᠦᠨ ᠥᠬᠡᠶ ᠪᠣᠯᠭᠠᠭᠰᠠᠨ ᠭᠡᠷᠡᠴᠢ ᠪᠠᠨ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠲᠠᠩᠰᠠᠯᠠᠭᠤᠯᠤᠨ᠎ᠠ᠃ᠵᠢᠷᠭᠤᠳᠤᠭᠠᠷ ᠪᠦᠯᠦᠭ     ᠲᠦᠭᠰᠢᠭᠦᠷᠢ ᠶᠢ ᠰᠢᠢᠳᠪᠦᠷᠢᠯᠡᠬᠦᠬᠤᠷᠢᠨ ᠳᠥᠷᠪᠡᠳᠦᠭᠡᠷ ᠵᠦᠢᠯ  ᠬᠢᠨᠠᠨ ᠬᠠᠮᠢᠶᠠᠷᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠤᠮᠳᠠ ᠠᠴᠠ ᠨᠢ ᠵᠣᠭᠰᠣᠭᠠᠭᠰᠠᠨ ᠪᠠᠶᠢᠪᠠᠯ᠂ ᠬᠢᠨᠠᠨ ᠬᠠᠮᠢᠶᠠᠷᠬᠤ ᠲᠠᠩᠰᠠᠨ ᠡᠷᠦᠬᠡ ᠪᠠᠶᠢᠭᠤᠯᠤᠭᠰᠠᠨ ᠪᠠᠩᠬᠢ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠠᠴᠠ ᠲᠠᠩᠰᠠᠨ ᠡᠷᠦᠬᠡ ᠶᠢᠨ ᠳᠣᠲᠣᠷᠠᠬᠢ ᠪᠠᠯᠠ ᠮᠥᠩᠭᠦ ᠥᠭᠬᠦ ᠶᠢ ᠲᠦᠷ ᠵᠣᠭᠰᠣᠭᠠᠨ᠎ᠠ᠃ ᠲᠥᠷᠥᠯ ᠵᠦᠢᠯ ᠢ ᠰᠡᠷᠭᠦᠭᠡᠵᠦ ᠪᠠᠷᠢᠯᠭ᠎ᠠ ᠶᠢᠨ ᠠᠵᠢᠯ ᠡᠬᠢᠯᠡᠭᠰᠡᠨ ᠤ ᠲᠠᠷᠠᠭ᠎ᠠ᠂ ᠬᠢᠨᠠᠨ ᠬᠠᠮᠢᠶᠠᠷᠬᠤ ᠲᠠᠩᠰᠠᠨ ᠡᠷᠥᠭᠡ ᠪᠠᠶᠢᠭᠤᠯᠤᠭᠰᠠᠨ ᠪᠠᠩᠬᠢ᠂ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠦᠷᠭᠦᠯᠵᠢᠯᠡᠨ ᠲᠣᠭᠲᠠᠭᠠᠯ ᠶᠣᠰᠣᠭᠠᠷ ᠥᠭᠬᠦ ᠬᠡᠷᠡᠭᠲᠡᠶ᠃ ᠬᠤᠷᠢᠨ ᠲᠠᠪᠤᠳᠤᠭᠠᠷ ᠵᠦᠢᠯ  ᠬᠡᠷᠪᠡ ᠬᠢᠨᠠᠨ ᠬᠠᠮᠢᠶᠠᠷᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠭᠰᠣᠭᠠᠭᠰᠠᠨ ᠤ ᠳᠠᠷᠠᠭ᠎ᠠ᠂ ᠳᠠᠮᠫᠤᠷᠠᠭᠰᠠᠨ ᠢ ᠢᠯᠭᠠᠷᠠᠭᠤᠯᠤᠨ ᠪᠤᠳᠤᠬᠤ ᠵᠡᠷᠭᠡ ᠵᠢᠷᠤᠮ ᠢᠶᠠᠷ ᠳᠠᠮᠵᠢᠭᠤᠯᠤᠨ ᠭᠡᠷ ᠪᠠᠶᠢᠰᠢᠩ ᠢ ᠪᠤᠴᠠᠭᠠᠬᠤ ᠰᠢᠢᠳᠪᠦᠷᠢ ᠬᠢᠵᠦ᠂ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠭᠡ ᠳᠠᠬᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠳᠤ ᠨᠢᠭᠡᠨᠲᠡ ᠥᠭᠭᠦᠭᠰᠡᠨ ᠭᠡᠷ ᠪᠠᠶᠢᠰᠢᠩ ᠬᠤᠳᠠᠯᠳᠤᠨ ᠠᠪᠬᠤ ᠪᠡᠯᠡ ᠮᠥᠩᠭᠦ ᠶᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠠᠴᠠ  ᠬᠠᠷᠠᠭᠠᠯᠵᠠᠭᠰᠠᠨ ᠭᠡᠷ ᠪᠠᠶᠢᠰᠢᠩ ᠬᠤᠳᠠᠯᠳᠤᠨ ᠠᠪᠤᠭᠴᠢ ᠳᠤ ᠵᠤᠭᠤᠰ ᠢ ᠨᠢ ᠪᠤᠴᠠᠭᠠᠨ ᠥᠭᠴᠦ᠂ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠭᠡ ᠳᠠᠬᠢ ᠦᠯᠡᠳᠡᠪᠦᠷᠢ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠠᠴᠠ ᠳᠠᠮᠫᠤᠷᠠᠯ ᠤᠨ ᠬᠠᠮᠢᠶᠠᠷᠤᠭᠴᠢ ᠳᠤ ᠨᠠᠶᠢᠳᠠᠵᠤ᠂ ᠵᠣᠭᠤᠰ ᠢ ᠨᠢ  ᠬᠠᠷᠠᠭᠠᠯᠵᠠᠭᠰᠠᠨ ᠭᠡᠷ ᠪᠠᠶᠢᠰᠢᠩ ᠬᠤᠳᠠᠯᠳᠤᠨ ᠠᠪᠤᠭᠴᠢ ᠳᠤ ᠪᠤᠴᠠᠭᠠᠨ ᠥᠭᠭᠦᠭᠰᠡᠨ ᠤ ᠲᠠᠷᠠᠭ᠎ᠠ ᠨᠠᠶᠢᠳᠠᠨ ᠬᠠᠮᠢᠶᠠᠷᠤᠭᠤᠯᠬᠤ ᠠᠵᠢᠯ ᠳᠠᠭᠤᠰᠤᠨ᠎ᠠ᠃ ᠳᠣᠯᠣᠳᠤᠭᠠᠷ ᠪᠦᠯᠦᠭ    ᠳᠠᠭᠠᠯᠳᠤᠭᠤᠯᠤᠭᠰᠠᠨ ᠲᠥᠷᠢᠮᠬᠤᠷᠢᠨ ᠵᠢᠷᠭᠤᠳᠤᠭᠠᠷ ᠵᠦᠢᠯ   ᠲᠤᠰ ᠨᠠᠷᠢᠨ ᠲᠥᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                          ᠰᠢᠯᠢ ᠶᠢᠨ ᠬᠤᠲᠠ ᠶᠢᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                                                          2021 ᠣᠨ ᠤ 8 ᠰᠠᠷ᠎ᠠ ᠶᠢᠨ 6 ᠤ ᠡᠳᠦᠷ ᠳᠠᠷᠤᠮᠯᠠᠨ ᠲᠠᠷᠬᠠᠭᠠᠪᠠ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号