2021 ᠤᠨ ᠤ ᠵᠠᠰᠠᠭ ᠤᠨ ᠤᠷᠲᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/18
ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠮᠠᠲ᠋ᠧᠷᠢᠶᠠᠯ ︵ᠠᠷᠪᠠᠨ ᠬᠤᠶᠠᠷ︶                     ᠵᠠᠰᠠᠭ ᠤᠨ ᠤᠷᠲᠤᠨ ᠤ ᠠᠵᠢᠯ ᠤᠨ ᠢᠯᠡᠳᠬᠡᠯ—2021 ᠣᠨ ᠤ 3 ᠰᠠᠷ᠎ᠠ ᠶᠢᠨ 17᠎ ᠤ ᠡᠳᠦᠷ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ               ᠬᠤᠲᠠ ᠶᠢᠨ ᠳᠠᠷᠤᠭ᠎ᠠ         ᠵᠣᠣ ᠹᠸᠢ ᠫᠧᠩᠲᠥᠯᠥᠭᠡᠯᠡᠭᠴᠢᠳ ᠡ᠄     ᠡᠳᠦᠭᠡ ᠪᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠤᠯᠪᠠᠤ᠃     ᠨᠢᠭᠡ᠂ 2020 ᠣᠨ ᠤ ᠠᠵᠢᠯ ᠤᠨ ᠡᠷᠭᠢᠴᠡᠭᠦᠯᠦᠯ     2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠲᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠦᠯᠦᠪᠵᠢᠬᠦᠯᠵᠦ᠂ ᠬᠦᠴᠢᠷ ᠪᠡᠷᠬᠡᠰᠢᠶᠡᠯ ᠢ ᠢᠯᠠᠨ ᠲᠠᠪᠠᠵᠤ᠂ ᠡᠷᠡᠮᠡᠬᠡᠶᠢᠯᠡᠨ ᠤᠷᠤᠭᠰᠢᠯᠠᠨ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠬᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ     ᠡᠨᠡ ᠨᠢᠭᠡ ᠵᠢᠯ ᠳᠤ᠂ ᠪᠢᠳᠡ ᠰᠡᠷᠭᠡᠶᠢᠯᠡᠯᠲᠡ ᠶᠢᠨ ᠱᠤᠭᠤᠮ ᠢ ᠪᠠᠲᠣᠳᠬᠠᠵᠣ᠂ ᠬᠠᠷᠢᠭᠤᠴᠠᠯᠭ᠎ᠠ ᠪᠠᠨ ᠡᠭᠦᠷᠭᠡᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠢᠯᠠᠯᠲᠠ ᠤᠯᠪᠠ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠤᠨ ᠪᠠᠴᠢᠮ ᠪᠠᠶᠢᠲᠠᠯ ᠢ ᠠᠷᠭᠠᠴᠠᠭᠠᠬᠤ ᠠᠵᠢᠯᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠎ ᠢ ᠪᠦᠬᠦ ᠬᠦᠴᠦ ᠪᠠᠷ ᠢᠶᠠᠨ ᠬᠢᠪᠠ᠃ ᠬᠢᠵᠢᠭ ᠢ ᠡᠰᠡᠷᠭᠦᠴᠡᠬᠦ ᠪᠡᠷᠬᠡ ᠬᠠᠲᠠᠭᠤᠵᠢᠯᠲᠠᠢ ᠲᠡᠮᠡᠴᠡᠯ ᠳᠤᠮᠳᠠ᠂ ᠪᠥᠬᠦ ᠬᠤᠲᠠ ᠶᠢᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠨ ᠨᠠᠷ ᠤᠭᠲᠤ ᠡᠷᠡᠭᠡᠯᠵᠡᠯ ᠥᠬᠡᠶ ᠪᠠᠷ ᠦᠪᠡᠷ ᠢ ᠪᠠᠨ ᠤᠮᠠᠷᠲᠠᠨ ᠠᠵᠢᠯᠯᠠᠵᠤ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠡᠷᠡᠯᠬᠡᠭᠯᠡᠨ ᠲᠡᠮᠡᠴᠡᠵᠦ᠂ ᠭᠠᠪᠰᠢᠭᠠᠶᠢᠯᠠᠨ ᠠᠵᠢᠯᠯᠠᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠰᠠᠶᠢᠨ ᠳᠤᠷᠠᠴᠤᠳ ᠬᠠᠬᠢᠷ ᠬᠦᠶᠲᠡᠨ ᠠᠴᠠ ᠠᠶᠤᠬᠤ ᠥᠬᠡᠶ᠂ ᠡᠳᠦᠷ ᠰᠥᠨᠢ ᠥᠬᠡᠶ ᠪᠠᠲᠤ ᠰᠠᠬᠢᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠮᠲᠤ ᠪᠠᠷ ᠰᠡᠷᠭᠡᠶᠢᠯᠡᠨ ᠬᠠᠮᠲᠤ ᠪᠠᠷ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠎ ᠶᠢᠨ ᠱᠤᠭᠤᠮ ᠢ ᠴᠣᠭᠴᠠᠯᠠᠵᠤ᠂ ᠬᠢᠵᠢᠭ ᠤᠨ ᠬᠠᠯᠲᠠᠪᠤᠷᠢᠯᠠᠨ ᠲᠡᠯᠭᠡᠷᠡᠬᠦ ᠬᠠᠨᠳᠤᠰᠢ ᠶᠢ ᠬᠤᠷᠢᠭᠯᠠᠵᠤ᠂ ᠪᠥᠬᠦ ᠬᠤᠲᠠ ᠶᠢᠨ ᠠᠷᠠᠳ ᠲᠦᠮᠡᠨ ᠤ ᠠᠮᠤᠷ ᠲᠤᠭᠳᠠᠭᠤᠨ ᠠᠮᠢᠳᠤᠷᠠᠯ ᠢ ᠰᠠᠬᠢᠨ ᠬᠠᠮᠠᠭᠠᠯᠠᠪᠠ᠃ ᠬᠡᠴᠡᠭᠦᠦ ᠲᠤᠭᠰᠢᠨ ᠬᠢᠵᠢᠭ ᠤᠨ ᠪᠠᠶᠢᠳᠠᠯ ᠨᠢ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠠᠨ ᠬᠠᠲᠠᠨ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠬᠥᠭᠵᠢᠭᠡᠵᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠬᠢᠵᠢᠭ ᠲᠠᠢ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠂ ᠠᠳᠡ ᠪᠢᠳᠡ ᠬᠢᠵᠢᠭ ᠲᠠᠢ ᠲᠡᠮᠡᠴᠡᠭᠰᠡᠨ ᠲᠡᠲᠡᠭᠡᠷ ᠡᠭᠡᠯ ᠵᠢᠷ ᠤᠨ ᠪᠥᠭᠡᠳ ᠠᠭᠤᠤ ᠶᠡᠭᠡ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤ ᠳᠠᠷᠠᠭ᠎ᠠ᠂ ᠪᠢᠳᠡ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠤᠨ ᠪᠦᠭᠡᠮ ᠬᠦᠴᠢᠯ ᠤᠨ ᠪᠠᠶᠢᠴᠠᠭᠠᠯᠲᠠ ᠬᠢᠬᠦ ᠴᠢᠲᠠᠪᠤᠷᠢ ᠶᠢ ᠪᠦᠷᠢᠯᠳᠦᠬᠦᠯᠵᠦ᠂ ᠰᠡᠷᠭᠡᠶᠢᠯᠡᠨ ᠬᠠᠮᠠᠭᠠᠯᠠᠬᠤ ᠬᠤᠪᠴᠠᠰᠤ᠂ ᠡᠮᠴᠢᠯᠡᠭᠡᠨ ᠳᠤ ᠬᠡᠷᠡᠭᠯᠡᠬᠦ ᠠᠮᠠᠪᠴᠢ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ ᠦᠶᠯᠡᠳᠪᠦᠷᠢᠯᠡᠬᠦ ᠴᠢᠲᠠᠪᠤᠷᠢ ᠦᠭᠡᠢ ᠪᠠᠶᠢᠭᠰᠠᠨ ᠠᠴᠠ ᠪᠠᠨ ᠴᠢᠲᠠᠪᠤᠷᠢᠲᠠᠢ ᠪᠣᠯᠵᠣ᠂ ᠡᠳᠦᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ ᠨᠢ 1 . 4 ᠲᠦᠮᠡᠨ ᠬᠤᠪᠢ ᠳᠤ ᠬᠦᠷᠴᠦ᠂ 9000 ᠭᠠᠷᠤᠶ ᠬᠥᠮᠦᠰ ᠲᠤ ᠸᠠᠺᠼᠢᠨ ᠤ ᠲᠠᠷᠢᠯᠭ᠎ᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠲᠤᠶᠢᠯ ᠤᠨ ᠶᠡᠭᠡ ᠪᠠᠷ ᠳᠡᠭᠡᠭᠰᠢᠯᠡᠪᠡ᠃ᠡᠨᠡ ᠨᠢᠭᠡ ᠵᠢᠯ ᠳᠤ᠂ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠡᠷᠬᠢᠯᠲᠡ ᠨᠢ ᠲᠣᠭᠲᠠᠭᠤᠨ ᠤ ᠳᠤᠮᠳᠠ ᠰᠠᠶᠢᠵᠢᠷᠠᠯᠲᠠ ᠲᠠᠢ ᠪᠠᠶᠢᠬᠤ ᠶᠢ ᠪᠠᠲᠤᠯᠠᠪᠠ᠃ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠦᠯᠦᠭ ᠤᠳᠠᠭ᠎ᠠ ᠬᠤᠪᠢᠶᠠᠨ ᠰᠤᠷᠭᠠᠭᠤᠯᠢ ᠡᠬᠢᠯᠡᠭᠦᠯᠦᠨ ᠬᠢᠴᠢᠶᠡᠯ ᠢᠶᠠᠨ ᠰᠡᠷᠭᠦᠭᠡᠵᠦ᠂ ᠥᠷᠭᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠎ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠲᠠᠪᠤᠷᠢᠵᠢᠭᠤᠯᠣᠨ᠂ ᠰᠢᠨ᠎ᠡ ᠪᠠᠷ 4 . 01 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠦᠩᠭᠡᠯᠡᠵᠦ ᠰᠦᠶᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠬᠢᠭᠡᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠶᠳᠬᠡᠯ ᠢ 6805 ᠲᠦᠮᠡᠨ ᠲᠥᠭᠦᠷᠢᠭ᠂ ᠡᠮᠴᠢᠯᠡᠭᠡᠨ ᠤ ᠳᠠᠭᠠᠳᠬᠠᠯ ᠤᠨ ᠰᠦᠶᠳᠬᠡᠯ 451 ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 1 ᠳ᠋ᠦᠩᠰᠢᠭᠤᠷ ᠭᠠᠷᠤᠶ ᠲᠥᠭᠦᠷᠢᠭ ᠪᠠᠭᠤᠷᠠᠭᠤᠯᠵᠤ᠂ 2 ᠳ᠋ᠦᠩᠰᠢᠭᠤᠷ ᠲᠥᠭᠦᠷᠢᠭ ᠤᠨ ᠲᠣᠰᠠᠯᠠᠮᠵᠢ ᠶᠢᠨ ᠪᠠᠲᠤᠯᠠᠭ᠎ᠠ ᠶᠢᠨ ᠵᠢᠭᠡᠯᠡᠯᠭᠡ ᠶᠢ ᠲᠠᠷᠬᠠᠭᠠᠵᠤ᠂ 1000 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ 4600 ᠭᠠᠷᠤᠶ ᠲᠦᠮᠡᠨ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠪᠡ᠃ 2065 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠲᠠᠷᠬᠠᠭᠠᠵᠤ᠂ 6006 ᠲᠦᠮᠡᠨ ᠲᠥᠭᠦᠷᠢᠭ ᠤᠨ ᠠᠵᠢᠯ ᠣᠯᠭᠤᠬᠤ ᠦᠢᠯᠡᠰ ᠴᠣᠭᠴᠠᠯᠠᠬᠤ ᠨᠥᠬᠦᠪᠥᠷᠢ ᠶᠢ ᠨᠠᠶᠢᠲᠠᠪᠤᠷᠢᠵᠢᠭᠤᠯᠵᠤ᠂ ᠬᠤᠲᠠ ᠪᠠᠯᠭᠠᠰᠤᠨ ᠤ 5480 ᠭᠠᠷᠤᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 2 . 53 %᠎ ᠳᠤ ᠬᠦᠷᠴᠦ᠂ ᠬᠢᠵᠠᠭᠠᠷᠯᠠᠬᠤ ᠬᠠᠷᠠᠯᠲᠠ ᠠᠴᠠ 0.77 ᠵᠠᠭᠤᠨ ᠤ ᠬᠤᠪᠢ ᠶᠢᠨ ᠴᠡᠭ ᠳᠣᠣᠷ᠎ᠠ ᠪᠣᠯᠪᠠ᠃ ᠴᠢᠬᠤᠯᠠ ᠶᠡᠭᠡ ᠲᠥᠷᠥᠯ ᠵᠦᠶᠯ ᠢ ᠲᠥᠪᠯᠡᠷᠡᠭᠦᠯᠦᠨ ︽ᠬᠢᠨᠠᠨ ᠵᠥᠪᠰᠢᠶᠡᠷᠡᠬᠦ ᠰᠠᠷ᠎ᠠ︾᠎ ᠶᠢᠨ ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠎ ᠲᠠᠢ ᠲᠥᠷᠥᠯ ᠵᠦᠶᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 92 . 5 %᠎ ᠳᠤ ᠬᠦᠷᠴᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 16 . 3 %᠎ ᠪᠠᠷ ᠨᠡᠮᠡᠭᠳᠡᠪᠡ᠃ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠢ ᠪᠦᠬᠦ ᠲᠠᠯ᠎ᠠ ᠪᠠᠷ ᠡᠬᠢᠯᠡᠭᠦᠯᠵᠦ᠂ 3 ᠵᠤᠷᠪᠤᠰ ᠵᠠᠰᠠᠮᠠᠯ ᠵᠠᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠎ ᠶᠢᠨ ᠰᠠᠭᠤᠷᠢ ᠶᠢ ᠨᠠᠩ ᠪᠠᠬᠢᠵᠢᠭᠦᠯᠪᠡ᠃ 2020 ᠣᠨ ᠳᠤ᠂ ᠪᠥᠬᠦ ᠬᠤᠲᠠ ᠶᠢᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 12 . 4 % ᠨᠡᠮᠡᠭᠳᠡᠵᠦ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 9 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠎ ᠤᠨ ᠣᠷᠣᠯᠭ᠎ᠠ 20. 4 %᠎ ᠪᠠᠷ ᠨᠡᠮᠡᠭᠳᠡᠵᠦ᠂ ᠵᠢᠯ ᠤᠨ ᠡᠬᠢᠨ ᠤ ᠲᠥᠯᠥᠪᠯᠡᠭᠡ ᠶᠢᠨ 117 . 6 %᠎ ᠶᠢ ᠪᠡᠶᠡᠯᠡᠭᠦᠯᠪᠡ᠃ᠡᠨᠡ ᠨᠢᠭᠡ ᠵᠢᠯ ᠳᠤ᠂ ᠪᠢᠳᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠲᠦᠴᠡ ᠶᠢ ᠲᠣᠬᠢᠷᠠᠭᠤᠯᠵᠤ᠂ ᠠᠵᠤ ᠦᠢᠯᠡᠰ ᠤᠨ ᠬᠥᠭᠵᠢᠯᠲᠡ ᠰᠢᠨ᠎ᠡ ᠠᠬᠢᠴᠠ ᠲᠠᠢ ᠪᠣᠯᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠎ ᠶᠢᠨ ᠦᠶᠯᠡᠳᠬᠦᠨ ᠤ ᠥᠷᠲᠡᠭ ᠪᠠ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠲᠣᠰ ᠲᠣᠰ 49 . 3 % ᠪᠠ 10 ᠳᠠᠬᠢᠨ ᠨᠡᠮᠡᠭᠳᠡᠪᠡ᠃ ᠳ᠋ᠠ ᠳᠠᠩ᠂ ᠤᠮᠠᠷᠠᠲᠤ ᠣᠷᠣᠨ 2 ᠢᠯᠴᠢ ᠶᠢᠨ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 264 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ︔ ᠵᠢᠩ ᠶᠦᠨ ᠲᠦᠩ᠂ ᠤᠳᠠᠯᠠᠢ ᠵᠡᠷᠭᠡ ᠶᠡᠷᠦᠩᠬᠡᠶ ᠮᠠᠰᠢᠨ ᠴᠣᠭᠴᠠᠯᠠᠪᠤᠷᠢ ᠨᠢ 130 ᠲᠦᠮᠡᠨ ᠺᠢᠯᠣᠸᠠᠲ ᠬᠦᠷᠬᠦ ᠰᠠᠯᠬᠢᠨ ᠬᠦᠴᠦᠨ ᠤ ᠴᠠᠬᠢᠯᠭᠠᠨ ᠤ 5 ᠲᠥᠷᠥᠯ ᠵᠦᠶᠯ ᠢ ᠲᠣᠤᠷ ᠨᠡᠶᠢᠯᠡᠬᠦᠯᠬᠦ ᠶᠢ ᠪᠡᠶᠡᠯᠡᠭᠦᠯᠪᠡ᠃ ᠲᠣᠨᠣᠭᠯᠠᠯ ᠦᠢᠯᠡᠳᠬᠦ ᠦᠢᠯᠡᠰ ᠤᠨ ᠦᠢᠯᠡᠳᠬᠦᠨ ᠤ ᠦᠷᠳᠡᠭ 311 . 7 %᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 62 . 9 %᠎ ᠳᠤ ᠬᠦᠷᠪᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠢᠯᠵᠢᠮᠡᠭ ᠬᠦᠴᠢᠯ ᠤᠨ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠬᠡᠳᠬᠡᠨ ᠠᠬᠢᠭᠤᠯᠵᠤ᠂ ᠰᠢᠩ ᠵᠢᠶᠠᠨ ᠨᠤᠨᠳᠠᠭ ᠨᠡᠭᠦᠷᠡᠰᠦᠨ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠠᠰᠢᠭᠯᠠᠯᠲᠠ ᠳᠤ ᠤᠷᠤᠪᠠ᠃ ᠨᠡᠭᠡᠭᠡᠯᠲᠡ ᠶᠢᠨ ᠤᠷᠤᠨ ᠤ ᠬᠦᠷᠢᠶᠡᠯᠡᠩ ᠲᠣᠭᠤᠷᠢᠭ ᠎ ᠤᠨ ᠣᠷᠣᠨ ᠪᠠᠶᠢᠷᠢ ᠶᠢᠨ ᠲᠤᠬᠢᠷᠠᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠵᠤ᠂ ︽ᠨᠢᠭᠡ ᠲᠣᠭᠤᠷᠢᠭ ᠭᠤᠷᠪᠠᠨ ᠬᠦᠷᠢᠶᠡᠯᠡᠩ︾᠎ ᠤᠨ ᠪᠠᠶᠢᠲᠠᠯ ᠠᠩᠬ᠎ᠠ ᠠᠯᠬᠤᠮ ᠪᠦᠷᠢᠯᠳᠦᠵᠦ᠂ ᠠᠵᠤ ᠦᠶᠯᠡᠳᠪᠦᠷᠢ ᠎ ᠶᠢᠨ ᠠᠭᠤᠷ ᠤᠨ ᠬᠤᠭᠤᠯᠠᠢ ᠲᠣᠣᠷ ᠤᠨ ᠲᠥᠷᠦᠯ ᠵᠦᠢᠯ ᠦᠨᠳᠦᠰᠦᠨ ᠳᠡᠭᠡᠨ ᠪᠦᠷᠢᠯᠳᠦᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠶᠢᠳᠠᠯ ᠰᠠᠶᠢᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠᠲᠠᠢ ᠡᠭᠦᠳᠦᠨ ᠪᠠᠶᠢᠭᠤᠯᠵᠤ᠂ ︽ᠰᠢᠯᠢ ᠶᠢᠨ ᠬᠤᠲᠠ ᠶᠢᠨ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠱᠤᠭᠤᠮ ᠳᠠᠭᠠᠤ ᠵᠢᠴᠢ ᠵᠢᠭᠤᠯᠴᠢᠯᠠᠯ ᠤᠨ ᠪᠠᠭᠤᠴᠠ ᠶᠢᠨ ᠪᠦᠬᠦᠯᠢ ᠴᠣᠭᠴᠠ ᠶᠢᠨ ᠤᠶᠢᠯᠠᠭᠠᠭᠳᠠᠬᠤᠨ ᠤ ᠲᠥᠯᠥᠪᠵᠢᠭᠦᠯᠭᠡ︾ ᠵᠡᠷᠭᠡ ᠵᠢᠭᠤᠯᠴᠢᠯᠠᠯ ᠤᠨ ᠲᠥᠯᠥᠪᠵᠢᠭᠦᠯᠭᠡ ᠶᠢ 4 ᠬᠤᠪᠢ ᠨᠠᠶᠢᠷᠠᠭᠤᠯᠤᠨ ᠳᠠᠭᠤᠰᠬᠠᠵᠤ᠂ ᠬᠤᠲᠠ ᠶᠢᠨ ᠵᠣᠴᠢᠳ ᠤᠨ ᠲᠢᠩᠬᠢᠮ ᠵᠡᠷᠭᠡ ᠵᠢᠭᠤᠯᠴᠢᠯᠠᠯ ᠤᠨ 3 ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ ᠪᠢᠯᠢᠭ ᠤᠨ ᠭᠠᠯᠲᠤ ᠠᠭᠤᠯᠠ ᠶᠢᠨ ᠪᠠᠯᠭᠠᠰᠤ ᠵᠡᠷᠭᠡ ᠣᠨᠴᠠᠯᠢᠭᠲᠤ ᠪᠠᠯᠭᠠᠰᠤᠨ ᠤ ᠲᠥᠷᠥᠯ ᠵᠦᠢᠯ 7᠎ ᠶᠢ ᠵᠣᠯᠭᠠᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠎ ᠤᠨ ᠠᠵᠢᠯᠯᠠᠭ᠎ᠠ ᠶᠢ 20 ᠭᠠᠷᠣᠢ ᠲᠦᠷᠦᠯ ᠠᠮᠵᠢᠯᠲᠠᠲᠠᠢ ᠡᠷᠬᠢᠯᠡᠵᠦ᠂ ᠬᠦᠯᠢᠶᠡᠨ ᠠᠪᠤᠭᠰᠠᠨ ᠵᠤᠭᠠᠴᠠᠭᠰᠠᠳ ᠪᠠ ᠵᠢᠭᠤᠯᠴᠢᠯᠠᠯ ᠤᠨ ᠣᠷᠣᠯᠭ᠎ᠠ ᠲᠣᠰᠪᠣᠷᠢ 389 ᠲᠦᠮᠡᠨ ᠬᠥᠮᠦᠨ ᠤᠳᠠᠭ᠎ᠠ ᠪᠠ 85.7 ᠳ᠋ᠦᠩᠰᠢᠭᠤᠷ ᠲᠥᠭᠦᠷᠢᠭ ᠎ ᠲᠤ ᠬᠦᠷᠪᠡ᠃ ᠲᠢᠶᠠᠨ ᠢ ᠭᠡᠷ ᠠᠬᠤᠢ ᠨᠢ ︽ᠬᠡᠷ ᠠᠬᠤᠶ ᠶᠢᠨ ᠦᠶᠯᠡᠴᠢᠯᠡᠭᠡᠨ ᠤ ᠦᠶᠯᠡᠰ ᠤᠨ ᠬᠦᠲᠦᠯᠦᠨ ᠳᠠᠭᠠᠭᠤᠯᠤᠭᠴᠢ ᠶᠢᠨ ᠲᠥᠯᠥᠪᠯᠡᠭᠡ ᠶᠢᠨ ᠠᠵᠢᠯᠯᠠᠭ᠎ᠠ︾᠎ ᠳᠤ ᠰᠣᠩᠭᠤᠭᠳᠠᠨ ᠣᠷᠣᠵᠤ᠂ ᠰᠢᠯᠢᠨ ᠢ ᠾᠧ ᠶᠤᠸᠠᠨ ᠨᠠᠰᠤᠵᠢᠯ ᠤᠨ ᠠᠰᠠᠷᠠᠮᠵᠢ ᠶᠢᠨ ᠲᠥᠪ ᠢ ᠲᠤᠷᠰᠢᠨ ᠡᠵᠡᠩᠨᠡᠵᠦ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠲᠤᠭ᠎ᠠ 7 . 3 ᠳ᠋ᠦᠩᠰᠢᠭᠤᠷ ᠲᠥᠭᠦᠷᠢᠭ ᠲᠤ ᠬᠦᠷᠴᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰ ᠲᠣᠰ 14.9% ᠪᠠ 9.7%᠎ ᠪᠠᠷ ᠨᠡᠮᠡᠭᠳᠡᠪᠡ᠃ᠡᠨᠡ ᠨᠢᠭᠡ ᠵᠢᠯ ᠳᠤ᠂ ᠪᠢᠳᠡ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠪᠠ᠃ ᠪᠥᠬᠦ ᠵᠢᠯ ᠳᠤ 759 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ ︽ᠪᠦᠬᠦᠨ ᠢ ᠠᠷᠢᠯᠭᠠᠵᠤ ᠪᠠᠷᠢᠮᠵᠢᠶ᠎ᠠ ᠳᠤ ᠬᠦᠷᠭᠡᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠠᠵᠢᠯ ᠪᠥᠬᠦ ᠲᠠᠯ᠎ᠠ ᠶᠢᠨ ᠢᠯᠠᠯᠲᠠ ᠶᠢ ᠤᠯᠪᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠡᠷᠡᠰ ᠴᠢᠷᠮᠠᠶᠢᠵᠤ᠂ ᠪᠦᠬᠦ ᠬᠤᠲᠠ ᠶᠢᠨ ᠠᠭᠠᠷ ᠤᠨ ᠶᠠᠰᠤ ᠴᠢᠨᠠᠷ ᠨᠢ ᠰᠢᠯᠢᠳᠡᠭ ᠰᠠᠶᠢᠨ ᠪᠠᠶᠢᠬᠤ ᠡᠳᠦᠷ ᠤᠨ ᠲᠣᠭᠠᠨ ᠤ ᠬᠠᠷᠢᠴᠠᠯ ᠢ 98.9%᠎ ᠳᠤ ᠬᠦᠷᠭᠡᠪᠡ︔ ᠰᠢᠯᠢᠨ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ Ⅳ ᠲᠥᠷᠥᠯ ᠳᠤ ᠬᠦᠷᠭᠡᠵᠦ᠂ ᠬᠢᠨᠠᠨ ᠰᠢᠯᠭᠠᠬᠤ ᠬᠠᠷᠠᠯᠲᠠ ᠠᠴᠠ ᠦᠨᠳᠦᠷ ᠪᠤᠯᠪᠠ︔ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠨ ᠪᠠᠶᠢᠨ᠎ᠠ ᠃ 2020 ᠣᠨ ᠠᠴᠠ ᠡᠮᠦᠨᠡᠬᠢ ᠡᠯ᠎ᠡ ᠱᠠᠲᠤᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠦᠬᠦᠨ ᠢ ᠪᠡᠶᠡᠯᠡᠭᠦᠯᠵᠦ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠰᠢᠯᠵᠢᠭᠦᠯᠦᠨ ᠥᠭᠴᠦ ᠰᠢᠶᠳᠪᠦᠷᠢᠯᠡᠭᠦᠯᠬᠦ ᠠᠰᠠᠭᠤᠳᠠᠯ ᠢ ᠴᠡᠭᠴᠡᠯᠡᠨ ᠵᠠᠰᠠᠵᠤ ᠪᠡᠶᠡᠯᠡᠭᠦᠯᠦᠭᠰᠡᠨ ᠨᠣᠷᠮ᠎ᠠ 76 %᠎ ᠳᠤ ᠬᠦᠷᠴᠦ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠢᠷᠭᠤᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠪᠠᠷᠠᠭᠤᠨ ᠭᠤᠷᠪᠠᠳᠤᠭᠠᠷ ᠵᠠᠳᠠᠭᠠᠶ ᠠᠭᠤᠷᠬᠠᠶ ᠳᠤ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠵᠠᠳᠠᠭᠠᠢ ᠨᠡᠭᠦᠷᠡᠰᠦᠨ ᠠᠭᠤᠷᠬᠠᠢ ᠶᠢᠨ ᠲᠤᠰᠢᠶᠠᠨ ᠬᠠᠳᠠᠭᠠᠯᠠᠭᠤᠯᠤᠭᠰᠠᠨ ᠵᠠᠰᠠᠯᠲᠠ ᠶᠢᠨ ᠰᠠᠭᠤᠷᠢ ᠮᠥᠩᠭᠦ 3.36 ᠳ᠋ᠦᠩᠰᠢᠭᠤᠷ ᠲᠥᠭᠦᠷᠢᠭ ᠲᠤ ᠬᠦᠷᠴᠦ᠂ ᠵᠠᠰᠠᠯᠲᠠ ᠬᠢᠭᠰᠡᠨ ᠪᠡᠯᠡ ᠮᠥᠩᠭᠦ 2 . 5 ᠳ᠋ᠦᠩᠰᠢᠭᠤᠷ ᠲᠥᠭᠦᠷᠢᠭ ᠲᠤ ᠬᠦᠷᠴᠦ᠂ ᠵᠠᠰᠠᠭᠰᠠᠨ ᠲᠠᠯᠠᠪᠠᠢ 9.8 ᠲᠡᠭᠰᠢ ᠳᠥᠷᠪᠡᠯᠵᠢᠨ ᠺᠢᠯᠤᠮᠧᠲᠷ ᠲᠤ ᠬᠦᠷᠪᠡ᠃ ᠮᠠᠯ ᠪᠡᠯᠴᠢᠭᠡᠷ ᠤᠨ ᠲᠡᠩᠴᠡᠭᠦᠷᠢᠰᠢᠯ ᠪᠠ ᠪᠡᠯᠴᠢᠭᠡᠷᠯᠡᠬᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠲᠠᠴᠢᠷᠳᠠᠭᠰᠠᠨ ᠨᠤᠲᠤᠭ ᠪᠡᠯᠴᠢᠭᠡᠷ ᠲᠤ ᠡᠪᠡᠰᠦ ᠲᠠᠷᠢᠵᠤ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠎ ᠶᠢᠨ ᠲᠥᠷᠥᠯ ᠵᠦᠢᠯ ᠢ ᠬᠡᠷᠡᠭᠵᠢᠭᠦᠯᠵᠦ᠂ ᠵᠠᠰᠠᠨ ᠰᠡᠷᠭᠦᠭᠡᠭᠰᠡᠨ ᠲᠠᠯᠠᠪᠠᠶ ᠨᠢ 7.6 ᠲᠦᠮᠡᠨ ᠮᠦ ᠪᠠᠶᠢᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠠᠯᠬᠤᠮ ᠠᠯᠬᠤᠮ ᠢᠶᠠᠷ ᠰᠠᠶᠢᠵᠢᠷᠠᠪᠠ᠃ 48 . 33 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠦᠯᠡᠳᠡᠭᠳᠡᠵᠦ ᠢᠷᠡᠭᠰᠡᠨ 6.46 ᠳ᠋ᠦᠩᠰᠢᠭᠤᠷ ᠲᠥᠭᠦᠷᠢᠭ ᠤᠨ ᠲᠦᠷ ᠴᠠᠭ ᠤᠨ ᠲᠣᠭᠠᠴᠠᠭᠠᠨ ᠤ ᠵᠠᠷᠣᠳᠠᠯ ᠢ ᠠᠷᠢᠯᠭᠠᠵᠣ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠨᠢ 2019 ᠣᠨ ᠤ ᠵᠢᠯ ᠤᠨ ᠡᠴᠦᠰ ᠠᠴᠠ 293 ᠵᠠᠭᠤᠨ ᠤ ᠬᠤᠪᠢ ᠶᠢᠨ ᠴᠡᠭ ᠪᠠᠭᠤᠷᠠᠪᠠ᠃ᠡᠨᠡ ᠨᠢᠭᠡ ᠵᠢᠯ ᠳᠤ᠂ ᠪᠢᠳᠡ ᠰᠠᠭᠤᠷᠢ ᠪᠠᠨ ᠪᠠᠲᠤᠳᠬᠠᠵᠤ᠂ ᠬᠦᠭᠵᠢᠯᠲᠡ ᠶᠢ ᠡᠷᠢᠯᠬᠢᠯᠡᠨ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠤᠷᠤᠭᠰᠢᠯᠠᠪᠠ᠃ ︽ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠠᠯᠬᠤᠮ ᠳᠠᠷᠠᠭ᠎ᠠ ᠲᠠᠢ ᠠᠬᠢᠭᠤᠯᠵᠤ᠂ ᠰᠢᠯᠢᠳᠡᠭ ᠡᠭᠦᠯᠳᠡᠷ ᠎ ᠤᠨ ᠠᠯᠠᠰᠢᠨ ᠤ ᠦᠬᠡᠷ ᠢ 3800 ᠲᠤᠯᠤᠭᠠᠢ ᠣᠷᠣᠭᠤᠯᠵᠤ᠂ ᠮᠠᠯᠵᠢᠯ ᠤᠨ ᠣᠨ ᠤ ᠦᠬᠡᠷ ᠤᠨ ᠲᠤᠭ᠎ᠠ 10 ᠲᠦᠮᠡ᠂ ᠬᠤᠨᠢ 111 ᠲᠦᠮᠡ ᠳᠤ ᠬᠦᠷᠴᠦ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 97.63%᠎ ᠳᠤ ᠬᠦᠷᠪᠡ ᠃ ᠮᠣᠩᠭᠤᠯ ᠮᠤᠷᠢ ᠶᠢ ᠬᠠᠮᠠᠭᠠᠯᠠᠬᠤ᠂ ᠭᠠᠳᠠᠭᠠᠳᠤ ᠠᠴᠠ ᠣᠷᠣᠭᠤᠯᠤᠭᠰᠠᠨ ᠠᠳᠤᠭᠤᠨ ᠤ ᠴᠡᠪᠡᠷ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠡᠷᠭᠡ ᠠᠵᠢᠯ ᠢ ᠲᠦᠷᠭᠡᠳᠬᠡᠨ ᠬᠡᠷᠡᠭᠵᠢᠭᠦᠯᠵᠦ᠂ ᠵᠥᠩ ᠶᠦᠨ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠦᠨᠳᠦᠰᠦᠨ ᠳᠡᠭᠡᠨ ᠪᠡᠶᠡᠯᠡᠭᠦᠯᠪᠡ᠃ ᠨᠠᠷᠠᠲᠤ ᠲᠡᠮᠳᠡᠭᠲᠦ ᠶᠢ ᠲᠡᠪᠰᠢᠬᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ 5 ᠠᠵᠤ ᠠᠬᠤᠶᠢᠯᠠᠯ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢᠨ ᠭᠠᠷᠴᠠᠭ ᠲᠤ ᠰᠣᠩᠭᠤᠭᠳᠠᠨ ᠣᠷᠣᠵᠤ᠂ 3 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠪᠠᠷ ᠦᠨᠡᠯᠡᠭᠳᠡᠨ᠂ 2 ᠠᠵᠤ ᠠᠬᠤᠶᠢᠯᠠᠯ ᠨᠢ ᠥᠪᠥᠷ ᠮᠣᠩᠭᠤᠯ ᠤᠨ ᠨᠠᠷᠠᠲᠤ ᠰᠢᠯᠢᠳᠡᠭ ᠣᠨᠴᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠎ ᠤ ᠴᠣᠯᠠ ᠭᠥᠷᠳᠡᠪᠡ᠃ ᠬᠦᠳᠡᠭᠡ ᠲᠤᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ 3 ᠵᠢᠯ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠯᠵᠢᠬᠤ ᠣᠷᠣᠨ ᠤ 1473 ᠡᠷᠦᠬᠡ ᠶᠢᠨ ᠵᠣᠷᠯᠣᠩ ᠢ ᠵᠠᠰᠠᠨ ᠥᠭᠡᠷᠡᠴᠢᠯᠡᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 46 . 6 %᠎ ᠳᠤ ᠬᠦᠷᠴᠦ᠂ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ 11.6 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ 4 ᠰᠤᠮᠤ ᠪᠠᠯᠭᠠᠰᠤᠨ ᠤ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠰᠢᠢᠳᠪᠦᠷᠢᠯᠡᠬᠦ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠵᠦ᠂ ᠭᠢᠯᠪᠠᠭᠠᠲᠣ ᠨᠡᠷᠡᠯᠲᠡ ᠶᠢᠨ ᠮᠢᠨᠧᠷᠡᠯᠵᠢᠯᠲᠡ ᠎ ᠶᠢᠨ ᠵᠤᠤᠬ᠎ᠠ ᠶᠢᠨ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢ 4 ᠰᠠᠭᠤᠷᠢ ᠰᠢᠨ᠎ᠡ ᠪᠠᠷ ᠪᠠᠶᠢᠭᠤᠯᠵᠤ᠂ ᠪᠤᠢ ᠪᠦᠬᠦᠢ ᠵᠠᠰᠠᠭ ᠵᠠᠬᠢᠷᠭᠠᠨ ᠤ ᠭᠠᠴᠠᠭᠠᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠎ ᠢ ᠪᠠᠶᠢᠭᠤᠯᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠢᠭ ᠎ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢ ᠰᠢᠶᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠨᠣᠷᠮ᠎ᠠ ᠨᠢ ᠲᠤᠰᠪᠤᠷᠢ 91 % ᠪᠠ 100%᠎ ᠳᠤ ᠬᠦᠷᠪᠡ᠃ᠡᠨᠡ ᠨᠢᠭᠡ ᠵᠢᠯ ᠳᠤ᠂ ᠪᠢᠳᠡ ᠪᠦᠳᠦᠭᠡᠨ ᠪᠠᠶᠢᠭᠤᠯᠤᠯᠲᠠ ᠶᠢ ᠴᠢᠬᠤᠯᠠᠴᠢᠯᠠᠨ᠂ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠳᠤ ᠭᠦᠨᠵᠡᠭᠡᠢ ᠬᠤᠪᠢᠷᠠᠯᠲᠠ ᠲᠠᠢ ᠪᠤᠯᠪᠠ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠎ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠦᠷᠨᠢᠭᠦᠯᠪᠡ᠃ ᠠᠷᠠᠳ ᠤᠨ ᠠᠮᠢᠳᠤᠷᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠪᠠᠷᠢᠮᠲᠠᠯᠠᠵᠤ᠂ ᠶᠠᠪᠠᠭᠠᠨ ᠬᠥᠮᠦᠨ ᠤ ᠵᠠᠮ ᠢ 5.2 ᠲᠦᠮᠡᠨ ᠲᠡᠭᠰᠢ ᠳᠥᠷᠪᠡᠯᠵᠢᠨ ᠮᠧᠲᠷ ᠳᠡᠪᠢᠰᠴᠦ᠂ 5 ᠵᠤᠷᠪᠤᠰ ᠵᠠᠮ ᠤᠨ ᠭᠠᠲᠠᠷᠭᠤ ᠶᠢ ᠰᠢᠨᠡᠳᠬᠡᠪᠡ᠃ ᠲᠡᠷᠭᠡᠨ ᠵᠣᠭᠰᠣᠭᠠᠯ 3 ᠲᠦᠮᠡ ᠭᠠᠷᠤᠶ᠂ ᠵᠠᠮ ᠤᠨ ᠲᠡᠮᠳᠡᠭ ᠱᠤᠭᠤᠮ ᠢ 5.8 ᠲᠦᠮᠡᠨ ᠲᠡᠭᠰᠢ ᠳᠥᠷᠪᠡᠯᠵᠢᠨ ᠮᠧᠲᠷ ᠵᠠᠭᠠᠭᠯᠠᠨ ᠲᠤᠭᠳᠠᠭᠠᠪᠠ᠃ ᠢᠯᠴᠢ ᠳᠠᠮᠵᠢᠭᠤᠯᠬᠤ ᠥᠷᠲᠡᠭᠡ ᠶᠢ 27 ᠰᠠᠭᠤᠷᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠬᠠᠭᠤᠴᠢᠨ ᠬᠤᠭᠤᠯᠠᠢ ᠶᠢᠨ ᠲᠤᠤᠷ ᠢ 5.8 ᠺᠢᠯᠤᠮᠧᠲᠷ ᠥᠭᠡᠷᠡᠴᠢᠯᠡᠨ ᠵᠠᠰᠠᠵᠤ᠂ ᠲᠤᠯᠠᠭᠠᠯᠠᠯᠭ᠎ᠠ ᠶᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃ ᠰᠢᠲᠠᠮᠠᠬᠠᠢ ᠬᠡᠢ ᠶᠢᠨ ᠬᠤᠭᠤᠯᠠᠢ ᠶᠢᠨ ᠲᠤᠤᠷ ᠢ 8860 ᠮᠧᠲᠷ ᠵᠠᠯᠭᠠᠵᠤ᠂ 3395 ᠡᠷᠦᠬᠡ ᠳᠤ ᠰᠢᠲᠠᠮᠠᠬᠠᠢ ᠬᠡᠢ ᠵᠠᠯᠭᠠᠵᠣ ᠣᠷᠣᠭᠤᠯᠪᠠ᠃ ᠵᠠᠪᠰᠠᠷ ᠤᠨ ᠤᠰᠤ ᠰᠢᠢᠳᠪᠦᠷᠢᠯᠡᠬᠦ ᠦᠢᠯᠡᠳᠪᠦᠷᠢ ᠶᠢ ᠦᠷᠬᠡᠳᠬᠡᠨ ᠪᠠᠶᠢᠭᠤᠯᠬᠤ ᠠᠵᠢᠯ ᠢ ᠡᠬᠢᠯᠡᠭᠦᠯᠵᠦ᠂ ᠰᠢᠨ᠎ᠡ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠢ ᠶᠠᠪᠤᠭᠲᠠᠵᠤ᠂ ᠭᠤᠷᠪᠠᠨ ᠲᠦᠷᠦᠯ ᠤᠨ ᠤᠰᠤᠨ ᠤ ᠬᠤᠭᠤᠯᠠᠢ ᠶᠢᠨ ᠲᠣᠣᠷ ᠢ 22.2 ᠺᠢᠯᠤᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ 2 ᠵᠤᠷᠪᠤᠰ 13.7 ᠺᠢᠯᠤᠮᠧᠲᠷ ᠤᠨ ᠠᠭᠤᠷ ᠤᠨ ᠬᠤᠭᠤᠯᠠᠢ ᠱᠤᠭᠤᠮ ᠪᠠ 1 ᠰᠠᠭᠤᠷᠢ 50 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠡᠩ ᠤᠨ ᠴᠢᠨᠠᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠢ ᠶᠢ ᠪᠠᠶᠢᠭᠤᠯᠪᠠ᠃ ᠴᠡᠴᠡᠷᠯᠢᠭ ᠤᠨ ᠨᠣᠭᠤᠭᠠᠷᠠᠭᠤᠯᠤᠯᠲᠠ ᠶᠢ 17 ᠾᠧᠺᠲ᠋ᠠᠷ ᠰᠢᠨ᠎ᠡ ᠪᠠᠷ ᠨᠡᠮᠡᠭᠳᠡᠭᠦᠯᠵᠦ᠂ 35 ᠵᠠᠳᠠᠭᠠᠢ ᠬᠤᠭᠤᠰᠣᠨ ᠭᠠᠵᠠᠷ ᠢ ᠬᠠᠲᠠᠭᠤᠵᠢᠭᠤᠯᠬᠤ ᠪᠤᠶᠤ ᠨᠣᠭᠤᠭᠠᠷᠠᠭᠤᠯᠵᠤ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠶᠢ ᠴᠣᠭᠴᠠᠯᠠᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠰᠠᠶᠢᠵᠢᠷᠠᠭᠤᠯᠪᠠ᠃ ᠬᠤᠭ ᠨᠣᠪᠰᠢ ᠶᠢ ᠰᠢᠲᠠᠭᠠᠨ ᠴᠠᠬᠢᠯᠭᠠᠨ ᠭᠠᠷᠭᠠᠬᠤ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠦᠷᠦᠯ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠴᠢᠭ ᠤᠨ ᠠᠵᠢᠯ ᠢ ᠡᠮᠬᠢ ᠵᠢᠷᠤᠮ ᠲᠠᠢ ᠦᠷᠨᠢᠬᠦᠯᠪᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ 2᠎ ᠢ ᠥᠭᠡᠷᠡᠴᠢᠯᠡᠨ ᠂ ᠨᠡᠶᠢᠲᠡ ᠶᠢᠨ ᠵᠤᠷᠯᠤᠩ 42᠎ ᠶᠢ ᠰᠢᠨ᠎ᠡ ᠪᠠᠷ ᠪᠠᠶᠢᠭᠤᠯᠤᠭᠰᠠᠨ ᠪᠤᠶᠤ ᠰᠡᠯᠪᠢᠨ ᠵᠠᠰᠠᠵᠤ᠂ 36 ᠰᠠᠭᠤᠷᠢ ᠵᠠᠳᠠᠭᠠᠢ ᠵᠣᠷᠯᠣᠩ ᠢ ᠨᠤᠷᠠᠭᠠᠵᠤ᠂ ᠲᠥᠷᠥᠯ ᠬᠤᠪᠢᠶᠠᠬᠤ ᠬᠡᠯᠪᠡᠷᠢ ᠶᠢᠨ ᠬᠤᠭ ᠨᠣᠪᠰᠢ ᠶᠢᠨ ᠬᠠᠶᠢᠷᠴᠠᠭ ᠢ 7500 ᠨᠡᠮᠡᠨ ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠳᠤ ᠮᠠᠰᠢ ᠳᠥᠭᠦᠮ ᠦᠵᠡᠭᠦᠯᠪᠡ᠃ᠡᠨᠡ ᠨᠢᠭᠡ ᠵᠢᠯ ᠳᠤ᠂ ᠪᠢᠳᠠ ᠥᠭᠡᠷᠡᠴᠢᠯᠡᠯᠲᠡ ᠶᠢ ᠠᠬᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠪᠠ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 22 ᠰᠠᠯᠠᠭ᠎ᠠ ᠮᠥᠴᠢᠷ ᠤᠨ 487 ᠵᠦᠶᠯᠡᠰ ᠢ ︽ᠨᠢᠭᠡ ᠴᠣᠩᠬᠤᠪᠴᠢ ᠮᠠᠶ᠋ᠢᠭ︾᠎ ᠤᠨ ᠶᠡᠷᠦᠩᠬᠡᠶᠢᠯᠡᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠳᠤ ᠣᠷᠣᠭᠤᠯᠵᠤ᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠶᠴᠡᠳᠬᠡᠬᠦ︾ ᠵᠦᠶᠯᠡᠰ ᠢ 86.8%᠎ ᠳᠤ ᠬᠦᠷᠭᠡᠵᠦ᠂ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠵᠦᠶᠯᠡᠰ ᠢ 81.7%᠎ ᠳᠤ ᠬᠦᠷᠭᠡᠪᠡ᠃ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ︽ᠪᠦᠬᠦ ᠶᠠᠪᠤᠴᠠ ᠶᠢ ᠰᠦᠯᠵᠢᠶᠡᠨ ᠲᠡᠭᠡᠷ᠎ᠡ ᠭᠦᠢᠴᠡᠳᠭᠡᠬᠦ︾᠎ ᠶᠢ ᠪᠡᠶᠡᠯᠡᠬᠦᠯᠵᠦ᠂ ᠴᠠᠭ ᠤᠨ ᠬᠢᠵᠠᠭᠠᠷ ᠎ ᠢ 1 ᠠᠵᠢᠯᠯᠠᠬᠤ ᠡᠳᠦᠷ ᠪᠣᠯᠲᠠᠯ᠎ᠠ ᠪᠤᠭᠤᠨᠢᠰᠬᠠᠵᠤ᠂ ᠪᠦᠬᠦ ᠤᠯᠤᠰ᠂ ᠪᠦᠬᠦ ᠤᠷᠤᠨ ᠤ ᠲᠤᠮᠲᠠᠴᠢ ᠬᠢᠷᠢ ᠲᠦᠪᠰᠢᠨ ᠎ ᠠᠴᠠ ᠲᠤᠤᠷ᠎ᠠ ᠪᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠬᠦᠯᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠳᠤ 95 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠪᠠᠭᠤᠯᠭᠠᠪᠠ᠃ ᠬᠤᠲᠠ ᠳᠤ ᠬᠠᠷᠢᠶᠠᠯᠠᠬᠳᠠᠬᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ ᠪᠠ ᠠᠷᠠᠳ ᠠᠴᠠ ᠡᠵᠡᠩᠨᠡᠬᠦ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠰᠤᠭᠤᠴᠢᠵᠤ ᠨᠢᠬᠡ ᠶᠢ ᠢᠯᠡ ᠪᠤᠯᠭᠠᠬᠤ︾ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ 94 ᠤᠲᠠᠭ᠎ᠠ ᠦᠷᠨᠢᠬᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ 5260 ᠡᠷᠦᠬᠡ ᠰᠢᠨ᠎ᠡ ᠎ ᠪᠠᠷ ᠨᠡᠮᠡᠭᠳᠡᠵᠦ᠂  2 ᠠᠵᠤ ᠠᠬᠤᠶᠢᠯᠠᠯ ᠨᠢ ᠦᠪᠡᠷᠲᠡᠭᠡᠨ ᠵᠠᠰᠠᠬᠤ ᠤᠷᠤᠨ ᠤ ︽ᠵᠠᠭᠤᠨ ᠬᠦᠴᠦᠷᠬᠡᠭ︾ ᠠᠷᠠᠳ ᠎ ᠠᠴᠠ ᠡᠵᠡᠩᠨᠡᠭᠰᠡᠨ ᠠᠵᠤ ᠠᠬᠤᠶᠢᠯᠠᠯ ᠤᠨ ᠡᠩᠨᠡᠭᠡᠨ ᠳᠤ ᠣᠷᠣᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠎ ᠳᠤ ᠭᠠᠷᠭᠠᠭᠰᠠᠨ ᠬᠡᠮᠵᠢᠶ᠎ᠡ 94.6%᠎ ᠪᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠡᠯᠡ ᠲᠠᠲᠠᠬᠤ ᠪᠡᠯᠡ ᠮᠥᠩᠭᠦ ᠶᠢ 84 . 1 ᠳ᠋ᠦᠩᠰᠢᠭᠤᠷ ᠲᠥᠭᠦᠷᠢᠭ ᠨᠠᠶᠢᠲᠠᠪᠤᠷᠢᠵᠢᠭᠤᠯᠵᠤ᠂ 7.7%᠎ ᠪᠠᠷ ᠨᠡᠮᠡᠭᠳᠡᠪᠡ᠃ᠡᠨᠡ ᠨᠢᠭᠡ ᠵᠢᠯ ᠳᠤ᠂ ᠪᠢᠳᠡ ᠦᠨᠳᠦᠰᠦᠨ ᠵᠦᠢᠯ ᠢ ᠪᠠᠲᠣᠯᠠᠵᠣ᠂ ᠠᠷᠠᠳ ᠤᠨ ᠠᠮᠢᠳᠤᠷᠠᠯ ᠢ ᠪᠠᠲᠤᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 28.69 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70 %᠎ ᠠᠴᠠ ᠳᠡᠭᠡᠭᠰᠢᠬᠢ ᠶᠢ ᠡᠵᠡᠯᠡᠪᠡ᠃ 6472 ᠲᠦᠮᠡᠨ ᠲᠥᠭᠦᠷᠢᠭ ᠤᠨ ᠪᠠᠯᠠ ᠤᠷᠤᠭᠤᠯᠵᠤ᠂ ᠠᠷᠠᠳ ᠲᠤ ᠠᠮᠠᠯᠠᠭᠰᠠᠨ ᠵᠢᠷᠭᠤᠭᠠᠨ ᠲᠦᠷᠦᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠬᠦᠯᠵᠦ᠂ ᠮᠠᠯᠵᠢᠬᠤ ᠣᠷᠣᠨ ᠤ 1 ᠵᠤᠷᠪᠤᠰ 9 . 4 ᠺᠢᠯᠣᠮᠧᠲᠷ ᠣᠷᠳᠣ ᠱᠦᠶᠨᠢ ᠵᠠᠰᠠᠮᠠᠯ ᠵᠠᠮ ᠢ ᠲᠡᠪᠢᠰᠴᠤ᠂ ᠶᠡᠷᠦᠩᠬᠡᠶ ᠲᠠᠯᠠᠪᠠᠶ ᠨᠢ 1.35 ᠲᠦᠮᠡᠨ ᠲᠡᠭᠰᠢ ᠳᠥᠷᠪᠡᠯᠵᠢᠨ ᠮᠧᠲᠷ ᠪᠣᠯᠬᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ 4 ᠪᠠᠶᠢᠭᠤᠯᠵᠤ᠂ 4848 ᠡᠷᠦᠬᠡ ᠰᠠᠭᠤᠭᠠᠯᠢ ᠠᠷᠠᠳ ᠲᠤ ᠬᠤᠯᠪᠣᠭᠳᠠᠭᠰᠠᠨ 22 ᠬᠠᠭᠤᠴᠢᠨ ᠰᠠᠭᠤᠭᠠᠯᠢ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ ᠲᠠᠯᠠᠪᠠᠢ ᠨᠢ 7300 ᠭᠠᠷᠤᠢ ᠲᠡᠭᠰᠢ ᠳᠥᠷᠪᠡᠯᠵᠢᠨ ᠮᠧᠲᠷ ᠪᠦᠬᠦᠢ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠬᠤᠲᠠ ᠶᠢᠨ ᠲᠣᠭᠤᠷᠢᠭ ᠤᠨ ᠡᠪᠳᠡᠭᠳᠡᠭᠰᠡᠨ ᠵᠠᠮ ᠢ 1.6 ᠲᠦᠮᠡᠨ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ 18 ᠵᠡᠭᠡᠯᠢ ᠭᠤᠳᠤᠮᠵᠢ ᠳᠤ 199 ᠵᠠᠮ ᠤᠨ ᠳ᠋ᠧᠩ ᠢ ᠤᠭᠰᠠᠷᠠᠪᠠ᠃ ᠠᠷᠠᠳ ᠤᠨ ᠠᠮᠢᠳᠤᠷᠠᠯ ᠢ ᠪᠠᠲᠤᠯᠠᠬᠤ ᠦᠨᠳᠦᠰᠦᠨ ᠵᠦᠢᠯ ᠢ ᠪᠠᠲᠣᠯᠠᠵᠣ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠥᠮᠦᠨ ᠳᠤᠮᠳᠠᠴᠢ ᠪᠠᠷ ᠰᠠᠷ᠎ᠠ ᠪᠦᠷᠢ 123 ᠲᠥᠭᠦᠷᠢᠭ ᠨᠡᠮᠡᠭᠳᠡᠭᠦᠯᠵᠦ᠂ ᠪᠥᠬᠦ ᠵᠢᠯ ᠳᠤ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ 3464 ᠲᠦᠮᠡᠨ ᠲᠥᠭᠦᠷᠢᠭ ᠲᠠᠷᠬᠠᠭᠠᠪᠠ᠃ 5 . 3 ᠳ᠋ᠦᠩᠰᠢᠭᠤᠷ ᠲᠥᠭᠦᠷᠢᠭ ᠤᠨ ᠪᠡᠯᠡ ᠴᠤᠭᠯᠠᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠢᠯ ᠮᠡᠷᠭᠡᠵᠢᠯ ᠤᠨ ᠣᠨ ᠤ ᠮᠥᠩᠭᠦ ᠶᠢᠨ ᠠᠰᠠᠭᠤᠳᠠᠯ ᠢ ᠰᠢᠢᠳᠪᠦᠷᠢᠯᠡᠪᠡ᠃ 4 . 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠰᠤᠷᠭᠠᠨ ᠬᠥᠮᠦᠵᠢᠯ ᠤᠨ ᠢᠨᠵᠧᠨᠧᠷᠢᠩ ᠢ 11 ᠵᠦᠢᠯ ᠬᠡᠷᠡᠭᠵᠢᠭᠦᠯᠦᠨ᠂ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠲᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ 10᠎ ᠢ ᠵᠠᠰᠠᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ 353 ᠪᠠᠭᠰᠢ ᠨᠡᠮᠡᠵᠦ᠂ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠨᠣᠷᠮ᠎ᠠ ᠪᠠ ᠶᠡᠭᠡ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠵᠢᠩᠬᠢᠨᠢ ᠠᠩᠭᠢ ᠳᠤ ᠣᠷᠣᠬᠤ ᠨᠣᠷᠮ᠎ᠠ ᠶᠢ ᠲᠣᠰ ᠲᠣᠰ 91.7% ᠪᠠ 84.9% ᠪᠣᠯᠭᠠᠨ ᠳᠡᠭᠡᠭᠰᠢᠯᠡᠭᠦᠯᠵᠦ᠂ ᠵᠢᠷᠭᠤᠳᠤᠭᠠᠷ ᠳᠤᠮᠳᠠᠳᠤ ᠰᠤᠷᠭᠠᠭᠤᠯᠢ ᠨᠢ ︽ᠴᠢᠩᠬᠤᠸᠠ ᠶᠡᠭᠡ ᠰᠤᠷᠭᠠᠭᠤᠯᠢ ᠶᠢᠨ ᠤᠶᠤᠲᠠᠳ ᠤᠨ ᠢᠷᠡᠯᠲᠡ ᠶᠢᠨ ᠰᠤᠷᠭᠠᠭᠤᠯᠢ︾᠎ ᠶᠢᠨ ᠴᠣᠯᠠ ᠶᠢ ᠬᠦᠷᠲᠡᠪᠡ᠃ 418 ᠴᠡᠷᠢᠭ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠲᠤ 1734 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠨᠥᠬᠦᠴᠡᠯ ᠳᠤ ᠨᠡᠶᠢᠴᠡᠬᠦ 156 ᠴᠡᠷᠢᠭ ᠠᠴᠠ ᠬᠠᠯᠠᠭᠳᠠᠭᠰᠠᠳ ᠲᠤ 322 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠥᠬᠦᠪᠥᠷᠢᠯᠡᠨ ᠲᠤᠰᠢᠶᠠᠵᠤ ᠥᠭᠪᠡ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢ 992 ᠡᠷᠦᠬᠡ ᠪᠡᠶᠡᠯᠡᠭᠦᠯᠵᠦ᠂ ᠰᠠᠭᠤᠭᠠᠯᠢ ᠠᠷᠠᠳ ᠢ 980 ᠢᠵᠢ ᠠᠰᠠᠷ ᠲᠤ ᠪᠣᠴᠠᠭᠠᠨ ᠨᠡᠭᠦᠯᠭᠡᠨ ᠲᠦᠪᠬᠢᠨᠡᠭᠦᠯᠪᠡ᠃ ᠤᠯᠠᠭᠠᠨᠮᠥ᠋ᠴᠢᠷ ᠨᠢ ᠤᠳᠬ᠎ᠠ ᠤᠷᠠᠯᠢᠭ ᠤᠨ ᠤᠤᠭᠠᠯ ᠪᠦᠲᠦᠭᠡᠯ ᠢ 30 ᠭᠠᠷᠤᠢ ᠵᠤᠬᠢᠶᠠᠨ ᠪᠦᠲᠦᠭᠡᠵᠦ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠢ ᠲᠠᠯᠠᠪᠠᠢ ᠤᠳᠠᠭ᠎ᠠ ᠶᠠᠪᠤᠭᠳᠠᠭᠤᠯᠪᠠ᠃ ᠪᠡᠶᠢᠰᠡ ᠶᠢᠨ ᠰᠦᠮ᠎ᠡ ᠶᠢ ᠰᠡᠯᠪᠢᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠪᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠶᠢᠨ ᠳᠦᠷᠢ ᠲᠥᠷᠬᠦ ᠪᠠ ᠬᠤᠲᠠ ᠶᠢᠨ ᠠᠷᠠᠳ ᠤᠨ ᠬᠡᠪ ᠴᠢᠨᠠᠷ ᠮᠠᠰᠢ ᠰᠠᠶᠢᠵᠢᠷᠠᠵᠤ᠂ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠎ ᠤᠨ ᠲᠡᠷᠢᠭᠦᠨ ᠤ ᠬᠤᠲᠠ ᠶᠢᠨ ᠴᠣᠯᠠ ᠶᠢ ᠬᠦᠷᠲᠡᠪᠡ᠃ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠦᠷ᠎ᠡ ᠪᠦᠲᠦᠮᠵᠢ ᠢᠯᠡᠷᠬᠡᠢ ᠪᠠᠶᠢᠵᠣ᠂ ︽ᠠᠮᠤᠷ ᠠᠮᠤᠭᠤᠯᠠᠩ ᠰᠢᠯᠢ ᠶᠢᠨ ᠬᠤᠲᠠ︾᠎ ᠶᠢᠨ ᠪᠥᠲᠥᠭᠡᠨ ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠰᠦᠪᠡᠭᠴᠢ ᠶᠢ ︽ᠪᠦᠬᠦᠨ ᠢ ᠠᠷᠢᠯᠭᠠᠬᠤ︾᠎ ᠶᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠰᠠᠭ ᠵᠠᠬᠢᠷᠭᠠᠨ ᠤ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠠ ᠲᠥᠪ ᠬᠤᠷᠢᠶᠠᠨ ᠤ ᠵᠠᠬᠢᠳᠠᠯ ᠰᠣᠷᠪᠣᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠦᠭᠰᠡᠨ ᠳᠠᠪᠲᠠᠨ ᠰᠤᠷᠪᠤᠯᠵᠢᠯᠠᠭ᠎ᠠ ᠬᠢᠭᠰᠡᠨ ᠬᠡᠷᠡᠭ᠂ ᠵᠠᠬᠢᠳᠠᠯ ᠰᠤᠷᠪᠤᠯᠵᠢᠯᠠᠭ᠎ᠠ ᠶᠢᠨ ᠦᠯᠡᠳᠡᠭᠳᠡᠯ ᠬᠡᠷᠡᠭ ᠢ ᠪᠦᠲᠦᠮᠵᠢᠲᠡᠶ ᠪᠠᠷ ᠰᠢᠢᠳᠪᠦᠷᠢᠯᠡᠪᠡ᠃ ᠱᠸᠣ ᠹᠠᠩ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠦᠭᠵᠢᠬᠦᠯᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠳᠤᠮᠳᠠ ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠤ ︽ᠲᠠᠪᠤᠵᠢᠯᠲᠠ︾᠎ ᠶᠢᠨ ᠵᠢᠱᠢᠶ᠎ᠡ ᠦᠵᠡᠭᠦᠯᠬᠦ ᠵᠡᠭᠡᠯᠢ ᠨᠢᠭᠡ ᠶᠢ ᠴᠤᠭᠴᠠᠯᠠᠵᠤ᠂ ᠢᠳᠡᠭᠡᠨ ᠪᠠ ᠡᠮ ᠤᠨ ᠵᠦᠢᠯ ᠤᠨ ᠣᠨ ᠤ ᠬᠢᠨᠠᠨ ᠰᠢᠯᠭᠠᠯᠲᠠ ᠨᠢ ᠪᠥᠬᠦ ᠠᠶᠢᠮᠠᠭ ᠲᠤ ᠨᠢᠭᠡᠳᠦᠭᠡᠷ ᠲᠤ ᠤᠷᠤᠪᠠ᠃ ᠲᠤᠰᠬᠠᠶ ᠪᠠᠶᠢᠭᠤᠯᠤᠮᠵᠢ ᠶᠢ ᠤᠷᠢᠵᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠠᠶᠤᠯᠭᠦᠶ ᠦᠢᠯᠡᠳᠪᠦᠷᠢᠯᠡᠯ ᠤᠨ ᠣᠨᠴᠠ ᠶᠡᠭᠡ ᠬᠦᠨᠳᠦ ᠡ᠊ᠨᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠣᠷᠣᠭᠰᠢᠲᠠᠢ ᠶᠠᠪᠣᠭᠳᠠᠪᠠ᠃ ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ ᠢᠯᠡᠷᠡᠪᠡ᠃ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠡᠮᠡᠭᠲᠡᠶᠢᠴᠦᠳ ᠬᠡᠦᠬᠡᠳ᠂ ᠵᠠᠯᠠᠭᠤᠴᠣᠳ ᠤᠨ ᠬᠡᠷᠡᠭ ᠶᠠᠪᠤᠲᠠᠯ᠂ ᠨᠠᠰᠤᠵᠢᠯ᠂ ᠨᠢᠭᠦᠯᠡᠰᠦᠩᠭᠦᠶ᠂ ᠴᠠᠭ ᠠᠭᠤᠷ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠵᠡᠷᠭᠡ ᠡᠯ᠎ᠡ ᠵᠦᠢᠯ ᠤᠨ ᠠᠵᠢᠯ ᠦᠢᠯᠡᠰ ᠢ ᠵᠣᠬᠢᠴᠠᠩᠭᠤᠶ ᠪᠠᠷ ᠠᠬᠢᠭᠤᠯᠪᠠ᠃ᠡᠨᠡ ᠨᠢᠭᠡ ᠵᠢᠯ ᠳᠤ᠂ ᠪᠢᠳᠡ ᠤᠯᠤᠰ ᠲᠦᠷᠦ ᠶᠢ ᠡᠷᠬᠢᠮᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠡᠭᠡ ᠪᠠᠷ ᠲᠡᠭᠡᠭᠰᠢᠯᠡᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠳᠥᠷᠪᠡᠨ ᠤᠬᠠᠮᠰᠠᠷ︾᠎ ᠢ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠯᠬᠤᠮ ᠲᠠᠷᠠᠭ᠎ᠠ ᠶᠢ ᠴᠢᠩᠭ᠎ᠠ ᠬᠡᠷᠡᠭᠵᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 57 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ 87 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠰᠢᠢᠳᠪᠦᠷᠢᠯᠡᠨ ᠳᠠᠭᠤᠰᠬᠠᠵᠤ᠂ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠲᠠᠪᠴᠠᠩ ᠤᠨ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠰᠢᠢᠳᠪᠦᠷᠢᠯᠡᠭᠰᠡᠨ ᠨᠣᠷᠮ᠎ᠠ 97%᠎ ᠳᠤ ᠬᠦᠷᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠩ ᠤᠨ ᠴᠢᠨᠠᠷᠲᠠᠶ ᠵᠠᠷᠤᠯᠭ᠎ᠠ ᠶᠢ 30.4%᠎ ᠪᠠᠷ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠢ 17.1%᠎ ᠪᠠᠷ ᠪᠠᠭᠤᠷᠠᠭᠤᠯᠪᠠ᠃ ᠳᠡᠭᠡᠳᠦ ᠱᠠᠲᠤᠨ ᠤ ᠪᠠᠯᠠ ᠮᠥᠩᠭᠦ ᠶᠢ 29.35 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠭᠠᠵᠠᠷ ᠰᠢᠷᠣᠶ ᠶᠢ ᠲᠦᠯᠦᠪᠦᠷᠢ ᠲᠠᠢ ᠰᠢᠯᠵᠢᠬᠦᠯᠦᠭᠰᠡᠨ ᠣᠷᠣᠯᠭ᠎ᠠ 9.83 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠲᠠᠩᠰᠠᠨ ᠤ ᠦᠷᠢ ᠰᠢᠷᠢ ᠶᠢ ᠠᠷᠢᠯᠭᠠᠬᠤ ᠵᠡᠷᠭᠡ ᠠᠵᠢᠯ ᠢ ᠬᠦᠴᠦᠲᠡᠢ ᠠᠬᠢᠭᠤᠯᠪᠠ᠃ ᠬᠢᠨᠠᠨ ᠪᠤᠳᠤᠯᠳᠠ ᠶᠢ ᠨᠡᠶᠢᠳᠡᠮ ᠪᠦᠷᠬᠦᠭᠦᠯᠬᠦ ᠠᠵᠢᠯ ᠢ ᠠᠬᠢᠭᠤᠯᠵᠤ᠂ 26 ᠲᠦᠷᠦᠯ ᠵᠦᠢᠯ ᠳᠤ ᠬᠢᠨᠠᠨ ᠪᠤᠳᠤᠯᠳᠠ ᠬᠢᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠤ ᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠵᠤ ᠢᠯᠡᠷᠡᠭᠦᠯᠦᠭᠰᠡᠨ 40 ᠠᠰᠠᠭᠤᠳᠠᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠴᠡᠭᠴᠡᠯᠡᠨ ᠵᠠᠰᠠᠵᠣ ᠲᠠᠭᠤᠰᠬᠠᠭᠰᠠᠨ ᠪᠠ ᠦᠷᠭᠦᠯᠵᠢᠯᠡᠨ ᠴᠡᠭᠴᠡᠯᠡᠨ ᠵᠠᠰᠠᠵᠣ᠂ 25.29 ᠳ᠋ᠦᠩᠰᠢᠭᠤᠷ ᠲᠥᠭᠦᠷᠢᠭ ᠤᠨ ᠬᠤᠬᠢᠷᠠᠯ ᠢ ᠨᠡᠬᠡᠮᠵᠢᠯᠡᠨ ᠠᠪᠴᠢᠷᠠᠪᠠ᠃ᠲᠥᠯᠥᠭᠡᠯᠡᠭᠴᠢᠳ ᠡ᠂ ᠡᠷᠡᠮᠡᠬᠡᠶᠢᠯᠡᠨ ᠲᠡᠮᠡᠴᠡᠭᠰᠡᠨ ᠶᠠᠪᠤᠴᠠ ᠥᠩᠭᠡᠷᠡᠯᠲᠡ ᠨᠢ ᠮᠠᠷᠲᠠᠭᠳᠠᠰᠢ ᠥᠬᠡᠶ ᠪᠠᠶᠢᠵᠤ᠂ ᠬᠥᠭᠵᠢᠯᠲᠡ ᠶᠢᠨ ᠦᠷ᠎ᠡ ᠪᠦᠲᠦᠭᠡᠯ ᠨᠢ ᠬᠥᠮᠦᠰ ᠢ ᠵᠤᠷᠢᠭᠵᠢᠭᠤᠯᠵᠤ᠂ ᠠᠮᠵᠢᠯᠲᠠ ᠨᠢᠭᠡᠪᠦᠷᠢ ᠳᠤ ᠴᠦᠮ ᠬᠦᠴᠦ ᠬᠥᠯᠥᠰᠥ ᠪᠠ ᠣᠶᠣᠨ ᠣᠬᠠᠭᠠᠨ ᠨᠡᠪᠴᠢᠨ ᠰᠢᠩᠭᠡᠵᠦ ᠪᠠᠶᠢᠳᠠᠭ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠠᠯᠠᠭᠤᠷ ᠢ ᠡᠵᠡᠮᠳᠡᠨ ᠵᠠᠮᠴᠢᠯᠠᠭᠰᠠᠨ ᠤ ᠦᠷ᠎ᠡ ᠳ᠋ᠦᠩ ᠮᠥᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠪᠠᠷ ᠢᠶᠠᠨ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠲᠥᠷᠥᠯ ᠤᠨ ᠠᠵᠢᠯ ᠦᠢᠯᠡᠰ ᠲᠤ ᠰᠢᠷᠭᠠᠭᠤ ᠬᠠᠲᠠᠭᠤᠵᠢᠯᠲᠠᠶ ᠵᠢᠳᠬᠦᠵᠦ ᠪᠠᠶᠢᠭ᠎ᠠ ᠪᠦᠬᠦ ᠬᠥᠳᠡᠯᠮᠦᠷᠢᠴᠢᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ᠂ ᠡᠯ᠎ᠡ ᠡᠲᠡᠭᠡᠳ ᠤᠨ ᠬᠥᠮᠦᠰ᠂ ᠰᠢᠯᠢ ᠶᠢᠨ ᠬᠤᠲᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠪᠣᠯᠤᠨ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠰᠢᠯᠢ ᠶᠢᠨ ᠬᠤᠳᠠ ᠶᠢᠨ ᠬᠥᠭᠵᠢᠯᠲᠡ ᠶᠢ ᠬᠠᠯᠠᠮᠵᠢᠯᠠᠨ ᠲᠡᠮᠵᠢᠭᠰᠡᠨ ᠮᠦᠷᠲᠡᠭᠡᠨ ᠤᠷᠤᠯᠴᠠᠭᠰᠠᠨ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ᠠᠮᠵᠢᠯᠲᠠ ᠪᠠᠨ ᠨᠤᠲᠠᠯᠠᠬᠤ ᠶᠢᠨ ᠲᠠᠭᠠᠤ ᠳᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠄ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠳᠤ ᠨᠡᠯᠢᠶᠡᠳ ᠬᠦᠴᠢᠷᠲᠡᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠲᠠᠯ᠎ᠠ ᠪᠠᠷ ᠬᠦᠷᠦᠯᠴᠡᠬᠦ ᠦᠭᠡᠢ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ︔ ᠭᠤᠣᠯᠳᠠᠯᠭ᠎ᠠ ᠲᠠᠢ ᠲᠦᠷᠦᠯ ᠵᠦᠢᠯ ᠤᠨ ᠲᠦᠯᠦᠪᠵᠢᠬᠦᠯᠬᠡ ᠪᠠ ᠨᠦᠭᠡᠴᠡ ᠬᠦᠷᠦᠯᠴᠡᠬᠦ ᠦᠭᠡᠢ᠂ ᠠᠵᠣ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠦᠳᠡᠯᠭᠡᠭᠦᠷ ᠬᠦᠴᠦᠨ ᠰᠣᠯᠠ ᠳᠣᠷᠣᠢ︔ ᠪᠣᠬᠢᠷᠲᠤᠯ ᠢ ᠰᠡᠷᠭᠡᠶᠢᠯᠡᠨ ᠵᠠᠰᠠᠬᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠵᠡᠷᠭᠡ ᠡᠭᠦᠷᠭᠡ ᠬᠠᠲᠠᠭᠤ ᠪᠡᠷᠬᠡ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ︔ ︽ᠭᠤᠷᠪᠠᠨ ᠲᠠᠭᠠᠳᠬᠠᠯ︾᠎ ᠤᠨ ᠵᠠᠷᠤᠯᠭ᠎ᠠ ᠪᠠ ᠥᠷᠢ ᠥᠭᠴᠡᠭᠡ ᠶᠢ ᠠᠷᠢᠯᠭᠠᠬᠤ ᠳᠠᠷᠤᠯᠲᠠ ᠯᠤᠲᠤ ᠶᠡᠭᠡ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ︔ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠᠲᠠᠢ ᠪᠠᠶᠢᠵᠤ᠂ ᠠᠷᠠᠯᠵᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ︔ ᠠᠷᠠᠳ ᠤᠨ ᠠᠮᠢᠳᠤᠷᠠᠯ ᠤᠨ ᠲᠣᠭᠤᠷᠢᠨ ᠳᠤ ᠳᠤᠲᠠᠭᠤᠳᠠᠯ ᠣᠷᠣᠰᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠨᠢ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠨ᠎ᠠ︔ ᠵᠠᠷᠢᠮ ᠺᠠᠳ᠋ᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠡᠷᠴᠢᠮ ᠢ ᠪᠠᠰᠠ ᠴᠢᠩᠭᠠᠷᠠᠭᠤᠯᠬᠤ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ᠵᠥᠷᠢᠴᠡᠯ ᠳᠤ ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠪᠣᠭᠤᠮᠲᠠ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ ᠨᠡᠩ ᠪᠣᠳᠠᠲᠠᠢ᠂ ᠨᠡᠩ ᠰᠠᠶᠢᠲᠤᠷ ᠬᠢᠵᠦ᠂ ᠪᠦᠬᠦ ᠬᠤᠳᠠ ᠶᠢᠨ ᠠᠷᠠᠳ ᠲᠦᠮᠡᠨ ᠳᠤ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠦᠨ᠎ᠡ ᠬᠤᠶᠠᠷ᠂ ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠬᠤᠭᠤᠴᠠᠭᠠᠨ ᠤ ᠬᠥᠭᠵᠢᠯᠲᠡ ᠶᠢᠨ ᠠᠮᠵᠢᠯᠲᠠ ᠪᠦᠲᠦᠭᠡᠯ ᠬᠢᠭᠡᠳ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠥᠭᠵᠢᠯᠲᠡ ᠶᠢᠨ ᠭᠤᠣᠯ ᠡᠭᠦᠷᠭᠡ ᠬᠠᠷᠠᠯᠲᠠ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠬᠤᠭᠤᠴᠠᠭᠠᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠣᠷᠢᠵᠢᠭᠤᠯᠣᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠠᠯᠢ ᠤᠯᠠᠨ ᠰᠡᠳᠬᠢᠭᠳᠡᠰᠢ ᠦᠭᠡᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠢ ᠤᠯᠠᠨ ᠪᠡᠷᠬᠡ ᠬᠠᠲᠠᠭᠤᠵᠢᠯᠲᠠᠢ ᠨᠠᠷᠢᠨ ᠪᠤᠳᠤᠯᠢᠶᠠᠨᠲᠠᠢ ᠡᠭᠦᠷᠭᠡ ᠶᠢ ᠪᠡᠶᠡᠯᠡᠭᠦᠯᠵᠦ᠂ ᠪᠦᠬᠦ ᠲᠠᠯ᠎ᠠ ᠳᠤ ᠬᠤᠯᠪᠣᠭᠳᠠᠬᠤ ᠠᠯᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠢ ᠤᠯᠠᠨ ᠠᠯᠤᠰ ᠬᠡᠳᠤ ᠶᠢᠨ ᠨᠥᠯᠥᠭᠡ ᠲᠠᠢ ᠶᠡᠭᠡ ᠶᠠᠪᠤᠳᠠᠯ ᠢ ᠪᠦᠲᠦᠭᠡᠵᠦ᠂ ᠬᠥᠮᠦᠰ ᠢ ᠣᠷᠮᠠᠰᠢᠭᠤᠯᠣᠮ᠎ᠠ ᠠᠯᠢ ᠤᠯᠠᠨ ᠠᠮᠵᠢᠯᠲᠠ ᠶᠢ ᠣᠯᠵᠤ᠂ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠤᠨ ᠳᠤᠮᠳᠠ ᠬᠥᠮᠦᠰ ᠤᠨ ᠴᠤᠭ ᠵᠤᠷᠢᠭ ᠢ ᠬᠦᠭᠵᠢᠭᠡᠬᠦ ᠲᠡᠮᠡᠴᠡᠯ ᠤᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ᠥᠩᠭᠡᠷᠡᠭᠰᠡᠨ ᠲᠠᠪᠤᠨ ᠵᠢᠯ ᠪᠣᠯ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠵᠤ᠂ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠭᠰᠡᠨ ᠲᠠᠪᠤᠨ ᠵᠢᠯ ᠪᠣᠯᠤᠨ᠎ᠠ᠃ ᠠᠮᠢ ᠠᠬᠤᠶ ᠶᠢ ᠣᠷᠢᠳ ᠢᠶᠠᠷ ᠪᠣᠳᠣᠯᠬᠢᠯᠠᠵᠣ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠪᠠᠷ ᠰᠠᠶᠢᠵᠢᠷᠠᠭᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 7.6% ᠨᠡᠮᠡᠭᠳᠡᠵᠦ᠂ ᠪᠥᠬᠦ ᠠᠶᠢᠮᠠᠭ ᠲᠤ ᠡᠵᠡᠯᠡᠬᠦ ᠬᠤᠪᠢ ᠶᠢᠨ ᠵᠢᠩ 29.2%᠎ ᠲᠤ ᠬᠦᠷᠴᠦ᠂ ᠶᠡᠷᠦᠩᠬᠡᠶ ᠬᠡᠮᠵᠢᠶ᠎ᠡ ᠨᠢ ᠦᠷᠭᠦᠯᠵᠢᠯᠡᠨ ᠪᠥᠬᠦ ᠠᠶᠢᠮᠠᠭ ᠤᠨ ᠨᠢᠭᠡᠳᠦᠭᠡᠷ ᠲᠤ ᠵᠢᠬᠰᠠᠭᠠᠭᠳᠠᠪᠠ᠃ ᠭᠤᠷᠪᠠᠨ ᠠᠵᠤ ᠦᠢᠯᠡᠰ ᠤᠨ ᠪᠦᠲᠦᠴᠡ ᠶᠢ 8.1᠄ 44.2᠄ 47.7 ᠪᠣᠯᠭᠠᠨ ᠲᠣᠬᠢᠷᠠᠭᠤᠯᠵᠣ᠂ ᠦᠢᠯᠡᠴᠢᠯᠡᠭᠡᠨ ᠤ ᠦᠢᠯᠡᠰ ᠤᠨ ᠡᠵᠡᠯᠡᠬᠦ ᠬᠠᠷᠢᠴᠠᠯ 5.5 ᠵᠠᠭᠤᠨ ᠤ ᠬᠤᠪᠢ ᠶᠢᠨ ᠴᠡᠭ ᠪᠠᠷ ᠳᠡᠭᠡᠭᠰᠢᠯᠡᠵᠦ᠂ ᠠᠵᠤ ᠦᠢᠯᠡᠰ ᠤᠨ ᠪᠦᠲᠦᠴᠡ ᠢᠯᠡᠳᠲᠡ ᠰᠢᠯᠢᠳᠡᠭᠵᠢᠪᠡ᠃ 231 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠨᠡᠶᠢᠳᠡ 570 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ ᠦᠯᠦ ᠬᠡᠷᠡᠭᠯᠡᠵᠦ ᠪᠤᠯᠬᠤ ᠡᠳ᠋ ᠤᠨ ᠬᠦᠴᠦᠨ ᠢ ᠬᠠᠰᠤᠵᠤ ᠭᠠᠷᠭᠠᠭᠰᠠᠨ ᠤ ᠳᠠᠷᠠᠭ᠎ᠠ᠂ ᠮᠥᠨ ᠬᠦ ᠵᠢᠯ ᠳᠤᠮᠳᠠᠴᠢ ᠪᠠᠷ 3%᠎ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 93.8 ᠳ᠋ᠦᠩᠰᠢᠭᠤᠷ ᠲᠥᠭᠦᠷᠢᠭ ᠲᠤ ᠬᠦᠷᠴᠦ᠂ ᠲᠠᠪᠤᠨ ᠵᠢᠯ ᠳᠤ 36.9 ᠳ᠋ᠦᠩᠰᠢᠭᠤᠷ ᠲᠥᠭᠦᠷᠢᠭ ᠴᠡᠪᠡᠷ ᠨᠡᠮᠡᠭᠳᠡᠯ ᠲᠠᠢ ᠪᠤᠯᠪᠠ᠃ᠥᠩᠭᠡᠷᠡᠭᠰᠡᠨ ᠲᠠᠪᠤᠨ ᠵᠢᠯ ᠳᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠦᠷ᠎ᠡ ᠪᠦᠲᠦᠭᠡᠯ ᠡᠯᠪᠡᠭ ᠪᠠᠶᠠᠯᠢᠭ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠰᠢᠢᠳᠪᠦᠷᠢᠲᠦ ᠢᠯᠠᠯᠲᠠ ᠶᠢᠨ ᠰᠢᠢᠳᠪᠦᠷᠢᠲᠦ ᠴᠢᠨᠠᠷᠲᠠᠢ ᠠᠮᠵᠢᠯᠲᠠ ᠣᠯᠤᠭᠰᠠᠨ ᠲᠠᠪᠤᠨ ᠵᠢᠯ ᠪᠣᠯᠤᠨ᠎ᠠ᠃ 1.62 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠪᠥᠬᠦ ᠬᠤᠲᠠ ᠶᠢᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 2.7 ᠲᠦᠮᠡᠨ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 16% ᠨᠡᠮᠡᠭᠳᠡᠪᠡ᠃ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ ᠨᠢ 2015 ᠣᠨ ᠤ ᠬᠢ ᠠᠴᠠ 3.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠲᠡᠷᠢᠭᠦᠨ ᠳᠤ ᠣᠷᠣᠪᠠ︔ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠤ ᠬᠠᠳᠠᠭᠠᠯᠠᠬᠤ ᠰᠠᠪᠠ ᠶᠢᠨ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠲᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠭᠡᠵᠦ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ︔ ᠬᠥᠷᠥᠰᠥ ᠰᠢᠷᠣᠶ ᠶᠢᠨ ᠪᠣᠬᠢᠷᠲᠤᠯ ᠤᠨ ᠬᠡᠷᠡᠭ ᠭᠠᠷᠤᠭᠰᠠᠨ ᠥᠬᠡᠶ᠃ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 136.4 ᠳ᠋ᠦᠩᠰᠢᠭᠤᠷ ᠲᠥᠭᠦᠷᠢᠭ ᠠᠷᠢᠯᠭᠠᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠤᠨ ᠥᠷᠢ ᠥᠭᠴᠡᠭᠡ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠠᠷᠭᠤᠯᠳᠤᠭᠠᠨ ᠥᠬᠡᠶ ᠲᠠᠩᠰᠠᠨ ᠵᠣᠭᠤᠰ ᠢ ︽ᠪᠦᠬᠦᠨ ᠢ ᠠᠷᠢᠯᠭᠠᠬᠤ︾᠎ ᠶᠢ ᠪᠡᠶᠡᠯᠡᠭᠦᠯᠵᠦ᠂ ᠮᠠᠯᠵᠢᠬᠤ ᠣᠷᠣᠨ ᠤ ᠲᠣᠭᠲᠠᠭᠠᠯ ᠠᠴᠠ ᠵᠥᠷᠢᠴᠡᠭᠰᠡᠨ ᠥᠨᠳᠥᠷ ᠬᠦᠤ ᠲᠠᠢ ᠵᠢᠭᠡᠯᠡᠯᠭᠡ ᠶᠢ ᠦᠨᠳᠦᠰᠦᠨ ᠳᠡᠭᠡᠨ ᠠᠷᠢᠯᠭᠠᠪᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠠᠬᠢᠴᠠ 98.9%᠎ ᠲᠤ ᠬᠦᠷᠴᠦ᠂ ᠪᠦᠬᠦ ᠠᠶᠢᠮᠠᠭ ᠤᠨ ᠳᠤᠮᠳᠠᠴᠢ ᠲᠦᠪᠰᠢᠨ ᠠᠴᠠ 0.6 ᠵᠠᠭᠤᠨ ᠤ ᠬᠤᠪᠢ ᠶᠢᠨ ᠴᠡᠭ ᠥᠨᠳᠥᠷ ᠪᠤᠯᠪᠠ᠃ᠥᠩᠭᠡᠷᠡᠭᠰᠡᠨ ᠲᠠᠪᠤᠨ ᠵᠢᠯ ᠪᠣᠯ ᠠᠮᠢ ᠠᠬᠤᠢ ᠶᠢᠨ ᠪᠣᠯᠪᠠᠰᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠭᠰᠠᠨ ᠲᠠᠪᠤᠨ ᠵᠢᠯ ᠪᠣᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠤᠯᠠᠭᠠᠨ ᠱᠤᠭᠤᠮ ᠢᠶᠠᠷ ᠬᠠᠮᠢᠶᠠᠷᠤᠨ ᠡᠵᠡᠮᠳᠡᠬᠦ᠂ ᠮᠠᠯ ᠪᠡᠯᠴᠢᠭᠡᠷ ᠤᠨ ᠲᠡᠩᠴᠡᠭᠦᠷᠢᠰᠢᠯ ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 47%᠎ ᠶᠢᠨ ᠤᠯᠤᠰ ᠤᠨ ᠭᠠᠵᠠᠷ ᠰᠢᠷᠤᠢ ᠶᠢᠨ ᠲᠠᠯᠠᠪᠠᠢ ᠶᠢ ᠠᠮᠢ ᠠᠬᠤᠶ ᠶᠢᠨ ᠤᠯᠠᠭᠠᠨ ᠱᠤᠭᠤᠮ ᠢᠶᠠᠷ ᠬᠠᠮᠢᠶᠠᠷᠤᠨ ᠡᠵᠡᠮᠳᠡᠬᠦ ᠬᠡᠪᠴᠢᠶᠡᠨ ᠳᠤ ᠬᠤᠪᠢᠶᠠᠷᠢᠯᠠᠨ ᠣᠷᠣᠭᠤᠯᠪᠠ᠃ 14 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠮᠢ ᠠᠬᠤᠶ ᠶᠢᠨ ᠵᠠᠰᠠᠯᠲᠠ ᠶᠢ 1217 ᠲᠦᠮᠡᠨ ᠮᠥ ᠪᠡᠶᠡᠯᠡᠭᠦᠯᠵᠦ᠂ 5.27 ᠳ᠋ᠦᠩᠰᠢᠭᠤᠷ ᠲᠥᠭᠦᠷᠢᠭ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠲᠠᠷᠬᠠᠭᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 5 ᠵᠢᠯ ᠤᠨ ᠡᠮᠦᠨᠡᠬᠢ ᠠᠴᠠ 3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 2019 ᠣᠨ ᠤ ᠪᠥᠬᠦ ᠤᠯᠤᠰ ᠤᠨ ᠨᠤᠲᠤᠭ ᠪᠡᠯᠴᠢᠭᠡᠷ ᠤᠨ ᠠᠵᠢᠯ ᠤᠨ ᠬᠤᠷᠠᠯᠳᠤᠭᠠᠨ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ 1.59 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 10.3 ᠲᠡᠭᠰᠢ ᠳᠥᠷᠪᠡᠯᠵᠢᠨ ᠺᠢᠯᠣᠮᠧᠲᠷ ᠤᠨ ᠬᠠᠶᠠᠭᠳᠠᠮᠠᠯ ᠨᠦᠬᠡ ᠶᠢ ᠵᠠᠰᠠᠨ ᠴᠡᠭᠴᠡᠯᠡᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 69 ᠠᠭᠤᠷᠬᠠᠶ ᠮᠠᠯᠲᠠᠬᠤ ᠡᠷᠬᠡ᠂ 16 ᠠᠭᠤᠷᠬᠠᠶ ᠬᠠᠶᠢᠬᠤ ᠡᠷᠬᠡ ᠶᠢ ᠪᠦᠬᠦᠨ ᠢ ᠬᠦᠴᠦᠨ ᠦᠭᠡᠢ ᠪᠤᠯᠭᠠᠭᠰᠠᠨ ᠤ ᠬᠠᠮᠲᠤ ᠭᠠᠵᠠᠷ ᠰᠢᠨᠵᠢᠯᠡᠭᠡᠨ ᠤ ᠣᠷᠴᠢᠨ ᠠᠬᠤᠶ ᠶᠢᠨ ᠵᠠᠰᠠᠯᠲᠠ ᠶᠢ ᠪᠡᠶᠡᠯᠡᠭᠦᠯᠵᠦ᠂ 13 ᠡᠷᠦᠬᠡ ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ ᠤᠨ ᠰᠠᠭᠤᠷᠢ ᠲᠥᠬᠦᠭᠡᠷᠦᠮᠵᠢ ᠶᠢ ᠬᠠᠤᠯᠢ ᠶᠣᠰᠣᠭᠠᠷ ᠨᠤᠷᠠᠭᠠᠪᠠ᠃ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠ ᠰᠢᠯᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠣ᠂ ᠪᠠᠶᠠᠨ ᠬᠦᠷᠢᠶ᠎ᠠ ᠮᠠᠯᠵᠢᠯ ᠤᠨ ᠲᠠᠯᠠᠪᠠᠢ ᠪᠠ ᠮᠣᠳᠣᠨ ᠮᠠᠯᠵᠢᠯ ᠤᠨ ᠲᠠᠯᠠᠪᠠᠢ ᠨᠢ ᠣᠯᠣᠰ ᠤᠨ ᠲᠠᠯ᠎ᠠ ᠨᠣᠲᠤᠭ ᠤᠨ ᠪᠠᠶᠢᠭᠠᠯᠢ ᠶᠢᠨ ᠴᠡᠴᠡᠷᠯᠢᠭ ᠤᠨ ᠲᠣᠷᠰᠢᠯᠲᠠ ᠶᠢᠨ ᠴᠢᠭ ᠢᠶᠠᠷ ᠰᠣᠩᠭᠤᠭᠳᠠᠪᠠ᠃ᠥᠩᠭᠡᠷᠡᠭᠰᠡᠨ ᠲᠠᠪᠤᠨ ᠵᠢᠯ ᠪᠣᠯ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠰᠢᠨᠡᠳᠦᠨ ᠰᠠᠶᠢᠵᠢᠷᠠᠭᠰᠠᠨ ᠲᠠᠪᠤᠨ ᠵᠢᠯ ᠮᠥᠨ᠃ 18.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠠᠭᠤᠷᠢ ᠲᠠᠯᠪᠢᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠯᠢ ᠣᠯᠠᠨ ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ 27 ᠺᠢᠯᠣᠮᠧᠲᠷ ᠤᠨ ᠵᠠᠮ ᠢ ᠰᠢᠨ᠎ᠡ ᠪᠠᠷ ᠳᠡᠪᠢᠰᠴᠦ᠂ 69 ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ ᠶᠠᠪᠠᠭᠠᠨ ᠬᠥᠮᠦᠨ ᠤ ᠵᠠᠮ ᠢ 112 ᠲᠦᠮᠡᠨ ᠲᠡᠭᠰᠢ ᠳᠥᠷᠪᠡᠯᠵᠢᠨ ᠮᠧᠲᠷ ᠳᠡᠪᠢᠰᠴᠦ᠂ ᠬᠥᠮᠦᠨ ᠳᠤᠮᠳᠠᠴᠢ ᠶᠢᠨ ᠵᠠᠮ ᠤᠨ ᠲᠠᠯᠠᠪᠠᠢ ᠶᠢ 27 ᠲᠡᠭᠰᠢ ᠳᠥᠷᠪᠡᠯᠵᠢᠨ ᠮᠧᠲᠷ ᠲᠤ ᠬᠦᠷᠭᠡᠪᠡ᠃ ᠭᠤᠷᠪᠠᠨ ᠲᠦᠷᠦᠯ ᠤᠨ ᠤᠰᠤᠨ ᠤ ᠬᠤᠭᠤᠯᠠᠶ ᠲᠣᠣᠷ ᠢ 114 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠢᠯᠴᠢ ᠬᠠᠩᠭᠠᠬᠤ ᠴᠢᠳᠠᠪᠤᠷᠢ ᠶᠢ 2600 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠤᠰᠤ ᠬᠠᠩᠭᠠᠬᠤ ᠲᠦᠭᠡᠮᠡᠯᠵᠢᠭᠦᠯᠦᠯᠲᠡ ᠶᠢᠨ ᠨᠤᠷᠮ᠎ᠠ᠂ ᠲᠥᠪᠯᠡᠷᠡᠭᠦᠯᠦᠨ ᠢᠯᠴᠢ ᠬᠠᠩᠭᠠᠬᠤ ᠪᠦᠷᠬᠦᠴᠡ ᠶᠢᠨ ᠨᠤᠷᠮ᠎ᠠ᠂ ᠰᠢᠲᠠᠮᠠᠬᠠᠶ ᠬᠡᠢ ᠶᠢᠨ ᠲᠦᠭᠡᠮᠡᠯᠵᠢᠭᠦᠯᠦᠯᠲᠡ ᠶᠢᠨ ᠨᠤᠷᠮ᠎ᠠ᠂ ᠪᠣᠬᠢᠷ ᠤᠰᠤ ᠰᠢᠢᠳᠪᠦᠷᠢᠯᠡᠬᠦ ᠨᠤᠷᠮ᠎ᠠ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠠᠴᠠ ᠲᠤᠰ ᠲᠤᠰ 2.8᠂ 6.4᠂ 10.8 ᠪᠠ 12 ᠵᠠᠭᠤᠨ ᠎ ᠤ ᠬᠤᠪᠢ ᠶᠢᠨ ᠴᠡᠭ ᠳᠡᠭᠡᠭᠰᠢᠯᠡᠪᠡ᠃ ᠰᠢᠯᠢᠨ ᠭᠤᠤᠯ ᠤᠨ ᠠᠮᠢ ᠠᠬᠤᠶ ᠶᠢ ᠰᠡᠷᠭᠦᠭᠡᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ 27 ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 197 ᠲᠦᠮᠡᠨ ᠲᠡᠭᠰᠢ ᠳᠥᠷᠪᠡᠯᠵᠢᠨ ᠮᠧᠲᠷ ᠤᠨ ᠵᠦᠯᠭᠡ ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠬᠥᠮᠦᠨ ᠳᠤᠮᠳᠠᠴᠢ ᠶᠢᠨ ᠵᠦᠯᠭᠡ ᠭᠠᠵᠠᠷ ᠤᠨ ᠲᠠᠯᠠᠪᠠᠶ 19 ᠲᠡᠭᠰᠢ ᠳᠥᠷᠪᠡᠯᠵᠢᠨ ᠮᠧᠲᠷ ᠲᠤ ᠬᠥᠷᠪᠡ᠃ ᠠᠳᠠᠯ ᠠᠬᠤᠶ ᠶᠢᠨ ᠬᠠᠮᠢᠶᠠᠷᠤᠯᠲᠠ ᠎ ᠶᠢ ᠲᠡᠳᠬᠦᠨ ᠲᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠦᠷᠢᠮᠵᠢᠭᠰᠡᠨ ᠠᠳᠠᠯ ᠠᠬᠤᠶ ᠶᠢᠨ ᠬᠠᠮᠢᠶᠠᠷᠣᠯᠲᠠ ᠎ ᠶᠢᠨ ᠪᠦᠷᠬᠦᠴᠡ ᠶᠢ 60%᠎ ᠠᠴᠠ 80% ᠬᠦᠷᠭᠡᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠴᠡᠴᠡᠷᠯᠢᠭᠵᠢᠭᠰᠡᠨ ᠬᠤᠲᠠ᠂ ᠪᠥᠬᠦ ᠤᠯᠤᠰ ᠤᠨ ᠪᠣᠯᠪᠠᠰᠤᠨ ᠬᠤᠲᠠ ᠪᠠᠷ ᠨᠡᠷ᠎ᠡ ᠳᠤᠷᠠᠳᠤᠭᠳᠠᠭᠰᠠᠨ ᠬᠤᠲᠠ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠮᠠᠯᠵᠢᠬᠤ ᠣᠷᠣᠨ ᠤ 792 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 2133 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 11.8 ᠲᠦᠮᠡᠨ ᠲᠡᠭᠰᠢ ᠳᠥᠷᠪᠡᠯᠵᠢᠨ ᠮᠧᠲᠷ ᠬᠤᠷᠤᠭ᠎ᠠ ᠰᠠᠷᠠᠪᠴᠢ ᠪᠠᠶᠢᠭᠤᠯᠵᠤ᠂ 7900 ᠭᠠᠷᠤᠶ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠴᠠᠬᠢᠯᠭᠠᠨ ᠬᠠᠩᠭᠠᠬᠤ ᠱᠤᠭᠤᠮ ᠢ 945 ᠺᠢᠯᠣᠮᠧᠲᠷ᠂ ᠭᠡᠷᠡᠯᠯᠢᠭ ᠳᠡᠭᠡᠰᠦ 5567 ᠺᠢᠯᠣᠮᠧᠲᠷ᠂ ᠰᠠᠭᠤᠷᠢ ᠦᠷᠳᠡᠭᠡ ᠶᠢ 609 ᠰᠢᠨ᠎ᠡ ᠪᠠᠷ ᠪᠠᠶᠢᠭᠤᠯᠪᠡ᠃ ᠰᠢᠯᠢ ᠶᠢᠨ ᠬᠤᠲᠠ ᠠᠴᠠ ᠤᠯᠠᠭᠠᠨᠬᠤᠲᠠ ᠬᠦᠷᠬᠦ ᠳᠡᠮᠤᠷ ᠵᠠᠮ᠂ ᠰᠢᠯᠢ ᠶᠢᠨ ᠬᠤᠲᠠ ᠠᠴᠠ ᠡᠷᠢᠶᠡᠨ ᠬᠦᠷᠬᠦ ᠳᠡᠮᠤᠷ ᠵᠠᠮ᠂ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠦᠨᠳᠦᠷ ᠬᠤᠷᠳᠣᠴᠠᠲᠣ ᠵᠠᠰᠠᠮᠠᠯ ᠵᠠᠮ᠂ ᠪᠡᠯᠭᠦᠳᠡᠢ ᠠᠴᠠ ᠰᠢᠯᠢ ᠎ ᠶᠢᠨ ᠬᠤᠲᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠮᠠᠯᠵᠢᠬᠤ ᠤᠷᠤᠨ ᠳᠤ 311 ᠺᠢᠯᠣᠮᠧᠲᠷ ᠵᠠᠰᠠᠮᠠᠯ ᠵᠠᠮ ᠰᠢᠨ᠎ᠡ ᠪᠠᠷ ᠲᠡᠪᠢᠰᠴᠤ᠂ ᠲᠤᠲᠤᠭᠠᠲᠤ ᠳᠠᠭᠠᠨ ᠬᠤᠯᠪᠣᠯᠳᠤᠨ ᠭᠠᠳᠠᠭᠰᠢ ᠪᠠᠨ ᠰᠠᠭᠠᠳ ᠦᠭᠡᠢ ᠨᠡᠪᠲᠡᠷᠡᠬᠦ᠂ ᠭᠠᠷᠠᠮ ᠪᠤᠭᠤᠮᠲᠠ ᠳᠤ ᠨᠡᠪᠲᠡᠷᠡᠬᠦ ᠪᠤᠰᠤᠭ᠎ᠠ ᠴᠤᠭᠴᠠᠲᠤ ᠵᠠᠮ ᠬᠠᠷᠢᠯᠴᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ᠥᠩᠭᠡᠷᠡᠭᠰᠡᠨ ᠲᠠᠪᠤᠨ ᠵᠢᠯ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠢᠯᠡᠳᠲᠡ ᠨᠡᠮᠡᠭᠳᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ ᠣᠷᠣᠭᠰᠢᠯᠠᠭᠰᠠᠨ ᠲᠠᠪᠤᠨ ᠵᠢᠯ ᠮᠥᠨ᠃ ᠡᠳ᠋ ᠤᠨ ᠵᠠᠰᠠᠭ ᠤᠨ ᠵᠠᠷᠤᠯᠭ᠎ᠠ ᠶᠢᠨ 65%᠎ ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠳᠤ ᠬᠡᠷᠡᠭᠯᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠠᠴᠠ ᠲᠤᠰ ᠲᠤᠰ 26.8% ᠪᠠ 46.5%᠎ ᠪᠠᠷ ᠨᠡᠮᠡᠭᠳᠡᠪᠡ᠃ ᠬᠤᠲᠠ ᠪᠠᠯᠭᠠᠰᠤᠨ ᠳᠤ ᠨᠡᠶᠢᠲᠡ 1.3 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠩᠬᠠᠨ ᠤ ᠪᠦᠯᠦᠭ ︽ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠴᠣᠭᠴᠠᠯᠠᠬᠤ ᠬᠡᠯᠪᠡᠷᠢ ᠶᠢᠨ ᠬᠤᠰᠢᠭᠤ ᠰᠢᠶᠠᠨ︾᠎ ᠢᠶᠠᠷ ᠦᠨᠡᠯᠡᠭᠳᠡᠪᠡ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95%᠎ ᠠᠴᠠ ᠳᠡᠭᠡᠭᠰᠢ ᠲᠣᠬᠲᠠᠭᠤᠨ ᠪᠠᠶᠢᠯᠭᠠᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ 24%᠎ ᠪᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 4.7 ᠳ᠋ᠦᠩᠰᠢᠭᠤᠷ ᠲᠥᠭᠦᠷᠢᠭ ᠲᠠᠷᠬᠠᠭᠠᠵᠤ᠂ 2.1 ᠲᠦᠮᠡᠨ ᠬᠥᠮᠦᠨ ᠳᠤ ᠠᠰᠢᠭ ᠬᠦᠷᠲᠡᠭᠡᠪᠡ᠃ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠤᠷᠭᠠᠨ ᠬᠥᠮᠦᠵᠢᠯ ᠤᠨ ᠢᠨᠵᠧᠨᠧᠷᠢᠩ ᠢ 28 ᠵᠦᠢᠯ ᠬᠡᠷᠡᠭᠵᠢᠭᠦᠯᠦᠨ᠂ ᠠᠯᠪᠠᠨ ᠠᠴᠠ ᠡᠷᠭᠢᠯᠡᠭᠰᠡᠨ ᠰᠤᠷᠤᠭᠴᠢ ᠶᠢᠨ ᠤᠷᠤᠨ ᠲᠤᠭ᠎ᠠ ᠶᠢ 2610 ᠰᠢᠨ᠎ᠡ ᠪᠠᠷ ᠨᠡᠮᠡᠭᠳᠡᠭᠦᠯᠪᠡ᠃ 350 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠲᠥᠬᠦᠭᠡᠷᠦᠮᠵᠢ ᠳᠣᠭᠢᠷᠠᠭᠤᠯᠪᠠ︔ ᠮᠣᠩᠭᠤᠯ ᠬᠢᠲᠠᠳ ᠡᠮᠨᠡᠯᠭᠡ ᠶᠢᠨ ᠭᠠᠵᠠᠷ ᠢ 6 ᠴᠣᠭᠴᠠᠯᠠᠵᠣ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠬᠡᠮᠵᠢᠶ᠎ᠡ ᠶᠢ ᠢᠯᠡᠳᠲᠡ ᠠᠬᠢᠴᠠ ᠲᠠᠢ ᠪᠣᠯᠭᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠦᠭᠵᠢᠶᠡᠨᠲᠠᠢ ᠦᠷᠨᠢᠬᠦᠯᠵᠦ᠂ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠥᠯᠥᠰᠥ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠪᠦᠲᠦᠮᠵᠢᠲᠠᠢ ᠳᠠᠶᠢᠴᠢᠯᠠᠪᠠ᠃ 5896 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 2000 ᠰᠢᠬᠠᠮ ᠡᠷᠦᠬᠡ ᠰᠠᠭᠤᠭᠠᠯᠢ ᠠᠷᠠᠳ ᠢ ᠪᠤᠴᠠᠭᠠᠨ ᠨᠡᠭᠦᠯᠭᠡᠨ ᠲᠥᠪᠬᠢᠨᠡᠭᠦᠯᠪᠡ᠃ ᠬᠡᠷ ᠭᠠᠵᠠᠷ ᠤᠨ ᠬᠦᠷᠦᠩᠭᠡ ᠶᠢᠨ ᠦᠯᠡᠳᠡᠭᠳᠡᠯ ᠲᠦᠷᠦᠯ ᠵᠦᠢᠯ ᠤᠨ 48930 ᠢᠵᠢ ᠭᠡᠷ ᠪᠠᠶᠢᠰᠢᠩ ᠳᠤ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠲᠠ ᠬᠢᠵᠦ ᠨᠤᠲᠠᠯᠠᠨ᠂ ᠪᠦᠬᠦᠶᠢᠯᠡ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ ᠲᠠᠸᠠᠷ ᠤᠨ ᠣᠷᠣᠨ ᠰᠠᠭᠤᠴᠠ ᠶᠢᠨ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠲᠣᠰ ᠲᠣᠰ 82% ᠪᠠ 93%᠎ ᠳᠤ ᠬᠥᠷᠪᠡ᠃ ᠠᠷᠠᠯᠵᠢᠶᠠᠨ ᠤ ᠡᠵᠡᠩᠨᠡᠯᠲᠡ ᠶᠢᠨ ᠣᠷᠴᠢᠨ ᠢ ᠦᠷᠭᠦᠯᠵᠢᠯᠡᠭᠦᠯᠦᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ 1.7 ᠲᠦᠮᠡ ᠭᠠᠷᠤᠢ ᠡᠷᠦᠬᠡ ᠰᠢᠨ᠎ᠡ ᠪᠠᠷ ᠨᠡᠮᠡᠭᠳᠡᠵᠦ᠂ 230 ᠭᠠᠷᠣᠢ ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠳᠠᠩᠰᠠᠯᠠᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠯᠠᠪᠳᠠᠭᠤᠨ ᠢᠶᠠᠷ ᠠᠬᠢᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾᠎ ᠤ ᠢᠷᠠᠭᠤ ᠠᠯᠳᠠᠷ ᠤᠨ ᠴᠣᠯᠠ ᠶᠢ ᠬᠦᠷᠲᠡᠪᠡ᠃ ᠠᠮᠤᠷ ᠠᠮᠣᠭᠤᠯᠠᠩ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠡᠯ᠎ᠡ ᠲᠦᠷᠦᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠪᠠ᠃︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠎ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠠᠭᠴᠢ ᠲᠠᠪᠤᠨ ᠵᠢᠯ ᠂ ᠮᠥᠨᠴᠦ ᠮᠠᠨ ᠤ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠣᠷᠴᠢᠨ ᠨᠥᠬᠦᠴᠡᠯ ᠳᠤ ᠬᠡᠳᠦ᠋ᠢᠪᠡᠷ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠲᠤᠯᠭᠠᠷᠠᠵᠤ ᠪᠠᠶᠢᠭ᠎ᠠ ᠪᠣᠯᠪᠠᠴᠤ ᠮᠠᠨ ᠤ ᠤᠯᠤᠰ ᠤᠨ ᠠᠵᠤ ᠠᠬᠤᠶ ᠶᠢᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠲᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠬᠤ ᠨᠢ ᠯᠠᠪᠲᠠᠶ ᠴᠢᠬᠤᠯᠠ ᠠᠵᠠ ᠲᠣᠬᠢᠶᠠᠯ ᠢ ᠠᠪᠴᠢᠷᠠᠬᠤ ᠪᠣᠯᠤᠨ᠎ᠠ ᠭᠡᠰᠡᠨ ᠢ ᠪᠢᠳᠡ ᠣᠯᠵᠤ ᠬᠠᠷᠠᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠪᠠ ᠠᠶᠢᠮᠠᠭ ᠠᠴᠠ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠ ᠵᠡᠭᠦᠨ ᠬᠡᠰᠡᠭ ᠤᠨ ᠠᠶᠢᠮᠠᠭ ᠬᠤᠲᠠ ᠶᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠢᠯᠢ ᠶᠢᠨ ᠭᠤᠤᠯ ᠤᠯᠠᠭᠠᠨᠬᠠᠳᠠ ᠲᠦᠩᠯᠢᠶᠤᠤ ᠶᠢᠨ ᠠᠵᠤ ᠠᠬᠤᠶ ᠶᠢᠨ ᠣᠷᠣᠨ ᠢ ᠪᠤᠶᠢᠵᠢᠭᠤᠯᠵᠤ ᠪᠠᠶᠢᠭ᠎ᠠ ᠨᠢ ᠮᠠᠨ ᠤ ᠬᠤᠲᠠ ᠶᠢᠨ ᠴᠢᠬᠤᠯᠠ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭᠰᠠᠨ ᠪᠠᠶᠢᠨ᠎ᠠ ᠭᠡᠰᠡᠨ ᠢ ᠪᠢᠳᠡ ᠪᠠᠰᠠ ᠣᠯᠵᠤ ᠬᠠᠷᠠᠬᠤ ᠬᠡᠷᠡᠭᠲᠡᠶ︔ ︽ᠠᠷᠪᠠᠨ ᠭᠤᠷᠪᠠᠳᠤᠭᠠᠷ ᠲᠠᠪᠤᠨ ᠵᠢᠯ︾᠎ ᠠᠴᠠ ᠨᠠᠰᠢᠬᠢ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠯᠤᠲᠤ ᠶᠡᠭᠡ ᠠᠮᠵᠢᠯᠲᠠ ᠣᠯᠵᠤ᠂ ᠠᠮᠢ ᠠᠬᠤᠢ ᠶᠢᠨ ᠣᠷᠴᠢᠨ ᠲᠣᠭᠤᠷᠢᠨ᠂ ᠰᠠᠭᠤᠷᠢ ᠪᠠᠲᠤᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠴᠥᠮ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠵᠤ᠂ ᠪᠢᠳᠡᠨ ᠤ ᠰᠢᠨ᠎ᠡ ᠬᠥᠭᠵᠢᠯᠲᠡ ᠶᠢᠨ ᠱᠠᠲᠤᠨ ᠳᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠵᠤ ᠥᠭᠭᠦᠭᠰᠡᠨ ᠢ ᠪᠢᠳᠡ ᠨᠡᠩ ᠣᠯᠵᠤ ᠬᠠᠷᠠᠬᠤ ᠬᠡᠷᠡᠭᠲᠡᠢ᠃ᠰᠢᠨ᠎ᠡ ᠠᠶᠠᠨ ᠳᠠᠭᠠᠨ ᠮᠣᠷᠳᠠᠵᠤ᠂ ᠰᠢᠨ᠎ᠡ ᠬᠥᠭᠵᠢᠯᠲᠡ ᠶᠢ ᠰᠦᠪᠡᠭᠴᠢᠯᠡᠶ᠎ᠡ᠃ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠲᠠ ᠶᠢᠨ ᠬᠤᠷᠢᠶᠠᠨ ᠤ ᠰᠠᠨᠠᠭᠤᠯᠭ᠎ᠠ︾᠎ ᠳᠤ ᠰᠠᠭᠤᠷᠢᠯᠠᠨ᠂ ᠬᠤᠳᠠ ᠶᠢᠨ ᠵᠠᠰᠠᠭ ᠤᠨ ᠣᠷᠳᠣᠨ ᠠᠴᠠ ︽ᠰᠢᠯᠢ ᠎ ᠶᠢᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2035 ᠣᠨ ᠤ ᠠᠯᠤᠰ ᠤᠨ ᠬᠠᠷᠠᠯᠲᠠ ᠶᠢᠨ ᠬᠦᠲᠤᠯᠪᠤᠷᠢ ︵ᠲᠥᠰᠦᠯ ︶︾᠎ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ 2035 ᠣᠨ ᠤ ᠠᠯᠤᠰ ᠤᠨ ᠬᠠᠷᠠᠯᠲᠠ ᠶᠢ ᠳᠤᠷᠠᠳᠤᠨ ᠭᠠᠷᠭᠠᠭᠠᠳ᠂ ᠲᠤᠰ ᠤᠳᠠᠭᠠᠨ ᠤ ᠬᠤᠷᠠᠯ ᠳᠤ ᠬᠢᠨᠠᠨ ᠵᠦᠪᠯᠡᠬᠦᠯᠬᠦ ᠪᠠᠷ ᠲᠡᠪᠰᠢᠬᠦᠯᠪᠡ᠃︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠬᠥᠭᠵᠢᠯᠲᠡ ᠶᠢᠨ ᠬᠠᠷᠠᠯᠲᠠ ᠪᠠ ᠭᠤᠣᠯ ᠡᠭᠦᠷᠭᠡ ᠪᠣᠯ᠄︵ᠨᠢᠭᠡ︶ ᠠᠵᠤ ᠠᠬᠤᠶ ᠶᠢᠨ ᠬᠥᠭᠵᠢᠯᠲᠡ ᠰᠢᠨ᠎ᠡ ᠠᠮᠵᠢᠯᠲᠠ ᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠤᠬᠢᠶᠠᠯ  ᠤᠨ ᠬᠤᠭᠤᠴᠠᠭ᠎ᠠ ᠶᠢ ᠴᠢᠩᠭ᠎ᠠ ᠠᠳᠬᠤᠨ᠂ ᠣᠷᠣᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠂ ᠠᠵᠤ ᠦᠢᠯᠡᠰ ᠵᠡᠷᠭᠡ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠭᠤᠤᠯ ᠪᠣᠯᠬᠤ ᠠᠵᠤ ᠠᠬᠤᠶ ᠶᠢᠨ ᠬᠦᠢᠴᠡᠳᠭᠡᠯ ᠲᠤᠭ᠎ᠠ ᠶᠢ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠳᠤ ᠬᠦᠷᠦᠭᠦᠯᠵᠦ᠂ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠦᠨ᠎ᠡ᠃ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠡᠨ ᠠᠵᠤ ᠦᠢᠯᠡᠰ ᠢ ᠵᠣᠬᠢᠴᠠᠯᠳᠤᠭᠤᠯᠤᠨ ᠬᠥᠭᠵᠢᠭᠦᠯᠵᠦ᠂ ᠠᠵᠤ ᠠᠬᠤᠶ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠂ ︽ᠬᠤᠶᠠᠷ ᠰᠠᠭᠤᠷᠢᠨ︾᠎ ᠢ ᠳᠡᠭᠡᠳᠦ ᠲᠡᠰᠴᠢᠯᠡᠬᠦ᠂ ᠤᠶᠤᠨᠴᠢᠯᠠᠬᠤ᠂ ᠪᠣᠬᠢᠷᠲᠤᠯ ᠥᠬᠡᠶ ᠬᠡᠯᠪᠡᠷᠢ ᠳᠠᠰᠢ ᠲᠦᠷᠭᠡᠳᠬᠡᠨ ᠬᠤᠪᠢᠷᠠᠭᠤᠯᠵᠤ᠂ ᠠᠵᠤ ᠦᠢᠯᠡᠰ ᠤᠨ ︽ᠳᠥᠷᠪᠡᠨ ᠣᠯᠠᠨ ᠳᠥᠷᠪᠡᠨ ᠴᠥᠭᠡᠨ ︾᠎ ᠤ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠦᠢᠯᠡᠴᠢᠯᠡᠭᠡᠨ ᠤ ᠦᠢᠯᠡᠰ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠡᠨ ᠠᠵᠤ ᠦᠢᠯᠡᠰ ᠤᠨ ᠬᠤᠪᠢ ᠶᠢᠨ ᠵᠢᠩ ᠢ ᠪᠥᠬᠦ ᠣᠷᠣᠨ ᠤ ᠳᠤᠮᠳᠠᠴᠢ ᠲᠦᠪᠰᠢᠨ ᠳᠤ ᠬᠦᠷᠦᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃︵ᠬᠤᠶᠠᠷ︶ ᠠᠮᠢ ᠠᠬᠤᠶ ᠶᠢᠨ ᠪᠣᠯᠪᠠᠰᠤᠨ ᠰᠢᠨ᠎ᠡ ᠲᠠᠪᠰᠢᠯᠳᠠ ᠶᠢ ᠪᠡᠶᠡᠯᠡᠬᠦᠯᠤᠨ᠎ᠡ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ᠪᠣᠬᠢᠷᠲᠤᠯ ᠥᠬᠡᠶ ᠬᠦᠭᠵᠢᠬᠦᠯᠬᠦ ᠦᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠤᠰ ᠡᠵᠡᠮᠳᠡᠯ︾ ᠦᠨᠡᠨ ᠪᠣᠳᠠᠲᠠᠶ ᠦᠷ᠎ᠡ ᠪᠦᠲᠦᠮᠵᠢ ᠤᠯᠤᠨ᠎ᠠ᠃ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠨᠠᠩ ᠪᠦᠷᠢᠨᠰᠢᠬᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠪᠠᠶᠢᠩᠭᠤᠵᠢᠭᠤᠯᠤᠨ ᠬᠠᠮᠠᠭᠠᠯᠠᠬᠤ ᠪᠠ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠦᠨᠳᠦᠰᠦᠨ ᠳᠡᠭᠡᠨ ᠪᠤᠢ ᠪᠤᠯᠭᠠᠵᠤ᠂ ᠬᠤᠳᠠ ᠬᠥᠳᠡᠭᠡ ᠶᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ᠂ ᠠᠭᠠᠷ ᠨᠢ ᠴᠡᠪᠡᠷ ᠪᠠᠶᠢᠬᠤ ᠶᠢ ᠬᠡᠪ ᠤᠨ ᠪᠠᠶᠢᠳᠠᠯ ᠪᠣᠯᠭᠠᠵᠤ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠦᠨ᠎ᠡ᠃︵ᠭᠤᠷᠪᠠ︶ ᠥᠭᠡᠷᠡᠴᠢᠯᠡᠯᠲᠡ ᠨᠡᠭᠡᠭᠡᠯᠳᠡ ᠰᠢᠨ᠎ᠡ ᠠᠯᠬᠤᠮ ᠢ ᠠᠯᠬᠤᠨ᠎ᠠ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠭᠡᠷᠡᠴᠢᠯᠡᠯᠲᠡ  ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠂ ᠳᠡᠯᠡᠬᠡᠶᠢᠴᠢᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠡᠭᠦᠳᠤᠨ᠎ᠡ᠃ ᠠᠷᠠᠳ ᠤᠨ ᠡᠵᠡᠩᠨᠡᠯᠲᠡ ᠶᠢᠨ ᠬᠦᠷᠦᠩᠬᠡ ᠶᠢ ᠠᠮᠢᠳᠤᠯᠢᠭ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠦᠴᠦᠷᠬᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠰᠢᠯᠢ ᠶᠢᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠨ᠎ᠠ᠃ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠳᠡ ᠶᠢ ᠬᠡᠷᠡᠭᠵᠢᠭᠦᠯᠵᠦ᠂ ᠬᠤᠣᠰ ᠣᠷᠴᠢᠯ ᠳᠤ ᠪᠦᠬᠦ ᠲᠠᠯ᠎ᠠ ᠪᠠᠷ ᠣᠷᠣᠯᠴᠠᠬᠤ᠂ ᠪᠡᠭᠡᠵᠢᠩ ᠲᠢᠶᠠᠨᠵᠢᠨ ᠡᠾᠧᠪᠸᠢ  ᠪᠠ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠤᠷᠤᠨ ᠲᠠᠢ ᠰᠠᠨᠠᠭᠠᠴᠢᠯᠠᠭ᠎ᠠ ᠠᠴᠠ ᠪᠠᠨ ᠵᠤᠯᠭᠠᠯᠴᠠᠬᠤ ᠵᠡᠷᠭᠡ ᠨᠡᠭᠡᠭᠡᠯᠳᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠤᠬᠦᠯᠤᠨ᠎ᠠ᠃︵ᠳᠥᠷᠪᠡ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠬᠢᠷᠢ ᠲᠦᠪᠰᠢᠨ ᠳᠤ ᠬᠦᠷᠦᠭᠦᠯᠦᠨ᠎ᠡ᠃ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ ᠲᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠩ ᠴᠢᠨᠠᠷ ᠰᠠᠶᠢᠲᠠᠶ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠤᠢ ᠪᠣᠯᠭᠠᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠮ ᠡᠮᠨᠡᠯᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃︵ᠲᠠᠪᠤ︶ ᠨᠡᠶᠢᠭᠡᠮ ᠤᠨ ᠪᠣᠯᠪᠠᠰᠤᠨ ᠰᠢᠨ᠎ᠡ ᠪᠠᠶᠢᠳᠠᠯ ᠢᠯᠡᠷᠡᠨ᠎ᠡ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠦᠷᠨᠢᠬᠦᠯᠵᠤ᠂ ᠨᠡᠶᠢᠭᠡᠮ ᠤᠨ ᠪᠣᠯᠪᠠᠰᠤᠨ ᠰᠢᠨ᠎ᠡ ᠦᠨᠳᠤᠷᠴᠡ ᠳᠤ ᠬᠦᠷᠬᠦ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠬᠥᠮᠦᠰ ᠤᠨ ᠰᠡᠳᠬᠢᠯ ᠳᠤ ᠬᠠᠳᠠᠩᠰᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢᠯᠡᠳᠲᠡ ᠲᠡᠭᠡᠭᠰᠢᠯᠡᠨ᠎ᠡ᠃ ᠰᠣᠶᠣᠯ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠪᠠ ᠰᠣᠶᠣᠯ ᠤᠨ ᠠᠵᠤ ᠦᠢᠯᠡᠰ ᠤᠨ ᠰᠢᠰᠲ᠋ᠧᠮᠵᠢ ᠶᠢ ᠨᠠᠩ ᠪᠦᠷᠢᠨᠰᠢᠬᠦᠯᠦᠨ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠭᠠᠵᠠᠷ ᠣᠷᠣᠨ ᠤ ᠰᠣᠶᠣᠯ ᠤᠨ ᠵᠥᠭᠡᠯᠡᠨ ᠪᠣᠳᠠᠲᠤ ᠬᠦᠴᠦᠨ ᠢ ᠶᠡᠬᠡᠪᠡᠷ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ  ᠴᠣᠭᠴᠠ  ᠶᠢᠨ ᠤᠬᠠᠮᠰᠠᠷ  ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠦᠨᠳᠦᠰᠦ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠩ ᠨᠢᠭᠲᠠᠷᠠᠭᠤᠯᠤᠨ᠎ᠠ᠃︵ᠵᠢᠷᠭᠤᠭ᠎ᠠ︶ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠤᠯᠤᠨ᠎ᠠ᠃ ᠠᠷᠠᠳᠴᠢᠯᠠᠯ ᠬᠠᠤᠯᠢᠵᠢᠯ ᠢ ᠨᠡᠩ ᠪᠦᠷᠢᠨᠰᠢᠬᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠭᠦᠯᠵᠦ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠢᠯᠠᠩᠭᠤᠶ᠎ᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠠᠢ ᠪᠠᠷ ᠡᠷᠡᠰ ᠬᠦᠴᠦᠲᠡᠶ ᠲᠦᠯᠤᠪᠯᠡᠵᠤ᠂ ᠠᠮᠤᠷ ᠠᠮᠤᠭᠤᠯᠠᠩ ᠰᠢᠯᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠠᠶᠢᠪᠤᠩ ᠲᠣᠭᠲᠠᠭᠤᠨ ᠬᠠᠯᠬᠠᠪᠴᠢ ᠶᠢ ᠨᠠᠩ ᠪᠠᠬᠢᠵᠢᠭᠦᠯᠦᠨ᠎ᠡ᠃ᠭᠤᠷᠪᠠ᠂ 2021 ᠣᠨ ᠤ ᠭᠤᠤᠯᠳᠠᠯᠭᠠᠲᠤ ᠠᠵᠢᠯᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ  ᠪᠦᠭᠡᠳ ᠨᠠᠷᠢᠯᠢᠭ ᠣᠨᠣᠴᠠᠲᠠᠶ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠪᠠᠷ ᠴᠢᠷᠮᠠᠶᠢᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠥᠨᠳᠥᠷ ᠬᠢᠷᠢ ᠲᠦᠪᠰᠢᠨ ᠪᠦᠬᠦᠢ ᠭᠠᠳᠠᠭᠠᠲᠤ ᠨᠡᠭᠡᠭᠡᠯᠳᠡ ᠶᠢ ᠥᠷᠭᠡᠳᠬᠡᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠦᠷᠲᠡᠭ ᠢ 7% ᠣᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 14% ᠣᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 2% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠤᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 3% ᠪᠠ 6% ᠣᠷᠴᠢᠮ ᠨᠡᠮᠡᠭᠳᠡᠭᠦᠯᠦᠨ᠎ᠡ︔ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠶ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠭᠤᠷᠠᠭᠤᠯᠵᠤ᠂ ᠠᠮᠢ ᠠᠬᠤᠶ ᠶᠢᠨ ᠣᠷᠴᠢᠨ ᠲᠤᠭᠤᠷᠢᠨ  ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠳᠣᠣᠷᠠᠬᠢ ᠶᠢᠰᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄︵ᠨᠢᠭᠡ︶ ᠬᠥᠭᠵᠢᠯᠲᠡ ᠶᠢᠨ ᠬᠥᠳᠡᠯᠭᠡᠭᠴᠢ ᠬᠦᠴᠦᠨ ᠢ ᠬᠦᠴᠦᠯᠡᠨ ᠨᠡᠮᠡᠭᠳᠡᠭᠦᠯᠵᠦ᠂ ᠠᠵᠤ ᠠᠬᠤᠶ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠲᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠎ ᠶᠢᠨ ᠴᠢᠨᠠᠷᠲᠠᠢ ᠦᠭᠡᠷᠡᠴᠢᠯᠡᠯᠲᠡ ᠭᠡᠬᠦ ᠡᠨᠡᠬᠦ ᠭᠤᠤᠯ ᠱᠤᠭᠤᠮ ᠢ ᠴᠢᠩᠭ᠎ᠠ ᠠᠳᠬᠤᠵᠤ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠲᠦᠭᠵᠢᠷᠡᠯ ᠢ ᠨᠡᠪᠲᠡᠷᠡᠬᠦᠯᠵᠦ᠂ ᠲᠤᠲᠠᠭᠤᠲᠠᠯ ᠢᠶᠠᠨ ᠨᠦᠬᠦᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠨ᠎ᠡ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠤᠨ ᠠᠰᠢᠭ ᠣᠯᠭᠤᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠱᠠᠳᠤ ᠦᠶ᠎ᠡ ᠶᠢᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠵᠡᠭᠦᠯᠬᠦ ᠨᠥᠯᠥᠭᠡ ᠶᠢ ᠨᠢᠭᠲᠠ ᠠᠩᠬᠠᠷᠴᠤ᠂ ᠠᠵᠤ ᠠᠬᠤᠶᠢᠯᠠᠯ ᠳᠤ ᠲᠣᠭᠲᠠᠭᠤᠨ ᠪᠥᠭᠡᠳ ᠡᠮᠬᠢ ᠵᠢᠷᠤᠮ ᠲᠠᠢ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ ᠡᠭᠦᠳᠴᠤ ᠥᠭᠭᠦᠨ᠎ᠡ᠃ ᠦᠢᠯᠡᠳᠪᠤᠷᠢᠯᠡᠯ ᠪᠣᠷᠣᠯᠠᠭᠤᠯᠭ᠎ᠠ᠂ ᠪᠠᠩᠬᠢ ᠠᠵᠤ ᠠᠬᠤᠶᠢᠯᠠᠯ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠠᠵᠢᠯ ᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠦᠨᠡᠨᠬᠦ ᠰᠢᠢᠳᠪᠤᠷᠢᠯᠡᠵᠤ ᠥᠭᠭᠦᠨ᠎ᠡ᠃ ︽ᠵᠠᠰᠠᠭ ᠪᠠᠩᠬᠢ ᠠᠵᠤ ᠠᠬᠤᠶᠢᠯᠠᠯ︾᠎ ᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ ᠂ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠬᠦᠴᠢᠷᠲᠡᠶ᠂ ᠪᠠᠯᠠ ᠬᠤᠷᠠᠮᠳᠤᠭᠤᠯᠬᠤ ᠳᠤ ᠦᠨ᠎ᠡ ᠦᠷᠲᠡᠭ ᠶᠡᠭᠡ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠣᠨ ᠤ ᠥᠷᠢ ᠥᠭᠴᠡᠭᠡ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠪᠥᠬᠦ ᠵᠢᠯ ᠳᠤ 100 ᠭᠤᠤᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠬᠡᠷᠡᠭᠵᠢᠬᠦᠯᠵᠤ᠂ ᠵᠢᠯ ᠤᠨ ᠳᠣᠲᠣᠷ᠎ᠠ 72.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠬᠦᠯᠬᠦ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠯᠥᠪᠯᠡᠭᠡ ᠳᠤ ᠣᠷᠣᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠪᠠᠶᠢᠭᠤᠯᠵᠤ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠦᠨ᠂ ᠲᠥᠷᠥᠯ ᠵᠦᠢᠯ ᠢ ᠨᠦᠭᠡᠴᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠲᠡᠭᠡᠭᠰᠢ ᠬᠦᠶᠤᠬᠦ︾ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠭᠠᠷᠳᠠᠮ ᠪᠦᠷᠢᠨ᠂ ᠦᠷ᠎ᠡ ᠠᠰᠢᠭ ᠰᠠᠶᠢᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠡ᠃ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠠᠨᠳᠤᠰᠢ ᠪᠠ ᠠᠳᠠᠯᠢ ᠪᠤᠰᠤ ᠬᠥᠮᠦᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠢᠳᠡᠪᠬᠢᠲᠡᠶ  ᠪᠤᠶᠢᠵᠢᠭᠤᠯᠵᠤ᠂ ᠬᠡᠷᠡᠭᠯᠡᠭᠡᠨ ᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ᠠᠶᠢᠮᠠᠭ ᠤᠨ ᠲᠥᠪ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠠᠰᠢᠭᠯᠠᠨ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠨᠢᠯᠬᠠᠰ ᠢ ᠬᠥᠮᠦᠵᠢᠭᠦᠯᠬᠦ᠂ ᠭᠡᠷ ᠠᠬᠤᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠪᠠᠷᠢᠮᠵᠢᠶᠠᠵᠢᠭᠤᠯᠬᠤ ᠪᠠ ᠲᠦᠷᠦᠯ ᠳᠡᠮᠳᠡᠭᠵᠢᠬᠦᠯᠬᠦ ᠪᠠᠶᠢᠭᠤᠯᠤᠯᠲᠠ ᠶᠢ ᠲᠦᠷᠭᠡᠳᠬᠡᠨ᠂ ᠪᠦᠬᠦ ᠠᠶᠢᠮᠠᠭ ᠢ ᠬᠠᠮᠤᠷᠤᠭᠰᠠᠨ᠂ ᠡᠷᠭᠢᠨ ᠲᠣᠭᠤᠷᠢᠨ ᠤ ᠭᠠᠵᠠᠷ ᠤᠷᠤᠨ ᠢ ᠳᠠᠶᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠬᠤᠳᠠ ᠶᠢ ᠢᠳᠡᠪᠬᠢᠲᠡᠶ ᠴᠣᠭᠴᠠᠯᠠᠨ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠬᠡᠷᠡᠭᠯᠡᠭᠡ︾᠎ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠠᠨ ᠤ ᠰᠢᠭᠤᠳ ᠨᠡᠪᠲᠡᠷᠡᠬᠦᠯᠭᠡ ᠶᠢᠨ ᠠᠵᠤ ᠠᠬᠤᠶ ᠶᠢ ᠲᠡᠮᠵᠢᠨ ᠬᠥᠭᠵᠢᠭᠦᠯᠵᠦ᠂ ᠰᠦᠯᠵᠢᠶ᠎ᠡ ᠪᠠᠷ ᠵᠢᠵᠢᠭᠯᠡᠨ ᠪᠤᠷᠤᠯᠠᠭᠤᠯᠬᠤ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃︵ᠬᠤᠶᠠᠷ︶ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶ ᠶᠢᠨ ᠪᠣᠳᠠᠲᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠡᠨ ᠪᠣᠬᠢᠷᠲᠤᠯ ᠦᠭᠡᠢ ᠬᠦᠭᠵᠢᠯᠲᠠ ᠶᠢ ᠪᠠᠷᠢᠮᠲᠠᠯᠠᠵᠤ᠂ ᠳᠡᠭᠡᠳᠦ ᠲᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠲᠡᠪᠰᠢᠬᠦᠯᠤᠨ᠎ᠡ᠃ ᠤᠯᠤᠰ ᠤᠨ ᠣᠲᠣ ᠦᠶ᠎ᠡ ᠶᠢᠨ ᠴᠡᠪᠡᠷ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠢ ᠤᠶᠠᠯᠳᠤᠭᠤᠯᠤᠨ᠂ ᠳᠠᠪᠠᠭᠤᠯᠢᠭ ᠣᠨᠴᠠᠯᠢᠠᠠᠳᠣ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠪᠣᠬᠢᠷᠲᠤᠯ ᠥᠬᠡᠶ ᠪᠠᠷ ᠬᠦᠭᠵᠢᠵᠤ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦ ᠶᠢ ᠠᠬᠢᠭᠤᠯᠤᠨ᠎ᠠ᠃ ᠰᠢᠨ᠎ᠡ ᠮᠡᠷᠭᠡᠵᠢᠯ᠂ ᠰᠢᠨ᠎ᠡ ᠤᠷᠠᠯᠠᠯ ᠪᠠ ᠰᠢᠨ᠎ᠡ ᠲᠣᠨᠤᠭ ᠲᠥᠬᠦᠭᠡᠷᠦᠮᠵᠢ ᠶᠢ ᠠᠰᠢᠭᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠠᠭᠤᠷᠬᠠᠶ᠂ ᠡᠨᠧᠷᠭᠢ ᠵᠡᠷᠭᠡ ᠠᠵᠤ ᠦᠢᠯᠡᠰ ᠢ ᠥᠭᠡᠷᠡᠴᠢᠯᠡᠨ ᠲᠡᠰ ᠲᠡᠪᠰᠢᠬᠦᠯᠵᠤ᠂ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠭᠦᠷᠡᠰᠦᠨ ᠠᠭᠤᠷᠬᠠᠶ ᠶᠢᠨ ᠭᠠᠷᠳᠠᠮ ᠢ ᠪᠦᠷᠢᠨ ᠬᠦᠢᠴᠡᠳ ᠪᠤᠯᠭᠠᠬᠤ ᠪᠠ ᠭᠠᠵᠠᠷ ᠬᠡᠷᠡᠭᠯᠡᠬᠦ ᠶᠢ ᠪᠠᠲᠤᠯᠠᠬᠤ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠤ᠂ ᠳ᠋ᠠ ᠲᠠᠩ ᠨᠡᠭᠦᠷᠡᠰᠦᠨ ᠠᠭᠤᠷᠬᠠᠶ ᠶᠢ ᠲᠠᠬᠢᠨ ᠵᠣᠬᠢᠶᠠᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠪᠦᠬᠦ ᠬᠤᠳᠠ ᠶᠢᠨ ᠨᠡᠭᠦᠷᠡᠰᠦᠨ ᠤ ᠭᠠᠷᠤᠯᠲᠠ ᠶᠢ 4400 ᠲᠦᠮᠡᠨ ᠲᠣᠨ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠱᠧᠨ ᠬᠤᠸᠠ ᠠᠭᠤᠷᠬᠠᠶ ᠶᠢᠨ ᠠᠮᠠᠰᠠᠷ ᠤᠨ ᠴᠠᠬᠢᠯᠭᠠᠨ ᠤ ᠦᠢᠯᠡᠳᠪᠤᠷᠢ ᠶᠢᠨ 2 ᠮᠠᠰᠢᠨ ᠴᠣᠭᠴᠠᠯᠠᠪᠤᠷᠢ ᠶᠢ ᠪᠦᠬᠦᠨ ᠢ ᠪᠠᠶᠢᠭᠤᠯᠤᠨ ᠪᠦᠲᠤᠭᠡᠬᠦ  ᠶᠢ ᠠᠬᠢᠭᠤᠯᠵᠤ᠂ 130 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠣᠭᠲᠠᠭᠤᠨ ᠢᠶᠠᠷ ᠠᠰᠢᠭᠯᠠᠯᠲᠠ ᠳᠤ ᠣᠷᠣᠭᠤᠯᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠡᠯ ᠤᠨ ᠪᠦᠷᠢᠳᠭᠡᠯ ᠳᠤ ᠤᠷᠤᠭᠤᠯᠤᠨ᠎ᠡ᠃ ᠳ᠋ᠠ ᠵᠤᠸᠠᠩ ᠶᠤᠸᠠᠨ᠂ ᠡᠷᠳᠡᠨᠢ ᠲᠥᠪ ᠲᠣᠭᠤᠭᠠᠨ ᠬᠡᠷ ᠤᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠠᠶ ᠸᠧᠢ ᠺᠧ ᠬᠤᠩ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠲᠥᠮᠥᠰᠥᠨ ᠤ ᠢᠳᠡᠭᠡᠨ ᠡᠳ᠋ᠰᠢᠭᠦᠯᠬᠦ ᠦᠢᠯᠡᠳᠪᠤᠷᠢᠯᠡᠯ ᠎ ᠤᠨ ᠪᠠᠭᠲᠠᠭᠠᠮᠵᠢ ᠶᠢ ᠥᠷᠭᠡᠳᠬᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠡᠯᠬᠢᠶᠡᠰᠦ ᠶᠢ ᠤᠷᠲᠤᠳᠬᠠᠨ᠎ᠠ᠃ ᠬᠦᠷᠢᠶᠡᠯᠡᠩ ᠲᠣᠭᠤᠷᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠣᠯᠠᠨ ᠵᠦᠢᠯ ᠤᠨ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ᠂ ᠬᠦᠷᠢᠶᠡᠯᠡᠩ ᠲᠣᠭᠤᠷᠢᠭ ᠤᠨ ︽ᠬᠥᠰᠢᠮᠡᠯ︾ ᠠᠵᠤ ᠠᠬᠤᠶᠢᠯᠠᠯ ᠪᠠ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭ ᠪᠣᠯᠭᠠᠨ᠎ᠠ︔ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠭᠤᠷ ᠤᠨ ᠬᠤᠭᠤᠯᠠᠶ ᠶᠢᠨ ᠲᠣᠤᠷ ᠤᠨ ᠲᠥᠷᠥᠯ ᠵᠦᠢᠯ ᠢ ᠲᠦᠷᠭᠡᠬᠡᠨ ᠠᠰᠢᠭᠯᠠᠯᠲᠠ ᠳᠤ ᠤᠷᠤᠭᠤᠯᠤᠨ᠂ ︽ᠤᠶᠤᠨᠴᠢ ᠬᠦᠷᠢᠶᠡᠯᠡᠩ ᠲᠣᠭᠤᠷᠢᠭ︾᠎ ᠢ ᠪᠥᠲᠥᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ᠰᠢᠨ᠎ᠡ ᠪᠠᠷ ᠮᠠᠨᠳᠤᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠢ ᠲᠡᠳᠬᠦᠨ ᠬᠥᠭᠵᠢᠭᠦᠯᠵᠦ᠂ ᠪᠦᠬᠦ ᠵᠢᠯ ᠳᠤ ᠰᠠᠯᠬᠢᠨ ᠬᠦᠴᠦᠨ ᠤ ᠮᠠᠰᠢᠨ  820 ᠢᠵᠢ ᠠᠴᠠ ᠳᠡᠭᠡᠭᠰᠢ᠂ ᠮᠠᠰᠢᠨ ᠤ ᠰᠡᠩᠰᠡ 480 ᠢᠵᠢ ᠠᠴᠠ ᠳᠡᠭᠡᠭᠰᠢ ᠦᠢᠯᠡᠳᠪᠦᠷᠢᠯᠡᠨ᠎ᠡ︔ ᠰᠠᠯᠬᠢᠨ ᠬᠦᠴᠦᠨ ᠤ ᠴᠠᠬᠢᠯᠭᠠᠨ ᠲᠦᠬᠦᠭᠡᠷᠤᠮᠵᠢ ᠶᠢᠨ ᠮᠠᠰᠢᠨ ᠤ ᠥᠷᠥᠭᠡᠨ ᠤ ᠪᠦᠷᠬᠦᠭᠦᠯ᠂ ᠭᠦᠶᠦᠳᠡᠯ ᠰᠢᠯᠤᠭᠤᠳᠬᠠᠬᠤ ᠪᠦᠷᠬᠦᠭᠦᠯ ᠵᠢᠴᠢ ᠰᠡᠯᠪᠢᠭ ᠲᠣᠨᠤᠭ ᠦᠢᠯᠡᠳᠪᠤᠷᠢᠯᠡᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠤᠨᠠᠨ ᠤ ᠴᠤᠸᠡᠩ ᠢ ᠮᠠᠰᠢᠨ ᠤ ᠥᠷᠥᠭᠡᠨ ᠤ ᠪᠦᠷᠬᠦᠭᠦᠯ ᠤᠨ ᠲᠥᠷᠥᠯ ᠵᠦᠢᠯ᠂ ᠵᠦᠡᠭ ᠼᠠᠢ ᠮᠠᠰᠢᠨ ᠤ ᠰᠡᠩᠰᠡ ᠶᠢᠨ ᠦᠢᠯᠡᠳᠪᠤᠷᠢᠯᠡᠯ ᠤᠨ ᠴᠢᠳᠠᠪᠤᠷᠢ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠠᠯᠬᠢᠨ ᠬᠦᠴᠦᠨ ᠤ ᠮᠠᠰᠢᠨ ᠤ ᠭᠤᠤᠯ ᠴᠣᠭᠴᠠ ᠶᠢᠨ ᠲᠤᠨᠤᠭᠯᠠᠯ ᠢ ᠪᠦᠬᠦᠨ ᠢ ᠲᠣᠰ ᠭᠠᠵᠠᠷ ᠲᠤᠨᠢ ᠦᠢᠯᠡᠳᠪᠤᠷᠢᠯᠡᠬᠦ ᠪᠠᠷ ᠴᠢᠷᠮᠠᠶᠢᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠣᠶ ᠪᠤᠯᠭᠠᠬᠤ  ᠪᠠᠷ ᠴᠢᠷᠮᠠᠶᠢᠨ᠎ᠠ᠃ ᠬᠡᠷᠡᠯ ᠴᠡᠨᠡᠭ ᠤᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠠᠰᠢᠭᠯᠠᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠥᠷᠥᠯ ᠵᠦᠢᠯ ᠬᠢᠭᠡᠳ ᠠᠮᠢ ᠠᠬᠤᠶ ᠶᠢᠨ ᠰᠡᠷᠭᠦᠭᠡᠯᠲᠡ ᠶᠢ ᠭᠦᠨᠵᠡᠭᠡᠶ ᠠᠭᠤᠰᠤᠯᠴᠠᠭᠤᠯᠤᠨ᠎ᠠ᠃ ᠣᠷᠴᠢᠯ ᠠᠵᠤ ᠠᠬᠤᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠩ ᠵᠢᠶᠠᠨ᠂ ᠵᠢᠶᠠ ᠫᠸᠡᠭ᠂ ᠠᠨ ᠯᠦᠩ ᠵᠡᠷᠭᠡ ᠠᠵᠤ ᠠᠬᠤᠶᠢᠯᠠᠯ ᠤᠳ ᠤᠨ ᠴᠠᠬᠢᠯᠭᠠᠨ ᠦᠢᠯᠡᠳᠪᠤᠷᠢ ᠶᠢᠨ ᠨᠤᠨᠳᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ ᠵᠢᠴᠢ ᠨᠡᠭᠦᠷᠡᠰᠦᠨ ᠴᠢᠯᠠᠭᠤ ᠶᠢ ᠠᠰᠢᠭᠯᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠦᠢᠯᠡᠳᠪᠤᠷᠢᠯᠡᠬᠦ᠂ ᠵᠦᠡᠭ ᠴᠸᠡᠭ ᠰᠢᠨ ᠮᠥ᠂ ᠷᠦᠨ ᠮᠧᠶ ᠵᠡᠷᠭᠡ ᠠᠵᠤ ᠠᠬᠤᠶᠢᠯᠠᠯ ᠤᠳ ᠤᠨ ᠠᠮᠢᠲᠠᠨ ᠢ ᠨᠢᠲᠤᠯᠬᠤ ᠬᠠᠶᠠᠭᠳᠠᠮᠠᠯ ᠢ ᠠᠰᠢᠭᠯᠠᠨ ᠲᠣᠰᠣ᠂ ᠴᠢᠰᠤᠨ ᠤ ᠨᠤᠨᠲᠠᠭ ᠪᠤᠯᠪᠠᠰᠤᠷᠠᠭᠤᠯᠬᠤ ᠶᠢ ᠠᠬᠢᠭᠤᠯᠵᠤ᠂ ᠠᠵᠤ ᠦᠢᠯᠡᠳᠪᠤᠷᠢ ᠶᠢᠨ ᠬᠠᠲᠠᠭᠤ ᠪᠡᠶᠡᠲᠤ ᠬᠠᠶᠠᠭᠳᠠᠮᠠᠯ ᠪᠣᠳᠠᠰ ᠪᠠ ᠠᠮᠢᠲᠠᠨ ᠤ ᠶᠠᠰᠤ ᠴᠢᠰᠤ ᠶᠢᠨ ︽ᠬᠠᠶᠠᠭᠳᠠᠮᠠᠯ ᠪᠣᠳᠠᠰ ᠢ ᠡᠷᠳᠡᠨᠢ ᠪᠤᠯᠭᠠᠵᠤ ᠬᠤᠪᠢᠷᠠᠭᠤᠯᠤᠨ᠎ᠠ︾᠃ ᠲᠦᠡᠭ ᠯᠢ ᠭᠧᠷᠮᠠᠨ ᠤ ᠦᠢᠯᠡᠰ ᠤᠨ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠬᠦ ᠶᠢ ᠠᠬᠢᠭᠤᠯᠵᠤ᠂ ᠭᠧᠷᠮᠠᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠴᠠᠭ ᠲᠣᠬᠢᠶᠠᠯ ᠢ ᠠᠮᠵᠢᠨ ᠢᠯᠵᠢᠮᠡᠭ ᠬᠦᠴᠢᠯ ᠤᠨ ᠠᠵᠤ ᠦᠢᠯᠡᠰ ᠢ ᠬᠥᠭᠵᠢᠭᠦᠯᠵᠦ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠠᠵᠢᠯ ᠢ ᠨᠡᠩ ᠶᠡᠭᠡ ᠠᠬᠢᠴᠠ ᠲᠠᠢ ᠪᠤᠯᠭᠠᠨ᠎ᠠ᠃ ᠨᠡᠭᠦᠷᠡᠰᠦᠨ ᠳᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠥᠬᠦ ᠤᠯᠤᠰ ᠤᠨ ᠵᠢᠭᠤᠯᠴᠢᠯᠡᠯ ᠤᠨ ᠠᠮᠠᠷᠠᠯᠲᠠ ᠶᠢᠨ ᠤᠷᠤᠨ ᠪᠠ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ  ᠪᠠᠷ ᠬᠦᠲᠤᠯᠤᠯ ᠪᠤᠯᠭᠠᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠭᠡᠨ᠎ᠡ᠃ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢ ᠶᠢᠨ ᠬᠤᠲᠠ ᠶᠢᠨ ᠬᠤᠲᠠ ᠶᠢᠨ ᠵᠣᠴᠢᠳ ᠤᠨ ᠲᠢᠩᠬᠢᠮ ᠢ ᠠᠯᠢ ᠲᠦᠷᠭᠡᠨ ᠢᠶᠠᠷ ᠠᠰᠢᠭᠯᠠᠯᠲᠠ ᠳᠤ ᠤᠷᠤᠭᠤᠯᠤᠨ᠎ᠠ︔ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ᠂ ᠬᠦᠪᠤᠡᠭ ᠤᠷᠤᠶᠢᠲᠤ ᠲᠠᠯ᠎ᠠ ᠨᠤᠲᠤᠭ᠂ ᠰᠢᠷᠡᠭᠡᠲᠤ ᠠᠭᠤᠯᠠ ᠵᠡᠷᠭᠡ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠢ ᠥᠨᠳᠥᠷ ᠪᠠᠷᠢᠮᠵᠢᠶ᠎ᠠ ᠪᠠᠷ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠢᠳᠡᠪᠬᠢᠲᠡᠶ ᠠᠬᠢᠭᠤᠯᠤᠨ᠎ᠠ︔ ᠪᠢᠯᠢᠭ᠂ ᠪᠠᠶᠠᠨ ᠬᠦᠷᠢᠶ᠎ᠡ ᠵᠡᠷᠭᠡ ᠤᠨᠴᠠᠯᠢᠬᠳᠤ ᠪᠠᠯᠭᠠᠰᠤ ᠶᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠰᠠᠶᠢᠲᠤᠷ ᠠᠳᠬᠤᠵᠤ᠂ ᠤᠨᠴᠠᠯᠢᠬᠳᠤ ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠡᠭᠦᠳᠤᠨ᠎ᠡ᠃ ᠭᠤᠣᠯᠳᠠᠯᠭ᠎ᠠ ᠲᠠᠢ ᠦᠵᠡᠮᠵᠢᠲᠦ ᠣᠷᠣᠨ ᠦᠵᠡᠮᠵᠢ ᠶᠢᠨ ᠭᠠᠵᠠᠷ ᠤᠨ ᠵᠢᠭᠤᠯᠴᠢᠯᠠᠯ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠤᠨ ᠭᠤᠣᠯ ᠲᠣᠭᠤᠷᠢᠭ ᠤᠨ ᠰᠣᠶᠣᠯ ᠠᠮᠢ ᠠᠬᠤᠢ ᠶᠢᠨ ᠵᠢᠭᠤᠯᠴᠢᠯᠡᠯ ᠤᠨ ᠦᠵᠡᠮᠵᠢ ᠶᠢᠨ ᠣᠷᠣᠨ ᠪᠤᠯᠤᠨ ᠪᠠᠶᠢᠰᠨ ᠶᠢᠨ ᠰᠦᠮ᠎ᠡ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠬᠦᠯᠤᠨ᠎ᠡ᠃ ᠮᠠᠯᠵᠢᠬᠤ ᠣᠷᠣᠨ ᠤ ᠤᠳᠤ ᠪᠠᠶᠢᠭ᠎ᠠ ᠵᠢᠭᠤᠯᠴᠢᠯᠠᠯ ᠤᠨ ᠬᠦᠯᠢᠶᠡᠨ ᠠᠪᠴᠤ ᠵᠤᠴᠢᠯᠠᠬᠤ ᠡᠷᠤᠬᠡ ᠶᠢ ᠬᠦᠲᠤᠯᠤᠨ ᠵᠢᠯᠤᠭᠤᠳᠴᠤ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠵᠤ᠂ ᠵᠢᠯ ᠤᠨ ᠳᠣᠲᠣᠷ᠎ᠠ 2᠎ ᠠᠴᠠ ᠳᠡᠭᠡᠭᠰᠢ ᠰᠡᠯᠡᠭᠦᠴᠡᠨ ᠠᠮᠠᠷᠠᠬᠤ᠂ ᠮᠤᠷᠢ ᠤᠨᠤᠬᠤ ᠪᠤᠯᠪᠠᠰᠤᠷᠠᠯ ᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠴᠢᠨᠠᠷᠲᠠᠶ ᠬᠠᠮᠳᠤᠪᠠᠷ ᠡᠳ᠋ᠯᠡᠬᠦ ᠮᠠᠯᠵᠢᠯ ᠤᠨ ᠲᠠᠯᠠᠪᠠᠶ ᠶᠢ ᠴᠢᠷᠮᠠᠶᠢᠨ ᠪᠠᠶᠢᠭᠤᠯᠤᠨ᠎ᠠ᠃ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠶᠡᠭᠡ ᠤᠷᠤᠯᠳᠤᠭᠠᠨ᠂ ᠳᠤᠮᠳᠠᠳᠤ ᠤᠯᠤᠰ ᠤᠨ ᠠᠳᠤᠭᠤᠨ ᠰᠤᠶᠤᠯ  ᠤᠨ ᠲᠦᠪ ᠎ ᠤᠨ ᠮᠤᠷᠢᠨ ᠤ ᠤᠷᠤᠯᠳᠤᠭᠠᠨ ᠵᠡᠷᠭᠡ ᠰᠤᠶᠤᠯ ᠲᠠᠮᠢᠷ ᠤᠨ ᠬᠦᠳᠡᠯᠭᠡᠭᠡᠨ ᠢ ᠵᠤᠬᠢᠶᠠᠨ ᠪᠠᠶᠢᠭᠤᠯᠵᠤ᠂ 2021 ᠤᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠵᠡᠪᠰᠡᠭ ᠤᠨ ᠡᠷᠳᠡᠮ ᠴᠡᠷᠢᠭ ᠤᠨ ᠡᠷᠳᠡᠮ ᠤᠨ ᠱᠠᠩᠨᠠᠯᠲᠤ ᠲᠡᠮᠡᠴᠡᠭᠡᠨ ᠢ ᠡᠷᠬᠢᠯᠡᠬᠦ ᠪᠠᠷ ᠴᠢᠷᠮᠠᠶᠢᠵᠤ᠂ ︽ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ · ᠲᠠᠯ᠎ᠠ ᠨᠤᠲᠤᠭ ᠤᠨ ᠭᠡᠷᠡᠯᠲᠦ ᠰᠤᠪᠤᠳ︾᠎ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃︵ᠭᠤᠷᠪᠠ︶ ᠪᠣᠬᠢᠷᠲᠤᠯ ᠥᠬᠡᠶ ᠬᠥᠭᠵᠢᠯᠲᠡ ᠶᠢ ᠬᠦᠴᠦᠯᠡᠨ ᠴᠢᠩᠭᠠᠳᠬᠠᠵᠤ᠂ ᠠᠮᠢ ᠠᠬᠤᠶ ᠶᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠠᠮᠢ ᠠᠬᠤᠢ ᠶᠢᠨ ᠪᠣᠯᠪᠠᠰᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠢᠯᠡ ᠲᠣᠳᠣ ᠤᠨᠴᠠᠯᠢᠭ ᠪᠤᠯᠭᠠᠨ᠎ᠠ᠃ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠎ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠨᠤᠲᠤᠭ ᠪᠡᠯᠴᠢᠭᠡᠷ ᠢ ᠤᠯᠠᠮ ᠨᠢᠭᠡ ᠠᠯᠬᠤᠮ ᠰᠠᠷᠭᠦᠭᠡᠨ ᠰᠠᠶᠢᠵᠢᠷᠠᠭᠤᠯᠤᠨ᠎ᠠ᠃ ᠬᠥᠮᠦᠨ ᠤ ᠬᠦᠴᠦ ᠪᠠᠷ ᠡᠪᠡᠰᠦ ᠳᠠᠷᠢᠵᠤ ᠡᠯᠡᠰᠤᠷᠬᠡᠭᠵᠢᠵᠤ ᠲᠠᠴᠢᠷᠰᠢᠭᠰᠡᠨ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠤᠯᠤᠰ ᠤᠨ ᠴᠢᠨᠠᠷ ᠰᠠᠶᠢᠲᠠᠶ ᠢᠨᠵᠧᠨᠧᠷᠢᠩ ᠢ ᠴᠢᠷᠮᠠᠶᠢᠨ ᠡᠬᠦᠳᠤᠨ᠎ᠡ᠃ ᠪᠡᠶᠡᠨ ᠬᠦᠷᠢᠶ᠎ᠡ ᠪᠠ ᠮᠤᠳᠤᠨ ᠮᠠᠯᠵᠢᠯ ᠤᠨ ᠲᠠᠯᠠᠪᠠᠢ ᠶᠢᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ  ᠤᠨ ᠲᠤᠷᠰᠢᠯᠲᠡ ᠶᠢᠨ ᠴᠡᠭ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠨ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠡᠨ ᠤ ᠭᠠᠵᠠᠷ ᠰᠢᠨᠵᠢᠯᠡᠭᠡᠨ ᠤ ᠴᠡᠴᠡᠷᠯᠢᠭ ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠬᠦ ᠶᠢ ᠪᠠᠲᠤᠯᠠᠨ᠎ᠠ᠃ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠵᠡᠷᠭᠡ ᠢᠨᠵᠧᠨᠧᠷᠢᠩ ᠢ ᠶᠡᠬᠡᠪᠡᠷ ᠠᠬᠢᠭᠤᠯᠵᠤ᠂ 363 ᠲᠦᠮᠡᠨ ᠮᠥ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠳᠠᠯᠠᠵᠤ᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ︾᠎ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾᠎ ᠢ ᠢᠳᠡᠪᠬᠢᠲᠡᠶ ᠬᠡᠷᠡᠭᠵᠢᠬᠦᠯᠤᠨ᠎ᠡ᠃ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠣᠭᠤᠭᠠᠷᠠᠭᠤᠯᠪᠠᠯ ᠦᠷᠬᠦᠯᠵᠢᠯᠡᠨ ᠡᠵᠡᠩᠨᠡᠬᠦᠯᠵᠦ᠂ ᠨᠣᠭᠤᠭᠠᠷᠠᠭᠤᠯᠬᠤ ᠥᠬᠡᠶ ᠪᠣᠯ ᠬᠦᠴᠦᠨ ᠦᠭᠡᠢ ᠪᠤᠯᠭᠠᠬᠤ ᠶᠢ ᠪᠠᠷᠢᠮᠲᠠᠯᠠᠵᠤ᠂ ᠵᠢᠯ ᠤᠨ ᠳᠣᠲᠣᠷ᠎ᠠ ᠵᠠᠳᠠᠭᠠᠶ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 10.3 ᠲᠡᠭᠰᠢ ᠳᠥᠷᠪᠡᠯᠵᠢᠨ ᠺᠢᠯᠣᠮᠧᠲᠷ ᠤᠨ ᠵᠠᠰᠠᠯᠲᠠ ᠶᠢ ᠪᠡᠶᠡᠯᠡᠭᠦᠯᠦᠨ᠎ᠡ᠃ ︽ᠨᠢᠭᠡ ᠠᠭᠤᠷᠬᠠᠶ ᠨᠢᠭᠡ ᠠᠷᠭ᠎ᠠ ᠪᠣᠳᠣᠯᠭ᠎ᠠ ︾᠎ ᠶᠢᠨ ᠵᠠᠰᠠᠯᠲᠠ ᠶᠢᠨ ᠠᠷᠭ᠎ᠠ ᠬᠡᠮᠵᠢᠶ᠎ᠡ ᠲᠠᠢ ᠬᠠᠷᠭᠤᠭᠤᠯᠤᠨ᠂ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠯᠠ ᠮᠥᠩᠭᠦ ᠬᠤᠷᠠᠮᠳᠤᠭᠤᠯᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠯᠭᠡᠵᠤ᠂ ᠵᠠᠰᠠᠯᠲᠠ ᠶᠢᠨ ᠡᠭᠦᠷᠭᠡ ᠪᠠᠨ ᠵᠠᠪᠠᠯ ᠴᠠᠭ ᠶᠣᠰᠣᠭᠠᠷ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠵᠦ᠂ ᠵᠢᠯ ᠤᠨ ᠳᠣᠲᠣᠷ᠎ᠠ ᠪᠠᠷᠠᠭᠤᠨ ᠬᠤᠶᠠᠳᠤᠭᠠᠷ᠂ ᠪᠠᠷᠠᠭᠤᠨ ᠭᠤᠷᠪᠠᠳᠤᠭᠠᠷ 2 ᠵᠠᠳᠠᠭᠠᠶ ᠨᠡᠭᠦᠷᠡᠰᠤᠨ ᠠᠭᠤᠷᠬᠠᠶ ᠶᠢᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠪᠣᠯᠭᠠᠨ ᠪᠠᠶᠢᠭᠤᠯᠬᠤ ᠶᠢ ᠪᠠᠲᠤᠯᠠᠵᠤ ᠂ ᠤᠯᠠᠭᠠᠨᠳᠤᠭ ᠭᠧᠷᠮᠡᠨ ᠨᠡᠭᠦᠷᠡᠰᠤᠨ ᠵᠠᠳᠠᠭᠠᠢ ᠠᠭᠤᠷᠬᠠᠢ᠂ ᠢᠯᠡᠯᠲᠡ ᠴᠢᠯᠠᠭᠤ ᠭᠠᠷᠭᠠᠬᠤ ᠲᠠᠯᠠᠪᠤᠷ ᠵᠡᠷᠭᠡ 2 ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠪᠣᠯᠭᠠᠨ ᠪᠠᠶᠢᠭᠤᠯᠬᠤ ᠪᠠᠷ ᠴᠢᠷᠮᠠᠶᠢᠨ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠣᠲᠣ ᠶᠢᠨ ᠪᠠᠶᠢᠭ᠎ᠠ ᠠᠭᠤᠷᠬᠠᠶ ᠶᠢ ᠪᠦᠬᠦᠨ ᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠪᠣᠯᠭᠠᠨ ᠪᠠᠶᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ  ᠶᠢᠨ ᠬᠠᠶᠠᠭᠳᠠᠮᠠᠯ ᠨᠦᠬᠡ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠨ ᠤ ᠵᠠᠰᠠᠯᠲᠠ ᠶᠢᠨ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠴᠠᠭ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠲᠠᠭᠤᠰᠬᠠᠨ᠎ᠠ᠃ ᠠᠭᠠᠷ ᠮᠠᠨᠳᠠᠯ ᠤᠨ ᠪᠣᠬᠢᠷᠲᠤᠯ ᠢ ᠬᠠᠮᠢᠶᠠᠷᠤᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠲᠠᠷᠠᠬᠠᠶ ᠪᠤᠲᠠᠷᠬᠠᠶ ᠵᠠᠮᠪᠠᠷᠠᠭ᠎ᠠ ᠦᠭᠡᠢ ᠪᠣᠬᠢᠷᠲᠤᠯ ᠶᠡᠬᠡᠲᠠᠢ︾ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠵᠤᠤᠬ᠎ᠠ᠂ ᠲᠠᠷᠠᠬᠠᠶ ᠨᠡᠭᠦᠷᠡᠰᠦ ᠰᠢᠲᠠᠭᠠᠬᠤ᠂ ᠴᠠᠶᠢᠶ᠋ᠢᠦ ᠲᠤᠰᠤᠨ ᠤ ᠪᠠᠷᠠᠭᠠᠨ ᠤ ᠲᠡᠷᠭᠡ᠂ ᠳᠡᠭᠳᠡᠮᠡᠯ ᠲᠣᠭᠤᠰᠣᠨ ᠤ ᠪᠣᠬᠢᠷᠲᠤᠯ ᠢ ᠨᠠᠷᠢᠯᠢᠬᠵᠢᠭᠤᠯᠤᠨ ᠵᠠᠰᠠᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠢᠯᠢᠳᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠰᠢᠨ᠎ᠡ ᠲᠣᠭᠤᠷᠢᠭ ᠤᠨ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ ᠵᠠᠪᠰᠠᠷ ᠤᠨ ᠤᠰᠤ ᠰᠢᠢᠳᠪᠦᠷᠢᠯᠡᠬᠦ ᠦᠢᠯᠡᠳᠪᠦᠷᠢ ᠎ ᠶᠢ ᠦᠷᠬᠡᠳᠬᠡᠨ ᠪᠠᠶᠢᠭᠤᠯᠬᠤ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ ᠪᠡᠶᠡᠯᠡᠬᠦᠯᠵᠦ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠦᠯᠡᠳᠡᠭᠳᠡᠯ ᠤᠰᠤ ᠶᠢ ᠴᠡᠪᠡᠷᠰᠢᠭᠦᠯᠬᠦ᠂ ᠭᠤᠤᠯ ᠤᠷᠤᠭᠤ ᠪᠤᠬᠢᠷᠳᠤᠯ ᠭᠠᠳᠠᠭᠰᠢᠯᠠᠭᠤᠯᠬᠤ ᠠᠮᠠᠰᠠᠷ ᠢ ᠴᠡᠭᠴᠡᠯᠡᠨ ᠵᠠᠰᠠᠬᠤ᠂ ᠭᠠᠭᠴᠠᠮᠤᠲᠤ ᠤᠰᠤᠨ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠨ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠥᠷᠥᠰᠥ ᠰᠢᠷᠣᠶ ᠶᠢᠨ ᠪᠣᠬᠢᠷᠲᠤᠯ ᠤᠨ ᠬᠡᠷᠡᠭ ᠭᠠᠷᠬᠤ ᠠᠴᠠ ᠡᠷᠡᠰ ᠵᠠᠶᠢᠯᠠᠰᠬᠢᠨ᠎ᠡ᠃ ᠡᠨᠧᠷᠭᠢ ᠬᠤᠷᠤᠭᠳᠠᠯ ᠤᠨ ᠬᠤᠣᠰ ᠡᠵᠡᠮᠳᠡᠯ ᠤᠨ ᠠᠵᠢᠯ ᠢ ᠴᠢᠩᠭᠠᠷᠠᠭᠤᠯᠤᠨ᠎ᠠ᠃ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠪᠠᠶᠢᠭᠤᠯᠬᠤ ᠲᠦᠷᠤᠯ ᠵᠦᠢᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠨ᠎ᠡ᠃ ᠭᠤᠣᠯᠳᠠᠯᠭ᠎ᠠ ᠲᠠᠢ ᠠᠵᠢᠯ ᠲᠦᠷᠦᠯ ᠤᠨ ᠠᠷᠢᠭᠤᠨ ᠴᠡᠪᠡᠷ ᠦᠢᠯᠡᠳᠪᠦᠷᠢᠯᠡᠯ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠬᠤᠴᠣᠷᠤᠩᠭᠤᠶ ᠮᠡᠷᠭᠡᠵᠢᠯ᠂ ᠤᠷᠠᠯᠠᠯ ᠪᠠ ᠲᠥᠬᠦᠭᠡᠷᠦᠮᠵᠢ ᠶᠢ ᠲᠦᠷᠭᠡᠪᠴᠢᠯᠡᠨ ᠰᠢᠭᠰᠢᠭᠳᠡᠬᠦᠯᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠡ ᠶᠢᠨ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠤᠰ ᠡᠵᠡᠮᠳᠡᠯ︾᠎ ᠤᠨ ᠬᠠᠷᠠᠯᠲᠠ ᠶᠢᠨ ᠪᠠᠶᠠᠯᠡᠭᠳᠡᠬᠦ ᠶᠢ ᠦᠨᠡᠨ ᠬᠦ ᠪᠠᠲᠤᠯᠠᠨ᠎ᠠ᠃ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠲᠡᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠪᠠᠷ ᠶᠠᠪᠤᠵᠤ ᠰᠠᠭᠤᠬᠤ ᠵᠡᠷᠭᠡ ᠪᠣᠬᠢᠷᠲᠤᠯ ᠦᠭᠡᠢ ᠠᠮᠢᠳᠤᠷᠠᠯ ᠢ ᠴᠤᠭᠴᠠᠯᠠᠬᠤ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠬᠡᠷᠡᠭᠯᠡᠭᠡ ᠶᠢ ᠪᠤᠢ ᠪᠣᠯᠭᠠᠬᠤ ᠶᠢ ᠠᠬᠢᠭᠤᠯᠤᠨ᠎ᠠ᠃︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠮᠠᠯᠵᠢᠬᠤ ᠣᠷᠣᠨ ᠢ ᠲᠦᠷᠭᠡᠳᠬᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠯᠳᠣᠭᠤᠯᠵᠣ᠂ ᠲᠠᠷᠢᠶᠠᠯᠠᠩ ᠮᠠᠯ ᠠᠵᠤ ᠠᠬᠤᠶ ᠎ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ᠂ ᠮᠠᠯᠵᠢᠬᠤ ᠣᠷᠣᠨ ᠤ ᠣᠷᠣᠰᠢᠨ ᠰᠠᠭᠤᠬᠤ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ᠂ ᠮᠠᠯᠴᠢᠳ ᠤᠨ ᠪᠠᠶᠠᠨ ᠴᠢᠨᠡᠭᠡᠯᠢᠭ ᠪᠣᠯᠬᠤ ᠶᠢ ᠠᠬᠢᠭᠤᠯᠤᠨ᠎ᠠ᠃ ᠣᠳᠣ ᠦᠶ᠎ᠡ ᠎ ᠶᠢᠨ ᠲᠠᠷᠢᠶᠠᠯᠠᠩ ᠮᠠᠯ ᠠᠵᠤ ᠠᠬᠤᠶ ᠶᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠡᠳ᠋ᠰᠢᠭᠦᠯᠬᠦ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠲᠣᠭᠤᠷᠢᠨ ᠳᠤ᠂ ᠲᠦᠷᠦᠯ ᠲᠡᠮᠳᠡᠭᠵᠢᠭᠦᠯᠬᠦ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠤᠢᠭᠡᠢ ᠲᠡᠭᠡᠭᠰᠢᠯᠡᠭᠦᠯᠦᠨ᠎ᠡ᠃ ᠮᠢᠬᠠᠨ ᠤ ᠦᠬᠡᠷ ᠬᠤᠨᠢᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 6 . 3 ᠲᠦᠮᠡᠨ ᠲᠣᠯᠣᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠤ᠂ 600 ᠲᠣᠯᠣᠭᠠᠢ ᠲᠠᠯ᠎ᠠ ᠨᠤᠲᠤᠭ ᠤᠨ ᠡᠾᠧ ᠨᠢᠣ ᠦᠬᠡᠷ ᠢ ᠣᠷᠣᠭᠤᠯᠤᠨ᠂ 2 ᠰᠦᠷᠦᠭ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠦᠯᠦᠭᠰᠡᠨ ᠪᠣᠷᠳᠣᠨ ᠲᠠᠷᠭᠤᠯᠠᠭᠤᠯᠬᠤ ᠲᠠᠯᠠᠪᠠᠢ 4᠎ ᠶᠢ ᠪᠠᠶᠢᠭᠤᠯᠵᠤ᠂ 1 ᠲᠦᠮᠡ ᠭᠠᠷᠤᠢ ᠲᠣᠯᠣᠭᠠᠢ ᠮᠢᠬᠠᠨ ᠤ ᠦᠬᠡᠷ ᠢ ᠣᠷᠢᠳᠴᠢᠯᠠᠨ ᠪᠣᠷᠳᠣᠨ ᠲᠠᠷᠭᠤᠯᠠᠭᠤᠯᠤᠨ᠎ᠠ︔ ᠦᠵᠦᠮᠦᠴᠢᠨ ᠵᠡᠷᠭᠡ ᠰᠢᠯᠢᠳᠡᠭ ᠮᠢᠬᠠᠨ ᠤ ᠬᠤᠨᠢ ᠶᠢ ᠰᠣᠩᠭᠤᠨ ᠪᠣᠶᠢᠵᠢᠭᠤᠯᠵᠤ ᠦᠷᠡᠵᠢᠭᠦᠯᠬᠦ ᠪᠠ ᠡᠭᠦᠯᠳᠡᠷ ᠰᠠᠶᠢᠵᠢᠷᠠᠭᠤᠯᠬᠤ ᠶᠢ ᠠᠬᠢᠭᠤᠯᠵᠤ᠂ ᠮᠢᠬᠠᠨ ᠤ ᠬᠤᠨᠢᠨ ᠤ ᠠᠵᠤ ᠠᠬᠤᠢ ᠶᠢᠨ ᠡᠷᠯᠢᠰᠵᠢᠭᠦᠯᠦᠯᠲᠡ ᠶᠢ ᠵᠣᠬᠢᠰᠲᠠᠢ ᠥᠷᠨᠢᠭᠦᠯᠦᠨ᠂ ᠵᠢᠯ ᠤᠨ ᠲᠤᠲᠤᠷ᠎ᠠ 30 ᠲᠦᠮᠡᠨ ᠲᠣᠯᠣᠭᠠᠢ ᠮᠢᠬᠠᠨ ᠤ ᠬᠤᠨᠢ ᠳᠤ ᠠᠵᠣ ᠠᠬᠤᠢ ᠶᠢᠨ ᠡᠷᠯᠢᠰᠵᠢᠭᠦᠯᠦᠯᠲᠡ ᠬᠢᠨ᠎ᠡ︔ ᠡᠪᠦᠯ ᠎ ᠤᠨ ᠲᠥᠯ᠂ ᠬᠠᠪᠤᠷ  ᠤᠨ ᠡᠷᠲᠡ ᠶᠢᠨ ᠲᠥᠯ ᠳᠤ ᠪᠣᠷᠳᠤᠭ᠎ᠠ ᠨᠥᠬᠦᠪᠦᠷᠢᠯᠡᠨ ᠲᠠᠷᠭᠤᠯᠠᠭᠤᠯᠵᠣ ᠪᠣᠷᠣᠯᠠᠭᠤᠯᠬᠤ ᠶᠢ ᠵᠣᠷᠢᠭᠵᠢᠭᠤᠯᠤᠨ ᠵᠢᠯᠣᠭᠤᠳᠴᠤ᠂ ᠵᠢᠯ ᠳᠤ 15 ᠲᠦᠮᠡᠨ ᠲᠣᠯᠣᠭᠠᠢ ᠶᠢ ᠪᠣᠷᠳᠣᠨ ᠲᠠᠷᠭᠤᠯᠠᠭᠤᠯᠵᠤ ᠵᠠᠷᠣᠴᠠᠭᠤᠯᠣᠨ ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠡᠳ᠋ᠰᠢᠭᠦᠯᠬᠦ ᠠᠵᠤ ᠠᠬᠤᠶᠢᠯᠠᠯ ᠤᠨ ᠬᠤᠨᠢᠨ ᠤ ᠢᠷᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ︔ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠮᠢᠬᠠᠨ ᠎ ᠤ ᠬᠤᠨᠢᠨ ᠤ ᠠᠵᠤ ᠦᠶᠯᠡᠰ ᠤᠨ ᠪᠥᠭᠡᠮᠨᠡᠷᠡᠯ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠴᠢᠨᠠᠷ ᠰᠠᠶᠢᠲᠠᠶ ᠮᠢᠬᠠᠨ ᠤ ᠬᠤᠨᠢᠨ ᠤ ᠠᠵᠤ ᠦᠶᠯᠡᠰ ᠤᠨ ᠪᠥᠭᠡᠮᠨᠡᠷᠡᠯ ᠢ ᠬᠦᠴᠦᠯᠡᠨ ᠪᠣᠶ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠦ ᠎ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠴᠢᠨᠠᠷᠯᠢᠭ ᠰᠦ ᠎ ᠶᠢᠨ ᠦᠶᠯᠡᠳᠪᠦᠷᠢᠯᠡᠯ ᠤᠨ ᠱᠤᠭᠤᠮ ᠢᠶᠠᠨ ᠥᠷᠭᠡᠳᠬᠡᠬᠦ ᠶᠢ ᠳᠡᠮᠵᠢᠵᠦ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠠᠳᠤᠭᠤᠨ ᠤ ᠠᠵᠤ ᠦᠢᠯᠡᠰ ᠤᠨ ᠦᠢᠯᠡᠴᠢᠯᠡᠭᠡᠨ ᠤ ᠲᠥᠪ ᠤᠨ ᠦᠢᠯᠡᠳᠦᠯ ᠢ ᠪᠠᠳᠠᠷᠠᠭᠤᠯᠵᠤ᠂ ᠮᠣᠩᠭᠤᠯ ᠮᠤᠷᠢ ᠶᠢ ᠬᠠᠮᠠᠭᠠᠯᠠᠬᠤ᠂ ᠠᠳᠤᠭᠤᠨ ᠤ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠠᠳᠤᠭᠤᠨ ᠤ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠢ ᠶᠡᠬᠡᠪᠡᠷ ᠠᠬᠢᠭᠤᠯᠵᠤ᠂ ᠵᠦᠩ ᠶᠦᠨ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠶᠢ ᠲᠦᠷᠭᠡᠳᠬᠡᠨ ᠬᠥᠭᠵᠢᠭᠦᠯᠵᠦ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠲᠦᠷᠭᠡᠨ ᠬᠦᠷᠭᠡᠨ᠎ᠡ᠃ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ 2.45 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠦᠨ᠎ᠡ᠃ ︽ᠢᠳᠡᠰᠢᠨ ᠨᠣᠭᠤᠭᠠᠨ︾᠎ ᠤ ᠠᠵᠢᠯ ᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠡᠳᠬᠡᠮᠵᠢᠲᠦ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ︽ᠢᠳᠡᠰᠢᠨ ᠨᠣᠭᠤᠭ᠎ᠠ ᠦᠨᠡᠲᠡᠶ ᠪᠠᠶᠢᠬᠤ︾ ᠠᠰᠠᠭᠤᠳᠠᠯ ᠢ ᠴᠢᠷᠮᠠᠶᠢᠨ ᠰᠢᠶᠳᠪᠦᠷᠢᠯᠡᠨ᠎ᠡ᠃ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠤᠨ᠎ᠠ᠃ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠣᠷᠣᠯᠭ᠎ᠠ ᠶᠢᠨ ᠲᠦᠪᠰᠢᠨ ᠤ ᠬᠤᠪᠢᠷᠠᠯᠲᠠ ᠪᠠ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠎ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠡᠮᠵᠢᠵᠦ᠂ ᠦᠨᠳᠦᠰᠦᠨ ᠵᠦᠶᠯ ᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠢᠨ᠎ᠡ ᠶᠠᠳᠠᠭᠤ ᠬᠦᠴᠢᠷᠳᠡᠯᠲᠡᠶ ᠬᠥᠮᠦᠨ ᠠᠮᠠ ᠢᠯᠡᠷᠡᠬᠦ ᠶᠢ ᠰᠡᠷᠭᠡᠶᠢᠯᠡᠨ᠎ᠡ᠃ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ᠂ ᠪᠣᠬᠢᠷ ᠤᠰᠤ ᠶᠢ ᠵᠠᠰᠠᠬᠤ ᠪᠠ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠬᠠᠶᠠᠭᠳᠠᠮᠠᠯ ᠡᠳ᠋ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠮᠠᠯᠵᠢᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠣᠷᠣᠨ ᠰᠠᠭᠤᠴᠠ ᠶᠢᠨ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ᠃ ᠴᠠᠬᠢᠯᠭᠠᠨ ᠲᠣᠣᠷ᠂ ᠮᠡᠳᠡᠭᠡ ᠬᠤᠯᠪᠣᠭ᠎ᠠ᠂ ᠤᠤᠭᠤᠬᠤ ᠤᠰᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 206 ᠺᠢᠯᠣᠮᠧᠲᠷ ᠰᠢᠨ᠎ᠡ ᠪᠠᠷ ᠳᠡᠪᠢᠰᠴᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠤᠯᠠᠨ ᠠᠷᠭ᠎ᠠ ᠵᠠᠮ ᠢᠶᠠᠷ ᠲᠡᠭᠡᠭᠰᠢᠯᠡᠭᠦᠯᠦᠨ᠎ᠡ᠃︵ᠲᠠᠪᠤ︶ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠦᠴᠦᠯᠡᠨ ᠰᠢᠯᠢᠳᠡᠭᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠠᠯᠲᠠ ᠶᠢᠨ ᠠᠭᠤᠯᠬᠤᠨ ᠢ ᠪᠠᠷᠢᠮᠲᠠᠯᠠᠵᠤ᠂ ᠬᠤᠲᠠ ᠶᠢᠨ ᠴᠢᠳᠠᠪᠬᠢ ᠶᠢ ᠲᠡᠭᠦᠯᠳᠡᠷᠵᠢᠭᠦᠯᠦᠨ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠠᠶᠢᠮᠠᠭ ᠤᠨ ᠲᠥᠪ ᠬᠤᠲᠠ ᠶᠢᠨ ᠲᠡᠷᠢᠭᠦᠨ ᠪᠠᠶᠢᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠶᠢ ᠨᠠᠩ ᠴᠢᠨᠠᠷ ᠴᠢᠨᠰᠠᠭ᠎ᠠ ᠲᠠᠢ᠂ ᠲᠠᠲᠠᠬᠤ ᠬᠦᠴᠦᠨ ᠲᠠᠢ ᠪᠣᠯᠭᠠᠨ᠎ᠠ᠃ ᠰᠢᠨ᠎ᠡ ᠬᠡᠯᠪᠡᠷᠢ ᠎ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠯᠦᠪᠵᠢᠭᠦᠯᠭᠡ ᠶᠢᠨ ᠵᠢᠯᠣᠭᠤᠳᠣᠯᠭ᠎ᠠ ᠶᠢ ᠲᠣᠪᠣᠶᠢᠯᠠᠭᠠᠨ᠂ ᠬᠤᠲᠠ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠶᠢ ᠪᠡᠶᠡᠯᠡᠭᠦᠯᠦᠨ᠎ᠡ᠃ ᠬᠤᠲᠠ ᠶᠢᠨ ᠵᠠᠮ ᠲᠣᠣᠷ ᠤᠨ ᠪᠦᠲᠦᠴᠡ ᠶᠢ ᠲᠡᠭᠦᠯᠳᠡᠷᠵᠢᠭᠦᠯᠵᠦ᠂ ᠵᠠᠮ ᠪᠠ ᠬᠥᠭᠦᠷᠭᠡ ᠶᠢ ᠥᠷᠭᠡᠳᠬᠡᠨ ᠥᠭᠡᠷᠡᠴᠢᠯᠡᠬᠦ᠂ ᠲᠠᠰᠣᠷᠬᠠᠢ ᠵᠠᠮ ᠢ ᠨᠡᠪᠲᠡᠷᠡᠭᠦᠯᠬᠦ᠂ ᠵᠠᠮ ᠤᠨ ᠭᠠᠳᠠᠷᠭᠤ ᠶᠢ ᠵᠠᠰᠠᠵᠣ ᠰᠢᠨᠡᠳᠬᠡᠬᠦ᠂ ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠵᠦ᠂ ᠣᠶᠤᠨᠴᠢ ᠲᠡᠷᠭᠡᠨ ᠵᠣᠭᠰᠣᠭᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠵᠠᠷ ᠳᠡᠭᠡᠷᠡᠬᠢ ᠪᠠ ᠭᠠᠵᠠᠷ ᠳᠣᠤᠷᠠᠬᠢ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠤᠰᠤ ᠬᠠᠩᠭᠠᠬᠤ᠂ ᠢᠯᠴᠢ ᠬᠠᠩᠭᠠᠬᠤ᠂ ᠰᠢᠲᠠᠮᠠᠬᠠᠶ ᠬᠡᠶ ᠵᠡᠷᠭᠡ ᠪᠡᠯᠡᠳᠬᠡᠮᠵᠢ ᠪᠠ ᠬᠤᠭᠤᠯᠠᠶ ᠲᠣᠤᠷ ᠢ ᠰᠡᠯᠪᠢᠨ ᠵᠠᠰᠠᠵᠤ ᠬᠠᠮᠠᠭᠠᠯᠠᠬᠤ ᠶᠢ ᠴᠢᠩᠭᠠᠳᠬᠠᠵᠤ᠂ ᠭᠠᠭᠴᠠᠮᠤᠲᠤ ᠶᠢᠨ ᠤᠰᠤᠨ ᠰᠤᠷᠪᠤᠯᠵᠢ ᠎ ᠶᠢᠨ ᠭᠠᠵᠠᠷ ᠲᠤ ᠤᠰᠤᠨ ᠰᠤᠷᠪᠤᠯᠵᠢ ᠶᠢᠨ ᠬᠤᠳᠳᠤᠭ ᠰᠢᠨ᠎ᠡ ᠪᠠᠷ ᠮᠠᠯᠲᠠᠬᠤ᠂ ᠲᠦᠭᠡᠭᠡᠯ ᠤᠰᠤᠨ ᠤ ᠪᠠᠷᠢᠮᠵᠢᠶ᠎ᠠ ᠎ ᠶᠢ ᠳᠡᠭᠡᠭᠰᠢᠯᠡᠭᠦᠯᠦᠨ ᠶᠠᠰᠤ ᠴᠢᠨᠠᠷ ᠢ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠲᠦᠷᠭᠡᠳᠬᠡᠨ᠂ ᠪᠠᠶᠠᠨᠪᠤᠯᠠᠭ ᠬᠤᠶᠠᠳᠤᠭᠠᠷ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠶᠢᠨ ᠰᠢᠨᠵᠢᠯᠡᠯᠲᠡ ᠶᠢᠨ ᠨᠤᠲᠠᠯᠠᠯᠲᠠ᠂ ᠭᠠᠷ ᠭᠦᠢᠴᠡᠳᠬᠡᠯ ᠢ ᠲᠡᠭᠦᠯᠳᠡᠷᠵᠢᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠡᠷᠲᠡᠬᠡᠨ ᠠᠵᠢᠯ ᠡᠬᠢᠯᠡᠬᠦᠯᠵᠦ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠵᠠᠪᠰᠠᠷ ᠤᠨ ᠤᠰᠤ ᠶᠢ ᠰᠢᠢᠳᠪᠦᠷᠢᠯᠡᠬᠦ ᠦᠶᠯᠡᠳᠪᠦᠷᠢ ᠶᠢᠨ ᠥᠷᠭᠡᠳᠬᠡᠨ ᠪᠠᠶᠢᠭᠤᠯᠬᠤ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠵᠠᠪᠰᠠᠷ ᠤᠨ ᠤᠰᠤᠨ ᠤ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠮᠢ ᠠᠬᠤᠶ ᠪᠣᠯᠤᠨ ᠠᠷᠠᠳ ᠲᠤ ᠳᠥᠭᠦᠮ ᠦᠵᠡᠭᠦᠯᠬᠦ ᠴᠢᠳᠠᠮᠵᠢ ᠶᠢ ᠲᠣᠪᠣᠶᠢᠯᠭᠠᠨ᠂ ᠨᠣᠭᠤᠭᠠᠷᠠᠭᠤᠯᠵᠤ ᠨᠥᠬᠦᠵᠦ ᠲᠠᠷᠢᠬᠤ᠂ ᠬᠤᠭᠤᠰᠣᠨ ᠰᠤᠯᠠ ᠭᠠᠵᠠᠷ ᠢ ᠨᠣᠭᠤᠭᠠᠷᠠᠭᠤᠯᠬᠤ᠂ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠤᠷᠭᠤᠮᠠᠯ ᠤᠨ ᠬᠦᠷᠢᠶᠡᠯᠡᠩ ᠪᠣᠯᠤᠨ ᠲᠠᠯ᠎ᠠ ᠨᠤᠲᠤᠭ ᠤᠨ ᠴᠡᠴᠡᠷᠯᠢᠭ ᠢ ᠳᠡᠰ ᠳᠡᠪᠰᠢᠭᠦᠯᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠪᠠᠷ ᠬᠡᠷᠡᠭᠵᠢᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠢ ᠶᠢᠨ ᠦᠶᠯᠡᠴᠢᠯᠡᠭᠡᠨ ᠤ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ ᠂ 23 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠪᠠᠷ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠠᠵᠢᠯ ᠢ ᠢᠳᠡᠪᠬᠢᠲᠡᠶ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠵᠤ᠂ ᠵᠣᠷᠯᠣᠩ ᠤᠨ ᠥᠭᠡᠷᠡᠴᠢᠯᠡᠯᠲᠡ ᠶᠢᠨ ᠢᠨᠵᠧᠨᠧᠷᠢᠩ ᠪᠠ ᠠᠪᠴᠢᠮᠠᠯ ᠬᠡᠯᠪᠡᠷᠢ ᠶᠢᠨ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠨ ᠴᠠᠬᠢᠯᠭᠠᠨ ᠭᠠᠷᠭᠠᠬᠤ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠶᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠬᠤᠷᠢᠶᠠᠵᠣ ᠰᠢᠢᠳᠪᠦᠷᠢᠯᠡᠬᠦ ᠲᠠᠯᠠᠪᠠᠶ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠬᠤ᠂ ᠵᠠᠮ ᠡᠵᠡᠯᠡᠨ ᠡᠵᠡᠩᠨᠡᠬᠦ᠂ ᠪᠣᠯᠪᠠᠰᠤᠨ ᠪᠤᠰᠤ ᠪᠠᠷ ᠨᠣᠬᠠᠶ ᠲᠡᠵᠢᠭᠡᠬᠦ ᠵᠡᠷᠭᠡ ᠠᠰᠠᠭᠤᠳᠠᠯ ᠢ ᠲᠦᠪᠯᠡᠷᠡᠭᠦᠯᠦᠨ ᠵᠠᠰᠠᠵᠣ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠳᠤᠮᠳᠠ ᠵᠢᠵᠢᠭ ᠠᠵᠤ ᠠᠬᠤᠶᠢᠯᠠᠯ ᠲᠥᠪᠯᠡᠷᠡᠭᠰᠡᠨ ᠲᠣᠭᠤᠷᠢᠭ᠂ ᠵᠢᠵᠢᠭ ᠵᠡᠭᠡᠯᠢ ᠭᠤᠳᠤᠮᠵᠢ᠂ ᠲᠠᠷᠢᠶᠠᠯᠠᠩ ᠤᠨ ᠪᠦᠳᠦᠬᠡᠭᠳᠡᠭᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾᠎ ᠢ ᠰᠢᠯᠢᠳᠡᠭᠵᠢᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠯᠪᠠᠰᠤᠨ ᠢᠶᠠᠷ ᠶᠠᠪᠤᠵᠤ ᠰᠠᠭᠤᠬᠤ᠂ ᠢᠳᠡᠭᠡᠨ ᠤᠮᠳᠠᠭᠠᠨ ᠢ ᠠᠷᠪᠢᠯᠠᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠤᠨ ᠬᠡᠷᠡᠭᠵᠢᠭᠦᠯᠦᠯᠲᠡ ᠪᠠ ᠡᠬᠢ ᠡᠭᠦᠰᠦᠯ ᠠᠴᠠ ᠨᠢ ᠤᠰᠤ ᠭᠠᠳᠠᠭᠰᠢᠯᠠᠭᠤᠯᠬᠤ ᠡᠷᠦᠬᠡ ᠎ ᠶᠢ ᠬᠠᠮᠢᠶᠠᠷᠤᠨ ᠡᠵᠡᠮᠳᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ︔  ᠤᠰᠤ ᠠᠷᠪᠢᠯᠠᠬᠤ ᠤᠬᠠᠭᠤᠯᠭ᠎ᠠ ᠪᠣᠯᠤᠨ ᠳᠡᠯᠭᠡᠷᠡᠭᠦᠯᠦᠨ ᠬᠡᠷᠡᠭᠯᠡᠬᠦ ᠶᠢ ᠶᠡᠬᠡᠪᠡᠷ ᠦᠷᠨᠢᠬᠦᠯᠵᠦ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠲᠦᠷᠬᠡᠨ ᠪᠦᠲᠦᠭᠡᠨ ᠪᠠᠶᠢᠭᠤᠯᠤᠨ᠎ᠠ᠃ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠨ᠂ ᠰᠢᠯᠢ ᠶᠢᠨ ᠬᠤᠲᠠ ᠎ ᠠᠴᠠ ᠲᠣᠯᠣᠨ ᠨᠠᠭᠤᠷ  ᠤᠨ ᠹᠧᠩ ᠨᠢᠩ ᠬᠦᠷᠬᠦ ᠪᠠᠷᠠᠭ᠎ᠠ ᠲᠡᠭᠡᠭᠡᠪᠦᠷᠢᠯᠡᠬᠦ ᠲᠡᠮᠦᠷ ᠵᠠᠮ ᠢ ᠵᠣᠬᠢᠴᠠᠭᠤᠯᠤᠨ ᠠᠬᠢᠭᠤᠯᠵᠤ᠂ ᠪᠡᠭᠡᠵᠢᠩ ᠳᠤ ᠲᠦᠷᠭᠡᠨ ᠣᠷᠣᠬᠤ ᠶᠢ ᠪᠡᠶᠡᠯᠡᠭᠦᠯᠦᠨ᠎ᠡ︔ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠤᠨ ᠠᠰᠠᠷ ᠢ ᠰᠢᠨᠡᠳᠬᠡᠨ ᠵᠠᠰᠠᠬᠤ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠧᠩ ᠭᠤᠸᠠᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ 10 kv ᠵᠠᠮ ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠳᠤᠭᠤᠨ ᠰᠤᠶᠤᠯ ᠤᠨ ᠲᠦᠪ ᠤᠨ 110 ᠺᠢᠯᠤᠸᠤᠯᠲ ᠤᠨ ᠬᠦᠴᠦᠲᠡᠯ ᠦᠭᠡᠷᠡᠴᠢᠯᠡᠬᠦ ᠦᠷᠳᠡᠭᠡ᠂ ᠴᠤᠬᠬᠭᠤᠯᠠ ᠶᠢᠨ 35 ᠺᠢᠯᠤᠸᠤᠯᠲ ᠤᠨ ᠬᠦᠴᠦᠲᠡᠯ ᠦᠭᠡᠷᠡᠴᠢᠯᠡᠬᠦ ᠦᠷᠳᠡᠭᠡ ᠶᠢ ᠵᠤᠬᠢᠴᠠᠭᠤᠯᠤᠨ ᠠᠬᠢᠭᠤᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠶᠡᠷ ᠣᠰᠠᠳᠣᠯ ᠢ ᠰᠡᠷᠭᠡᠶᠢᠯᠡᠬᠦ ᠪᠠᠶᠢᠭᠤᠯᠤᠯᠲᠠ ᠶᠢ ᠴᠢᠩᠭᠠᠳᠬᠠᠨ᠂ ᠰᠠᠭᠠᠯᠢ ᠶᠢᠨ ᠦᠨᠢᠶᠡᠨ ᠤ ᠲᠠᠯᠠᠪᠠᠶ᠂ ᠴᠣᠭᠯᠠᠭᠠᠨ ᠬᠡᠷᠡᠭ ᠡᠷᠬᠢᠯᠡᠬᠦ ᠭᠠᠵᠠᠷ᠂ ᠡᠮᠦᠨᠡᠲᠦ ᠲᠡᠭᠦᠷᠭᠡ᠂ ᠱᠧᠨ ᠬᠤᠸᠠ ᠶᠢᠨ ᠤᠰᠤ ᠭᠠᠳᠠᠭᠰᠢᠯᠠᠭᠤᠯᠬᠤ ᠠᠮᠠᠰᠠᠷ ᠵᠡᠷᠭᠡ ᠦᠶᠡᠷ ᠢ ᠰᠡᠷᠭᠡᠶᠢᠯᠡᠬᠦ ᠢᠨᠵᠧᠨᠧᠷᠢᠩ ᠢ ᠠᠯᠬᠤᠮ ᠬᠤᠪᠢᠶᠠᠨ ᠬᠡᠷᠡᠭᠵᠢᠭᠦᠯᠦᠨ᠎ᠡ᠃ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ ᠰᠢᠯᠢᠳᠡᠭᠵᠢᠭᠦᠯᠦᠨ ᠥᠭᠡᠷᠡᠴᠢᠯᠡᠵᠦ᠂ 5 G ᠰᠠᠭᠤᠷᠢ ᠥᠷᠲᠡᠭᠡ ᠶᠢ ᠰᠢᠰᠲ᠋ᠧᠮ ᠲᠠᠢ ᠪᠠᠶᠢᠷᠢᠰᠢᠭᠤᠯᠤᠨ᠋ ᠎ᠠ᠃ ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠠᠮᠢᠵᠢᠷᠠᠯ ᠤᠨ ᠬᠦᠴᠦᠨ  ᠤ ᠬᠥᠳᠡᠯᠭᠡᠬᠦ ᠡᠨᠧᠷᠭᠢ ᠶᠢ ᠥᠷᠭᠡᠨ ᠢᠶᠠᠷ ᠬᠥᠭᠵᠢᠭᠡᠨ᠎ᠡ᠃ ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠥᠨᠳᠥᠷ ᠲᠦᠪᠰᠢᠨ ᠪᠥᠬᠦᠶ ᠨᠡᠭᠡᠭᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠣᠷᠢ  ᠶᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠨ᠎ᠠ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠵᠡᠷᠭᠡ ᠦᠶᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠤᠴᠢᠷ ᠢ ᠨᠢᠭᠡ ᠤᠳᠠᠭ᠎ᠠ ᠳᠤ ᠭᠦᠶᠴᠡᠳᠬᠡᠬᠦ︾᠎ ᠶᠢ ᠰᠦᠪᠡᠭᠴᠢᠯᠡᠨ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠯᠦ ᠮᠡᠳᠡᠳᠡᠭ ᠥᠪᠡᠷ ᠤᠨ ᠦᠷᠳᠡᠭ ᠪᠠ ᠲᠠᠯᠳᠠ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠬᠠᠤᠯᠢ ᠶᠣᠰᠣᠭᠠᠷ ᠬᠢᠨᠠᠨ ᠵᠥᠪᠰᠢᠶᠡᠷᠡᠬᠦ᠂ ᠬᠠᠤᠯᠢ ᠶᠣᠰᠣᠭᠠᠷ ᠠᠵᠢᠯᠯᠠᠬᠤ ᠬᠠᠣᠯᠢᠵᠢᠯ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠤᠨ᠂ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠮᠳᠣᠷᠠᠭᠰᠠᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠣᠭᠳᠠᠭᠤᠯᠵᠣ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠲᠠᠪᠬᠤᠷᠲᠠᠨ ᠬᠠᠤᠯᠢ ᠬᠡᠷᠡᠭᠵᠢᠭᠦᠯᠬᠦ᠂ ︽ᠨᠢᠭᠡ ᠯᠡ ᠠᠳᠠᠯᠢ ᠪᠠᠷ ᠱᠠᠭᠠᠷᠳᠠᠬᠤ︾ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠦᠯᠦᠭᠡᠯᠡᠬᠦ ᠠᠴᠠ ᠵᠠᠶᠢᠯᠠᠰᠬᠢᠨ᠎ᠡ᠃ ᠢᠲᠡᠭᠡᠮᠵᠢ ᠲᠠᠢ ᠪᠠᠶᠢᠪᠠᠯ ᠬᠠᠮᠲᠤᠷᠠᠨ ᠤᠷᠮᠠᠰᠢᠭᠤᠯᠬᠤ᠂ ᠢᠲᠡᠭᠡᠮᠵᠢ ᠠᠯᠳᠠᠪᠠᠯ ᠬᠠᠮᠲᠤᠷᠠᠨ ᠵᠠᠯᠬᠠᠭᠠᠬᠤ ᠲᠣᠭᠲᠠᠴᠠ ᠎ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠴᠢᠬᠤᠯᠠᠴᠢᠯᠠᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠬᠤ ᠶᠢ ᠡᠷᠡᠰ ᠬᠤᠷᠢᠭᠯᠠᠨ᠎ᠠ᠃ ︽12345︾ ᠠᠵᠤ ᠠᠬᠤᠶᠢᠯᠠᠯ ᠪᠠ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠵᠦ᠂ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠨ᠎ᠡ᠃ᠨᠠᠩ ᠥᠨᠳᠥᠷ ᠲᠦᠪᠰᠢᠨ ᠪᠥᠬᠦᠶ ᠨᠡᠭᠡᠭᠡᠯᠲᠡ ᠶᠢ ᠠᠬᠢᠭᠤᠯᠤᠨ᠎ᠠ᠃  ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ᠂ ᠬᠥᠬᠡ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠭᠤᠣᠯᠯᠠᠬᠤ ᠠᠵᠤ ᠦᠢᠯᠡᠰ᠂ ᠣᠨᠴᠠᠯᠢᠭᠲᠤ ᠠᠵᠤ ᠦᠢᠯᠡᠰ ᠪᠠ ᠤᠷᠲᠤᠳᠬᠠᠨ ᠢᠵᠢ ᠪᠦᠷᠢᠳᠦᠭᠦᠯᠬᠦ ᠲᠣᠭᠤᠷᠢᠨ ᠳᠤ ᠬᠠᠷᠠᠯᠳᠠᠳᠣ ᠠᠵᠤ ᠠᠬᠤᠶᠢᠯᠠᠯ ᠬᠢᠭᠡᠳ ᠲᠤᠰ ᠭᠠᠵᠠᠷ ᠣᠷᠣᠨ ᠯᠤᠭ᠎ᠠ ᠶᠢᠨ ᠲᠣᠬᠢᠷᠠᠯᠴᠠᠬᠤ ᠴᠡᠭ ᠢᠶᠠᠨ ᠣᠨᠣᠪᠴᠢᠲᠠᠢ ᠡᠷᠢᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠣᠨᠣᠪᠴᠢ ᠶᠢᠨ ᠬᠡᠮᠵᠢᠶ᠎ᠡ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠣᠨᠴᠠᠯᠢᠭ ᠲᠤ ᠲᠣᠬᠢᠷᠠᠭᠰᠠᠨ ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠬᠦᠴᠦᠯᠡᠨ ᠣᠷᠣᠭᠤᠯᠤᠨ ᠠᠪᠴᠢᠷᠠᠨ᠎ᠠ᠃ ᠭᠠᠵᠠᠷ ᠤᠨ ᠲᠠᠰ ᠎ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠬᠠᠮᠲᠤᠷᠠᠨ ᠬᠢᠨᠠᠨ ᠵᠥᠪᠰᠢᠶᠡᠷᠡᠵᠦ ᠬᠠᠮᠲᠤᠷᠠᠨ ᠵᠣᠬᠢᠴᠠᠭᠤᠯᠬᠤ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠲᠥᠷᠥᠯ ᠵᠦᠶᠯ ᠤᠨ ᠭᠡᠷ᠎ᠡ ᠭᠦᠶᠴᠡᠳᠬᠡᠬᠦ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠪᠠ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠨᠧᠷᠭᠢ ᠶᠢᠨ ᠡᠬᠢ ᠪᠠᠶᠠᠯᠢᠭ ᠢ ᠤᠯᠠᠷᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠰᠢᠰᠲ᠋ᠧᠮ ᠲᠠᠢ ᠰᠤᠳᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠮᠡᠷᠭᠡᠵᠢᠯ ᠤᠨ ᠬᠦᠴᠢᠷᠳᠡᠯ ᠢ ᠴᠢᠷᠮᠠᠶᠢᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠡᠭᠦᠷᠭᠡᠯᠡᠬᠦ ᠶᠢ ᠲᠡᠮᠵᠢᠨ᠎ᠠ᠃ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠭᠦᠶᠴᠡᠳ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠡᠯ᠎ᠡ ᠲᠥᠷᠥᠯ ᠎ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠨ᠎ᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠬᠤᠲᠠ ᠎ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠰᠢᠯᠭᠠᠷᠠᠭᠤᠯᠬᠤ ᠠᠵᠢᠯ ᠢ ᠪᠡᠶᠡᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠲᠥᠷᠥᠯ ᠵᠦᠢᠯ ᠪᠣᠯᠤᠨ ᠪᠡᠯᠡ ᠮᠥᠩᠭᠦ ᠶᠢ ᠬᠦᠷᠢᠶᠡᠯᠡᠩ ᠲᠣᠭᠤᠷᠢᠭ ᠲᠡᠰᠢ ᠬᠡᠯᠪᠡᠶᠢᠯᠭᠡᠵᠦ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠦᠨ᠎ᠡ᠃ ︵ᠲᠤᠯᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠢ ᠦᠨᠡᠨ ᠬᠦ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠎ ᠪᠠᠨ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠬᠤ ᠪᠠᠷ ᠴᠢᠷᠮᠠᠶᠢᠨ᠎ᠠ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯᠲᠤ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ᠂ ᠡᠩ ᠤᠨ ᠥᠨᠳᠥᠷ ᠵᠡᠷᠭᠡ ᠎ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠣᠳᠣ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠎ ᠤᠨ ᠦᠶᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠣᠯᠴᠠᠭᠰᠠ ᠬᠥᠭᠵᠢᠯᠲᠡ ᠶᠢ ᠠᠬᠢᠭᠤᠯᠤᠨ᠎ᠠ᠃ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠰᠣᠷᠣᠭᠴᠢ ᠶᠢᠨ ᠤᠷᠤᠨ ᠲᠤᠭ᠎ᠠ ᠲᠤᠲᠠᠭᠲᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠯᠢᠨ ᠪᠠᠭ᠎ᠠ ᠰᠤᠷᠭᠠᠭᠤᠯᠢ᠂ ᠰᠢᠯᠢᠨ ᠬᠡᠦᠬᠡᠳ ᠎ ᠤᠨ ᠴᠡᠴᠡᠷᠯᠢᠭ ᠵᠡᠷᠭᠡ 2 ᠰᠢᠨ᠎ᠡ ᠪᠠᠷ ᠠᠰᠢᠭᠯᠠᠯᠲᠠ ᠳᠤ ᠤᠷᠤᠭᠤᠯᠤᠭᠰᠠᠨ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠵᠤᠬᠢᠶᠠᠨ ᠪᠠᠶᠢᠭᠤᠯᠵᠤ᠂ ᠪᠠᠶᠠᠨᠴᠠᠭᠠᠨ ᠬᠡᠦᠬᠡᠳ ᠤᠨ ᠴᠡᠴᠡᠷᠯᠢᠭ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠪᠠ ᠱᠠᠲᠤᠯᠢᠭ ᠬᠢᠴᠢᠶᠡᠯ ᠤᠨ ᠭᠡᠷ ᠵᠡᠷᠭᠡ 2 ᠲᠥᠷᠥᠯ ᠵᠦᠢᠯ ᠢ ᠵᠢᠯ ᠤᠨ ᠲᠤᠲᠤᠷ᠎ᠠ ᠠᠰᠢᠭᠯᠠᠯᠲᠠ ᠳᠤ ᠤᠷᠤᠭᠤᠯᠬᠤ ᠎ ᠶᠢ ᠠᠬᠢᠭᠤᠯᠤᠨ᠂ ᠰᠣᠷᠣᠭᠴᠢ ᠶᠢᠨ ᠤᠷᠤᠨ ᠲᠤᠭ᠎ᠠ ᠶᠢ 1980 ᠰᠢᠨ᠎ᠡ ᠪᠠᠷ ᠨᠡᠮᠡᠭᠳᠡᠭᠦᠯᠦᠨ᠎ᠡ︔ ᠶᠡᠷᠦ ᠶᠢᠨ ᠪᠠ ᠣᠨᠴᠠᠭᠠᠢ ᠰᠣᠷᠭᠠᠨ ᠬᠥᠮᠦᠵᠢᠯ ᠠᠭᠤᠰᠤᠯᠴᠠᠭᠰᠠᠨ ᠬᠡᠦᠬᠡᠳ ᠤᠨ ᠴᠡᠴᠡᠷᠯᠢᠭ᠂ ᠠᠷᠪᠠᠨ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ 5 ᠲᠥᠷᠥᠯ ᠵᠦᠶᠯ ᠤᠨ ᠭᠤᠤᠯ ᠴᠣᠭᠴᠠ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠸᠧᠨ ᠱᠧᠩ ᠬᠤᠸᠠ ᠶᠣᠸᠠᠨ᠂ ᠰᠢᠩ ᠵᠢᠶᠠᠨ ᠰᠠᠭᠤᠭᠠᠯᠢ ᠲᠣᠭᠤᠷᠢᠭ  ᠤᠨ 2 ᠬᠡᠦᠬᠡᠳ ᠤᠨ ᠴᠡᠴᠡᠷᠯᠢᠭ ᠤᠨ ᠨᠠᠮᠣᠷ ᠤᠨ ᠰᠣᠷᠣᠯᠭ᠎ᠠ ᠶᠢᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ ᠪᠠᠳᠣᠯᠠᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ 2 .0 ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠶᠣᠰᠣ ᠰᠤᠷᠲᠠᠬᠤᠨ ᠢᠶᠠᠷ ᠬᠥᠮᠦᠨ ᠎ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠪᠠᠭᠰᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠶᠡᠭᠡ ᠪᠠᠷ ᠴᠡᠭᠴᠡᠯᠡᠨ ᠵᠠᠰᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠎ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠨ᠎ᠡ᠃ᠠᠵᠢᠯ ᠣᠯᠭᠤᠯᠲᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠲᠤᠰᠠᠯᠠᠮᠵᠢ ᠪᠤᠯᠤᠨ ᠬᠥᠮᠦᠨ ᠪᠠ ᠠᠵᠢᠯ ᠤᠨ ᠪᠠᠶᠢᠷᠢ ᠶᠢ ᠵᠣᠯᠭᠠᠭᠤᠯᠬᠤ ᠶᠢ ᠴᠢᠩᠭᠠᠳᠬᠠᠵᠤ᠂ ᠦᠢᠯᠡᠰ ᠴᠣᠭᠴᠠᠯᠠᠬᠤ ᠨᠥᠬᠦᠪᠥᠷᠢ ᠎ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢ ᠲᠡᠮᠵᠢᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠎ ᠤᠨ ᠠᠯᠪᠠᠨ ᠠᠴᠠ ᠪᠠᠭᠤᠭᠰᠠᠳ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠬᠤᠲᠠ ᠪᠠᠯᠭᠠᠰᠤᠨ ᠤ 2500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.3 %᠎ ᠶᠢᠨ ᠳᠣᠲᠣᠷ᠎ᠠ ᠬᠢᠵᠠᠭᠠᠷᠯᠠᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠎ ᠶᠢᠨ ᠪᠣᠯᠪᠠᠰᠤᠷᠠᠭᠤᠯᠤᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ 800 ᠨᠡᠷ᠎ᠡ ᠬᠥᠮᠦᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠤᠨ᠎ᠠ᠃ ᠳᠠᠭᠠᠳᠬᠠᠯ ᠢ ᠮᠡᠬᠡᠯᠡᠨ ᠠᠪᠬᠤ ᠶᠠᠪᠤᠳᠠᠯ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ︔ ᠡᠭᠦᠳᠡᠨ ᠡᠮᠨᠡᠯᠭᠡ ᠠᠴᠠ ᠤᠳᠠᠭᠠᠨ ᠴᠢᠨᠠᠷᠲᠠᠶ ᠡᠪᠡᠳᠴᠢᠨ ᠤ ᠡᠮ ᠬᠤᠳᠠᠯᠳᠤᠨ ᠠᠪᠬᠤ ᠳᠤ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠠᠵᠤ ᠠᠬᠤᠶᠢᠯᠠᠯ ᠨᠢ ᠨᠠᠰᠤᠵᠢᠯ ᠤᠨ ᠳᠠᠭᠠᠳᠬᠠᠯ ᠢ ᠦᠷᠢᠳᠡᠵᠦ ᠪᠠᠶᠢᠭ᠎ᠠ ᠦᠯᠡᠳᠡᠭᠳᠡᠯ ᠠᠰᠠᠭᠤᠳᠠᠯ ᠢ ᠣᠨ ᠬᠤᠪᠢᠶᠠᠨ ᠰᠢᠢᠳᠪᠦᠷᠢᠯᠡᠵᠦ᠂ ᠰᠢᠯᠢᠨ ᠢ ᠾᠧ ᠶᠤᠸᠠᠨ ᠨᠠᠰᠤᠵᠢᠯ ᠤᠨ ᠠᠰᠠᠷᠠᠮᠵᠢ ᠎ ᠶᠢᠨ ᠲᠥᠪ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ᠎ᠡ ᠲᠣᠭᠤᠷᠢᠭ ᠤᠨ ᠨᠠᠰᠤᠲᠠᠨ ᠢ ᠠᠰᠠᠷᠠᠬᠤ ᠶᠡᠷᠦᠩᠬᠡᠶᠢᠯᠡᠭᠰᠡᠨ ᠬᠦᠷᠢᠶᠡᠯᠡᠩ ᠵᠢᠴᠢ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠦᠨᠳᠦᠰᠦᠨ ᠨᠠᠰᠤᠵᠢᠯ ᠤᠨ ᠮᠥᠩᠭᠦ ᠪᠠ ᠠᠰᠠᠷᠠᠨ ᠬᠠᠷᠠᠭᠠᠯᠵᠠᠬᠤ ᠡᠲᠡᠭᠡᠳ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠥᠷᠢᠲᠦᠯ ᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ᠡᠷᠡᠭᠦᠯ ᠮᠡᠨᠳᠦ ᠰᠢᠯᠢ ᠶᠢᠨ ᠬᠤᠲᠠ ᠶᠢ ᠪᠦᠲᠦᠭᠡᠨ ᠪᠠᠶᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠲᠠᠷᠢᠯᠭ᠎ᠠ ᠲᠠᠷᠢᠬᠤ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠮᠦᠨ ᠳᠤ ᠬᠠᠯᠳᠠᠪᠣᠷᠢᠯᠠᠬᠤ ᠬᠤᠯᠣᠭᠠᠨ᠎ᠠ ᠶᠢᠨ ᠬᠢᠵᠢᠭ ᠲᠠᠬᠢᠨ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ ᠳᠡᠮᠵᠢᠨ᠎ᠡ᠃ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠬᠠᠩᠭᠠᠢ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠪᠠ ᠴᠣᠭᠯᠠᠭᠠᠨ ᠬᠡᠷᠡᠭ ᠡᠷᠬᠢᠯᠡᠬᠦ ᠭᠠᠵᠠᠷ ᠎ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠣᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠦᠮᠦᠵᠢᠬᠦᠯᠦᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠭᠤᠳᠠᠮ ᠲᠠᠯᠠᠪᠠᠢ ᠶᠢᠨ ᠣᠯᠠᠨ ᠲᠦᠮᠡᠨᠴᠢ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ︽ᠰᠢᠯᠢ ᠶᠢᠨ ᠭᠤᠣᠯ ᠎ ᠤᠨ ᠵᠤᠨ︾᠎ ᠤ ᠵᠤᠰᠠᠯᠠᠩ ᠤᠨ ᠰᠣᠶᠣᠯ ᠤᠨ ᠨᠠᠶᠢᠷ ᠢ ᠦᠷᠭᠦᠯᠵᠢᠯᠡᠨ ᠡᠷᠬᠢᠯᠡᠵᠦ᠂ ᠤᠯᠠᠭᠠᠨᠮᠥ᠋ᠴᠢᠷ ᠤᠨ ᠵᠠᠭᠤᠨ ᠲᠠᠯᠠᠪᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠭᠦᠨᠵᠡᠭᠡᠢ ᠥᠷᠨᠢᠭᠦᠯᠦᠨ᠂ ︽ᠮᠣᠩᠭᠤᠯ ᠮᠣᠷᠢ︾ ᠪᠥᠵᠢᠭᠲᠦ ᠵᠦᠴᠦᠭᠡ᠂ ︽ᠳᠤᠮᠳᠠᠳᠤ ᠶᠢᠨ ᠵᠡᠭᠦᠳᠦ︾ ᠳᠠᠭᠤᠤ ᠬᠥᠭᠵᠢᠮ ᠤᠨ ᠴᠤᠭᠯᠠᠭᠠᠨ ᠵᠡᠷᠭᠡ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠪᠠ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠪᠠᠶᠢᠰᠠ ᠎ ᠶᠢᠨ ᠰᠦᠮ᠎ᠡ ᠶᠢᠨ ᠰᠢᠨ᠎ᠡ ᠯᠠᠪᠷᠠᠩ ᠲᠤᠭᠠᠩ ᠤᠨ ᠬᠠᠭᠤᠴᠢᠨ ᠪᠠᠭᠤᠷᠢ ᠶᠢ ᠰᠡᠯᠪᠢᠨ ᠵᠠᠰᠠᠬᠤ ᠢᠨᠵᠧᠨᠧᠷᠢᠩ ᠢ ᠵᠣᠬᠢᠴᠠᠭᠤᠯᠤᠨ ᠠᠬᠢᠭᠤᠯᠤᠨ᠎ᠠ᠃ᠲᠥᠯᠥᠭᠡᠯᠡᠭᠴᠢᠳ ᠡ︕ ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠃ ᠣᠳᠣᠬᠠᠨ ᠳᠤ ᠬᠡᠳᠦᠶᠢᠪᠡᠷ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠭ᠎ᠠ ᠪᠣᠯᠪᠠᠴᠤ ᠵᠠᠰᠠᠭ ᠤᠨ ᠣᠷᠳᠣᠨ ᠬᠡᠵᠢᠶᠡᠲᠡ ᠬᠤᠪᠢᠷᠠᠰᠢ ᠦᠭᠡᠢ ᠪᠠᠷ ᠠᠷᠠᠳ ᠤᠨ ᠠᠮᠢᠳᠤᠷᠠᠯ ᠳᠤ ᠰᠡᠳᠬᠢᠯ ᠲᠠᠯᠪᠢᠵᠤ᠂ ᠠᠷᠠᠳ ᠤᠨ ᠠᠮᠢᠳᠤᠷᠠᠯ ᠢ ᠪᠠᠲᠤᠯᠠᠬᠤ ᠣᠷᠣᠭᠤᠯᠤᠯᠲᠠ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠶᠤᠮ᠂ ᠡᠨᠡ ᠵᠢᠯ ᠪᠢᠳᠡ ᠦᠷᠭᠦᠯᠵᠢᠯᠡᠨ ᠪᠡᠯᠡ ᠣᠷᠣᠭᠤᠯᠬᠤ ᠬᠦᠴᠦᠯᠡᠴᠡ ᠪᠠᠨ ᠶᠡᠬᠡᠳᠬᠡᠵᠦ᠂ ᠠᠯᠢ ᠤᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠳᠣᠷ ᠬᠢᠵᠦ᠂ ᠤᠶᠤᠨ ᠴᠢᠲᠠᠯ ᠢᠶᠠᠨ ᠰᠢᠪᠬᠠᠨ᠂ ᠪᠦᠬᠦ ᠬᠤᠲᠠ ᠶᠢᠨ ᠠᠷᠠᠳ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠵᠦ᠂ ᠨᠠᠩ ᠶᠡᠭᠡ ᠵᠣᠯ ᠵᠢᠷᠭᠠᠯ ᠢ ᠡᠳ᠋ᠯᠡᠭᠦᠯᠦᠨ᠎ᠡ︕︵ᠨᠠᠢᠮᠠ︶ ᠦᠨᠳᠦᠰᠦᠲᠡᠨ ᠤ ᠠᠵᠢᠯ ᠢ ᠬᠦᠴᠦᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠶᠡᠷᠦᠩᠬᠡᠢ ᠱᠦᠵᠢ ᠰᠢ ᠶᠢᠨ ᠫᠢᠩ ᠠᠴᠠ ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠣᠯ ᠡᠬᠡ ᠤᠯᠤᠰ ᠤᠨ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠤᠯᠤᠰ ᠤᠨ ᠥᠨᠢ ᠤᠳᠠᠭᠠᠨ ᠠᠮᠤᠷ ᠲᠣᠭᠲᠠᠭᠤᠨ ᠪᠠ ᠳᠤᠮᠳᠠᠳᠤ ᠶᠢᠨ ᠦᠨᠳᠦᠰᠦᠲᠡᠨ ᠤ ᠬᠥᠭᠵᠢᠯ ᠴᠡᠴᠡᠭᠯᠡᠯ ᠳᠤ ᠬᠤᠯᠪᠣᠭᠳᠠᠬᠤ ᠶᠡᠭᠡ ᠶᠠᠪᠤᠳᠠᠯ ᠮᠥᠨ ᠭᠡᠵᠦ ᠵᠢᠭᠠᠵᠤ ᠭᠠᠷᠭᠠᠪᠠ᠃ ᠪᠢᠲᠡ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠲᠠᠶᠢᠯᠪᠣᠷᠢᠯᠠᠯᠲᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠨᠠᠷᠢᠨ ᠬᠢᠨᠠᠮᠠᠭᠠᠶ ᠪᠠᠷᠢᠮᠵᠢᠶᠠᠯᠠᠵᠤ᠂ ᠨᠠᠮ ᠤᠨ ᠲᠥᠪ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠣᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠲᠠᠰᠤᠷᠠᠯᠲᠠ ᠥᠬᠡᠶ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠦᠷᠬᠦᠴᠡ ᠶᠢ ᠲᠠᠰᠣᠷᠠᠯᠲᠠ ᠦᠭᠡᠢ ᠥᠷᠭᠡᠳᠬᠡᠵᠦ᠂ ︽ᠭᠤᠷᠪᠠᠨ ᠰᠠᠯᠵᠤ ᠪᠣᠯᠣᠰᠢ ᠦᠭᠡᠢ︾᠂ ︽ᠲᠠᠪᠤᠨ ᠬᠠᠮᠲᠤ ᠶᠢᠨ ᠲᠠᠨᠢᠯᠲᠠ︾᠎ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠳᠤ ᠣᠷᠣᠰᠢᠵᠤ ᠪᠠᠶᠢᠭ᠎ᠠ ᠠᠯᠳᠠᠭ᠎ᠠ ᠶᠢ ᠡᠷᠡᠰ ᠵᠠᠯᠠᠷᠠᠭᠤᠯᠤᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠎ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ ᠠᠬᠢᠭᠤᠯᠤᠨ᠎ᠠ᠃ ︵ᠶᠢᠰᠦ︶ ᠨᠡᠶᠢᠭᠡᠮ ᠤᠨ ᠵᠠᠰᠠᠯᠲᠠ ᠶᠢ ᠬᠦᠴᠦᠯᠡᠨ ᠠᠬᠢᠭᠤᠯᠵᠤ᠂ ᠠᠮᠤᠷ ᠲᠣᠭᠲᠠᠭᠤᠨ ᠡᠶ᠎ᠡ ᠵᠣᠬᠢᠴᠠᠯ ᠢ ᠬᠠᠮᠲᠤ ᠎ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠭᠰᠠᠨ᠂ ᠤᠶᠤᠨᠴᠢᠯᠠᠭᠰᠠᠨ᠂ ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠦᠯᠡᠳᠡᠭᠳᠡᠯ ᠬᠡᠷᠡᠭ ᠢ ᠠᠷᠢᠯᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠨ᠎ᠡ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠶᠠᠷ ᠭᠠᠷᠳᠠᠴᠠ ᠪᠣᠯᠭᠠᠵᠤ᠂ ︽ᠠᠮᠤᠷ ᠠᠮᠤᠭᠤᠯᠠᠩ ᠰᠢᠯᠢ ᠶᠢᠨ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠰᠤᠭ᠎ᠠ ᠴᠣᠭᠴᠠᠵᠢᠭᠰᠠᠨ ᠮᠡᠳᠡᠭᠡ ᠵᠠᠩᠬᠢᠵᠢᠭᠰᠠᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠲᠥᠪ ᠢ ᠲᠦᠷᠭᠡᠬᠡᠨ ᠪᠠᠶᠢᠭᠤᠯᠵᠤ᠂ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠲᠢᠩᠬᠢᠮ ᠪᠠᠶᠢᠭᠤᠯᠬᠤ ᠶᠢ ᠠᠬᠢᠭᠤᠯᠣᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠎ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠡᠯ᠎ᠡ ᠠᠵᠢᠯ ᠲᠥᠷᠥᠯ ᠤᠨ ᠬᠦᠷᠢᠶᠡᠨ ᠤ ᠠᠶᠤᠯᠭᠦᠢ ᠶᠢᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠳᠡᠯ ᠣᠯᠠᠨᠲᠠ ᠡᠭᠦᠰᠬᠦ ᠪᠠ ᠪᠠᠶᠢᠨ ᠳᠠᠬᠢᠨ ᠡᠭᠦᠰᠬᠦ ᠦᠵᠡᠭᠳᠡᠯ ᠠᠴᠠ ᠪᠦᠬᠦ ᠬᠦᠴᠦᠨ ᠢᠶᠠᠷ ᠢᠶᠠᠨ ᠵᠠᠶᠢᠯᠠᠰᠬᠢᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠣᠨ᠎ᠠ᠃ ᠢᠳᠡᠭᠡᠨ ᠤ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠢᠭᠤᠯᠤᠯᠲᠠ ᠶᠢ ᠡᠬᠢᠯᠡᠭᠦᠯᠵᠦ᠂ ᠱᠸᠦ ᠹᠠᠩ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠬᠦᠭᠵᠢᠨ ᠪᠤᠵᠠᠭᠠᠶᠢᠷᠠᠬᠤ ᠶᠢ ᠳᠠᠮᠵᠢᠵᠤ᠂ ᠪᠦᠬᠦ ᠬᠤᠲᠠ ᠶᠢᠨ ᠢᠳᠡᠭᠡᠨ ᠡᠳ᠋ᠰᠢᠭᠦᠯᠬᠦ ᠬᠢᠷᠢ ᠲᠦᠪᠰᠢᠨ ᠢ ᠳᠡᠰ ᠳᠡᠪᠰᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠯᠢ ᠶᠢᠨ ᠭᠤᠣᠯ ᠳᠤ ᠰᠠᠭᠤᠭ᠎ᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠳᠦᠷᠢᠮ ᠢ ᠪᠦᠷᠢᠨ ᠪᠣᠯᠭᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠵᠦ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ᠂ ᠲᠡᠦᠬᠡ ᠣᠶᠢᠯᠠᠯᠠᠭ᠎ᠠ᠂ ᠲᠠᠩᠰᠠ ᠡᠪᠬᠡᠮᠡᠯ᠂ ᠴᠠᠭ ᠠᠭᠤᠷ᠂ ᠨᠢᠭᠦᠯᠡᠰᠦᠩᠭᠦᠶ ᠵᠡᠷᠭᠡ ᠠᠵᠢᠯ ᠢ ᠴᠢᠩᠭᠠᠳᠬᠠᠨ᠎ᠠ᠃ ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠪᠢᠳᠡ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠎ ᠶᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠤᠯᠤᠰ ᠲᠥᠷᠥ ᠶᠢᠨ ᠴᠢᠭᠯᠡᠯ ᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠎ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠶᠡᠭᠡ ᠬᠦᠴᠦ ᠪᠠᠷ ᠦᠷᠨᠢᠬᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠬᠡᠪᠴᠢᠶ᠎ᠡ᠂ ᠪᠦᠬᠦ ᠶᠠᠪᠤᠴᠠ ᠳᠤ ᠲᠤᠣᠱᠯᠠᠭᠤᠯᠬᠤ ᠶᠢ ᠢᠮᠠᠭᠲᠠ ᠪᠠᠷᠢᠮᠲᠠᠯᠠᠵᠤ᠂ ᠲᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠣᠷᠢᠵᠢᠭᠤᠯᠬᠤ ᠶᠢ ᠠᠬᠢᠭᠤᠯᠣᠨ᠎ᠠ᠃ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠣᠭᠤᠯᠣᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠠᠴᠠ ᠯᠠᠪᠯᠠᠯᠭ᠎ᠠ ᠠᠪᠬᠤ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠲᠠᠢ ᠨᠡᠩ ᠣᠶᠢᠷᠠᠲᠤᠭᠤᠯᠵᠤ᠂ ᠠᠷᠠᠳ ᠤᠨ ᠰᠠᠨᠠᠭᠠᠨ ᠳᠤ ᠨᠡᠩ ᠨᠡᠶᠢᠴᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠨᠠᠶᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠨ᠎ᠡ᠃ ᠬᠤᠲᠠ ᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ  ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠶᠡᠭᠡ ᠪᠠᠷ ᠠᠬᠢᠭᠤᠯᠵᠤ᠂ ᠡᠷᠬᠡ ᠎ ᠶᠢ ᠢᠯᠡ ᠪᠠᠷ ᠬᠡᠷᠡᠭᠵᠢᠭᠦᠯᠦᠨ᠎ᠡ᠃ ᠪᠣᠳᠠᠲᠠᠶ ᠶᠢ ᠡᠷᠬᠢᠮᠯᠡᠨ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠎ ᠶᠢ ᠭᠦᠨᠵᠡᠭᠡᠢ ᠥᠷᠨᠢᠭᠦᠯᠦᠨ᠎ᠡ᠃ ᠰᠢᠭᠤᠷᠬᠠᠢ ᠪᠣᠳᠠᠲᠠᠶ ᠠᠵᠢᠯᠯᠠᠬᠤ ᠠᠵᠢᠯ ᠤᠨ ᠰᠤᠷᠲᠠᠯ ᠢ ᠶᠡᠬᠡᠪᠡᠷ ᠰᠠᠨᠠᠭᠠᠴᠢᠯᠠᠵᠤ᠂ ᠪᠠᠶᠢᠷᠢᠯᠠᠭᠤᠯᠤᠭᠰᠠᠨ ᠡᠭᠦᠷᠭᠡ ᠪᠣᠯᠤᠨ ᠲᠣᠭᠲᠠᠭᠠᠭᠰᠠᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠦᠨᠳᠦᠰᠦᠨ ᠱᠠᠳᠤ ᠶᠢ ᠪᠠᠲᠤᠯᠠᠵᠤ᠂ ᠡᠷᠭᠢᠯᠲᠡ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠭᠦᠨᠵᠡᠭᠡᠢ ᠲᠤᠣᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ᠎ᠠ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠲᠤᠰᠬᠠᠶᠢᠵᠢᠭᠤᠯᠬᠤ ᠴᠢᠳᠠᠪᠤᠷᠢ ᠶᠢ ᠨᠡᠮᠡᠭᠳᠡᠭᠦᠯᠵᠦ᠂ ᠠᠷᠠᠳ ᠲᠦᠮᠡᠨ ᠳᠤ ᠦᠢᠯᠡᠴᠢᠯᠡᠬᠦ ︽ᠨᠣᠮᠣᠬᠠᠨ ᠱᠠᠷ︾᠂ ᠰᠢᠨ᠎ᠡ ᠶᠢ ᠡᠭᠦᠳᠦᠨ ᠬᠥᠭᠵᠢᠬᠦ ︽ᠠᠳᠠᠷ ᠬᠠᠭᠠᠯᠪᠤᠷᠢᠯᠠᠬᠤ ᠦᠬᠡᠷ︾᠂ ᠲᠡᠰᠪᠦᠷᠢ ᠬᠠᠲᠠᠭᠤᠵᠢᠯᠲᠠᠢ ᠲᠡᠮᠡᠴᠡᠬᠦ ︽ᠠᠷᠠᠯ ᠤᠨ ᠱᠠᠷ︾ ᠪᠣᠯᠬᠤ ᠪᠠᠷ ᠴᠢᠷᠮᠠᠶᠢᠨ᠎ᠠ᠃ ᠠᠷᠢᠭᠤᠨ ᠴᠢᠬᠡᠴᠢ ᠪᠠᠶᠢᠬᠤ ᠶᠢ ᠪᠠᠳᠣᠯᠠᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠎ ᠶᠢ ᠴᠢᠩᠭ᠎ᠠ ᠭᠦᠶᠴᠡᠳᠬᠡᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠠᠷᠠᠯᠵᠢᠶ᠎ᠠ ᠡᠵᠡᠩᠨᠡᠬᠦ ᠣᠷᠴᠢᠨ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ ᠰᠠᠬᠢᠯᠭ᠎ᠠ ᠪᠠᠲᠤ ᠪᠠ ᠶᠣᠰᠣ ᠲᠦᠷᠢᠮ ᠢ ᠤᠬᠠᠮᠰᠠᠷ ᠠᠴᠠ ᠪᠠᠨ ᠲᠡᠷᠢᠭᠦᠨ ᠳᠤ ᠲᠠᠯᠪᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠢᠭᠤᠨ ᠴᠢᠬᠡᠴᠢ ᠰᠢᠨ᠎ᠡ ᠲᠥᠪ ᠰᠤᠷᠲᠠᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠢᠨᠠᠨ ᠪᠤᠳᠤᠬᠤ ᠪᠠᠶᠢᠭᠤᠯᠭ᠎ᠠ ᠎ ᠶᠢᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠲᠡᠮᠵᠢᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠨ᠂ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤ ᠴᠡᠭᠴᠡᠯᠡᠨ ᠵᠠᠰᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠪᠠ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠡᠭᠴᠡᠯᠡᠨ ᠵᠠᠰᠠᠬᠤ ᠠᠵᠢᠯᠯᠠᠭ᠎ᠠ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠲᠥᠯᠥᠭᠡᠯᠡᠭᠴᠢᠳ ᠡ︕ ᠰᠢᠨ᠎ᠡ ᠡᠬᠢᠯᠡᠯᠳᠡ ᠨᠢ ᠰᠢᠨ᠎ᠡ ᠡᠭᠦᠷᠭᠡᠯᠡᠯ ᠢ ᠤᠷᠢᠶᠠᠯᠠᠵᠤ᠂ ᠰᠢᠨ᠎ᠡ ᠠᠶᠠᠨ ᠳᠤ ᠰᠢᠨ᠎ᠡ ᠵᠢᠳᠬᠦᠯ ᠴᠢᠷᠮᠠᠶᠢᠯᠭ᠎ᠠ ᠱᠠᠭᠠᠷᠳᠠᠭᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠎ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠎ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠰᠢᠨ᠎ᠡ ᠴᠠᠭ ᠦᠶ᠎ᠡ ᠶᠢᠨ ᠰᠢᠯᠢ ᠶᠢᠨ ᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ︕ᠨᠡᠷ᠎ᠡ ᠦᠭᠡᠰ ᠤᠨ ᠲᠠᠶᠢᠯᠪᠣᠷᠢ  ᠄ 1. ᠳᠥᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ ᠂ ᠨᠢᠭᠡᠳᠦᠯᠲᠡᠢ ᠪᠠᠶᠢᠬᠤ ᠤᠬᠠᠮᠰᠠᠷ ᠢ ᠵᠢᠭᠠᠵᠤ ᠪᠠᠶᠢᠨ᠎ᠠ᠃2. ᠳᠥᠷᠪᠡᠨ ᠢᠲᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠣᠨᠣᠯ ᠤᠨ ᠢᠲᠡᠭᠡᠯ᠂  ᠲᠦᠷᠢᠮ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠤ ᠪᠠᠶᠢᠨ᠎ᠠ᠃3. ᠬᠤᠶᠠᠷ ᠢ ᠬᠠᠮᠠᠭᠠᠯᠠᠬᠤ᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ ᠭᠤᠤᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠤ ᠪᠠᠶᠢᠨ᠎ᠠ᠃4. ᠵᠢᠷᠭᠤᠭ᠎ᠠ ᠶᠢ ᠲᠣᠭᠲᠠᠪᠤᠷᠢᠵᠢᠭᠤᠯᠬᠤ᠂ ᠵᠢᠷᠭᠤᠭ᠎ᠠ ᠶᠢ ᠪᠠᠲᠤᠯᠠᠬᠤ᠄ ᠵᠢᠷᠭᠤᠭ᠎ᠠ ᠶᠢ ᠲᠣᠭᠲᠠᠪᠤᠷᠢᠵᠢᠭᠤᠯᠬᠤ ᠭᠡᠳᠡᠭ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡᠨ ᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠶᠢ ᠵᠢᠭᠠᠵᠤ ᠪᠠᠶᠢᠨ᠎ᠠ︔ ᠵᠢᠷᠭᠤᠭ᠎ᠠ ᠶᠢ ᠪᠠᠲᠤᠯᠠᠬᠤ ᠭᠡᠳᠡᠭ ᠨᠢ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃5. ᠪᠠᠭᠤᠯᠭᠠᠬᠤ ᠬᠠᠮᠢᠶᠠᠷᠬᠤ ᠦᠶᠯᠡᠴᠢᠯᠡᠬᠦ ᠶᠢᠨ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠪᠣᠯᠤᠨ᠎ᠠ᠃ ︽ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂  ᠬᠦᠯᠢᠶᠡᠨ ᠠᠪᠬᠤ ᠪᠠᠷᠢᠮᠵᠢᠶ᠎ᠠ ᠶᠢ ᠳᠣᠷᠣᠭᠰᠢᠯᠠᠭᠤᠯᠤᠨ᠎ᠠ︔ ︽ᠬᠠᠮᠢᠶᠠᠷᠬᠤ︾ ᠭᠡᠳᠡᠭ ᠨᠢ ᠳᠠᠷᠤᠢ ᠲᠥᠪ ᠭᠤᠣᠯᠴᠢ ᠎ ᠪᠠᠷ ᠬᠢᠨᠠᠨ ᠬᠠᠮᠢᠶᠠᠷᠴᠤ᠂ ᠲᠥᠪ ᠭᠤᠣᠯᠴᠢ ᠪᠠᠷ ᠦᠷᠢᠰᠦᠯᠳᠦᠬᠦ ᠶᠢ ᠠᠬᠢᠭᠤᠯᠬᠤ ᠶᠠᠪᠤᠳᠠᠯ ᠪᠣᠯᠤᠨ᠎ᠠ︔ ︽ᠦᠶᠯᠡᠴᠢᠯᠡᠬᠦ︾ ᠭᠡᠳᠡᠭ ᠨᠢ ᠳᠠᠷᠤᠶ ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ ᠨᠥᠬᠦᠴᠡᠯ ᠎ ᠢ ᠪᠣᠶ ᠪᠣᠯᠭᠠᠨ᠎ᠠ᠃6. ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ᠄ ︽ᠬᠤᠶᠠᠷ ᠲᠤ ᠵᠣᠪᠠᠭ᠋ᠤ ᠦᠭᠡᠢ︾ ᠭᠡᠳᠡᠭ ᠨᠢ ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠢᠳᠡᠵᠦ ᠡᠮᠦᠰᠬᠦ ᠳᠡᠭᠡᠨ ᠵᠣᠪᠠᠭ᠋ᠤ ᠦᠭᠡᠢ ᠪᠠᠶᠢᠬᠤ ᠶᠢ ᠲᠣᠭᠲᠠᠭᠤᠨ ᠢᠶᠠᠷ ᠪᠡᠶᠡᠯᠡᠭᠦᠯᠬᠦ ᠶᠢ ᠵᠢᠭᠠᠵᠤ ᠪᠠᠶᠢᠨ᠎ᠠ︔ ︽ᠭᠤᠷᠪᠠ ᠶᠢ ᠪᠠᠲᠤᠯᠠᠬᠤ︾ ᠭᠡᠳᠡᠭ ᠨᠢ ᠲᠡᠭᠦᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠠ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢ ᠵᠢᠭᠠᠵᠤ ᠪᠠᠶᠢᠨ᠎ᠠ᠃7. ᠵᠢᠷᠭᠤᠭᠠᠨ ᠬᠤᠲᠠ ᠶᠢ ᠬᠤᠯᠪᠣᠭᠠᠯᠠᠨ ᠡᠭᠦᠳᠬᠦ᠄ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠴᠡᠴᠡᠷᠯᠢᠭ ᠎ ᠤᠨ ᠬᠤᠲᠠ ᠶᠢ ᠡᠭᠦᠳᠦᠨ ᠪᠠᠶᠢᠭᠤᠯᠬᠤ᠂ ᠪᠥᠬᠦ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠢᠳᠡᠭᠡᠨ ᠤ ᠵᠦᠶᠯ ᠤᠨ ᠠᠮᠣᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠵᠢᠭᠠᠵᠤ ᠪᠠᠶᠢᠨ᠎ᠠ᠃8. ᠭᠤᠷᠪᠠᠨ ᠪᠠᠲᠤᠯᠠᠭ᠎ᠠ᠄ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃9. ᠭᠤᠷᠪᠠᠨ ᠲᠠᠷᠢᠶᠠᠯᠠᠩ  ᠭᠤᠷᠪᠠᠨ ᠮᠠᠯᠵᠢᠬᠤ᠄ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ᠂ ᠮᠠᠯ ᠠᠵᠤ ᠠᠬᠤᠶ᠂ ᠮᠠᠯᠵᠢᠬᠤ ᠣᠷᠣᠨ᠂ ᠮᠠᠯᠴᠢᠳ ᠢ ᠵᠢᠭᠠᠵᠤ ᠪᠠᠶᠢᠨ᠎ᠠ᠃10. ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ ᠰᠤᠭᠤᠴᠢᠵᠤ᠂ ᠬᠠᠤᠯᠢ ᠬᠡᠷᠡᠭᠵᠢᠬᠦᠯᠵᠦ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠎ ᠢᠶᠠᠷ ᠰᠤᠭᠤᠴᠢᠨ ᠲᠤᠮᠢᠯᠠᠵᠤ᠂ ᠰᠣᠩᠭᠤᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ ᠶᠢ ᠵᠢᠭᠠᠵᠤ ᠪᠠᠶᠢᠨ᠎ᠠ᠃11. ᠨᠢᠭᠡ ᠪᠦᠰᠡ ᠨᠢᠭᠡ ᠵᠠᠮ᠄ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠠ ︽21 ᠳ᠋ᠦ᠋ᠭᠡᠷ ᠵᠠᠭᠤᠨ ᠎ ᠤ ᠳᠠᠯᠠᠶ ᠳᠡᠭᠡᠷᠡᠬᠢ ᠲᠣᠷᠭᠠᠨ ᠵᠠᠮ︾᠎ ᠤᠨ ᠲᠣᠪᠴᠢ ᠨᠡᠷᠡᠶᠢᠳᠦᠯ᠃12. ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ᠄ ᠡᠨᠡ ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨᠵᠢᠶᠠᠩ ᠢ ᠲᠤᠰᠠᠯᠠᠬᠤ︾᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠥᠪᠡᠳ ᠢ ᠲᠤᠰᠠᠯᠠᠬᠤ︾ ᠂ ︽ᠰᠢᠨᠵᠢᠯᠡᠬᠦ ᠤᠬᠠᠭᠠᠨ ᠮᠡᠷᠭᠡᠵᠢᠯ ᠶᠦᠨᠨᠠᠨ ᠳᠤ ᠤᠷᠤᠬᠤ︾᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠨᠢᠩᠰᠢᠶᠠ ᠶᠢ ᠳᠡᠮᠵᠢᠬᠦ︾᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠬᠡᠨᠠᠭᠤᠷ ᠢ ᠲᠤᠰᠠᠯᠠᠬᠤ︾ ᠵᠡᠷᠭᠡ ᠠᠴᠠ ᠬᠤᠶᠢᠰᠢᠬᠢ᠂ ᠤᠯᠤᠰ ᠤᠨ ᠲᠠᠯ᠎ᠠ ᠠᠴᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠥᠬᠦ ᠲᠠᠯ᠎ᠠ ᠪᠠᠷ ᠳᠡᠮᠵᠢᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃13. ᠭᠤᠷᠪᠠᠨ ᠰᠠᠯᠵᠤ ᠴᠢᠳᠠᠬᠤ ᠦᠭᠡᠢ᠂ ᠲᠠᠪᠤᠨ ᠬᠠᠮᠲᠤ ᠶᠢᠨ ᠲᠠᠨᠢᠯᠲᠠ᠄ ︽ᠭᠤᠷᠪᠠᠨ ᠰᠠᠯᠵᠤ ᠴᠢᠳᠠᠬᠤ ᠦᠭᠡᠢ ︾ ᠭᠡᠳᠡᠭ ᠨᠢ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠭᠡᠳᠡᠭ ᠢ ᠵᠢᠭᠠᠵᠤ ᠪᠠᠶᠢᠨ᠎ᠠ︔ ︽ᠲᠠᠪᠤᠨ ᠬᠠᠮᠲᠤ ᠶᠢᠨ ᠲᠠᠨᠢᠯᠲᠠ︾ ᠭᠡᠳᠡᠭ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠬᠤ ᠎ ᠶᠢ ᠵᠢᠭᠠᠵᠤ ᠪᠠᠶᠢᠨ᠎ᠠ᠃14. ᠹᠧᠩ ᠴᠢᠶᠤᠤ ᠶᠢᠨ ᠲᠤᠷᠰᠢᠯᠭ᠎ᠠ᠄ ᠨᠠᠮ ᠠᠴᠠ ᠠᠷᠠᠳ ᠲᠦᠮᠡᠨ ᠢ ᠤᠳᠤᠷᠢᠳᠤᠨ ᠡᠭᠦᠳᠦᠨ ᠪᠦᠲᠦᠭᠡᠭᠰᠡᠨ ᠨᠡᠶᠢᠭᠡᠮ ᠤᠨ ᠵᠠᠰᠠᠯᠲᠠ ᠶᠢᠨ ᠨᠢᠭᠡᠨ ᠢᠵᠢ ᠪᠦᠲᠦᠮᠵᠢᠲᠡᠶ ᠨᠡᠶᠢᠭᠡᠮ ᠤᠨ ᠵᠠᠰᠠᠯᠲᠠ ᠶᠢᠨ ᠲᠥᠰᠦᠯ ᠢ ᠵᠢᠭᠠᠵᠤ ᠪᠤᠢ᠂ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠹᠷᠣᠨᠲ ᠤᠨ ᠡᠷᠬᠡᠪᠰᠢ ᠪᠠᠷᠢᠮᠲᠠᠯᠠᠨ ᠪᠠᠳᠠᠷᠠᠭᠤᠯᠬᠤ ᠬᠡᠷᠡᠭᠲᠡᠶ ︽ᠠᠯᠲᠠᠨ ᠦᠰᠦᠭᠲᠦ ᠫᠠᠶᠢᠰᠠ︾ ᠮᠥᠨ᠃15. ᠬᠤᠶᠠᠷ ᠰᠠᠭᠤᠷᠢᠨ ᠭᠠᠵᠠᠷ᠄ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠵᠢᠭᠠᠵᠤ ᠪᠠᠶᠢᠨ᠎ᠠ᠃ 16. ᠲᠦᠷᠪᠡ ᠶᠢ ᠲᠠᠶᠠᠭᠳᠠᠬᠤ ᠦᠭᠡᠢ᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠎ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ ᠪᠠᠶᠢᠬᠤ ᠶᠢ ᠵᠢᠭᠠᠨ᠎ᠠ᠃17. ᠳᠥᠷᠪᠡᠨ ᠣᠯᠠᠨ ᠳᠥᠷᠪᠡᠨ ᠴᠥᠭᠡᠨ᠄ ᠤᠯᠠᠮᠵᠢᠯᠠᠯᠲᠤ ᠠᠵᠤ ᠦᠶᠯᠡᠰ ᠣᠯᠠᠨ ᠰᠢᠨ᠎ᠡ ᠪᠠᠷ ᠮᠠᠨᠳᠤᠭᠰᠠᠨ ᠠᠵᠤ ᠦᠶᠯᠡᠰ ᠴᠥᠭᠡᠨ᠂ ᠳᠣᠤᠷᠠᠳᠤ ᠲᠠᠰ ᠤᠨ ᠠᠵᠤ ᠦᠶᠯᠡᠰ ᠣᠯᠠᠨ ᠳᠡᠭᠡᠳᠦ ᠲᠠᠰ ᠤᠨ ᠠᠵᠤ ᠦᠶᠯᠡᠰ ᠴᠥᠭᠡᠨ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠶᠯᠡᠰ ᠣᠯᠠᠨ ᠥᠨᠳᠥᠷ ᠨᠡᠮᠡᠯᠲᠡ ᠥᠷᠲᠡᠭ ᠲᠠᠢ ᠠᠵᠤ ᠦᠶᠯᠡᠰ ᠴᠥᠭᠡᠨ ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠶᠯᠡᠰ ᠣᠯᠠᠨ ᠬᠥᠷᠥᠩᠭᠡ ᠰᠢᠨᠵᠢᠯᠡᠬᠦ ᠤᠬᠠᠭᠠᠨ ᠮᠡᠷᠭᠡᠵᠢᠯ ᠲᠥᠪᠯᠡᠷᠡᠭᠰᠡᠨ ᠬᠡᠯᠪᠡᠷᠢ ᠶᠢᠨ ᠠᠵᠤ ᠦᠶᠯᠡᠰ ᠴᠥᠭᠡᠨ ᠪᠠᠶᠢᠳᠠᠯ ᠢ ᠵᠢᠭᠠᠨ᠎ᠠ᠃18. ᠨᠢᠭᠡ ᠲᠣᠭᠤᠷᠢᠭ ᠭᠤᠷᠪᠠᠨ ᠬᠦᠷᠢᠶᠡᠯᠡᠩ᠄ ᠨᠢᠭᠡ ᠲᠣᠭᠤᠷᠢᠭ ᠭᠡᠳᠡᠭ ᠨᠢ ᠰᠢᠯᠢ ᠶᠢᠨ ᠭᠤᠤᠯ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠵᠢᠭᠠᠵᠤ ᠪᠣᠶ᠂ ᠭᠤᠷᠪᠠᠨ ᠬᠦᠷᠢᠶᠡᠯᠡᠩ ᠭᠡᠳᠡᠭ ᠨᠢ ᠡᠨᠧᠷᠭᠢ ᠎ ᠶᠢᠨ ᠲᠣᠨᠤᠭ ᠲᠥᠬᠦᠭᠡᠷᠦᠮᠵᠢ ᠦᠶᠯᠡᠳᠬᠦ ᠬᠦᠷᠢᠶᠡᠯᠡᠩ᠂ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠬᠦᠷᠢᠶᠡᠯᠡᠩ᠂ ᠪᠣᠬᠢᠷᠲᠤᠯ ᠥᠬᠡᠶ ᠮᠠᠯ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠦᠷᠢᠶᠡᠯᠡᠩ ᠢ ᠵᠢᠭᠠᠵᠤ ᠪᠣᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号