︽  ᠰᠢᠯᠢ ᠶᠢᠨ ᠬᠤᠳᠠ ᠶᠢᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ   ᠤᠨ  ᠬᠡᠷᠡᠭᠵᠢᠭᠦᠯᠬᠦ  ᠲᠥᠰᠦᠯ ︾   ᠢ  ᠳᠠᠷᠤᠮᠠᠯᠯᠠᠨ  ᠲᠠᠷᠬᠠᠭᠠᠬᠤ  ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2021/12/15
 ︽ ᠰᠢᠯᠢ ᠶᠢᠨ ᠬᠤᠳᠠ ᠶᠢᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤᠠᠵᠢᠯ    ᠤᠨ   ᠬᠡᠷᠡᠭᠵᠢᠭᠦᠯᠬᠦ   ᠲᠥᠰᠦᠯ  ︾   ᠢ  ᠳᠠᠷᠤᠮᠠᠯᠯᠠᠨ   ᠲᠠᠷᠬᠠᠭᠠᠬᠤ   ᠲᠤᠬᠠᠶ   ᠮᠡᠳᠡᠭᠳᠡᠯᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠄ 2021 ᠣᠨ ᠤ 9  ᠳ᠋ᠤᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ ᠰᠢᠯᠢ ᠶᠢᠨ ᠬᠤᠳᠠ ᠶᠢᠨ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ︾ ᠢ  ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                       ᠰᠢᠯᠢ ᠶᠢᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                        2021 ᠣᠨ ᠤ 8 ᠰᠠᠷ᠎ᠠ ᠶᠢᠨ 31 ᠤ ᠡᠳᠦᠷᠰᠢᠯᠢ ᠶᠢᠨ ᠬᠤᠲᠠ ᠶᠢᠨ ᠭᠡᠷ  ᠪᠥᠯᠢ  ᠪᠠ ᠨᠡᠶᠢᠭᠡᠮ  ᠲᠣᠭᠤᠷᠢᠭ ᠤᠨᠨᠠᠰᠤᠵᠢᠯ ᠤᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ︽ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠤᠯᠤᠰ ᠠᠯᠪᠠᠨ ᠲᠠᠷᠬᠠᠭᠠᠭᠰᠠᠨ ︹ 2019 ︺ 5 ᠳ᠋ᠤᠭᠠᠷ ᠲᠣᠭᠠᠲᠤ︶ ᠪᠠ ︽ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ︾ ︵ᠥᠪᠥᠷ ᠠᠷᠠᠳ ᠤᠨ ᠵᠠᠰᠠᠭ ᠲᠠᠷᠬᠠᠭᠠᠭᠰᠠᠨ ︹ 2019 ︺ 87 ᠳ᠋ᠤᠭᠠᠷ ᠲᠣᠭᠠᠲᠤ︶ ᠵᠢᠴᠢ ᠪᠥᠬᠦ ᠣᠷᠣᠨ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠᠷ ᠭᠤᠤᠯ ᠴᠣᠭᠴᠠ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠳᠦᠭᠡ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ᠨᠢᠭᠡ᠂ ᠶᠡᠷᠦᠩᠬᠡᠶ ᠰᠡᠳᠬᠢᠮᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠱᠠᠭᠠᠷᠳᠠᠯᠭ᠎ᠠ ᠶᠣᠰᠣᠭᠠᠷ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠠᠪᠤᠳᠠᠯ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠤᠶᠠᠨ ᠬᠡᠰᠢᠭ ᠢ ᠨᠡᠮᠡᠭᠳᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠤᠨ ᠬᠦᠴᠦᠨ ᠣᠷᠣᠯᠴᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠳᠠᠮᠵᠢᠭᠤᠯᠤᠨ᠂ ᠪᠥᠬᠦ ᠬᠤᠲᠠ ᠶᠢᠨ ᠬᠡᠷ  ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠰᠤᠲᠠᠶᠢᠴᠤᠳ ᠤᠨ ᠦᠷᠭᠦᠯᠵᠢᠯᠡᠨ ᠨᠡᠮᠡᠭᠳᠡᠬᠦ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠬᠡᠷᠡᠭᠴᠡᠭᠡ  ᠱᠠᠭᠠᠷᠳᠠᠯᠭ᠎ᠠ ᠶᠢ ᠬᠠᠩᠭᠠᠨ᠎ᠠ᠃ᠬᠤᠶᠠᠷ᠂ ᠦᠨᠳᠦᠰᠦᠨ ᠵᠠᠷᠴᠢᠮ ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠠᠪᠴᠠᠩ ᠪᠠᠶᠢᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠦᠴᠦᠨ ᠤ ᠣᠷᠣᠬᠤ ᠶᠢ ᠳᠡᠮᠵᠢᠨ ᠵᠣᠷᠢᠭᠵᠢᠭᠤᠯᠵᠤ᠂ ᠡᠯ᠎ᠡ ᠲᠥᠷᠥᠯ ᠤᠨ ᠦᠢᠯᠡᠴᠢᠯᠡᠭᠡᠨ ᠤ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠨᠢᠭᠡᠳᠦᠯᠲᠡᠶ ᠪᠥᠭᠡᠳ ᠨᠡᠭᠡᠭᠡᠯᠲᠡᠲᠡᠶ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ᠂ ᠣᠯᠠᠨ ᠡᠰᠢᠴᠢᠯᠡᠨ ᠣᠷᠣᠯᠴᠠᠭᠰᠠᠨ ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠦᠨ᠎ᠡ᠃︵ᠬᠤᠶᠠᠷ︶ ᠨᠡᠶᠢᠭᠡᠮ ᠲᠣᠭᠤᠷᠢᠭ ᠲᠤ ᠲᠦᠰᠢᠭᠯᠡᠬᠦ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠬᠡᠷ ᠪᠥᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ ᠲᠤ ᠲᠦᠰᠢᠭᠯᠡᠬᠦ ᠶᠢ ᠴᠢᠩᠭᠠᠷᠠᠭᠤᠯᠵᠤ᠂ ᠡᠯ᠎ᠡ ᠲᠥᠷᠥᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠷ ᠪᠥᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠴᠠᠩᠭᠤᠶ ᠪᠠᠷ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠤᠪᠢᠯᠠᠯᠲᠠ᠂ ᠡᠷᠡᠭᠦᠯᠵᠢᠯ᠂ ᠡᠮᠴᠢᠯᠡᠭᠡ᠂ ᠰᠤᠪᠢᠯᠠᠯᠲᠠ᠂ ᠬᠤᠭᠤᠯᠠ ᠤᠮᠳᠠ᠂ ᠵᠤᠭ᠎ᠠ ᠴᠡᠩᠭᠡᠯ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ ᠡᠬᠢ ᠪᠠᠶᠠᠯᠢᠭ ᠤᠨ ᠪᠦᠲᠦᠮᠵᠢᠲᠡᠶ ᠤᠶᠠᠯᠳᠤᠬᠤ ᠶᠢ ᠠᠬᠢᠭᠤᠯᠵᠤ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠭᠤᠷᠪᠠ︶ ᠳᠤᠲᠠᠭᠤᠳᠠᠯ ᠢᠶᠠᠨ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ᠎ᠠ᠃ ᠦᠨᠳᠦᠰᠦᠨ ᠵᠦᠢᠯ ᠢ ᠪᠠᠲᠤᠯᠠᠬᠤ᠂  ᠬᠤᠷᠢᠭ᠎ᠠ ᠱᠤᠭᠤᠮ ᠢ ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ ᠪᠦᠲᠦᠴᠡ ᠶᠢ ᠲᠣᠬᠢᠷᠠᠭᠤᠯᠬᠤ ᠪᠠᠷ ᠬᠦᠴᠦᠯᠡᠨ ᠴᠢᠷᠮᠠᠶᠢᠵᠤ᠂ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠠᠶᠢᠯᠭᠡᠵᠦ᠂  ᠴᠢᠳᠠᠯ ᠲᠡᠩᠬᠡᠭᠡ ᠦᠭᠡᠢ ᠪᠤᠯᠤᠬᠰᠠᠨ᠂ ᠶᠠᠳᠠᠭᠤ ᠬᠦᠴᠢᠷᠳᠡᠯᠲᠡᠶ᠂ ᠭᠡᠷ ᠲᠤ ᠪᠠᠨ ᠬᠤᠴᠤᠷᠠᠬᠰᠠᠨ᠂ ᠥᠨᠳᠥᠷ ᠨᠠᠰᠤᠲᠠᠶ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠵᠡᠷᠭᠡ ᠬᠦᠴᠢᠷᠳᠡᠯ ᠲᠠᠢ ᠨᠠᠰᠤᠲᠠᠶᠢᠴᠤᠳ ᠤᠨ ᠰᠦᠷᠦᠭᠵᠢᠯ ᠲᠡᠶᠢᠰᠢ ᠬᠡᠯᠪᠠᠶᠢᠯᠭᠡᠵᠦ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠳᠥᠷᠪᠡ︶ ᠤᠷᠢᠳᠠᠪᠠᠷ ᠲᠤᠷᠰᠢᠯᠲᠠ ᠬᠢᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ᠃  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ᠂ ᠨᠡᠶᠢᠭᠡᠮ ᠤᠨ ᠬᠦᠴᠦᠨ ᠤ ᠣᠷᠣᠯᠴᠠᠬᠤ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠥᠭᠡᠷᠡᠴᠢᠯᠡᠯᠲᠡ ᠬᠢᠵᠦ᠂ ᠰᠢᠨ᠎ᠡ ᠶᠢ ᠡᠭᠦᠳᠬᠦ ᠶᠢ ᠭᠤᠤᠯᠳᠠᠯᠭ᠎ᠠ ᠲᠠᠢ ᠤᠶᠠᠯᠳᠤᠭᠤᠯᠤᠨ᠂ ᠪᠣᠳᠠᠲᠠᠶ ᠳᠤ ᠰᠠᠭᠤᠷᠢᠯᠠᠨ᠂ ᠪᠥᠬᠦ ᠠᠶᠢᠮᠠᠭ ᠲᠤ ᠥᠪᠡᠷᠮᠢᠴᠡ ᠣᠨᠴᠠᠯᠢᠭ ᠢᠶᠠᠷ ᠪᠠᠶᠠᠯᠢᠭ᠂ ᠦᠢᠯᠡᠳᠦᠯ ᠢᠶᠠᠷ ᠢᠯᠡᠷᠬᠡᠶ ᠬᠡᠷ ᠪᠥᠯᠢ ᠶᠢᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠵᠠᠭᠪᠤᠷ ᠢ ᠤᠷᠢᠳᠠᠪᠠᠷ ᠰᠦᠪᠡᠭᠴᠢᠯᠡᠨ ᠪᠤᠶᠢᠵᠢᠭᠤᠯᠵᠤ᠂ ᠪᠥᠬᠦ ᠠᠶᠢᠮᠠᠭ ᠤᠨ ᠨᠠᠰᠤᠵᠢᠯ ᠤᠨ  ᠦᠢᠯᠡᠴᠢᠯᠡᠭᠡᠨ ᠤ ᠰᠢᠨ᠎ᠡ ᠬᠢᠯᠠᠰ ᠴᠡᠭ ᠢ ᠪᠣᠶ ᠪᠣᠯᠭᠠᠨ᠎ᠠ᠃ ᠭᠤᠷᠪᠠ᠂ ᠠᠵᠢᠯ ᠤᠨ ᠬᠠᠷᠠᠯᠲᠠᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽1+3+N︾  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠯᠳᠦᠭᠦᠯᠵᠦ᠂ ᠪᠥᠬᠦ ᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ︽ ᠵᠢᠷᠭᠤᠭᠠᠵᠢᠭᠤᠯᠬᠤ︾ ᠬᠠᠮᠢᠶᠠᠷᠤᠯᠲᠠ ᠶᠢ ᠪᠡᠶᠡᠯᠡᠭᠦᠯᠦᠨ᠎ᠡ ︵ᠳᠠᠷᠤᠶ᠄ 1 ᠣᠶᠤᠨᠴᠢ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠠᠪᠴᠠᠩ︔ ᠬᠤᠲᠠ ᠶᠢᠨ ᠵᠢᠯᠣᠭᠤᠳᠤᠨ ᠳᠣᠭᠢᠷᠠᠭᠤᠯᠬᠤ ᠲᠥᠪ᠂ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠥᠷᠲᠡᠭᠡ ᠵᠡᠷᠭᠡ 3 ᠱᠠᠲᠤᠨ ᠤ  ᠲᠠᠪᠴᠠᠩ ᠢᠶᠠᠷ ᠦᠢᠯᠡᠴᠢᠯᠡᠨ᠎ᠡ ᠃ ᠤᠯᠠᠨ ᠠᠷᠪᠢᠨ ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︔ ᠠᠵᠢᠯᠳᠠᠨ ᠢ ᠲᠤᠰᠬᠠᠶᠢᠵᠢᠭᠤᠯᠬᠤ᠂ ᠶᠠᠰᠤ ᠴᠢᠨᠠᠷ ᠢ ᠪᠠᠷᠢᠮᠵᠢᠶᠠᠵᠢᠭᠤᠯᠬᠤ᠂ ᠲᠣᠭᠲᠠᠴᠠ ᠶᠢ ᠪᠠᠶᠢᠩᠭᠤᠵᠢᠭᠤᠯᠬᠤ᠂ ᠬᠢᠨᠠᠯᠲᠠ ᠲᠠᠯᠪᠢᠬᠤ ᠶᠢ ᠴᠠᠭ ᠲᠤᠬᠠᠢ ᠳᠤᠨᠢ ᠶᠠᠪᠤᠭᠤᠯᠬᠤ᠂ ᠡᠵᠡᠩᠨᠡᠯᠲᠡ ᠶᠢ ᠪᠠᠶᠢᠭᠤᠯᠤᠮᠵᠢᠵᠢᠭᠤᠯᠬᠤ᠂ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ︶᠃ 2021 ᠣᠨ ᠳᠤ ᠪᠦᠬᠦ ᠬᠤᠳᠠ ᠳᠤ ᠤᠷᠢᠳᠠᠪᠠᠷ ᠪᠦᠬᠦ ᠬᠤᠳᠠ ᠶᠢᠨ ᠤᠶᠤᠨᠲᠤ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ 1 ᠪᠠᠶᠢᠭᠤᠯᠪᠠ︔ 4 ᠵᠡᠭᠡᠯᠢ ᠭᠤᠳᠤᠮᠵᠢ ᠶᠢᠨ ᠬᠡᠷ  ᠪᠥᠯᠢ ᠶᠢᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠥᠪ ︵︽ ᠨᠠᠰᠤᠳᠠᠨ ᠢ ᠲᠤᠰᠠᠯᠠᠬᠤ ᠬᠤᠭᠤᠯᠠᠨ ᠬᠡᠷ︾ ᠪᠠᠭᠲᠠᠨ᠎ᠠ︶᠂ 4 ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠬᠤ ᠪᠥᠭᠡᠳ ᠭᠤᠷᠪᠠᠳᠠᠬᠢ ᠡᠲᠡᠭᠡᠳ ᠲᠤ ᠨᠠᠶᠢᠳᠠᠨ ᠡᠵᠡᠩᠨᠡᠭᠦᠯᠦᠨ ᠬᠠᠮᠢᠶᠠᠷᠤᠭᠤᠯᠵᠤ᠂ ᠵᠠᠰᠠᠭ ᠤᠨ ᠣᠷᠳᠣᠨ ᠠᠴᠠ ᠵᠣᠬᠢᠴᠠᠩᠭᠤᠶ ᠡᠵᠡᠩᠨᠡᠯᠲᠡ ᠶᠢᠨ ᠨᠥᠬᠦᠪᠥᠷᠢ ᠲᠡᠳᠬᠦᠮᠵᠢ ᠣᠯᠭᠤᠨ᠎ᠠ︔ ᠭᠠᠭᠴᠠᠭᠠᠷ ᠰᠠᠭᠤᠭ᠎ᠠ᠂ ᠣᠨᠴᠠ ᠬᠦᠴᠢᠷᠳᠡᠯᠳᠡᠢ᠂ ᠥᠨᠥᠴᠢᠨ ᠪᠡᠯᠪᠡᠰᠦᠨ᠂ ᠥᠨᠳᠥᠷ ᠨᠠᠰᠤᠲᠠᠶ᠂ ᠭᠠᠭᠴᠠ ᠬᠡᠦᠬᠡᠳ ᠢᠶᠠᠨ ᠠᠯᠳᠠᠭᠰᠠᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠬᠦᠷᠲᠡᠵᠦ ᠪᠠᠶᠢᠭ᠎ᠠ ᠵᠡᠷᠭᠡ ᠣᠨᠴᠠ ᠬᠦᠴᠢᠷᠳᠡᠯ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ  ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠭᠤᠯᠠ ᠢᠳᠡᠭᠦᠯᠬᠦ ᠵᠢᠴᠢ ᠬᠡᠷ ᠲᠤᠨᠢ ᠣᠴᠢᠵᠤ ᠦᠢᠯᠡᠴᠢᠯᠡᠬᠦ ᠠᠵᠢᠯ ᠢ ᠥᠷᠨᠢᠭᠦᠯᠵᠦ᠂ ᠮᠠᠨ ᠤ ᠬᠤᠲᠠ ᠶᠢᠨ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠪᠡᠶᠡᠯᠡᠭᠦᠯᠵᠦ᠂ ᠵᠣᠬᠢᠬᠤ ᠬᠡᠮᠵᠢᠶᠡᠨ ᠤ ᠨᠡᠶᠢᠳᠡᠮ ᠠᠰᠢᠭ ᠬᠦᠷᠲᠡᠭᠡᠬᠦ᠂ ᠣᠶᠢᠷ᠎ᠠ ᠬᠠᠪᠢ ᠳᠠᠭᠠᠨ ᠳᠥᠭᠦᠮ ᠳᠥᠲᠡ᠂ ᠦᠢᠯᠡᠴᠢᠯᠡᠭᠡᠨ ᠨᠢ ᠨᠠᠷᠢᠯᠢᠭ ᠣᠨᠣᠴᠠᠲᠠᠶ᠂ ᠣᠯᠠᠨ ᠡᠰᠢᠴᠢᠯᠡᠨ ᠬᠠᠩᠭᠠᠬᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠳᠥᠷᠪᠡ᠂ ᠭᠤᠤᠯ ᠡᠭᠦᠷᠭᠡ︵ᠨᠢᠭᠡ︶ ︽ᠢᠨᠲ᠋ᠤᠷ ᠰᠦᠯᠵᠢᠶ᠎ᠡ +︾  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ 1. ᠪᠥᠬᠦ ᠬᠤᠲᠠ ᠶᠢᠨ ᠤᠶᠤᠨᠲᠤ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠮᠡᠳᠡᠭᠡ ᠵᠠᠩᠭᠢ ᠶᠢᠨ  ᠲᠠᠪᠴᠠᠩ ᠢ ᠪᠠᠶᠢᠭᠤᠯᠤᠨ᠎ᠠ᠃  ᠢᠨᠲ᠋ᠧᠷ ᠰᠦᠯᠵᠢᠶ᠎ᠡ ᠪᠠᠷ ᠰᠠᠭᠤᠷᠢ ᠪᠣᠯᠭᠠᠵᠤ᠂ ᠨᠠᠰᠤᠵᠢᠯ ᠤᠨ ᠲᠤᠭ᠎ᠠ ᠪᠠᠷᠢᠮᠲᠠ ᠶᠢᠨ ᠲᠥᠪ ᠢᠶᠠᠷ ᠲᠤᠯᠭᠠᠭᠤᠷᠢᠯᠠᠯ ᠪᠣᠯᠭᠠᠵᠤ᠂ ᠬᠠᠯᠠᠮᠰᠢᠯ ᠤᠲᠠᠰᠤ᠂   ᠠᠯᠪᠠᠨ ᠰᠦᠯᠵᠢᠶ᠎ᠡ᠂ ᠸᠢᠴᠠᠲ ᠪᠣᠯᠤᠨ ᠭᠠᠷ ᠤᠲᠠᠰᠤᠨ ᠤ APP ᠪᠠᠷ ᠲᠠᠪᠴᠠᠩ ᠪᠣᠯᠭᠠᠵᠤ᠂ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ ᠦᠢᠯᠡᠴᠢᠯᠡᠭᠡ ᠪᠠᠷ ᠠᠴᠢᠶᠠᠯᠠᠪᠤᠷᠢ ᠪᠣᠯᠭᠠᠵᠤ᠂ ᠭᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠪᠦᠲᠦᠮᠵᠢᠲᠡᠶ ᠠᠭᠤᠰᠤᠯᠴᠠᠯ ᠢ ᠬᠠᠮᠤᠷᠤᠭᠰᠠᠨ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠠᠷᠠᠳ᠂ ᠦᠢᠯᠡᠴᠢᠯᠡᠭᠡᠨ ᠤ ᠠᠵᠢᠯᠲᠠᠨ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠬᠠᠮᠢᠶᠠᠷᠤᠯᠲᠠ ᠶᠢᠨ ᠪᠦᠯᠬᠦᠮ ᠨᠡᠶᠢᠲᠡ ᠶᠢ ᠨᠢᠭᠲᠠ ᠬᠤᠯᠪᠣᠵᠤ᠂ ᠬᠤᠲᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠭᠤᠷᠪᠠᠨ ᠱᠠᠲᠤᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ︽ ᠰᠢᠯᠢ ᠶᠢᠨ ᠬᠤᠲᠠ ᠶᠢᠨ ᠬᠡᠶᠢᠰᠪᠦᠷᠢ ᠨᠠᠰᠤᠲᠠᠨ ᠢ ᠠᠰᠠᠷᠠᠬᠤ ᠬᠦᠷᠢᠶᠡᠯᠡᠩ︾ ᠢ ᠪᠠᠶᠢᠭᠤᠯᠵᠤ᠂  ᠰᠢᠯᠢ ᠶᠢᠨ ᠬᠤᠲᠠ ᠶᠢᠨ ᠣᠶᠤᠨᠴᠢ ᠡᠷᠡᠭᠦᠯ ᠮᠡᠨᠳᠦ ᠨᠠᠰᠤᠵᠢᠯ ᠤᠨ ᠦᠢᠯᠡᠴᠢᠯᠡᠭᠡᠨ ᠤ ᠠᠮᠢ ᠠᠬᠤᠶ ᠶᠢᠨ ᠲᠣᠭᠤᠷᠢᠭ ᠢ ᠪᠣᠶ ᠪᠣᠯᠭᠠᠨ᠎ᠠ᠃ 2. ᠬᠤᠲᠠ ᠶᠢᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠵᠢᠯᠣᠭᠤᠳᠤᠨ ᠳᠣᠭᠢᠷᠠᠭᠤᠯᠬᠤ ᠲᠥᠪ ᠢ ᠪᠠᠶᠢᠭᠤᠯᠤᠨ᠎ᠠ ᠃ ᠬᠤᠲᠠ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠵᠢᠯᠣᠭᠤᠳᠤᠨ ᠲᠣᠬᠢᠷᠠᠭᠤᠯᠬᠤ ᠲᠥᠪ ᠢ ᠪᠥᠬᠦ ᠬᠤᠲᠠ ᠶᠢᠨ ᠣᠶᠤᠨᠴᠢ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠠᠪᠴᠠᠩ ᠳᠤ ᠪᠣᠳᠠᠲᠠᠶ ᠪᠠᠷ ᠰᠢᠭᠢᠳᠬᠡᠵᠦ᠂ ᠳᠠᠭᠤᠳᠠᠬᠤ᠂ ᠡᠵᠡᠩᠨᠡᠬᠦ᠂ ᠬᠢᠨᠠᠨ ᠬᠠᠮᠢᠶᠠᠷᠬᠤ ᠵᠡᠷᠭᠡ ᠴᠢᠳᠠᠮᠵᠢ ᠶᠢ ᠳᠣᠭᠢᠷᠠᠭᠤᠯᠤᠨ᠂ ᠬᠤᠲᠠ ᠶᠢᠨ ᠠᠷᠠᠳ ᠲᠤ ᠲᠥᠬᠦᠮ ᠲᠦᠳᠡ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠣᠨᠣᠪᠴᠢᠲᠠᠶ᠂ ᠬᠢᠨᠠᠯᠲᠠ ᠬᠠᠮᠢᠶᠠᠷᠤᠯᠲᠠ ᠬᠦᠴᠦᠲᠡᠶ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ ᠬᠦᠴᠦᠯᠡᠨ ᠪᠣᠶ ᠪᠣᠯᠭᠠᠨ᠎ᠠ᠃ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢ ᠬᠥᠲᠥᠯᠦᠨ ᠵᠢᠯᠣᠭᠤᠳᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃ ︵ᠬᠤᠶᠠᠷ︶ ᠬᠤᠲᠠ ᠪᠠᠯᠭᠠᠰᠤ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ3. ᠬᠤᠳᠠ ᠪᠠᠯᠭᠠᠰᠤᠨ ᠤ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ᠬᠤᠲᠠ ᠶᠢᠨ ᠠᠷᠪᠠᠨ ᠲᠠᠪᠤᠨ ᠮᠢᠨᠦ᠋ᠲ︾ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠲᠣᠭᠤᠷᠢᠭ ᠤᠨ ᠶᠡᠷᠦᠩᠬᠡᠶ ᠬᠠᠷᠠᠯᠲᠠ ᠶᠣᠰᠣᠭᠠᠷ ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠥᠭᠡᠷᠡᠴᠢᠯᠡᠨ ᠪᠠᠶᠢᠭᠤᠯᠵᠤ᠂ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ ᠳᠡᠭᠡᠭᠰᠢᠯᠡᠭᠦᠯᠵᠦ᠂ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠣᠭᠢᠷᠠᠭᠤᠯᠬᠤ ᠲᠥᠪ᠂ ᠶᠡᠷᠦᠩᠬᠡᠶᠢᠯᠡᠭᠰᠡᠨ  ᠦᠢᠯᠡᠴᠢᠯᠡᠭᠡᠨ ᠤ ᠲᠥᠪ᠂  ᠦᠢᠯᠡᠴᠢᠯᠡᠭᠡᠨ ᠤ ᠥᠷᠲᠡᠭᠡ  ᠵᠡᠷᠭᠡ ᠭᠤᠷᠪᠠᠨ ᠱᠠᠲᠤᠨ ᠤ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠯᠳᠦᠭᠦᠯᠦᠨ᠎ᠡ᠃4. ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠭᠤᠯᠭ᠎ᠠ ᠶᠢ ᠰᠢᠯᠢᠳᠡᠭᠵᠢᠭᠦᠯᠦᠨ᠎ᠡ᠃ ︽ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠬᠤ︾ ᠵᠠᠷᠴᠢᠮ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠭᠤᠯᠠᠨ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠡᠮᠨᠡᠯᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠠᠶᠠᠯᠠᠯ ᠳᠤ ᠲᠤᠰᠠᠯᠠᠬᠤ᠂ ᠬᠤᠳᠠᠯᠳᠤᠨ ᠠᠪᠬᠤ ᠳᠤ ᠲᠤᠰᠠᠯᠠᠬᠤ᠂ ᠬᠡᠷᠡᠭᠴᠡᠭᠡ ᠳᠤ ᠲᠤᠰᠠᠯᠠᠬᠤ ᠦᠢᠯᠡᠴᠢᠯᠡᠭᠡ ᠪᠠ ᠡᠷᠡᠭᠦᠯ ᠲᠡᠩᠬᠡᠯᠡᠭᠦᠨ ᠤ ᠰᠣᠪᠢᠯᠠᠯᠲᠠ᠂ ᠡᠳᠦᠷ ᠲᠤᠲᠤᠮ ᠤᠨ ᠨᠠᠰᠤᠲᠠᠶᠢᠴᠤᠳ ᠢ ᠠᠰᠠᠷᠠᠬᠤ᠂ ᠣᠬᠤᠷ ᠬᠤᠭᠤᠴᠠᠭᠠᠨ ᠤ ᠠᠰᠠᠷᠠᠨ ᠲᠡᠵᠢᠭᠡᠬᠦ ᠵᠡᠷᠭᠡ ᠬᠡᠪᠴᠢᠶᠡᠵᠢᠭᠰᠡᠨ᠂ ᠲᠤᠰᠬᠠᠶᠢᠵᠢᠭᠰᠠᠨ ᠦᠢᠯᠡᠴᠢᠯᠡᠭᠡᠨ ᠤ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ᠃ ᠨᠡᠶᠢᠭᠡᠮ ᠤᠨ ᠬᠦᠴᠦᠨ ᠢ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠳᠤ ᠣᠷᠣᠯᠴᠠᠭᠤᠯᠵᠤ᠂ ᠨᠠᠰᠤᠵᠢᠯ ᠤᠨ ᠪᠠᠶᠢᠭᠤᠯᠤᠮᠵᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠬᠦᠢᠴᠡᠳ ᠠᠰᠢᠭᠯᠠᠨ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠳᠤ ᠳᠡᠮᠵᠢᠯᠭᠡ ᠬᠠᠩᠭᠠᠵᠤ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠎ᠠ᠃ 5. ᠰᠢᠨ᠎ᠡ ᠮᠠᠶ᠋ᠢᠭ ᠤᠨ ᠨᠠᠰᠤᠵᠢᠯ ᠤᠨ  ᠦᠢᠯᠡᠴᠢᠯᠡᠭᠡᠨ ᠤ ᠬᠡᠯᠪᠡᠷᠢ ᠪᠠᠶᠢᠳᠠᠯ ᠵᠢᠴᠢ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠦᠭᠵᠢᠭᠦᠯᠦᠨ᠎ᠡ᠃ ᠵᠠᠰᠠᠭ ᠤᠨ ᠣᠷᠳᠣᠨ ᠠᠴᠠ ᠡᠮᠦᠨᠡᠬᠢ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ᠂ ᠠᠵᠤ ᠠᠬᠤᠶᠢᠯᠠᠯ ᠢ ᠲᠤᠰᠬᠠᠶᠢᠵᠢᠭᠤᠯᠤᠨ ᠡᠵᠡᠩᠨᠡᠬᠦ᠂ ᠵᠠᠬ᠎ᠠ ᠳᠡᠯᠭᠡᠭᠦᠷᠴᠢᠯᠡᠨ ᠬᠥᠭᠵᠢᠭᠦᠯᠬᠦ ᠠᠷᠭ᠎ᠠ ᠮᠠᠶ᠋ᠢᠭ ᠢ ᠠᠪᠴᠤ᠂ ᠨᠢᠭᠡᠨᠲᠡ ᠪᠠᠶᠢᠭ᠎ᠠ ᠨᠡᠶᠢᠭᠡᠮ ᠲᠣᠭᠤᠷᠢᠭ ᠤᠨ ᠬᠡᠷᠡᠭᠯᠡᠵᠦ ᠪᠠᠶᠢᠭ᠎ᠠ ᠬᠡᠷ ᠪᠠᠶᠢᠰᠢᠩ᠂ ᠰᠤᠯᠠ ᠪᠠᠶᠢᠭ᠎ᠠ ᠬᠡᠷ ᠪᠠᠶᠢᠰᠢᠩ ᠭᠠᠵᠠᠷ ᠬᠥᠷᠥᠩᠭᠡ ᠵᠡᠷᠭᠡ ᠶᠢ ᠡᠮᠬᠢᠯᠡᠨ ᠨᠡᠶᠢᠯᠡᠭᠦᠯᠵᠦ᠂ ᠵᠡᠭᠡᠯᠢ ᠭᠤᠳᠤᠮᠵᠢ ᠳᠤ ᠬᠡᠯᠬᠢᠶᠡᠯᠡᠨ ᠡᠵᠡᠩᠨᠡᠬᠦ᠂ ᠨᠢᠭᠡᠳᠦᠯᠲᠡᠶ ᠬᠠᠮᠢᠶᠠᠷᠬᠤ᠂ ᠵᠠᠯᠭᠠᠯᠳᠤᠭᠤᠯᠤᠨ ᠨᠥᠯᠥᠭᠡᠯᠡᠬᠦ ᠶᠢ ᠬᠠᠷᠢᠯᠴᠠᠨ ᠤᠶᠠᠯᠳᠤᠭᠤᠯᠤᠭᠰᠠᠨ ᠡᠳᠦᠷ ᠲᠤᠲᠤᠮ ᠤᠨ ᠬᠠᠷᠠᠭᠠᠯᠵᠠᠯ᠂ ᠡᠮᠴᠢᠯᠡᠭᠡ ᠡᠷᠡᠭᠦᠯᠵᠢᠯ᠂ ᠡᠷᠡᠭᠦᠯᠵᠢᠯ ᠤᠨ ᠲᠤᠰᠠᠯᠠᠬᠤ ᠪᠠᠭᠠᠵᠢ ᠶᠢ ᠬᠠᠮᠲᠤᠪᠠᠷ ᠭᠥᠷᠳᠡᠬᠦ᠂ ᠣᠬᠤᠷ  ᠬᠤᠭᠤᠴᠠᠭ᠎ᠠ ᠪᠠ ᠲᠦᠷ ᠴᠠᠭ ᠠᠰᠠᠷᠠᠨ ᠲᠡᠵᠢᠭᠡᠬᠦ᠂ ᠨᠠᠰᠤᠲᠠᠨ ᠢ ᠲᠤᠰᠠᠯᠠᠬᠤ ᠬᠤᠭᠤᠯᠠᠨ ᠬᠡᠷ ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠵᠤ᠂ ︽ᠶᠡᠭᠡ ᠪᠠᠷ ᠪᠠᠭ᠎ᠠ ᠶᠢ ᠳᠠᠶᠢᠴᠢᠯᠠᠬᠤ᠂ ᠪᠠᠭ᠎ᠠ ᠠᠴᠠ ᠬᠡᠷ ᠲᠤ ᠬᠥᠷᠬᠦ︾ ᠡᠷᠡᠭᠦᠯᠵᠢᠯ ᠨᠠᠰᠤᠵᠢᠯ ᠤᠨ  ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃ 6. ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ︶ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠶᠤᠲᠤ ᠡᠷᠡᠭᠦᠯ ᠮᠡᠨᠳᠦ ᠨᠠᠰᠤᠵᠢᠯ ᠤᠨ  ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠡᠳᠦᠷ ᠲᠤᠲᠤᠮ ᠤᠨ ᠡᠵᠡᠩᠨᠡᠯᠲᠡ᠂ ᠠᠮᠤᠷ ᠲᠦᠪᠰᠢᠨ ᠤ ᠬᠠᠮᠢᠶᠠᠷᠤᠯᠲᠠ ᠪᠠ  ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ︶ ᠤᠨ ᠵᠡᠷᠭᠡ ᠳᠡᠰ ᠢ ᠦᠨᠡᠯᠡᠨ ᠲᠣᠭᠲᠠᠭᠠᠬᠤ᠂  ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ᠨᠠᠰᠤᠵᠢᠯ ᠤᠨ  ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠪᠤᠶᠢᠵᠢᠭᠤᠯᠤᠨ ᠬᠥᠭᠵᠢᠭᠦᠯᠵᠦ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠪᠠᠷ ᠬᠠᠮᠵᠢᠨ ᠨᠠᠰᠤᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠬᠥᠮᠦᠵᠢᠯ ᠪᠣᠯᠪᠠᠰᠤᠷᠠᠭᠤᠯᠤᠯ᠂ ᠪᠠᠷᠢᠮᠵᠢᠶ᠎ᠠ ᠲᠣᠭᠲᠠᠭᠠᠬᠤ᠂ ᠦᠨᠡᠯᠡᠨ ᠵᠢᠱᠢᠵᠦ ᠭᠡᠷᠡᠴᠢᠯᠡᠬᠦ᠂ ᠶᠠᠰᠤ ᠴᠢᠨᠠᠷ ᠢ ᠬᠢᠨᠠᠨ ᠬᠠᠮᠢᠶᠠᠷᠬᠤ ᠵᠡᠷᠭᠡ ᠠᠵᠢᠯ ᠢ ᠥᠷᠨᠢᠭᠦᠯᠦᠨ᠎ᠡ᠃ ︵ᠭᠤᠷᠪᠠ︶ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠦᠨᠳᠦᠰᠦᠨ ᠲᠦᠷᠢᠮ ᠢ ᠪᠦᠷᠢᠨᠰᠢᠬᠦᠯᠦᠨ᠎ᠠ7. ᠬᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠲᠠᠩᠰᠠ ᠬᠠᠭᠤᠳᠠᠰᠤ ᠪᠠ ᠦᠢᠯᠡᠴᠢᠯᠡᠭᠡᠨ ᠤ ᠨᠥᠬᠦᠪᠥᠷᠢ ᠶᠢᠨ  ᠳᠥᠷᠢᠮ ᠢ ᠲᠡᠭᠦᠯᠳᠡᠷᠵᠢᠭᠦᠯᠦᠨ᠎ᠡ᠃  ︽ᠬᠤᠷᠢᠭ᠎ᠠ ᠱᠤᠭᠤᠮ ᠢ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ︾ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠬᠦᠢᠴᠡᠳᠭᠡᠵᠦ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠨᠠᠰᠤᠵᠢᠯ ᠤᠨ  ᠦᠢᠯᠡᠴᠢᠯᠡᠭᠡᠨ ᠤ ᠨᠥᠬᠦᠪᠥᠷᠢ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠦᠴᠢᠷᠳᠡᠯᠲᠡᠶ ᠪᠠ ᠤᠨᠴᠠᠭᠠᠢ ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠲᠤᠯᠠᠨ᠎ᠠ᠃ 8. ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠦᠢᠯᠡᠴᠢᠯᠡᠭᠡ ᠶᠢ ᠦᠨᠡᠯᠡᠨ ᠵᠢᠱᠢᠬᠦ ᠲᠦᠷᠢᠮ ᠢ ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠨᠡᠯᠡᠨ ᠵᠢᠱᠢᠬᠦ ᠠᠵᠢᠯ ᠤᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠪᠠ  ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠨ᠂ ᠠᠵᠢᠯ ᠲᠥᠷᠥᠯ ᠤᠨ ᠪᠠᠷᠢᠮᠵᠢᠶ᠎ᠠ ᠪᠠ ᠨᠠᠰᠤᠲᠠᠶᠢᠴᠤᠳ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠦᠨᠳᠦᠰᠦᠯᠡᠨ᠂ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠭᠰᠠᠨ ᠲᠠᠰ ᠵᠢᠴᠢ  ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠬᠡᠯᠪᠡᠷᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠭᠥᠷᠳᠡᠬᠦ ᠪᠠᠷᠢᠮᠵᠢᠶ᠎ᠠ ᠵᠡᠷᠭᠡ ᠶᠢ ᠵᠦᠶ ᠵᠣᠬᠢᠰᠲᠠᠶ ᠲᠣᠭᠲᠠᠭᠠᠵᠤ᠂ ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠥᠷᠨᠢᠭᠦᠯᠬᠦ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠥᠯᠡᠯ  ᠬᠠᠩᠭᠠᠬᠤ ᠬᠡᠷᠡᠭᠲᠡᠢ᠃9. ᠵᠠᠰᠠᠭ ᠤᠨ ᠣᠷᠳᠣᠨ ᠠᠴᠠ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠳᠥᠷᠢᠮ ᠢ ᠲᠡᠭᠦᠯᠳᠡᠷᠵᠢᠭᠦᠯᠦᠨ᠎ᠡ᠃  ᠵᠠᠰᠠᠭ ᠤᠨ ᠤᠷᠳᠤᠨ ᠤ ᠬᠤᠳᠠᠯᠳᠤᠨ ᠠᠪᠬᠤ ᠭᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠢᠯᠣᠭᠤᠳᠬᠤ ᠴᠢᠨᠠᠷᠲᠠᠶ ᠭᠠᠷᠴᠠᠭ ᠢ ᠣᠨᠣᠪᠴᠢᠲᠠᠶ ᠲᠣᠭᠲᠠᠭᠠᠵᠤ᠂  ᠭᠦᠴᠢᠷᠳᠡᠯᠳᠡᠢ ᠪᠠ ᠣᠨᠴᠠᠭᠠᠶ ᠨᠠᠰᠤᠲᠠᠶᠢᠴᠤᠳ ᠤᠨ ᠦᠨᠳᠦᠰᠦᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠬᠡᠪᠴᠢᠶᠡᠨ ᠳᠤ ᠤᠷᠢᠳ ᠢᠶᠠᠷ ᠣᠷᠣᠭᠤᠯᠵᠤ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠬᠤᠭᠤᠯᠠᠨ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠶᠠᠪᠤᠵᠤ ᠰᠠᠭᠤᠬᠤ ᠳᠤ ᠲᠤᠰᠠᠯᠠᠬᠤ᠂ ᠬᠤᠳᠠᠯᠳᠤᠨ ᠠᠪᠬᠤ ᠳᠤ ᠲᠤᠰᠠᠯᠠᠬᠤ ᠵᠡᠷᠭᠡ ᠠᠮᠢᠳᠤᠷᠠᠯ ᠤᠨ ᠬᠠᠷᠠᠭᠠᠯᠵᠠᠯ ᠤᠨ ᠦᠢᠯᠡᠴᠢᠯᠡᠭᠡ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠡᠷᠡᠭᠦᠯ ᠮᠡᠨᠳᠦ ᠶᠢᠨ ᠵᠢᠯᠣᠭᠤᠳᠣᠯᠭ᠎ᠠ᠂ ᠡᠷᠡᠭᠦᠯᠵᠢᠯ ᠤᠨ ᠰᠤᠪᠢᠯᠠᠯᠲᠠ ᠵᠡᠷᠭᠡ ᠡᠮᠴᠢᠯᠡᠭᠡ ᠰᠤᠪᠢᠯᠠᠯᠲᠠ ᠶᠢᠨ  ᠦᠢᠯᠡᠴᠢᠯᠡᠭᠡ ᠵᠢᠴᠢ ᠨᠠᠰᠤᠲᠠᠶᠢᠴᠤᠳ ᠢ ᠲᠤᠰᠠᠯᠠᠬᠤ ᠬᠤᠭᠤᠯᠠᠨ ᠬᠡᠷ᠂ ᠨᠠᠰᠤᠵᠢᠯ ᠤᠨ ᠠᠰᠠᠷᠠᠮᠵᠢ ᠶᠢᠨ ᠦᠨᠡᠯᠡᠨ ᠵᠢᠱᠢᠯᠲᠡ ᠵᠡᠷᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠭᠤᠤᠯᠳᠠᠯᠭ᠎ᠠ ᠲᠠᠢ ᠬᠤᠳᠠᠯᠳᠤᠨ ᠠᠪᠤᠨ᠎ᠠ᠃ ᠳᠠᠭᠠᠭᠠᠨ ᠵᠣᠯᠭᠠᠭᠤᠯᠬᠤ ᠲᠠᠯ᠎ᠠ ᠶᠢᠨ  ᠦᠢᠯᠡᠴᠢᠯᠡᠭᠡᠨ ᠤ ᠦᠢᠯᠡ ᠠᠵᠢᠯᠯᠠᠭ᠎ᠠ᠂  ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠶᠢᠨ ᠪᠥᠬᠦ ᠶᠠᠪᠤᠴᠠ ᠶᠢ ᠮᠥᠷᠳᠡᠨ ᠦᠨᠡᠯᠡᠬᠦ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ︵ᠳᠥᠷᠪᠡ︶ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠨᠡᠶᠢᠭᠡᠮᠴᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ10. ᠨᠡᠶᠢᠭᠡᠮ ᠤᠨ ᠬᠦᠴᠦᠨ ᠢ ᠪᠤᠶᠢᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠨᠠᠰᠤᠵᠢᠯ ᠤᠨ  ᠦᠢᠯᠡᠴᠢᠯᠡᠭᠡᠨ ᠤ ᠭᠤᠤᠯ ᠴᠣᠭᠴᠠ ᠪᠣᠯᠭᠠᠨ᠎ᠠ᠃  ᠦᠢᠯᠡᠴᠢᠯᠡᠭᠡ ᠬᠤᠳᠠᠯᠳᠤᠨ ᠠᠪᠬᠤ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠲᠤᠰᠠᠯᠠᠬᠤ᠂  ᠬᠤᠪᠢᠴᠠᠭᠠᠨ ᠤ ᠡᠷᠬᠡ ᠪᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠨᠠᠰᠤᠵᠢᠯ ᠤᠨ  ᠦᠢᠯᠡᠴᠢᠯᠡᠭᠡᠨ ᠤ ᠪᠡᠯᠡᠳᠬᠡᠮᠵᠢ ᠶᠢ ᠬᠠᠮᠢᠶᠠᠷᠴᠤ ᠡᠵᠡᠩᠨᠡᠬᠦ ᠶᠢ ᠵᠣᠷᠢᠭᠵᠢᠭᠤᠯᠵᠤ᠂ ᠨᠠᠷᠠᠲᠤ ᠲᠡᠮᠳᠡᠭᠵᠢᠭᠰᠡᠨ᠂ ᠬᠡᠯᠬᠢᠶᠡᠵᠢᠭᠰᠡᠨ᠂ ᠲᠤᠰᠬᠠᠶᠢᠵᠢᠭᠰᠠᠨ᠂ ᠬᠡᠪᠴᠢᠶᠡᠵᠢᠭᠰᠡᠨ  ᠲᠠᠭᠠᠭᠤᠯᠤᠭᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠠᠵᠤ ᠠᠬᠤᠶᠢᠯᠠᠯ ᠢ ᠪᠤᠶᠢᠵᠢᠭᠤᠯᠬᠤ ᠪᠠ ᠪᠣᠶ ᠪᠣᠯᠭᠠᠵᠤ᠂ ᠨᠠᠰᠤᠵᠢᠯ ᠤᠨ  ᠦᠢᠯᠡᠴᠢᠯᠡᠭᠡᠨ ᠤ ᠭᠤᠤᠯ ᠴᠣᠭᠴᠠ ᠪᠣᠯᠭᠠᠨ᠎ᠠ᠃ ᠵᠠᠰᠠᠭ ᠤᠨ ᠣᠷᠳᠣᠨ ᠤ ᠵᠢᠯᠣᠭᠤᠳᠣᠯᠭ᠎ᠠ ᠳᠣᠤᠷᠠᠬᠢ ᠨᠠᠰᠤᠵᠢᠯ ᠤᠨ  ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ ᠲᠣᠭᠲᠠᠭᠠᠬᠤ ᠲᠣᠭᠲᠠᠴᠠ ᠶᠢ ᠪᠠᠶᠢᠭᠤᠯᠵᠤ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ︶ ᠵᠢᠴᠢ ︽ ᠨᠠᠰᠤᠳᠠᠨ ᠢ ᠲᠤᠰᠠᠯᠠᠬᠤ ᠬᠤᠭᠤᠯᠠᠨ ᠬᠡᠷ︾ ᠤᠨ ᠡᠯ᠎ᠡ ᠲᠥᠷᠥᠯ ᠤᠨ  ᠦᠢᠯᠡᠴᠢᠯᠡᠭᠡᠨ ᠤ ᠰᠦᠢᠳᠬᠡᠯ ᠬᠤᠷᠢᠶᠠᠬᠤ ᠦᠨ᠎ᠡ ᠬᠠᠩᠰᠢ ᠶᠢ ᠨᠡᠶᠢᠭᠡᠮ ᠳᠤ ᠢᠯᠡ ᠪᠣᠯᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ 11. ᠨᠠᠰᠤᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠤᠶᠢᠵᠢᠭᠤᠯᠤᠨ ᠳᠡᠮᠵᠢᠨ᠎ᠡ᠃ ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠢᠶᠠᠷ ᠳᠠᠮᠵᠢᠭᠤᠯᠤᠨ᠂ ᠲᠥᠷᠥᠯ  ᠵᠦᠢᠯ ᠤᠨ ᠠᠵᠢᠯᠯᠠᠭᠠᠨ ᠢ ᠬᠡᠷᠡᠭᠵᠢᠭᠦᠯᠦᠨ᠎ᠡ︔ ᠲᠣᠰ ᠭᠠᠵᠠᠷ ᠣᠷᠣᠨ ᠤ ᠪᠠᠨ ᠨᠠᠷᠠᠲᠤ ᠲᠡᠮᠳᠡᠭᠴᠢᠯᠡᠭᠰᠡᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ ᠬᠥᠭᠵᠢᠭᠦᠯᠦᠨ᠎ᠡ︔ ᠨᠠᠰᠤᠵᠢᠯ ᠤᠨ  ᠦᠢᠯᠡᠴᠢᠯᠡᠭᠡᠨ ᠤ ᠬᠠᠩᠭᠠᠯᠭ᠎ᠠ ᠶᠢᠨ ᠭᠤᠤᠯ ᠴᠣᠭᠴᠠ ᠶᠢᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠯᠭᠠᠨ ᠵᠣᠯᠭᠠᠭᠤᠯᠬᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ᠂  ᠨᠠᠰᠤᠳᠠᠨ ᠢ ᠲᠤᠰᠠᠯᠠᠬᠤ ᠬᠤᠭᠤᠯᠠᠨ ᠲᠢᠩᠬᠢᠮ ᠵᠡᠷᠭᠡ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠭᠤᠤᠯ ᠴᠣᠭᠴᠠ ᠶᠢᠨ ᠤᠰᠤ᠂ ᠴᠠᠬᠢᠯᠭᠠᠨ᠂ ᠳᠤᠯᠠᠭᠠᠯᠠᠮᠵᠢ᠂  ᠨᠡᠭᠦᠷᠡᠰᠦᠨ ᠬᠡᠶ ᠳᠤ ᠰᠠᠭᠤᠭᠠᠯᠢ ᠠᠷᠠᠳ ᠤᠨ ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠦᠨ᠎ᠡ᠃ ᠣᠲᠣ ᠶᠢᠨ ᠪᠠᠶᠢᠭ᠎ᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ   ᠪᠠᠷ ᠨᠠᠰᠤᠵᠢᠯ ᠤᠨ  ᠦᠢᠯᠡᠴᠢᠯᠡᠭᠡᠨ ᠤ ᠭᠤᠤᠯ ᠴᠣᠭᠴᠠ ᠳᠤ ᠰᠦᠢᠳᠭᠡᠯ ᠦᠭᠡᠢ᠂ ᠬᠢᠮᠳᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ  ᠳᠦᠷᠶᠡᠰᠦᠯᠡᠨ ᠬᠡᠷᠡᠭᠯᠡᠬᠦ ᠡᠷᠬᠡ  ᠥᠭᠭᠦᠨ᠎ᠡ᠃︵ᠲᠠᠪᠤ︶  ᠭᠡᠷ ᠪᠥᠯᠢ ᠪᠠ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ12. ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠭᠡᠮ ᠲᠣᠭᠤᠷᠢᠭ ᠲᠤ ᠣᠷᠣᠵᠤ ᠨᠠᠰᠤᠲᠠᠶᠢᠴᠤᠳ ᠲᠤ ᠦᠢᠯᠡᠴᠢᠯᠡᠬᠦ ᠠᠵᠢᠯ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠲᠠᠢ ᠭᠡᠷ᠎ᠡ ᠲᠣᠭᠲᠠᠨ ᠦᠢᠯᠡᠴᠢᠯᠡᠬᠦ ᠨᠣᠷᠮ᠎ᠠ ᠶᠢ 100% ᠳᠤ ᠬᠦᠷᠭᠡᠵᠦ᠂ ᠨᠠᠰᠤᠲᠠᠶᠢᠴᠤᠳ ᠤᠨ ᠤᠷᠢᠳᠴᠢᠯᠠᠨ ᠪᠣᠯᠵᠣᠵᠤ ᠡᠮᠨᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠨᠠᠰᠤᠲᠠᠶᠢᠴᠤᠳ ᠤᠨ ᠡᠪᠡᠳᠴᠢᠨ ᠢ ᠵᠢᠯᠣᠭᠤᠳᠬᠤ ᠪᠠ ᠬᠠᠮᠢᠶᠠᠷᠬᠤ ᠶᠢ ᠴᠢᠩᠭᠠᠳᠬᠠᠨ᠂ ᠨᠥᠬᠦᠴᠡᠯ ᠳᠤ ᠨᠡᠶᠢᠴᠡᠬᠦ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠢᠭ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠨᠠᠰᠤᠵᠢᠯ ᠤᠨ ᠲᠥᠪ ᠤᠨ ᠳᠣᠲᠣᠭᠠᠳᠤ ᠳᠤ ᠡᠮᠴᠢᠯᠡᠭᠡᠨ ᠤ ᠭᠠᠵᠠᠷ᠂ ᠡᠷᠡᠭᠦᠯ ᠬᠠᠮᠠᠭᠠᠯᠠᠯ ᠤᠨ ᠭᠠᠵᠠᠷ ︵ᠲᠠᠰᠤᠭ︶᠂ ᠡᠮᠨᠡᠯᠭᠡ ᠶᠢᠨ ᠶᠠᠪᠤᠳᠠᠯ ᠤᠨ ᠲᠠᠰᠤᠭ᠂ ᠰᠤᠪᠢᠯᠠᠯᠲᠠ ᠶᠢᠨ ᠥᠷᠲᠡᠭᠡ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠦᠴᠦᠨ ᠥᠬᠡᠶ ᠪᠣᠯᠭᠠᠵᠤ᠂ ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠵᠢᠴᠢ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠨᠠᠰᠤᠵᠢᠯ ᠤᠨ  ᠦᠢᠯᠡᠴᠢᠯᠡᠭᠡᠨ ᠳᠤ ᠣᠷᠣᠯᠴᠠᠬᠤ ᠶᠢ ᠤᠷᠮᠠᠰᠢᠭᠤᠯᠬᠤ  ᠪᠠᠶᠢᠭᠤᠯᠤᠮᠵᠢ ᠶᠢ ᠪᠠᠶᠢᠭᠤᠯᠤᠨ᠎ᠠ᠃13. ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠠᠰᠤᠲᠠᠶᠢᠴᠤᠳ ᠤᠨ ᠭᠡᠷ ᠪᠦᠯᠢ ᠳᠤ ᠨᠡᠪᠳᠡᠷᠡᠬᠦ ᠶᠢ ᠲᠦᠯᠬᠢᠨ ᠠᠬᠢᠭᠤᠯᠤᠨ᠎ᠠ᠃ ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠰᠤᠪᠢᠯᠠᠯᠲᠠ᠂ ᠡᠷᠡᠭᠦᠯᠵᠢᠯ ᠵᠡᠷᠭᠡ ᠦᠢᠯᠡᠴᠢᠯᠡᠭᠡ ᠶᠢ ᠨᠠᠰᠤᠲᠠᠶᠢᠴᠤᠳ ᠤᠨ ᠬᠡᠷ ᠪᠦᠯᠢ ᠳᠤ ᠬᠦᠷᠲᠡᠯ᠎ᠡ ᠤᠷᠲᠤᠳᠬᠠᠬᠤ ᠶᠢ ᠳᠡᠮᠵᠢᠵᠦ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ︽ᠬᠡᠷ ᠪᠦᠯᠢ ᠶᠢᠨ ᠡᠪᠡᠳᠴᠢᠲᠡᠨ ᠤ ᠣᠷᠣ︾ ᠪᠠᠶᠢᠭᠤᠯᠵᠤ ᠥᠭᠬᠦ ᠶᠢ ᠰᠦᠪᠡᠭᠴᠢᠯᠡᠨ᠎ᠡ︔ ︽ᠲᠤᠰᠬᠠᠶ ᠰᠠᠯᠠᠭᠠᠨ ᠤ ᠡᠮᠴᠢ + ᠶᠡᠷᠦᠩᠬᠡᠶ ᠰᠠᠯᠠᠭᠠᠨ ᠤ ᠡᠮᠴᠢ + ᠡᠷᠡᠭᠦᠯ ᠮᠡᠨᠳᠦ ᠶᠢᠨ ᠬᠠᠮᠢᠶᠠᠷᠤᠭᠴᠢ ︵ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ ᠵᠡᠷᠭᠡ︶︾ ᠬᠡᠷ ᠪᠦᠯᠢ ᠶᠢᠨ ᠡᠮᠴᠢ ᠶᠢᠨ ᠭᠠᠷ ᠤᠨ ᠥᠰᠥᠭ ᠵᠢᠷᠤᠬᠤ ᠮᠠᠶ᠋ᠢᠭ ᠤᠨ ᠦᠢᠯᠡᠴᠢᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠨᠠᠰᠤᠲᠠᠶᠢᠴᠤᠳ ᠲᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠬᠡᠷ ᠲᠤᠨᠢ ᠬᠦᠷᠴᠦ ᠲᠣᠭᠤᠷᠢᠨ ᠡᠮᠴᠢᠯᠡᠬᠦ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ ︵ᠵᠢᠷᠭᠤᠭ᠎ᠠ︶ ᠨᠠᠰᠤᠲᠠᠶᠢᠴᠤᠳ ᠤᠨ ᠰᠠᠭᠤᠷᠢᠰᠢᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ14. ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ︵ ᠰᠠᠭᠤᠭᠠᠯᠢ︶ ᠲᠣᠭᠤᠷᠢᠭ ᠪᠦᠬᠦᠨ ᠳᠤ᠂ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠨᠠᠰᠤᠵᠢᠯ ᠤᠨ  ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ᠂ ᠣᠷᠣᠨ ᠰᠠᠭᠤᠴᠠ ᠶᠢᠨ  ᠰᠠᠭᠤᠭᠠᠯᠢ ᠲᠣᠭᠤᠷᠢᠭ ᠯᠤᠭ᠎ᠠ  ᠵᠡᠷᠭᠡ ᠪᠠᠷ ᠲᠥᠯᠥᠪᠵᠢᠭᠦᠯᠵᠦ᠂ ᠢᠵᠢᠯ ᠠᠯᠬᠤᠮ ᠢᠶᠠᠷ ᠪᠥᠲᠥᠭᠡᠨ ᠪᠠᠶᠢᠭᠤᠯᠵᠤ᠂ ᠵᠡᠷᠭᠡ ᠪᠠᠷ ᠰᠢᠯᠭᠠᠨ ᠬᠤᠷᠢᠶᠠᠵᠤ᠂ ᠵᠡᠷᠭᠡ ᠪᠠᠷ ᠲᠤᠰᠢᠶᠠᠨ ᠬᠡᠷᠡᠭᠯᠡᠭᠦᠯᠬᠦ ᠬᠡᠷᠡᠭᠲᠡᠶ︔ ᠬᠠᠭᠤᠴᠢᠨ ᠬᠤᠲᠠ ᠶᠢᠨ ᠲᠣᠭᠤᠷᠢᠭ ᠪᠠ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ︵ᠰᠠᠭᠤᠭᠠᠯᠢ︶ ᠲᠣᠭᠤᠷᠢᠭ ᠲᠤ ᠨᠠᠰᠤᠵᠢᠯ ᠤᠨ  ᠦᠢᠯᠡᠴᠢᠯᠡᠭᠡᠨ ᠤ ᠪᠡᠯᠡᠳᠬᠡᠮᠵᠢ ᠪᠠᠶᠢᠬᠤ ᠥᠬᠡᠶ ᠪᠤᠶᠤ ᠣᠲᠣ ᠶᠢᠨ ᠪᠠᠶᠢᠭ᠎ᠠ ᠪᠡᠯᠡᠳᠬᠡᠮᠵᠢ ᠨᠢ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠬᠦᠢᠴᠡᠳᠭᠡᠬᠦ ᠲᠤᠭ᠎ᠠ ᠶᠢᠨ ᠱᠠᠭᠠᠷᠳᠠᠯᠭ᠎ᠠ ᠳᠤ ᠬᠥᠷᠬᠦ ᠥᠬᠡᠶ ᠪᠠᠶᠢᠪᠠᠯ᠂ ᠠᠯᠬᠤᠮ ᠠᠯᠬᠤᠮ ᠢᠶᠠᠷ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠵᠢᠯ ᠤᠨ  ᠦᠢᠯᠡᠴᠢᠯᠡᠭᠡᠨ ᠤ ᠪᠡᠯᠡᠳᠬᠡᠮᠵᠢ ᠶᠢ ᠨᠡᠭᠡᠭᠡᠵᠦ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠬᠠᠭᠤᠴᠢᠨ ᠪᠠ ᠬᠠᠭᠤᠴᠢᠷᠬᠠᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠰᠠᠭᠠᠳ ᠥᠬᠡᠶ ᠨᠡᠪᠳᠡᠷᠡᠬᠦ ᠶᠢ  ᠦᠭᠡᠷᠡᠴᠢᠯᠡᠨ ᠪᠠᠶᠢᠭᠤᠯᠬᠤ ᠪᠠ ᠬᠡᠷ ᠪᠦᠯᠢ ᠶᠢᠨ ᠨᠠᠰᠤᠲᠠᠶᠢᠴᠤᠳ ᠲᠤ ᠳᠣᠭᠢᠷᠠᠬᠤ ᠪᠡᠯᠡᠳᠬᠡᠮᠵᠢ ᠶᠢ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠴᠢᠯᠠᠭᠤᠨ ᠨᠠᠯᠠᠤ ᠵᠠᠮ᠂ ᠬᠦᠷᠳᠦᠲᠦ ᠰᠠᠨᠳᠠᠯᠢ ᠶᠢᠨ ᠨᠠᠯᠠᠤ ᠵᠠᠮ᠂ ᠣᠯᠠᠨ ᠨᠡᠶᠢᠲᠡ ᠶᠢᠨ ᠣᠷᠣᠵᠤ ᠭᠠᠷᠬᠤ ᠡᠭᠦᠳᠡ᠂ ᠶᠠᠪᠠᠭᠠᠨ ᠵᠠᠮ᠂ ᠠᠰᠠᠷ ᠤᠨ ᠱᠠᠲᠤ᠂ ᠴᠠᠬᠢᠯᠭᠠᠨ ᠱᠠᠲᠤ ᠶᠢᠨ ᠱᠠᠲᠤ ᠬᠦᠯᠢᠶᠡᠬᠦ ᠲᠢᠩᠬᠢᠮ ᠵᠢᠴᠢ ᠴᠠᠬᠢᠯᠭᠠᠨ ᠱᠠᠲᠤ ᠶᠢᠨ ᠰᠡᠤᠭᠡ ᠦᠷᠦᠭᠡ ᠵᠡᠷᠭᠡ ᠪᠡᠯᠡᠳᠬᠡᠮᠵᠢ ᠪᠠ ᠣᠷᠣᠨ ᠪᠠᠶᠢᠷᠢ ᠶᠢᠨ ᠰᠠᠭᠠᠳ ᠥᠬᠡᠶ ᠨᠡᠪᠳᠡᠷᠡᠬᠦ ᠶᠢ ᠥᠭᠡᠷᠡᠴᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠨᠠᠰᠤᠲᠠᠶᠢᠴᠤᠳ ᠤᠨ ᠣᠷᠣᠰᠢᠨ ᠰᠠᠭᠤᠬᠤ ᠬᠠᠷᠢᠴᠠᠯ ᠢᠶᠠᠷ ᠥᠨᠳᠥᠷ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ ᠶᠢ ᠤᠷᠢᠳᠠᠪᠠᠷ ᠳᠡᠮᠵᠢᠨ᠎ᠡ᠃ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠪᠡᠯᠡᠳᠬᠡᠮᠵᠢ ᠪᠣᠯᠤᠨ ᠨᠠᠰᠤᠲᠠᠶᠢᠴᠤᠳ ᠲᠤ ᠬᠤᠯᠪᠣᠭᠳᠠᠬᠤ ᠪᠡᠯᠡᠳᠬᠡᠮᠵᠢ ᠶᠢᠨ ᠰᠠᠭᠠᠳ ᠥᠬᠡᠶ ᠪᠠᠶᠢᠬᠤ ᠨᠣᠷᠮ᠎ᠠ ᠶᠢ 100% ᠳᠤ ᠬᠦᠷᠦᠭᠦᠯᠵᠦ᠂ ᠨᠢᠭᠡᠨᠲᠡ ᠪᠠᠶᠢᠭᠤᠯᠤᠭᠰᠠᠨ ᠣᠯᠠᠨ ᠨᠡᠶᠢᠲᠡ ᠶᠢᠨ ᠪᠡᠯᠡᠳᠬᠡᠮᠵᠢ ᠪᠣᠯᠤᠨ ᠨᠠᠰᠤᠲᠠᠶᠢᠴᠤᠳ ᠲᠤ ᠬᠤᠯᠪᠣᠭᠳᠠᠬᠤ ᠪᠡᠯᠡᠳᠬᠡᠮᠵᠢ ᠶᠢᠨ ᠰᠠᠭᠠᠳ ᠥᠬᠡᠶ ᠪᠠᠶᠢᠬᠤ ᠨᠣᠷᠮ᠎ᠠ ᠶᠢ 50% ᠳᠤ ᠬᠦᠷᠦᠭᠦᠯᠦᠨ᠎ᠡ᠃ 15. ᠡᠷᠡᠭᠦᠯᠵᠢᠯ ᠨᠠᠰᠤᠵᠢᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠰᠢᠨ᠎ᠡ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠵᠢᠴᠢ ᠰᠢᠯᠢᠨ‌ᠢ ᠾᠧ ᠶᠤᠸᠠᠨ ᠣᠯᠠᠨ ᠤᠯᠤᠰ ᠤᠨ ᠨᠠᠰᠤᠵᠢᠯ ᠤᠨ ᠲᠥᠪ ᠵᠡᠷᠭᠡ ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ ᠢ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ ᠬᠡᠷ ᠪᠦᠯᠢ᠂ ᠨᠡᠶᠢᠭᠡᠮ ᠲᠣᠭᠤᠷᠢᠭ ᠪᠠ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠠᠵᠤ ᠦᠶ᠋ᠯᠡᠰ ᠤᠨ ᠬᠥᠭᠵᠢᠯᠲᠡ ᠶᠢᠨ ᠬᠡᠯᠬᠢᠶ᠎ᠡ ᠶᠢ ᠤᠷᠲᠤᠳᠬᠠᠨ᠂ ᠵᠢᠭᠤᠯᠴᠢᠯᠠᠵᠤ ᠰᠠᠭᠤᠭ᠎ᠠ ᠨᠠᠰᠤᠵᠢᠯ ᠤᠨ ᠠᠰᠠᠷᠠᠮᠵᠢ᠂ ᠮᠠᠯᠵᠢᠬᠤ ᠣᠷᠣᠨ ᠤ  ᠪᠡᠶᠡᠴᠢᠯᠡᠨ ᠣᠶᠢᠯᠠᠭᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠵᠡᠷᠭᠡ ᠶᠢ ᠶᠡᠬᠡᠪᠡᠷ ᠬᠥᠭᠵᠢᠭᠦᠯᠵᠦ᠂ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︵ᠲᠤᠯᠤᠭ᠎ᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ16. ᠲᠤᠰᠬᠠᠶ ᠪᠠ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠶᠢᠨ ᠡᠩᠨᠡᠭᠡ ᠶᠢ ᠲᠣᠬᠢᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢ ᠪᠤᠶᠢᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠬᠥᠭᠵᠢᠭᠦᠯᠦᠨ᠎ᠡ᠃ ᠠᠵᠢᠯ ᠡᠷᠭᠢᠯᠡᠭᠰᠡᠳ ᠤᠨ  ᠦᠢᠯᠡᠴᠢᠯᠡᠭᠡᠨ ᠤ ᠮᠡᠷᠭᠡᠵᠢᠯ ᠴᠢᠳᠠᠪᠤᠷᠢ ᠪᠠ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠣᠯᠠᠨ ᠡᠰᠢᠲᠦ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ ᠬᠥᠭᠵᠢᠬᠦ  ᠦᠢᠯᠡᠴᠢᠯᠡᠭᠡᠨ ᠤ ᠡᠩᠨᠡᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠨᠠᠰᠤᠵᠢᠯ ᠤᠨ  ᠦᠢᠯᠡᠴᠢᠯᠡᠭᠡᠨ ᠤ ᠠᠵᠢᠯ ᠮᠡᠷᠭᠡᠵᠢᠯ ᠤᠨ ᠮᠡᠳᠡᠷᠡᠮᠵᠢ ᠶᠢ ᠳᠡᠭᠡᠭᠰᠢᠯᠡᠭᠦᠯᠦᠨ᠎ᠡ᠃ ᠲᠠᠪᠤ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ︵ᠨᠢᠭᠡ︶ ᠬᠤᠲᠠ ᠶᠢᠨ ᠤᠶᠤᠨᠲᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ︵ᠵᠢᠯᠣᠭᠤᠳᠤᠨ ᠳᠣᠭᠢᠷᠠᠭᠤᠯᠬᠤ ᠲᠥᠪ ᠲᠤ ᠰᠢᠭᠢᠳᠬᠡᠨ ᠣᠷᠣᠭᠤᠯᠤᠨ᠎ᠠ︶ ᠰᠢᠨ᠎ᠡ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠳᠤ ᠲᠦᠰᠢᠭᠯᠡᠨ᠂ ᠪᠦᠬᠦ ᠬᠤᠲᠠ ᠶᠢᠨ ᠤᠶᠤᠨᠲᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠠᠭᠤᠳᠠᠯᠲᠠ ᠶᠢᠨ ᠦᠢᠯᠡᠴᠢᠯᠡᠭᠡᠨ ᠤ ᠲᠥᠪ᠂ ᠬᠦᠯᠢᠶᠡᠨ ᠠᠪᠬᠤ ᠯᠠᠪᠯᠠᠭ᠎ᠠ ᠶᠢᠨ ᠲᠥᠪ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠥᠪ᠂ ᠦᠢᠯᠡᠴᠢᠯᠡᠭᠡᠨ ᠤ ᠵᠢᠯᠣᠭᠤᠳᠬᠤ ᠲᠥᠪ ᠂ ᠶᠠᠰᠤ ᠴᠢᠨᠠᠷ ᠢ ᠬᠢᠨᠠᠨ ᠡᠵᠡᠮᠳᠡᠬᠦ ᠲᠥᠪ ᠵᠡᠷᠭᠡ ᠴᠢᠳᠠᠮᠵᠢ ᠶᠢᠨ ᠲᠠᠰᠤᠭ ᠪᠠᠶᠢᠭᠤᠯᠵᠤ᠂ ᠠᠶᠢᠮᠠᠭ ᠤᠨ ᠲᠠᠰ ᠤᠨ ᠲᠠᠪᠴᠠᠩ ᠢ ᠬᠤᠯᠪᠣᠵᠤ᠂ ᠨᠠᠰᠤᠲᠠᠶᠢᠴᠤᠳ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠮᠡᠳᠡᠭᠡ ᠵᠠᠩᠭᠢ ᠶᠢᠨ ᠲᠠᠪᠴᠠᠩ ᠤᠨ ᠠᠵᠢᠯᠯᠠᠭᠠᠨ ᠢ ᠬᠠᠮᠠᠭᠠᠯᠠᠬᠤ᠂ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠴᠠᠭᠤᠯᠤᠨ ᠨᠡᠪᠲᠡᠷᠡᠯᠴᠡᠬᠦ᠂ ᠬᠠᠮᠲᠤᠷᠠᠨ ᠠᠵᠢᠯᠯᠠᠬᠤ ᠬᠠᠨᠢᠲᠠᠨ ᠲᠠᠢ ᠬᠠᠷᠢᠯᠴᠠᠬᠤ᠂ ᠲᠤᠭ᠎ᠠ ᠪᠠᠷᠢᠮᠲᠠ ᠶᠢ ᠵᠠᠳᠠᠯᠬᠤ ᠪᠠ ᠳᠡᠭᠡᠭᠰᠢ ᠮᠡᠳᠡᠭᠦᠯᠬᠦ᠂  ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠰᠢᠯᠭᠠᠨ ᠬᠢᠨᠠᠬᠤ᠂  ᠦᠢᠯᠡᠴᠢᠯᠡᠭᠡᠨ ᠤ ᠶᠠᠰᠤ ᠴᠢᠨᠠᠷ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ᠂ ᠬᠠᠭᠤᠴᠢᠨ  ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠥᠯᠢᠶᠡᠨ ᠠᠪᠴᠤ ᠰᠣᠨᠣᠰᠬᠤ ᠪᠠ ᠦᠢᠯᠡᠴᠢᠯᠡᠭᠡ ᠶᠢ ᠰᠢᠯᠵᠢᠭᠦᠯᠦᠨ ᠵᠠᠯᠭᠠᠬᠤ᠂ ᠲᠣᠮᠣ ᠳ᠋ᠠᠶᠢᠲ᠋ᠠ ᠪᠠ ᠣᠶᠤᠨᠴᠢ ᠬᠠᠷᠠᠭᠠᠯᠵᠠᠨ ᠬᠠᠷᠠᠭᠠᠯᠵᠠᠵᠤ ᠳᠡᠯᠭᠡᠨ ᠦᠵᠡᠭᠦᠯᠬᠦ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠨ᠎ᠡ︔ ᠠᠳᠠᠭ ᠲᠠᠭᠠᠨ 4 ᠨᠡᠷᠡᠰ ᠠᠴᠠ ᠳᠡᠭᠡᠭᠰᠢ ᠲᠤᠰᠬᠠᠶ ᠲᠤᠰᠢᠶᠠᠯᠲᠤ ᠠᠵᠢᠯᠲᠠᠨ ᠢ ᠳᠣᠭᠢᠷᠠᠭᠤᠯᠤᠨ᠎ᠠ᠃ ︵ᠬᠤᠶᠠᠷ︶ ᠵᠡᠭᠡᠯᠢ ᠭᠤᠳᠤᠮᠵᠢ ᠶᠢᠨ ᠨᠠᠰᠤᠵᠢᠯ ᠤᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠥᠪᠵᠡᠭᠡᠯᠢ ᠭᠤᠳᠤᠮᠵᠢ ᠶᠢᠨ ᠨᠠᠰᠤᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠷᠢᠯᠭ᠎ᠠ ᠶᠢᠨ ᠲᠠᠯᠠᠪᠠᠶ ᠨᠢ ᠵᠠᠷᠴᠢᠮ ᠳᠡᠭᠡᠷ᠎ᠡ ᠪᠠᠨ 1000 ᠲᠡᠭᠰᠢ ᠳᠥᠷᠪᠡᠯᠵᠢᠨ ᠮᠧᠲᠷ ᠠᠴᠠ  ᠲᠡᠭᠡᠭᠰᠢ ᠪᠠᠶᠢᠵᠤ᠂ ᠡᠳᠦᠷ ᠤᠨ  ᠬᠠᠷᠠᠭᠠᠯᠵᠠᠬᠤ ᠣᠷᠣ ᠶᠢ 10 ᠠᠴᠠ ᠳᠡᠭᠡᠭᠰᠢ ᠭᠠᠷᠭᠠᠵᠤ ︵ᠱᠠᠹᠠ ᠣᠷᠣ᠂ ᠬᠡᠪᠲᠡᠭᠡ ᠰᠠᠨᠳᠠᠯᠢ ᠪᠠᠶᠢᠵᠤ ᠪᠣᠯᠤᠨ᠎ᠠ᠂ ᠵᠣᠬᠢᠬᠤ ᠬᠥᠨᠵᠢᠯᠡ ᠳᠡᠪᠢᠰᠬᠡᠷ ᠵᠡᠷᠭᠡ ᠣᠷᠣ ᠳᠡᠭᠡᠷᠡᠬᠢ ᠬᠡᠷᠡᠭᠰᠡᠯ ᠢ ᠲᠣᠬᠢᠷᠠᠭᠤᠯᠤᠨ᠎ᠠ︶ ᠲᠣᠬᠢᠷᠠᠭᠤᠯᠣᠨ᠎ᠠ᠂ ᠨᠡᠶᠢᠭᠡᠮ ᠲᠣᠭᠤᠷᠢᠭ ᠢ 3 ᠠᠴᠠ ᠳᠡᠭᠡᠭᠰᠢ ᠬᠠᠮᠤᠷᠴᠤ᠂ ᠨᠠᠰᠤᠲᠠᠶᠢᠴᠤᠳ ᠢ 2000 ᠬᠥᠮᠦᠨ ᠠᠴᠠ ᠳᠡᠭᠡᠭᠰᠢ ᠬᠠᠮᠤᠷᠴᠤ᠂ ᠭᠥᠯᠢᠶᠡᠨ ᠠᠪᠬᠤ  ᠦᠢᠯᠡᠴᠢᠯᠡᠭᠡᠨ ᠤ ᠲᠥᠪ᠂ ᠡᠷᠡᠭᠦᠯ ᠡᠩᠬᠡ ᠵᠤᠭ᠎ᠠ ᠴᠡᠩᠭᠡᠯ ᠤᠨ ᠲᠠᠯᠠᠪᠤᠷ ᠵᠡᠷᠭᠡ ᠶᠢ ᠪᠠᠶᠢᠭᠤᠯᠤᠨ ᠂ ᠨᠠᠰᠤᠲᠠᠶᠢᠴᠤᠳ ᠲᠤ ᠲᠤᠰᠬᠠᠶ ᠮᠡᠷᠭᠡᠵᠢᠯ ᠤᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ᠂ ᠳᠡᠮᠵᠢᠯᠭᠡ ᠶᠢᠨ ᠴᠢᠨᠠᠷᠲᠠᠶ  ᠦᠢᠯᠡᠴᠢᠯᠡᠭᠡ ᠬᠠᠩᠭᠠᠵᠤ᠂  ᠦᠢᠯᠡᠴᠢᠯᠡᠭᠡ ᠬᠢᠭᠡᠳ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠵᠣᠯᠭᠠᠭᠤᠯᠬᠤ ᠶᠢ ᠠᠬᠢᠭᠤᠯᠬᠤ ᠶᠢᠨ ᠬᠠᠮᠲᠤ ᠬᠠᠷᠢᠶᠠᠲᠤ ᠣᠷᠣᠨ ᠤ ᠨᠠᠰᠤᠵᠢᠯ ᠤᠨ  ᠦᠢᠯᠡᠴᠢᠯᠡᠭᠡᠨ ᠤ ᠬᠢᠨᠠᠯᠲᠠ ᠵᠢᠯᠣᠭᠤᠳᠣᠯᠭ᠎ᠠ ᠶᠢ ᠪᠥᠬᠦ ᠶᠠᠪᠤᠴᠠ ᠳᠤ ᠰᠠᠶᠢᠲᠤᠷ ᠬᠢᠨ᠎ᠠ︔ ᠨᠠᠭᠠᠳᠤ ᠵᠠᠬ᠎ᠠ ᠳᠠᠭᠠᠨ 2 ᠠᠴᠠ ᠳᠡᠭᠡᠭᠰᠢ ᠲᠤᠰᠬᠠᠶ ᠲᠤᠰᠢᠶᠠᠯᠲᠤ ᠠᠵᠢᠯᠲᠠᠨ ᠵᠢᠴᠢ 2 ᠨᠡᠷᠡᠰ ᠲᠤᠰᠢᠶᠠᠯ ᠬᠠᠪᠰᠤᠷᠭᠠᠭᠰᠠᠨ ᠠᠵᠢᠯᠲᠠᠨ ᠵᠢᠴᠢ ᠡᠳᠦᠶ ᠲᠡᠳᠦᠶ ᠬᠠᠷᠢᠮᠠᠬᠠᠶ ᠴᠢᠨᠠᠷᠲᠠᠶ ᠠᠵᠢᠯ ᠤᠨ ᠲᠦᠷᠢᠮ ᠤᠨ ᠬᠡᠷ ᠲᠤᠨᠢ  ᠬᠦᠷᠬᠦ ᠰᠤᠪᠢᠯᠠᠭᠴᠢ ᠶᠢ ᠳᠣᠭᠢᠷᠠᠭᠤᠯᠤᠨ᠎ᠠ᠃ ︵ᠭᠤᠷᠪᠠ︶ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠥᠷᠲᠡᠭᠡᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠥᠷᠲᠡᠭᠡ ᠨᠢ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠲᠤ ᠲᠦᠰᠢᠭᠯᠡᠬᠦ ᠪᠤᠶᠤ ᠲᠤᠰᠠᠭᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠣᠯᠤᠨ᠎ᠠ᠂ ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠲᠠᠯᠠᠪᠠᠶ ᠨᠢ 350 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠡᠳᠦᠷ ᠲᠤᠲᠤᠮ ᠤᠨ ᠬᠠᠷᠠᠭᠠᠯᠵᠠᠬᠤ ᠣᠷᠣ ᠨᠢ 5 ᠠᠴᠠ ᠳᠡᠭᠡᠭᠰᠢ ᠪᠠᠶᠢᠵᠤ᠂ ᠭᠥᠯᠢᠶᠡᠨ ᠠᠪᠬᠤ ᠡᠭᠦᠳᠡᠨ ᠲᠢᠩᠬᠢᠮ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠵᠡᠷᠭᠡ  ᠦᠢᠯᠡᠴᠢᠯᠡᠭᠡᠨ ᠤ ᠲᠠᠯᠠᠪᠤᠷ ᠢ ᠪᠠᠶᠢᠭᠤᠯᠵᠤ᠂ ᠴᠡᠪᠡᠷᠯᠡᠬᠦ ᠳᠤ ᠲᠤᠰᠠᠯᠠᠬᠤ᠂ ᠵᠤᠭ᠎ᠠ ᠴᠡᠩᠭᠡᠬᠦ ᠳᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ ᠵᠡᠷᠭᠡ ᠵᠣᠬᠢᠴᠠᠩᠭᠤᠶ ᠦᠢᠯᠡᠴᠢᠯᠡᠭᠡᠨ ᠢ ᠥᠷᠨᠢᠭᠦᠯᠦᠨ᠎ᠡ︔ ᠨᠠᠭᠠᠳᠤ ᠵᠠᠬ᠎ᠠ ᠳᠠᠭᠠᠨ 1 ᠨᠡᠷᠡᠰ ᠠᠴᠠ ᠳᠡᠭᠡᠭᠰᠢ ᠲᠤᠰᠬᠠᠶ ᠲᠤᠰᠢᠶᠠᠯᠲᠤ ᠠᠵᠢᠯᠲᠠᠨ ᠵᠢᠴᠢ 2 ᠨᠡᠷᠡᠰ ᠲᠤᠰᠢᠶᠠᠯ ᠬᠠᠪᠰᠤᠷᠭᠠᠭᠰᠠᠨ ᠠᠵᠢᠯᠲᠠᠨ ᠵᠢᠴᠢ ᠡᠳᠦᠶ ᠲᠡᠳᠦᠶ ᠬᠠᠷᠢᠮᠠᠬᠠᠶ ᠴᠢᠨᠠᠷᠲᠠᠶ ᠠᠵᠢᠯ ᠤᠨ ᠲᠦᠷᠢᠮ ᠤᠨ ᠬᠡᠷ ᠲᠤᠨᠢ ᠬᠦᠷᠬᠦ ᠰᠤᠪᠢᠯᠠᠭᠴᠢ ᠶᠢ ᠳᠣᠭᠢᠷᠠᠭᠤᠯᠤᠨ᠎ᠠ᠃ ︵ᠲᠥᠷᠪᠡ︶ ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ ᠭᠡᠷ ︵ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ  ᠴᠡᠭ︶ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ ᠭᠡᠷ ︵ᠳᠣᠷᠣᠭᠰᠢ ︽ᠨᠠᠰᠤᠳᠠᠨ ᠢ ᠲᠤᠰᠠᠯᠠᠬᠤ ᠬᠤᠭᠤᠯᠠᠨ ᠭᠡᠷ︾ ᠭᠡᠵᠦ ᠲᠣᠪᠴᠢᠯᠠᠨ᠎ᠠ︶ ᠪᠣᠯᠤᠨ ᠨᠡᠶᠢᠭᠡᠮ ᠲᠣᠭᠤᠷᠢᠭ ᠤᠨ ᠨᠠᠰᠤᠳᠠᠨ ᠢ ᠲᠤᠰᠠᠯᠠᠬᠤ ᠬᠤᠭᠤᠯᠠᠨ ᠴᠡᠭ  ︵ᠳᠣᠷᠣᠭᠰᠢ ︽ ᠲᠤᠰᠠᠯᠠᠬᠤ ᠬᠤᠭᠤᠯᠠᠨ ᠴᠡᠭ︾ ᠭᠡᠵᠦ ᠲᠣᠪᠴᠢᠯᠠᠨ᠎ᠠ︶ ᠢ ᠲᠤᠰᠠᠭᠠᠷ ᠲᠣᠬᠢᠷᠠᠭᠤᠯᠵᠤ ᠪᠣᠯᠤᠨ᠎ᠠ᠃ ᠪᠠᠰᠠ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠵᠠᠬ᠎ᠠ ᠳᠡᠯᠭᠡᠭᠦᠷ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠳᠤ ᠲᠦᠰᠢᠭᠯᠡᠨ ᠳᠣᠭᠢᠷᠠᠭᠤᠯᠵᠤ ᠪᠣᠯᠤᠨ᠎ᠠ᠂ ᠨᠡᠶᠢᠭᠡᠮ ᠲᠣᠭᠤᠷᠢᠭ  ᠤᠨ ᠨᠠᠰᠤᠳᠠᠨ ᠢ ᠲᠤᠰᠠᠯᠠᠬᠤ ᠬᠤᠭᠤᠯᠠᠨ ᠬᠡᠷ ︵ᠪᠤᠶᠤ ᠲᠤᠰᠠᠯᠠᠬᠤ ᠬᠤᠭᠤᠯᠠᠨ  ᠴᠡᠭ︶ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ᠂ ᠨᠠᠰᠤᠲᠠᠨ ᠢ ᠲᠤᠰᠠᠯᠠᠬᠤ ᠺᠠᠷᠲ᠂ ᠪᠠᠩᠬᠢ ᠶᠢᠨ ᠺᠠᠷᠲ ᠤᠨ ᠬᠡᠷᠡᠭᠯᠡᠯᠲᠡ ᠶᠢ ᠬᠢᠨᠠᠨ ᠬᠠᠮᠢᠶᠠᠷᠬᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ  ᠦᠢᠯᠡᠴᠢᠯᠡᠭᠡᠨ ᠤ ᠬᠢᠨᠠᠨ ᠬᠠᠮᠢᠶᠠᠷᠬᠤ ᠪᠡᠯᠡᠳᠬᠡᠮᠵᠢ ᠶᠢ ᠳᠣᠭᠢᠷᠠᠭᠤᠯᠬᠤ ᠬᠡᠷᠡᠭᠲᠡᠶ᠃  ᠨᠠᠰᠤᠳᠠᠨ ᠢ ᠲᠤᠰᠠᠯᠠᠬᠤ ᠬᠤᠭᠤᠯᠠᠨ ᠭᠡᠷ ᠲᠤ ᠨᠠᠰᠤᠲᠠᠶᠢᠴᠤᠳ ᠤᠨ ᠬᠤᠭᠤᠯᠠᠨ ᠭᠡᠷ ᠤᠨ ᠬᠤᠭᠤᠯᠠ ᠢᠳᠡᠬᠦ ᠶᠢ ᠬᠠᠩᠭᠠᠬᠤ ᠠᠴᠠ ᠭᠠᠳᠠᠨ᠎ᠠ᠂ ᠤᠷᠢᠳ ᠢᠶᠠᠷ ᠲᠤᠰ ᠵᠡᠭᠡᠯᠢ ᠭᠤᠳᠤᠮᠵᠢ ᠶᠢᠨ ᠲᠤᠰᠠᠯᠠᠬᠤ  ᠬᠤᠭᠤᠯᠠᠨ ᠴᠡᠭ ᠲᠤ ᠲᠣᠬᠢᠷᠠᠭᠤᠯᠤᠨ ᠬᠦᠷᠭᠡᠨ᠎ᠡ᠂ ᠪᠠᠰᠠ ᠣᠶᠢᠷ᠎ᠠ ᠣᠷᠴᠢᠮ ᠤᠨ ᠨᠡᠶᠢᠭᠡᠮ ᠲᠣᠭᠤᠷᠢᠭ ᠤᠨ  ᠲᠤᠰᠠᠯᠠᠬᠤ ᠬᠤᠭᠤᠯᠠᠨ ᠴᠡᠭ ᠲᠤ ᠲᠣᠬᠢᠷᠠᠭᠤᠯᠤᠨ ᠬᠦᠷᠭᠡᠵᠦ ᠪᠣᠯᠤᠨ᠎ᠠ᠃ ᠲᠤᠰᠠᠯᠠᠬᠤ ᠬᠤᠭᠤᠯᠠᠨ ᠴᠡᠭ ᠨᠢ ᠡᠩ ᠲᠡᠷᠢᠭᠦᠨ ᠳᠤ ᠨᠠᠰᠤᠲᠠᠶᠢᠴᠤᠳ ᠲᠤ ᠦᠢᠯᠡᠴᠢᠯᠡᠨ᠎ᠡ᠂ ᠡᠭᠦᠨ ᠤ ᠰᠠᠭᠤᠷᠢᠨ ᠳᠡᠭᠡᠷ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠭᠡ ᠬᠠᠩᠭᠠᠵᠤ ᠪᠣᠯᠤᠨ᠎ᠠ᠃ᠵᠢᠷᠭᠤᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ︵ᠨᠢᠭᠡ︶ ᠡᠬᠢᠯᠡᠭᠦᠯᠦᠨ ᠬᠡᠷᠡᠭᠵᠢᠭᠦᠯᠬᠦ ᠱᠠᠲᠤ ᠦᠶ᠎ᠡ ︵2021 ᠣᠨ ᠤ 3 ᠳ᠋ᠤᠭᠠᠷ ᠰᠠᠷ᠎ᠠ — 2022 ᠣᠨ ᠤ 3 ᠳ᠋ᠤᠭᠠᠷ ᠰᠠᠷ᠎ᠠ︶᠃ ᠪᠥᠬᠦ ᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠵᠤ᠂ ᠡᠭᠦᠷᠭᠡ ᠶᠢ ᠬᠤᠪᠢᠶᠠᠷᠢᠯᠠᠨ᠂ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ ᠵᠡᠭᠡᠯᠢ ᠭᠤᠳᠤᠮᠵᠢ ᠶᠢᠨ ᠰᠤᠯᠠ ᠪᠠᠶᠢᠭ᠎ᠠ ᠬᠡᠷ ᠬᠥᠷᠥᠩᠭᠡ ᠶᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ︔  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠭᠠᠬᠤ ᠪᠠᠶᠢᠴᠠᠭᠠᠯᠲᠠ ᠬᠢᠬᠦ  ᠶᠢ ᠦᠷᠨᠢᠭᠦᠯᠦᠨ᠎ᠡ᠃  ᠲᠦᠭᠡᠮᠡᠯᠵᠢᠭᠦᠯᠵᠤ ᠪᠣᠯᠬᠤ᠂ ᠬᠠᠭᠤᠯᠪᠤᠷᠢᠯᠠᠵᠤ ᠪᠣᠯᠬᠤ᠂ ᠦᠷᠭᠦᠯᠵᠢᠯᠡᠭᠦᠯᠵᠦ ᠪᠣᠯᠬᠤ ᠶᠡᠷᠦᠩᠬᠡᠶᠢᠯᠡᠭᠰᠡᠨ᠂ ᠲᠤᠰᠬᠠᠶᠢᠵᠢᠭᠰᠠᠨ᠂ ᠨᠠᠷᠠᠲᠤ ᠲᠥᠷᠥᠯ ᠲᠡᠮᠳᠡᠭᠴᠢᠯᠡᠭᠰᠡᠨ ᠬᠡᠷ  ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠶᠢ ᠬᠥᠮᠦᠵᠢᠭᠦᠯᠵᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ︵ᠬᠤᠶᠠᠷ︶ ᠪᠥᠬᠦ ᠲᠠᠯ᠎ᠠ ᠪᠠᠷ ᠠᠬᠢᠭᠤᠯᠬᠤ ᠱᠠᠲᠤ ᠦᠶ᠎ᠡ ︵2022 ᠣᠨ ᠤ 3 ᠰᠠᠷ᠎ᠠ — 2022 ᠣᠨ ᠤ 12 ᠰᠠᠷ᠎ᠠ︶᠃ ᠡᠬᠢ ᠪᠠᠶᠠᠯᠢᠭ ᠤᠨ ᠳᠡᠯᠭᠡᠷᠡᠭᠦᠯᠦᠯᠲᠡ ᠶᠢᠨ ᠠᠮᠵᠢᠯᠲᠠᠲᠠᠶ ᠲᠤᠷᠰᠢᠯᠭ᠎ᠠ ᠠᠷᠭ᠎ᠠ ᠬᠢᠳᠡᠯ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠢᠳᠡᠭᠡᠨ ᠤᠮᠳᠠᠭᠠᠨ᠂ ᠬᠡᠷ ᠤᠨ ᠶᠠᠪᠤᠳᠠᠯ ᠤᠨ ᠦᠢᠯᠡᠴᠢᠯᠡᠭᠡ᠂ ᠡᠮᠴᠢᠯᠡᠭᠡ ᠡᠷᠡᠭᠦᠯᠵᠢᠯ᠂ ᠵᠢᠭᠤᠯᠴᠢᠯᠠᠯ ᠰᠡᠯᠡᠭᠦᠴᠡᠯ ᠵᠡᠷᠭᠡ  ᠦᠢᠯᠡᠴᠢᠯᠡᠭᠡᠨ ᠤ ᠦᠢᠯᠡᠰ ᠯᠦᠭᠡ ᠤᠯᠠᠮ ᠨᠢᠭᠡ ᠠᠯᠬᠤᠮ ᠠᠭᠤᠰᠤᠯᠴᠠᠭᠤᠯᠤᠨ ᠬᠥᠭᠵᠢᠭᠦᠯᠵᠦ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ 2022 ᠣᠨ ᠳᠤ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 2 ᠠᠴᠠ ᠳᠤᠲᠠᠭᠤ ᠦᠭᠡᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 6 ᠠᠴᠠ ᠳᠤᠲᠠᠭᠤ ᠦᠭᠡᠢ ᠪᠠᠶᠢᠭᠤᠯᠤᠨ᠎ᠠ᠃ ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2023 ᠣᠨ — 2025 ᠣᠨ︶᠃ ᠨᠢᠭᠡᠨᠲᠡ ᠪᠠᠶᠢᠭᠤᠯᠤᠭᠰᠠᠨ ᠪᠤᠶᠤ ᠥᠭᠡᠷᠡᠴᠢᠯᠡᠨ ᠳᠡᠭᠡᠭᠰᠢᠯᠡᠭᠦᠯᠵᠦ ᠪᠠᠶᠢᠭᠠᠳ ᠠᠰᠢᠭᠯᠠᠯᠲᠠ ᠳᠤ ᠣᠷᠣᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠬᠡᠷᠡᠭᠯᠡᠯᠲᠡ ᠶᠢ ᠨᠢ ᠳᠤᠷ᠎ᠠ ᠪᠠᠷ ᠢᠶᠠᠨ ᠬᠤᠪᠢᠷᠠᠭᠤᠯᠬᠤ ᠥᠬᠡᠶ ᠰᠠᠭᠤᠷᠢᠨ ᠳᠡᠭᠡᠷ᠎ᠡ᠂ ᠠᠵᠢᠯ ᠤᠨ ᠦᠷ᠎ᠡ ᠪᠦᠲᠦᠭᠡᠯ ᠢ ᠨᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠪᠡᠯᠡᠳᠬᠡᠮᠵᠢ ᠶᠢ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠣᠯᠠᠨ ᠡᠰᠢᠲᠦ ᠨᠢᠭᠡ ᠴᠤᠭᠴᠠᠵᠢᠭᠰᠠᠨ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ᠂ ᠠᠷᠠᠳ ᠣᠯᠠᠨ ᠳᠤ ᠨᠡᠶᠢᠳᠡᠮ ᠮᠡᠳᠡᠷᠡᠭᠳᠡᠭᠰᠡᠨ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠰᠢᠨ᠎ᠡ  ᠲᠤᠭᠳᠠᠮᠵᠢ ᠶᠢ ᠠᠩᠬ᠎ᠠ ᠠᠯᠬᠤᠮ ᠪᠣᠶ ᠪᠣᠯᠭᠠᠬᠤ ᠬᠡᠷᠡᠭᠲᠡᠶ᠃ 2 ᠵᠢᠯ ᠤᠨ ᠳᠣᠲᠣᠷ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠥᠷᠲᠡᠭᠡ ᠶᠢ 6 ᠠᠴᠠ ᠳᠤᠲᠠᠭᠤ ᠥᠬᠡᠶ ᠪᠠᠶᠢᠭᠤᠯᠵᠤ ᠪᠥᠲᠥᠭᠡᠨ ᠪᠠᠶᠢᠭᠤᠯᠤᠨ᠎ᠠ᠃ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠢᠭᠡᠨᠲᠡ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠠᠶᠢᠮᠠᠭ ᠤᠨ ᠵᠠᠬᠢᠷᠭ᠎ᠠ ᠠᠴᠠ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠢ ᠭᠤᠤᠯᠯᠠᠨ ᠪᠠᠶᠢᠭᠤᠯᠬᠤ ᠪᠠᠷ ᠪᠣᠶ ︵ᠳᠠᠭᠠᠯᠳᠤᠭᠤᠯᠤᠯ ᠳᠤ ᠦᠵᠡ︶᠃ ᠮᠠᠨ ᠤ ᠬᠤᠲᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠲᠡᠭᠦᠨ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ ᠂ ᠬᠠᠷᠠᠯᠲᠠ ᠪᠠᠨ ᠲᠣᠳᠣᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ ᠬᠤᠲᠠ ᠶᠢᠨ ᠭᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ︵ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠡᠷ  ᠪᠥᠯᠢ ᠶᠢᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠪᠣᠯ ᠨᠢᠭᠡ  ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠬᠤ ᠪᠠᠷ ᠪᠠᠷᠠᠬᠤ ᠥᠬᠡᠶ᠂ ᠪᠠᠰᠠ ᠨᠢᠭᠡ ᠵᠦᠢᠯ ᠤᠨ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠤᠨ ᠭᠤᠤᠯ ᠴᠣᠭᠴᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠨᠦᠭᠦᠳ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠦᠴᠦ ᠪᠠᠨ ᠬᠠᠮᠲᠤᠳᠬᠠᠨ ᠬᠠᠮᠵᠢᠯᠴᠠᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠳᠠᠯᠢ ᠪᠤᠰᠤ ᠲᠥᠷᠥᠯ ᠬᠡᠯᠪᠡᠷᠢ ᠶᠢᠨ ᠬᠡᠷ  ᠪᠥᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠦᠨ᠂ ᠵᠥᠪᠰᠢᠶᠡᠷᠡᠨ ᠣᠷᠣᠭᠤᠯᠵᠤ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠵᠢ ᠪᠥᠷᠢᠳᠦᠭᠦᠯᠬᠦ ᠠᠵᠢᠯ ᠤᠨ ᠲᠦᠷᠢᠮ ᠪᠠ ᠦᠢᠯᠡᠴᠢᠯᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂  ᠦᠢᠯᠡᠴᠢᠯᠡᠭᠡᠨ ᠤ ᠬᠢᠨᠠᠯᠲᠠ ᠲᠠᠯᠪᠢᠬᠤ ᠪᠠ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠬᠤ ᠬᠡᠷᠡᠭᠲᠡᠶ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠠᠵᠢᠯ ᠢ ᠪᠥᠬᠦ ᠬᠤᠲᠠ ᠶᠢᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠪᠠ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠭᠤᠷᠪᠠ︶ ᠪᠠᠯᠠ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ  ᠱᠠᠲᠤᠨ ᠤ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠨᠥᠬᠦᠪᠥᠷᠢ ᠶᠢᠨ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠬᠤ ᠶᠢᠨ ᠬᠠᠮᠲᠤ᠂ ᠲᠡᠭᠦᠨ ᠢ ᠬᠤᠲᠠ ᠶᠢᠨ ᠱᠠᠲᠤᠨ ᠤ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠥᠷᠭᠡᠨ ᠢᠶᠠᠷ ᠲᠡᠳᠡᠨ ᠠᠪᠴᠢᠷᠠᠵᠤ᠂ ᠣᠯᠠᠨ ᠡᠰᠢᠵᠢᠭᠰᠡᠨ ᠵᠠᠭᠪᠤᠷ ᠢᠶᠠᠷ ᠳᠠᠮᠵᠢᠭᠤᠯᠤᠨ᠂ ᠮᠠᠨ ᠤ ᠬᠤᠲᠠ ᠶᠢᠨ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠳᠥᠷᠪᠡ︶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ︽ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠤᠨ ᠲᠣᠭᠲᠠᠴᠠ ᠪᠠᠶᠢᠭᠤᠯᠬᠤ᠂ ᠨᠠᠰᠤᠲᠠᠶᠢᠴᠤᠳ ᠲᠤ ᠠᠰᠢᠭ ᠬᠦᠷᠲᠡᠭᠡᠬᠦ︾ ᠵᠠᠷᠴᠢᠮ ᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ︔ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠨᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠦᠬᠦ ᠬᠤᠳᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号