12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠡᠮᠬᠢᠯᠡᠨ ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠡᠮᠬᠢᠯᠡᠨ ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠬᠤᠯᠪᠣᠭᠳᠠᠯ ᠪᠦᠬᠦᠢ ᠰᠠᠯᠠᠭ᠎ᠠ ᠮᠥᠴᠢᠷ ᠤᠳ᠄ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺53 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠤᠲᠠᠰᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠰᠢᠯᠢ  ᠶᠢᠨ ᠬᠤᠲᠠ ᠶᠢᠨ ᠵᠠᠰᠠᠭ ᠠᠯᠪᠠᠨ ᠲᠠᠷᠬᠠᠭᠠᠭᠰᠠᠨ ︹2020︺83 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠲᠠᠢ ᠤᠶᠠᠯᠳᠤᠭᠤᠯᠤᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠪᠠ ᠣᠯᠠᠨ ᠲᠦᠮᠡᠨ ᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠵᠠᠰᠠᠭ ᠤᠨ ᠣᠷᠳᠣᠨ ᠤ ᠠᠵᠤ ᠠᠬᠤᠶᠢᠯᠠᠯ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ᠨᠢᠭᠡ᠂ ᠠᠵᠢᠯ ᠤᠨ ᠬᠠᠷᠠᠯᠲᠠ2021 ᠣᠨ ᠤ ᠵᠢᠯ ᠤᠨ ᠰᠡᠭᠦᠯᠴᠢ ᠠᠴᠠ ᠡᠮᠦᠨ᠎ᠡ᠂ 110᠂ 119᠂ 120᠂ 122 ᠵᠡᠷᠭᠡ ᠪᠠᠴᠢᠮ  ᠤᠲᠠᠰᠤ ᠠᠴᠠ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠣᠭᠢᠷᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠬᠠᠷᠢᠭᠤᠴᠠᠨ ᠭᠥᠯᠢᠶᠡᠨ ᠠᠪᠴᠤ ᠨᠢᠭᠡ ᠨᠣᠮᠧᠷ ᠢᠶᠠᠷ ᠦᠢᠯᠡᠴᠢᠯᠡᠬᠦ ᠶᠢ ᠪᠡᠶᠡᠯᠡᠭᠦᠯᠵᠦ᠂ ᠨᠡᠶᠢᠯᠡᠭᠦᠯᠦᠭᠰᠡᠨ ᠤ ᠳᠠᠷᠠᠭᠠᠬᠢ ᠤᠲᠠᠰᠤ ᠶᠢ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ︾ ︵12345 ᠤᠲᠠᠰᠤ ᠭᠡᠵᠦ ᠲᠣᠪᠴᠢᠯᠠᠨ᠎ᠠ︶ ᠪᠣᠯᠭᠠᠨ ᠨᠢᠭᠡᠳᠬᠡᠵᠦ᠂ ᠠᠪᠢᠶ᠎ᠠ ᠪᠠᠷ ᠳᠠᠭᠤᠳᠠᠬᠤ ᠨᠣᠮᠧᠷ ᠨᠢ ︽12345︾ ᠪᠠᠶᠢᠵᠤ᠂ ︽7 × 24 ᠴᠠᠭ︾ ᠤᠨ ᠪᠥᠬᠦ ᠡᠳᠦᠷ ᠤᠨ ᠬᠥᠮᠦᠨ ᠤ ᠬᠦᠴᠦᠨ ᠤ ᠦᠢᠯᠡᠴᠢᠯᠡᠭᠡ ᠬᠠᠩᠭᠠᠨ᠎ᠠ᠃ᠬᠤᠶᠠᠷ  ᠂ ᠠᠵᠢᠯ ᠤᠨ  ᠵᠠᠷᠴᠢᠮ12345 ᠳ᠋ᠤᠭᠠᠷ ᠤᠲᠠᠰᠤ ᠨᠢ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠡᠩ ᠤᠨ ᠴᠢᠨᠠᠷᠲᠠᠶ ᠯᠠᠪᠯᠠᠭ᠎ᠠ ᠳᠤ ᠬᠠᠷᠢᠭᠤᠯᠲᠠ ᠥᠭᠬᠦ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠣᠷᠣᠯᠠᠬᠤ ᠥᠬᠡᠶ᠂ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠪᠠ ᠵᠠᠭᠠᠯᠳᠤᠵᠤ ᠢᠯᠡᠴᠢᠯᠡᠨ ᠮᠡᠳᠡᠭᠦᠯᠬᠦ ᠳᠤ ᠬᠤᠯᠪᠣᠭᠳᠠᠭᠰᠠᠨ 12345 ᠳ᠋ᠤᠭᠠᠷ ᠤᠲᠠᠰᠤ ᠶᠢ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠦᠨ᠎ᠡ ᠃ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠵᠦ᠂ ᠮᠡᠳᠡᠯᠭᠡ ᠶᠢᠨ ᠬᠥᠮᠥᠷᠭᠡ ᠶᠢ ᠬᠠᠮᠲᠤ ᠪᠠᠷ ᠡᠳ᠋ᠯᠡᠬᠦ ᠂ ᠲᠤᠰᠬᠠᠶ ᠮᠡᠷᠭᠡᠵᠢᠯᠲᠡᠨ ᠢᠶᠠᠷ ᠳᠡᠮᠵᠢᠭᠦᠯᠬᠦ᠂ ᠲᠥᠪ ᠬᠤᠪᠢᠶᠠᠨ ᠬᠠᠮᠲᠤᠷᠠᠨ ᠬᠥᠳᠡᠯᠦᠯᠴᠡᠬᠦ ᠵᠡᠷᠭᠡ ᠲᠣᠭᠲᠠᠴᠠ ᠶᠢ ᠡᠮᠬᠢ ᠵᠢᠷᠤᠮ ᠲᠠᠢ ᠪᠠᠷ ᠲᠡᠭᠦᠯᠳᠡᠷᠵᠢᠭᠦᠯᠵᠦ᠂ ᠤᠲᠠᠰᠤᠨ ᠤ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 12345 ᠤᠲᠠᠰᠤ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ᠂ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠤ ᠦᠷᠲᠡᠭᠡ ᠶᠢᠨ ᠬᠤᠯᠪᠣᠯᠳᠤᠨ ᠨᠡᠶᠢᠯᠡᠯᠴᠡᠬᠦ ᠶᠢ ᠲᠦᠯᠬᠢᠨ ᠠᠬᠢᠭᠤᠯᠵᠤ᠂ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠭᠤᠷᠪᠠ᠂ ᠨᠡᠶᠢᠯᠡᠭᠦᠯᠬᠦ ᠠᠷᠭ᠎ᠠ ᠮᠠᠶ᠋ᠢᠭᠨᠢᠭᠡ ᠳᠤ ᠪᠦᠬᠦᠯᠢ ᠴᠣᠭᠴᠠ ᠪᠠᠷ ᠨᠢ ᠨᠡᠶᠢᠯᠡᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠨᠡᠯᠢᠶᠡᠳ ᠳᠣᠤᠷ᠎ᠠ ᠳᠠᠪᠲᠠᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠤᠲᠠᠰᠤᠳᠠᠵᠤ᠂ ᠨᠣᠮᠧᠷ ᠢ ᠨᠢ ᠬᠦᠴᠦᠨ ᠥᠬᠡᠶ ᠪᠣᠯᠭᠠᠵᠤ᠂ ᠣᠳᠠᠰᠦ ᠵᠠᠯᠭᠠᠯᠲᠠ ᠶᠢᠨ ᠰᠠᠭᠤᠳᠠᠯ ᠢ 12345 ᠤᠲᠠᠰᠤ ᠲᠠᠢ ᠨᠢᠭᠡᠳᠦᠯᠲᠡᠶ ᠨᠡᠶᠢᠯᠡᠭᠦᠯᠪᠡ᠃ ᠬᠤᠶᠠᠷ ᠲᠤ ᠬᠤᠣᠰ ᠨᠣᠮᠧᠷ ᠢ ᠵᠡᠷᠭᠡ ᠪᠠᠷ ᠬᠡᠷᠡᠭᠯᠡᠨ᠎ᠡ᠃  ᠣᠳᠠᠰᠦ ᠵᠠᠯᠭᠠᠯᠲᠠ ᠶᠢᠨ ᠬᠡᠮᠵᠢᠶ᠎ᠡ ᠪᠠᠷ ᠶᠡᠭᠡ᠂ ᠨᠡᠶᠢᠭᠡᠮ ᠨᠡᠶᠢᠲᠡ ᠶᠢᠨ ᠮᠡᠳᠡᠬᠦ ᠬᠡᠮᠵᠢᠶ᠎ᠡ ᠪᠠᠷ ᠥᠨᠳᠥᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠨᠣᠮᠧᠷ ᠢᠶᠠᠷ ᠨᠢ ᠦᠯᠡᠳᠡᠭᠡᠵᠦ᠂ ᠣᠳᠠᠰᠦ ᠵᠠᠯᠭᠠᠯᠲᠠ ᠶᠢᠨ ᠰᠠᠭᠤᠳᠠᠯ ᠢ 12345  ᠤᠲᠠᠰᠤ ᠲᠠᠢ ᠨᠡᠶᠢᠯᠡᠭᠦᠯᠦᠨ ᠨᠢᠭᠡᠳᠦᠯᠲᠡᠶ ᠬᠠᠮᠢᠶᠠᠷᠤᠨ᠎ᠠ᠃ ᠨᠡᠶᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠥᠬᠡᠶ ᠤᠲᠠᠰᠤᠨ ᠳᠤ ᠣᠳᠠᠰᠦ ᠵᠠᠯᠭᠠᠯᠲᠠ ᠶᠢᠨ ᠰᠠᠭᠤᠳᠠᠯ ᠢ ᠦᠯᠡᠳᠡᠭᠡᠵᠦ᠂ 12345 ᠤᠲᠠᠰᠤ ᠲᠠᠢ ᠣᠳᠠᠰᠦ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ 12345 ᠤᠲᠠᠰᠤᠨ ᠤ ᠪᠠᠷᠢᠮᠵᠢᠶ᠎ᠠ ᠪᠠᠷ ᠨᠢᠭᠡᠳᠦᠯᠲᠡᠶ ᠦᠢᠯᠡᠴᠢᠯᠡᠭᠡ  ᠬᠠᠩᠭᠠᠨ᠎ᠠ᠃ ᠭᠤᠷᠪᠠ ᠳᠤ ᠬᠤᠪᠢᠶᠠᠷᠢ ᠲᠥᠪ ᠪᠠᠶᠢᠭᠤᠯᠤᠨ᠎ᠠ᠃ ᠰᠢᠭᠤᠳ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠬᠤᠪᠢᠶᠠᠷᠢ ᠲᠥᠪ ᠤᠨ ᠬᠡᠯᠪᠡᠷᠢ ᠪᠠᠷ ᠪᠠᠶᠢᠭ᠎ᠠ ᠭᠠᠵᠠᠷ ᠤᠨ ᠢᠶᠠᠨ 12345 ᠤᠲᠠᠰᠤᠨ ᠳᠤ ᠨᠡᠶᠢᠯᠡᠭᠦᠯᠦᠨ᠂ ᠨᠣᠮᠧᠷ ᠪᠠ ᠣᠳᠠᠰᠦ ᠵᠠᠯᠭᠠᠯᠲᠠ ᠶᠢᠨ ᠰᠠᠭᠤᠳᠠᠯ ᠢ ᠦᠯᠡᠳᠡᠭᠡᠵᠦ᠂ 12345 ᠤᠲᠠᠰᠤ ᠲᠠᠢ ᠣᠳᠠᠰᠦ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ ︽7 × 24 ᠴᠠᠭ︾ ᠤᠨ ᠪᠦᠬᠦᠯᠢ ᠡᠳᠦᠷ ᠤᠨ ᠬᠥᠮᠦᠨ ᠤ ᠬᠦᠴᠦᠨ ᠤ ᠦᠢᠯᠡᠴᠢᠯᠡᠭᠡ ᠶᠢ ᠬᠠᠩᠭᠠᠨ᠎ᠠ᠃ 12345 ᠤᠲᠠᠰᠤ ᠨᠢ ᠮᠡᠳᠡᠯᠭᠡ ᠶᠢᠨ ᠬᠥᠮᠥᠷᠭᠡ ᠶᠢᠨ ᠶᠣᠰᠣᠭᠠᠷ ᠡᠩ ᠤᠨ ᠴᠢᠨᠠᠷᠲᠠᠶ ᠯᠠᠪᠯᠠᠯᠲᠠ ᠳᠤ ᠬᠠᠷᠢᠭᠤᠯᠲᠠ ᠥᠭᠴᠦ ᠪᠣᠯᠤᠨ᠎ᠠ᠂ ᠬᠠᠷᠢᠴᠠᠩᠭᠤᠶ ᠲᠤᠰᠬᠠᠶ ᠮᠡᠷᠭᠡᠵᠢᠯ ᠤᠨ ᠠᠰᠠᠭᠤᠳᠠᠯ ᠪᠠ ᠰᠠᠯᠠᠭ᠎ᠠ ᠮᠥᠴᠢᠷ ᠠᠴᠠ ᠰᠢᠢᠳᠪᠦᠷᠢᠯᠡᠬᠦ ᠴᠢᠬᠤᠯᠠᠲᠠᠶ ᠵᠦᠢᠯᠡᠰ ᠢ ᠳ᠋ᠢᠩ ᠳ᠋ᠢᠩ ᠰᠢᠰᠲ᠋ᠧᠮ ᠤᠨ ᠬᠤᠲᠠ ᠶᠢᠨ ᠤᠶᠤᠨᠴᠢ ᠲᠥᠪ ᠠᠴᠠ ᠠᠵᠢᠯ ᠤᠨ ᠬᠠᠭᠤᠳᠠᠰᠤ ᠲᠠᠷᠬᠠᠭᠠᠨ ᠬᠤᠪᠢᠶᠠᠷᠢ ᠲᠥᠪ ᠲᠤ ᠰᠢᠯᠵᠢᠭᠦᠯᠦᠨ ᠰᠢᠢᠳᠪᠦᠷᠢᠯᠡᠭᠦᠯᠦᠨ᠎ᠡ᠃ᠳᠥᠷᠪᠡ᠂ ᠨᠡᠶᠢᠯᠡᠭᠦᠯᠬᠦ ᠱᠠᠭᠠᠷᠳᠠᠯᠭ᠎ᠠᠡᠯ᠎ᠡ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢᠨ ᠨᠣᠮᠧᠷ ᠢ ᠪᠦᠬᠦᠨ ᠢ ᠬᠦᠴᠦᠨ ᠥᠬᠡᠶ ᠪᠣᠯᠭᠠᠵᠤ᠂ ᠪᠦᠬᠦᠯᠢ 12345 ᠤᠲᠠᠰᠤ ᠶᠢ ᠨᠡᠶᠢᠯᠡᠭᠦᠯᠦᠨ ᠣᠷᠣᠭᠤᠯᠤᠨ᠎ᠠ᠃ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠳᠡᠭᠡᠷᠡᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ 12345 ᠤᠲᠠᠰᠤᠨ ᠳᠤ ᠨᠡᠶᠢᠯᠡᠭᠦᠯᠦᠨ ᠣᠷᠣᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤᠨ ᠤ ᠲᠥᠬᠦᠭᠡᠷᠦᠮᠵᠢ᠂ ᠠᠵᠢᠯ ᠤᠨ ᠶᠠᠪᠤᠴᠠ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠤᠭ᠎ᠠ᠂ ᠮᠡᠳᠡᠯᠭᠡ ᠶᠢᠨ ᠬᠥᠮᠥᠷᠭᠡ᠂ ᠦᠢᠯᠡᠴᠢᠯᠡᠭᠡᠨ ᠤ ᠴᠢᠳᠠᠪᠤᠷᠢ ᠵᠡᠷᠭᠡ ᠪᠠᠶᠢᠳᠠᠯ ᠢ ᠨᠢᠭᠡᠳᠦᠯᠲᠡᠶ ᠲᠥᠯᠥᠪᠯᠡᠵᠦ᠂ ᠤᠲᠠᠰᠤ ᠵᠠᠯᠭᠠᠯᠲᠠ ᠶᠢᠨ ᠠᠵᠢᠯᠲᠠᠨ ᠢ ᠵᠣᠯᠭᠠᠭᠤᠯᠬᠤ᠂ ᠲᠠᠯᠠᠪᠤᠷ ᠭᠠᠵᠠᠷ᠂ ᠰᠢᠰᠲ᠋ᠧᠮ᠂ ᠵᠠᠷᠤᠳᠠᠯ ᠵᠡᠷᠭᠡ ᠡᠯ᠎ᠡ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠰᠢᠯᠵᠢᠯᠲᠡ ᠶᠢᠨ ᠬᠤᠭᠤᠴᠠᠭᠠᠨ ᠳᠠᠬᠢ ᠣᠳᠠᠰᠣᠨ ᠠᠪᠢᠶᠠᠨ ᠤ ᠰᠠᠨᠠᠭᠤᠯᠤᠮᠵᠢ ᠶᠢ ᠳᠣᠭᠢᠷᠠᠭᠤᠯᠤᠨ᠂ 12345 ᠤᠲᠠᠰᠤ ᠶᠢᠨ ᠲᠠᠪᠴᠠᠩ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠣᠯᠭᠠᠭᠤᠯᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠤᠲᠠᠰᠤ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠠᠭᠤᠷᠠᠭᠤᠯᠬᠤ ᠥᠬᠡᠶ᠂ ᠲᠤᠬᠠᠶᠢᠯᠠᠭᠰᠠᠨ ᠠᠵᠢᠯ ᠢ ᠡᠮᠬᠢ ᠵᠢᠷᠤᠮ ᠲᠠᠢ ᠭᠦᠢᠴᠡᠳᠬᠡᠬᠦ ᠶᠢ ᠪᠠᠲᠤᠯᠠᠨ᠎ᠠ᠃ᠲᠠᠪᠤ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡᠠᠵᠤ ᠠᠬᠤᠶ ᠶᠢᠨ ᠵᠣᠬᠢᠴᠠᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ ᠶᠢ ᠪᠠᠭᠲᠠᠭᠠᠭᠰᠠᠨ ᠠᠵᠤ ᠠᠬᠤᠶᠢᠯᠠᠯ ᠪᠠ ᠤᠯᠠᠨ ᠲᠦᠮᠡᠨ ᠤ ᠡᠯ᠎ᠡ ᠲᠦᠷᠦᠯ ᠤᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠶᠢ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠪᠠ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠵᠠᠮ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ᠵᠢᠷᠭᠤᠭ᠎ᠠ᠂ ᠠᠮᠤᠷ ᠲᠦᠪᠰᠢᠨ ᠤ ᠪᠠᠲᠤᠯᠠᠭ᠎ᠠᠬᠤᠲᠠ ᠶᠢᠨ ᠵᠢᠯᠣᠭᠤᠳᠬᠤ ᠲᠥᠪ ᠨᠢ 12345 ᠤᠲᠠᠰᠤ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ ᠶᠣᠰᠣᠭᠠᠷ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠵᠤ᠂ ︽ᠬᠡᠨ ᠬᠠᠮᠢᠶᠠᠷᠪᠠᠯ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠰᠤᠷᠪᠤᠯᠵᠢᠯᠠᠨ ᠯᠠᠪᠯᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠥᠬᠦ ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ᠳᠣᠯᠤᠭ᠎ᠠ᠂ ᠰᠢᠮᠳᠠᠭᠤᠯᠤᠨ ᠰᠢᠢᠳᠪᠦᠷᠢᠯᠡᠭᠦᠯᠬᠦ ᠲᠣᠭᠲᠠᠴᠠ ᠬᠤᠲᠠ ᠶᠢᠨ ᠵᠢᠯᠣᠭᠤᠳᠬᠤ ᠲᠥᠪ ᠨᠢ 12345 ᠤᠲᠠᠰᠤ ᠶᠢ ᠰᠢᠮᠳᠠᠭᠤᠯᠤᠨ ᠭᠦᠢᠴᠡᠳᠬᠡᠬᠦ᠂ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠨ᠎ᠠ᠃ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠨᠢᠭᠡᠴᠢ ᠶᠢᠨ ᠠᠰᠠᠭᠤᠳᠠᠯ ᠢ ᠰᠢᠢᠳᠪᠦᠷᠢᠯᠡᠬᠦ ᠨᠤᠷᠮ᠎ᠠ᠂ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠵᠡᠷᠭᠡ ᠭᠦᠢᠴᠡᠳᠬᠡᠬᠦ ᠲᠤᠭ᠎ᠠ ᠶᠢ ᠶᠡᠷᠦᠩᠬᠡᠶᠢᠯᠡᠨ ᠦᠨᠡᠯᠡᠬᠦ ᠠᠷᠭ᠎ᠠ ᠶᠢ ᠲᠣᠭᠲᠠᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠲᠡᠭᠦᠯᠳᠡᠷᠵᠢᠭᠦᠯᠵᠦ᠂ ᠤᠲᠠᠰᠤ ᠶᠢ ᠨᠡᠶᠢᠯᠡᠭᠦᠯᠦᠭᠰᠡᠨ ᠤ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ 12345 ᠤᠲᠠᠰᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠮᠳᠠᠭᠤᠯᠤᠨ ᠰᠢᠢᠳᠪᠦᠷᠢᠯᠡᠭᠦᠯᠬᠦ ᠬᠠᠭᠤᠳᠠᠰᠤ᠂ ᠲᠤᠰᠬᠠᠶ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠬᠦ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠬᠤ ᠬᠡᠷᠡᠭᠲᠡᠶ᠃ ᠵᠠᠰᠠᠭ ᠵᠠᠬᠢᠷᠭᠠᠨ  ᠤ ᠡᠶᠡᠳᠡᠭᠦᠯᠭᠡ ᠶᠢᠨ ᠲᠦᠷᠦᠯ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠦᠷᠦᠯ ᠤᠨ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠂ ᠬᠠᠨᠤᠮᠵᠢ ᠶᠢᠨ ᠨᠤᠷᠮ᠎ᠠ ᠶᠢ ᠥᠷᠥᠭᠡᠰᠦᠯ ᠢᠶᠠᠷ ᠬᠥᠭᠡᠭᠡᠴᠡᠯᠳᠦᠵᠦ ᠪᠣᠯᠬᠤ ᠦᠭᠡᠢ᠃ ᠡᠯ᠎ᠡ ᠪᠦᠷᠢᠯᠳᠦᠬᠦᠨ ᠨᠢᠭᠡᠴᠢ ᠨᠦᠭᠦᠳ ᠵᠢᠯᠣᠭᠤᠳᠬᠤ ᠲᠥᠪ ᠲᠤ 1 ᠴᠠᠭ ᠤᠨ ᠳᠣᠲᠣᠷ᠎ᠠ ᠡᠷᠬᠡᠪᠰᠢ ᠬᠠᠭᠤᠳᠠᠰᠤ ᠭᠥᠯᠢᠶᠡᠨ ᠠᠪᠴᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠭᠰᠡᠨ ᠶᠠᠰᠤ ᠴᠢᠨᠠᠷ ᠢᠶᠠᠷ ᠠᠨᠠᠶ᠂ ᠰᠢᠯᠲᠠᠭᠯᠠᠨ ᠲᠦᠯᠬᠢᠯᠴᠡᠬᠦ ᠪᠤᠶᠤ ᠬᠤᠳᠠᠯ ᠢᠶᠠᠷ ᠮᠡᠳᠡᠭᠦᠯᠦᠭᠡᠳ ᠮᠡᠳᠡᠭᠦᠯᠬᠦ ᠥᠬᠡᠶ ᠨᠢᠭᠤᠭᠰᠠᠨ᠂ 1 ᠴᠠᠭ ᠤᠨ ᠳᠣᠲᠣᠷ᠎ᠠ ᠬᠠᠭᠤᠳᠠᠰᠤ ᠭᠥᠯᠢᠶᠡᠨ ᠠᠪᠤᠭᠰᠠᠨ ᠥᠬᠡᠶ᠂ ᠴᠠᠭ ᠠᠴᠠ ᠬᠡᠲᠦᠷᠡᠭᠦᠯᠦᠨ ᠭᠦᠢᠴᠡᠳᠬᠡᠭᠰᠡᠨ᠂ ᠵᠣᠬᠢᠰ ᠥᠬᠡᠶ ᠪᠠᠷ ᠬᠠᠭᠤᠳᠠᠰᠤ ᠪᠤᠴᠠᠭᠠᠭᠰᠠᠨ᠂ ᠬᠠᠭᠤᠳᠠᠰᠤ ᠪᠤᠴᠠᠭᠠᠭᠰᠠᠨ ᠨᠢ ᠴᠠᠭ ᠲᠤᠬᠠᠶ ᠳᠤᠨᠢ ᠭᠦᠢᠴᠡᠳᠬᠡᠭᠰᠡᠨ ᠥᠬᠡᠶ ᠠᠴᠠ ᠪᠣᠯᠵᠣ ᠦᠷᠭᠦᠯᠵᠢᠯᠡᠨ ᠭᠦᠢᠴᠡᠳᠬᠡᠭᠰᠡᠨ ᠨᠢᠭᠡᠴᠢ ᠴᠠᠭ ᠠᠴᠠ ᠬᠡᠲᠦᠷᠡᠭᠰᠡᠨ ᠵᠡᠷᠭᠡ ᠪᠠᠶᠢᠳᠠᠯ ᠢ ᠰᠢᠯᠭᠠᠨ ᠬᠢᠨᠠᠬᠤ ᠲᠣᠭᠲᠠᠴᠠ ᠲᠠᠢ ᠰᠢᠭᠤᠳ ᠬᠤᠯᠪᠣᠭᠳᠠᠭᠤᠯᠵᠤ ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠪᠠ ᠵᠠᠷᠯᠠᠨ ᠮᠡᠳᠡᠭᠳᠡᠨ᠎ᠡ᠃ ᠢᠯᠠᠩᠭᠤᠶ᠎ᠠ ᠬᠠᠭᠤᠳᠠᠰᠤ ᠶᠢ ᠴᠠᠭ ᠲᠤᠬᠠᠶ ᠳᠤᠨᠢ ᠪᠤᠴᠠᠭᠠᠭᠰᠠᠨ ᠥᠬᠡᠶ ᠠᠴᠠ ᠪᠣᠯᠵᠣ ᠦᠷᠭᠦᠯᠵᠢᠯᠡᠨ ᠭᠦᠢᠴᠡᠳᠬᠡᠬᠦ ᠨᠢᠭᠡᠴᠢ ᠴᠠᠭ ᠠᠴᠠ ᠬᠡᠲᠦᠷᠡᠭᠰᠡᠨ ᠪᠠᠶᠢᠳᠠᠯ ᠳᠤ ᠴᠢᠭᠯᠡᠭᠦᠯᠦᠨ᠂ ᠦᠷᠭᠦᠯᠵᠢᠯᠡᠨ ᠭᠦᠢᠴᠡᠳᠬᠡᠬᠦ ᠨᠢᠭᠡᠴᠢ ᠲᠠᠢ ᠠᠳᠠᠯᠢᠬᠠᠨ ᠢᠶᠠᠷ ᠬᠠᠷᠢᠭᠤᠴᠠᠯᠭ᠎ᠠ ᠨᠡᠬᠡᠮᠵᠢᠯᠡᠵᠦ ᠵᠠᠷᠯᠠᠨ ᠮᠡᠳᠡᠭᠳᠡᠭᠰᠡᠨ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ᠨᠠᠢᠮᠠ᠂ ᠬᠠᠮᠢᠶ᠎ᠠ ᠪᠦᠬᠦᠢ ᠱᠠᠭᠠᠷᠳᠠᠯᠭ᠎ᠠ ︵ᠨᠢᠭᠡ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠪᠦᠷᠢᠯᠳᠦᠬᠦᠨ ᠨᠢᠭᠡᠴᠢ ᠶᠢᠨ ᠬᠢᠨ ᠳ᠋ᠢᠩ ᠳ᠋ᠢᠩ ᠰᠢᠰᠲ᠋ᠧᠮ ᠵᠢᠴᠢ ᠰᠢᠰᠲ᠋ᠧᠮ ᠳᠠᠬᠢ ᠣᠶᠤᠨᠴᠢ ᠶᠡᠷᠦᠩᠬᠡᠶᠢᠯᠡᠭᠰᠡᠨ ᠳᠤᠬᠢᠷᠠᠭᠤᠯᠭ᠎ᠠ ᠶᠢᠨ ᠲᠠᠪᠴᠠᠩ ᠤᠨ ᠡᠯ᠎ᠡ ᠵᠦᠢᠯ ᠤᠨ ᠢᠵᠢ ᠪᠦᠷᠢᠳᠦᠭᠰᠡᠨ ᠴᠢᠳᠠᠪᠬᠢ ᠶᠢᠨ ᠬᠡᠷᠡᠭᠯᠡᠯᠲᠡ ᠳᠡᠯᠭᠡᠷᠡᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠰᠠᠯᠠᠭ᠎ᠠ ᠮᠥᠴᠢᠷ ᠨᠢ ᠲᠤᠰᠬᠠᠶ ᠲᠤᠰᠢᠶᠠᠯᠲᠤ ᠬᠠᠮᠢᠶᠠᠷᠤᠭᠴᠢ ᠲᠠᠢ ᠪᠠᠶᠢᠵᠤ᠂ ᠬᠠᠮᠢᠶᠠᠷᠤᠭᠴᠢ  ᠨᠢ ᠲᠣᠰ ᠰᠠᠯᠠᠭ᠎ᠠ ᠮᠥᠴᠢᠷ ᠤᠨ ᠢᠶᠠᠨ ᠳ᠋ᠢᠩ ᠳ᠋ᠢᠩ ᠰᠢᠰᠲ᠋ᠧᠮ ᠳᠠᠬᠢ ︽ᠰᠢᠯᠢ ᠶᠢᠨ ᠬᠤᠲᠠ ᠶᠢᠨ ᠨᠠᠮ ᠵᠠᠰᠠᠭ ᠤᠨ ᠠᠵᠢᠯ ᠤᠨ ᠲᠠᠪᠴᠠᠩ︾ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷᠠᠬᠢ ᠠᠵᠢᠯᠲᠠᠨ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠶᠢ ᠬᠠᠷᠢᠭᠤᠴᠠᠵᠤ᠂ ᠣᠶᠤᠨᠴᠢ ᠶᠡᠷᠦᠩᠬᠡᠶᠢᠯᠡᠨ ᠳᠣᠭᠢᠷᠠᠭᠤᠯᠬᠤ ᠲᠠᠪᠴᠠᠩ ᠯᠤᠭ᠎ᠠ ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠵᠤ᠂ ᠬᠠᠭᠤᠳᠠᠰᠤ ᠲᠣᠮᠢᠯᠠᠬᠤ ᠡᠭᠦᠷᠭᠡ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠤ ᠰᠦᠯᠵᠢᠶᠡᠨ ᠤ ᠠᠵᠢᠯᠲᠠᠨ ᠰᠢᠢᠳᠪᠦᠷᠢᠯᠡᠵᠦ ᠳᠠᠭᠤᠰᠤᠭᠰᠠᠨ ᠬᠡᠷᠡᠭ ᠢ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ᠳᠡᠭᠡᠭᠰᠢ ᠮᠡᠳᠡᠭᠦᠯᠦᠭᠰᠡᠨ ᠤ ᠳᠠᠷᠠᠭ᠎ᠠ᠂ ᠡᠷᠬᠡᠪᠰᠢ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤᠨᠢ ᠬᠢᠨᠠᠨ ᠬᠠᠷᠭᠤᠭᠤᠯᠵᠤ᠂ ᠴᠠᠭ ᠠᠴᠠ ᠬᠡᠲᠦᠷᠡᠭᠦᠯᠦᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠥᠬᠡᠶ ᠪᠠᠶᠢᠪᠠᠯ᠂ ᠰᠦᠯᠵᠢᠶᠡᠨ ᠤ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠳᠤ ᠣᠷᠣᠭᠤᠯᠬᠤ ᠬᠡᠷᠡᠭᠲᠡᠶ᠃ ᠡᠭᠦᠨ ᠤ ᠬᠠᠮᠲᠤ᠂ ᠡᠮᠬᠢᠯᠡᠨ ᠨᠡᠶᠢᠯᠡᠭᠦᠯᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠵᠢᠯᠣᠭᠤᠳᠬᠤ ᠲᠥᠪ ᠤᠨ ᠪᠣᠳᠠᠲᠠᠶ ᠵᠠᠭᠠᠯᠳᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠵᠠᠭᠠᠯᠳᠤᠯᠭ᠎ᠠ ᠶᠢᠨ ᠠᠰᠠᠭᠤᠳᠠᠯ ᠣᠯᠠᠨ᠂ ᠵᠠᠭᠠᠯᠳᠤᠯᠭ᠎ᠠ ᠶᠢᠨ ᠶᠡᠷᠦᠩᠬᠡᠶ ᠬᠡᠮᠵᠢᠶ᠎ᠡ ᠶᠡᠭᠡ ᠪᠠᠶᠢᠵᠤ᠂ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠰᠠᠯᠠᠭ᠎ᠠ ᠮᠥᠴᠢᠷ ᠪᠠ ᠨᠢᠭᠡᠴᠢ ᠠᠴᠠ ᠲᠣᠰ ᠲᠣᠰ 1—2 ᠠᠵᠢᠯᠲᠠᠨ ᠢ ᠵᠢᠯᠣᠭᠤᠳᠬᠤ ᠲᠥᠪ ᠲᠤ ᠲᠣᠮᠢᠯᠠᠨ ᠣᠴᠢᠭᠤᠯᠵᠤ ᠤᠲᠠᠰᠤ ᠪᠠᠷ ᠲᠤᠰᠴᠤ ᠰᠣᠨᠣᠰᠬᠤ᠂ ᠰᠢᠯᠵᠢᠭᠦᠯᠦᠨ ᠰᠢᠢᠳᠪᠦᠷᠢᠯᠡᠭᠦᠯᠬᠦ ᠵᠢᠴᠢ ᠰᠢᠪᠠᠳᠠᠨ ᠰᠢᠢᠳᠪᠦᠷᠢᠯᠡᠭᠦᠯᠬᠦ ᠶᠢ ᠳᠠᠭᠠᠵᠤ ᠬᠢᠬᠦ ᠵᠡᠷᠭᠡ ᠠᠵᠢᠯ ᠢ ᠬᠠᠷᠢᠭᠤᠴᠠᠭᠤᠯᠵᠤ᠂ ᠡᠮᠬᠢᠯᠡᠨ ᠨᠡᠶᠢᠯᠡᠭᠦᠯᠬᠦ ᠰᠢᠯᠵᠢᠯᠲᠡ ᠶᠢᠨ ᠬᠤᠭᠤᠴᠠᠭ᠎ᠠ ᠶᠢ ᠤᠷᠤᠭᠰᠢᠲᠠᠶ ᠵᠣᠯᠭᠠᠭᠤᠯᠬᠤ ᠶᠢ ᠦᠨᠡᠨᠬᠦ  ᠪᠠᠲᠤᠯᠠᠨ᠎ᠠ᠃︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠥᠷᠭᠡᠳᠬᠡᠨ᠎ᠡ᠃ ᠢᠨᠲ᠋ᠧᠷ ᠰᠦᠯᠵᠢᠶᠡᠨ ᠤ ᠠᠷᠭ᠎ᠠ ᠵᠠᠮ ᠢ ᠥᠷᠭᠡᠳᠬᠡᠵᠦ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠤ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠎ᠠ᠃ ᠥᠪᠡᠰᠦᠪᠡᠨ ᠵᠠᠬᠢᠶᠠᠯᠠᠬᠤ᠂ ᠣᠶᠤᠨᠯᠢᠭ ᠲᠤᠺᠰᠲ ᠵᠣᠴᠢᠳ ᠲᠤ ᠦᠢᠯᠡᠴᠢᠯᠡᠬᠦ᠂ ᠣᠶᠤᠨᠯᠢᠭ ᠠᠪᠢᠶ᠎ᠠ ᠵᠡᠷᠭᠡ ᠤᠶᠤᠨᠴᠢᠯᠠᠭᠰᠠᠨ ᠬᠡᠷᠡᠭᠯᠡᠯᠲᠡ ᠶᠢ ᠰᠦᠪᠡᠭᠴᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢᠨ ᠰᠠᠨᠠᠭᠤᠯᠭ᠎ᠠ ᠶᠢ ᠲᠤᠰᠬᠠᠬᠤ ᠳᠤ ᠲᠥᠬᠦᠮ ᠦᠵᠡᠭᠦᠯᠦᠨ᠎ᠡ᠃︵ᠭᠤᠷᠪᠠ︶ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ︽ᠡᠷᠬᠡ ᠰᠦᠷ ᠨᠢ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ 12345 ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠤᠨ ᠬᠠᠮᠠᠭᠠᠯᠠᠵᠤ᠂ ᠤᠯᠠᠨ ᠲᠠᠯ᠎ᠠ ᠪᠠᠷ ᠬᠠᠷᠭᠤᠭᠤᠯᠤᠨ ᠬᠠᠷᠭᠤᠭᠤᠯᠬᠤ᠂ ᠭᠤᠭᠤᠵᠢᠭᠳᠠᠭᠰᠠᠨ ᠢ ᠪᠠᠶᠢᠴᠠᠭᠠᠵᠤ ᠪᠤᠷᠤᠭᠤ ᠶᠢ ᠵᠠᠯᠠᠷᠠᠭᠤᠯᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠠᠳᠠᠯᠢ ᠱᠠᠲᠤᠨ ᠤ 12345 ᠤᠲᠠᠰᠤᠨ ᠤ ᠲᠠᠪᠴᠠᠩ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ ᠲᠤᠰᠬᠠᠶ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠴᠠᠭ ᠲᠤᠬᠠᠶ ᠳᠤᠨᠢ  ᠰᠢᠨᠡᠳᠬᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠯᠭᠡ ᠶᠢᠨ ᠬᠥᠮᠥᠷᠭᠡ ᠶᠢ ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ ᠪᠠ ᠵᠡᠷᠭᠡᠪᠡᠷ ᠰᠢᠨᠡᠳᠬᠡᠵᠦ᠂ ᠤᠲᠠᠰᠤ ᠶᠢᠨ ᠮᠡᠳᠡᠯᠭᠡ ᠶᠢᠨ ᠬᠥᠮᠥᠷᠭᠡ ᠶᠢ ᠨᠡᠶᠢᠭᠡᠮ ᠳᠤ ᠴᠢᠯᠥᠭᠡᠲᠡᠶ ᠨᠡᠭᠡᠭᠡᠵᠦ᠂ ᠥᠪᠡᠰᠦᠪᠡᠨ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠥᠷᠭᠡᠳᠬᠡᠨ᠎ᠡ᠃︵ᠳᠥᠷᠪᠡ︶ ᠲᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠵᠢᠯᠣᠭᠤᠳᠬᠤ ᠲᠥᠪ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠥᠬᠦᠶ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠵᠦ᠂ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠵᠢᠷᠤᠮᠵᠢᠭᠤᠯᠤᠨ ᠠᠵᠢᠯᠯᠠᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃︵ᠲᠠᠪᠤ︶ ᠨᠡᠶᠢᠭᠡᠮ ᠤᠨ ᠬᠢᠨ ᠤ ᠣᠷᠣᠯᠴᠠᠬᠤ ᠶᠢ ᠴᠢᠩᠭᠠᠳᠬᠠᠨ᠎ᠠ᠃ 12345 ᠤᠲᠠᠰᠤᠨ ᠤ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠤ᠂ 12345 ᠤᠲᠠᠰᠤᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ︽ᠰᠠᠶᠢᠨ ᠮᠠᠭᠤ ᠶᠢ ᠦᠨᠡᠯᠡᠬᠦ︾ ᠠᠵᠢᠯ ᠢ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ 12345 ᠤᠲᠠᠰᠤ ᠶᠢᠨ ᠴᠢᠳᠠᠮᠵᠢ ᠦᠢᠯᠡᠳᠦᠯ ᠢ ᠥᠷᠭᠡᠨ ᠢᠶᠠᠷ ᠤᠬᠠᠭᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠴᠡᠭᠡᠵᠢᠯᠡᠬᠦ ᠪᠠ ᠬᠡᠷᠡᠭᠯᠡᠬᠦ ᠳᠤ ᠨᠠᠩ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠎ᠡ᠃                                             2021 ᠣᠨ ᠤ 1 ᠰᠠᠷ᠎ᠠ ᠶᠢᠨ 26 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号