ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠬᠢᠭᠡᠳ 2021 ᠣᠨ ᠳᠤ ᠬᠡᠷᠡᠭᠵᠢᠭᠦᠯᠬᠦ ᠠᠷᠠᠳ ᠤᠨ ᠠᠮᠢᠳᠤᠷᠠᠯ‌‍ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠵᠢᠯ ᠤᠨ ᠮᠡᠳᠡᠬᠦᠯᠤᠯᠲᠡ
ᠨᠡᠶᠢᠲᠡᠯᠡᠭᠰᠡᠨ ᠴᠠᠭ᠄
2021/3/18
ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ‌‍ᠤᠨ ᠲᠦᠷᠪᠡᠳᠦᠭᠡᠷ ᠣᠳᠠᠭᠠᠨ  ᠤ ᠬᠤᠷᠠᠯᠳᠤᠭᠠᠨ ᠤ ᠮᠠᠲ᠋ᠧᠷᠢᠶᠠᠯ ︵ᠠᠷᠪᠠᠨ ᠭᠤᠷᠪᠠ︶  ᠰᠢᠯᠢ  ᠎ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠎ ᠤ 2020 ᠣᠨ ᠤ  ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠬᠢᠭᠡᠳ 2021 ᠣᠨ ᠳᠤ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠵᠢᠯ‌‍ᠤᠨ ᠮᠡᠳᠡᠬᠦᠯᠤᠯᠲᠡ2021 ᠣᠨ ᠎ ᠤ 3 ᠰᠠᠷ᠎ᠠ  ᠶᠢᠨ 17᠎ ᠎ ᠤ  ᠡᠳᠦᠷ  ᠬᠤᠳᠠ ᠎ ᠶᠢᠨ ᠠᠷᠪᠠᠨ ᠲᠠᠪᠤᠳᠤᠭᠠᠷ ᠬᠤᠭᠤᠴᠠᠭᠠᠨ ᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ  ᠰᠢᠯᠢ ᠶᠢᠨ ᠬᠤᠲᠠ ᠶᠢᠨ ᠨᠠᠮ  ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠪᠠᠶᠢᠩᠭᠤ  ᠶᠢᠨ ᠶᠠᠪᠣᠳᠠᠯ ᠤᠨ ᠲᠡᠳ᠋ ᠬᠤᠲᠠ  ᠶᠢᠨ ᠲᠠᠷᠤᠭ᠎ᠠ      ᠯᠢᠣ ᠶᠢᠨᠲᠥᠯᠥᠭᠡᠯᠡᠭᠴᠢᠳ ᠡ᠄     ᠪᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠃ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ     ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠦᠬᠦ ᠶᠠᠪᠤᠴᠠ ᠶᠢᠨ ᠣᠷᠣᠯᠴᠠᠯᠭ᠎ᠠ ᠪᠠ ᠬᠢᠨᠠᠯᠲᠠ ᠳᠡᠮᠵᠢᠯᠭᠡ ᠶᠢᠨ ᠳᠣᠣᠷ᠎ᠠ᠂ ᠬᠤᠳᠠ ᠶᠢᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠤ ᠠᠵᠢᠯ ᠬᠢᠬᠦ ᠠᠵᠢᠯ ᠤᠨ ᠰᠤᠷᠲᠠᠯ ᠢᠶᠠᠷ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ 2020 ᠣᠨ ᠳᠤ ᠨᠡᠶᠢᠲᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠡᠴᠦᠰ ᠪᠣᠯᠲᠠᠯ᠎ᠠ ᠪᠦᠬᠦᠨ ᠢ ᠪᠡᠶᠡᠯᠡᠭᠦᠯᠪᠡ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ ︵ᠨᠢᠭᠡ︶ ᠮᠠᠯᠵᠢᠬᠤ ᠣᠷᠣᠨ ᠤ ᠱᠦᠢᠨᠢ ᠵᠠᠮ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ 480 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠷᠠᠰᠢᠶᠠᠨᠪᠣᠯᠠᠭ ᠪᠠᠯᠭᠠᠰᠤ ᠶᠢᠨ ᠰᠢᠨᠠᠮᠠᠨᠳᠤᠯ᠎ᠠ ᠭᠠᠴᠠᠭ᠎ᠠ ᠪᠣᠯᠤᠨ ᠪᠠᠶᠠᠨᠭᠤᠤᠯ ᠭᠠᠴᠠᠭ᠎ᠠ ᠶᠢ ᠬᠤᠯᠪᠣᠭᠰᠠᠨ ᠳᠥᠷᠪᠡᠳᠦᠭᠡᠷ ᠳᠡᠰ ᠤᠨ ᠱᠦᠢᠨᠢ ᠵᠠᠮ ᠢ ᠪᠠᠶᠢᠭᠤᠯᠵᠤ᠂ ᠵᠠᠮ ᠤᠨ ᠪᠦᠬᠦ ᠤᠷᠳᠤ ᠨᠢ ᠪᠠᠷᠤᠭ 9.4 ᠺᠢᠯᠤᠮᠧᠲᠷ ᠪᠠᠶᠢᠵᠤ᠂ ᠤᠯᠠᠨ ᠵᠢᠯ ᠤᠨ ᠲᠤᠷᠰᠢ ᠬᠤᠶᠠᠷ ᠭᠠᠵᠠᠷ ᠤᠨ ᠬᠢᠨ ᠡᠩᠬᠦᠯ ᠳᠤᠩᠬᠤᠯ ᠪᠠᠶᠢᠭᠠᠯᠢᠯᠢᠭ ᠰᠢᠷᠣᠢ ᠶᠢᠨ ᠵᠠᠮ ᠢᠶᠠᠷ ᠨᠡᠪᠲᠡᠷᠡᠬᠦ᠂ ᠬᠥᠮᠦᠨ ᠬᠠᠷ᠎ᠠ ᠭᠠᠳᠠᠭᠰᠢ ᠭᠠᠷᠬᠤ ᠳᠤ ᠬᠦᠴᠢᠷᠳᠡᠬᠦ᠂ ᠡᠪᠡᠰᠦ ᠪᠣᠷᠳᠤᠭ᠎ᠠ ᠡᠳ᠋ ᠪᠣᠳᠠᠰ ᠤᠨ ᠵᠥᠭᠡᠭᠡᠪᠦᠷᠢᠯᠡᠯᠲᠡ ᠳᠤ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠵᠠᠮ ᠳᠠᠭᠠᠤ ᠶᠢᠨ 21 ᠡᠷᠦᠬᠡ ᠮᠠᠯᠴᠢᠨ᠂ 62 ᠬᠥᠮᠦᠨ ᠤ ᠶᠠᠪᠤᠵᠤ ᠰᠠᠭᠤᠬᠤ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠪᠠ᠃ ︵ᠬᠤᠶᠠᠷ︶ ᠬᠤᠲᠠ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 200 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠠᠷᠠᠳ ᠲᠤ ᠲᠥᠬᠦᠮ ᠦᠵᠡᠭᠦᠯᠬᠦ 4 ᠵᠠᠬ᠎ᠠ ᠳᠡᠯᠭᠡᠭᠦᠷ ᠢ ᠪᠠᠶᠢᠭᠤᠯᠵᠤ᠂ ᠶᠡᠷᠦᠩᠬᠡᠶ ᠲᠠᠯᠠᠪᠠᠶ ᠨᠢ ᠪᠠᠷᠤᠭ 1.45 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠴᠣᠭᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠲᠤ ᠣᠷᠣᠨ ᠤ ᠳ᠋ᠦᠩ ᠹᠠᠩ ᠣᠯᠠᠨ ᠤᠯᠤᠰ ᠤᠨ ᠰᠠᠭᠤᠭᠠᠯᠢ ᠲᠣᠭᠤᠷᠢᠭ ᠤᠨ ᠪᠠᠷᠠᠭᠤᠨ ᠲᠠᠯ᠎ᠠ ᠳᠤ ᠪᠠᠶᠢᠷᠢᠯᠠᠵᠤ ᠪᠠᠶᠢᠬᠤ ᠨᠢ 7000 ᠲᠡᠭᠰᠢ ᠳᠥᠷᠪᠡᠯᠵᠢᠨ ᠮᠧᠲᠷ︔ ᠳ᠋ᠦᠩ ᠲᠦᠩ ᠵᠢᠶᠠᠨ ᠰᠠᠭᠤᠭᠠᠯᠢ ᠲᠣᠭᠤᠷᠢᠭ ᠤᠨ ᠳᠣᠲᠣᠷ᠎ᠠ ᠪᠠᠶᠢᠷᠢᠯᠠᠵᠤ ᠪᠠᠶᠢᠬᠤ ᠨᠢ 2000 ᠲᠡᠭᠰᠢ ᠳᠥᠷᠪᠡᠯᠵᠢᠨ ᠮᠧᠲᠷ︔ ᠪᠤᠯᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠤᠨ ᠳ᠋ᠠ ᠶᠧ ᠶᠢᠨ ᠾᠧ ᠸᠠᠨ ᠰᠠᠭᠤᠭᠠᠯᠢ ᠲᠣᠭᠤᠷᠢᠭ ᠤᠨ ᠪᠠᠷᠠᠭᠤᠨ ᠲᠠᠯ᠎ᠠ ᠳᠤ ᠪᠠᠶᠢᠷᠢᠯᠠᠵᠤ ᠪᠠᠶᠢᠬᠤ ᠨᠢ 1500 ᠲᠡᠭᠰᠢ ᠳᠥᠷᠪᠡᠯᠵᠢᠨ ᠮᠧᠲᠷ︔ ᠪᠠᠶᠠᠨᠴᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠤᠨ ᠹᠠᠩ ᠶᠤᠸᠠᠢ ᠮᠢᠩ ᠳ᠋ᠦ᠋ ᠰᠠᠭᠤᠭᠠᠯᠢ ᠲᠣᠭᠤᠷᠢᠭ ᠤᠨ ᠡᠮᠦᠨ᠎ᠡ ᠲᠠᠯ᠎ᠠ ᠳᠤ ᠪᠠᠶᠢᠷᠢᠯᠠᠵᠤ ᠪᠠᠶᠢᠬᠤ ᠨᠢ 4000 ᠲᠡᠭᠰᠢ ᠳᠥᠷᠪᠡᠯᠵᠢᠨ ᠮᠧᠲᠷ᠃ ᠠᠷᠠᠳ ᠲᠤ ᠲᠥᠬᠦᠮ ᠦᠵᠡᠭᠦᠯᠬᠦ 4 ᠵᠠᠬ᠎ᠠ ᠳᠡᠯᠭᠡᠭᠦᠷ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠳᠣᠲᠣᠷᠠᠬᠢ ᠬᠡᠰᠡᠭ ᠣᠷᠣᠨ ᠪᠦᠰᠡ ᠶᠢᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠵᠦ᠂ ᠠᠷᠠᠳ ᠤᠨ ᠠᠮᠢᠳᠤᠷᠠᠯ ᠳᠤ ᠲᠥᠬᠦᠮ ᠦᠵᠡᠭᠦᠯᠦᠨ᠂ ᠵᠠᠰᠠᠮᠠᠯ ᠵᠠᠮ ᠢ ᠡᠵᠡᠯᠡᠨ ᠮᠠᠶᠢᠮᠠᠶ ᠬᠢᠵᠦ᠂ ᠲᠠᠷᠠᠬᠠᠶ ᠪᠤᠲᠠᠷᠬᠠᠶ ᠴᠤᠭᠯᠠᠭ᠎ᠠ ᠮᠠᠶᠢᠮᠠᠶ ᠶᠢᠨ ᠪᠤᠵᠠᠷ᠂ ᠡᠷᠦᠶ ᠬᠤᠷᠤᠶ ᠥᠬᠡᠶ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ᠂ ᠬᠤᠲᠠ ᠶᠢᠨ ᠣᠷᠴᠢᠨ ᠠᠬᠤᠶ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ︵ᠭᠤᠷᠪᠠ︶ ᠬᠤᠲᠠ ᠶᠢᠨ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠵᠢᠴᠢ ᠲᠠᠷᠠᠬᠠᠶ ᠪᠤᠲᠠᠷᠬᠠᠶ ᠠᠰᠠᠷ ᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ 1457 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠽᠢ ᠲᠧᠩ ᠬᠤᠸᠠ ᠶᠤᠸᠠᠨ ᠵᠡᠭᠦᠨ ᠲᠣᠭᠤᠷᠢᠭ ᠪᠠ 50 ᠰᠠᠭᠤᠷᠢ ᠲᠠᠷᠠᠬᠠᠶ ᠪᠤᠲᠠᠷᠬᠠᠶ ᠠᠰᠠᠷ ᠢ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠡᠶᠡᠯᠡᠭᠦᠯᠵᠦ᠂ ᠢᠵᠢ ᠪᠥᠷᠢᠳᠦᠭᠦᠯᠬᠦ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠠᠵᠢᠯ ᠢᠶᠠᠷ ᠳᠡᠮᠵᠢᠨ᠂ ᠬᠠᠭᠤᠴᠢᠨ ᠲᠣᠭᠤᠷᠢᠭ ᠤᠨ ᠲᠥᠬᠦᠭᠡᠷᠦᠮᠵᠢ ᠪᠦᠷᠢᠨ᠂ ᠴᠢᠳᠠᠮᠵᠢ ᠪᠦᠷᠢᠨ᠂ ᠣᠷᠴᠢᠨ ᠲᠣᠭᠤᠷᠢᠨ ᠴᠡᠪᠡᠷ ᠲᠡᠭᠰᠢ ᠪᠠᠶᠢᠬᠤ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃ ︵ᠲᠥᠷᠪᠡ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠶᠡᠷᠦᠩᠬᠡᠶᠢᠯᠡᠭᠰᠡᠨ ᠠᠰᠠᠷ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ 3560 ᠲᠦᠮᠡᠨ ᠲᠥᠭᠦᠷᠢᠭ ᠤᠨ ᠪᠠᠯᠠ ᠣᠷᠣᠭᠤᠯᠵᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠴᠠᠭᠠᠨ ᠰᠢᠯᠭᠠᠬᠤ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ᠂ 2020 ᠣᠨ ᠤ 10 ᠰᠠᠷ᠎ᠠ ᠳᠤ ᠠᠰᠢᠭᠯᠠᠯᠲᠠ ᠳᠤ ᠣᠷᠣᠭᠤᠯᠪᠠ︔ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ᠂ ᠸᠠᠺᠼᠢᠨ ᠤ ᠬᠥᠮᠥᠷᠭᠡ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠳᠣᠭᠢᠷᠠᠭᠤᠯᠵᠤ᠂ ᠪᠥᠬᠦ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠪᠠ ᠴᠢᠬᠤᠯᠠ ᠶᠡᠭᠡ ᠵᠢᠴᠢ ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ︵ᠲᠠᠪᠤ︶ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠬᠤ ᠪᠠᠷᠢᠯᠭ᠎ᠠ ᠶᠢᠨ ᠲᠦᠷᠦᠯ ᠵᠦᠢᠯ 330 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠲᠠ ᠶᠢᠨ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠡᠩᠬᠦᠯ ᠳᠤᠩᠬᠤᠯ᠂ ᠡᠪᠳᠡᠷᠡᠵᠦ  ᠰᠦᠢᠳᠦᠭᠰᠡᠨ ᠵᠠᠮ ᠤᠨ ᠭᠠᠳᠠᠷᠭᠤ ᠶᠢ 1.5 ᠲᠦᠮᠡᠨ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ ᠬᠤᠲᠠ ᠶᠢᠨ ᠵᠠᠮ ᠨᠡᠪᠲᠡᠷᠡᠯᠭᠡ ᠶᠢᠨ ᠨᠥᠬᠦᠴᠡᠯ ᠢ ᠰᠠᠶᠢᠵᠢᠷᠠᠭᠤᠯᠪᠠ᠃ ︵ᠵᠢᠷᠭᠤᠭ᠎ᠠ︶ ᠵᠠᠮ ᠤᠨ ᠳ᠋ᠧᠩ ᠤᠭᠰᠠᠷᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠪᠠᠷᠢᠯᠭ᠎ᠠ  ᠎ ᠶᠢᠨ ᠲᠦᠷᠦᠯ ᠵᠦᠢᠯ 150 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠲᠠ ᠶᠢᠨ ᠲᠣᠭᠤᠷᠢᠭ ᠤᠨ ᠳᠣᠲᠣᠷᠠᠬᠢ ᠴᠦᠩᠴᠢᠩ ᠵᠠᠮ ᠤᠨ ᠬᠤᠶᠢᠲᠤ ᠬᠡᠰᠡᠭ᠂ ᠬᠠᠨ ᠲᠢᠩ ᠪᠠᠭᠤᠳᠠᠯ ᠤᠨ ᠪᠠᠷᠠᠭᠤᠨ ᠭᠤᠳᠤᠮᠵᠢ᠂ ᠺᠠᠩ ᠱᠧᠩ ᠵᠢᠶ ᠶᠧ ᠲᠣᠭᠤᠷᠢᠭ ᠎ ᠤᠨ ᠬᠤᠭᠤᠷᠣᠨᠳᠣᠬᠢ ᠵᠠᠮ᠂ ᠬᠤᠩ ᠰᠢᠩ ᠮᠧᠶ ᠺᠠᠶ ᠯᠦᠩ ᠤᠨ ᠵᠡᠭᠦᠨ ᠭᠤᠳᠤᠮᠵᠢ᠂ ᠳ᠋ᠠ ᠶᠧ ᠶᠢᠨ ᠾᠧ ᠸᠠᠨ ᠲᠣᠭᠤᠷᠢᠭ  ᠤᠨ ᠬᠤᠭᠤᠷᠣᠨᠳᠣᠬᠢ ᠵᠠᠮ᠂ ᠮᠤᠩᠭᠤᠯ ᠭᠤᠶᠤ ᠤᠷᠳᠤᠨ ᠤ ᠬᠤᠭᠤᠷᠣᠨᠳᠣᠬᠢ ᠵᠠᠮ ᠵᠡᠷᠭᠡ ᠵᠢᠵᠢᠭ ᠭᠤᠳᠤᠮᠵᠢ ᠳᠤ 100 ᠰᠠᠭᠤᠷᠢ ᠵᠠᠮ ᠤᠨ ᠳ᠋ᠧᠩ᠂ 160 ᠵᠢᠵᠢᠭ ᠭᠤᠳᠤᠮᠵᠢ ᠶᠢᠨ ᠳ᠋ᠧᠩ ᠤᠭᠰᠠᠷᠠᠵᠤ᠂ ᠵᠡᠭᠡᠯᠢ ᠎ ᠠᠴᠠ ᠲᠤᠲᠤᠭᠰᠢᠬᠢ ᠵᠢᠵᠢᠭ ᠭᠤᠳᠤᠮᠵᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠬᠦᠷᠦᠯᠴᠡᠬᠦ ᠦᠭᠡᠢ᠂ ᠡᠪᠳᠡᠷᠬᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠳᠤ  ᠨᠡᠩ ᠲᠥᠬᠦᠮ  ᠦᠵᠡᠬᠦᠯᠪᠡ᠃ ᠬᠤᠶᠠᠷ᠂ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠢᠶᠠᠷ ᠵᠢᠱᠢᠭᠳᠡᠭᠰᠡᠨ ᠲᠦᠷᠦᠯ ᠵᠦᠢᠯ ᠤᠨ ᠪᠠᠶᠢᠳᠠᠯ 2021 ᠣᠨ ᠳᠤ᠂ ᠬᠤᠲᠠ ᠶᠢᠨ ᠵᠠᠰᠠᠭ ᠤᠨ ᠣᠷᠳᠣᠨ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠰᠠᠨᠠᠭ᠎ᠠ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠣ᠂ ᠴᠢᠳᠠᠯ ᠤᠨ ᠢᠶᠠᠨ ᠬᠢᠷᠢ ᠪᠠᠷ ᠬᠢᠵᠦ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠠᠭᠤᠳᠠᠯ ᠠᠴᠠ ᠭᠠᠷᠳᠠᠵᠤ᠂ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠎ ᠢᠶᠠᠷ ᠵᠢᠱᠢᠭᠳᠡᠬᠦ ᠲᠦᠷᠦᠯ ᠵᠦᠢᠯ ᠢ ᠴᠤᠭᠯᠠᠭᠤᠯᠬᠤ᠂ ᠰᠢᠯᠢᠨ ᠰᠣᠩᠭᠤᠬᠤ᠂ ᠨᠤᠲᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠲᠠᠪᠴᠠᠩ ᠵᠡᠷᠭᠡ ᠪᠠᠷ ᠳᠠᠮᠵᠢᠭᠤᠯᠤᠨ ᠠᠯᠪᠠᠨ ᠵᠠᠷ ᠨᠡᠶᠢᠲᠡᠯᠡᠵᠦ᠂ ᠬᠤᠲᠠ ᠶᠢᠨ ᠠᠷᠠᠳ ᠲᠦᠮᠡᠨ ᠠᠴᠠ ᠥᠷᠭᠡᠨ ᠢᠶᠠᠷ ᠰᠠᠨᠠᠯ ᠬᠤᠷᠢᠶᠠᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠬᠠᠨᠳᠤᠯᠭ᠎ᠠ ᠲᠠᠢ ᠪᠠᠷ ᠰᠠᠨᠠᠯ ᠬᠤᠷᠢᠶᠠᠵᠣ᠂ ᠡᠯ᠎ᠡ ᠬᠤᠯᠪᠣᠭᠳᠠᠯ ᠪᠥᠬᠦᠶ ᠨᠢᠭᠡᠴᠡ ᠠᠴᠠ ᠲᠤᠰᠬᠠᠶ ᠰᠡᠳᠦᠪ ᠢᠶᠠᠷ ᠰᠠᠨᠠᠯ ᠬᠤᠷᠢᠶᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠠᠳ᠂ ᠲᠣᠰ ᠤᠳᠠᠭᠠᠨ ᠤ ᠶᠡᠭᠡ ᠬᠤᠷᠠᠯ ᠳᠤ ᠪᠢᠯᠧᠲ ᠥᠭᠴᠦ ᠲᠣᠭᠲᠠᠭᠠᠭᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠳᠡᠭᠰᠡᠨ ᠲᠥᠷᠥᠯ ᠵᠦᠢᠯ ᠢ ᠪᠣᠶ ᠪᠣᠯᠭᠠᠪᠠ᠂ ᠪᠣᠳᠠᠲᠠᠶ ᠪᠠᠶᠢᠳᠠᠯ ᠨᠢ ᠳᠣᠤᠷᠠᠬᠢ ᠮᠡᠲᠦ᠄ ︵ᠨᠢᠭᠡ︶ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠰᠢᠯᠢ ᠶᠢᠨ ᠬᠤᠲᠠ ᠶᠢᠨ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠠᠵᠢᠯ ᠢ ᠡᠬᠢᠯᠡᠭᠦᠯᠵᠦ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠᠷ ᠭᠤᠤᠯ ᠴᠣᠭᠴᠠ ᠪᠣᠯᠭᠠᠭᠰᠠᠨ ᠨᠠᠰᠤᠵᠢᠯ ᠤᠨ ᠦᠢᠯᠡᠴᠢᠯᠡᠭᠡᠨ ᠤ  ᠰᠢᠰᠲ᠋ᠧᠮ  ᠢ ᠲᠦᠷᠭᠡᠳᠬᠡᠨ ᠪᠠᠶᠢᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠷᠥᠯ ᠵᠦᠢᠯ ᠢ ᠪᠥᠲᠥᠭᠡᠨ ᠪᠠᠶᠢᠭᠤᠯᠤᠨ᠎ᠠ᠃ 300 ᠲᠦᠮᠡᠨ ᠲᠥᠭᠦᠷᠢᠭ ᠤᠨ ᠪᠠᠯᠠ  ᠤᠷᠤᠭᠤᠯᠵᠤ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠣᠶᠤᠨᠴᠢ ᠦᠢᠯᠡᠴᠢᠯᠡᠭᠡᠨ ᠤ ᠲᠠᠪᠴᠠᠩ ᠢ 1 ᠪᠠᠶᠢᠭᠤᠯᠵᠤ᠂ 2 — 3 ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ  ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠢᠵᠢ ᠪᠥᠷᠢᠳᠦᠭᠦᠯᠦᠨ ᠪᠠᠶᠢᠭᠤᠯᠬᠤ ᠪᠠᠷ ᠲᠥᠯᠥᠪᠯᠡᠵᠦ᠂ ᠨᠠᠰᠤᠲᠠᠶᠢᠴᠤᠳ ᠤᠨ ᠦᠷᠭᠦᠯᠵᠢᠯᠡᠨ ᠨᠡᠮᠡᠭᠳᠡᠬᠦ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ︽ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠦᠵᠡᠭᠦᠯᠬᠦ᠂ ᠣᠶᠢᠷ᠎ᠠ ᠬᠠᠪᠢ ᠳᠠᠭᠠᠨ ᠳᠥᠭᠦᠮ ᠳᠥᠲᠡ ᠪᠤᠯᠭᠠᠬᠤ᠂ ᠨᠠᠷᠢᠯᠢᠭ ᠣᠨᠣᠴᠠᠲᠠᠶ ᠦᠢᠯᠡᠴᠢᠯᠡᠬᠦ᠂ ᠣᠯᠠᠨ ᠡᠰᠢᠴᠢᠯᠡᠨ ᠬᠠᠩᠭᠠᠬᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠎ ᠤᠨ ᠪᠠᠶᠢᠭᠤᠯᠤᠯᠲᠠ ᠶᠢ ᠠᠬᠢᠭᠤᠯᠤᠨ᠎ᠠ᠃ ︵ᠬᠤᠶᠠᠷ︶  ᠰᠢᠷᠠᠳᠠᠯ᠎ᠠ ᠬᠡᠷᠡᠭ ᠡᠷᠬᠢᠯᠡᠬᠦ ᠭᠠᠵᠠᠷ  ᠤᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ︵ᠠᠭᠤᠰᠬᠢ ᠲᠣᠭᠤᠰᠣᠳᠠᠯ ᠡᠪᠡᠳᠴᠢᠨ ᠢ ᠡᠷᠡᠭᠦᠯᠵᠢᠭᠦᠯᠬᠦ ᠥᠷᠲᠡᠭᠡ︶    180 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠢᠷᠠᠳᠠᠯ᠎ᠠ ᠬᠡᠷᠡᠭ ᠡᠷᠬᠢᠯᠡᠬᠦ ᠭᠠᠵᠠᠷ  ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠲᠠᠰ ᠲᠡᠪᠰᠢᠬᠦᠯᠬᠦ ᠪᠠᠷ ᠲᠦᠯᠤᠪᠯᠡᠵᠤ᠂ ᠮᠠᠨ ᠤ ᠬᠤᠲᠠ ᠶᠢᠨ ᠠᠩᠬᠠᠳᠠᠭᠴᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠭᠠᠨ ᠥᠭᠡᠷᠡᠴᠢᠯᠡᠨ ᠪᠠᠶᠢᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠠᠭᠤᠰᠬᠢ ᠲᠣᠭᠤᠰᠣᠳᠠᠯ ᠡᠪᠡᠳᠴᠢᠨ ᠢ ᠡᠷᠡᠭᠦᠯᠵᠢᠭᠦᠯᠬᠦ ᠥᠷᠲᠡᠭᠡ ᠪᠠᠶᠢᠭᠤᠯᠵᠤ᠂ ᠠᠭᠤᠰᠬᠢᠨ  ᠤ ᠡᠪᠡᠳᠴᠢᠲᠡᠨ ᠳᠤ ᠡᠷᠡᠭᠦᠯᠵᠢᠭᠦᠯᠬᠦ ᠹᠢᠽᠢᠺ ᠵᠠᠰᠠᠯ ᠵᠡᠷᠭᠡ ᠦᠢᠯᠡᠴᠢᠯᠡᠭᠡ  ᠎ ᠶᠢ ᠬᠠᠩᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠬᠠᠮᠲᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ  ᠃ ︵ᠭᠤᠷᠪᠠ︶ ᠨᠠᠭᠠᠳᠤᠮ ᠬᠥᠭᠦᠷᠭᠡ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠨᠠᠭᠠᠳᠤᠮ ᠬᠥᠭᠦᠷᠭᠡ ᠨᠢ ᠰᠢᠨ᠎ᠡ ᠬᠠᠭᠤᠴᠢᠨ ᠲᠣᠭᠤᠷᠢᠭ ᠢ ᠬᠤᠯᠪᠣᠭᠰᠠᠨ ᠴᠢᠬᠤᠯᠠ ᠵᠠᠮ ᠤᠨ ᠨᠢᠭᠡ ᠪᠣᠯᠤᠭᠰᠠᠨ ᠤ ᠬᠤᠪᠢ ᠳᠤ᠂ ᠬᠤᠲᠠ ᠶᠢᠨ ᠬᠥᠭᠵᠢᠯᠲᠡ ᠶᠢ ᠳᠠᠭᠠᠯᠳᠤᠨ᠂ ᠬᠥᠮᠦᠨ ᠠᠮᠠ ᠪᠣᠯᠤᠨ ᠬᠤᠪᠢ ᠶᠢᠨ ᠲᠡᠷᠭᠡ ᠨᠡᠮᠡᠭᠳᠡᠵᠦ᠂ ᠵᠠᠮ ᠤᠨ ᠲᠡᠷᠭᠡᠨ ᠤ ᠤᠷᠤᠰᠬᠠᠯ ᠤᠨ ᠬᠡᠮᠵᠢᠶ᠎ᠡ ᠨᠢ ᠨᠢᠭᠡᠨᠲᠡ ᠤᠤᠯ ᠤᠨ ᠲᠥᠯᠥᠪᠯᠡᠭᠰᠡᠨ ᠳᠠᠭᠠᠭᠠᠴᠠ ᠶᠢᠨ ᠬᠡᠮᠵᠢᠶ᠎ᠡ ᠠᠴᠠ ᠬᠡᠳᠦᠨ ᠳᠠᠬᠢᠨ ᠳᠠᠪᠠᠵᠤ᠂ ᠵᠠᠮ ᠨᠡᠪᠲᠡᠷᠡᠯᠭᠡ ᠰᠠᠭᠠᠳ ᠲᠠᠢ ᠪᠠᠶᠢᠵᠤ᠂ ᠢᠯᠠᠩᠭᠤᠶ᠎ᠠ ᠲᠡᠷᠭᠡᠨ ᠤ ᠤᠷᠤᠰᠬᠠᠯ ᠤᠨ ᠣᠷᠭᠢᠯ ᠤᠨ ᠦᠶ᠎ᠡ ᠶᠢᠨ ᠲᠦᠭᠵᠢᠷᠡᠯ ᠨᠠᠩ ᠬᠦᠨᠳᠦ ᠨᠣᠴᠢᠲᠠᠶ ᠪᠣᠯᠤᠭᠰᠠᠨ ᠪᠠᠶᠢᠨ᠎ᠠ᠃ ᠡᠶᠢᠮᠦ ᠎ ᠠᠴᠠ 675 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠠᠭᠠᠳᠤᠮ ᠬᠥᠭᠦᠷᠭᠡ ᠶᠢ ᠰᠡᠯᠪᠢᠨ ᠵᠠᠰᠠᠵᠤ ᠥᠷᠭᠡᠳᠬᠡᠨ ᠥᠭᠡᠷᠡᠴᠢᠯᠡᠬᠦ ᠪᠠᠷ ᠲᠥᠯᠥᠪᠯᠡᠵᠦ ᠪᠣᠶ᠂ ᠪᠠᠷᠢᠯᠭ᠎ᠠ ᠶᠢᠨ ᠪᠥᠬᠦ ᠣᠷᠳᠣ ᠨᠢ ᠪᠠᠷᠤᠭ 100 ᠮᠧᠲᠷ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠣᠷᠣᠨ ᠪᠦᠰᠡ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠵᠠᠮ ᠬᠠᠷᠢᠯᠴᠠᠭᠠᠨ ᠤ ᠲᠦᠭᠵᠢᠷᠡᠯ ᠢ ᠪᠦᠲᠦᠮᠵᠢᠲᠡᠶ ᠨᠠᠮᠳᠠᠭᠤᠯᠵᠤ᠂ ᠰᠢᠨ᠎ᠡ ᠬᠠᠭᠤᠴᠢᠨ ᠲᠣᠭᠤᠷᠢᠭ ᠤᠨ ᠣᠯᠠᠨ ᠲᠦᠮᠡᠨ ᠳᠤ ᠲᠦᠷᠭᠡᠨ ᠪᠥᠭᠡᠳ ᠰᠠᠭᠠᠳ ᠥᠬᠡᠶ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃ ︵ᠲᠥᠷᠪᠡ︶ ᠬᠤᠳᠠ  ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠬᠤ ᠤᠯᠠᠨ ᠨᠡᠶᠢᠲᠡ ᠶᠢᠨ ᠵᠣᠷᠯᠣᠩ  ᠤᠨ ᠲᠥᠷᠥᠯ ᠵᠦᠢᠯ ᠬᠤᠲᠠ ᠶᠢᠨ ᠲᠣᠭᠤᠷᠢᠭ ᠲᠠᠬᠢ ᠨᠡᠶᠢᠲᠡ ᠶᠢᠨ ᠵᠣᠷᠯᠣᠩ ᠬᠦᠷᠦᠯᠴᠡᠬᠦ ᠦᠭᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 400 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠬᠤᠲᠠ ᠶᠢᠨ ᠲᠣᠭᠤᠷᠢᠭ ᠤᠨ ᠴᠡᠴᠡᠷᠯᠢᠭ᠂ ᠠᠭᠤᠳᠠᠮ ᠲᠠᠯᠠᠪᠠᠶ ᠵᠢᠴᠢ ᠬᠥᠮᠦᠨ ᠨᠢᠭᠲᠠᠷᠠᠭᠰᠠᠨ ᠵᠡᠷᠭᠡ ᠲᠠᠯᠠᠪᠤᠷ ᠲᠤ 8 ᠪᠠᠷᠢᠮᠵᠢᠶᠠᠵᠢᠭᠰᠠᠨ ᠤᠰᠤ ᠪᠠᠷ ᠤᠬᠢᠶᠠᠬᠤ ᠮᠠᠶ᠋ᠢᠭ ᠤᠨ ᠣᠯᠠᠨ ᠨᠡᠶᠢᠲᠡ ᠶᠢᠨ  ᠵᠣᠷᠯᠣᠩ  ᠢ ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ ᠣᠷᠣᠨ ᠪᠠᠶᠢᠷᠢ ᠶᠢ ᠵᠦᠶ ᠵᠣᠬᠢᠰᠲᠠᠶ ᠪᠠᠶᠢᠷᠢᠯᠠᠭᠤᠯᠤᠨ᠂ ᠨᠡᠶᠢᠲᠡ ᠶᠢᠨ ᠵᠣᠷᠯᠣᠩ ᠤᠨ ᠠᠷᠢᠭᠤᠨ ᠴᠡᠪᠡᠷ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠦᠮᠡᠨ ᠳᠤ ᠲᠥᠬᠦᠮ ᠦᠵᠡᠭᠦᠯᠵᠦ᠂ ︽ᠲᠤᠭ᠎ᠠ ᠬᠡᠮᠵᠢᠶ᠎ᠡ ᠭᠦᠢᠴᠡᠳ᠂ ᠲᠠᠷᠬᠠᠯᠲᠠ ᠵᠣᠬᠢᠰᠲᠠᠶ᠂ ᠬᠠᠮᠢᠶᠠᠷᠤᠯᠲᠠ ᠪᠦᠲᠦᠮᠵᠢᠲᠡᠶ᠂ ᠣᠷᠴᠢᠨ ᠲᠣᠭᠤᠷᠢᠨ ᠴᠡᠪᠡᠷ᠂  ᠪᠣᠯᠪᠠᠰᠣᠨ  ᠢᠶᠠᠷ ᠵᠣᠷᠯᠣᠩ  ᠲᠤ ᠣᠷᠣᠬᠤ︾  ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃ ︵ᠲᠠᠪᠤ︶  ᠮᠣᠳᠣᠨ ᠮᠠᠯᠵᠢᠯ ᠤᠨ ᠲᠠᠯᠠᠪᠠᠢ ᠶᠢᠨ ᠨᠠᠭᠠᠳᠤᠮ ᠪᠠᠯᠭᠠᠰᠤ  ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 524.24 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠮᠣᠳᠣᠨ ᠮᠠᠯᠵᠢᠯ ᠤᠨ ᠲᠠᠯᠠᠪᠠᠶ ᠶᠢᠨ ᠨᠠᠭᠠᠳᠤᠮ ᠪᠠᠯᠭᠠᠰᠤᠨ ᠳᠤ ᠣᠣᠭᠤᠬᠤ ᠣᠰᠣᠨ ᠤ ᠠᠶᠤᠯᠭᠦᠶ ᠥᠭᠡᠷᠡᠴᠢᠯᠡᠯᠲᠡ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠ ᠰᠣᠶᠣᠯ ᠪᠡᠶ᠎ᠡ ᠲᠠᠮᠢᠷ ᠤᠨ ᠲᠠᠯᠠᠪᠠᠶ ᠶᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠠᠶᠤᠯᠭᠦᠶ ᠤᠤᠭᠤᠬᠤ ᠤᠰᠤᠨ ᠤ ᠢᠨᠵᠧᠨᠧᠷᠢᠩ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠯᠭᠠᠰᠤᠨ ᠤ ᠬᠤᠭᠤᠯᠠᠶ ᠲᠣᠤᠷ ᠤᠨ ᠪᠦᠷᠬᠦᠴᠡ ᠶᠢᠨ ᠨᠣᠷᠮ᠎ᠠ᠂ ᠬᠥᠮᠦᠨ ᠠᠮᠠ ᠶᠢᠨ ᠤᠰᠤ ᠬᠡᠷᠡᠭᠯᠡᠬᠦ ᠲᠦᠭᠡᠮᠡᠯᠵᠢᠭᠦᠯᠦᠯᠲᠡ ᠶᠢᠨ ᠨᠣᠷᠮ᠎ᠠ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠦᠷᠬᠦᠴᠡ ᠶᠢᠨ ᠨᠣᠷᠮ᠎ᠠ ᠶᠢ 100%᠎ ᠳᠤ ᠬᠦᠷᠭᠡᠵᠦ᠂ ᠪᠠᠯᠭᠠᠰᠣᠨ ᠤ 380 ᠡᠷᠦᠬᠡ  ᠂ 1120 ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠭ᠎ᠠ ᠲᠠᠢ ᠪᠣᠯᠭᠠᠨ᠎ᠠ᠃ ᠡᠭᠦᠨ ᠤ ᠬᠠᠮᠲᠤ᠂ ᠰᠣᠶᠣᠯ ᠲᠠᠮᠢᠷ ᠤᠨ ᠲᠠᠯᠠᠪᠠᠶ ᠶᠢ ᠪᠥᠲᠥᠭᠡᠨ ᠪᠠᠶᠢᠭᠤᠯᠬᠤ᠂ ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠮᠠᠯᠵᠢᠬᠤ ᠣᠷᠣᠨ ᠤ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ︵ᠵᠢᠷᠭᠤᠭ᠎ᠠ︶ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠢᠴᠢ ᠠᠳᠠᠯ ᠠᠬᠤᠶ ᠶᠢ ᠳᠡᠭᠡᠭᠰᠢᠯᠡᠭᠦᠯᠬᠦ ᠲᠥᠷᠥᠯ ᠵᠦᠢᠯ 630 ᠲᠦᠮᠡᠨ ᠲᠥᠭᠦᠷᠢᠭ ᠤᠨ ᠪᠠᠯᠠ ᠤᠷᠤᠭᠤᠯᠵᠤ᠂ ᠰᠢᠷᠠᠳᠠᠯ᠎ᠠ ᠬᠡᠷᠡᠭ ᠡᠷᠬᠢᠯᠡᠬᠦ ᠭᠠᠵᠠᠷ ᠤᠨ ᠯᠢᠦᠶ ᠶᠤᠸᠠᠨ ᠲᠣᠭᠤᠷᠢᠭ ᠲᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠠᠳᠠᠯ ᠠᠬᠤᠶ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠬᠦᠯᠬᠦ  ᠪᠠᠷ ᠲᠦᠯᠤᠪᠯᠡᠵᠤ ᠪᠤᠢ᠃ ᠰᠠᠭᠤᠭᠠᠯᠢ ᠲᠣᠭᠤᠷᠢᠭ ᠤᠨ ᠣᠯᠠᠨ ᠨᠡᠶᠢᠲᠡ ᠶᠢᠨ ᠭᠠᠵᠠᠷ ᠤᠨ ᠢᠯᠴᠢ ᠬᠠᠩᠭᠠᠬᠤ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠬᠠᠲᠠᠭᠤᠷᠠᠭᠤᠯᠬᠤ᠂ ᠤᠰᠤ ᠭᠤᠭᠤᠵᠢᠬᠤ ᠠᠴᠠ ᠰᠡᠷᠭᠡᠶᠢᠯᠡᠬᠦ ᠵᠡᠷᠭᠡ ᠲᠠᠯ᠎ᠠ ᠳᠤ ᠵᠠᠰᠠᠨ ᠥᠭᠡᠷᠡᠴᠢᠯᠡᠯᠲᠡ ᠬᠢᠬᠦ ᠪᠠᠷ ᠳᠡᠮᠵᠢᠨ᠂ ᠬᠠᠭᠤᠴᠢᠨ ᠰᠠᠭᠤᠭᠠᠯᠢ ᠲᠣᠭᠤᠷᠢᠭ ᠤᠨ ᠪᠤᠵᠠᠷ ᠲᠢᠭᠯᠢᠮ ᠦᠭᠡᠢ ᠪᠠᠷᠣᠭᠲᠠᠢ᠂ ᠪᠡᠯᠡᠳᠬᠡᠮᠵᠢ ᠲᠥᠬᠦᠭᠡᠷᠦᠮᠵᠢ ᠬᠠᠭᠤᠴᠢᠷᠬᠠᠰᠠᠨ᠂ ᠴᠢᠳᠠᠮᠵᠢ ᠶᠢᠨ ᠢᠵᠢ ᠪᠥᠷᠢᠳᠦᠭᠦᠯᠦᠯ ᠬᠦᠷᠦᠯᠴᠡᠬᠦ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠡᠭᠦᠨ ᠤ ᠬᠠᠮᠲᠤ᠂ ᠡᠭᠦᠳᠡᠨ ᠤ ᠬᠤᠷᠢᠭ᠎ᠠ᠂ ᠬᠢᠨᠠᠨ ᠡᠵᠡᠮᠳᠡᠬᠦ ᠵᠡᠷᠭᠡ ᠤᠶᠤᠨᠲᠤ ᠰᠢᠰᠲ᠋ᠧᠮ ᠢ ᠢᠵᠢ ᠪᠦᠷᠢᠳᠦᠭᠦᠯᠦᠨ ᠤᠭᠰᠠᠷᠠᠵᠤ᠂ ᠰᠠᠭᠤᠭᠠᠯᠢ ᠲᠣᠭᠤᠷᠢᠭ ᠲᠤ ᠨᠣᠭᠤᠭᠠᠷᠠᠭᠤᠯᠣᠯᠲᠠ ᠬᠢᠵᠤ ᠨᠥᠬᠦᠵᠦ ᠲᠠᠷᠢᠬᠤ ᠶᠢᠨ ᠬᠠᠮᠲᠤ ᠣᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠨ ᠠᠷᠠᠴᠢᠯᠠᠵᠣ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠤᠯᠤᠭ᠎ᠠ︶ ᠡᠷᠳᠡᠨᠢ ᠬᠡᠷᠡᠭ ᠡᠷᠬᠢᠯᠡᠬᠦ ᠭᠠᠵᠠᠷ  ᠤᠨ  ᠰᠢᠨ᠎ᠡ  ᠪᠠᠷ ᠪᠠᠶᠢᠭᠤᠯᠣᠭᠳᠠᠭᠰᠠᠨ ᠰᠠᠭᠤᠭᠠᠯᠢ ᠠᠷᠠᠳ ᠤᠨ ᠵᠥᠪᠯᠡᠯ ᠤᠨ ᠠᠵᠢᠯᠯᠠᠭᠠᠨ ᠤ ᠭᠠᠵᠠᠷ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠣᠷᠴᠢᠨ ᠲᠣᠭᠤᠷᠢᠨ ᠢ ᠪᠣᠶ ᠪᠣᠯᠭᠠᠵᠤ᠂ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠬᠦ ᠶᠢᠨ ᠲᠤᠰᠠᠳᠠ᠂ 82 ᠲᠦᠮᠡᠨ ᠲᠥᠭᠦᠷᠢᠭ ᠤᠨ ᠪᠠᠯᠠ ᠤᠷᠤᠭᠤᠯᠬᠤ ᠪᠠᠷ ᠲᠦᠯᠤᠪᠯᠡᠵᠤ᠂ ᠰᠢᠨ ᠰᠢᠩ ᠰᠠᠭᠤᠭᠠᠯᠢ ᠠᠷᠠᠳ ᠤᠨ ᠵᠥᠪᠯᠡᠯ ᠎ ᠳᠤ ᠪᠠᠷᠢᠯᠭ᠎ᠠ ᠶᠢᠨ ᠲᠠᠯᠠᠪᠠᠶ ᠨᠢ ᠪᠠᠷᠤᠭ 1000 ᠲᠡᠭᠰᠢ ᠳᠥᠷᠪᠡᠯᠵᠢᠨ ᠮᠧᠲᠷ ᠪᠦᠬᠦᠢ ᠨᠡᠶᠢᠭᠡᠮ ᠲᠣᠭᠤᠷᠢᠭ ᠤᠨ ᠠᠵᠢᠯᠯᠠᠭᠠᠨ ᠤ ᠭᠠᠵᠠᠷ ᠢ ᠰᠢᠨ᠎ᠡ ᠪᠠᠷ ᠪᠠᠶᠢᠭᠤᠯᠵᠤ᠂ ᠭᠤᠤᠯᠳᠠᠭᠤ ᠠᠵᠢᠯᠯᠠᠬᠤ ᠲᠢᠩᠬᠢᠮ᠂ ᠬᠤᠷᠠᠯ ᠤᠨ ᠬᠡᠷ᠂ ᠨᠠᠮ ᠤᠨ ᠭᠡᠰᠢᠭᠦᠨ ᠤ ᠥᠷᠦᠬᠡ᠂ ᠨᠣᠮ ᠪᠢᠴᠢᠭ ᠤᠨ ᠦᠷᠤᠭᠡ᠂ ᠪᠥᠵᠢᠭ ᠤᠨ ᠦᠷᠤᠭᠡ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠥᠭᠡ᠂ ᠲᠠᠩᠰᠠ ᠡᠪᠬᠡᠮᠡᠯ ᠤᠨ ᠲᠠᠰᠤᠭ ᠵᠡᠷᠭᠡ ᠶᠢ ᠪᠠᠭᠲᠠᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠵᠥᠪᠯᠡᠯ ᠤᠨ ᠠᠵᠢᠯᠲᠠᠨ ᠤ ᠠᠵᠢᠯᠯᠠᠬᠤ ᠲᠠᠯᠠᠪᠤᠷ ᠲᠠᠢ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠳᠡᠯᠭᠡᠭᠡᠨ ᠤ ᠲᠠᠯᠠᠪᠤᠷ ᠲᠠᠢ᠂ ᠰᠤᠷᠤᠯᠴᠠᠬᠤ ᠭᠠᠵᠠᠷ ᠲᠠᠢ ᠪᠠᠶᠢᠬᠤ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠲᠥᠯᠥᠭᠡᠯᠡᠭᠴᠢᠳ ᠡ᠂ ᠠᠷᠠᠳ ᠤᠨ ᠬᠦᠰᠡᠯ ᠱᠠᠭᠠᠷᠳᠠᠯᠭ᠎ᠠ ᠪᠤᠯ ᠵᠠᠰᠠᠭ ᠤᠨ ᠤᠷᠳᠤᠨ ᠤ ᠴᠢᠷᠮᠠᠶᠢᠬᠦ ᠬᠠᠨᠳᠤᠰᠢ᠂ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠤᠰ ᠤᠳᠠᠭ᠎ᠠ ᠶᠢᠨ ᠶᠡᠭᠡ ᠬᠤᠷᠠᠯ ᠠᠴᠠ ᠪᠢᠯᠧᠲ ᠥᠭᠴᠦ ᠲᠣᠭᠲᠠᠭᠠᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠠᠴᠠ ᠪᠦᠬᠦ ᠬᠦᠴᠦᠨ ᠢᠶᠠᠷ ᠢᠶᠠᠨ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠬᠦᠯᠤᠨ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠦᠬᠦ ᠬᠤᠲᠠ ᠶᠢᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号