ᠤᠯᠤᠰ ᠤᠨ ᠤᠮᠠᠷᠠᠲᠤ ᠳᠠᠬᠢ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠯᠦ ᠪᠠᠨ ᠱᠠᠩᠨᠠᠯ ᠭᠥᠷᠳᠡᠵᠠᠢ
ᠨᠡᠶᠢᠲᠡᠯᠡᠭᠰᠡᠨ ᠴᠠᠭ᠄
2021/2/23
ᠰᠤᠷᠪᠤᠯᠵᠢᠯᠠᠬᠴᠢ ᠥᠪᠡᠷᠳᠡᠭᠡᠨ ᠵᠠᠰᠬᠠᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ ᠠᠴᠠ ᠥᠢᠯᠠᠭᠠᠬᠰᠠᠨ ᠢᠶᠠᠷ᠂ ᠬᠥᠬᠡᠬᠤᠳᠠ ᠶᠢᠨ ᠰᠢᠨ᠎ᠠ ᠬᠤᠳᠠ ᠲᠤᠭᠤᠷᠢᠬ ᠤᠨ ᠬᠠᠷᠠᠴᠢᠨ ᠲᠤᠰᠬᠤᠨ ᠤ ᠤᠤᠯ ᠤᠨ ᠱᠦᠢᠨᠢ ᠶᠢᠨ ᠥᠢᠯᠡᠳᠪᠤᠷᠢ ᠶᠢᠨ ᠭᠠᠵᠠᠷ ᠪᠠᠶᠢᠭᠤᠯᠤᠬᠰᠠᠨ ᠤᠯᠤᠰ ᠤᠨ ᠤᠮᠠᠷᠠᠲᠤ ᠳᠠᠬᠢ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ 2019 ᠣᠨ ᠤ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠲᠤᠰᠤᠬᠰᠠᠨ ᠤ ᠲᠠᠷᠠᠭ᠎ᠠ ᠳᠤᠮᠳᠠᠳᠤ ᠤᠯᠤᠰ ᠤᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠤᠨ 2020 — 2021 ᠣᠨ ᠤ ᠠᠩᠬᠠᠳᠤᠭᠠᠷ ᠪᠦᠯᠦᠭ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠯᠦ ᠪᠠᠨ ᠱᠠᠩᠨᠠᠯ ︵ᠤᠯᠤᠰ ᠤᠨ ᠰᠢᠯᠢᠳᠡᠭ ᠪᠠᠷᠢᠯᠭ᠎ᠠ ᠶᠢᠨ ᠱᠠᠩᠨᠠᠯ ︶ ᠢ ᠭᠥᠷᠳᠡᠵᠡᠢ᠃     ᠤᠯᠤᠰ ᠤᠨ ᠤᠮᠠᠷᠠᠲᠤ ᠳᠠᠬᠢ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠭᠤᠤᠯ ᠲᠠᠮᠢᠷ ᠤᠨ ᠲᠠᠯᠠᠪᠠᠢ᠂ 11 ᠬᠥᠮᠥᠨ ᠤ ᠲᠥᠷᠢᠮᠳᠤ ᠬᠥᠯ ᠪᠥᠮᠪᠦᠭᠡ ᠶᠢᠨ ᠤᠷᠤᠯᠳᠤᠭᠠᠨ ᠤ ᠪᠤᠯᠪᠠᠰᠤᠷᠠᠯ ᠤᠨ ᠲᠠᠯᠠᠪᠠᠢ ᠪᠠ 20 ᠭᠡᠷ ᠤᠨ ᠭᠠᠳᠠᠨᠠᠬᠢ ᠪᠤᠯᠪᠠᠰᠤᠷᠠᠯ ᠤᠨ ᠲᠠᠯᠠᠪᠠᠢ ᠪᠠᠷ ᠪᠥᠷᠢᠯᠳᠥᠵᠠᠢ᠃ ᠲᠤᠰ ᠰᠠᠭᠤᠷᠢᠨ ᠤ ᠶᠡᠷᠥᠩᠭᠡᠢ ᠲᠠᠯᠠᠪᠠᠢ ᠨᠢ ᠨᠠᠶᠢᠳᠠ 463 ᠮᠥ ᠪᠠᠶᠢᠵᠥ᠂ ᠠᠰᠢᠬᠯᠠᠯᠳᠠ ᠳᠤ ᠤᠷᠤᠬᠰᠠᠨ ᠤ ᠲᠠᠷᠠᠭ᠎ᠠ ᠬᠥᠯ ᠪᠥᠮᠪᠦᠭᠡ ᠶᠢᠨ ᠡᠯ᠎ᠠ ᠵᠦᠢᠯ ᠤᠨ ᠲᠠᠮᠢᠷ ᠤᠨ ᠬᠥᠳᠡᠯᠭᠡᠭᠡᠨ ᠢ ᠬᠥᠨᠵᠡᠬᠡᠢ ᠥᠷᠨᠢᠬᠦᠯᠵᠥ᠂ ᠤᠯᠤᠰ ᠤᠨ ᠠᠩᠭᠢ ᠳᠤ ᠴᠥᠬᠡᠨ ᠪᠤᠰᠤ ᠪᠠᠶ᠎ᠠ ᠶᠢᠨ ᠲᠠᠮᠢᠷ ᠤᠨ ᠴᠢᠳᠠᠪᠤᠷᠢᠳᠠᠨ ᠢ ᠬᠥᠷᠭᠡᠵᠥ ᠪᠤᠢ᠃ ᠨᠢᠳᠤᠨᠤᠨ ᠲᠤᠰ ᠰᠠᠭᠤᠷᠢᠨ ᠳᠤ ᠮᠠᠨ ᠤ ᠤᠷᠤᠨ ᠤ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠢᠳᠡ ᠬᠥᠭ ᠲᠠᠢ ᠶᠠᠪᠤᠬᠳᠠᠵᠥ ᠂ ᠪᠦᠬᠦ ᠣᠷᠣᠨ ᠤ ︽ᠪᠠᠶᠠᠷ ᠬᠥᠷ ᠲᠠᠢ ᠭᠠᠷᠠᠭ ᠤᠨ ᠰᠡᠭᠦᠯᠴᠢ ᠳᠤ ᠬᠠᠮᠲᠤ ᠪᠠᠷ ᠬᠥᠯ ᠪᠥᠮᠪᠦᠭᠡ ᠢᠰᠬᠦᠯᠬᠦ ︾ ᠰᠢᠷᠢᠰ ᠤᠷᠤᠯᠳᠤᠭᠠᠨ᠂ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ ︾ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠥᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ︽ᠠᠯᠪᠠᠨ ᠵᠠᠷᠤᠴᠠ ᠬᠤᠨᠳᠠᠭᠠᠲᠤ ︾ ᠬᠥᠯ ᠪᠥᠮᠪᠦᠭᠡ ᠶᠢᠨ ᠤᠷᠤᠯᠳᠤᠭᠠᠨ᠂ ᠥᠪᠥᠷ ᠮᠣᠩᠭᠤᠯ ᠤᠨ ᠡᠷᠡᠭᠲᠡᠶ ᠶᠢᠨ ᠬᠥᠯ ᠪᠥᠮᠪᠦᠭᠡ ᠶᠢᠨ ᠬᠡᠲᠦ ᠲᠡᠰ ᠤᠨ ᠬᠤᠯᠪᠣᠭᠠᠲᠤ ᠤᠷᠤᠯᠳᠤᠭᠠᠨ᠂ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠡᠪᠦᠯ ︵ᠵᠤᠨ ︶ ᠤᠨ ᠵᠤᠰᠠᠯᠠᠩ ᠵᠡᠷᠭᠡ ᠤᠷᠤᠯᠳᠤᠭᠠᠨ ᠨᠤᠭᠤᠳ ᠢ ᠤᠷᠢᠳ ᠬᠤᠵᠢᠳ ᠡᠷᠬᠢᠯᠡᠨ ᠶᠠᠪᠤᠬᠳᠠᠭᠤᠯᠵᠥ᠂ ᠨᠡᠶᠢᠲᠡ 395 ᠬᠥᠯ ᠪᠥᠮᠪᠦᠭᠡ ᠶᠢᠨ ᠠᠩᠭᠢ ᠶᠢᠨ 7187 ᠲᠠᠮᠢᠷᠴᠢᠨ ᠤᠷᠤᠯᠳᠤᠭᠠᠨ ᠳᠤ ᠣᠷᠣᠯᠴᠠᠬᠰᠠᠨ ᠪᠠᠶᠢᠨ᠎ᠠ᠃
 
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号