ᠰᠤᠷᠪᠤᠯᠵᠢᠯᠠᠬᠴᠢ ᠥᠪᠡᠷᠳᠡᠭᠡᠨ ᠵᠠᠰᠬᠠᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ ᠠᠴᠠ ᠥᠢᠯᠠᠭᠠᠬᠰᠠᠨ ᠢᠶᠠᠷ᠂ | ᠬᠥᠬᠡᠬᠤᠳᠠ ᠶᠢᠨ ᠰᠢᠨ᠎ᠠ ᠬᠤᠳᠠ ᠲᠤᠭᠤᠷᠢᠬ ᠤᠨ ᠬᠠᠷᠠᠴᠢᠨ ᠲᠤᠰᠬᠤᠨ ᠤ ᠤᠤᠯ ᠤᠨ ᠱᠦᠢᠨᠢ ᠶᠢᠨ | ᠥᠢᠯᠡᠳᠪᠤᠷᠢ ᠶᠢᠨ ᠭᠠᠵᠠᠷ ᠪᠠᠶᠢᠭᠤᠯᠤᠬᠰᠠᠨ ᠤᠯᠤᠰ ᠤᠨ ᠤᠮᠠᠷᠠᠲᠤ ᠳᠠᠬᠢ ᠬᠥᠯ ᠪᠥᠮᠪᠦᠭᠡ ᠶᠢᠨ ᠪᠣᠯᠪᠠᠰᠤᠷᠠᠯ ᠤᠨ | ᠰᠠᠭᠤᠷᠢᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ 2019 ᠣᠨ ᠤ ᠥᠪᠡᠷᠲᠡᠭᠡᠨ ᠵᠠᠰᠠᠬᠤ ᠣᠷᠣᠨ ᠤ ︽ᠲᠠᠯ᠎ᠠ | ᠨᠤᠲᠤᠭ ᠬᠤᠨᠳᠠᠭᠠᠲᠤ ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠤᠬᠰᠠᠨ ᠤ ᠲᠠᠷᠠᠭ᠎ᠠ ᠳᠤᠮᠳᠠᠳᠤ | ᠤᠯᠤᠰ ᠤᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠤᠨ 2020 — 2021 ᠣᠨ ᠤ ᠠᠩᠬᠠᠳᠤᠭᠠᠷ ᠪᠦᠯᠦᠭ | ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠯᠦ ᠪᠠᠨ ᠱᠠᠩᠨᠠᠯ ︵ᠤᠯᠤᠰ ᠤᠨ ᠰᠢᠯᠢᠳᠡᠭ | ᠪᠠᠷᠢᠯᠭ᠎ᠠ ᠶᠢᠨ ᠱᠠᠩᠨᠠᠯ ︶ ᠢ ᠭᠥᠷᠳᠡᠵᠡᠢ᠃ | ᠤᠯᠤᠰ ᠤᠨ ᠤᠮᠠᠷᠠᠲᠤ ᠳᠠᠬᠢ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠭᠤᠤᠯ ᠲᠠᠮᠢᠷ ᠤᠨ ᠲᠠᠯᠠᠪᠠᠢ᠂ 11 ᠬᠥᠮᠥᠨ ᠤ ᠲᠥᠷᠢᠮᠳᠤ ᠬᠥᠯ ᠪᠥᠮᠪᠦᠭᠡ ᠶᠢᠨ | ᠤᠷᠤᠯᠳᠤᠭᠠᠨ ᠤ ᠪᠤᠯᠪᠠᠰᠤᠷᠠᠯ ᠤᠨ ᠲᠠᠯᠠᠪᠠᠢ ᠪᠠ 20 ᠭᠡᠷ ᠤᠨ ᠭᠠᠳᠠᠨᠠᠬᠢ ᠪᠤᠯᠪᠠᠰᠤᠷᠠᠯ ᠤᠨ ᠲᠠᠯᠠᠪᠠᠢ ᠪᠠᠷ | ᠪᠥᠷᠢᠯᠳᠥᠵᠠᠢ᠃ ᠲᠤᠰ ᠰᠠᠭᠤᠷᠢᠨ ᠤ ᠶᠡᠷᠥᠩᠭᠡᠢ ᠲᠠᠯᠠᠪᠠᠢ ᠨᠢ ᠨᠠᠶᠢᠳᠠ 463 ᠮᠥ ᠪᠠᠶᠢᠵᠥ᠂ ᠠᠰᠢᠬᠯᠠᠯᠳᠠ ᠳᠤ | ᠤᠷᠤᠬᠰᠠᠨ ᠤ ᠲᠠᠷᠠᠭ᠎ᠠ ᠬᠥᠯ ᠪᠥᠮᠪᠦᠭᠡ ᠶᠢᠨ ᠡᠯ᠎ᠠ ᠵᠦᠢᠯ ᠤᠨ ᠲᠠᠮᠢᠷ ᠤᠨ ᠬᠥᠳᠡᠯᠭᠡᠭᠡᠨ ᠢ ᠬᠥᠨᠵᠡᠬᠡᠢ ᠥᠷᠨᠢᠬᠦᠯᠵᠥ᠂ | ᠤᠯᠤᠰ ᠤᠨ ᠠᠩᠭᠢ ᠳᠤ ᠴᠥᠬᠡᠨ ᠪᠤᠰᠤ ᠪᠠᠶ᠎ᠠ ᠶᠢᠨ ᠲᠠᠮᠢᠷ ᠤᠨ ᠴᠢᠳᠠᠪᠤᠷᠢᠳᠠᠨ ᠢ ᠬᠥᠷᠭᠡᠵᠥ ᠪᠤᠢ᠃ ᠨᠢᠳᠤᠨᠤᠨ ᠲᠤᠰ | ᠰᠠᠭᠤᠷᠢᠨ ᠳᠤ ᠮᠠᠨ ᠤ ᠤᠷᠤᠨ ᠤ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠢᠳᠡ ᠬᠥᠭ ᠲᠠᠢ ᠶᠠᠪᠤᠬᠳᠠᠵᠥ | ᠂ ᠪᠦᠬᠦ ᠣᠷᠣᠨ ᠤ ︽ᠪᠠᠶᠠᠷ ᠬᠥᠷ ᠲᠠᠢ ᠭᠠᠷᠠᠭ ᠤᠨ ᠰᠡᠭᠦᠯᠴᠢ ᠳᠤ ᠬᠠᠮᠲᠤ ᠪᠠᠷ ᠬᠥᠯ ᠪᠥᠮᠪᠦᠭᠡ ᠢᠰᠬᠦᠯᠬᠦ ︾ | ᠰᠢᠷᠢᠰ ᠤᠷᠤᠯᠳᠤᠭᠠᠨ᠂ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ ︾ ᠵᠠᠯᠠᠭᠤᠴᠤᠳ | ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠥᠪᠡᠷᠳᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠨᠢᠬᠡᠴᠢ ᠶᠢᠨ ︽ᠠᠯᠪᠠᠨ ᠵᠠᠷᠤᠴᠠ ᠬᠤᠨᠳᠠᠭᠠᠲᠤ ︾ ᠬᠥᠯ ᠪᠥᠮᠪᠦᠭᠡ ᠶᠢᠨ ᠤᠷᠤᠯᠳᠤᠭᠠᠨ᠂ | ᠥᠪᠥᠷ ᠮᠣᠩᠭᠤᠯ ᠤᠨ ᠡᠷᠡᠭᠲᠡᠶ ᠶᠢᠨ ᠬᠥᠯ ᠪᠥᠮᠪᠦᠭᠡ ᠶᠢᠨ ᠬᠡᠲᠦ ᠲᠡᠰ ᠤᠨ ᠬᠤᠯᠪᠣᠭᠠᠲᠤ ᠤᠷᠤᠯᠳᠤᠭᠠᠨ᠂ ᠣᠯᠠᠨ | ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠡᠪᠦᠯ ︵ᠵᠤᠨ ︶ ᠤᠨ ᠵᠤᠰᠠᠯᠠᠩ ᠵᠡᠷᠭᠡ | ᠤᠷᠤᠯᠳᠤᠭᠠᠨ ᠨᠤᠭᠤᠳ ᠢ ᠤᠷᠢᠳ ᠬᠤᠵᠢᠳ ᠡᠷᠬᠢᠯᠡᠨ ᠶᠠᠪᠤᠬᠳᠠᠭᠤᠯᠵᠥ᠂ ᠨᠡᠶᠢᠲᠡ 395 ᠬᠥᠯ ᠪᠥᠮᠪᠦᠭᠡ ᠶᠢᠨ | ᠠᠩᠭᠢ ᠶᠢᠨ 7187 ᠲᠠᠮᠢᠷᠴᠢᠨ ᠤᠷᠤᠯᠳᠤᠭᠠᠨ ᠳᠤ ᠣᠷᠣᠯᠴᠠᠬᠰᠠᠨ ᠪᠠᠶᠢᠨ᠎ᠠ᠃ |