ᠰᠢ ᠶᠢᠨ ᠫᠢᠩ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠰᠢᠨ ᠠᠨ ᠪᠠᠭ᠎ᠠ ᠰᠤᠷᠭᠠᠭᠤᠯᠢ ᠶᠢᠨ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠳ ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠶᠢᠨ ᠦᠰᠦᠨ ᠪᠤᠶᠢᠵᠢᠯᠲᠠ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ ᠬᠠᠷᠠᠬᠠᠨ ᠪᠠᠭ᠎ᠠ ᠠᠴᠠ ᠪᠠᠨ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠡᠷᠴᠢ ᠵᠣᠷᠢᠭ ᠢᠶᠠᠨ ᠪᠠᠲᠤᠳᠬᠠᠭᠠᠷᠠᠢ ᠭᠡᠵᠦ ᠵᠤᠷᠢᠡᠡᠵᠢᠭᠤᠯᠪᠠ ᠪᠥᠬᠦ | ᠤᠯᠤᠰ ᠤᠨ ᠪᠠᠭᠠᠴᠤᠳ ᠬᠡᠦᠬᠡᠳ ᠲᠤ ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠤᠨ ᠡᠳᠦᠷ ᠤᠨ ᠵᠦᠩᠨᠡᠯ | ᠳᠡᠪᠰᠢᠭᠦᠯᠪᠡ | ︽6 · 1︾ ᠤ ᠲᠡᠯᠡᠭᠡᠢ ᠶᠢᠨ ᠬᠡᠤᠬᠡᠳ ᠤᠨ ᠪᠠᠶᠠᠷ ᠬᠦᠷᠴᠤ ᠢᠷᠡᠬᠦ ᠲᠠᠰᠢᠷᠠᠮ ᠢᠶᠠᠷ᠂ ᠨᠠᠮ ᠤᠨ ᠲᠦᠪ ᠬᠤᠷᠢᠶᠠᠠ ᠤ | ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠠ ᠤ ᠲᠡᠷᠢᠭᠦᠯᠡᠭᠴᠢ | ᠰᠢ ᠶᠢᠨ ᠫᠢᠩ 5 ᠰᠠᠷ᠎ᠠ ᠶᠢᠨ 30 ᠤ ᠡᠲᠦᠷ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠰᠢᠨ ᠠᠨ ᠪᠠᠭ᠎ᠠ | ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠠᠷᠢᠭᠤ ᠵᠠᠬᠢᠲᠠᠯ ᠢᠯᠡᠭᠡᠵᠦ᠂ ᠲᠡᠳᠡᠨ ᠢ | ᠲᠤᠲᠤᠨᠤ ᠪᠠᠷ ᠵᠤᠷᠢᠠᠠᠵᠢᠭᠤᠯᠤᠭᠰᠠᠠ ᠪᠦᠭᠡᠳ ᠲᠡᠲᠡ ᠪᠤᠯᠤᠨ ᠪᠦᠬᠦ ᠤᠯᠤᠰ ᠤᠨ ᠪᠠᠭᠠᠴᠤᠳ ᠬᠡᠦᠬᠡᠳ ᠲᠤ ᠪᠠᠶᠠᠷ ᠤᠨ | ᠡᠲᠦᠷ ᠤᠨ ᠵᠦᠩᠨᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠᠨ ᠤ ᠰᠤᠷᠭᠠᠭᠤᠯᠢ ᠪᠣᠯ ︽ᠰᠢᠨ ᠠᠨ ᠤ ᠠᠶᠠᠯᠠᠯ ᠤᠨ ᠪᠦᠯᠬᠦᠮ︾ ᠤᠨ ᠡᠬᠡ | ᠰᠤᠷᠭᠠᠭᠤᠯᠢ ᠮᠥᠨ᠂ ᠲᠠ ᠨᠠᠷ ᠵᠠᠬᠢᠳᠠᠯ ᠳᠠᠭᠠᠨ ᠰᠤᠷᠭᠠᠭᠤᠯᠢ ᠶᠢᠨ ᠬᠤᠪᠢᠰᠬᠠᠯᠳᠤ ᠲᠡᠦᠬᠡ ᠶᠢᠨ ᠲᠦᠯᠤᠭᠡ ᠣᠮᠣᠭᠰᠢᠵᠤ | ᠪᠠᠶᠢᠬᠤ ᠪᠠᠨ ᠢᠯᠡᠳᠬᠡᠭᠰᠡᠨ ᠪᠥᠭᠡᠳ ᠨᠠᠮ ᠤᠨ ᠲᠡᠦᠬᠡ ᠶᠢ ᠰᠤᠷᠤᠯᠴᠠᠭᠰᠠᠨ ᠣᠯᠤᠯᠲᠠ ᠪᠠᠨ ᠴᠤ ᠶᠠᠷᠢᠭᠰᠠᠨ ᠪᠠᠶᠢᠨ᠎ᠠ ᠭᠡᠵᠦ | ᠬᠡᠯᠡᠪᠡ᠃ | ᠰᠢ ᠶᠢᠨ ᠫᠢᠩ᠂ ᠲᠤᠬᠠᠢ ᠶᠢᠨ ᠵᠢᠯ ᠳᠤ᠂ ᠨᠠᠮ ᠤᠨ ᠬᠠᠯᠠᠮᠵᠢᠯᠠᠯ ᠪᠠ ᠤᠳᠤᠷᠢᠳᠤᠯᠭ᠎ᠠ ᠳᠣᠣᠷ᠎ᠠ᠂ ︽ᠰᠢᠨ ᠠᠨ ᠤ | ᠠᠶᠠᠯᠠᠯ ᠤᠨ ᠪᠦᠯᠬᠦᠮ︾ ᠤᠨ ᠬᠢᠨ ᠬᠦᠴᠢᠷ ᠪᠡᠷᠬᠡᠰᠢᠶᠡᠯ ᠠᠴᠠ ᠡᠮᠢᠶᠡᠯ ᠦᠭᠡᠢ ᠪᠠᠷ ᠳᠤᠮᠳᠠᠳᠤ ᠤᠯᠤᠰ ᠤᠨ ᠶᠡᠭᠡᠩᠭᠢ ᠭᠡᠰᠡᠭ | ᠭᠠᠵᠠᠷ ᠣᠷᠣᠨ ᠢᠶᠠᠷ ᠬᠦᠷᠴᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠨ᠂ ᠠᠷᠠᠳ ᠤᠯᠠᠨ ᠤ ᠶᠠᠫᠣᠨ ᠢ ᠡᠰᠡᠷᠭᠦᠴᠡᠵᠦ | ᠮᠥᠬᠦᠯ ᠠᠴᠠ ᠠᠪᠤᠷᠠᠬᠤ ᠶᠢ ᠤᠷᠢᠶᠠᠯᠠᠵᠤ᠂ ᠨᠠᠮ ᠤᠨ ᠵᠣᠷᠢᠯᠲᠠ ᠶᠢ ᠤᠬᠠᠭᠤᠯᠤᠨ᠂ ᠤᠯᠤᠰ ᠢᠶᠠᠨ ᠬᠠᠶᠢᠷᠠᠯᠠᠵᠤ ᠡᠷᠡᠯᠬᠡᠭᠯᠡᠨ | ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ᠥᠪᠡᠷ ᠤᠨ ᠦᠰᠦᠨ ᠪᠤᠶᠢᠵᠢᠯᠲᠠ ᠶᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂ ᠪᠠᠭᠠᠲᠤᠷ ᠵᠢᠱᠢᠶᠡᠴᠢ | ᠬᠥᠮᠦᠰ ᠢᠶᠠᠷ ᠦᠯᠢᠭᠡᠷ ᠳᠠᠭᠤᠷᠢᠶᠠᠯ ᠪᠣᠯᠭᠠᠨ᠂ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ ᠡᠷᠴᠢ ᠵᠣᠷᠢᠭ ᠢᠶᠠᠨ ᠪᠠᠲᠤᠳᠬᠠᠵᠤ᠂ ᠰᠢᠷᠭᠠᠭᠤ ᠬᠠᠳᠠᠭᠤᠵᠢᠯᠳᠠᠢ ᠰᠤᠷᠤᠯᠴᠠᠨ᠂ ᠬᠦᠰᠡᠯᠡᠩ ᠢᠶᠠᠨ ᠪᠤᠢ ᠪᠣᠯᠭᠠᠵᠤ᠂ | ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠨᠡᠮᠡᠭᠳᠡᠭᠦᠯᠤᠨ᠂ ᠶᠣᠰᠣ ᠰᠤᠷᠲᠠᠬᠤᠨ ᠤᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠵᠦ ᠵᠢᠭᠠᠵᠦ ᠭᠠᠷᠭᠠᠪᠠ᠃ | ᠰᠢᠨ ᠠᠨ ᠪᠠᠭ᠎ᠠ ᠰᠤᠷᠭᠠᠭᠤᠯᠢ ᠶᠢ ᠠᠷᠠᠳ ᠤᠨ ᠰᠤᠷᠭᠠᠨ ᠬᠦᠮᠦᠵᠢᠯᠳᠡᠨ ᠲᠤᠤ ᠰᠢᠩ ᡁᠢ 1929 ᠣᠨ ᠳᠤ ᠡᠭᠦᠰᠭᠡᠨ | ᠪᠠᠶᠢᠭᠤᠯᠵᠠᠢ᠃ 1935 ᠣᠨ ᠤ 10 ᠰᠠᠷ᠎ᠠ ᠳᠤ᠂ ᠲᠤᠰ ᠰᠤᠷᠭᠠᠭᠤᠯᠢ ᠶᠢᠨ 14 ᠰᠤᠷᠤᠭᠴᠢ ︽ᠰᠢᠨ ᠠᠨ ᠤ | ᠠᠶᠠᠯᠠᠯ ᠤᠨ ᠪᠦᠯᠬᠦᠮ︾ ᠢ ᠪᠠᠶᠢᠭᠤᠯᠵᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠵᠤ᠂ ᠶᠠᠫᠣᠨ ᠢ ᠡᠰᠡᠷᠭᠦᠴᠡᠵᠦ | ᠮᠥᠬᠦᠯ ᠠᠴᠠ ᠠᠪᠤᠷᠠᠬᠤ ᠶᠢ ᠤᠬᠠᠭᠤᠯᠪᠠ᠃ ᠮᠠᠤ ᠽᠧ ᠳ᠋ᠦᠩ᠂ ᠵᠧᠦ ᠡᠸᠠ ᠯᠠᠶ ᠵᠡᠷᠭᠡ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠬᠠᠯᠠᠮᠵᠢᠯᠠᠯ ᠵᠢᠯᠣᠭᠤᠳᠤᠯᠭ᠎ᠠ ᠳᠣᠣᠷ᠎ᠠ᠂ ︽ᠰᠢᠨ ᠠᠨ ᠤ ᠠᠶᠠᠯᠠᠯ ᠤᠨ ᠪᠦᠯᠬᠦᠮ︾ ᠨᠠᠮ ᠤᠨ | ᠵᠣᠷᠢᠯᠲᠠ ᠶᠢ ᠢᠳᠡᠪᠬᠢᠲᠡᠶ ᠤᠬᠠᠭᠤᠯᠵᠤ᠂ 17 ᠵᠢᠯ ᠤᠨ ᠳᠣᠲᠣᠷ᠎ᠠ 5 ᠲᠦᠮᠡ ᠭᠠᠷᠤᠶ ᠭᠠᠵᠠᠷ ᠠᠶᠠᠯᠠᠵᠤ᠂ ᠪᠦᠬᠦ | ᠤᠯᠤᠰ ᠤᠨ 22 ᠮᠤᠵᠢ ᠳᠤ ᠤᠯᠠ ᠮᠥᠷ ᠢᠶᠠᠨ ᠦᠯᠡᠳᠡᠭᠡᠨ᠂ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢ ᠲᠡᠮᠡᠴᠡᠨ | ᠤᠯᠬᠤ᠂ ᠪᠦᠬᠦ ᠤᠯᠤᠰ ᠤᠨ ᠴᠢᠯᠦᠭᠡᠯᠡᠯᠲᠡ ᠶᠢ ᠲᠡᠮᠡᠴᠡᠨ ᠤᠯᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ | ᠣᠶᠢᠷ᠎ᠠ ᠳᠤ᠂ ᠰᠢᠨ ᠠᠨ ᠪᠠᠭ᠎ᠠ ᠰᠤᠷᠭᠠᠭᠤᠯᠢ ᠶᠢᠨ ᠲᠠᠪᠤᠳᠤᠭᠠᠷ ︵8︶ ᠳᠤᠮᠳᠠ ᠠᠩᠭᠢ ᠶᠢᠨ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠨ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠢᠯᠡᠭᠡᠵᠦ᠂ ᠰᠤᠷᠭᠠᠭᠤᠯᠢ ᠶᠢᠨ ᠲᠡᠦᠬᠡ | ᠪᠣᠯᠤᠨ ᠨᠠᠮ ᠤᠨ ᠲᠡᠦᠬᠡ ᠶᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠠᠷᠢᠭᠤ ᠮᠡᠳᠡᠭᠦᠯᠤᠨ᠂ ᠬᠤᠪᠢᠰᠬᠠᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ | ᠵᠣᠷᠢᠭ ᠢᠶᠠᠨ ᠢᠯᠡᠳᠬᠡᠭᠰᠡᠡ ᠪᠠᠶᠢᠨ᠎ᠠ᠃ |