ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠬᠤᠲᠠ ᠶᠢᠨ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠲᠡᠭᠡᠷᠡᠬᠢ ᠶᠠᠷᠢᠶ᠎ᠠ | ︵2021 ᠣᠨ ᠤ 3 ᠰᠠᠷ᠎ᠠ ᠶᠢᠨ 17 ᠤ ᠡᠳᠦᠷ ︶ | ᠵᠠᠩ ᠶᠢᠨ ᠮᠢᠩ | | | ᠭᠡᠰᠢᠭᠦᠳ ᠡ᠂ ᠨᠥᠬᠦᠳ ᠡ᠄ | ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠪᠦᠬᠦ ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ | ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ᠂ ᠤᠳᠠᠯ ᠦᠭᠡᠢ ᠢᠯᠠᠯᠲᠠ ᠲᠠᠢ ᠲᠡᠭᠦᠰᠬᠦ | ᠪᠣᠯᠤᠯ᠎ᠠ᠃ ᠡᠨᠡ ᠪᠣᠯ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠥᠬᠦ ᠲᠠᠯ᠎ᠠ ᠪᠠᠷ ᠵᠢᠷᠤᠭᠯᠠᠵᠤ᠂ | ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ | ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ ᠭᠡᠰᠢᠭᠦᠳ ᠣᠷᠭᠢᠯᠤᠮ᠎ᠠ | ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭ᠎ᠠ ᠪᠠᠷ ᠥᠷᠭᠡᠨ ᠢᠶᠠᠷ ᠵᠥᠪᠳᠡᠯᠴᠡᠨ ᠶᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ | ᠠᠷᠭ᠎ᠠ ᠪᠤᠳᠤᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠥᠨᠳᠥᠷ ᠲᠦᠪᠰᠢᠨ ᠪᠠ ᠰᠠᠶᠢᠨ | ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠡᠨᠡ ᠤᠳᠠᠭ᠎ᠠ ᠶᠢᠨ ᠬᠤᠷᠠᠯ ᠪᠣᠯ ᠲᠤᠭ ᠢᠶᠠᠨ | ᠥᠨᠳᠥᠷ ᠮᠠᠨᠳᠤᠭᠤᠯᠵᠤ᠂ ᠴᠢᠭᠯᠡᠯ ᠢᠶᠠᠨ ᠪᠠᠲᠤᠳᠬᠠᠭᠰᠠᠨ ᠶᠡᠭᠡ ᠬᠤᠷᠠᠯ᠂ ᠠᠷᠠᠳᠴᠢᠯᠠᠯ ᠢ ᠪᠠᠳᠠᠷᠠᠭᠤᠯᠤᠭᠰᠠᠨ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠶᠡᠭᠡ ᠬᠤᠷᠠᠯ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠶᠡᠭᠡ ᠬᠤᠷᠠᠯ ᠪᠣᠯᠤᠨ᠎ᠠ᠃ ᠠᠳᠡ ᠪᠢ ᠬᠤᠲᠠ | ᠶᠢᠨ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠲᠡᠭᠦᠰ ᠠᠮᠵᠢᠯᠲᠠᠲᠠᠢ ᠲᠡᠭᠦᠰᠤᠭ᠍ᠰᠡᠨ ᠳᠤ ᠬᠠᠯᠠᠭᠤᠨ | ᠪᠠᠶᠠᠷ ᠬᠦᠷᠭᠡᠶ᠎ᠡ ︕ | ᠰᠠᠶ᠋ᠢᠬᠠᠨ ᠥᠩᠭᠡᠷᠡᠭᠰᠡᠨ 2020 ᠣᠨ ᠪᠣᠯ ᠲᠡᠦᠬᠡᠨ ᠳᠤ ᠡᠭᠦᠷᠢᠳᠡ ᠲᠡᠮᠳᠡᠭᠯᠡᠭᠳᠡᠬᠦ ᠣᠨᠴᠠᠭᠠᠢ ᠣᠨ | ᠪᠣᠯᠤᠨ᠎ᠠ᠃ ᠵᠠᠭᠤᠨ ᠵᠢᠯ ᠳᠤ ᠲᠣᠬᠢᠶᠠᠯᠳᠤᠭ᠎ᠠ ᠦᠭᠡᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠣᠯᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠭᠠᠳᠠᠭᠠᠳᠤ ᠣᠷᠴᠢᠨ ᠳᠤ ᠪᠦᠬᠦ ᠬᠤᠳᠠ ᠳᠠᠶᠠᠭᠠᠷ | ᠢᠶᠠᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ | ᠶᠢ ᠡᠷᠢᠯᠬᠢᠯᠡᠨ᠂ ᠰᠢᠷᠭᠠᠭᠤ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠬᠦ ᠳᠤᠮᠳᠠ ᠡᠯᠪᠡᠭ ᠪᠠᠶᠠᠯᠢᠭ ᠦᠷ᠎ᠡ | ᠪᠦᠲᠦᠭᠡᠯ ᠣᠯᠵᠠᠢ᠃ ᠨᠢᠭᠡ ᠵᠢᠯ ᠤᠨ ᠲᠤᠷᠰᠢ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠬᠦᠴᠦᠲᠡᠶ ᠪᠥᠭᠡᠳ ᠪᠦᠲᠦᠮᠵᠢᠲᠡᠶ ᠶᠠᠪᠤᠭᠳᠠᠵᠤ᠂ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠬᠦᠴᠢᠷ ᠢ | ᠰᠥᠷᠥᠨ ᠰᠠᠶᠢᠵᠢᠷᠠᠵᠤ᠂ ᠠᠵᠤ ᠦᠶᠯᠡᠰ ᠤᠨ ᠪᠦᠲᠦᠴᠡ ᠰᠢᠯᠢᠳᠡᠭᠵᠢᠨ ᠲᠠᠰ ᠳᠡᠪᠰᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠲᠦᠷᠭᠡᠨ ᠪᠥᠭᠡᠳ ᠯᠠᠪᠳᠠᠭᠤᠨ ᠶᠠᠪᠤᠭᠳᠠᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠦᠷᠭᠦᠯᠵᠢᠯᠡᠨ ᠨᠡᠮᠡᠭᠳᠡᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠡᠳᠡᠭᠡᠷ | ᠠᠮᠵᠢᠯᠲᠠ ᠶᠢ ᠣᠯᠤᠭᠰᠠᠨ ᠨᠢ ᠬᠢᠯᠪᠠᠷ ᠪᠤᠰᠤ ᠶᠤᠮ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ | ᠨᠢᠭᠡᠳᠴᠦ ᠭᠠᠷ ᠬᠤᠯᠪᠣᠨ ᠴᠢᠷᠮᠠᠶᠢᠭᠰᠡᠨ ᠢ ᠬᠠᠷᠠᠭᠤᠯᠵᠤ᠂ ᠪᠦᠬᠦ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠵᠣᠬᠢᠶᠠᠨ ᠪᠠᠶᠢᠭᠤᠯᠤᠯᠲᠠ ᠪᠣᠯᠤᠨ ᠪᠦᠬᠦ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠨᠢᠭᠡ ᠰᠡᠳᠬᠢᠯ ᠨᠢᠭᠡ | ᠵᠣᠷᠢᠭ ᠢᠶᠠᠷ ᠰᠢᠷᠭᠠᠭᠤ ᠬᠠᠲᠠᠭᠤᠵᠢᠯᠲᠠᠢ ᠴᠢᠷᠮᠠᠶᠢᠭᠰᠠᠨ ᠢ ᠬᠠᠷᠠᠭᠤᠯᠵᠤ ᠪᠠᠶᠢᠨ᠎ᠠ᠃ ᠠᠳᠡ ᠪᠢ ᠬᠤᠲᠠ ᠶᠢᠨ ᠨᠠᠮ | ᠤᠨ ᠬᠤᠷᠢᠶ᠎ᠠ ᠶᠢ ᠲᠥᠯᠥᠭᠡᠯᠡᠨ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠲᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠪᠠ ᠨᠠᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ | ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠦᠶ᠎ᠡ︕ | ᠭᠡᠰᠢᠭᠦᠳ ᠡ᠂ ᠨᠥᠬᠦᠳ ᠡ᠂ ᠠᠶᠠᠨ ᠵᠠᠮ ᠰᠦᠷ ᠳᠠᠯᠠᠶᠢᠴᠠᠲᠠᠢ ᠪᠠᠶᠢᠵᠤ᠂ ᠤᠭ ᠰᠠᠨᠠᠭ᠎ᠠ ᠶᠠᠪᠤᠬᠤ ᠲᠤᠳᠤᠮ | ᠪᠠᠬᠢᠵᠢᠪᠡ᠃ 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠤᠶᠢᠯ ᠤᠨ ᠴᠢᠬᠤᠯᠠ ᠨᠢᠭᠡ ᠵᠢᠯ ᠪᠣᠯᠤᠨ᠎ᠠ᠃ | 1 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ | ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ | ᠬᠤᠷᠠᠯᠳᠤᠭᠤᠯᠵᠤ᠂ ᠲᠤᠯᠭᠠᠷᠠᠵᠤ ᠪᠠᠶᠢᠭ᠎ᠠ ᠠᠵᠠ ᠲᠣᠬᠢᠶᠠᠯ ᠥᠷᠢᠰᠥᠯᠳᠦᠭᠡᠨ ᠳᠤ ᠰᠠᠭᠤᠷᠢᠯᠠᠨ᠂ ᠰᠢᠯᠢ ᠶᠢᠨ ᠬᠤᠲᠠ | ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠠᠷᠠᠯᠲᠠ ᠡᠭᠦᠷᠭᠡ ᠶᠢ ᠳᠤᠷᠠᠳᠴᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠶᠢᠨ ᠬᠢ | ᠤᠷᠢᠶᠠᠯᠠᠨ ᠥᠪᠡᠷ ᠤᠨ ᠪᠡᠶ᠎ᠡ ᠳᠡᠭᠡᠨ ᠳᠠᠷᠤᠯᠲᠠ ᠦᠭᠴᠤ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ | ᠂ ᠲᠦᠭᠰᠢᠭᠦᠷᠢᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠤᠱᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ | ᠪᠣᠬᠢᠷᠲᠤᠯ ᠥᠬᠡᠶ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠶ ᠭᠡᠰᠡᠨ | ᠪᠠᠶᠢᠨ᠎ᠠ᠃ ᠣᠯᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠤᠬᠠᠮᠰᠠᠷ ᠠᠴᠠ ᠪᠠᠨ ᠨᠢᠭᠡᠳᠬᠡᠵᠦ᠂ ᠣᠶᠤᠨ ᠤᠬᠠᠭᠠᠨ ᠪᠠ | ᠬᠦᠴᠦᠨ ᠴᠢᠳᠠᠯ ᠢᠶᠠᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠡᠭᠡᠷ᠎ᠡ ᠲᠥᠪᠯᠡᠷᠡᠭᠦᠯᠵᠦ᠂ | ᠭᠡᠰᠢᠭᠦᠳ ᠤᠨ ︽ᠳᠠᠰᠬᠠᠯ︾ ᠢ ᠦᠷᠭᠦᠯᠵᠢᠯᠡᠨ ᠰᠠᠶᠢᠲᠤᠷ ᠬᠢᠵᠦ᠂ ᠴᠠᠭ ᠦᠶ᠎ᠡ ᠶᠢᠨ ︽ᠰᠢᠯᠭᠠᠯᠲᠠ ᠶᠢᠨ | ᠬᠠᠭᠤᠳᠠᠰᠤ︾ ᠶᠢ ᠰᠠᠶᠢᠲᠤᠷ ᠬᠠᠷᠢᠭᠤᠯᠬᠤ ᠶᠢ ᠬᠦᠰᠡᠵᠦ ᠪᠠᠶᠢᠨ᠎ᠠ᠃ ᠡᠨᠡ ᠲᠠᠰᠢᠷᠠᠮ ᠢᠶᠠᠷ ᠪᠢ ᠬᠤᠲᠠ ᠶᠢᠨ ᠨᠠᠮ | ᠤᠨ ᠬᠤᠷᠢᠶ᠎ᠠ ᠶᠢ ᠲᠥᠯᠥᠭᠡᠯᠡᠨ ᠳᠥᠷᠪᠡᠨ ᠲᠠᠯ᠎ᠠ ᠶᠢᠨ ᠬᠦᠰᠡᠯ ᠳᠤᠷᠠᠳᠴᠤ᠂ ᠣᠯᠠᠨ ᠲᠠᠢ ᠬᠠᠮᠲᠤ ᠴᠢᠷᠮᠠᠶᠢᠶ᠎ᠠ᠃ | ᠨᠢᠭᠡ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠨᠡᠩ ᠥᠨᠳᠥᠷ ᠵᠣᠭᠰᠣᠴᠠ ᠶᠢ ᠢᠯᠡᠷᠡᠬᠦᠯᠤᠨ᠎ᠡ᠃ | ᠨᠠᠮ ᠤᠨ ᠤᠳᠤᠷᠢᠳᠤᠯᠭ᠎ᠠ ᠪᠣᠯ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠰᠣᠩᠭᠤᠯᠲᠠ ᠮᠥᠨ᠂ ᠤᠯᠤᠰ | ᠲᠦᠷᠦ ᠶᠢᠨ ᠵᠥᠪᠯᠡᠯᠭᠡᠨ ᠢ ᠪᠠᠶᠢᠭᠤᠯᠬᠤ ᠦᠶ᠎ᠡ ᠶᠢᠨ ᠤᠭ ᠰᠠᠨᠠᠭ᠎ᠠ ᠮᠥᠨ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠦᠢᠯᠡᠰ ᠤᠨ ᠬᠥᠭᠵᠢᠯᠲᠡ ᠳᠠᠪᠰᠢᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠭ᠎ᠠ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ ᠤᠯᠤᠰ | ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ | ᠤ ᠦᠢᠯᠡᠰ ᠤᠨ ᠤᠯᠤᠰ ᠲᠦᠷᠦ ᠶᠢᠨ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠠᠢ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢ ᠴᠢᠬᠤᠯᠠ ᠠᠴᠠ ᠴᠢᠬᠤᠯᠠ ᠵᠦᠶᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ | ᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ | ᠶᠡᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠡᠳᠡᠭᠡᠳ | ᠢᠯᠭᠠᠯ ᠰᠤᠷᠭᠠᠨ ᠬᠦᠮᠦᠵᠢᠯ ᠤᠨ ᠡᠲᠡᠭᠡᠳ ᠢᠯᠭᠠᠯ ᠤᠨ ᠬᠠᠮᠲᠤᠷᠠᠭᠰᠠᠨ ᠲᠤᠭᠤᠶᠢᠯᠠᠩ ᠤᠨ ᠬᠤᠷᠠᠯ ᠲᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ | ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ | ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠲᠥᠷᠥ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ | ᠤ ᠬᠠᠮᠲᠤ ᠶᠢᠨ ᠲᠠᠨᠢᠯᠲᠠ᠂ ᠣᠨᠣᠯ ᠤᠨ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ | ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ | ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠬᠦᠯᠤᠨ᠎ᠡ᠃ ᠬᠤᠳᠠ ᠶᠢᠨ ᠨᠠᠮ | ᠤᠨ ᠬᠤᠷᠢᠶᠠᠨ ᠤ ᠤᠳᠤᠷᠢᠳᠤᠯᠭ᠎ᠠ ᠶᠢ ᠤᠬᠠᠮᠰᠠᠷ ᠠᠴᠠ ᠪᠠᠨ ᠲᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠨᠠᠮ | ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ | ᠶᠢ ᠪᠠᠲᠤᠯᠠᠬᠤ ᠴᠢᠬᠤᠯᠠ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠪᠠᠶᠢᠭᠤᠯᠤᠯᠲᠠ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠲᠦᠮᠵᠢᠲᠡᠢ | ᠠᠭᠤᠰᠤᠯᠴᠠᠭᠤᠯᠬᠤ ᠲᠣᠭᠲᠠᠴᠠ ᠪᠠ ᠠᠴᠢᠶᠠᠯᠠᠪᠤᠷᠢ ᠶᠢ ᠬᠠᠶᠢᠨ ᠰᠦᠪᠡᠭᠴᠢᠯᠡᠵᠦ᠂ ︽ᠬᠤᠶᠠᠷ ᠢ ᠪᠦᠬᠦᠨ ᠢ | ᠪᠦᠷᠬᠦᠬᠦᠯᠬᠦ︾ ᠠᠵᠢᠯ ︵ᠨᠠᠮ ᠤᠨ ᠵᠣᠬᠢᠶᠠᠨ ᠪᠠᠶᠢᠭᠤᠯᠤᠯᠲᠠ ᠪᠠᠷ ᠨᠠᠮ ᠤᠨ ᠭᠡᠰᠢᠭᠦᠨ ᠪᠤᠯᠬᠤ ᠬᠡᠰᠢᠬᠦᠨ ᠢ ᠪᠦᠬᠦᠨ | ᠢ ᠪᠦᠷᠬᠦᠬᠦᠯᠬᠦ᠂ ᠨᠠᠮ ᠤᠨ ᠠᠵᠢᠯ ᠢᠶᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠦᠬᠦᠨ ᠢ ᠪᠦᠷᠬᠦᠬᠦᠯᠬᠦ︶ | ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠲᠤᠤᠱᠯᠠᠭᠤᠯᠵᠤ᠂ ᠢᠮᠠᠭᠲᠠ ᠬᠤᠳᠠ ᠶᠢᠨ ᠨᠠᠮ ᠤᠨ ᠬᠤᠷᠢᠶ᠎ᠠ ᠲᠠᠢ ᠢᠵᠢᠯᠢ ᠠᠯᠬᠤᠮ | ᠢᠶᠠᠷ ᠤᠷᠤᠭᠰᠢᠯᠠᠵᠤ᠂ ᠢᠵᠢᠯ ᠲᠡᠩᠭᠡᠯᠢᠭ ᠲᠤ ᠬᠠᠮᠲᠤ ᠪᠠᠷ ᠡᠷᠭᠢᠯᠳᠦᠵᠦ᠂ ᠬᠠᠮᠲᠤ ᠪᠠᠷ ᠤᠷᠤᠭᠰᠢᠯᠠᠨ᠎ᠠ᠃ | ᠬᠤᠶᠠᠷ ᠲᠤ ᠥᠭᠡᠷᠡᠴᠢᠯᠡᠯᠲᠡ ᠬᠥᠭᠵᠢᠯᠲᠡ ᠳᠤ ᠦᠶᠯᠡᠴᠢᠯᠡᠬᠦ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ | ᠭᠠᠷᠭᠠᠨ᠎ᠠ᠃ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ | ᠤᠨ ᠲᠡᠷᠢᠭᠦᠨ ᠴᠢᠬᠤᠯᠠ ᠡᠭᠦᠷᠭᠡ ᠮᠥᠨ᠂ ᠪᠠᠰᠠ ᠴᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠭᠤᠣᠯᠳᠠᠯᠭ᠎ᠠ ᠲᠠᠢ ᠡᠭᠦᠷᠭᠡ ᠪᠠ ᠬᠦᠴᠦᠲᠡᠢ ᠭᠠᠷᠳᠠᠴᠠ ᠮᠥᠨ᠃ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ | ᠨᠢ ᠤᠬᠠᠮᠰᠠᠷ ᠠᠴᠠ ᠪᠠᠨ ᠶᠡᠭᠡ ᠲᠠᠯ᠎ᠠ ᠳᠤ ᠣᠶᠢᠷᠠᠲᠤᠵᠤ᠂ ᠶᠡᠭᠡ ᠲᠠᠯ᠎ᠠ ᠳᠤ ᠦᠶᠯᠡᠴᠢᠯᠡᠨ᠂ ᠤᠯᠤᠰ ᠲᠥᠷᠥ ᠶᠢᠨ | ᠵᠥᠪᠯᠡᠯᠭᠡᠨ ᠤ ᠠᠵᠢᠯ ᠬᠢᠭᠡᠳ ᠭᠤᠤᠯ ᠠᠵᠢᠯ ᠤᠨ ᠬᠠᠮᠤᠭ ᠤᠨ ᠰᠠᠶᠢᠨ ᠤᠶᠠᠯᠳᠤᠯ ᠤᠨ ᠴᠡᠭ ᠪᠠ ᠭᠠᠷᠳᠠᠬᠤ ᠴᠡᠭ ᠢ | ᠣᠨᠣᠪᠴᠢᠲᠠᠶ ᠣᠯᠵᠤ᠂ ᠰᠢᠯᠢ ᠶᠢᠨ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠠᠷᠭ᠎ᠠ ᠤᠬᠠᠭᠠᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠤᠯᠤᠰ ᠲᠥᠷᠦ ᠶᠢᠨ ᠵᠥᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ | ᠴᠢᠳᠠᠪᠤᠷᠢᠲᠠᠨ ᠪᠠ ᠣᠶᠤᠨ ᠤᠬᠠᠭᠠᠨ ᠲᠦᠪᠯᠡᠷᠡᠭᠰᠡᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠤᠲᠠ | ᠶᠢᠨ ᠥᠭᠡᠷᠡᠴᠢᠯᠡᠯᠲᠡ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠰᠤᠲᠤᠯᠵᠤ᠂ ᠵᠠᠰᠠᠭ ᠤᠨ | ᠶᠠᠪᠤᠳᠠᠯ ᠳᠤ ᠣᠷᠣᠯᠴᠠᠬᠤ ᠳᠤ ᠭᠤᠤᠯ ᠵᠦᠢᠯ ᠢ ᠠᠳᠬᠤᠵᠤ᠂ ᠵᠠᠰᠠᠭ ᠤᠨ ᠶᠠᠪᠤᠳᠠᠯ ᠢ ᠵᠥᠪᠯᠡᠬᠦ ᠳᠤ ᠵᠠᠩᠭᠢᠯᠠᠭ᠎ᠠ | ᠶᠢᠨ ᠵᠦᠢᠯ ᠢ ᠵᠦᠪᠯᠡᠵᠦ᠂ ᠲᠤᠰᠬᠠᠢ ᠮᠡᠷᠭᠡᠵᠢᠯ ᠪᠠ ᠡᠲᠡᠭᠡᠳ ᠢᠯᠭᠠᠯ ᠤᠨ ᠬᠢᠷᠢ ᠲᠦᠪᠰᠢᠨ ᠢ ᠬᠠᠷᠠᠭᠤᠯᠤᠭᠰᠠᠨ | ᠰᠠᠨᠠᠯ ᠰᠠᠨᠠᠭᠤᠯᠭ᠎ᠠ ᠶᠢ ᠪᠦᠷᠢᠯᠳᠦᠭᠦᠯᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ | ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ᠂ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠯᠤᠰ ᠤᠨ | ᠨᠢᠬᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠦᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠠᠵᠢᠯ | ᠤᠨ ᠲᠣᠭᠤᠷᠢᠨ ᠳᠤ᠂ ᠪᠣᠳᠠᠲᠠᠢ ᠶᠢ ᠡᠷᠬᠢᠮᠯᠡᠭᠰᠡᠨ ᠢᠳᠬᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠬᠥᠭᠵᠢᠯᠲᠡ | ᠶᠢᠨ ᠬᠠᠷᠢᠭᠤᠴᠠᠯᠭ᠎ᠠ ᠪᠠᠨ ᠢᠯᠡᠭᠦᠬᠡᠨ ᠭᠦᠢᠴᠡᠳᠬᠡᠵᠦ᠂ ᠬᠡᠯᠪᠡᠷᠢ ᠶᠢ ᠬᠤᠪᠢᠷᠠᠭᠤᠯᠬᠤ ᠳᠤ ᠢᠯᠡᠭᠦᠬᠡᠨ ᠬᠦᠴᠦᠨ | ᠨᠡᠮᠡᠷᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠯᠲᠡ ᠶᠢᠨ ᠲᠤᠬᠠᠢ ᠰᠢᠷᠢᠰ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠨᠠᠭᠠᠴᠢᠯᠠᠭ᠎ᠠ ᠠᠴᠠ ᠪᠠᠨ | ᠪᠠᠳᠠᠷᠠᠭᠤᠯᠵᠤ᠂ ᠭᠠᠳᠠᠭᠠᠳᠤ ᠯᠤᠭ᠎ᠠ ᠶᠢᠨ ᠨᠥᠬᠦᠷᠯᠡᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠤᠬᠠᠭᠤᠯᠤᠨ | ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠨᠡᠩ ᠤᠯᠠᠨ ᠴᠢᠳᠠᠪᠤᠷᠢᠲᠠᠨ ᠢ | ᠲᠠᠲᠠᠵᠤ ᠰᠢᠯᠢ ᠶᠢᠨ ᠬᠤᠲᠠ ᠳᠤ ᠦᠢᠯᠡᠴᠢᠯᠡᠭᠦᠯᠵᠦ᠂ ᠨᠡᠩ ᠤᠯᠠᠨ ᠲᠦᠷᠦᠯ ᠵᠦᠢᠯ ᠢ ᠰᠢᠯᠢ ᠶᠢᠨ ᠬᠤᠲᠠ ᠳᠤ | ᠠᠪᠴᠢᠷᠠᠵᠤ᠂ ᠨᠡᠩ ᠤᠯᠠᠨ ᠪᠡᠯᠡ ᠮᠥᠩᠭᠦ ᠶᠢ ᠰᠢᠯᠢ ᠶᠢᠨ ᠬᠤᠲᠠ ᠳᠤ ᠣᠷᠣᠭᠤᠯᠬᠤ ᠬᠡᠷᠡᠭᠲᠡᠢ᠃ | ᠭᠤᠷᠪᠠ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠦᠢᠯᠡᠳᠦᠯ | ᠢᠶᠠᠨ ᠪᠠᠲᠠᠷᠠᠭᠤᠯᠤᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠠᠷᠠᠳ ᠲᠦᠮᠡᠨ ᠤ ᠳᠤᠮᠳᠠ ᠠᠴᠠ | ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠳᠡᠭ ᠶᠤᠮ᠃ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ︽ᠠᠷᠠᠳ ᠤᠨ | ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ︾ ᠭᠡᠬᠦ ᠣᠶᠢᠯᠠᠭᠠᠭᠳᠠᠬᠤᠨ ᠢ ᠢᠮᠠᠭᠲᠠ ᠪᠠᠲᠤ | ᠰᠠᠬᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ | ᠶᠠᠪᠤᠳᠠᠯ ᠢ ᠢᠯᠡᠭᠦᠬᠡᠨ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠢᠭᠤᠳ ᠲᠤᠰᠬᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ ᠤ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠴᠠᠭ ᠦᠶ᠎ᠡ | ᠶᠢᠨ ᠪᠠᠶᠢᠳᠠᠯ ᠢ ᠣᠨᠣᠪᠴᠢᠲᠠᠢ ᠡᠵᠡᠮᠳᠡᠨ᠂ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ | ᠢᠯᠡᠷᠡᠭᠦᠯᠵᠦ᠂ ᠡᠯ᠎ᠡ ᠡᠲᠡᠭᠡᠳ ᠤᠨ ᠬᠢᠨ ᠤ ᠰᠠᠨᠠᠯ ᠢ ᠪᠦᠬᠦ ᠲᠠᠯ᠎ᠠ ᠪᠠᠷ ᠬᠤᠷᠠᠮᠳᠤᠭᠤᠯᠤᠨ᠂ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠲᠣᠭᠲᠠᠭᠠᠭᠰᠠᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠠᠷᠠᠳ ᠤᠨ ᠰᠠᠨᠠᠭ᠎ᠠ | ᠰᠡᠳᠬᠢᠯ ᠳᠤ ᠨᠡᠩ ᠨᠡᠶᠢᠴᠡᠭᠦᠯᠬᠦ ᠬᠡᠷᠡᠭᠲᠡᠢ᠃ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠶᠠᠪᠤᠳᠠᠯ ᠢ ᠢᠯᠡᠭᠦᠬᠡᠨ | ᠬᠢᠵᠦ᠂ ᠤᠯᠠᠨ ᠲᠦᠮᠡᠨ ᠤ ᠦᠵᠡᠯ ᠰᠠᠨᠠᠭᠠᠨ ᠤ ᠲᠥᠭᠡᠷᠢᠭᠳᠡᠯ ᠴᠡᠭ᠂ ᠠᠰᠢᠭ ᠲᠤᠰᠠ ᠶᠢᠨ ᠬᠠᠷᠢᠴᠠᠭᠠᠨ ᠤ | ᠰᠣᠯᠪᠢᠴᠠᠯ ᠴᠡᠭ᠂ ᠪᠣᠳᠠᠲᠤ ᠵᠥᠷᠢᠴᠡᠯ ᠤᠨ ᠠᠮᠠᠷᠬᠠᠨ ᠡᠭᠦᠰᠬᠦ ᠴᠡᠭ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ | ᠪᠠᠨ ᠰᠡᠵᠢᠭ ᠢ ᠠᠯᠳᠠᠷᠠᠭᠠᠵᠤ᠂ ᠬᠠᠷᠢᠴᠠᠭ᠎ᠠ ᠶᠢ ᠵᠣᠬᠢᠴᠠᠭᠤᠯᠤᠨ᠂ ᠤᠷᠮ᠎ᠠ ᠰᠡᠳᠬᠢᠯᠭᠡ ᠶᠢ ᠰᠢᠯᠤᠭᠤᠳᠬᠠᠬᠤ᠂ | ᠵᠥᠷᠢᠴᠡᠯ ᠢ ᠠᠷᠢᠯᠭᠠᠬᠤ ᠳᠠᠭᠠᠨ ᠴᠢᠳᠠᠮᠠᠭᠠᠢ ᠪᠠᠶᠢᠵᠤ᠂ ᠬᠠᠮᠤᠭ ᠤᠨ ᠶᠡᠭᠡ ᠬᠠᠮᠲᠤ ᠶᠢᠨ ᠲᠠᠨᠢᠯᠲᠠ ᠶᠢ ᠲᠠᠰᠤᠷᠠᠯᠳᠠ | ᠦᠭᠡᠢ ᠡᠷᠢᠵᠦ᠂ ᠬᠠᠮᠤᠭ ᠤᠨ ᠶᠡᠭᠡ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠨ᠂ ᠬᠠᠮᠤᠭ ᠤᠨ ᠶᠡᠭᠡ ᠨᠢᠭᠲᠠᠷᠠᠯ ᠤᠨ | ᠬᠦᠴᠦᠨ ᠢ ᠪᠤᠢ ᠪᠣᠯᠭᠠᠵᠤ᠂ ᠤᠯᠠᠨ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ | ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ | ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠠᠪᠤᠳᠠᠯ ᠢ ᠢᠯᠡᠭᠦᠬᠡᠨ ᠬᠢᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠳᠤ ᠢᠳᠡᠪᠬᠢᠲᠡᠢ ᠣᠷᠣᠯᠴᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ | ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠠᠩᠬᠠᠷᠴᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ | ᠳᠤ ᠬᠤᠯᠪᠣᠭᠳᠠᠬᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ | ᠠᠰᠠᠷᠠᠮᠵᠢ᠂ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ | ᠪᠣᠳᠣᠯᠬᠢᠯᠠᠨ᠂ ᠭᠦᠨᠵᠡᠭᠡᠢ ᠪᠠᠶᠢᠴᠠᠭᠠᠨ ᠰᠤᠳᠤᠯᠵᠤ᠂ ᠵᠠᠰᠠᠭ ᠤᠨ ᠶᠠᠪᠤᠳᠠᠯ ᠢ ᠲᠥᠪᠯᠡᠷᠡᠭᠦᠯᠦᠨ ᠵᠥᠪᠯᠡᠵᠦ᠂ | ᠪᠦᠲᠦᠮᠵᠢᠲᠡᠢ ᠬᠢᠨᠠᠯᠲᠠ ᠲᠠᠯᠪᠢᠵᠤ᠂ ᠨᠡᠶᠢᠭᠡᠮ ᠤᠨ ᠦᠢᠯᠡᠰ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ | ᠤᠯᠠᠨ ᠲᠦᠮᠡᠨ ᠢ ᠨᠡᠩ ᠴᠢᠨᠠᠷ ᠴᠢᠨᠰᠠᠭ᠎ᠠ ᠲᠠᠢ᠂ ᠵᠣᠯ ᠵᠢᠷᠭᠠᠯ ᠲᠠᠢ ᠠᠮᠢᠳᠤᠷᠠᠯ ᠢ ᠡᠳ᠋ᠯᠡᠭᠦᠯᠦᠨ᠎ᠡ᠃ | ᠳᠥᠷᠪᠡ ᠳᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠡᠭᠡᠷ᠎ᠡ ᠨᠠᠩ ᠰᠠᠶᠢᠨ ᠳᠦᠷᠢ ᠲᠥᠷᠬᠦ ᠶᠢ ᠪᠣᠶ | ᠪᠤᠯᠭᠠᠨ᠎ᠠ᠃ ᠰᠢᠨ᠎ᠡ ᠴᠠᠭ ᠦᠶ᠎ᠡ᠂ ᠰᠢᠨ᠎ᠡ ᠡᠭᠦᠷᠭᠡ ᠬᠠᠷᠢᠭᠤᠴᠠᠯᠭ᠎ᠠ ᠨᠢ ᠤᠯᠤᠰ ᠲᠦᠷᠦ ᠶᠢᠨ ᠵᠥᠪᠯᠡᠯᠭᠡᠨ ᠤ | ᠠᠵᠢᠯ ᠳᠤ ᠰᠢᠨ᠎ᠡ ᠱᠠᠭᠠᠷᠳᠠᠯᠭ᠎ᠠ᠂ ᠰᠢᠨ᠎ᠡ ᠬᠠᠷᠠᠯᠲᠠ ᠳᠤᠷᠠᠳᠪᠠ᠃ ᠬᠤᠳᠠ ᠶᠢᠨ ᠨᠠᠮ ᠤᠨ ᠬᠤᠷᠢᠶ᠎ᠠ ᠨᠢ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠢᠮᠠᠭᠲᠠ ᠪᠦᠬᠦ ᠲᠠᠯ᠎ᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ | ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠦᠨ᠂ | ᠲᠠᠪᠴᠠᠩ ᠪᠠᠶᠢᠭᠤᠯᠵᠤ᠂ ᠪᠠᠲᠤᠯᠠᠭ᠎ᠠ ᠬᠠᠩᠭᠠᠨ᠂ ᠪᠦᠬᠦ ᠨᠡᠶᠢᠭᠡᠮ ᠢᠶᠠᠷ ᠢᠶᠠᠨ ᠤᠯᠤᠰ ᠲᠦᠷᠦ ᠶᠢᠨ ᠵᠥᠪᠯᠡᠯᠭᠡᠨ ᠤ | ᠠᠵᠢᠯ ᠢ ᠴᠢᠬᠤᠯᠠᠴᠢᠯᠠᠨ ᠲᠡᠮᠵᠢᠵᠦ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠪᠤᠯᠪᠠᠰᠤᠷᠠᠯ ᠢ ᠢᠳᠡᠪᠬᠢᠲᠠᠢ ᠦᠷᠨᠢᠬᠦᠯᠦᠨ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠪᠦᠬᠦ ᠲᠠᠯ᠎ᠠ ᠪᠠᠷ ᠴᠢᠩᠭᠠᠳᠬᠠᠨ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠠᠮᠢᠵᠢᠷᠠᠯ | ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ | ᠶᠢᠨ ᠬᠡᠪ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠪᠣᠳᠠᠲᠤ ᠦᠷ᠎ᠡ ᠪᠦᠲᠦᠮᠵᠢ | ᠶᠢ ᠳᠡᠭᠡᠭᠰᠢᠯᠡᠭᠦᠯᠦᠨ᠂ ᠥᠷᠭᠡᠨ ᠤᠯᠠᠨ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠥᠪᠯᠡᠬᠦ | ᠲᠠᠪᠴᠠᠩ ᠪᠠᠶᠢᠭᠤᠯᠤᠨ ᠥᠭᠴᠦ᠂ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ᠃ ︽ | ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠲᠠᠯ ᠢ ᠵᠥᠪᠯᠡᠬᠦ | ᠳᠡᠭᠡᠨ ᠴᠢᠳᠠᠮᠠᠭᠠᠢ ᠪᠠᠶᠢᠬᠤ︾ ᠱᠠᠭᠠᠷᠳᠠᠯᠭ᠎ᠠ ᠳᠤ ᠰᠠᠭᠤᠷᠢᠯᠠᠨ᠂ ᠭᠡᠰᠢᠭᠦᠳ ᠤᠨ ᠰᠤᠷᠤᠯᠴᠠᠯᠭ᠎ᠠ ᠪᠤᠯᠪᠠᠰᠤᠷᠠᠯ ᠢ | ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠬᠢᠨᠠᠨ ᠰᠢᠯᠭᠠᠬᠤ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠭᠡᠰᠢᠭᠦᠳ ᠤᠨ ᠡᠯ᠎ᠡ ᠵᠦᠢᠯ ᠤᠨ | ᠠᠷᠠᠳᠴᠢᠯᠠᠯ ᠤᠨ ᠡᠷᠬᠡ ᠶᠢ ᠬᠦᠨᠳᠦᠳᠬᠡᠨ ᠪᠠᠲᠤᠯᠠᠵᠤ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ | ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ | ᠵᠠᠩ ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠳᠤ ᠰᠠᠭᠤᠷᠢᠯᠠᠨ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠢ ᠬᠦᠲᠦᠯᠦᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ | ᠭᠡᠰᠢᠭᠦᠳ ᠤᠨ ᠢᠷᠠᠭᠤ ᠠᠯᠳᠠᠷ ᠢᠶᠠᠨ ᠨᠠᠨᠳᠢᠩᠨᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠯᠪᠡᠷᠢ | ᠶᠢ ᠣᠨᠣᠪᠴᠢᠲᠠᠢ ᠡᠵᠡᠮᠳᠡᠵᠦ᠂ ᠬᠠᠤᠯᠢ ᠴᠠᠭᠠᠵᠠ ᠰᠠᠬᠢᠯᠭ᠎ᠠ ᠪᠠᠲᠤ ᠲᠣᠭᠲᠠᠭᠠᠯ ᠶᠣᠰᠣᠭᠠᠷ ᠠᠵᠢᠯᠯᠠᠵᠤ᠂ | ᠲᠤᠬᠠᠶᠢᠯᠠᠭᠰᠠᠨ ᠠᠵᠢᠯ ᠳᠠᠬᠢ ᠳᠠᠭᠠᠭᠤᠯᠬᠤ ᠦᠢᠯᠡᠳᠦᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠳᠤᠮᠳᠠᠬᠢ ᠭᠤᠤᠯ ᠴᠣᠭᠴᠠ ᠶᠢᠨ ᠦᠢᠯᠡᠳᠦᠯ᠂ ᠡᠲᠡᠭᠡᠳ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠬᠦ | ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠶᠢᠨ ᠰᠠᠶᠢᠬᠠᠨ | ᠲᠦᠷᠢ ᠲᠥᠷᠬᠦ ᠶᠢ ᠭᠦᠢᠴᠡᠳ ᠢᠯᠡᠷᠡᠭᠦᠯᠬᠦ ᠬᠡᠷᠡᠭᠲᠡᠢ᠃ | ᠭᠡᠰᠢᠭᠦᠳ ᠡ᠂ ᠨᠥᠬᠦᠳ ᠡ᠂ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ | ᠂ ᠪᠢᠳᠡ ᠲᠠᠷᠬᠠᠨ ᠡᠭᠦᠷᠭᠡ ᠪᠠᠨ ᠤᠭᠲᠤᠨ ᠠᠪᠤᠯ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ | ᠢ ᠥᠨᠳᠥᠷ ᠮᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠡᠷᠡᠮᠡᠬᠡᠶᠢᠯᠡᠨ | ᠤᠷᠤᠭᠰᠢᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠨᠢᠭᠡ ᠰᠡᠳᠬᠢᠯ ᠨᠢᠭᠡ ᠵᠣᠷᠢᠭ ᠢᠶᠠᠷ ᠰᠠᠶᠢᠲᠤᠷ | ᠠᠳᠬᠤᠨ ᠪᠣᠳᠠᠲᠠᠶ ᠠᠵᠢᠯᠯᠠᠵᠤ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠰᠢᠯᠢ | ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠬᠦᠯᠵᠦ᠂ ᠰᠢᠯᠢᠳᠡᠭ | ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ︕ |