ᠰᠢᠯᠢᠩᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ     ᠤ    ᠲᠤᠰᠬᠠᠶ    ᠠᠵᠢᠯ    ᠤᠨ    ᠤᠳᠤᠷᠢᠳᠬᠤ    ᠳᠤᠭᠤᠶᠢᠯᠠᠩ
ᠨᠡᠶᠢᠲᠡᠯᠡᠭᠰᠡᠨ ᠴᠠᠭ᠄
2021/12/15
ᠰᠢᠯᠢᠩᠬᠤᠲᠠ ᠶᠢᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ      ᠤ     ᠲᠤᠰᠬᠠᠶ    ᠠᠵᠢᠯ     ᠤᠨ    ᠤᠳᠤᠷᠢᠳᠬᠤ    ᠳᠤᠭᠤᠶᠢᠯᠠᠩᠳᠤᠭᠤᠶᠢᠯᠠᠩ ᠤᠨ ᠳᠠᠷᠤᠭ᠎ᠠ᠄ ᠪᠦᠷᠢᠨ                 ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄  ᠨᠠᠪᠴᠢᠮ᠎ᠠ               ᠵᠠᠰᠠᠭ ᠤᠨ ᠣᠷᠳᠣᠨ ᠤ ᠳᠡᠳ᠋  ᠬᠤᠲᠠ ᠶᠢᠨ ᠳᠠᠷᠤᠭ᠎ᠠᠭᠡᠰᠢᠭᠦᠨ᠄ᠶᠣᠣ ᠯᠢᠶᠠᠩ             ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠱᠢ ᠴᠢᠶᠠᠨ              ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠲᠣᠪᠴᠢᠶᠠᠨ ᠳᠠᠷᠤᠭ᠎ᠠᠭᠦᠸᠧ ᠶᠢᠩ            ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ  ᠲᠤᠪᠴᠢᠶ᠎ᠠ ᠶᠢᠨ ᠲᠣᠪᠴᠢᠶᠠᠨ ᠳᠠᠷᠤᠭ᠎ᠠᠲᠤᠶᠠᠭ᠎ᠠ               ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠲᠤᠪᠴᠢᠶᠠᠨ ᠳᠠᠷᠤᠭ᠎ᠠᠪᠦᠷᠢᠨ                 ᠬᠤᠳᠠ ᠶᠢᠨ  ᠬᠠᠤᠯᠢ ᠴᠠᠭᠠᠵᠠ ᠶᠢᠨ ᠲᠤᠪᠴᠢᠶ᠎ᠠ ᠶᠢᠨ ᠲᠤᠪᠴᠢᠶᠠᠨ ᠳᠠᠷᠤᠭ᠎ᠠᠯᠢᠦ ᠭᠤᠸᠠᠩ ᠨᠢᠩ       ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠣᠪᠴᠢᠶᠠᠨ ᠳᠠᠷᠤᠭ᠎ᠠᠸᠠᠩ ᠶᠸᠤ ᠪᠢᠨ          ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠸᠧᠶ ᠳ᠋ᠦᠩ        ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠᠪᠠᠶ ᠪᠦᠦ ᠱᠠᠨ           ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠᠢᠦᠶ ᠬᠤᠸᠠ           ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢᠸᠠᠩ ᠵᠢᠩ ᠺᠧ         ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠᠡᠤ ᡁᠢ ᠶᠦᠩ          ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠲᠤᠪᠴᠢᠶᠠᠨ ᠳᠠᠷᠤᠭ᠎ᠠᠯᠢᠦᠶ ᠹᠸᠡᠭ            ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠪᠴᠢᠶᠠᠨ ᠳᠠᠷᠤᠭ᠎ᠠᠠᠯᠳᠠᠨᠱᠠᠭ᠎ᠠ           ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢᠵᠠᠩ ᠶᠢᠨ ᠴᠧᠩ        ᠬᠤᠳᠠ ᠶᠢᠨ ᠴᠠᠬᠢᠯᠭᠠᠨ ᠬᠠᠩᠭᠠᠬᠤ ᠲᠤᠪᠴᠢᠶ᠎ᠠ ᠶᠢᠨ ᠲᠤᠪᠴᠢᠶᠠᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠳᠤ  ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠲᠤᠪᠴᠢᠶᠠᠨ ᠳᠠᠷᠤᠭ᠎ᠠ ᠲᠤᠶᠠᠭ᠎ᠠ ᠬᠠᠪᠰᠤᠷᠭᠠᠨ ᠬᠠᠷᠢᠭᠤᠴᠠᠨ᠎ᠠ᠃ ᠠᠯᠪᠠᠨ ᠬᠡᠷ ᠨᠢ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠵᠢᠯ ᠢ ᠬᠠᠮᠲᠤᠪᠠᠷ ᠰᠠᠶᠢᠲᠤᠷ ᠬᠢᠬᠦ ᠶᠢ ᠬᠠᠷᠢᠭᠤᠴᠠᠵᠤ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠄ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ  ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠳᠤ ᠣᠷᠣᠭᠤᠯᠵᠤ᠂ ᠳᠡᠭᠡᠳᠦ ᠱᠠᠲᠤᠨ ᠤ ᠠᠵᠢᠯ ᠲᠥᠷᠥᠯ  ᠳᠤ ᠲᠠᠭᠠᠷᠠᠬᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠷ ᠪᠥᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠲᠥᠷᠥᠯ ᠵᠦᠢᠯ ᠳᠤ ᠦᠨᠡᠯᠡᠨ ᠵᠢᠱᠢᠯᠲᠡ ᠬᠢᠨ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ  ᠨᠠᠰᠤᠲᠠᠶᠢᠴᠤᠳ ᠤᠨ ᠰᠤᠷᠤᠯᠴᠠᠬᠤ ᠲᠠᠪᠴᠠᠩ᠂ ᠰᠤᠷᠭᠠᠭᠤᠯᠢ ᠶᠢ ᠡᠷᠭᠢᠯᠡᠨ᠂ ᠨᠠᠰᠤᠲᠠᠶᠢᠴᠤᠳ ᠤᠨ ᠣᠶᠤᠨᠴᠢ ᠮᠡᠷᠭᠡᠵᠢᠯ ᠤᠨ ᠬᠡᠷᠡᠭᠯᠡᠭᠡᠨ ᠤ ᠪᠣᠯᠪᠠᠰᠤᠷᠠᠭᠤᠯᠤᠯ ᠢ ᠥᠷᠨᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠨᠠᠰᠤᠲᠠᠶᠢᠴᠤᠳ ᠲᠤ  ᠥᠲᠡᠯᠦᠭᠡ ᠪᠤᠯᠪᠠᠴᠤ ᠰᠤᠷᠤᠯᠴᠠᠬᠤ ᠣᠷᠴᠢᠨ ᠲᠣᠭᠤᠷᠢᠨ ᠢ ᠡᠭᠦᠳᠦᠨ ᠪᠠᠶᠢᠭᠤᠯᠵᠤ ᠥᠭᠭᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠪᠥᠬᠦ ᠬᠤᠲᠠ ᠶᠢᠨ ᠬᠡᠷ ᠪᠥᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ ᠴᠡᠭ︶ ᠤᠨ ᠢᠨᠲ᠋ᠧᠷ ᠰᠦᠯᠵᠢᠶ᠎ᠡ + ᠤᠶᠤᠨᠲᠤ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢᠵᠢᠯᠲᠠ ᠶᠢᠨ  ᠦᠢᠯᠡᠴᠢᠯᠡᠭᠡᠨ ᠤ ᠲᠠᠪᠴᠠᠩ ᠪᠠ  ᠢᠨᠲ᠋ᠧᠷ ᠰᠦᠯᠵᠢᠶᠡᠨ ᠤ ᠠᠮᠤᠷ ᠲᠦᠪᠰᠢᠨ ᠬᠡᠷᠡᠭᠯᠡᠭᠡ ᠶᠢ ᠬᠢᠨᠠᠨ ᠬᠠᠮᠢᠶᠠᠷᠬᠤ ᠶᠢ ᠬᠠᠪᠰᠤᠷᠤᠨ ᠪᠦᠲᠦᠭᠡᠨ ᠪᠠᠶᠢᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠠᠵᠢᠯ ᠢ ᠰᠠᠶᠢᠲᠤᠷ ᠲᠠᠶᠢᠴᠢᠯᠠᠨ ᠬᠢᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ  ᠴᠡᠭ︶ ᠤᠨ  ᠦᠢᠯᠡᠴᠢᠯᠡᠭᠡᠨ ᠤ ᠶᠠᠰᠤ ᠴᠢᠨᠠᠷ᠂ ᠠᠮᠤᠷ ᠲᠦᠪᠰᠢᠨ᠂ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠤᠯᠢ ᠶᠣᠰᠣᠭᠠᠷ ᠬᠠᠷᠢᠭᠤᠴᠠᠵᠤ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ  ᠴᠡᠭ︶ ᠤᠨ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠴᠠᠭᠠᠵᠠ ᠶᠢᠨ ᠰᠠᠯᠠᠭ᠎ᠠ ᠮᠥᠴᠢᠷ  ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢ ᠤᠬᠠᠭᠤᠯᠤᠨ ᠲᠤᠤᠱᠯᠠᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ ᠴᠡᠭ︶ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠪᠠ ᠡᠵᠡᠩᠨᠡᠯᠲᠡ ᠶᠢᠨ ᠨᠥᠬᠦᠪᠥᠷᠢ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠨᠥᠬᠦᠪᠥᠷᠢ ᠵᠡᠷᠭᠡ ᠪᠠᠯᠠ ᠮᠥᠩᠭᠦ ᠶᠢ ᠡᠳ᠋ ᠤᠨ ᠵᠠᠰᠠᠭ ᠤᠨ ᠣᠨ ᠤ ᠲᠥᠰᠦᠪ ᠲᠡᠭᠡᠨ ᠣᠷᠣᠭᠤᠯᠵᠤ᠂ ᠨᠥᠬᠦᠪᠥᠷᠢ ᠶᠢᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠡᠷ ᠪᠥᠯᠢ ᠪᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠰᠠᠯᠠᠭ᠎ᠠ ᠮᠥᠴᠢᠷ ᠤᠨ ᠣᠨ ᠤ ᠲᠥᠯᠥᠪᠯᠡᠭᠡ ᠳᠤ ᠣᠷᠣᠭᠤᠯᠵᠤ᠂ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠪᠣᠯᠪᠠᠰᠤᠷᠠᠭᠤᠯᠤᠯ ᠳᠤ ᠬᠡᠯᠪᠠᠶᠢᠯᠭᠡᠵᠦ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ  ︽ᠨᠠᠰᠤᠲᠠᠶᠢᠴᠤᠳ ᠢ ᠬᠠᠷᠠᠭᠠᠯᠵᠠᠬᠤ ᠪᠡᠯᠡᠳᠬᠡᠮᠵᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ︵ ᠰᠠᠭᠤᠭᠠᠯᠢ︶ ᠲᠣᠭᠤᠷᠢᠭ ᠤᠨ ᠬᠥᠮᠦᠨ ᠪᠦᠷᠢ ᠳᠤ ᠳᠤᠮᠳᠠᠴᠢ ᠪᠠᠷ 0.15 ᠲᠡᠭᠰᠢ ᠳᠥᠷᠪᠡᠯᠵᠢᠨ ᠮᠧᠲᠷ ᠠᠴᠠ ᠲᠤᠲᠠᠭᠤ ᠦᠭᠡᠢ  ᠪᠠᠶᠢᠬᠤ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠵᠢᠭᠦᠯᠦᠨ ᠳᠣᠭᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠪᠡᠯᠡᠳᠬᠡᠮᠵᠢ ᠶᠢᠨ ︽ᠳᠥᠷᠪᠡ ᠶᠢ ᠵᠡᠷᠭᠡ ᠳᠤᠨᠢ ᠶᠠᠪᠤᠭᠳᠠᠭᠤᠯᠬᠤ︾ ︵ᠣᠷᠣᠨ ᠰᠠᠭᠤᠴᠠ ᠶᠢ ᠵᠡᠷᠭᠡ ᠳᠤᠨᠢ ᠲᠥᠯᠥᠪᠵᠢᠭᠦᠯᠬᠦ᠂ ᠵᠡᠷᠭᠡ ᠳᠤᠨᠢ ᠪᠥᠲᠥᠭᠡᠨ ᠪᠠᠶᠢᠭᠤᠯᠬᠤ᠂ ᠵᠡᠷᠭᠡ ᠳᠤᠨᠢ ᠰᠢᠯᠭᠠᠨ ᠠᠪᠬᠤ ᠂ ᠵᠡᠷᠭᠡ ᠳᠤᠨᠢ ᠲᠤᠰᠢᠶᠠᠨ ᠬᠡᠷᠡᠭᠯᠡᠭᠦᠯᠬᠦ︶ ᠶᠢ ᠪᠡᠶᠡᠯᠡᠭᠦᠯᠦᠨ᠎ᠡ᠃ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠭᠤᠴᠢᠨ ᠬᠤᠲᠠ ᠶᠢᠨ ᠲᠣᠭᠤᠷᠢᠭ ᠪᠠ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ︵ ᠰᠠᠭᠤᠭᠠᠯᠢ︶ ᠲᠣᠭᠤᠷᠢᠭ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠶᠤᠯᠭᠦᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠤᠯᠢ ᠶᠣᠰᠣᠭᠠᠷ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠷᠤᠮᠵᠢᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠠᠷᠢᠭᠤᠴᠠᠨ᠎ᠠ᠃  ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠠᠯᠠᠭ᠎ᠠ ᠮᠥᠴᠢᠷ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠭᠡᠷ ᠪᠦᠯᠢ ᠶᠢᠨ ᠨᠠᠰᠤᠲᠠᠶᠢᠴᠤᠳ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ ᠴᠡᠭ︶ ᠤᠨ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ᠂ ᠳᠠᠩᠰᠠᠯᠠᠬᠤ ᠪᠠ ᠬᠠᠮᠢᠶᠠᠷᠬᠤ ᠶᠢ ᠬᠠᠤᠯᠢ ᠶᠣᠰᠣᠭᠠᠷ ᠬᠠᠷᠢᠭᠤᠴᠠᠵᠤ᠂ ᠬᠠᠷᠢᠶᠠᠲᠤ ᠣᠷᠣᠨ ᠤ ᠬᠡᠷ ᠪᠥᠯᠢ ᠶᠢᠨ ᠨᠠᠰᠤᠲᠠᠶᠢᠴᠤᠳ ᠲᠤ ᠬᠡᠷ ᠲᠤᠨᠢ ᠬᠥᠷᠬᠦ᠂ ᠲᠥᠬᠦᠮ᠂ ᠲᠦᠷᠭᠡᠨ ᠡᠮᠴᠢᠯᠡᠭᠡ᠂ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠨᠥᠬᠦᠴᠡᠯ ᠳᠤ ᠨᠡᠶᠢᠴᠡᠬᠦ ᠡᠮᠴᠢᠯᠡᠭᠡᠨ ᠤ ᠪᠠᠶᠢᠭᠤᠯᠤᠮᠵᠢ ᠨᠢ ᠬᠡᠷ ᠪᠦᠯᠢ ᠶᠢᠨ ᠡᠪᠡᠳᠴᠢᠲᠡᠨ ᠤ ᠣᠷᠣ᠂ ᠬᠡᠷ ᠲᠤᠨᠢ ᠬᠦᠷᠴᠦ ᠲᠣᠭᠤᠷᠢᠨ ᠡᠮᠴᠢᠯᠡᠬᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠂ ᠥᠨᠳᠥᠷ ᠨᠠᠰᠤᠲᠠᠶ᠂ ᠴᠢᠳᠠᠪᠤᠷᠢ ᠪᠠᠨ ᠠᠯᠳᠠᠭᠰᠠᠨ ᠪᠤᠶᠤ ᠴᠢᠳᠠᠪᠤᠷᠢ ᠪᠠᠨ ᠬᠠᠭᠠᠰ ᠠᠯᠳᠠᠭᠰᠠᠨ᠂ ᠣᠶᠤᠨ ᠤᠬᠠᠭᠠᠨ ᠢᠶᠠᠨ ᠠᠯᠳᠠᠭᠰᠠᠨ ᠨᠠᠰᠤᠲᠠᠶᠢᠴᠤᠳ ᠲᠤ ᠬᠡᠷ ᠪᠦᠯᠢ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠮᠴᠢ ᠰᠤᠪᠢᠯᠠᠭᠴᠢᠳ ᠤᠨ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠳᠤ ᠣᠴᠢᠵᠤ ᠠᠵᠢᠯ ᠡᠷᠭᠢᠯᠡᠬᠦ ᠶᠢ ᠵᠣᠷᠢᠭᠵᠢᠭᠤᠯᠬᠤ ᠶᠢᠨ ᠬᠠᠮᠲᠤ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠠᠳᠠᠯᠢ ᠲᠠᠰ ᠤᠨ ᠣᠯᠭᠤᠮᠵᠢ ᠭᠥᠷᠳᠡᠨ᠎ᠡ᠃ ᠨᠠᠰᠤᠲᠠᠶᠢᠴᠤᠳ ᠤᠨ ᠦᠨᠳᠦᠰᠦᠨ ᠡᠷᠡᠭᠦᠯ ᠮᠡᠨᠳᠦ ᠶᠢᠨ ᠡᠮᠴᠢᠯᠡᠭᠡᠨ ᠤ ᠲᠤᠭ᠎ᠠ ᠪᠠᠷᠢᠮᠲᠠ ᠶᠢ  ᠠᠪᠬᠤ᠂ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤᠪᠠᠷ ᠭᠥᠷᠳᠡᠬᠦ ᠶᠢ ᠬᠠᠤᠯᠢ ᠶᠣᠰᠣᠭᠠᠷ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠦᠷᠳᠡᠭᠡ︶ ᠤᠨ  ᠠᠶᠤᠯᠭᠦᠢ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠢᠨᠠᠨ ᠪᠤᠳᠤᠬᠤ ᠰᠠᠯᠠᠭ᠎ᠠ ᠮᠥᠴᠢᠷ  ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ᠂ ᠵᠠᠰᠠᠭ ᠤᠨ ᠣᠷᠳᠣᠨ ᠤ ᠨᠠᠰᠤᠵᠢᠯ ᠤᠨ  ᠦᠢᠯᠡᠴᠢᠯᠡᠭᠡᠨ ᠢ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠬᠡᠷ  ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ  ᠴᠡᠭ︶ ᠨᠢ ᠵᠠᠰᠠᠭ ᠤᠨ ᠣᠷᠳᠣᠨ ᠠᠴᠠ ᠲᠤᠭᠲᠠᠭᠠᠭᠰᠠᠨ ᠦᠨ᠎ᠡ᠂ ᠵᠠᠰᠠᠭ ᠤᠨ ᠣᠷᠳᠣᠨ ᠤ  ᠵᠢᠯᠤᠭᠤᠳᠤᠭᠰᠠᠨ ᠦᠨ᠎ᠡ ᠶᠢ ᠬᠡᠷᠡᠭᠵᠢᠭᠦᠯᠦᠭᠰᠡᠨ ᠦᠭᠡᠢ ᠪᠠ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠥᠬᠡᠶ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠠᠵᠢᠯ ᠢ ᠠᠬᠢᠭᠤᠯᠤᠨ᠂ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ  ᠴᠡᠭ︶ ᠤᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃ ᠵᠠᠰᠠᠭ ᠤᠨ ᠣᠷᠳᠣᠨ ᠤ  ᠠᠯᠪᠠᠨ ᠭᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠯᠠᠭ᠎ᠠ ᠮᠥᠴᠢᠷ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠲᠥᠪ ︵ᠥᠷᠲᠡᠭᠡ  ᠴᠡᠭ︶ ᠤᠨ ᠪᠥᠲᠥᠭᠡᠨ ᠪᠠᠶᠢᠭᠤᠯᠤᠯᠲᠠ ᠳᠤ ᠣᠯᠠᠨ ᠵᠦᠢᠯ ᠤᠨ ᠬᠡᠯᠪᠡᠷᠢ ᠶᠢᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠨ᠎ᠠ᠃ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ  ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ  ᠦᠢᠯᠡᠴᠢᠯᠡᠭᠡᠨ ᠤ ᠪᠡᠯᠡᠳᠬᠡᠮᠵᠢ ᠶᠢᠨ ᠠᠮᠤᠷ ᠲᠦᠪᠰᠢᠨ ᠵᠦᠶ ᠵᠣᠬᠢᠰᠲᠠᠶ ᠴᠠᠬᠢᠯᠭᠠᠨ ᠬᠡᠷᠡᠭᠯᠡᠬᠦ ᠶᠢ ᠪᠠᠲᠤᠯᠠᠨ᠎ᠠ᠃                     ᠰᠢᠯᠢ ᠶᠢᠨ ᠬᠤᠲᠠ ᠶᠢᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                      2021 ᠣᠨ ᠤ 8 ᠰᠠᠷ᠎ᠠ ᠶᠢᠨ 31 ᠤ ᠡᠳᠦᠷ ᠳᠠᠷᠤᠮᠯᠠᠨ ᠲᠠᠷᠬᠠᠭᠠᠪᠠ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号