︽ᠵᠢᠷᠭᠠᠯᠲᠦ ᠮᠠᠯᠴᠢᠳ ᠤᠨ ᠲᠠᠭᠤᠯᠠᠯ ︾ ᠴᠠᠭᠠᠨ ᠰᠠᠷ᠎ᠠ ᠶᠢᠨ ᠦᠳᠡᠰᠢᠯᠡᠭᠡ ᠪᠣᠯᠣᠯ᠎ᠠ
ᠨᠡᠶᠢᠲᠡᠯᠡᠭᠰᠡᠨ ᠴᠠᠭ᠄
2021/2/23
 ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤ ᠶᠢᠨ ︽ᠵᠢᠷᠭᠠᠯᠲᠦ ᠮᠠᠯᠴᠢᠳ ᠤᠨ ᠲᠠᠭᠤᠯᠠᠯ ︾ ᠴᠠᠭᠠᠨ ᠰᠠᠷ᠎ᠠ ᠶᠢᠨ ᠦᠳᠡᠰᠢᠯᠡᠭᠡ 1 ᠳ᠋ᠤᠭᠡᠷ ᠰᠠᠷ᠎ᠠ ᠶᠢᠨ 5᠎ ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠲᠦᠪ ᠳ᠋ᠠᠪᠠᠨ ᠪᠠᠯᠭᠠᠰᠤᠨ ᠳᠤ ᠠᠮᠵᠢᠯᠲᠠ ᠲᠡᠭᠦᠯᠳᠡᠷ ᠪᠣᠯᠣᠭᠰᠠᠨ ᠪᠠᠶᠢᠨ᠎ᠠ᠃ ᠲᠤᠮᠳᠠᠳᠦ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠪᠠᠲᠦ ᠴᠤᠭᠴᠠᠯᠠᠵᠦ᠂ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠬᠦ ᠶᠢᠨ ᠵᠤᠷᠢᠯᠭ᠎ᠠ ᠪᠠᠷ ᠵᠢᠷᠭᠠᠯ ᠤᠨ ᠵᠠᠮ ᠰᠤᠮᠤ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠲᠤᠰ ᠦᠳᠡᠰᠢᠯᠡᠭᠡ ᠶᠢ ᠭᠤᠤᠯᠯᠠᠨ ᠡᠷᠬᠢᠯᠡᠵᠡᠢ᠃ ᠲᠤᠰ ᠦᠳᠡᠰᠢᠯᠡᠭᠡ ᠳᠤ ᠵᠢᠷᠭᠠᠯ ᠤᠨ ᠵᠠᠮ ᠰᠤᠮᠤ ᠪᠠᠷ ᠨᠤᠲᠤᠭ ᠲᠠᠢ ᠲᠦᠷᠦ ᠶᠢᠨ ᠭᠡᠰᠡᠷᠴᠢ ᠵᠢᠮᠪᠠᠵᠠᠮᠰᠤ ᠭᠤᠸᠠᠢ ᠪᠠᠷ ᠲᠦᠯᠦᠭᠡᠯᠡᠬᠦᠯᠦᠭᠰᠡᠨ ᠤᠷᠠᠯᠢᠭ ᠰᠤᠶᠤᠯ ᠤᠨ ᠵᠢᠳᠬᠦᠯᠲᠡᠨ ᠪᠤᠯᠤᠨ ᠵᠢᠷᠭᠠᠯ ᠤᠨ ᠵᠠᠮ ᠰᠤᠮᠤ ᠶᠢᠨ ᠺᠠᠲᠠᠷ ᠤᠯᠠᠨ ᠲᠦᠮᠡᠨ ᠭᠤᠴᠤ ᠰᠠᠶᠢᠬᠠᠨ ᠲᠤᠭᠯᠠᠯᠲᠠ ᠭᠠᠷᠭᠠᠭᠰᠠᠨ ᠪᠠᠶᠢᠨ᠎ᠠ᠃ ᠮᠦᠨ ᠦᠳᠡᠰᠢᠯᠡᠭᠡ ᠶᠢᠨ ᠦᠶ᠎ᠡ ᠪᠠᠷ ᠲᠦᠷᠦ ᠶᠢᠨ ᠭᠡᠰᠡᠷᠴᠢ ᠵᠢᠮᠪᠠᠵᠠᠮᠰᠤ ᠭᠤᠸᠠᠢ ᠦᠪᠡᠷ ᠤᠨ ᠪᠦᠲᠦᠭᠡᠯ ︽ᠪᠤᠭᠲᠠ ᠭᠡᠰᠡᠷ ᠤᠨ ᠬᠤᠪᠢᠯᠭᠠᠨ ᠲᠤᠭᠤᠵᠢ ︾ ᠭᠡᠬᠦ ᠨᠤᠮ ᠢᠶᠠᠨ ᠨᠤᠲᠤᠭ ᠤᠨ ᠲᠦᠮᠡᠨ ᠳᠤ ᠪᠠᠨ ᠲᠡᠭᠡᠵᠢᠯᠡᠨ ᠬᠦᠷᠭᠡᠬᠦ ᠶᠢᠨ ᠵᠤᠷᠢᠯᠭ᠎ᠠ ᠪᠠᠷ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠦ᠋ ᠶᠠ ᠫᠢᠩ ᠳᠤ ᠭᠠᠷᠳᠠᠭᠤᠯᠤᠨ ᠦᠭᠭᠦᠭᠰᠡᠨ ᠪᠢᠯᠡ᠃ ᠰᠠᠶᠢᠬᠠᠨ ᠬᠠᠨ ᠠᠭᠤᠯᠠ ᠶᠢᠨ ᠲᠤᠷᠭᠠᠨ ᠬᠤᠷᠮᠤᠢ ᠳᠤ ᠰᠠᠭᠤᠷᠢᠰᠢᠵᠦ᠂ ᠨᠤᠤᠷᠭᠠᠢ ᠶᠢᠨ ᠭᠤᠤᠯ ᠤᠨ ᠢᠶᠠᠨ ᠠᠭᠤᠳᠠᠮ ᠲᠡᠨᠵᠢᠨ ᠳᠤ ᠨᠤᠲᠤᠭᠯᠠᠭᠰᠠᠨ ᠵᠢᠷᠭᠠᠯ ᠤᠨ ᠵᠠᠮ ᠰᠤᠮᠤ ᠨᠢ ᠤᠨ ᠤᠨ ᠤ ᠠᠯᠳᠠᠨ ᠪᠤᠱᠤᠭᠠᠨ ᠳᠤ ᠭᠠᠨᠵᠤᠭ᠎ᠠ ᠲᠦᠭᠦᠷᠡᠩ ᠭᠠᠯᠭᠢᠭᠤᠯᠵᠦ᠂ ᠲᠦᠷᠦ ᠭᠦᠷᠦᠨ ᠤ ᠪᠠᠨ ᠭᠡᠭᠡᠨ ᠰᠤᠶᠤᠷᠬᠠᠯ ᠳᠤ ᠢᠷᠠᠭᠤ ᠲᠡᠤᠬᠡ ᠪᠠᠨ ᠪᠢᠴᠢᠭᠯᠡᠭᠰᠡᠭᠡᠷ ᠦᠨᠦᠳᠦᠷ ᠲᠤ ᠵᠤᠯᠭᠠᠭᠰᠠᠨ ᠶᠤᠮ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号